4 ᠰᠠᠷ᠎ᠠ ᠵᠢᠨ 8 ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠭᠦ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠬᠣᠶᠠᠳᠤᠭ᠋ᠠᠷ ᠤᠳᠠᠭ᠎ᠠ ᠵᠢᠨ ᠵᠠᠰᠠᠭ᠎ᠤᠨ ᠣᠷᠳᠣᠨ ᠪᠠ ᠠᠵᠤ ᠠᠬᠤᠢ᠌ᠯᠠᠯ᠎ᠤᠨ ᠲᠣᠭᠣᠷᠢᠭ ᠰᠢᠷᠡᠭᠡ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠨᠢᠩᠳ᠋ᠸ ᠴᠠᠭ ᠦᠶ᠎ᠡ ᠂ ᠪᠢ ᠶᠠ ᠳ᠋ᠢ ᠵᠡᠷᠭᠡ 11 ᠠᠵᠤ ᠠᠬᠤᠢ᠌ᠯᠠᠯ᠎ᠲᠠᠢ ᠡᠨᠧᠷᠭᠢ ᠬᠠᠳᠠᠭ᠋ᠠᠯᠠᠬᠤ ᠲᠣᠨᠣᠭᠯᠠᠯ ᠦᠢ᠍ᠯᠡᠳᠭᠦ ᠬᠥᠭᠵᠢᠯᠲᠡ ᠵᠢᠨ ᠬᠤᠳᠠᠯᠳᠤᠭ᠋ᠠᠨ᠎ᠤ ᠰᠢᠨ᠎ᠡ ᠠᠵᠠ ᠲᠣᠭᠢᠶᠠᠯ᠎ᠢ ᠬᠠᠮᠲᠤ᠎ᠪᠠᠷ ᠶᠠᠷᠢᠯᠴᠠᠪᠠ ᠃
ᠬᠤᠸᠠᠩ ᡁᠢ ᠴᠢᠶᠠᠩ ᠂ ᠡᠨᠡ ᠤᠳᠠᠭ᠎ᠠ ᠵᠢᠨ ᠵᠠᠰᠠᠭ᠎ᠤᠨ ᠣᠷᠳᠣᠨ ᠪᠠ ᠠᠵᠤ ᠠᠬᠤᠢ᠌ᠯᠠᠯ᠎ᠤᠨ ᠲᠣᠭᠣᠷᠢᠭ ᠰᠢᠷᠡᠭᠡ ᠵᠢᠨ ᠬᠤᠷᠠᠯ᠎ᠨᠢ ᠵᠠᠷᠯᠠᠨ ᠮᠡᠳᠡᠭᠳᠡᠬᠦ ᠬᠤᠷᠠᠯ ᠪᠤᠯᠬᠤ᠎ᠪᠠᠷ ᠪᠠᠷᠠᠬᠤ ᠦᠭᠡᠢ ᠪᠠᠰᠠ ᠰᠤᠳᠤᠯᠤᠨ ᠶᠠᠷᠢᠯᠴᠠᠬᠤ ᠬᠤᠷᠠᠯ ᠪᠣᠯᠣᠨ᠎ᠠ ᠂ ᠮᠥᠨ ᠴᠤ᠌ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠥᠪᠳᠡᠯᠴᠡ ᠶᠠᠷᠢᠯᠴᠠᠬᠤ ᠬᠤᠷᠠᠯ ᠪᠣᠯᠣᠨ᠎ᠠ ᠃ ᠥᠪᠥᠷ ᠮᠣᠩᠭᠣᠯ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ ᠂ ᠰᠢᠨ᠎ᠡ ᠡᠨᠧᠷᠭᠢ ᠵᠢᠨ ᠠᠵᠤ ᠦᠢ᠍ᠯᠡᠰ᠎ᠢ ᠪᠦᠭᠦ ᠬᠦᠴᠦ᠎ᠪᠠᠷ ᠵᠶ᠋ᠡᠨ ᠬᠥᠭᠵᠢᠭᠦᠯᠵᠦ ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠪᠠᠢ᠌ᠭᠤᠯᠬᠤ᠎ᠳᠤ ᠂ ᠡᠨᠧᠷᠭᠢ ᠬᠠᠳᠠᠭ᠋ᠠᠯᠠᠬᠤ ᠪᠣᠯ ᠲᠤᠲᠠᠭᠳᠠᠵᠤ ᠪᠣᠯᠣᠰᠢ ᠦᠭᠡᠢ ᠵᠠᠩᠭᠢᠯᠠᠭ᠎ᠠ ᠵᠢᠨ ᠭᠣᠭᠴᠣᠭ᠎ᠠ ᠪᠣᠯᠣᠨ᠎ᠠ ᠃ ᠡᠨᠧᠷᠭᠢ ᠬᠠᠳᠠᠭ᠋ᠠᠯᠠᠬᠤ ᠲᠣᠨᠣᠭᠯᠠᠯ ᠦᠢᠯᠡᠳᠭᠦ ᠦᠢ᠍ᠯᠡᠰ᠎ᠢ ᠭᠣᠣᠯᠳᠠᠯᠭ᠎ᠠ᠎ᠲᠠᠢ ᠪᠣᠢ᠌ᠵᠢᠭᠤᠯᠬᠤ ᠰᠢᠨ᠎ᠡ ᠨᠡᠮᠡᠭᠳᠡᠯ᠎ᠤᠨ ᠴᠡᠭ ᠪᠤᠯᠭ᠋ᠠᠵᠤ ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ᠎ᠤᠨ ᠳᠣᠲᠣᠭ᠋ᠠᠳᠤ ᠵᠢᠨ ᠡᠨᠧᠷᠭᠢ ᠬᠠᠳᠠᠭ᠋ᠠᠯᠠᠬᠤ ᠲᠣᠨᠣᠭᠯᠠᠯ ᠦᠢᠯᠡᠳᠭᠦ ᠦᠢ᠍ᠯᠡᠳᠪᠦᠷᠢᠯᠡᠯ᠎ᠤᠨ ᠰᠠᠭᠤᠷᠢᠨ ᠂ ᠴᠠᠭᠢᠯᠭ᠋ᠠᠨ ᠭᠠᠷᠭ᠋ᠠᠬᠤ ᠰᠠᠭᠤᠷᠢᠨ ᠪᠣᠯᠣᠨ ᠠᠵᠢᠯᠯᠠᠭ᠋ᠠᠨ᠎ᠤ ᠬᠢᠨᠠᠨ ᠰᠢᠨᠵᠢᠭᠦ ᠪᠠ ᠰᠡᠯᠪᠢᠨ ᠬᠠᠮᠠᠭ᠋ᠠᠯᠠᠬᠤ ᠰᠠᠭᠤᠷᠢᠨ᠎ᠢ ᠲᠦᠷᠭᠡᠳᠬᠡᠨ ᠪᠠᠢ᠌ᠭᠤᠯᠬᠤ ᠬᠡᠷᠡᠭᠲᠡᠢ ᠃ ᠳᠠᠭ᠋ᠠᠭᠤᠯᠤᠭᠴᠢ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠪᠡᠯᠡ ᠣᠷᠣᠭᠤᠯᠤᠨ ᠦᠢ᠍ᠯᠡᠰ ᠵᠶ᠋ᠡᠨ ᠬᠥᠭᠵᠢᠭᠦᠯᠬᠦ ᠵᠢ ᠪᠠᠶᠠᠷᠯᠠᠨ ᠤᠭᠲᠤᠵᠤ ᠪᠠᠢ᠌ᠨ᠎ᠠ ᠂ ᠠᠩᠬ᠎ᠠ ᠪᠠᠢ᠌ᠭᠤᠯᠤᠭᠳᠠᠭᠰᠠᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠦᠢ᠍ᠯᠡᠰ ᠪᠣᠰᠬᠠᠨ ᠦᠰᠦᠨ ᠪᠣᠢ᠌ᠵᠢᠬᠤ ᠵᠢ ᠴᠤ᠌ ᠪᠠᠶᠠᠷᠯᠠᠨ ᠤᠭᠲᠤᠵᠤ ᠪᠠᠢ᠌ᠨ᠎ᠠ ᠃ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠯᠴᠠᠵᠤ ᠂
《 ᠵᠠᠷᠤᠴᠠ 》 ᠪᠣᠯᠵᠤ ᠰᠠᠢ᠌ᠲᠤᠷ ᠦᠢ᠍ᠯᠡᠴᠢᠯᠡᠬᠦ ᠬᠡᠷᠡᠭᠲᠡᠢ ᠭᠡᠪᠡ ᠃