2 ᠰᠠᠷ᠎ᠠ ᠵᠢᠨ 1᠎ᠤ ᠡᠳᠦᠷ ᠂ ᠪᠦᠭᠦ ᠣᠷᠣᠨ᠎ᠤ ᠡᠨᠧᠷᠭᠢ ᠵᠢᠨ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠤᠷᠠᠯ ᠭᠦᠭᠡᠬᠣᠲᠠ᠎ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠬᠤᠸᠠᠩ ᡁᠢ ᠴᠢᠶᠠᠩ ᠂ ᠡᠨᠧᠷᠭᠢ ᠵᠢᠨ ᠴᠢᠬᠤᠯᠠ ᠶᠡᠬᠡ ᠲᠥᠷᠥᠯ ᠵᠦᠢ᠍ᠯ ᠪᠣᠯ ᠮᠠᠨ᠎ᠤ ᠣᠷᠣᠨ᠎ᠤ ᠠᠵᠤ ᠠᠬᠤᠢ ᠵᠢ ᠲᠣᠭᠲᠠᠪᠤᠷᠢᠵᠢᠭᠤᠯᠵᠤ ᠨᠡᠮᠡᠭᠳᠡᠯ᠎ᠢ ᠠᠬᠢᠭᠤᠯᠬᠤ 《 ᠰᠠᠭᠤᠷᠢ ᠴᠢᠯᠠᠭᠤ 》 ᠮᠥᠨ ᠂ 《 ᠲᠥᠷᠥᠯ ᠵᠦᠢ᠍ᠯ ᠵᠶ᠋ᠡᠷ ᠭᠣᠣᠯ ᠪᠤᠯᠭ᠋ᠠᠬᠤ 》 ᠣᠢ᠌ᠯᠠᠭ᠋ᠠᠭᠳᠠᠬᠤᠨ᠎ᠢ ᠪᠤᠶ ᠪᠤᠯᠭ᠋ᠠᠵᠤ ᠂ ᠤᠯᠠᠮᠵᠢᠯᠠᠯᠲᠤ ᠡᠨᠧᠷᠭᠢ ᠵᠢᠨ ᠲᠥᠷᠥᠯ ᠵᠦᠢ᠍ᠯ᠎ᠢ ᠲᠣᠭᠲᠠᠭᠤᠨ᠎ᠤ ᠳᠤᠮᠳᠠ ᠠᠬᠢᠭᠤᠯᠵᠤ ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠭᠡᠷᠡᠭᠲᠡᠶ; ᠰᠢᠨ᠎ᠡ ᠡᠨᠧᠷᠭᠢ ᠵᠢᠨ ᠲᠦᠷᠦᠯ ᠵᠦᠢ᠍ᠯ᠎ᠢ ᠶᠡᠬᠡ᠎ᠪᠠᠷ ᠬᠢᠵᠦ ᠲᠦᠷᠭᠡᠨ ᠬᠥᠭᠵᠢᠭᠦᠯᠵᠦ ᠂ ᠬᠥᠭᠵᠢᠭᠦᠯᠦᠯᠲᠡ ᠵᠢᠨ ᠠᠰᠢᠭ ᠲᠤᠰᠠ ᠵᠢ ᠠᠮᠵᠢᠨ ᠠᠳᠬᠤᠬᠤ ᠭᠡᠷᠡᠭᠲᠡᠢ; ᠡᠨᠧᠷᠭᠢ ᠵᠢᠨ ᠢᠵᠢ ᠪᠦᠷᠢᠳᠦᠭᠦᠯᠬᠦ ᠲᠥᠷᠥᠯ ᠵᠦᠢ᠍ᠯ᠎ᠢ ᠲᠠᠰ ᠳᠡᠪᠰᠢᠭᠦᠯᠵᠦ ᠂ ᠪᠦᠭᠦ ᠠᠵᠤ ᠦᠢ᠍ᠯᠡᠰ᠎ᠤᠨ ᠬᠡᠯᠬᠢᠶ᠎ᠡ ᠵᠢ ᠲᠦᠷᠭᠡᠳᠬᠡᠨ ᠪᠦᠷᠢᠯᠳᠦᠭᠦᠯᠬᠦ ᠭᠡᠷᠡᠭᠳᠡᠢ; ᠡᠨᠧᠷᠭᠢ ᠵᠢ ᠬᠤᠪᠢᠷᠠᠭᠤᠯᠬᠤ ᠲᠦᠷᠦᠯ ᠵᠦᠢ᠍ᠯ᠎ᠤᠨ ᠦᠷ᠎ᠡ ᠠᠰᠢᠭ᠎ᠢ ᠳᠡᠭᠡᠭᠰᠢᠯᠡᠭᠦᠯᠵᠦ ᠂ ᠡᠬᠢ ᠪᠠᠶᠠᠯᠢᠭ᠎ᠤᠨ ᠦᠷᠲᠡᠭ᠎ᠢ ᠨᠡᠮᠡᠭᠳᠡᠭᠦᠯᠬᠦ ᠠᠵᠢᠯ᠎ᠢ ᠰᠠᠢ᠌ᠲᠤᠷ ᠬᠢᠬᠦ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《 ᠡᠭᠢᠯᠡᠯᠳᠡ ᠪᠣᠯ ᠳᠠᠷᠤᠢ ᠰᠢᠪᠲᠤᠯᠤᠯᠲᠠ ᠮᠥᠨ 》 ᠭᠡᠬᠦ ᠡᠷᠴᠢ ᠵᠣᠷᠢᠭ᠎ᠢ ᠪᠠᠷᠢᠵᠤ ᠂ ᠡᠯ᠎ᠡ ᠵᠦᠢ᠍ᠯ᠎ᠤᠨ ᠠᠵᠢᠯ᠎ᠤᠨ ᠬᠤᠷᠳᠤᠴᠠ ᠵᠢ ᠲᠦᠷᠭᠡᠳᠬᠡᠨ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ ᠡᠨᠧᠷᠭᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠰᠠᠢ᠌ᠨ ᠡᠭᠢᠯᠡᠯᠲᠡ᠎ᠲᠠᠢ ᠪᠤᠯᠬᠤ ᠵᠢ ᠪᠠᠲᠤᠯᠠᠬᠤ ᠬᠡᠷᠡᠭᠲᠡᠢ ᠭᠡᠪᠡ ᠃