ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠴᠠᠯᠢᠩ᠎ᠢ ᠥᠷᠢᠲᠦᠵᠦ ᠤᠳᠠᠭ᠋ᠠᠰᠢᠷᠠᠭᠤᠯᠬᠤ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-03-28

      3 ᠳ᠋ᠤᠭ᠋ᠠᠷ ᠰᠠᠷ᠎ᠠ ᠵᠢᠨ 23᠎ᠤ ᠡᠳᠦᠷ᠂ ᠪᠥᠬᠥ ᠣᠷᠣᠨ᠎ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠤᠲᠠᠰᠤᠲᠤ ᠬᠤᠷᠠᠯ  ᠬᠤᠷᠠᠯᠳᠤᠵᠤ ᠂ 2022 ᠣᠨ᠎ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠴᠠᠯᠢᠩ᠎ᠢ  ᠥᠭᠬᠦ ᠵᠢ ᠪᠠᠲᠤᠯᠠᠭᠰᠠᠨ  ᠠᠵᠢᠯ᠎ᠤᠨ ᠪᠠᠢ᠌ᠳᠠᠯ᠎ᠢ  ᠵᠠᠷᠯᠠᠨ ᠮᠡᠳᠡᠭᠡᠯᠡᠵᠦ ᠂ ᠪᠠᠢ᠌ᠳᠠᠯ᠎ᠢ ᠵᠠᠳᠠᠯᠤᠨ ᠮᠠᠭ᠋ᠠᠳᠯᠠᠵᠤ᠂ 2023 ᠣᠨ᠎ᠤ ᠠᠵᠢᠯ ᠪᠠ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠪᠠ᠃

       ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊  ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ ᠃

       ᠬᠤᠷᠠᠯ᠎ᠠᠴᠠ  ᠴᠢᠬᠤᠯᠠᠴᠢᠯᠠᠬᠤ᠎ᠳᠤ᠎ᠪᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ  ᠦᠨᠡᠨ ᠬᠦ᠌  ᠳᠡᠭᠡᠭᠰᠢᠯᠡᠭᠦᠯᠵᠦ ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠠᠵᠢᠯ᠎ᠤᠨ ᠬᠠᠷᠢᠭᠤᠴᠠᠯᠭ᠎ᠠ᠎ᠪᠠᠨ  ᠪᠣᠳᠠᠲᠠᠢ᠌ᠵᠢᠭᠤᠯᠤᠨ ᠴᠢᠩᠭ᠋ᠠᠳᠬᠠᠵᠤ᠂  ᠴᠠᠯᠢᠩ ᠥᠷᠢᠲᠦᠬᠦ ᠵᠢ  ᠵᠠᠰᠠᠬᠤ᠎ᠠᠴᠠ  ᠴᠠᠯᠢᠩ ᠥᠷᠢᠲᠦᠬᠦ  ᠵᠢ  ᠰᠡᠷᠭᠡᠢ᠌ᠯᠡᠬᠦ  ᠲᠡᠢ᠌ᠰᠢ  ᠬᠤᠪᠢᠷᠠᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ ᠃  ᠡᠭᠦᠨ᠎ᠤ ᠬᠠᠮᠲᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠠᠵᠢᠯ᠎ᠢ  ᠳᠣᠪᠣᠢ᠌ᠯᠭ᠋ᠠᠨ  ᠰᠠᠢ᠌ᠲᠤᠷ ᠠᠳᠬᠤᠵᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠂ ᠰᠢᠶᠠᠨ᠎ᠤ ᠬᠡᠪᠴᠢᠶᠡᠨ᠎ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ᠎ᠢ ᠬᠣᠲᠠ ᠵᠢᠨ ᠠᠷᠠᠳ ᠪᠣᠯᠭ᠋ᠠᠬᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠬᠦᠯᠬᠦ ᠬᠡᠷᠡᠭᠲᠡᠢ ᠭᠡᠵᠡᠢ᠃

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ