ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠤ ᠪᠦᠦ ᠰᠢᠶᠠᠨ ᠬᠤᠸᠠ ᠶᠠᠩ ᠵᠢᠶᠧ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-06-01

      5 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠪᠥᠬᠥ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠥᠬᠥ ᠤᠯᠤᠰ᠎ᠤᠨ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠵᠤ ᠦᠢ᠍ᠯᠡᠰ ᠪᠣᠰᠬᠠᠬᠤ ᠠᠵᠢᠯ᠎ᠤᠨ ᠲᠧᠯᠸᠢᠰ ᠤᠲᠠᠰᠤᠲᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠭᠣᠣᠯ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠪᠠ᠃

      ᠬᠤᠷᠠᠯ᠎ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ᠎ᠤᠨ ᠨᠡᠢ᠌ᠯᠡᠮᠡᠯ᠎ᠤᠨ ᠬᠦᠴᠦᠨ᠎ᠢ ᠥᠷᠭᠡᠨ ᠵᠶ᠋ᠡᠷ ᠨᠢᠭᠲᠠᠷᠠᠭᠤᠯᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠵᠢᠯ ᠣᠯᠭᠣᠵᠤ ᠦᠢ᠍ᠯᠡᠰ ᠪᠣᠰᠬᠠᠬᠤ ᠠᠷᠭ᠎ᠠ ᠵᠠᠮ᠎ᠢ ᠢᠳᠡᠪᠬᠢᠲᠡᠢ ᠥᠷᠭᠡᠳᠬᠡᠵᠦ᠂ ᠠᠵᠢᠯ ᠣᠯᠭᠣᠵᠤ ᠦᠢ᠍ᠯᠡᠰ ᠪᠣᠰᠬᠠᠬᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠵᠦ᠂ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠵᠤ ᠦᠢ᠍ᠯᠡᠰ ᠪᠣᠰᠬᠠᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ