ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
2023 ᠣᠨ᠎ᠤ ᠳᠤᠮᠳᠠᠳᠤ ᠤᠯᠤᠰ᠎ᠤᠨ ᠰᠣᠶᠣᠯ᠎ᠤᠨ ᠣᠷᠳᠣᠨ᠎ᠤ ᠣᠨ᠎ᠤ ᠬᠤᠷᠠᠯ᠎ᠢ ᠪᠤᠭᠤᠲᠤ ᠬᠤᠳᠠ᠎ᠳᠤ ᠬᠤᠷᠠᠯᠳᠤᠭᠤᠯᠪᠠ ᠷᠣᠣ ᠴᠢᠤᠸᠠᠨ ᠶᠠᠩ ᠵᠢᠨ ᠣᠷᠣᠯᠴᠠᠵᠠᠢ
ᠨᠡᠶ᠋ᠢᠲᠡᠯᠡᠭᠰᠡᠨ ᠴᠠᠭ᠄ 2023-09-06


      9  ᠳ᠋ᠦ᠍ᠭᠡᠷ  ᠰᠠᠷ᠎ᠠ ᠵᠢᠨ 4᠎ᠤ ᠡᠳᠦᠷ᠂ 2023 ᠣᠨ᠎ᠤ ᠳᠤᠮᠳᠠᠳᠤ ᠤᠯᠤᠰ᠎ᠤᠨ ᠰᠣᠶᠣᠯ᠎ᠤᠨ ᠣᠷᠳᠣᠨ᠎ᠤ ᠣᠨ᠎ᠤ ᠬᠤᠷᠠᠯ᠎ᠢ  ᠪᠤᠭᠤᠲᠤ  ᠬᠣᠲᠠᠨ᠎ᠠ ᠬᠤᠷᠠᠯᠳᠤᠭᠤᠯᠪᠠ ᠃

       ᠰᠣᠶᠣᠯ ᠪᠠ  ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ  ᠭᠡᠰᠢᠭᠦᠨ ᠂ ᠳᠡᠳ᠋ ᠰᠠᠢ᠌ᠳ ᠷᠣᠣ ᠴᠢᠤᠸᠠᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠣᠨ᠎ᠤ ᠬᠤᠷᠠᠯ᠎ᠳᠤ  ᠣᠷᠣᠯᠴᠠᠵᠠᠢ ᠃

       ᠲᠠᠨᠢᠯᠴᠠᠭᠤᠯᠤᠭᠰᠠᠨ ᠵᠶ᠋ᠠᠷ᠂ ᠳᠤᠮᠳᠠᠳᠤ ᠤᠯᠤᠰ᠎ᠤᠨ ᠰᠣᠶᠣᠯ᠎ᠤᠨ ᠣᠷᠳᠣᠨ᠎ᠤ ᠣᠨ᠎ᠤ ᠬᠤᠷᠠᠯ᠎ᠨᠢ ᠰᠣᠶᠣᠯ᠎ᠤᠨ ᠣᠷᠳᠣᠨ᠎ᠤ᠎ᠬᠢᠨ᠎ᠤ ᠲᠠᠰ ᠵᠶ᠋ᠠᠷ  ᠬᠠᠮᠤᠭ ᠥᠨᠳᠥᠷ᠂ ᠬᠡᠪᠴᠢᠶ᠎ᠡ᠎ᠪᠠᠷ ᠬᠠᠮᠤᠭ᠎ᠤᠨ ᠶᠡᠬᠡ ᠠᠵᠢᠯ ᠲᠥᠷᠥᠯ᠎ᠤᠨ ᠦᠪᠡᠳᠡᠭᠰᠢ ᠴᠤᠭᠯᠠᠭ᠋ᠠᠨ ᠪᠣᠯᠤᠭᠰᠠᠨ᠎ᠤ ᠬᠤᠪᠢ᠎ᠳᠤ᠂ ᠨᠢᠭᠡᠨᠲᠡ ᠰᠣᠶᠣᠯ᠎ᠤᠨ ᠣᠷᠳᠣᠨ᠎ᠤ᠎ᠬᠢᠨ᠎ᠤ ᠬᠠᠮᠲᠤᠷᠠᠯᠴᠠᠨ ᠰᠣᠯᠢᠯᠴᠠᠬᠤ  ᠪᠠ  ᠬᠥᠭᠵᠢᠯᠲᠡ ᠵᠢ ᠬᠠᠮᠲᠤ᠎ᠪᠠᠷ ᠰᠦᠪᠡᠭᠴᠢᠯᠡᠬᠦ ᠴᠢᠬᠤᠯᠠ ᠲᠠᠪᠴᠠᠩ  ᠪᠣᠯᠣᠭᠰᠠᠨ ᠪᠥᠭᠡᠳ  ᠠᠵᠢᠯ ᠲᠥᠷᠥᠯ᠎ᠤᠨ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠬᠤ᠂ ᠬᠥᠭᠵᠢᠯᠲᠡ ᠵᠢᠨ ᠬᠠᠮᠲᠤ ᠵᠢᠨ ᠲᠠᠨᠢᠯᠲᠠ ᠵᠢ  ᠪᠠᠲᠤᠳᠬᠠᠬᠤ ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ  ᠪᠠᠳᠠᠷᠠᠭᠤᠯᠵᠤ ᠪᠠᠢ᠌ᠨ᠎ᠠ ᠃  ᠲᠣᠰ ᠤᠳᠠᠭ᠋ᠠᠨ᠎ᠤ ᠣᠨ᠎ᠤ ᠬᠤᠷᠠᠯ ᠪᠣᠯ ᠥᠪᠥᠷ ᠮᠣᠩᠭᠣᠯ᠎ᠤᠨ ᠠᠩᠬᠠᠳᠤᠭ᠋ᠠᠷ  ᠤᠳᠠᠭ᠎ᠠ ᠳᠠᠭ᠋ᠠᠭ᠋ᠠᠨ ᠡᠷᠭᠢᠯᠡᠭᠰᠡᠨ ᠰᠣᠶᠣᠯ᠎ᠤᠨ ᠣᠷᠳᠣᠨ᠎ᠤ᠎ᠬᠢᠨ᠎ᠤ ᠪᠥᠬᠥ ᠤᠯᠤᠰ᠎ᠤᠨ ᠴᠢᠨᠠᠷᠲᠠᠢ ᠬᠤᠷᠠᠯ ᠪᠠᠢ᠌ᠵᠤ᠂ ᠮᠠᠨ᠎ᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ  ᠳᠠᠪᠰᠢᠩᠭᠤᠢ  ᠣᠨᠣᠯ᠎ᠢ ᠰᠤᠷᠤᠯᠴᠠᠬᠤ᠂ ᠲᠡᠷᠢᠭᠦᠨ᠎ᠤ ᠲᠤᠷᠰᠢᠯᠭ᠎ᠠ᠎ᠪᠠᠨ ᠰᠣᠯᠢᠯᠴᠠᠬᠤ᠎ᠳᠤ ᠣᠯᠳᠠᠬᠤᠶ᠎ᠠ ᠪᠡᠷᠬᠡ ᠲᠣᠬᠢᠶᠠᠯ ᠬᠠᠩᠭ᠋ᠠᠭᠰᠠᠨ  ᠠᠵᠢ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ