ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠥᠬᠥ ᠣᠷᠣᠨ᠎ᠤ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠫᠷᠤᠵᠸᠺᠲ᠎ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ ᠶᠣᠣ ᠶᠦᠩ ᠪᠥᠸᠧ ᠣᠷᠣᠯᠴᠠᠵᠠᠢ
ᠨᠡᠶ᠋ᠢᠲᠡᠯᠡᠭᠰᠡᠨ ᠴᠠᠭ᠄ 2023-09-06

      9  ᠳ᠋ᠦ᠍ᠭᠡᠷ  ᠰᠠᠷ᠎ᠠ ᠵᠢᠨ 4᠎ᠤ ᠡᠳᠦᠷ ᠂  ᠪᠥᠬᠥ ᠣᠷᠣᠨ᠎ᠤ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠫᠷᠤᠵᠸᠺᠲ᠎ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ  ᠬᠤᠷᠠᠯ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠳᠤ ᠬᠤᠷᠠᠯᠳᠤᠪᠠ ᠃  ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ  ᠶᠣᠣ  ᠶᠦᠩ ᠪᠥᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ ᠃

       ᠬᠤᠷᠠᠯ᠎ᠠᠴᠠ ᠂  ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ ᠂  ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠵᠤ ᠂  ᠤᠯᠤᠰ᠎ᠤᠨ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠬᠡᠷᠡᠭᠯᠡᠬᠦ ᠬᠡᠷᠡᠭᠲᠡᠢ ᠃  ᠠᠵᠢᠯ᠎ᠤᠨ ᠭᠣᠣᠯᠳᠠᠯᠭ᠎ᠠ᠎ᠪᠠᠨ ᠳᠤᠪᠤᠢ᠍ᠢ᠍ᠯᠭ᠋ᠠᠵᠤ ᠂  ᠲᠥᠯᠥᠪᠵᠢᠭᠦᠯᠦᠨ ᠪᠠᠢ᠌ᠷᠢᠰᠢᠭᠤᠯᠬᠤ ᠂  ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠬᠦ ᠂  ᠫᠷᠤᠵᠸᠺᠲ᠎ᠤᠨ ᠪᠦᠲᠦᠭᠡᠨ ᠪᠠᠢ᠌ᠭᠤᠯᠤᠯᠲᠠ ᠪᠣᠯᠣᠨ ᠦᠷᠭᠦᠯᠵᠢᠯᠡᠨ ᠬᠠᠮᠢᠶᠠᠷᠴᠤ ᠬᠠᠮᠠᠭ᠋ᠠᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ ᠂  ᠡᠯ᠎ᠡ ᠳᠦᠷᠦᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠃  ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ  ᠂  ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠢ᠌ᠮᠠᠭ ᠬᠣᠲᠠ ᠂  ᠬᠣᠰᠢᠭᠤ ᠰᠢᠶᠠᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂  ᠬᠠᠮᠵᠢᠯᠴᠠᠨ ᠬᠦᠴᠦᠯᠡᠵᠦ ᠂  ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠠᠵᠢᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ  ᠭᠡᠵᠦ  ᠴᠢᠬᠤᠯᠠᠴᠢᠯᠠᠪᠠ  ᠃

       ᠬᠤᠷᠠᠯ᠎ᠤᠨ ᠬᠤᠭᠤᠴᠠᠭ᠋ᠠᠨ᠎ᠳᠤ ᠂  ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠤ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠫᠷᠤᠵᠸᠺᠲ᠎ᠢ ᠲᠤᠬᠠᠢ ᠵᠢᠨ ᠭᠠᠵᠠᠷ᠎ᠲᠤ ᠎ᠨᠢ  ᠲᠣᠭᠣᠷᠢᠨ ᠦᠵᠡᠪᠡ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ