ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠶᠡᠬᠡ ᠲᠣᠬᠣᠢ ᠵᠢᠨ ᠬᠡᠰᠡᠭ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠵᠠᠢ ᠳᠠᠢ᠌ᠴᠢᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-11-01

     10 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠶᠡᠬᠡ ᠲᠣᠬᠣᠢ ᠵᠢᠨ ᠬᠡᠰᠡᠭ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ  ᠠᠬᠤᠢ ᠲᠠᠯᠠᠪᠠᠢ ᠵᠢᠨ ᠠᠬᠢᠭᠤᠯᠬᠤ ᠬᠤᠷᠠᠯ ᠣᠷᠳᠣᠰ ᠬᠣᠲᠠ᠎ᠳᠤ ᠬᠤᠷᠠᠯᠳᠤᠵᠠᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃

     ᠬᠤᠷᠠᠯ᠎ᠠᠴᠠ᠂ ᠬᠠᠲᠤᠨ ᠭᠣᠣᠯ᠎ᠤᠨ ᠶᠡᠬᠡ ᠲᠣᠬᠣᠢ ᠵᠢᠨ ᠭᠡᠰᠡᠭ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠶᠡᠷᠦᠩᠬᠡᠢ ᠱᠦᠵᠢ            ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠶᠣᠰᠣᠭ᠋ᠠᠷ᠂ ᠰᠢᠪᠠᠷ ᠡᠯᠡᠰᠦ ᠬᠠᠲᠤᠨ ᠭᠣᠣᠯ᠎ᠳᠤ ᠤᠷᠤᠰᠤᠨ ᠣᠷᠣᠬᠤ ᠪᠣᠯᠣᠨ ᠰᠠᠯᠬᠢ ᠰᠢᠭᠤᠷᠭ᠎ᠠ ᠵᠢᠨ ᠳᠠᠭ᠋ᠠᠷᠢᠯᠲᠠ ᠵᠢᠨ ᠬᠣᠶᠠᠷ ᠶᠡᠬᠡ ᠬᠣᠣᠷ ᠬᠥᠨᠥᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯᠡᠰᠦ ᠬᠠᠲᠤᠨ ᠭᠣᠣᠯ᠎ᠳᠤ ᠤᠷᠤᠰᠤᠨ ᠣᠷᠣᠬᠤ ᠵᠢ ᠬᠣᠷᠢᠭᠯᠠᠬᠤ᠂ ᠡᠯᠡᠰᠦ ᠠᠭᠤᠯᠠᠨ᠎ᠳᠤ ᠭᠠᠷᠬᠤ ᠵᠢ ᠬᠣᠷᠢᠭᠯᠠᠬᠤ᠂ ᠡᠯᠡᠰᠦ ᠵᠢ ᠡᠵᠡᠮᠳᠡᠨ ᠡᠬᠢ ᠡᠭᠦᠰᠦᠯ᠎ᠠᠴᠠ᠎ᠨᠢ ᠠᠷᠢᠯᠭ᠋ᠠᠬᠤ᠂ ᠠᠮᠢ ᠠᠬᠤᠢ ᠵᠢ ᠬᠠᠮᠠᠭ᠋ᠠᠯᠠᠬᠤ 4 ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠲᠠᠷᠢᠶᠠᠯᠠᠩ᠎ᠤᠨ ᠤᠰᠤ ᠠᠷᠪᠢᠯᠠᠬᠤ᠂ ᠠᠵᠤ ᠦᠢ᠍ᠯᠡᠰ᠎ᠢ ᠬᠥᠭᠵᠢᠭᠦᠯᠬᠦ᠂ ᠠᠵᠢᠯ ᠣᠯᠭᠣᠯᠲᠠ᠎ᠪᠠᠷ ᠲᠡᠳᠬᠦᠮᠵᠢ᠎ᠢ ᠣᠷᠣᠯᠠᠭᠤᠯᠬᠤ ᠵᠡᠷᠭᠡ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠲᠥᠪᠯᠡᠷᠡᠭᠦᠯᠦᠨ᠂ ᠡᠯ᠎ᠡ ᠲᠠᠯ᠎ᠠ ᠵᠢᠨ ᠬᠦᠴᠦᠨ᠎ᠢ ᠳᠠᠢ᠌ᠴᠢᠯᠠᠨ᠂ ᠡᠨᠡ ᠡᠪᠦᠯ ᠢᠷᠡᠬᠦ ᠬᠠᠪᠤᠷ ᠨᠢᠭᠡ ᠪᠦᠯᠦᠭ ᠪᠣᠳᠠᠲᠤ ᠢᠨᠵᠧᠨᠧᠷᠢᠩ᠎ᠤᠨ ᠦᠨᠡᠨ ᠪᠣᠳᠠᠲᠠᠢ ᠠᠬᠢᠴᠠ ᠵᠢ ᠣᠯᠵᠤ᠂ ᠰᠡᠳᠬᠢᠯ ᠨᠢᠭᠡᠳᠦᠨ ᠬᠦᠴᠦᠨ ᠵᠶ᠋ᠡᠨ ᠬᠠᠮᠲᠤᠳᠬᠠᠵᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ