ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠵᠢᠨ ᠲᠣᠨᠣᠭᠯᠠᠯ ᠦᠢ᠍ᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠲᠣᠭᠣᠷᠢᠭ ᠰᠢᠷᠡᠭᠡᠨ᠎ᠤ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-02-21

      2 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠵᠢᠨ ᠲᠣᠨᠣᠭᠯᠠᠯ ᠦᠢ᠍ᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠲᠣᠭᠣᠷᠢᠭ ᠰᠢᠷᠡᠭᠡᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠵᠤ ᠠᠬᠤᠢ᠌ᠯᠠᠯ ᠪᠣᠯᠣᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠤᠳᠠᠯᠳᠤᠭ᠋ᠠᠨ᠎ᠤ ᠠᠵᠠ ᠲᠣᠬᠢᠶᠠᠯ᠎ᠤᠨ ᠲᠤᠬᠠᠢ ᠶᠠᠷᠢᠯᠴᠠᠪᠠ᠃

      ᠬᠤᠸᠠᠩ ᡁᠢ ᠴᠢᠶᠠᠩ᠂ 2023 ᠣᠨ ᠪᠣᠯ ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠶᠡᠬᠡ ᠬᠥᠭᠵᠢᠯᠲᠡ ᠵᠢᠨ ᠠᠩᠬᠠᠨ᠎ᠤ ᠵᠢᠯ ᠪᠣᠯᠣᠨ᠎ᠠ᠂ ᠤᠰᠤᠲᠥ᠋ᠷᠥᠭᠴᠢ ᠡᠨᠧᠷᠭᠢ ᠵᠢᠨ ᠪᠡᠯᠡ ᠣᠷᠤᠭᠤᠯᠤᠯᠲᠠ ᠵᠢᠨ ᠰᠢᠨ᠎ᠡ ᠣᠷᠣᠨ ᠵᠠᠢ᠂ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠥᠨᠳᠥᠷᠯᠢᠭ ᠠᠩᠬᠠᠨ᠎ᠤ ᠳᠦᠷᠰᠦ ᠪᠠᠢ᠌ᠳᠠᠯ ᠵᠶ᠋ᠠᠨ ᠢᠯᠡᠷᠡᠭᠦᠯᠪᠡ᠂ ᠤᠰᠤᠲᠥ᠋ᠷᠥᠭᠴᠢ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ ᠠᠰᠢᠭᠲᠠᠢ ᠪᠠᠢ᠌ᠳᠠᠯ᠎ᠢ᠎ᠲᠠᠭᠠᠨ ᠤᠷᠤᠭᠰᠢᠯᠠᠵᠤ᠂ ᠠᠰᠢᠭᠲᠠᠢ ᠪᠠᠢ᠌ᠳᠠᠯ᠎ᠢ᠎ᠲᠠᠭᠠᠨ ᠬᠦᠴᠦᠷᠬᠡᠭᠵᠢᠬᠦ ᠬᠡᠷᠡᠭᠲᠡᠢ᠃ ᠠᠵᠤ ᠠᠬᠤᠢ᠌ᠯᠠᠯᠲᠠᠨ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠂ ᠵᠠᠬ᠎ᠠ ᠳᠡᠯᠭᠡᠭᠦᠷ᠎ᠤᠨ ᠠᠯᠤᠰ ᠢᠷᠡᠭᠡᠳᠦᠢ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠳᠤ ᠢᠲᠡᠭᠡᠯ ᠲᠡᠭᠦᠯᠳᠡᠷ ᠪᠠᠢ᠌ᠵᠤ᠂ ᠥᠪᠥᠷ ᠮᠣᠩᠭᠣᠯ᠎ᠢ ᠠᠵᠤ ᠠᠬᠤᠢ᠌ᠯᠠᠯ᠎ᠤᠨ ᠠᠩᠬᠠᠨ᠎ᠤ ᠡᠭᠦᠳᠦᠯᠲᠡ ᠵᠢᠨ ᠭᠠᠵᠠᠷ ᠪᠣᠯᠭ᠋ᠠᠵᠤ᠂ ᠡᠨᠳᠡ ᠪᠠᠢ᠌ᠭᠤᠯᠤᠭᠳᠠᠵᠤ ᠬᠦᠴᠦᠷᠬᠡᠭᠵᠢᠬᠦ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠨ᠎ᠬᠢᠨ 《ᠦᠢ᠍ᠯᠡᠴᠢᠯᠡᠭᠴᠢ》᠂ 《ᠳᠡᠯᠭᠡᠭᠦᠷ᠎ᠤᠨ ᠬᠤᠳᠠᠯᠳᠤᠭᠴᠢ》 ᠪᠣᠯᠵᠤ᠂ ᠠᠵᠤ ᠠᠬᠤᠢ᠌ᠯᠠᠯ᠎ᠤᠨ᠎ᠬᠢᠨ᠎ᠤ ᠡᠨᠳᠡ ᠰᠡᠳᠬᠢᠯ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠲᠣᠭᠲᠠᠭᠤᠨ ᠵᠶ᠋ᠠᠷ ᠬᠥᠭᠵᠢᠬᠦ ᠵᠢ ᠪᠠᠲᠤᠯᠠᠬᠤ ᠬᠡᠷᠡᠭᠲᠡᠢ ᠭᠡᠵᠦ ᠬᠡᠯᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ