ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠸᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠵᠡᠢ
ᠨᠡᠶ᠋ᠢᠲᠡᠯᠡᠭᠰᠡᠨ ᠴᠠᠭ᠄ 2023-02-08

      2 ᠰᠠᠷ᠎ᠠ ᠵᠢᠨ 4᠎ᠤ ᠡᠳᠦᠷ᠂ ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠧᠯᠸᠢᠰ ᠤᠲᠠᠰᠤ ᠬᠤᠷᠠᠯ ᠬᠥᠬᠡᠬᠣᠲᠠ᠎ᠳᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠬᠤᠸᠠᠩ ᡁᠢ ᠴᠢᠶᠠᠩ᠂ ᠥᠪᠥᠷ ᠮᠣᠩᠭᠣᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠥᠷᠲᠡᠯ᠎ᠡ ᠰᠡᠷᠭᠦᠭᠡᠬᠦ᠎ᠳᠤ ᠡᠷᠬᠡᠪᠰᠢ ᠬᠥᠭᠵᠢᠯᠲᠡ ᠵᠢ ᠶᠡᠬᠡ᠎ᠪᠠᠷ ᠠᠳᠬᠤᠵᠤ᠂ ᠬᠥᠭᠵᠢᠯᠲᠡ ᠵᠢ ᠲᠦᠷᠭᠡᠳᠬᠡᠬᠦ ᠬᠡᠷᠡᠭᠲᠡᠢ᠃ ᠶᠡᠬᠡ ᠬᠥᠭᠵᠢᠯᠲᠡ ᠵᠢ ᠪᠡᠶᠡᠯᠡᠭᠦᠯᠬᠦ᠎ᠳᠤ ᠶᠡᠬᠡ ᠪᠡᠯᠡ ᠣᠷᠣᠭᠤᠯᠤᠯᠲᠠ ᠪᠣᠯ ᠤᠷᠢᠲᠠᠯ ᠮᠥᠨ᠂ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠥ᠋ᠢ ᠪᠥ᠋ᠯᠭ᠋ᠠᠵᠤ᠂ ᠶᠡᠬᠡ᠎ᠪᠠᠷ ᠬᠢᠵᠦ ᠲᠦᠷᠭᠡᠨ ᠠᠵᠢᠯᠯᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠨᠡᠮᠡᠭᠳᠡᠭᠦᠯᠬᠦ ᠬᠡᠷᠡᠭᠲᠡᠢ᠃ ᠶᠡᠬᠡ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠳᠤ ᠰᠠᠢ᠌ᠨ ᠡᠬᠢᠯᠡᠯᠲᠡ᠎ᠲᠠᠢ ᠪᠠᠢ᠌ᠯᠭ᠋ᠠᠬᠤ ᠪᠣᠯ ᠰᠠᠭᠤᠷᠢ ᠪᠣᠯᠣᠨ᠎ᠠ᠂ 《ᠡᠪᠦᠯ ᠶᠠᠪᠤᠭᠳᠠᠬᠤ ᠢᠨᠵᠧᠨᠧᠷᠢᠩ》᠎ᠢ ᠰᠠᠢ᠌ᠲᠤᠷ ᠠᠳᠬᠤᠵᠤ᠂ ᠡᠮᠦᠨᠡᠬᠢ ᠬᠤᠭᠤᠴᠠᠭ᠋ᠠᠨ᠎ᠤ ᠭᠠᠷᠳᠠᠮ᠎ᠢ᠎ᠨᠢ ᠲᠦᠷᠭᠡᠨ ᠭᠦᠢ᠍ᠴᠡᠳᠬᠡᠵᠦ᠂ ᠪᠠᠷᠢᠯᠭ᠎ᠠ᠎ᠪᠠᠨ ᠡᠷᠲᠡ ᠡᠬᠢᠯᠡᠭᠦᠯᠵᠦ ᠲᠠᠢ᠌ᠯᠬᠦ ᠵᠢ᠎ᠨᠢ ᠡᠷᠲᠡ ᠡᠬᠢᠯᠡᠭᠦᠯᠵᠦ᠂ ᠬᠤᠷᠳᠤᠴᠠ᠎ᠪᠠᠨ ᠲᠦᠷᠭᠡᠳᠬᠡᠬᠦ ᠬᠡᠷᠡᠭᠲᠡᠢ᠃ ᠶᠡᠬᠡ ᠪᠡᠯᠡ ᠣᠷᠣᠭᠤᠯᠤᠯᠲᠠ ᠵᠢᠨ ᠡᠯᠧᠮᠧᠨ᠋ᠲ᠎ᠤᠨ ᠪᠠᠲᠤᠯᠠᠭ᠎ᠠ ᠵᠢ ᠪᠣᠳᠠᠲᠠᠢ᠌ᠵᠢᠭᠤᠯᠵᠤ᠂ ᠡᠨᠧᠷᠭᠢ ᠵᠢᠨ ᠬᠣᠷᠣᠭᠳᠠᠯ᠂ ᠤᠰᠤ᠂ ᠪᠡᠯᠡ ᠮᠥᠩᠭᠥ ᠵᠢᠨ ᠪᠠᠲᠤᠯᠠᠪᠠᠯ ᠵᠤᠬᠢᠬᠤ ᠵᠢ᠎ᠨᠢ ᠪᠦᠬᠦᠨ᠎ᠢ ᠪᠠᠲᠤᠯᠠᠵᠤ᠂ ᠮᠥᠩᠭᠥᠨ ᠭᠦᠢ᠍ᠯᠭᠡᠭᠡᠨ᠎ᠤ ᠠᠮᠢᠳᠤᠯᠢᠭ ᠪᠠᠭ᠋ᠠᠵᠢ ᠵᠢ ᠣᠢ᠌ᠯᠠᠭ᠋ᠠᠨ ᠬᠡᠷᠡᠭᠯᠡᠵᠦ᠂ ᠲᠥᠷᠥᠯ ᠵᠦᠢ᠍ᠯ᠎ᠤᠨ ᠡᠷᠲᠡ ᠠᠵᠢᠯ ᠵᠶ᠋ᠡᠨ ᠡᠬᠢᠯᠡᠭᠦᠯᠵᠦ᠂ ᠡᠷᠲᠡ ᠪᠦᠲᠦᠭᠡᠨ ᠪᠠᠢ᠌ᠭᠤᠯᠵᠤ᠂ ᠡᠷᠲᠡ ᠦᠷ᠎ᠡ ᠪᠦᠲᠦᠮᠵᠢ ᠤᠯᠬᠤ ᠵᠢ ᠪᠥᠬᠥ ᠲᠠᠯ᠎ᠠ᠎ᠪᠠᠷ ᠳᠡᠮᠵᠢᠬᠦ ᠬᠡᠷᠡᠭᠲᠡᠢ᠃ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠨᠠᠷᠢᠯᠢᠭ ᠣᠨᠣᠪᠴᠢᠲᠠᠢ ᠲᠣᠬᠢᠷᠠᠭᠤᠯᠭ᠎ᠠ ᠡᠵᠡᠮᠳᠡᠯ ᠪᠣᠯ ᠬᠦᠰᠢᠭᠦᠷᠭᠡ ᠮᠥᠨ᠂ ᠪᠣᠰᠣᠭ᠎ᠠ ᠴᠣᠭᠴᠠᠲᠤ ᠲᠤᠬᠢᠷᠠᠭᠤᠯᠤᠯᠳᠠ ᠵᠢᠨ ᠰᠢᠰᠲ᠋ᠧᠮ᠎ᠢ ᠤᠯᠠᠮ ᠲᠡᠭᠦᠯᠳᠡᠷᠵᠢᠭᠦᠯᠵᠦ᠂ ᠪᠦᠬᠦ ᠵᠢᠯ᠎ᠤᠨ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠬᠦᠴᠦᠲᠡᠢ ᠡᠬᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ