ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2023-06-01

      5 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠡᠷᠭᠢᠯᠡᠨ ᠬᠤᠷᠠᠯᠳᠤᠭᠤᠯᠵᠤ᠂ ᠪᠥᠬᠥ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠳᠤ ᠲᠣᠬᠢᠷᠠᠭᠤᠯᠤᠯᠲᠠ ᠬᠢᠪᠡ᠃ ᠬᠤᠷᠠᠯ ᠳᠡᠭᠡᠷ᠎ᠡ᠂ ᠣᠢ᠌ᠷ᠎ᠠ ᠵᠢᠨ ᠵᠢᠯ᠎ᠤᠨ ᠲᠤᠷᠰᠢᠬᠢ ᠣᠷᠣᠨ᠎ᠤ ᠳᠣᠲᠣᠷ᠎ᠠ ᠭᠠᠳᠠᠨᠠᠬᠢ ᠠᠶᠤᠯᠲᠠᠢ ᠬᠢᠮᠢ ᠵᠢᠨ ᠪᠣᠳᠠᠰ᠎ᠤᠨ ᠨᠡᠢ᠌ᠲᠡᠯᠢᠭ ᠠᠮᠤᠷ ᠲᠦᠪᠰᠢᠨ᠎ᠤ ᠡᠨᠳᠡᠯ᠎ᠳᠤ ᠭᠦᠨᠵᠡᠭᠡᠢ ᠵᠠᠳᠠᠯᠤᠯᠲᠠ ᠬᠢᠵᠡᠢ᠃

      ᠬᠤᠸᠠᠩ ᡁᠢ ᠴᠢᠶᠠᠩ᠂ ᠮᠠᠨ᠎ᠤ ᠣᠷᠣᠨ ᠪᠣᠯ ᠪᠥᠬᠥ ᠤᠯᠤᠰ᠎ᠤᠨ ᠠᠶᠤᠯᠲᠠᠢ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠭᠠᠵᠠᠷ ᠣᠷᠣᠨ ᠪᠠ ᠴᠢᠬᠤᠯᠠ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠭᠠᠵᠠᠷ ᠣᠷᠣᠨ ᠪᠠᠢ᠌ᠵᠤ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ᠎ᠳᠤ ᠥᠴᠥᠬᠡᠨ ᠴᠦ᠍ ᠴᠠᠯᠠᠭ᠋ᠠᠢ᠌ᠷᠠᠵᠤ ᠪᠣᠯᠬᠤ ᠦᠭᠡᠢ᠂ ᠥᠴᠥᠬᠡᠨ ᠴᠦ᠍ ᠣᠮᠲᠣᠭ᠋ᠠᠢ᠌ᠯᠠᠵᠤ ᠪᠣᠯᠬᠤ ᠦᠭᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠬᠢᠨᠠᠮᠠᠭ᠋ᠠᠢ ᠬᠠᠨᠳᠤᠵᠤ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ ᠪᠣᠳᠣᠯ ᠪᠣᠯᠣᠨ ᠴᠢᠳᠠᠪᠤᠷᠢ ᠵᠢᠨ ᠲᠦᠪᠰᠢᠨ ᠵᠶ᠋ᠡᠨ ᠦᠨᠡᠨ ᠬᠦ᠌ ᠳᠡᠭᠡᠭᠰᠢᠯᠡᠭᠦᠯᠵᠦ᠂ ᠠᠶᠤᠯᠲᠠᠢ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠣᠣᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠠᠩᠬᠠᠷᠴᠤ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢ ᠴᠢᠩᠭ᠎ᠠ ᠠᠩᠬᠠᠷᠴᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠣᠭᠣᠮᠲᠠ᠂ ᠬᠣᠯᠪᠣᠭ᠋ᠠᠯᠠᠨ ᠬᠢᠨᠠᠵᠤ ᠬᠣᠯᠪᠣᠭ᠋ᠠᠯᠠᠨ ᠵᠥᠪᠰᠢᠶᠡᠷᠡᠬᠦ ᠪᠣᠭᠣᠮᠲᠠ᠂ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠪᠣᠭᠣᠮᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠣᠭᠣᠮᠲᠠ᠂ ᠡᠬᠢ ᠪᠠᠶᠠᠯᠢᠭ᠎ᠤᠨ ᠣᠷᠣᠭᠤᠯᠤᠯᠲᠠ ᠵᠢᠨ ᠪᠣᠭᠣᠮᠲᠠ ᠵᠡᠷᠭᠡ ᠣᠯᠠᠨ ᠲᠠᠯ᠎ᠠ᠎ᠠᠴᠠ ᠭᠠᠷᠳᠠᠵᠤ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠢ ᠰᠢᠰᠲ᠋ᠧᠮ᠎ᠲᠠᠢ ᠰᠠᠢ᠌ᠲᠤᠷ ᠬᠢᠵᠦ᠂ ᠬᠦᠨᠳᠦ ᠶᠡᠬᠡ ᠣᠨᠴᠠ ᠶᠡᠬᠡ ᠡᠨᠳᠡᠯ ᠡᠭᠦᠰᠬᠦ ᠵᠢ ᠡᠷᠡᠰ ᠰᠡᠷᠭᠡᠢ᠌ᠯᠡᠨ ᠬᠣᠷᠢᠭᠯᠠᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ