ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠤᠷᠠᠯᠳᠤᠪᠠ ᠵᠠᠩ ᠱᠣᠣ ᠴᠦᠨ ᠶᠠᠷᠢᠶ᠎ᠠ ᠲᠠᠯᠪᠢᠵᠤ ᠶᠣᠣ ᠶᠦᠩ ᠪᠥᠸᠧ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2023-12-18

12 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ ᠵᠠᠩ ᠱᠤᠤ ᠴᠦᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠢ ᠡᠷᠬᠢᠯᠡᠪᠡ᠃

ᠬᠤᠷᠠᠯ᠎ᠳᠤ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ᠂ ᠠᠵᠢᠯᠲᠠᠨ ᠠᠵᠢᠯᠴᠢᠨ᠎ᠤ ᠠᠮᠠᠷᠠᠵᠤ ᠰᠤᠪᠢᠯᠠᠬᠤ ᠵᠢ ᠴᠢᠩᠭ᠋ᠠᠳᠬᠠᠬᠤ᠂ ᠠᠵᠢᠯᠲᠠᠨ ᠠᠵᠢᠯᠴᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠵᠡᠷᠭᠡ ᠶᠠᠪᠤᠳᠠᠯ᠎ᠤᠳ᠎ᠢ ᠬᠢᠨᠠᠨ ᠵᠥᠪᠯᠡᠵᠦ ᠪᠠᠲᠤᠯᠠᠪᠠ᠃

ᠬᠤᠷᠠᠯ᠎ᠳᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠡᠨ ᠨᠢᠭᠡᠳᠬᠡᠨ ᠰᠦᠯᠳᠡ᠎ᠪᠠᠨ ᠪᠣᠰᠬᠠᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠵᠠᠰᠠᠭ᠎ᠤᠨ ᠣᠷᠳᠣᠨ ᠪᠣᠯᠣᠨ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠤᠨ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ