8 ᠰᠠᠷ᠎ᠠ ᠵᠢᠨ 16᠎ᠤ ᠦᠳᠡ ᠵᠢᠨ ᠬᠣᠢ᠌ᠨ᠎ᠠ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠨ ᠬᠥᠭᠵᠢᠬᠦ ᠬᠤᠷᠠᠯ ᠪᠤᠭᠤᠲᠤ ᠬᠤᠳᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
ᠪᠠᠢ ᠴᠢᠩ ᠶᠤᠸᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠪᠦᠭᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠳᠡᠯᠡᠬᠡᠢ ᠵᠢᠨ ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ᠎ᠤ ᠬᠠᠷᠠᠯᠲᠠ ᠵᠢ ᠲᠦᠷᠭᠡᠳᠬᠡᠨ ᠪᠠᠢ᠌ᠭᠤᠯᠵᠤ ᠂ ᠪᠦᠭᠦ ᠬᠡᠯᠬᠢᠶ᠎ᠡ᠎ᠪᠠᠷ ᠪᠠᠢ᠌ᠷᠢᠰᠢᠭᠤᠯᠬᠤ᠂ ᠪᠦᠯᠦᠭᠵᠢᠯ᠎ᠤᠨ ᠭᠡᠯᠪᠡᠷᠢ ᠵᠢᠨ ᠬᠥᠭᠵᠢᠯᠲᠡ ᠵᠢ ᠪᠠᠷᠢᠮᠲᠠᠯᠠᠵᠤ᠂ ᠠᠵᠤ ᠦᠢ᠍ᠯᠡᠰ᠎ᠤᠨ ᠪᠦᠬᠦᠯᠢ ᠴᠣᠭᠴᠠ ᠵᠢᠨ ᠥᠷᠢᠰᠦᠯᠳᠦᠬᠦ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠂ ᠮᠠᠨ᠎ᠤ ᠣᠷᠣᠨ᠎ᠤ ᠬᠣᠪᠣᠷ ᠰᠢᠷᠣᠢ ᠵᠢᠨ ᠠᠵᠤ ᠦᠢ᠍ᠯᠡᠰ᠎ᠢ 《ᠳᠡᠯᠡᠬᠡᠢ ᠵᠢᠨ ᠲᠠᠰ᠎ᠤᠨ ᠬᠠᠳᠠᠭ᠋ᠠᠯᠠᠭᠳᠠᠴᠠ》᠎ᠠᠴᠠ 《ᠳᠡᠯᠡᠬᠡᠢ ᠵᠢᠨ ᠲᠠᠰ᠎ᠤᠨ ᠠᠵᠤ ᠦᠢ᠍ᠯᠡᠰ》 ᠲᠡᠢ᠌ᠰᠢ ᠤᠷᠤᠭᠰᠢᠯᠠᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠨᠡᠭᠡᠭᠡᠵᠦ᠂ ᠳᠤᠮᠳᠠ ᠡᠩᠨᠡᠭᠡᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃