11 ᠳ᠋ᠦ᠍ᠭᠡᠷ ᠰᠠᠷ᠎ᠠ ᠵᠢᠨ 7᠎ᠤ ᠡᠳᠦᠷ᠂ ᠪᠥᠬᠥ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠬᠦᠶ᠋ᠢᠯᠡ ᠣᠷᠣᠨ ᠪᠦᠰᠡ᠎ᠪᠠᠷ ᠨᠢ ᠠᠬᠢᠭᠤᠯᠬᠤ ᠲᠤᠷᠰᠢᠯᠲᠠ ᠵᠢᠨ ᠲᠤᠬᠠᠢ ᠵᠢᠨ ᠲᠠᠯᠠᠪᠤᠷ᠎ᠲᠤ ᠲᠣᠭᠣᠷᠢᠨ ᠦᠵᠡᠬᠦ ᠵᠢᠴᠢ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠢᠨᠵᠧᠨᠧᠷᠢᠩ᠎ᠢ ᠠᠬᠢᠭᠤᠯᠬᠤ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃
ᠬᠤᠷᠠᠯ ᠳᠡᠭᠡᠷ᠎ᠡ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠴᠢᠬᠤᠯᠠ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦᠶ᠋ᠢᠯᠡ ᠣᠷᠣᠨ ᠪᠦᠰᠡ ᠵᠢᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠨ ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ ᠂ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠵᠢ ᠴᠢᠩᠭ᠋ᠠᠳᠬᠠᠨ ᠂ 《 ᠵᠢᠵᠢᠭ ᠲᠠᠷᠢᠶ᠎ᠠ ᠵᠢ ᠶᠡᠬᠡ ᠲᠠᠷᠢᠶ᠎ᠠ᠎ᠲᠠᠢ ᠨᠡᠢ᠌ᠯᠡᠭᠦᠯᠬᠦ 》 ᠂ ᠬᠡᠪᠴᠢᠶᠡᠵᠢᠭᠦᠯᠦᠨ ᠡᠵᠡᠩᠨᠡᠬᠦ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠪᠠ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠲᠦᠰᠦᠯ᠎ᠤᠨ ᠪᠦᠲᠦᠭᠡᠨ ᠪᠠᠢ᠌ᠭᠤᠯᠤᠯᠲᠠ ᠵᠢ ᠥᠨᠳᠥᠷ ᠪᠦᠲᠦᠮᠵᠢᠲᠡᠶ᠎ᠪᠠᠷ ᠠᠬᠢᠭᠤᠯᠵᠤ ᠂ ᠠᠷᠭ᠎ᠠ ᠪᠦᠬᠦᠨ᠎ᠢ ᠰᠦᠪᠡᠭᠴᠢᠯᠡᠨ ᠪᠠᠷᠢᠮᠵᠢᠶ᠎ᠠ ᠵᠢ ᠳᠡᠭᠡᠭᠰᠢᠯᠡᠭᠦᠯᠵᠦ ᠂ ᠶᠠᠪᠤᠴᠠ ᠵᠢᠨ ᠬᠠᠮᠢᠶᠠᠷᠤᠯᠲᠠ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠎ᠠ ᠮᠥᠷᠲᠡᠭᠡᠨ ᠪᠣᠳᠠᠲᠠᠢ ᠠᠳᠬᠤᠨ᠂ ᠦᠨᠳᠦᠰᠦᠨ ᠲᠠᠷᠢᠶᠠᠨ ᠭᠠᠵᠠᠷ᠎ᠢ ᠡᠷᠲᠡᠬᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃