1 ᠳ᠋ᠦ᠍ᠭᠡᠷ ᠰᠠᠷ᠎ᠠ ᠵᠢᠨ 30᠎ᠤ ᠡᠳᠦᠷ ᠂ ᠥᠪᠥᠷ ᠮᠣᠩᠭᠣᠯ᠎ᠤᠨ ᠪᠠᠩᠬᠢ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠠᠪᠤᠨ ᠶᠡᠬᠡ ᠡᠭᠦᠷᠭᠡ᠎ᠪᠠᠷ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠬᠤᠸᠠᠩ ᡁᠢ ᠴᠢᠶᠠᠩ ᠬᠡᠯᠡᠬᠦ᠎ᠳᠤ᠎ᠪᠠᠨ᠂ ᠨᠢᠳᠤᠨᠤᠨ᠎ᠤ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠨᠢ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ ᠃ ᠡᠨᠡ ᠵᠢᠯ ᠥᠪᠥᠷ ᠮᠣᠩᠭᠣᠯ ᠶᠡᠬᠡ᠎ᠪᠠᠷ ᠠᠵᠢᠯᠯᠠᠵᠤ ᠲᠦᠷᠭᠡᠨ ᠤᠷᠤᠭᠰᠢᠯᠠᠵᠤ ᠂ ᠪᠦᠬᠦ ᠬᠦᠴᠦᠨ ᠵᠶ᠋ᠡᠷ ᠵᠶ᠋ᠡᠨ ᠠᠵᠤ ᠠᠬᠤᠢ ᠵᠢᠨ ᠲᠥᠯᠥᠭᠡ ᠴᠢᠷᠮᠠᠢ᠌ᠨ ᠠᠵᠢᠯᠯᠠᠬᠤ᠎ᠳᠤ ᠂ ᠮᠥᠩᠭᠥᠨ ᠭᠦᠢ᠍ᠯᠭᠡᠭᠡᠨ᠎ᠤ ᠰᠢᠰᠲ᠋ᠧᠮ ᠬᠦᠨᠳᠦ ᠡᠭᠦᠷᠭᠡ ᠵᠢ ᠡᠭᠦᠷᠭᠡᠯᠡᠵᠦ ᠂ ᠲᠡᠷᠢᠭᠦᠨ᠎ᠤ ᠡᠩᠨᠡᠭᠡᠨ᠎ᠳᠤ ᠭᠠᠪᠰᠢᠭ᠋ᠠᠢ᠌ᠯᠠᠵᠦ ᠂ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠃ ᠢᠲᠡᠭᠡᠮᠵᠢᠲᠦ ᠵᠢᠭᠡᠯᠡᠯᠭᠡ ᠵᠢᠨ ᠬᠡᠪᠴᠢᠶ᠎ᠡ ᠵᠢ ᠲᠠᠬᠢᠨ ᠥᠷᠭᠡᠳᠬᠡᠵᠦ ᠂ ᠪᠦᠲᠦᠴᠡ ᠵᠢ ᠲᠠᠬᠢᠨ ᠰᠢᠯᠢᠳᠡᠭᠵᠢᠭᠦᠯᠵᠦ ᠂ ᠥᠪᠡᠷ᠎ᠤᠨ ᠦᠷᠳᠡᠭ᠎ᠢ ᠲᠠᠬᠢᠨ ᠪᠠᠭᠤᠷᠠᠭᠤᠯᠵᠤ ᠂ ᠦᠢ᠍ᠯᠡᠴᠢᠯᠡᠭᠡᠨ᠎ᠤ ᠲᠠᠯ᠎ᠠ᠎ᠪᠠᠷ ᠰᠢᠨ᠎ᠡ ᠵᠢ ᠡᠭᠦᠳᠬᠦ ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠨᠢ ᠰᠢᠢ᠍ᠳᠪᠦᠷᠢᠯᠡᠬᠦ ᠂ ᠨᠠᠢ᠌ᠳᠠᠪᠦᠷᠢ ᠮᠠᠭᠤᠲᠠᠢ ᠵᠢᠭᠡᠯᠡᠯᠭᠡ ᠵᠢ ᠪᠠᠭ᠋ᠠᠰᠬᠠᠬᠤ ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠲᠠᠯ᠎ᠠ᠎ᠪᠠᠷ ᠬᠦᠴᠦᠯᠡᠨ ᠴᠢᠷᠮᠠᠢ᠌ᠵᠤ ᠂ ᠳᠤᠲᠠᠭᠤᠳᠠᠯ ᠵᠥᠷᠢᠶ᠎ᠡ᠎ᠪᠠᠨ ᠨᠥᠬᠥᠪᠦᠷᠢᠯᠡᠨ ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠵᠤ ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠨᠡᠩ ᠤᠯᠠᠨ 《 ᠡᠬᠢ ᠪᠠᠶᠠᠯᠢᠭ 》 ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠪᠦᠬᠦ ᠣᠷᠣᠨ᠎ᠤ ᠡᠯ᠎ᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠪᠣᠯᠣᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ ᠃