ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
2024 ᠣᠨ᠎ᠤ ᠪᠦᠬᠦ ᠣᠷᠣᠨ᠎ᠤ ᠴᠢᠬᠤᠯᠠ ᠶᠡᠬᠡ ᠲᠦᠰᠦᠯ᠎ᠤᠳ᠎ᠤᠨ ᠠᠵᠢᠯ᠎ᠢ ᠰᠡᠷᠭᠦᠭᠡᠬᠦ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-03-27

 

3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2024 ᠣᠨ᠎ᠤ ᠪᠥᠬᠥ ᠣᠷᠣᠨ᠎ᠤ ᠴᠢᠬᠤᠯᠠ ᠶᠡᠬᠡ  ᠲᠦᠰᠦᠯ᠎ᠤᠳ᠎ᠤᠨ ᠠᠵᠢᠯ᠎ᠢ  ᠰᠡᠷᠭᠦᠭᠡᠬᠦ ᠪᠠᠢ᠌ᠷᠢᠯᠠᠭᠤᠯᠤᠯᠲᠠ ᠵᠢᠨ ᠲᠧᠯᠸᠢᠰ  ᠤᠲᠠᠰᠤᠲᠤ  ᠬᠤᠷᠠᠯ᠎ᠢ  ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶᠠᠨ᠎ᠤ  ᠪᠠᠢ᠌ᠩᠭᠤ ᠵᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ  ᠣᠷᠣᠯᠴᠠᠭᠰᠠᠨ ᠪᠥᠭᠡᠳ  ᠶᠠᠷᠢᠶ᠎ᠠ ᠲᠠᠯᠪᠢᠵᠠᠢ᠃

ᠬᠤᠸᠠᠩ ᡁᠢ ᠴᠢᠶᠠᠩ ᠬᠡᠯᠡᠬᠦ᠎ᠳᠤ᠎ᠪᠠᠨ᠂  ᠲᠦᠰᠦᠯ᠎ᠤᠨ ᠪᠦᠲᠦᠭᠡᠨ ᠪᠠᠢ᠌ᠭᠤᠯᠤᠯᠲᠠ ᠪᠣᠯ  ᠵᠢᠪ ᠵᠢᠩᠬᠢᠨᠢ  ᠠᠵᠤ ᠠᠬᠤᠢ ᠵᠢᠨ ᠠᠵᠢᠯ ᠮᠥᠨ᠃  ᠪᠠᠷᠢᠯᠭ᠎ᠠ ᠵᠢᠨ ᠰᠢᠵᠢᠷ ᠠᠯᠲᠠᠨ ᠬᠤᠭᠤᠴᠠᠭ᠎ᠠ ᠵᠢ  ᠠᠳᠬᠤᠨ ᠂ ᠱᠠᠯᠠᠪᠳᠠᠨ ᠬᠥᠳᠡᠯᠦᠯᠴᠡᠵᠦ᠂  ᠲᠦᠰᠦᠯ᠎ᠤᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠵᠢ ᠲᠦᠷᠭᠡᠳᠬᠡᠬᠦ ᠬᠡᠷᠡᠭᠲᠡᠢ᠃ 《ᠲᠦᠰᠦᠯ᠎ᠢ  ᠲᠥᠯᠥᠪᠯᠡᠬᠦ᠎ᠳᠤ ᠨᠥᠭᠡᠴᠡ ᠵᠢ ᠠᠳᠬᠤᠬᠤ ᠂ ᠰᠢᠨ᠎ᠡ᠎ᠪᠠᠷ ᠪᠠᠶ᠋ᠢᠭᠤᠯᠬᠤ  ᠲᠦᠰᠦᠯ᠎ᠳᠤ ᠠᠵᠢᠯ ᠡᠬᠢᠯᠡᠭᠦᠯᠬᠦ ᠵᠢ ᠠᠳᠬᠤᠬᠤ ᠂ ᠪᠠᠢ᠌ᠭᠤᠯᠵᠤ ᠪᠠᠢ᠌ᠭ᠎ᠠ  ᠲᠦᠰᠦᠯ᠎ᠳᠤ ᠠᠬᠢᠴᠠ ᠵᠢ ᠠᠳᠬᠤᠬᠤ ᠂ ᠪᠠᠢ᠌ᠭᠤᠯᠵᠤ  ᠳᠠᠭᠤᠰᠬᠠᠭᠰᠠᠨ ᠲᠦᠰᠦᠯ᠎ᠳᠤ  ᠠᠵᠢᠯᠯᠠᠭᠤᠯᠬᠤ ᠵᠢ  ᠠᠳᠬᠤᠬᠤ》  ᠱᠠᠭ᠋ᠠᠷᠳᠠᠯᠭ᠎ᠠ ᠶᠣᠰᠣᠭ᠋ᠠᠷ ᠂ ᠨᠢᠭᠡᠳᠦᠯᠲᠡᠢ  ᠲᠥᠯᠥᠪᠯᠡᠨ  ᠲᠣᠬᠢᠷᠠᠭᠤᠯᠬᠤ ᠵᠢ ᠴᠢᠩᠭ᠋ᠠᠳᠬᠠᠵᠤ ᠂ ᠠᠵᠢᠯ᠎ᠤᠨ ᠠᠷᠭ᠎ᠠ ᠬᠡᠮᠵᠢᠶ᠎ᠡ᠎ᠪᠠᠨ  ᠴᠢᠩᠭ᠋ᠠᠷᠠᠭᠤᠯᠤᠨ᠂ ᠨᠢᠭᠡ ᠨᠢᠭᠡ  ᠲᠦᠰᠦᠯ ᠵᠶ᠋ᠡᠷ  ᠠᠩᠬᠠᠷᠬᠤ ᠬᠡᠷᠡᠭᠲᠡᠢ᠃  ᠲᠦᠰᠦᠯ᠎ᠢ  ᠶᠡᠬᠡ᠎ᠪᠠᠷ  ᠠᠳᠬᠤᠬᠤ᠂ ᠠᠷᠠᠯᠵᠢᠶᠠᠴᠢᠨ ᠤᠷᠢᠬᠤ ᠵᠢ  ᠶᠡᠬᠡ᠎ᠪᠠᠷ  ᠠᠳᠬᠤᠬᠤ   ᠬᠥᠭᠵᠢᠯᠲᠡ ᠵᠢ  ᠶᠡᠬᠡ᠎ᠪᠠᠷ  ᠠᠳᠬᠤᠬᠤ  ᠰᠠᠢ᠌ᠨ ᠰᠠᠢ᠌ᠬᠠᠨ ᠪᠠᠢ᠌ᠳᠠᠯ᠎ᠢ ᠪᠤᠢ  ᠪᠣᠯᠭ᠋ᠠᠨ᠂ ᠨᠡᠢ᠌ᠭᠡᠮ᠎ᠤᠨ ᠡᠯ᠎ᠡ ᠡᠲᠡᠭᠡᠳ᠎ᠲᠤ  ᠥᠪᠥᠷ ᠮᠣᠩᠭᠣᠯ᠎ᠳᠤ ᠪᠡᠯᠡ  ᠣᠷᠣᠭᠤᠯᠪᠠᠯ  ᠦᠷ᠎ᠡ ᠠᠰᠢᠭ᠎ᠲᠠᠢ᠂ ᠥᠪᠥᠷ ᠮᠣᠩᠭᠣᠯ᠎ᠳᠤ  ᠵᠣᠷᠢᠭᠤᠯᠪᠠᠯ  ᠠᠴᠢ ᠬᠠᠷᠢᠭᠤᠯᠲᠠ᠎ᠲᠠᠢ᠂ ᠥᠪᠥᠷ ᠮᠣᠩᠭᠣᠯ᠎ᠢ ᠬᠥᠭᠵᠢᠭᠦᠯᠬᠦ᠎ᠳᠤ ᠲᠠᠪᠴᠠᠩ᠎ᠲᠠᠢ  ᠭᠡᠬᠦ  ᠴᠢᠩᠭ᠎ᠠ ᠳᠣᠬᠢᠶ᠎ᠠ ᠵᠢ ᠥᠭᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠰᠠᠢ᠌ᠲᠤᠷ ᠨᠢᠭᠡᠳᠦᠯᠲᠡᠢ  ᠲᠥᠯᠥᠪᠯᠡᠨ᠂  ᠠᠶᠤᠯ ᠦᠭᠡᠢ  ᠦᠢ᠍ᠯᠡᠳᠪᠦᠷᠢᠯᠡᠯ᠎ᠤᠨ ᠬᠥᠪᠴᠢ ᠵᠢ ᠢᠮᠠᠭᠲᠠ ᠴᠢᠩᠭ᠋ᠠᠯᠠᠵᠤ᠂ ᠶᠠᠰᠤ ᠴᠢᠨᠠᠷ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠤ ᠦᠢ᠍ᠯᠡᠳᠪᠦᠷᠢᠯᠡᠯ᠎ᠢ ᠱᠠᠲᠤ ᠱᠠᠲᠤ᠎ᠪᠠᠷ  ᠠᠵᠢᠯ᠎ᠤᠨ ᠪᠠᠢ᠌ᠷᠢ ᠂ ᠬᠥᠮᠥᠨ ᠂ ᠠᠵᠢᠯ  ᠬᠦᠷᠲᠡᠯ᠎ᠡ  ᠪᠣᠲᠠᠲᠠᠢ᠌ᠵᠢᠭᠤᠯᠤᠨ  ᠨᠠᠢ᠌ᠳᠠᠪᠤᠷᠢᠵᠢᠭᠤᠯᠬᠤ ᠬᠡᠷᠡᠭᠲᠡᠢ  ᠭᠡᠯ᠎ᠡ᠃

ᠬᠤᠷᠠᠯ ᠳᠡᠭᠡᠷ᠎ᠡ᠂ ᠡᠯ᠎ᠡ ᠠᠢ᠌ᠮᠠᠭ ᠬᠣᠲᠠ ᠤᠯᠤᠰ᠎ᠤᠨ ᠵᠢᠭᠡᠯᠡᠯᠭᠡ ᠵᠢ  ᠨᠡᠮᠡᠨ  ᠲᠠᠷᠬᠠᠭ᠋ᠠᠬᠤ  ᠲᠦᠰᠦᠯ᠎ᠤᠨ ᠪᠦᠲᠦᠭᠡᠨ ᠪᠠᠢ᠌ᠭᠤᠯᠤᠯᠲᠠ ᠵᠢᠨ ᠠᠮᠠᠯᠠᠯᠲᠠ ᠵᠢᠨ ᠪᠢᠴᠢᠭ᠎ᠲᠤ ᠭᠠᠷ᠎ᠤᠨ ᠥᠰᠥᠭ  ᠵᠢᠷᠤᠵᠠᠭ᠋ᠠᠪᠠ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ