ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠲᠸᠯᠸᠢᠰ ᠤᠳᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠦ ᠪᠤᠤ ᠰᠢᠶᠠᠨ ᠬᠤᠸᠠ ᠵᠸᠩ ᠭᠤᠸᠠᠩ ᠵᠤᠤ ᠤᠷᠤᠯᠴᠠᠪᠠ
ᠨᠡᠶ᠋ᠢᠲᠡᠯᠡᠭᠰᠡᠨ ᠴᠠᠭ᠄ 2022-08-29

      8 ᠰᠠᠷ᠎ᠠ ᠵᠢᠨ 16᠎ᠤ ᠡᠳᠦᠷ᠂ ᠦᠪᠡᠷᠳᠡᠬᠡᠨ ᠵᠠᠰᠠᠬᠤ ᠤᠷᠤᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠵᠢᠯᠤᠭᠤᠳᠬᠤ ᠬᠡᠯᠳᠡᠰ ᠪᠦᠬᠦ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠲᠸᠯᠸᠢᠰ ᠤᠳᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠤᠷᠢᠬ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠤᠭ᠋ᠠᠯᠠᠨ ᠰᠡᠷᠬᠡᠢ᠌ᠯᠡᠵᠦ ᠬᠤᠯᠪᠤᠭ᠋ᠠᠯᠠᠨ ᠡᠵᠡᠮᠳᠡᠬᠦ ᠲᠤᠬᠳᠠᠴᠠ ᠵᠢᠨ ᠵᠦᠪᠳᠡᠯᠴᠡᠬᠡᠨ᠎ᠤ ᠬᠤᠷᠠᠯ᠎ᠤᠨ ᠡᠬᠦᠷᠬᠡ ᠵᠢ ᠨᠠᠢ᠌ᠳᠠᠪᠤᠷᠢᠵᠢᠭᠤᠯᠵᠤ᠂ ᠪᠦᠬᠦ ᠤᠯᠤᠰ᠎ᠤᠨ ᠬᠢᠵᠢᠭ᠎ᠤᠨ ᠪᠠᠢ᠌ᠳᠠᠯ᠎ᠢ ᠵᠠᠷᠯᠠᠨ ᠮᠡᠳᠡᠭᠳᠡᠵᠦ᠂ ᠤᠳᠤᠬᠠᠨ᠎ᠤ ᠪᠦᠬᠦ ᠤᠷᠤᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠲᠠᠬᠢᠨ ᠲᠤᠬᠢᠷᠠᠭᠤᠯᠵᠤ᠂ ᠲᠠᠬᠢᠨ ᠪᠠᠢ᠌ᠷᠢᠯᠠᠭᠤᠯᠪᠠ᠃
      ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠩᠭᠤ ᠵᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ᠎ᠤ ᠪᠠᠢ᠌ᠩᠭᠤ ᠵᠢᠨ ᠲᠡᠳ᠋ ᠲᠡᠷᠢᠬᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠪᠤᠤ ᠰᠢᠶᠠᠨ ᠬᠤᠸᠠ ᠪᠦᠬᠦ ᠤᠯᠤᠰ᠎ᠤᠨ ᠬᠢᠵᠢᠭ᠎ᠤᠨ ᠪᠠᠢ᠌ᠳᠠᠯ᠎ᠢ ᠵᠠᠷᠯᠠᠨ ᠮᠡᠳᠡᠭᠳᠡᠵᠦ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠵᠸᠩ ᠭᠤᠸᠠᠩ ᠵᠤᠤ ᠬᠤᠷᠠᠯ᠎ᠳᠤ ᠤᠷᠤᠯᠴᠠᠵᠠᠢ᠃
      ᠬᠤᠸᠠᠩ ᡁᠢ ᠴᠢᠶᠠᠩ᠂ ᠤᠳᠤᠬᠠᠨ᠎ᠤ ᠮᠠᠨ᠎ᠤ ᠤᠷᠤᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠪᠠᠢ᠌ᠳᠠᠯ ᠮᠦᠨ ᠯᠡ ᠬᠦᠨᠳᠦ ᠰᠦᠷᠡᠬᠡᠢ ᠪᠤᠳᠤᠯᠢᠶᠠᠨᠳᠠᠢ ᠪᠠᠢ᠌ᠵᠤ᠂ ᠴᠠᠭ ᠮᠦᠴᠡ᠎ᠲᠠᠢ ᠤᠷᠤᠯᠳᠤᠨ ᠡᠯ᠎ᠡ ᠵᠦᠢ᠍ᠯ᠎ᠤᠨ ᠰᠡᠷᠬᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠤᠳᠠᠳᠠᠢ᠎ᠳᠤ ᠨᠠᠢ᠌ᠳᠠᠪᠤᠷᠢᠵᠢᠭᠤᠯᠵᠤ᠂ ᠬᠠᠮᠤᠬ᠎ᠤᠨ ᠤᠬᠤᠷᠬᠠᠨ ᠴᠠᠬ᠎ᠤᠨ ᠲᠤᠳᠤᠷ᠎ᠠ ᠬᠢᠵᠢᠭ᠎ᠤᠨ ᠪᠠᠢ᠌ᠳᠠᠯ᠎ᠢ ᠲᠤᠢ᠌ᠯᠪᠤᠷᠢᠳᠠᠢ ᠡᠵᠡᠮᠳᠡᠬᠦ᠎ᠪᠠᠷ ᠴᠢᠷᠮᠠᠢ᠌ᠬᠤ ᠬᠡᠷᠡᠭᠳᠡᠢ᠃ ᠡᠭᠦᠨ᠎ᠤ ᠬᠠᠮᠳᠤ᠂ 《ᠬᠢᠵᠢᠭ᠎ᠤᠨ ᠪᠠᠢ᠌ᠳᠠᠯ᠎ᠢ ᠰᠡᠷᠬᠡᠢ᠌ᠯᠡᠵᠦ ᠴᠢᠳᠠᠬᠤ᠂ ᠠᠵᠤ ᠠᠬᠤᠢ ᠵᠢ ᠲᠤᠬᠳᠠᠪᠤᠷᠢᠵᠢᠭᠤᠯᠬᠤ᠂ ᠬᠦᠭᠵᠢᠯᠳᠡ ᠵᠢ ᠳᠤᠬᠳᠠᠭᠤᠨ ᠪᠠᠢ᠌ᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠪᠤᠯᠤᠨ ᠠᠵᠤ ᠠᠬᠤᠢ ᠨᠡᠢ᠌ᠬᠡᠮ᠎ᠤᠨ ᠬᠦᠭᠵᠢᠯᠳᠡ ᠵᠢ ᠠᠬᠢᠭᠤᠯᠬᠤ ᠶᠠᠪᠤᠳᠠᠯ᠎ᠢ ᠦᠨᠳᠦᠷ ᠦᠷ᠎ᠡ ᠠᠰᠢᠬᠳᠠᠢ᠎ᠪᠠᠷ ᠲᠦᠯᠦᠪᠵᠢᠬᠦᠯᠵᠦ᠂ 《ᠲᠡᠬᠡᠷ᠎ᠡ ᠬᠠᠭ᠋ᠠᠰ ᠵᠢᠯ ᠲᠤᠬᠳᠠᠭᠤᠨ》 ᠪᠠᠢ᠌ᠬᠰᠠᠨ ᠰᠠᠭᠤᠷᠢᠨ ᠲᠡᠭᠡᠷ᠎ᠡ 《ᠪᠦᠬᠦ ᠵᠢᠯ ᠵᠢᠨᠷ ᠵᠢᠨᠨ ᠲᠤᠬᠳᠠᠭᠤᠨ》 ᠪᠠᠢ᠌ᠬᠤ ᠵᠢ ᠪᠡᠶᠡᠯᠡᠬᠦᠯᠬᠦ ᠵᠢ ᠪᠠᠳᠤᠯᠠᠬᠤ ᠬᠡᠷᠡᠭᠳᠡᠢ ᠬᠡᠵᠡᠢ᠃
      ᠬᠤᠷᠠᠯ᠎ᠠᠴᠠ ᠬᠦᠬᠡᠬᠤᠳᠠ᠂ ᠤᠯᠠᠭ᠋ᠠᠠᠴᠠᠪ᠎ᠤᠨ ᠤᠢ᠌ᠷ᠎ᠠ ᠵᠢᠨ ᠬᠤᠭᠤᠴᠠᠭ᠋ᠠᠨ᠎ᠳᠠᠬᠢ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠭᠰᠡᠨ ᠠᠵᠢᠯ᠎ᠤᠨ ᠪᠠᠢ᠌ᠳᠠᠯ ᠪᠤᠯᠤᠨ ᠦᠪᠡᠷᠳᠡᠬᠡᠨ ᠵᠠᠰᠠᠬᠤ ᠤᠷᠤᠨ᠎ᠤ ᠰᠤᠷᠭ᠋ᠠᠨ ᠬᠦᠮᠦᠵᠢᠯ᠎ᠤᠨ ᠲᠢᠩᠬᠢᠮ᠎ᠤᠨ ᠶᠡᠬᠡ ᠲᠡᠭᠡᠳᠦ ᠰᠤᠷᠭ᠋ᠠᠭᠤᠯᠢ ᠵᠢᠨ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠵᠦ ᠰᠡᠷᠬᠡᠢ᠌ᠯᠡᠵᠦ ᠡᠵᠡᠮᠳᠡᠭᠰᠡᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠦᠪᠡᠷᠳᠡᠬᠡᠨ ᠵᠠᠰᠠᠬᠤ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠵᠢᠯᠤᠭᠤᠳᠬᠤ ᠬᠡᠯᠳᠡᠰ᠎ᠤᠨ ᠡᠮᠴᠢᠯᠡᠬᠡᠨ᠎ᠤ ᠰᠡᠷᠬᠡᠢ᠌ᠯᠡᠨ ᠡᠵᠡᠮᠳᠡᠬᠦ ᠲᠤᠭᠤᠢ᠌ᠯᠠᠩ ᠤᠢ᠌ᠷ᠎ᠠ ᠵᠢᠨ ᠬᠤᠭᠤᠴᠠᠭ᠋ᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ