2 ᠳ᠋ᠤᠭ᠋ᠠᠷ ᠰᠠᠷᠠ ᠵᠢᠨ 4ᠤ ᠡᠳᠦᠷ᠂ ᠥᠪᠡᠷᠲᠡᠭᠡᠨ ᠵᠠᠰᠠᠬᠤ ᠣᠷᠣᠨᠤ ᠲᠠᠪᠤᠳᠤᠭ᠋ᠠᠷ ᠤᠳᠠᠭ᠋ᠠᠨᠤ ᠪᠥᠬᠥ ᠤᠯᠤᠰᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩᠤᠨ ᠬᠤᠷᠠᠯ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠᠨᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶᠠ ᠲᠠᠯᠪᠢᠵᠠᠢ ᠃
ᠬᠤᠸᠠᠩ ᡁᠢ ᠴᠢᠶᠠᠩ ᠬᠡᠯᠡᠬᠦᠳᠤᠪᠠᠨ ᠂ ᠲᠠᠪᠤᠳᠤᠭ᠋ᠠᠷ ᠤᠳᠠᠭ᠋ᠠᠨᠤ ᠪᠥᠬᠥ ᠤᠯᠤᠰᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ ᠵᠠᠩᠭᠢᠯᠠᠭᠠ ᠵᠢᠨ ᠱᠠᠲᠤᠨᠳᠤᠪᠠᠨ ᠣᠷᠣᠪᠠ᠂ ᠥᠩᠭᠡᠷᠡᠭᠰᠡᠨᠤᠬᠢᠲᠠᠢ ᠬᠠᠷᠢᠴᠠᠭᠤᠯᠪᠠᠯ᠂ ᠣᠢ᠌ᠷᠠ ᠵᠢᠨ ᠬᠡᠳᠦᠨ ᠵᠢᠯᠳᠤ ᠮᠠᠨᠤ ᠣᠷᠣᠨᠤ ᠡᠵᠡᠩᠨᠡᠯᠲᠡ ᠵᠢᠨ ᠭᠣᠣᠯ ᠴᠣᠭᠴᠠᠨᠤᠭᠤᠳ ᠣᠭᠵᠤᠮ ᠨᠡᠮᠡᠭᠳᠡᠵᠦ᠂ ᠨᠡᠢ᠌ᠳᠡᠮ ᠪᠠᠢ᠌ᠴᠠᠭ᠋ᠠᠭᠳᠠᠬᠤ ᠡᠲᠡᠭᠡᠳᠤᠨ ᠬᠦᠷᠢᠶᠡ ᠬᠡᠪᠴᠢᠶᠡ ᠶᠡᠬᠡ ᠪᠥᠭᠡᠳ ᠥᠷᠭᠡᠨ ᠪᠣᠯᠵᠠᠢ ᠂ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠢ ᠰᠠᠢ᠌ᠨ ᠬᠢᠭᠰᠡᠨ ᠡᠰᠡᠬᠦᠨᠢ ᠲᠠᠪᠤᠳᠤᠭ᠋ᠠᠷ ᠤᠳᠠᠭ᠋ᠠᠨᠤ ᠪᠦᠬᠦ ᠤᠯᠤᠰᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯᠤᠨ ᠣᠯᠵᠤ ᠠᠯᠳᠠᠬᠤᠲᠠᠢ ᠰᠢᠭᠤᠳ ᠬᠣᠯᠪᠤᠭᠳᠠᠨᠠ ᠃ ᠲᠣᠭᠠ ᠪᠠᠷᠢᠮᠲᠠ ᠵᠢᠨ ᠶᠠᠰᠤ ᠴᠢᠨᠠᠷᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠤᠨ ᠲᠡᠷᠢᠭᠦᠨ ᠴᠢᠬᠤᠯᠠ ᠪᠠᠢ᠌ᠷᠢᠨᠳᠤ ᠲᠠᠯᠪᠢᠬᠤ ᠵᠢ ᠪᠠᠷᠢᠮᠲᠠᠯᠠᠵᠤ᠂ ᠶᠠᠰᠤ ᠴᠢᠨᠠᠷᠢ ᠡᠵᠡᠮᠳᠡᠬᠦ ᠬᠠᠷᠢᠭᠤᠴᠠᠯᠭᠠ ᠵᠢ ᠭᠣᠭᠴᠣᠭᠠ ᠨᠢᠭᠡ ᠪᠦᠷᠢᠳᠤ ᠬᠦᠷᠲᠡᠯᠡ ᠪᠣᠳᠠᠲᠠᠢ᠌ᠵᠢᠭᠤᠯᠵᠤ᠂ ᠴᠡᠭ ᠨᠢᠭᠡ ᠪᠦᠷᠢ ᠵᠢ ᠨᠢᠭᠲᠠ ᠠᠩᠬᠠᠷᠴᠤ᠂ ᠨᠡᠢ᠌ᠳᠡᠮ ᠪᠠᠢ᠌ᠴᠠᠭ᠋ᠠᠯᠲᠠ ᠵᠢᠨ ᠲᠣᠭᠠ ᠪᠠᠷᠢᠮᠲᠠ ᠵᠢᠨ ᠦᠨᠡᠨ ᠪᠣᠳᠠᠲᠠᠢ ᠣᠨᠣᠪᠴᠢᠲᠠᠶ ᠨᠠᠢ᠌ᠳᠠᠪᠤᠷᠢᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠬᠠᠭᠤᠯᠭᠠ ᠵᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠤᠨ ᠴᠢᠨᠠᠷ ᠪᠠ ᠪᠦᠲᠦᠮᠵᠢ ᠵᠢ ᠳᠡᠭᠡᠭᠰᠢᠯᠡᠭᠦᠯᠬᠦ ᠬᠦᠴᠦᠲᠡᠢ ᠠᠷᠭᠠ ᠪᠠᠷᠢᠯ ᠪᠣᠯᠭ᠋ᠠᠨ ᠂ ᠡᠵᠡᠩᠨᠡᠯᠲᠡ ᠵᠢᠨ ᠭᠣᠣᠯ ᠴᠣᠭᠴᠠᠨᠤᠭᠤᠳᠤᠨ ᠲᠠᠪᠤᠳᠤᠭ᠋ᠠᠷ ᠤᠳᠠᠭ᠋ᠠᠨᠤ ᠪᠦᠬᠦ ᠤᠯᠤᠰᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢ ᠣᠢ᠌ᠯᠠᠭ᠋ᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶᠡ ᠵᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭ᠋ᠠᠷ ᠨᠡᠢ᠌ᠳᠡᠮ ᠪᠠᠢ᠌ᠴᠠᠭ᠋ᠠᠬᠤ ᠰᠠᠢ᠌ᠨ ᠰᠠᠢ᠌ᠬᠠᠨ ᠠᠭᠤᠷ ᠠᠮᠢᠰᠬᠤᠯᠢ ᠰᠠᠢ᠌ᠲᠤᠷ ᠪᠣᠶ ᠪᠣᠯᠭ᠋ᠠᠬᠤ ᠬᠡᠷᠡᠭᠲᠡᠢ ᠭᠡᠪᠡ ᠃
ᠥᠪᠡᠷᠲᠡᠭᠡᠨ ᠵᠠᠰᠠᠬᠤ ᠣᠷᠣᠨᠤ ᠲᠣᠭᠠ ᠪᠦᠷᠢᠳᠬᠡᠯᠤᠨ ᠲᠣᠪᠴᠢᠶᠠ ᠂ ᠵᠠᠬᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠ ᠪᠠ ᠤᠯᠠᠭ᠋ᠠᠨᠬᠠᠳᠠ ᠬᠤᠳᠠ ᠂ ᠣᠷᠳᠣᠰ ᠬᠤᠳᠠ ᠬᠤᠷᠠᠯ ᠳᠡᠭᠡᠷᠡ ᠭᠣᠣᠯᠳᠠᠯᠭᠠ ᠲ᠋ᠠᠢ ᠶᠠᠷᠢᠶᠠ ᠲᠠᠯᠪᠢᠵᠠᠢ ᠃