ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
2023 ᠣᠨ᠎ᠤ ᠪᠦᠭᠦ ᠣᠷᠣᠨ᠎ᠤ ᠠᠵᠢᠯ ᠣᠯᠭᠣᠬᠤ ᠪᠠ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠬᠤᠷᠠᠯ ᠤᠯᠠᠭ᠋ᠠᠨᠴᠠᠪ ᠬᠣᠲᠠ᠎ᠳᠤ ᠬᠤᠷᠠᠯᠳᠤᠪᠠ ᠴᠢ᠊ ᠪᠠᠲᠤ ᠤᠷᠤᠯᠴᠠᠬᠰᠠᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-09-27

      9 ᠰᠠᠷ᠎ᠠ ᠵᠢᠨ 23᠎ᠤ ᠡᠳᠦᠷ ᠂ 2023 ᠣᠨ᠎ᠤ ᠪᠦᠭᠦ ᠣᠷᠣᠨ᠎ᠤ ᠠᠵᠢᠯ ᠣᠯᠭᠣᠬᠤ ᠪᠠ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠬᠤᠷᠠᠯ ᠤᠯᠠᠭ᠋ᠠᠨᠴᠠᠪ ᠬᠣᠲᠠ᠎ᠳᠤ ᠬᠤᠷᠠᠯᠳᠤᠪᠠ ᠃

       ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠂  ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ ᠃

       ᠴᠢ᠊ ᠪᠠᠲᠤ ᠂  ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠢᠯᠲᠠᠨ ᠡᠯᠰᠡᠬᠦ ᠬᠤᠷᠠᠯ᠎ᠤᠨ ᠦᠢ᠍ᠯᠡᠴᠢᠯᠡᠵᠦ ᠵᠣᠬᠢᠶᠠᠨ ᠪᠠᠢ᠌ᠭᠤᠯᠬᠤ ᠠᠵᠢᠯ᠎ᠢ ᠰᠠᠢ᠌ᠲᠤᠷ ᠬᠢᠵᠦ ᠂  ᠠᠵᠢᠯᠲᠠᠨ ᠬᠡᠷᠡᠭᠯᠡᠬᠦ ᠨᠢᠭᠡᠴᠢ ᠪᠣᠯᠣᠨ ᠠᠵᠢᠯ ᠡᠷᠢᠭᠰᠡᠳ᠎ᠲᠤ ᠰᠠᠢ᠌ᠨ ᠬᠥᠲᠥᠴᠢ ᠪᠣᠯᠵᠤ ᠂  ᠬᠥᠭᠥᠷᠭᠡ ᠲᠠᠯᠪᠢᠵᠤ ᠂  ᠬᠠᠮᠤᠭ᠎ᠤᠨ ᠪᠦᠲᠦᠮᠵᠢᠲᠡᠶ ᠂  ᠬᠠᠮᠤᠭ᠎ᠤᠨ ᠰᠢᠯᠢᠳᠡᠭ ᠦᠢ᠍ᠯᠡᠴᠢᠯᠡᠭᠡ ᠬᠠᠩᠭ᠋ᠠᠬᠤ ᠭᠡᠷᠡᠭᠲᠡᠶ ;  ᠡᠯ᠎ᠡ ᠠᠵᠢᠯᠲᠠᠨ ᠬᠡᠷᠡᠭᠯᠡᠬᠦ ᠨᠢᠭᠡᠴᠢ ᠨᠥᠬᠥᠳ ᠠᠵᠢᠯ ᠣᠯᠭᠣᠬᠤ ᠠᠵᠢᠯ᠎ᠤᠨ ᠪᠠᠢ᠌ᠷᠢ᠎ᠪᠠᠨ ᠠᠭᠤᠳᠠᠯᠵᠤ ᠂  ᠤᠬᠠᠭᠤᠯᠤᠨ ᠲᠠᠨᠢᠯᠴᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ ᠂  ᠠᠵᠢᠯ ᠭᠦᠳᠡᠯᠮᠦᠷᠢ ᠬᠢᠬᠦ ᠰᠠᠢ᠌ᠨ ᠰᠠᠢ᠌ᠬᠠᠨ ᠣᠷᠴᠢᠨ ᠲᠣᠭᠣᠷᠢᠨ ᠂  ᠲᠣᠬᠢᠷᠠᠮᠵᠢᠲᠠᠢ ᠠᠵᠢᠯ᠎ᠤᠨ ᠬᠥᠯᠥᠰᠦ ᠣᠯᠭᠣᠮᠵᠢ᠎ᠪᠠᠷ ᠬᠥᠳᠡᠯᠮᠦᠷᠢᠴᠢᠳ᠎ᠢ ᠭᠦᠢ᠍ᠴᠡᠳ ᠰᠢᠩᠭᠡᠬᠡᠨ ᠠᠪᠴᠤ ᠠᠵᠢᠯ ᠣᠯᠭᠣᠬᠤ ᠬᠡᠷᠡᠭᠲᠡᠢ ᠃  ᠳᠠᠷᠤᠭ᠋ᠠᠰᠤ ᠵᠢ ᠬᠥᠩᠭᠡᠯᠡᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠰᠠᠢ᠌ᠲᠤᠷ ᠨᠠᠢ᠌ᠳᠠᠪᠤᠷᠢᠵᠢᠭᠤᠯᠵᠤ ᠂  ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠤᠯᠠᠨ ᠲᠦᠮᠡᠨ᠎ᠤ ᠠᠵᠢᠯ ᠣᠯᠭᠣᠯᠲᠠ ᠵᠢ ᠲᠣᠪᠣᠢ᠌ᠮ᠎ᠠ ᠰᠠᠢ᠌ᠲᠤᠷ ᠠᠳᠬᠤᠵᠤ ᠂  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠠᠵᠢᠯ ᠣᠯᠭᠣᠯᠲᠠ ᠵᠢᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ ᠂  ᠤᠯᠤᠰ᠎ᠤᠨ ᠳᠣᠲᠣᠭ᠋ᠠᠳᠤ ᠵᠢᠨ ᠮᠤᠵᠢ ᠣᠷᠣᠨ ᠬᠤᠳᠠ᠎ᠯᠤᠭ᠎ᠠ ᠵᠢᠨ ᠠᠵᠢᠯ ᠣᠯᠭᠣᠯᠲᠠ ᠵᠢᠨ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ ᠂  ᠣᠨ᠎ᠤ ᠠᠵᠢᠯ ᠣᠯᠭᠣᠯᠲᠠ ᠵᠢᠨ ᠬᠠᠷᠠᠯᠲᠠᠲᠤ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ