9 ᠰᠠᠷ᠎ᠠ ᠵᠢᠨ 6᠎ᠤ ᠡᠳᠦᠷ ᠂ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠦᠭᠡᠬᠣᠲᠠ᠎ᠳᠤ 《ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ 》 ᠲᠣᠬᠢᠷᠠᠯᠴᠠᠵᠤ ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠳᠡᠳ᠋ ᠳᠠᠷᠤᠭ᠎ᠠ ᠂ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ᠎ᠤᠨ ᠡᠷᠭᠢᠯᠡᠭᠴᠢ ᠲᠢᠶᠠᠨ ᠱ᠌ᠢ ᠬᠣᠩ ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠲᠤᠰ ᠲᠤᠰ ᠬᠣᠶᠠᠷ ᠲᠠᠯ᠎ᠠ ᠵᠢ ᠲᠥᠯᠥᠭᠡᠯᠡᠨ ᠵᠥᠪᠯᠡᠯᠴᠡᠭᠡᠷ ᠳᠡᠭᠡᠷ᠎ᠡ ᠭᠠᠷᠤᠨ ᠦᠰᠦᠭ ᠵᠢᠷᠤᠪᠠ ᠃
ᠵᠥᠪᠯᠡᠯᠴᠡᠭᠡᠷ᠎ᠢ ᠦᠨᠳᠦᠰᠦᠯᠡᠪᠡᠯ ᠂ ᠬᠣᠶᠠᠷ ᠲᠠᠯ᠎ᠠ᠎ᠪᠠᠷ ᠵᠶ᠋ᠠᠨ ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠰᠢᠰᠲᠸᠮ᠎ᠤᠨ ᠪᠠᠢ᠌ᠭᠤᠯᠤᠯᠲᠠ ᠂ ᠪᠠᠷᠢᠮᠵᠢᠶᠠᠵᠢᠭᠤᠯᠤᠯᠲᠠ ᠵᠢ ᠲᠣᠭ᠋ᠠᠴᠢᠯᠠᠯᠳᠠ ᠲᠡᠢ᠌ᠰᠢ ᠭᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠂ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ ᠃ ᠪᠠᠷᠢᠮᠵᠢᠶᠠᠵᠢᠭᠤᠯᠤᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠬᠤ᠎ᠪᠠᠷ ᠳᠠᠮᠵᠢᠭᠤᠯᠤᠨ ᠂ ᠥᠪᠥᠷ ᠮᠣᠩᠭᠣᠯ᠎ᠤᠨ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ᠎ᠳᠤ ᠣᠷᠣᠬᠤ᠎ᠳᠤ ᠬᠦᠴᠦᠨ ᠨᠡᠮᠡᠷᠢᠯᠡᠵᠦ ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ ᠃