ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠣᠶᠠᠳᠤᠭ᠋ᠠᠷ ᠪᠦᠬᠦᠳᠡ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠵᠦ ᠴᠢ᠊ ᠪᠠᠲᠤ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-04-06

      4  ᠳ᠋ᠦ᠍ᠭᠡᠷ  ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠣᠶᠠᠳᠤᠭ᠋ᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ  ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ  ᠴᠢ᠊ ᠪᠠᠲᠤ  ᠬᠤᠷᠠᠯ᠎ᠳᠤ ᠣᠷᠣᠯᠴᠠᠵᠠᠢ᠃

       ᠬᠤᠷᠠᠯ᠎ᠠᠴᠠ  ᠵᠢᠭ᠋ᠠᠵᠤ ᠭᠠᠷᠭ᠋ᠠᠭᠰᠠᠨ᠎ᠨᠢ᠂ ᠨᠠᠰᠤᠨ᠎ᠳᠤ ᠥᠯᠥ ᠬᠦᠷᠦᠭᠰᠡᠳ᠎ᠤᠨ ᠡᠷᠡᠭᠦᠯ ᠵᠶ᠋ᠡᠷ  ᠦᠰᠦᠨ ᠪᠣᠢ᠌ᠵᠢᠬᠤ᠎ᠨᠢ ᠲᠦᠭ ᠲᠦᠮᠡᠨ ᠠᠢ᠌ᠯ ᠡᠷᠦᠬᠡ ᠵᠢᠨ  ᠵᠣᠯ  ᠵᠢᠷᠭ᠋ᠠᠯ  ᠠᠮᠤᠷ ᠲᠠᠢ᠌ᠪᠤᠩ᠎ᠲᠠᠢ  ᠬᠣᠯᠪᠣᠭᠳᠠᠵᠤ ᠪᠠᠢ᠌ᠳᠠᠭ᠃  ᠡᠯ᠎ᠡ  ᠱᠠᠲᠤᠨ᠎ᠤ  ᠡᠯ᠎ᠡ ᠰᠠᠯᠠᠭ᠎ᠠ ᠮᠥᠴᠢᠷ᠎ᠤᠨ ᠎ᠬᠢᠨ  ᠤᠯᠤᠰ ᠲᠥᠷᠥ ᠵᠢᠨ ᠵᠣᠭᠰᠣᠴᠠ᠎ᠪᠠᠨ  ᠳᠡᠭᠡᠭᠰᠢᠯᠡᠭᠦᠯᠦᠨ ᠂ ᠨᠠᠰᠤᠨ᠎ᠳᠤ ᠥᠯᠥ ᠭᠦᠷᠦᠭᠰᠡᠳ᠎ᠢ  ᠣᠨᠴᠠᠭ᠋ᠠᠢ ᠪᠥᠭᠡᠳ ᠤᠷᠢᠳ ᠵᠶ᠋ᠠᠷ  ᠬᠠᠮᠠᠭ᠋ᠠᠯᠠᠬᠤ ᠣᠨᠣᠯᠵᠢᠬᠤᠨ᠎ᠢ ᠪᠣᠶ ᠪᠣᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠦᠷᠢᠶᠡᠨ᠎ᠳᠠᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠭᠡᠷ ᠪᠦᠯᠢ᠂ ᠰᠤᠷᠭ᠋ᠠᠭᠤᠯᠢ᠂ ᠨᠡᠢ᠌ᠭᠡᠮ᠂ ᠬᠠᠤᠯᠢ ᠴᠠᠭ᠋ᠠᠵᠠ᠂ ᠵᠠᠰᠠᠭ᠎ᠤᠨ ᠣᠷᠳᠣᠨ᠂ ᠰᠦᠯᠵᠢᠶ᠎ᠡ 《ᠵᠢᠷᠭᠤᠭ᠎ᠠ ᠵᠢ ᠨᠢᠭᠡ  ᠴᠣᠭᠴᠠᠵᠢᠭᠤᠯᠤᠭᠰᠠᠨ 》 ᠠᠵᠢᠯ᠎ᠤᠨ ᠪᠠᠢ᠌ᠷᠢᠰᠢᠯ᠎ᠢ ᠪᠡᠬᠢᠵᠢᠭᠦᠯᠦᠨ ᠲᠡᠭᠦᠯᠳᠡᠷᠵᠢᠭᠦᠯᠵᠦ᠂ ᠪᠥᠬᠥ ᠨᠡᠢ᠌ᠭᠡᠮ ᠵᠶ᠋ᠡᠷ ᠵᠶ᠋ᠡᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠢ ᠴᠢᠬᠤᠯᠠᠴᠢᠯᠠᠨ  ᠳᠡᠮᠵᠢᠬᠦ  ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ  ᠭᠡᠵᠡᠢ ᠃

       ᠬᠤᠷᠠᠯ᠎ᠠᠴᠠ 《  ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ  ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠡᠷᠡᠭᠵᠢᠭᠦᠯᠬᠦ ᠰᠠᠨᠠᠯ 》  ᠵᠡᠷᠭᠡ ᠪᠢᠴᠢᠭ  ᠮᠠᠲ᠋ᠧᠷᠢᠶᠠᠯ᠎ᠢ ᠬᠢᠨᠠᠨ ᠵᠥᠪᠯᠡᠵᠦ ᠪᠠᠲᠤᠯᠠᠪᠠ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ