ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠠᠬᠢᠭᠤᠯᠬᠤ ᠬᠤᠷᠠᠯ᠎ᠢ ᠤᠯᠠᠭ᠋ᠠᠨᠴᠠᠪ ᠬᠤᠳᠠ᠎ᠳᠤ ᠬᠤᠷᠠᠯᠳᠤᠭᠤᠯᠪᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-06-01

      5 ᠳ᠋ᠤᠭ᠋ᠠᠷ ᠰᠠᠷ᠎ᠠ ᠵᠢᠨ 27᠎ᠤ ᠡᠳᠦᠷ᠂ ᠪᠥᠬᠥ ᠣᠷᠣᠨ᠎ᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠠᠬᠢᠭᠤᠯᠬᠤ ᠬᠤᠷᠠᠯ᠎ᠢ ᠤᠯᠠᠭ᠋ᠠᠨᠴᠠᠪ ᠬᠣᠲᠠ᠎ᠳᠤ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠴᠢ᠊ ᠪᠠᠲᠤ᠂ ᠡᠯ᠎ᠡ ᠭᠠᠵᠠᠷ᠎ᠤᠨ᠎ᠬᠢᠨ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠠ ᠪᠠᠴᠢᠮᠳᠠᠭᠤ ᠲᠤᠯᠭ᠋ᠠᠮᠳᠠᠭᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠵᠢᠯ ᠡᠭᠦᠷᠭᠡ ᠵᠢ ᠨᠠᠢ᠌ᠳᠠᠪᠤᠷᠢᠵᠢᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠪᠡᠯᠡ ᠮᠥᠩᠭᠥ ᠣᠷᠣᠭᠤᠯᠬᠤ᠂ ᠴᠢᠳᠠᠪᠤᠷᠢᠲᠠᠨ ᠵᠶ᠋ᠠᠷ ᠲᠤᠯᠭ᠋ᠠᠭᠤᠷᠢᠯᠠᠭᠤᠯᠬᠤ᠂ ᠤᠬᠠᠭᠤᠯᠵᠤ ᠬᠥᠲᠥᠯᠥᠨ ᠵᠢᠯᠤᠭᠣᠳᠬᠤ ᠵᠡᠷᠭᠡ ᠠᠵᠢᠯ᠎ᠤᠨ ᠲᠣᠭᠲᠠᠴᠠ ᠵᠢ ᠴᠢᠩᠭ᠋ᠠᠷᠠᠭᠤᠯᠤᠨ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠠᠵᠢᠯ᠎ᠤᠨ ᠬᠤᠪᠢᠶᠠᠷᠢᠯᠠᠯ᠎ᠨᠢ ᠲᠣᠳᠣᠷᠬᠠᠢ ᠪᠥᠭᠡᠳ ᠴᠣᠭ ᠵᠶ᠋ᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ᠂ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠯᠵᠢᠶ᠎ᠡ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ᠎ᠠᠴᠠ ᠡᠮᠦᠨ᠎ᠡ᠂ ᠬᠤᠷᠠᠯ᠎ᠳᠤ ᠣᠷᠣᠯᠴᠠᠭᠰᠠᠳ ᠲᠤᠬᠠᠢ ᠵᠢᠨ ᠭᠠᠵᠠᠷ᠎ᠲᠤ᠎ᠨᠢ ᠲᠣᠭᠣᠷᠢᠨ ᠦᠵᠡᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ