8 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠨᠠᠷ᠎ᠤᠨ ᠬᠤᠷᠠᠯ ᠣᠷᠳᠣᠰ ᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠳᠡᠳ᠋ ᠡᠷᠬᠢᠯᠡᠭᠴᠢ᠂ ᠭᠦᠢ᠍ᠴᠡᠳᠬᠡᠬᠦ ᠺᠣᠮᠢᠰ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ᠎ᠠᠴᠠ 《ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠪᠠ ᠤᠷᠤᠯᠳᠤᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ᠂ ᠡᠬᠢᠯᠡᠯᠲᠡ ᠵᠢᠨ ᠶᠣᠰᠣᠯᠠᠯ᠎ᠤᠨ ᠠᠵᠢᠯᠯᠠᠭ᠎ᠠ᠂ ᠤᠷᠤᠯᠳᠤᠭ᠋ᠠᠨ᠎ᠤ ᠶᠠᠪᠤᠳᠠᠯ᠎ᠤᠨ ᠵᠣᠬᠢᠶᠠᠨ ᠪᠠᠢ᠌ᠭᠤᠯᠤᠯᠲᠠ ᠵᠢᠴᠢ ᠠᠮᠤᠷ ᠲᠦᠪᠰᠢᠨ᠎ᠤ ᠪᠠᠲᠤᠯᠠᠭ᠎ᠠ᠂ ᠵᠠᠭᠤᠴᠢᠯᠠᠭᠤᠷ᠎ᠤᠨ ᠤᠬᠠᠭᠤᠯᠭ᠎ᠠ᠂ ᠬᠦᠯᠢᠶᠡᠨ ᠠᠪᠬᠤ ᠦᠢ᠍ᠯᠡᠴᠢᠯᠡᠭᠡ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ ᠲᠠᠬᠢᠨ ᠲᠣᠬᠢᠷᠠᠭᠤᠯᠵᠤ ᠲᠠᠬᠢᠨ ᠪᠠᠢ᠌ᠷᠢᠯᠠᠭᠤᠯᠪᠠ᠃
ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ 8 ᠳ᠋ᠤᠭ᠋ᠠᠷ ᠰᠠᠷ᠎ᠠ ᠵᠢᠨ 8᠎ᠤ ᠣᠷᠣᠢ ᠶᠠᠪᠤᠭᠳᠠᠵᠤ᠂ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠣᠨᠴᠠᠯᠢᠭ ᠪᠠ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠦᠨᠳᠦᠰᠦᠯᠡᠨ᠂ ᠠᠢ᠌ᠮᠠᠭ ᠬᠣᠲᠠ ᠵᠢᠨ ᠳᠤᠭᠤᠢ᠌ᠯᠠᠩ᠂ ᠣᠯᠠᠨ ᠲᠦᠮᠡᠨ᠎ᠤ ᠳᠤᠭᠤᠢ᠌ᠯᠠᠩ ᠭᠡᠰᠡᠨ 2 ᠳᠤᠭᠤᠢ᠌ᠯᠠᠩ ᠲᠣᠬᠢᠷᠠᠭᠤᠯᠵᠤ᠂ ᠨᠡᠶ᠋ᠢᠲᠡ 44 ᠶᠡᠬᠡ ᠲᠥᠷᠥᠯ᠂ 1232 ᠪᠠᠭ᠎ᠠ ᠲᠥᠷᠥᠯ ᠲᠣᠬᠢᠷᠠᠭᠤᠯᠪᠠ᠃