ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠥᠬᠥ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠵᠢᠴᠢ ᠴᠠᠭ ᠠᠭᠤᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2023-06-15

      6 ᠰᠠᠷ᠎ᠠ ᠵᠢᠨ 13᠎ᠤ ᠡᠳᠦᠷ᠂ 2023 ᠣᠨ᠎ᠤ ᠪᠥᠬᠥ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠵᠢᠴᠢ ᠴᠠᠭ ᠠᠭᠤᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠧᠯᠸᠢᠰ ᠤᠲᠠᠰᠤ ᠬᠤᠷᠠᠯ ᠬᠥᠬᠡᠬᠣᠲᠠ᠎ᠳᠤ ᠬᠤᠷᠠᠯᠳᠤᠪᠠ᠃

      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ᠎ᠠᠴᠠ᠂ ᠡᠯ᠎ᠡ ᠱᠠᠲᠤᠨ᠎ᠤ ᠴᠠᠭ ᠠᠭᠤᠷ᠎ᠤᠨ ᠰᠠᠯᠠᠭ᠎ᠠ ᠮᠥᠴᠢᠷ᠎ᠤᠨ᠎ᠬᠢᠨ ᠭᠠᠮᠰᠢᠭ᠎ᠤᠨ ᠴᠢᠨᠠᠷᠲᠠᠢ ᠴᠠᠭ ᠠᠭᠤᠷ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠠᠨᠳᠤᠯᠭ᠋ᠠᠲᠤ ᠴᠢᠨᠠᠷᠲᠠᠢ᠎ᠪᠠᠷ ᠨᠡᠢ᠌ᠲᠡᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠦᠢ᠍ᠯᠡᠳᠪᠦᠷᠢᠯᠡᠯ᠎ᠤᠨ ᠪᠥᠬᠥ ᠬᠡᠯᠬᠢᠶ᠎ᠡ ᠵᠢᠨ ᠪᠠᠲᠤᠯᠠᠭ᠎ᠠ ᠵᠢᠨ ᠦᠢ᠍ᠯᠡᠴᠢᠯᠡᠭᠡ ᠵᠢ ᠰᠠᠢ᠌ᠲᠤᠷ ᠬᠢᠵᠦ᠂ ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠪᠥᠬᠥ ᠨᠡᠢ᠌ᠭᠡᠮ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ ᠪᠣᠯᠣᠨ ᠴᠢᠳᠠᠪᠤᠷᠢ ᠵᠢ ᠳᠡᠭᠡᠭᠰᠢᠯᠡᠭᠦᠯᠵᠦ᠂ ᠪᠥᠬᠥ ᠣᠷᠣᠨ᠎ᠤ ᠴᠠᠭ ᠠᠭᠤᠷ᠎ᠤᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ         ᠡᠭᠦᠷᠭᠡ》 ᠵᠢ ᠨᠠᠢ᠌ᠳᠠᠪᠤᠷᠢᠵᠢᠭᠤᠯᠬᠤ᠎ᠳᠤ ᠴᠠᠭ ᠠᠭᠤᠷ᠎ᠤᠨ ᠬᠦᠴᠦᠲᠦ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ