ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
2023 ᠣᠨ᠎ᠤ ᠳᠤᠮᠳᠠᠳᠤ ᠤᠯᠤᠰ᠎ᠤᠨ ᠴᠠᠬᠢᠭᠤᠷ᠎ᠤᠨ ᠦᠢ᠍ᠯᠡᠰ᠎ᠤᠨ ᠶᠡᠬᠡ ᠬᠤᠷᠠᠯ ᠪᠤᠭᠤᠲᠤ ᠬᠣᠲᠠ᠎ᠳᠤ ᠡᠬᠢᠯᠡᠪᠡ ᠭᠧ ᠬᠣᠩ ᠯᠢᠨ ᠳ᠋ᠢᠩ ᠰᠢᠦ ᠹᠧᠩ ᠪᠣᠣ ᠰᠢᠶᠠᠨ ᠬᠤᠸᠠ ᠪᠠᠶᠠᠷ᠎ᠤᠨ ᠦᠭᠡ ᠬᠡᠯᠡᠵᠡᠢ
ᠨᠡᠶ᠋ᠢᠲᠡᠯᠡᠭᠰᠡᠨ ᠴᠠᠭ᠄ 2023-09-14

      9 ᠰᠠᠷ᠎ᠠ ᠵᠢᠨ 12᠎ᠤᠨ ᠡᠳᠦᠷ᠂ 《ᠲᠠᠯᠠᠰᠲᠤ ᠴᠠᠬᠢᠭᠤᠷ ᠭᠡᠷᠡᠯᠴᠢ ᠴᠡᠨᠡᠩ ᠵᠶ᠋ᠡᠷ ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠡᠨᠧᠷᠭᠢ ᠣᠯᠭᠣᠬᠤ᠎ᠪᠠᠷ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠤᠶ᠎ᠠ》 ᠭᠡᠬᠦ ᠭᠣᠣᠯ ᠰᠡᠳᠦᠪᠲᠦ 2023 ᠣᠨ᠎ᠤ ᠳᠤᠮᠳᠠᠳᠤ ᠤᠯᠤᠰ᠎ᠤᠨ ᠴᠠᠬᠢᠭᠤᠷ᠎ᠤᠨ ᠦᠢ᠍ᠯᠡᠰ᠎ᠤᠨ ᠶᠡᠬᠡ ᠬᠤᠷᠠᠯ ᠪᠤᠭᠤᠲᠤ ᠬᠣᠲᠠ᠎ᠳᠤ ᠡᠬᠢᠯᠡᠪᠡ᠃ ᠲᠣᠰ ᠤᠳᠠᠭ᠋ᠠᠨ᠎ᠤ ᠶᠡᠬᠡ ᠬᠤᠷᠠᠯ᠎ᠢ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠠᠵᠤ ᠦᠢ᠍ᠯᠡᠳᠪᠦᠷᠢ ᠵᠢᠨ ᠨᠡᠢ᠌ᠭᠡᠮᠯᠢᠭ ᠪᠣᠯᠣᠨ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠣᠣᠯᠯᠠᠨ ᠡᠷᠬᠢᠯᠡᠪᠡ᠃

      ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠠᠵᠤ ᠦᠢ᠍ᠯᠡᠳᠪᠦᠷᠢ ᠵᠢᠨ ᠨᠡᠢ᠌ᠭᠡᠮᠯᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠨᠡᠢ᠌ᠭᠡᠮᠯᠢᠭ᠎ᠤᠨ ᠳᠠᠷᠤᠭ᠎ᠠ ᠭᠧ ᠬᠣᠩ ᠯᠢᠨ ᠣᠷᠣᠯᠴᠠᠭᠰᠠᠨ ᠪᠥᠭᠡᠳ ᠭᠣᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠪᠤᠭᠤᠲᠤ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠳ᠋ᠢᠩ ᠰᠢᠦ ᠹᠧᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃

      ᠬᠤᠷᠠᠯ᠎ᠠᠴᠠ᠂ ᠣᠢ᠌ᠷ᠎ᠠ ᠵᠢᠨ ᠵᠢᠯ᠎ᠳᠤ ᠥᠪᠥᠷ ᠮᠣᠩᠭᠣᠯ ᠪᠣᠬᠢᠷᠲᠤᠯ ᠦᠭᠡᠢ ᠴᠠᠬᠢᠭᠤᠷ᠎ᠤᠨ ᠠᠵᠤ ᠦᠢ᠍ᠯᠡᠰ᠎ᠢ ᠬᠥᠭᠵᠢᠭᠦᠯᠬᠦ᠎ᠪᠠᠷ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠴᠢᠬᠤᠯᠠ ᠭᠠᠷᠳᠠᠴᠠ ᠪᠣᠯᠭ᠋ᠠᠵᠤ᠂ ᠨᠢᠭᠡᠨᠲᠡ ᠠᠵᠤ ᠦᠢ᠍ᠯᠡᠳᠪᠦᠷᠢ ᠵᠢᠨ ᠴᠠᠬᠢᠭᠤᠷ᠎ᠠᠴᠠ ᠳ᠋ᠢᠶᠠᠨ ᡂᠢ ᠬᠦᠷᠲᠡᠯᠡᠬᠢ ᠪᠦᠷᠢᠨ ᠪᠦᠲᠦᠨ ᠲᠣᠨᠣᠭᠯᠠᠯ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠴᠠᠬᠢᠭᠤᠷ᠎ᠤᠨ ᠠᠵᠤ ᠦᠢ᠍ᠯᠡᠰ᠎ᠤᠨ ᠬᠥᠭᠵᠢᠯᠲᠡ ᠰᠢᠨ᠎ᠡ ᠠᠬᠢᠴᠠ᠎ᠲᠠᠢ ᠪᠣᠯᠪᠠ᠃ ᠲᠣᠰ ᠤᠳᠠᠭ᠎ᠠ ᠵᠢᠨ ᠬᠤᠷᠠᠯ᠎ᠨᠢ ᠪᠢᠳᠡᠨ᠎ᠤ ᠲᠠᠯᠠᠰᠲᠤ ᠴᠠᠬᠢᠭᠤᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠪᠣᠯᠣᠨ ᠬᠣᠰᠢᠭᠤᠷᠠᠯ ᠮᠡᠷᠭᠡᠵᠢᠯ᠎ᠢ ᠭᠦᠨᠵᠡᠭᠡᠢ ᠣᠢ᠌ᠯᠠᠭ᠋ᠠᠵᠤ᠂ ᠠᠵᠢᠯ ᠲᠥᠷᠥᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠣᠯᠳᠠᠬᠤᠶ᠎ᠠ ᠪᠡᠷᠬᠡ ᠠᠵᠠ ᠲᠣᠬᠢᠷᠠᠯ ᠬᠠᠩᠭ᠋ᠠᠪᠠ᠃ ᠣᠯᠠᠨ ᠵᠶ᠋ᠠᠷ ᠵᠶ᠋ᠠᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠵᠶ᠋ᠡᠨ ᠮᠠᠨᠳᠤᠭᠤᠯᠵᠤ᠂ ᠤᠯᠤᠰ᠎ᠤᠨ ᠳᠡᠰ᠎ᠤᠨ ᠴᠠᠬᠢᠭᠤᠷ᠎ᠤᠨ ᠠᠵᠤ ᠦᠢ᠍ᠯᠡᠰ᠎ᠤᠨ ᠰᠠᠭᠤᠷᠢᠨ᠎ᠢ ᠬᠠᠮᠲᠤ᠎ᠪᠠᠷ ᠴᠣᠭᠴᠠᠯᠠᠵᠤ᠂ ᠲᠦᠮᠡᠨ ᠳ᠋ᠦᠩᠰᠢᠭᠤᠷ 《ᠴᠠᠬᠢᠭᠤᠷ》᠎ᠤᠨ ᠵᠠᠮ᠎ᠤᠨ ᠬᠠᠮᠤᠭ᠎ᠤᠨ ᠭᠣᠶᠣ ᠬᠠᠮᠲᠤ ᠠᠶᠠᠯᠠᠭᠴᠢ ᠪᠣᠯᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ! ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ