ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
2024 ᠣᠨ᠎ᠤ ᠥᠪᠥᠷ ᠮᠣᠩᠭᠣᠯ᠎ᠤᠨ 《ᠮᠥᠩᠭᠥᠨ ᠭᠦᠢ᠍ᠯᠭᠡᠭᠡᠨ᠎ᠤ ᠬᠦᠴᠦᠨ᠎ᠢ ᠬᠤᠷᠠᠮᠳᠤᠭᠤᠯᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ》 ᠵᠠᠰᠠᠭ᠎ᠤᠨ ᠣᠷᠳᠣᠨ ᠮᠦᠩᠭᠦᠨ ᠭᠦᠢ᠍ᠯᠭᠡᠭᠡ ᠠᠵᠤ ᠠᠬᠤᠢ᠌ᠯᠠᠯ᠎ᠤᠨ ᠵᠣᠯᠭ᠋ᠠᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠩ ᠵᠢᠨ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2024-02-28


      2 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠣᠣᠯᠯᠠᠨ ᠡᠷᠭᠢᠯᠡᠭᠰᠡᠨ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠮᠥᠩᠭᠥᠨ ᠭᠦᠢ᠍ᠯᠭᠡᠭᠡᠨ᠎ᠤ ᠬᠦᠴᠦᠨ᠎ᠢ  ᠬᠤᠷᠠᠮᠳᠤᠭᠤᠯᠵᠤ  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ〉 ᠵᠠᠰᠠᠭ᠎ᠤᠨ  ᠣᠷᠳᠣᠨ ᠮᠦᠩᠭᠦᠨ ᠭᠦᠢ᠍ᠯᠭᠡᠭᠡ ᠠᠵᠤ ᠠᠬᠤᠢ᠌ᠯᠠᠯ᠎ᠤᠨ  ᠵᠣᠯᠭ᠋ᠠᠭᠤᠯᠬᠤ ᠬᠤᠷᠠᠯ》᠎ᠢ  ᠬᠥᠬᠡᠬᠣᠲᠠᠨ᠎ᠠ ᠬᠤᠷᠠᠯᠳᠤᠭᠤᠯᠪᠠ ᠃

       ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶᠠᠨ᠎ᠤ  ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠪᠠᠶᠠᠷ᠎ᠤᠨ ᠦᠭᠡ ᠬᠡᠯᠡᠵᠡᠢ᠃

       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶᠠᠨ᠎ᠤ  ᠮᠥᠩᠭᠥᠨ ᠭᠦᠢ᠍ᠯᠭᠡᠭᠡᠨ᠎ᠤ ᠠᠯᠪᠠᠨ ᠭᠡᠷ᠂ ᠠᠵᠤ ᠦᠢ᠍ᠯᠡᠳᠪᠦᠷᠢ  ᠪᠠ  ᠮᠡᠳᠡᠭᠡ  ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠥᠷᠥ ᠵᠢᠨ ᠪᠣᠳᠣᠯᠭ᠎ᠠ᠎ᠳᠤ  ᠲᠠᠢ᠌ᠯᠤᠮᠵᠢ ᠬᠢᠭᠰᠡᠨ ᠪᠥᠭᠡᠳ ᠠᠵᠢᠯ ᠲᠥᠷᠥᠯ᠎ᠤᠨ ᠬᠦᠷᠢᠶᠡᠨ᠎ᠳᠠᠬᠢ ᠪᠡᠯᠡ  ᠳᠣᠬᠢᠷᠠᠭᠤᠯᠬᠤ  ᠬᠡᠷᠡᠭᠴᠡᠭᠡ ᠱᠠᠭ᠋ᠠᠷᠳᠠᠯᠭ᠎ᠠ ᠵᠢ  ᠨᠡᠢ᠌ᠲᠡᠯᠡᠵᠡᠢ ᠃ 4 ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ 《  ᠲᠠᠪᠤᠨ ᠶᠡᠬᠡ ᠡᠭᠦᠷᠭᠡ 》 ᠵᠢ ᠨᠠᠢ᠌ᠳᠠᠪᠤᠷᠢᠵᠢᠭᠤᠯᠬᠤ᠎ᠳᠤ  ᠴᠢᠭᠯᠡᠭᠦᠯᠦᠨ  ᠮᠥᠩᠭᠥᠨ ᠭᠦᠢ᠍ᠯᠭᠡᠭᠡᠨ ᠵᠶ᠋ᠠᠷ  ᠳᠡᠮᠵᠢᠬᠦ  ᠠᠷᠭ᠎ᠠ ᠬᠡᠮᠵᠢᠶ᠎ᠡ ᠵᠢ ᠳᠤᠷᠠᠳᠴᠠᠢ ᠃

       ᠬᠤᠷᠠᠯ᠎ᠳᠤ ᠂  ᠪᠡᠯᠡ  ᠳᠣᠬᠢᠷᠠᠭᠤᠯᠬᠤ  ᠬᠡᠷᠡᠭᠴᠡᠭᠡ ᠱᠠᠭ᠋ᠠᠷᠳᠠᠯᠭ᠎ᠠ ᠎ᠲᠠᠢ 3567  ᠲᠥᠰᠦᠯ᠎ᠢ  ᠡᠮᠬᠢᠯᠡᠪᠡ ᠃ ᠥᠪᠡᠷᠲᠡᠭᠡᠨ ᠵᠠᠰᠠᠬᠤ ᠣᠷᠣᠨ᠎ᠤ 17 ᠰᠠᠯᠠᠭ᠎ᠠ ᠮᠥᠴᠢᠷ ᠂ 38 ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ  ᠬᠢᠭᠡᠳ 95 ᠡᠯ᠎ᠡ ᠲᠦᠷᠦᠯ᠎ᠤᠨ ᠠᠵᠤ ᠠᠬᠤᠢ᠌ᠯᠠᠯ᠎ᠤᠳ  ᠬᠥᠬᠡᠬᠣᠲᠠ ᠵᠢᠨ ᠭᠣᠣᠯ ᠬᠤᠷᠠᠯ᠎ᠤᠨ ᠲᠠᠯᠠᠪᠠᠢ᠎ᠳᠤ  ᠣᠷᠣᠯᠴᠠᠵᠠᠢ᠃ ᠡᠯ᠎ᠡ ᠠᠢ᠌ᠮᠠᠭ ᠬᠣᠲᠠ᠎ᠨᠤᠭᠤᠳ ᠬᠤᠷᠠᠯ᠎ᠤᠨ ᠬᠤᠪᠢᠶᠠᠷᠢ ᠲᠠᠯᠠᠪᠠᠶ  ᠭᠠᠷᠭ᠋ᠠᠨ ᠂ ᠰᠦᠯᠵᠢᠶᠡᠨ ᠳᠡᠭᠡᠷ᠎ᠡ  ᠬᠣᠯᠪᠤᠭᠳᠠᠨ  ᠬᠥᠳᠡᠯᠦᠯᠴᠡᠬᠦ ᠠᠷᠭ᠎ᠠ᠎ᠪᠠᠷ  ᠭᠣᠣᠯ ᠬᠤᠷᠠᠯ᠎ᠤᠨ ᠲᠠᠯᠠᠪᠠᠶ᠎ᠲᠠᠢ ᠵᠡᠷᠭᠡᠳᠡ ᠨᠢᠭᠡᠳᠦᠯᠲᠡᠢ᠎ᠪᠠᠷ  ᠭᠡᠷ᠎ᠡ  ᠲᠣᠭᠲᠠᠭᠰᠠᠨ ᠪᠠᠢ᠌ᠨ᠎ᠠ ᠃ ᠪᠥᠬᠥ ᠣᠷᠣᠨ᠎ᠳᠤ  ᠪᠡᠯᠡ  ᠳᠣᠬᠢᠷᠠᠭᠤᠯᠬᠤ ᠬᠦᠰᠡᠯᠲᠡ᠎ᠲᠠᠢ  ᠲᠥᠰᠦᠯ᠎ᠢ ᠨᠡᠶ᠋ᠢᠲᠡ 1067  ᠳᠣᠬᠢᠷᠠᠯᠴᠠᠵᠤ ᠂  ᠳᠣᠬᠢᠷᠠᠭᠰᠠᠨ  ᠵᠣᠭᠣᠰ᠎ᠤᠨ ᠲᠣᠭ᠎ᠠ᠎ᠨᠢ 3478 ᠳ᠋ᠦᠩᠰᠢᠭᠤᠷ ᠲᠥᠭᠥᠷᠢᠭ ᠪᠣᠯᠣᠨ᠎ᠠ᠃

       ᠬᠤᠷᠠᠯ᠎ᠳᠤ  ᠪᠠᠰᠠ ᠲᠤᠬᠠᠢ ᠵᠢᠨ ᠲᠠᠯᠠᠪᠠᠢ ᠪᠠ ᠰᠦᠯᠵᠢᠶᠡᠨ ᠳᠡᠭᠡᠷ᠎ᠡ  ᠵᠡᠷᠭᠡ᠎ᠪᠠᠷ 《  ᠮᠥᠩᠭᠥᠨ ᠭᠦᠢ᠍ᠯᠭᠡᠭᠡᠨ᠎ᠤ ᠬᠡᠳᠦ ᠳᠡᠯᠭᠡᠭᠦᠷ 》᠎ᠢ ᠪᠠᠢ᠌ᠭᠤᠯᠵᠠᠢ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ