ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠦᠶᠡᠷ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠳᠠᠢ᠌ᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ ᠴᠧᠨ ᠯᠦ᠍ ᠱᠧᠩ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-05-19


      5 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠦᠶᠡᠷ᠎ᠢ ᠰᠡᠷᠭᠡᠢ᠌ᠯᠡᠨ ᠭᠠᠩ  ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ  ᠤᠲᠠᠰᠤᠲᠤ  ᠬᠤᠷᠠᠯ᠎ᠢ  ᠬᠤᠷᠠᠯᠳᠤᠭᠤᠯᠪᠠ᠃  ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ  ᠳᠠᠢ᠌ᠴᠢᠨ  ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠵᠢᠨ ᠺᠤᠮᠠᠨᠳ᠋ᠯᠠᠭᠴᠢ

ᠴᠧᠨ ᠯᠦ᠍ ᠱᠧᠩ ᠬᠤᠷᠠᠯ᠎ᠳᠤ  ᠣᠷᠣᠯᠴᠠᠵᠠᠢ᠃

       ᠬᠤᠷᠠᠯ  ᠳᠡᠭᠡᠷ᠎ᠡ᠂ ᠣᠢ᠌ᠷ᠎ᠠ ᠵᠢᠨ ᠬᠡᠳᠦᠨ ᠵᠢᠯ᠎ᠳᠤ ᠪᠦᠬᠦ ᠣᠷᠣᠨ᠎ᠳᠤ ᠣᠨᠴᠠᠭ᠋ᠠᠢ ᠠᠭᠤᠷ ᠠᠮᠢᠰᠬᠤᠯ ᠣᠯᠠᠨᠲᠠ  ᠢᠯᠡᠷᠡᠵᠦ ᠂ ᠪᠦᠬᠦ ᠵᠢᠯ᠎ᠤᠨ ᠦᠶᠡᠷ᠎ᠢ ᠰᠡᠷᠭᠡᠢ᠌ᠯᠡᠨ ᠭᠠᠩ  ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠰᠠᠢ᠌ᠲᠤᠷ ᠬᠢᠬᠦ᠎ᠳᠤ ᠬᠠᠷᠢᠭᠤᠴᠠᠯᠭ᠎ᠠ ᠬᠦᠨᠳᠦ ᠪᠠᠢ᠌ᠨ᠎ᠠ ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ  ᠦᠶᠡᠷ ᠪᠠ  ᠭᠠᠩ  ᠬᠠᠭᠰᠠᠷᠠᠭ᠋ᠠᠨ᠎ᠤ  ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ  ᠡᠭᠦᠷᠭᠡᠯᠡᠨ᠂ ᠤᠯᠤᠰ  ᠪᠠ  ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠢ᠌ᠲᠤᠷ ᠨᠠᠢ᠌ᠳᠠᠪᠤᠷᠢᠵᠢᠭᠤᠯᠵᠤ ᠂ ᠶᠡᠬᠡ ᠦᠶᠡᠷ᠎ᠢ ᠰᠡᠷᠭᠡᠢ᠌ᠯᠡᠬᠦ ᠂ ᠶᠡᠬᠡ ᠠᠶᠤᠯ᠎ᠲᠠᠢ ᠲᠡᠮᠡᠴᠡᠬᠦ ᠂ ᠶᠡᠬᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ ᠂ ᠦᠶᠡᠷ᠎ᠠᠴᠠ ᠡᠮᠦᠨᠡᠬᠢ ᠪᠡᠯᠡᠳᠬᠡᠯ ᠂  ᠳᠠᠯᠳᠠ  ᠬᠡᠮ᠎ᠢ ᠴᠡᠭᠴᠡᠯᠡᠨ  ᠵᠠᠰᠠᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠪᠠᠴᠢᠮ  ᠪᠠᠢ᠌ᠳᠠᠯ᠎ᠢ  ᠠᠷᠭ᠋ᠠᠴᠠᠭ᠋ᠠᠬᠤ  ᠵᠡᠷᠭᠡ ᠠᠵᠢᠯ᠎ᠤᠳ᠎ᠢ ᠰᠠᠢ᠌ᠲᠤᠷ ᠠᠳᠬᠤᠵᠤ ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ  ᠡᠨᠡ ᠬᠦ᠌  ᠬᠠᠲᠠᠭᠤ  ᠪᠡᠷᠬᠡ  ᠳᠠᠢ᠌ᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ  ᠭᠡᠵᠦ ᠵᠢᠭ᠋ᠠᠵᠤ ᠭᠠᠷᠭ᠋ᠠᠪᠠ᠃

 

 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ