ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠪᠦᠲᠦᠮᠵᠢᠲᠡᠢ ᠪᠡᠯᠡ ᠣᠷᠣᠭᠤᠯᠤᠯᠲᠠ ᠵᠢ ᠥᠷᠭᠡᠳᠬᠡᠬᠦ ᠸᠢᠳᠢᠤ᠋ ᠬᠤᠷᠠᠯ ᠬᠤᠷᠠᠯᠳᠤᠪᠠ ᠵᠠᠩ ᠱᠤᠤ ᠴᠦᠨ ᠬᠤᠷᠠᠯ᠎ᠢ ᠡᠷᠬᠢᠯᠡᠵᠦ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2022-08-29

      8 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ ᠸᠢᠳᠢᠤ᠋ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ ᠠᠵᠢᠯ᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ᠂ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠠᠵᠢᠯ ᠡᠬᠢᠯᠡᠭᠦᠯᠦᠭᠡᠳᠦᠢ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠥᠷᠥᠯ ᠵᠦᠢ᠍ᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠣᠬᠢᠷᠠᠭᠤᠯᠤᠨ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠤᠳᠤ ᠶᠠᠭ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠥᠷᠭᠡᠳᠬᠡᠬᠦ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠦᠷᠦᠯ ᠵᠦᠢ᠍ᠯ᠎ᠤᠨ ᠠᠬᠢᠴᠠ ᠵᠢ ᠦᠨᠡᠨ ᠬᠦ᠌ ᠲᠦᠷᠭᠡᠳᠬᠡᠵᠦ᠂ ᠴᠢᠬᠤᠯᠠ ᠡᠯᠧᠮᠧᠨ᠋ᠲ ᠪᠠ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠠᠷ ᠲᠣᠬᠢᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠴᠢᠨᠠᠭᠰᠢᠳᠠ ᠪᠠᠳᠠᠷᠠᠭᠤᠯᠵᠤ᠂ ᠪᠡᠯᠡ ᠣᠷᠣᠭᠤᠯᠤᠯᠲᠠ ᠵᠢᠨ ᠶᠡᠷᠦᠩᠬᠡᠢ ᠬᠡᠮᠵᠢᠶ᠎ᠡ ᠪᠣᠯᠣᠨ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠠᠵᠢᠯ ᠡᠬᠢᠯᠡᠭᠦᠯᠦᠭᠡᠳᠦᠢ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠥᠷᠥᠯ ᠵᠦᠢ᠍ᠯ ᠪᠦᠬᠦᠨ᠎ᠤ ᠠᠵᠢᠯ ᠡᠬᠢᠯᠡᠭᠦᠯᠬᠦ ᠵᠢ ᠠᠬᠢᠭᠤᠯᠵᠤ᠂ ᠵᠠᠷᠤᠯᠭ᠎ᠠ ᠵᠢᠨ ᠠᠬᠢᠴᠠ ᠵᠢ ᠲᠦᠷᠭᠡᠳᠬᠡᠨ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠲᠦᠷᠦ ᠵᠢᠨ ᠪᠣᠳᠣᠯᠭ᠎ᠠ ᠵᠢᠨ ᠴᠢᠨᠠᠷᠲᠠᠢ ᠨᠡᠭᠡᠭᠡᠨ ᠬᠥᠭᠵᠢᠭᠦᠯᠦᠯᠲᠡ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠪᠠᠭ᠋ᠠᠵᠢ ᠵᠡᠷᠭᠡ ᠡᠯ᠎ᠡ ᠵᠦᠢ᠍ᠯ᠎ᠤᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠨᠡᠩ ᠤᠯᠠᠨ ᠲᠦᠷᠦᠯ ᠵᠦᠢ᠍ᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ᠃ ᠲᠦᠷᠦᠯ ᠵᠦᠢ᠍ᠯ᠎ᠢ ᠲᠥᠯᠥᠪᠵᠢᠭᠦᠯᠵᠦ ᠨᠥᠭᠡᠴᠡᠯᠡᠬᠦ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠵᠢᠨ 3 ᠵᠢᠯ᠎ᠤᠨ ᠲᠦᠷᠦᠯ ᠵᠦᠢ᠍ᠯ᠎ᠢ ᠤᠷᠢᠳᠴᠢᠯᠠᠨ ᠲᠥᠯᠥᠪᠵᠢᠭᠦᠯᠵᠦ᠂ ᠢᠯᠠᠩᠭᠤᠶ᠎ᠠ ᠢᠷᠡᠬᠦ ᠵᠢᠯ᠎ᠳᠤ ᠬᠡᠷᠡᠭᠵᠢᠭᠦᠯᠬᠦ᠎ᠪᠠᠷ ᠪᠠᠢ᠌ᠭ᠎ᠠ ᠴᠢᠬᠤᠯᠠ ᠶᠡᠬᠡ ᠲᠦᠷᠦᠯ ᠵᠦᠢ᠍ᠯ᠎ᠢ ᠤᠷᠢᠳᠴᠢᠯᠠᠨ ᠲᠥᠯᠥᠪᠵᠢᠭᠦᠯᠵᠦ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠪᠡᠯᠡ ᠣᠷᠣᠭᠤᠯᠤᠯᠲᠠ ᠵᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠷ ᠠᠵᠤ ᠠᠬᠤᠢ ᠵᠢᠨ ᠲᠣᠭᠲᠠᠭᠤᠨ ᠵᠶ᠋ᠠᠷ ᠠᠵᠢᠯᠯᠠᠬᠤ ᠵᠢ ᠬᠦᠴᠦᠲᠡᠢ ᠲᠤᠯᠭ᠋ᠠᠭᠤᠷᠢᠯᠠᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ