10 ᠳ᠋ᠤᠭ᠋ᠠᠷ ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠴᠢᠨ᠎ᠤ ᠡᠯᠡᠰᠦ ᠵᠢ ᠰᠥᠨᠥᠭᠡᠬᠦ ᠳᠠᠢ᠌ᠯᠠᠯᠳᠤᠭ᠋ᠠᠨ᠎ᠤ ᠲᠤᠬᠠᠢ ᠵᠢᠨ ᠲᠠᠯᠠᠪᠠᠶ ᠵᠢᠨ ᠠᠬᠢᠭᠤᠯᠬᠤ ᠬᠤᠷᠠᠯ᠎ᠢ ᠲᠦᠩᠯᠢᠶᠣᠣ ᠬᠣᠲᠠᠨ᠎ᠠ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ ᠃
ᠲᠤᠰ ᠤᠳᠠᠭ᠋ᠠᠨ᠎ᠤ ᠬᠤᠷᠠᠯ ᠳᠡᠭᠡᠷ᠎ᠡ ᠬᠣᠷᠴᠢᠨ᠎ᠤ ᠡᠯᠡᠰᠦ ᠵᠢ ᠰᠥᠨᠥᠭᠡᠬᠦ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠠᠵᠢᠯ᠎ᠳᠤ ᠪᠣᠳᠠᠲᠠᠢ ᠪᠠᠢ᠌ᠷᠢᠯᠠᠭᠤᠯᠤᠯᠲᠠ ᠬᠢᠵᠦ᠂ ᠨᠡᠢ᠌ᠰᠯᠡᠯ᠎ᠤᠨ ᠡᠯᠡᠰᠦᠨ᠎ᠤ ᠡᠬᠢ ᠵᠢ ᠰᠥᠨᠥᠭᠡᠬᠦ ᠳᠠᠢ᠌ᠯᠠᠯᠳᠤᠭ᠋ᠠᠨ᠂ ᠡᠯᠡᠰᠦᠨ᠎ᠤ ᠡᠬᠢ ᠵᠢ ᠬᠡᠰᠡᠭᠯᠡᠨ ᠪᠦᠰᠡᠯᠡᠬᠦ ᠳᠠᠢ᠌ᠯᠠᠯᠳᠤᠭ᠋ᠠᠨ᠂ ᠨᠣᠭᠣᠭ᠋ᠠᠷᠠᠭᠤᠯᠤᠯᠲᠠ ᠵᠢ ᠨᠡᠮᠡᠭᠳᠡᠭᠦᠯᠦᠨ ᠴᠢᠨᠠᠷ᠎ᠢ ᠨᠢ ᠰᠠᠢ᠌ᠵᠢᠷᠠᠭᠤᠯᠵᠤ ᠬᠠᠮᠠᠭ᠋ᠠᠯᠠᠬᠤ ᠳᠠᠢ᠌ᠯᠠᠯᠳᠤᠭ᠋ᠠᠨ ᠵᠡᠷᠭᠡ 3 ᠳᠠᠢ᠌ᠯᠠᠯᠳᠤᠭ᠋ᠠᠨ᠎ᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠯᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠂ ᠡᠯᠡᠰᠦᠷᠬᠡᠭ ᠪᠤᠰᠤ ᠭᠠᠵᠠᠷ ᠰᠢᠷᠣᠢ ᠵᠢᠨ ᠨᠣᠭᠤᠭ᠋ᠠᠷᠠᠭᠤᠯᠤᠯᠲᠠ ᠵᠢ ᠥᠳᠬᠡᠷᠡᠭᠦᠯᠵᠦ ᠥᠷᠭᠡᠳᠬᠡᠬᠦ ᠂ ᠵᠠᠰᠠᠭᠰᠠᠨ ᠦᠷ᠎ᠡ ᠪᠦᠲᠦᠮᠵᠢ ᠵᠢ ᠪᠡᠬᠢᠵᠢᠭᠦᠯᠦᠨ ᠳᠡᠭᠡᠭᠰᠢᠯᠡᠭᠦᠯᠬᠦ ᠵᠡᠷᠭᠡ 10 ᠵᠦᠢ᠍ᠯ᠎ᠤᠨ ᠭᠣᠣᠯ ᠡᠭᠦᠷᠭᠡ ᠵᠢ ᠪᠠᠢ᠌ᠷᠢᠯᠠᠭᠤᠯᠤᠨ ᠬᠡᠷᠡᠭᠵᠢᠭᠦᠯᠵᠦ ᠂ 2030 ᠣᠨ ᠪᠣᠯᠬᠤ᠎ᠳᠤ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠵᠢ ᠪᠡᠶᠡᠯᠡᠭᠦᠯᠦᠭᠰᠡᠨ ᠭᠠᠵᠠᠷ 1100 ᠭᠠᠷᠤᠢ ᠲᠦᠮᠡᠨ ᠮᠦ᠍ ᠨᠡᠮᠡᠭᠳᠡᠭᠦᠯᠦᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ ᠨᠤᠷᠮ᠎ᠠ ᠵᠢ 85% ᠠᠴᠠ ᠳᠡᠭᠡᠭᠰᠢ ᠪᠣᠯᠭ᠋ᠠᠨ᠎ᠠ᠃