11 ᠰᠠᠷ᠎ᠠ ᠵᠢᠨ 4᠎ᠤ ᠡᠳᠦᠷ᠂ 《ᠬᠠᠮᠢᠶᠠᠷᠤᠯᠲᠠ ᠵᠢᠨ ᠰᠢᠨ᠎ᠡ ᠵᠢ ᠡᠭᠦᠳᠴᠦ ᠳᠡᠰ ᠳᠡᠪᠰᠢᠭᠦᠯᠵᠦ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠥᠪᠥᠷ ᠮᠣᠩᠭᠣᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠬᠤᠷᠠᠯ ᠬᠥᠬᠡᠬᠣᠲᠠ᠎ᠳᠤ ᠡᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠸ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃
ᠪᠠᠷᠢᠯᠭ᠎ᠠ ᠵᠢᠨ ᠦᠢ᠍ᠯᠡᠰ ᠪᠣᠯ ᠤᠯᠤᠰ ᠠᠷᠠᠳ᠎ᠤᠨ ᠠᠵᠤ ᠠᠬᠤᠢ ᠵᠢᠨ ᠲᠤᠯᠭ᠋ᠠᠭᠤᠷᠢ ᠠᠵᠤ ᠦᠢ᠍ᠯᠡᠰ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ᠎ᠤᠨ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠲᠡᠦᠬᠡᠲᠦ ᠴᠢᠨᠠᠷᠲᠠᠢ ᠳᠠᠪᠠᠯᠲᠠ ᠵᠢ ᠪᠡᠶᠡᠯᠡᠭᠦᠯᠵᠦ᠂ ᠦᠢ᠍ᠯᠡᠳᠬᠦᠨ᠎ᠤ ᠶᠡᠷᠦᠩᠬᠡᠢ ᠥᠷᠲᠡᠭ ᠨᠡᠢ᠌ᠲᠡ 1.46 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠵᠦ᠂ ᠵᠢᠯ ᠳᠤᠮᠳᠠᠴᠢ ᠵᠢᠨ GDP᠎ᠳᠠᠬᠢ ᠡᠵᠡᠯᠡᠬᠦ ᠬᠤᠪᠢ ᠵᠢᠨ ᠵᠢᠩ 7% ᠣᠷᠴᠢᠮ ᠪᠠᠢ᠌ᠬᠤ ᠵᠢ ᠪᠠᠲᠤᠯᠠᠪᠠ᠃
ᠡᠬᠢᠯᠡᠯᠲᠡ ᠵᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠪᠠᠷᠢᠯᠭ᠎ᠠ ᠵᠢᠨ ᠦᠢ᠍ᠯᠡᠰ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠨᠡᠢ᠌ᠲᠡᠯᠡᠬᠦ ᠶᠣᠰᠣᠯᠠᠯ ᠶᠠᠪᠤᠭᠤᠯᠵᠤ᠂ ᠰᠢᠩ᠎ᠲᠠᠢ ᠪᠦᠲᠦᠭᠡᠨ ᠪᠠᠢ᠌ᠭᠤᠯᠤᠯᠲᠠ ᠵᠢᠨ ᠪᠦᠯᠦᠭᠯᠡᠯ ᠵᠡᠷᠭᠡ 64 ᠳᠠᠭ᠋ᠠᠭᠤᠯᠤᠭᠴᠢ ᠠᠵᠤ ᠠᠬᠤᠢ᠌ᠯᠠᠯ᠎ᠳᠤ ᠫᠠᠢ᠌ᠰᠠ ᠣᠯᠭᠣᠪᠠ᠃ ᠥᠪᠥᠷ ᠮᠣᠩᠭᠣᠯ᠎ᠤᠨ ᠪᠠᠷᠢᠯᠭ᠎ᠠ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠤᠨ ᠨᠡᠢ᠌ᠲᠡᠯᠡᠪᠡ᠃