2 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ᠎ᠤ ᠬᠦᠷᠢᠶᠡᠨ᠎ᠳᠠᠬᠢ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠬᠤ ᠲᠦᠰᠦᠯ᠎ᠢ ᠪᠠᠢ᠌ᠷᠢᠯᠠᠭᠤᠯᠤᠨ ᠠᠬᠢᠭᠤᠯᠬ᠍᠊ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃
ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠲᠦᠷᠦ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠠᠰᠢᠭᠯᠠᠵᠤ᠂ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠬᠤ ᠲᠦᠰᠦᠯ᠎ᠤᠨ ᠪᠦᠲᠦᠭᠡᠨ ᠪᠠᠢ᠌ᠭᠤᠯᠤᠯᠲᠠ ᠵᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠬᠤᠭᠤᠴᠠᠭ᠎ᠠ᠎ᠪᠠᠨ ᠲᠣᠩᠭᠤᠷᠠᠭᠤ ᠪᠠᠢ᠌ᠷᠢᠯᠠᠭᠤᠯᠵᠤ ᠂ ᠲᠥᠯᠥᠪᠯᠡᠭᠡ ᠵᠢᠨ ᠳᠠᠭ᠋ᠠᠤ ᠠᠵᠢᠯᠯᠠᠨ᠂ ᠠᠵᠢᠯ᠎ᠤᠨ ᠪᠠᠢ᠌ᠷᠢᠯᠠᠭᠤᠯᠤᠯᠲᠠ ᠲᠦᠷᠭᠡᠨ ᠂ ᠡᠮᠦᠨᠡᠬᠢ ᠬᠤᠭᠤᠴᠠᠭ᠋ᠠᠨ᠎ᠤ ᠠᠵᠢᠯ ᠲᠦᠷᠭᠡᠨ ᠂ ᠲᠦᠰᠦᠯ᠎ᠤᠨ ᠪᠦᠲᠦᠭᠡᠨ ᠪᠠᠢ᠌ᠭᠤᠯᠤᠯᠲᠠ ᠲᠦᠷᠭᠡᠨ ᠂ ᠪᠡᠯᠡ ᠮᠥᠩᠭᠥ ᠵᠢᠨ ᠵᠠᠷᠤᠯᠭ᠎ᠠ ᠲᠦᠷᠭᠡᠨ ᠂ ᠪᠠᠷᠢᠯᠭ᠎ᠠ ᠵᠢᠨ ᠶᠠᠰᠤ ᠴᠢᠨᠠᠷ ᠥᠨᠳᠥᠷ ᠪᠠᠢ᠌ᠬᠤ ᠵᠢ ᠪᠡᠶᠡᠯᠡᠭᠦᠯᠵᠦ ᠂ 《 ᠬᠠᠪᠤᠷ ᠡᠬᠢᠯᠡᠮᠡᠭᠴᠡ ᠠᠵᠢᠯ ᠵᠶ᠋ᠠᠨ ᠡᠬᠢᠯᠡᠭᠦᠯᠵᠦ ᠂ ᠲᠤᠬᠠᠢ ᠵᠢᠨ ᠵᠢᠯ᠎ᠳᠤ᠎ᠪᠠᠨ ᠠᠵᠢᠯ ᠵᠶ᠋ᠠᠨ ᠳᠠᠭᠤᠰᠬᠠᠬᠤ 》 ᠵᠢ ᠪᠠᠲᠤᠯᠠᠵᠤ ᠂ ᠠᠷᠠᠳ᠎ᠤᠨ ᠰᠡᠳᠬᠢᠯ᠎ᠤᠨ ᠢᠨᠵᠧᠨᠧᠷᠢᠩ ᠂ ᠴᠢᠨᠠᠷ ᠰᠠᠢ᠌ᠲᠠᠢ ᠢᠨᠵᠧᠨᠧᠷᠢᠩ ᠂ ᠠᠷᠢᠭᠤᠨ ᠴᠢᠬᠡᠴᠢ ᠢᠨᠵᠧᠨᠧᠷᠢᠩ᠎ᠢ ᠪᠦᠬᠦ ᠬᠦᠴᠦᠨ ᠵᠶ᠋ᠡᠷ ᠵᠶ᠋ᠡᠨ ᠴᠣᠭᠴᠠᠯᠠᠬᠤ ᠬᠡᠷᠡᠭᠲᠡᠢ ᠭᠡᠵᠦ ᠱᠠᠭ᠋ᠠᠷᠳᠠᠪᠠ᠃