5 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠦᠶᠡᠷ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠵᠢᠨ ᠺᠤᠮᠠᠨᠳ᠋ᠯᠠᠭᠴᠢ
ᠴᠧᠨ ᠯᠦ᠍ ᠱᠧᠩ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠣᠢ᠌ᠷ᠎ᠠ ᠵᠢᠨ ᠬᠡᠳᠦᠨ ᠵᠢᠯ᠎ᠳᠤ ᠪᠦᠬᠦ ᠣᠷᠣᠨ᠎ᠳᠤ ᠣᠨᠴᠠᠭ᠋ᠠᠢ ᠠᠭᠤᠷ ᠠᠮᠢᠰᠬᠤᠯ ᠣᠯᠠᠨᠲᠠ ᠢᠯᠡᠷᠡᠵᠦ᠂ ᠪᠦᠬᠦ ᠵᠢᠯ᠎ᠤᠨ ᠦᠶᠡᠷ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠰᠠᠢ᠌ᠲᠤᠷ ᠬᠢᠬᠦ᠎ᠳᠤ ᠬᠠᠷᠢᠭᠤᠴᠠᠯᠭ᠎ᠠ ᠬᠦᠨᠳᠦ ᠪᠠᠢ᠌ᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠦᠶᠡᠷ ᠪᠠ ᠭᠠᠩ ᠬᠠᠭᠰᠠᠷᠠᠭ᠋ᠠᠨ᠎ᠤ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠶᠡᠬᠡ ᠦᠶᠡᠷ᠎ᠢ ᠰᠡᠷᠭᠡᠢ᠌ᠯᠡᠬᠦ᠂ ᠶᠡᠬᠡ ᠠᠶᠤᠯᠲᠠᠢ ᠲᠡᠮᠡᠴᠡᠬᠦ᠂ ᠶᠡᠬᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ᠂ ᠦᠶᠡᠷ᠎ᠠᠴᠠ ᠡᠮᠦᠨᠡᠬᠢ ᠪᠡᠯᠡᠳᠬᠡᠯ᠂ ᠳᠠᠯᠳᠠ ᠬᠡᠮ᠎ᠢ ᠴᠡᠭᠴᠡᠯᠡᠨ ᠵᠠᠰᠠᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠠᠵᠢᠯ᠎ᠤᠳ᠎ᠢ ᠰᠠᠢ᠌ᠲᠤᠷ ᠠᠳᠬᠤᠵᠤ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠨᠡ ᠬᠦ᠌ ᠬᠠᠲᠠᠭᠤ ᠪᠡᠷᠬᠡ ᠳᠠᠢ᠌ᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃