ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠠᠶᠤᠯ ᠦᠭᠡᠢ ᠦᠢ᠍ᠯᠡᠳᠪᠦᠷᠢᠯᠡᠯ ᠵᠢᠴᠢ ᠨᠠᠮᠤᠷ ᠡᠪᠦᠯ᠎ᠤᠨ ᠤᠯᠠᠷᠢᠯ᠎ᠳᠠᠬᠢ ᠣᠢ ᠲᠠᠯ᠎ᠠ ᠵᠢᠨ ᠲᠦᠢ᠍ᠮᠡᠷ᠎ᠢ ᠰᠡᠷᠭᠡᠢ᠌ᠯᠡᠬᠦ ᠪᠠ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠳᠠᠢ᠌ᠴᠢᠨ ᠶᠠᠩ ᠵᠢᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-09-13

 

      9  ᠳ᠋ᠦ᠍ᠭᠡᠷ  ᠰᠠᠷ᠎ᠠ ᠵᠢᠨ 12᠎ᠤᠨ ᠡᠳᠦᠷ᠂ ᠪᠥᠬᠥ ᠣᠷᠣᠨ᠎ᠤ ᠠᠶᠤᠯ ᠦᠭᠡᠢ ᠦᠢ᠍ᠯᠡᠳᠪᠦᠷᠢᠯᠡᠯ ᠵᠢᠴᠢ ᠨᠠᠮᠤᠷ ᠡᠪᠦᠯ᠎ᠤᠨ ᠤᠯᠠᠷᠢᠯ᠎ᠳᠠᠬᠢ  ᠣᠢ ᠲᠠᠯ᠎ᠠ ᠵᠢᠨ  ᠲᠦᠢ᠍ᠮᠡᠷ᠎ᠢ  ᠰᠡᠷᠭᠡᠢ᠌ᠯᠡᠬᠦ ᠪᠠ  ᠤᠨᠲᠠᠷᠠᠭ᠋ᠠᠬᠤ  ᠠᠵᠢᠯ᠎ᠤᠨ  ᠲᠧᠯᠸᠢᠰ  ᠤᠲᠠᠰᠤᠲᠤ  ᠬᠤᠷᠠᠯ᠎ᠢ  ᠬᠤᠷᠠᠯᠳᠤᠭᠤᠯᠪᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶᠠᠨ᠎ᠤ  ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠳᠠᠶ᠋ᠢᠴᠢᠨ᠂ ᠶᠠᠩ ᠵᠢᠨ  ᠬᠤᠷᠠᠯ᠎ᠳᠤ  ᠣᠷᠣᠯᠴᠠᠵᠠᠢ᠃

       ᠬᠤᠸᠠᠩ ᡁᠢ ᠴᠢᠶᠠᠩ ᠂ ᠡᠨᠡ ᠵᠢᠯ  ᠡᠬᠢᠯᠡᠭᠰᠡᠨ᠎ᠠᠴᠠ  ᠨᠠᠭ᠋ᠠᠰᠢ᠂ ᠪᠦᠬᠦ ᠣᠷᠣᠨ᠎ᠤ  ᠠᠶᠤᠯ ᠦᠭᠡᠢ  ᠦᠢ᠍ᠯᠡᠳᠪᠦᠷᠢᠯᠡᠯ᠎ᠤᠨ ᠪᠠᠢ᠌ᠳᠠᠯ ᠲᠤᠢ᠌ᠯ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢ᠌ᠨ᠎ᠠ ᠂  ᠬᠠᠲᠠᠭᠤ  ᠰᠤᠷᠭ᠋ᠠᠮᠵᠢ ᠠᠪᠴᠤ ᠂  ᠨᠢᠮᠪᠠᠢ  ᠲᠤᠩᠭ᠋ᠠᠨ ᠪᠣᠳᠣᠯᠬᠢᠯᠠᠵᠤ ᠂  ᠢᠯᠳᠠᠷ ᠡᠰᠡ ᠬᠠᠶᠠᠨ  ᠴᠢᠩᠭ᠎ᠠ ᠠᠳᠬᠤᠨ ᠴᠢᠩᠭ᠎ᠠ ᠬᠠᠮᠢᠶᠠᠷᠴᠤ ᠂ ᠨᠡᠩ  ᠰᠢᠢ᠍ᠳᠮᠡᠬᠡᠢ  ᠬᠦᠴᠦᠲᠡᠢ ᠠᠷᠭ᠎ᠠ ᠬᠡᠮᠵᠢᠶ᠎ᠡ ᠠᠪᠴᠤ  ᠪᠠᠢ᠌ᠭ᠋ᠠᠳ ᠬᠦᠨᠳᠦ ᠣᠨᠴᠠ ᠶᠡᠬᠡ ᠡᠨᠳᠡᠯ ᠤᠯᠠᠨ  ᠭᠠᠷᠬᠤ  ᠦᠷᠭᠦᠯᠵᠢᠯᠡᠨ ᠭᠠᠷᠬᠤ ᠬᠠᠨᠳᠤᠰᠢ ᠵᠢ ᠡᠷᠡᠰ  ᠬᠣᠷᠢᠭᠯᠠᠨ᠂  ᠠᠶᠤᠯ ᠦᠭᠡᠢ  ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ  ᠪᠠ  ᠤᠯᠠᠭ᠋ᠠᠨ ᠱᠤᠭᠤᠮ᠎ᠢ ᠡᠷᠡᠰ  ᠴᠢᠩᠭ᠎ᠠ  ᠰᠠᠬᠢᠬᠤ ᠬᠡᠷᠡᠭᠲᠡᠢ ᠭᠡᠵᠦ  ᠵᠢᠭ᠋ᠠᠨ  ᠭᠠᠷᠭ᠋ᠠᠪᠠ ᠃

       ᠬᠤᠸᠠᠩ ᡁᠢ ᠴᠢᠶᠠᠩ  ᠴᠢᠬᠤᠯᠠᠴᠢᠯᠠᠬᠤ᠎ᠳᠤ᠎ᠪᠠᠨ ᠂ ᠨᠠᠮᠤᠷ ᠡᠪᠦᠯ᠎ᠤᠨ  ᠣᠢ ᠲᠠᠯ᠎ᠠ ᠵᠢᠨ  ᠲᠦᠢ᠍ᠮᠡᠷ᠎ᠢ  ᠰᠡᠷᠭᠡᠢ᠌ᠯᠡᠬᠦ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠢ᠌ᠭ᠎ᠠ ᠪᠣᠯᠬᠣᠷ  ᠮᠢᠨᠴᠦᠭᠦᠷᠡᠮᠡᠯ  ᠦᠵᠡᠯ ᠰᠠᠨᠠᠭ᠎ᠠ᠂ ᠠᠵᠠ  ᠭᠣᠷᠢᠳᠠᠬᠤ ᠪᠣᠳᠣᠯ᠎ᠢ ᠡᠷᠡᠰ  ᠲᠡᠪᠴᠢᠵᠦ᠂ ᠭᠠᠯ᠎ᠤᠨ  ᠡᠬᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ᠂ ᠲᠦᠢ᠍ᠮᠡᠷ᠎ᠢ  ᠰᠡᠷᠡᠮᠵᠢᠯᠡᠨ  ᠬᠢᠨᠠᠨ ᠬᠡᠮᠵᠢᠬᠦ ᠵᠢ ᠴᠢᠩᠭ᠋ᠠᠳᠬᠠᠵᠤ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠲᠡᠶ᠋ᠢᠨ᠎ᠤ ᠪᠡᠯᠡᠳᠬᠡᠯ᠎ᠢ ᠰᠢᠨᠵᠢᠯᠡᠬᠦ ᠤᠬᠠᠭ᠋ᠠᠨᠴᠢ᠎ᠪᠠᠷ ᠴᠢᠩᠭ᠋ᠠᠳᠬᠠᠵᠤ᠂ ᠨᠠᠮᠤᠷ ᠡᠪᠦᠯ᠎ᠤᠨ ᠤᠯᠠᠷᠢᠯ᠎ᠳᠠᠬᠢ  ᠣᠢ ᠲᠠᠯ᠎ᠠ ᠵᠢᠨ  ᠲᠦᠢ᠍ᠮᠡᠷ᠎ᠢ  ᠰᠡᠷᠭᠡᠢ᠌ᠯᠡᠬᠦ ᠪᠠ  ᠲᠦᠢ᠍ᠮᠡᠷ᠎ᠢ  ᠤᠨᠲᠠᠷᠠᠭ᠋ᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠶ᠋ᠢᠨ᠎ᠤ ᠢᠯᠠᠯᠲᠠ ᠵᠢ ᠪᠥᠬᠥ ᠬᠦᠴᠦᠨ ᠵᠶ᠋ᠡᠷ ᠵᠶ᠋ᠡᠨ  ᠲᠡᠮᠡᠴᠡᠨ  ᠣᠯᠬᠤ ᠬᠡᠷᠡᠭᠲᠡᠢ  ᠭᠡᠵᠡᠢ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ