8 ᠳ᠋ᠤᠭ᠋ᠠᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠦᠬᠠᠢ ᠬᠢᠭᠡᠳ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ ᠲᠦᠷᠦ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠯᠭ᠋ᠠᠯᠲᠠ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠬᠠᠳᠤᠨ ᠭᠣᠣᠯ᠎ᠤᠨ ᠰᠠᠪᠠ ᠭᠠᠵᠠᠷ ᠪᠣᠯᠣᠨ ᠦᠬᠠᠢ ᠬᠢᠭᠡᠳ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ᠃ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ ᠵᠢ ᠴᠢᠩᠭ᠋ᠠᠳᠬᠠᠵᠤ᠂ ᠭᠣᠣᠯ᠎ᠤᠨ ᠵᠠᠮ᠎ᠢ ᠴᠡᠭᠴᠡᠯᠡᠨ ᠵᠠᠰᠠᠬᠤ᠂ ᠠᠭᠤᠷᠬᠠᠢ ᠵᠢᠨ ᠣᠷᠣᠨ᠎ᠤ ᠠᠮᠢ ᠠᠬᠤᠢ ᠵᠢ ᠰᠡᠷᠭᠦᠭᠡᠬᠦ᠂ ᠲᠣᠭᠲᠠᠭ᠋ᠠᠯ᠎ᠠᠴᠠ ᠵᠥᠷᠢᠴᠡᠨ ᠤᠰᠤ ᠲᠠᠲᠠᠵᠤ ᠤᠰᠤ ᠬᠡᠷᠡᠭᠯᠡᠬᠦ᠂ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ ᠵᠡᠷᠭᠡ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠲᠦᠷᠭᠡᠪᠴᠢᠯᠡᠨ ᠰᠢᠢ᠍ᠳᠪᠦᠷᠢᠯᠡᠵᠦ᠂ ᠲᠦᠷᠦ ᠵᠢᠨ ᠪᠣᠳᠣᠯᠭ᠎ᠠ ᠵᠢ ᠣᠨᠣᠪᠴᠢᠲᠠᠢ ᠬᠡᠷᠡᠭᠵᠢᠭᠦᠯᠵᠦ ᠪᠠᠢ᠌ᠭ᠋ᠠᠳ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠣᠨ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠵᠤ᠂ ᠭᠣᠣᠯᠳᠠᠯᠭ᠎ᠠ᠎ᠲᠠᠢ ᠰᠠᠪᠠ ᠭᠠᠵᠠᠷ᠂ ᠭᠣᠣᠯᠳᠠᠯᠭ᠎ᠠ᠎ᠲᠠᠢ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠨ ᠬᠦ᠌ ᠰᠠᠢ᠌ᠵᠢᠷᠠᠭᠤᠯᠵᠤ᠂ ᠪᠣᠳᠠᠲᠤ ᠠᠵᠢᠯᠯᠠᠭ᠎ᠠ ᠪᠣᠯᠣᠨ ᠠᠵᠢᠯ᠎ᠤᠨ ᠦᠷ᠎ᠡ ᠪᠦᠲᠦᠮᠵᠢ᠎ᠪᠠᠷ ᠵᠶ᠋ᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃