ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠯᠲᠠ ᠵᠢ ᠪᠡᠬᠢᠵᠢᠭᠦᠯᠦᠨ ᠳᠡᠭᠡᠭᠰᠢᠯᠡᠭᠦᠯᠬᠦ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2022-09-14

      9 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠸᠢᠳᠢᠣ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠳᠤ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠪᠡᠬᠢᠵᠢᠭᠦᠯᠦᠨ ᠳᠡᠭᠡᠭᠰᠢᠯᠡᠭᠦᠯᠬᠦ ᠠᠵᠢᠯ᠎ᠢ ᠪᠠᠢ᠌ᠷᠢᠯᠠᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠭᠡᠢ᠌ᠯᠡᠵᠦ ᠪᠣᠢ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

      ᠬᠤᠷᠠᠯ᠎ᠠᠴᠠ ᠡᠯ᠎ᠡ ᠠᠢ᠌ᠮᠠᠭ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠲᠦᠷᠭᠡᠨ᠂ ᠣᠨᠣᠪᠴᠢᠲᠠᠶ᠂ ᠴᠢᠩᠭ᠎ᠠ᠂ ᠪᠣᠳᠠᠲᠠᠢ》 ᠱᠠᠭ᠋ᠠᠷᠳᠠᠯᠭ᠎ᠠ ᠶᠣᠰᠣᠭ᠋ᠠᠷ᠂ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠳᠤ ᠬᠣᠶᠠᠷ ᠰᠠᠷ᠎ᠠ ᠣᠷᠴᠢᠮ᠎ᠤᠨ ᠴᠠᠭ᠎ᠢ ᠬᠡᠷᠡᠭᠯᠡᠵᠦ ᠪᠠᠢ᠌ᠭ᠋ᠠᠳ 《ᠡᠷᠭᠢᠵᠦ ᠬᠠᠷᠠᠬᠤ》 ᠠᠵᠢᠯ ᠬᠢᠵᠦ᠂ 《ᠵᠠᠭᠤᠨ ᠡᠳᠦᠷ᠎ᠤᠨ ᠠᠵᠢᠯᠯᠠᠭ᠎ᠠ》 ᠵᠢᠨ ᠠᠵᠢᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠦᠨ ᠳᠡᠭᠡᠭᠰᠢᠯᠡᠭᠦᠯᠵᠦ᠂ ᠭᠡᠷ ᠪᠠᠢ᠌ᠰᠢᠩ᠎ᠤᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠦᠷᠭᠡᠳᠬᠡᠨ ᠪᠠᠢ᠌ᠭᠤᠯᠵᠤ᠂ ᠦᠯᠡᠳᠡᠭᠡᠯ ᠲᠦᠭᠰᠢᠭᠦᠷᠢ ᠵᠢ ᠦᠨᠡᠨ ᠬᠦ᠌ ᠬᠠᠮᠢᠶᠠᠷᠴᠤ᠂ ᠨᠡᠮᠡᠭᠳᠡᠯ ᠲᠦᠭᠰᠢᠭᠦᠷᠢ ᠵᠢ ᠴᠢᠩᠭ᠎ᠠ ᠡᠵᠡᠮᠳᠡᠵᠦ᠂ ᠠᠮᠤᠷ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠬᠦᠴᠦᠯᠡᠨ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ᠎ᠠᠴᠠ ᠪᠠᠰᠠ ᠪᠦᠬᠦ ᠣᠷᠣᠨ᠎ᠤ ᠬᠤᠳᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠮᠤᠷ ᠲᠦᠪᠰᠢᠨ᠎ᠢ ᠴᠡᠭᠴᠡᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ