ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠭᠠᠨᠰᠤ ᠮᠤᠵᠢ ᠵᠢᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠵᠢᠨ ᠬᠤᠷᠠᠯ ᠭᠦᠭᠡᠬᠣᠲᠠ᠎ᠳᠤ ᠶᠠᠪᠤᠭᠳᠠᠪᠠ ᠯᠧᠢ ᠰᠧ ᠸᠧᠢ ᠴᠢ᠊ ᠪᠠᠲᠤ ᠪᠠᠶᠠᠷ᠎ᠤᠨ ᠦᠭᠡ ᠬᠡᠯᠡᠵᠡᠢ
ᠨᠡᠶ᠋ᠢᠲᠡᠯᠡᠭᠰᠡᠨ ᠴᠠᠭ᠄ 2023-09-08

      9 ᠰᠠᠷ᠎ᠠ ᠵᠢᠨ 6᠎ᠤ ᠡᠳᠦᠷ ᠂  ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭᠯᠠᠭ᠋ᠠᠨ᠎ᠤ ᠰᠢᠷᠢᠰ ᠠᠵᠢᠯᠯᠠᠭ᠎ᠠ ᠵᠢᠨ ᠨᠢᠭᠡ ᠪᠤᠯᠬᠤ ᠭᠠᠨᠰᠤ ᠮᠤᠵᠢ ᠵᠢᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠵᠢᠨ ᠬᠤᠷᠠᠯ ᠭᠦᠭᠡᠬᠣᠲᠠ᠎ᠳᠤ ᠬᠤᠷᠠᠯᠳᠤᠪᠠ ᠃

       ᠭᠠᠨᠰᠤ ᠮᠤᠵᠢ ᠵᠢᠨ ᠳᠡᠳ᠋ ᠳᠠᠷᠤᠭ᠎ᠠ ᠯᠧᠢ ᠰᠧ ᠸᠧᠢ ᠂  ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠪᠠᠶᠠᠷ᠎ᠤᠨ ᠦᠭᠡ ᠬᠡᠯᠡᠵᠡᠢ ᠃

       ᠯᠧᠢ ᠰᠧ ᠸᠧᠢ ᠂  ᠣᠢ᠌ᠷ᠎ᠠ ᠵᠢᠨ ᠵᠢᠯ᠎ᠳᠤ ᠬᠣᠶᠠᠷ ᠮᠤᠵᠢ ᠣᠷᠣᠨ ᠡᠯ᠎ᠡ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ ᠂  ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠂  ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠭᠠᠨᠰᠤ᠎ᠳᠤ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠴᠢᠩ ᠰᠡᠳᠬᠢᠯ᠎ᠠᠴᠠ᠎ᠪᠠᠨ ᠤᠷᠢᠵᠤ ᠪᠠᠢ᠌ᠨ᠎ᠠ ᠭᠡᠵᠦ ᠬᠡᠯᠡᠪᠡ ᠃

       ᠴᠢ᠊ ᠪᠠᠲᠤ ᠂  ᠬᠣᠶᠠᠷ ᠮᠤᠵᠢ ᠣᠷᠣᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ ᠂  ᠬᠣᠶᠠᠷ ᠭᠠᠵᠠᠷ᠎ᠤᠨ ᠳᠠᠪᠠᠭᠤᠯᠢᠭ ᠵᠶ᠋ᠠᠨ ᠳᠠᠪᠬᠤᠴᠠᠭᠤᠯᠤᠨ ᠶᠡᠬᠡᠰᠬᠡᠵᠦ ᠂  ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠰᠢᠨ᠎ᠡ ᠲᠣᠭᠲᠠᠴᠠ ᠵᠢ ᠬᠦᠴᠦᠯᠡᠨ ᠪᠠᠢ᠌ᠭᠤᠯᠤᠶ᠎ᠠ ᠭᠡᠵᠦ ᠬᠡᠯᠡᠪᠡ ᠃

       ᠯᠧᠢ ᠰᠧ ᠸᠧᠢ ᠥᠪᠥᠷ ᠮᠣᠩᠭᠣᠯ᠎ᠤᠨ ᠭᠠᠨᠰᠤ ᠵᠢᠨ ᠬᠤᠳᠠᠯᠳᠤᠭ᠋ᠠᠴᠢᠳ᠎ᠤᠨ ᠡᠪᠯᠡᠯ᠎ᠳᠤ ᠭᠠᠨᠰᠤ ᠮᠤᠵᠢ ᠵᠢᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠬᠣᠯᠪᠤᠭ᠎ᠠ ᠵᠢᠨ ᠲᠥᠪ᠎ᠤᠨ ᠫᠠᠢ᠌ᠰᠠ ᠢᠯᠡᠷᠬᠡᠢ᠌ᠯᠡᠯ᠎ᠢ ᠣᠯᠭᠣᠪᠠ ᠃  ᠭᠠᠨᠰᠤ ᠥᠪᠥᠷ ᠮᠣᠩᠭᠣᠯ ᠬᠣᠶᠠᠷ ᠭᠠᠵᠠᠷ᠎ᠤᠨ ᠠᠵᠤ ᠠᠬᠤᠢ᠌ᠯᠠᠯ ᠲᠤᠬᠠᠢ ᠵᠢᠨ ᠲᠠᠯᠠᠪᠠᠶ᠎ᠳᠤ 13 ᠲᠥᠷᠥᠯ ᠵᠦᠢ᠍ᠯ᠎ᠤᠨ ᠭᠡᠷ᠎ᠡ ᠲᠣᠭᠲᠠᠪᠠ ᠃  ᠬᠣᠶᠠᠷ ᠭᠠᠵᠠᠷ᠎ᠤᠨ ᠪᠠᠢ᠌ᠭ᠋ᠠᠯᠢ ᠵᠢᠨ ᠡᠬᠢ ᠪᠠᠶᠠᠯᠢᠭ ᠪᠣᠯᠣᠨ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ