ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠵᠢᠭᠤᠯᠴᠢᠯᠠᠯ᠎ᠤᠨ ᠭᠥᠭᠵᠢᠭᠦᠯᠦᠯᠲᠡ ᠵᠢᠨ ᠶᠡᠬᠡ ᠬᠤᠷᠠᠯ ᠤᠯᠠᠭ᠋ᠠᠨᠬᠠᠳᠠ ᠬᠣᠲᠠ᠎ᠳᠤ ᠬᠤᠷᠠᠯᠳᠤᠪᠠ ᠶᠠᠩ ᠵᠢᠨ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-09-27

 

      9 ᠰᠠᠷ᠎ᠠ ᠵᠢᠨ 25᠎ᠤ ᠡᠳᠦᠷ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠭᠦᠯᠦᠯᠲᠡ ᠵᠢᠨ ᠶᠡᠬᠡ ᠬᠤᠷᠠᠯ ᠤᠯᠠᠭ᠋ᠠᠨᠬᠠᠳᠠ ᠬᠣᠲᠠ᠎ᠳᠤ ᠬᠤᠷᠠᠯᠳᠤᠪᠠ᠃

      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

      ᠬᠤᠷᠠᠯ ᠳᠡᠭᠡᠷ᠎ᠡ᠂ 2023 ᠣᠨ᠎ᠤ ᠥᠪᠡᠷᠲᠡᠭᠡᠨ ᠵᠠᠰᠠᠬᠤ ᠤᠷᠤᠨ᠎ᠤ ᠵᠢᠭᠤᠯᠴᠢᠯᠠᠯ᠎ᠤᠨ ᠲᠥᠷᠦᠯ ᠲᠡᠮᠳᠡᠭ᠎ᠢ ᠡᠭᠦᠳᠦᠭᠰᠡᠨ ᠰᠢᠯᠢᠳᠡᠭ ᠨᠢᠭᠡᠴᠢ ᠪᠣᠯᠣᠨ ᠬᠤᠪᠢ ᠬᠦᠮᠦᠨ᠎ᠢ ᠬᠦᠬᠢᠭᠦᠯᠦᠨ ᠰᠠᠢ᠌ᠰᠢᠶᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ 5 ᠰᠣᠶᠣᠯ᠎ᠤᠨ ᠲᠤᠰᠬᠤᠨ᠎ᠤ ᠳᠠᠷᠤᠭ᠎ᠠ᠎ᠳᠤ ᠦᠨᠡᠮᠯᠡᠯ ᠣᠯᠭᠤᠵᠠᠢ᠃

      ᠶᠠᠩ ᠵᠢᠨ᠂ ᠥᠪᠥᠷ ᠮᠣᠩᠭᠣᠯ᠎ᠳᠤ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠬᠦ ᠳᠠᠯᠳᠠ ᠬᠦᠴᠦᠨ ᠯᠤᠲᠤ ᠶᠡᠬᠡ ᠪᠠᠢ᠌ᠨ᠎ᠠ᠂ ᠣᠷᠣᠨ᠎ᠤ ᠪᠣᠳᠠᠳᠤ ᠪᠠᠢ᠌ᠳᠠᠯ᠎ᠳᠠᠭᠠᠨ ᠰᠠᠭᠤᠷᠢᠯᠠᠨ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠂ ᠬᠠᠩᠭ᠋ᠠᠯᠭ᠎ᠠ ᠵᠢ ᠦᠷᠭᠡᠳᠬᠡᠵᠦ᠂ ᠭᠣᠣᠯ ᠴᠣᠭᠴᠠ ᠵᠢ ᠪᠣᠢ᠌ᠵᠢᠭᠤᠯᠤᠨ᠂ ᠠᠭᠤᠰᠤᠯᠴᠠᠭᠤᠯᠤᠨ ᠭᠥᠭᠵᠢᠭᠦᠯᠵᠦ᠂ ᠠᠭᠤᠯᠭ᠎ᠠ ᠵᠢᠨ ᠰᠢᠨ᠎ᠡ ᠵᠢ ᠡᠭᠦᠳᠬᠦ᠂ ᠤᠬᠠᠭᠤᠯᠤᠨ ᠲᠠᠨᠢᠯᠴᠠᠭᠤᠯᠬᠤ ᠪᠠ ᠣᠷᠴᠢᠨ ᠨᠥᠭᠦᠴᠡᠯ᠎ᠢ ᠰᠢᠯᠢᠳᠡᠭᠵᠢᠭᠦᠯᠬᠦ ᠲᠠᠯ᠎ᠠ᠎ᠪᠠᠷ ᠬᠦᠴᠦ ᠣᠷᠣᠭᠤᠯᠵᠤ᠂ ᠪᠦᠬᠦ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠶᠡᠬᠡ ᠬᠦᠭᠵᠢᠯᠲᠡ᠂ ᠶᠡᠬᠡ ᠳᠠᠪᠠᠯᠲᠠ᠎ᠲᠠᠢ ᠪᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


 

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ