5 ᠰᠠᠷ᠎ᠠ ᠵᠢᠨ 13᠎ᠤ ᠡᠳᠦᠷ᠂ ᠪᠦᠭᠦ ᠣᠷᠣᠨ᠎ᠤ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠵᠢᠨ ᠪᠦᠭᠦ ᠬᠡᠯᠬᠢᠶᠡᠨ᠎ᠤ ᠠᠮᠤᠷ ᠲᠦᠪᠰᠢᠨ᠎ᠤ ᠭᠡᠮ ᠰᠣᠭᠣᠭ᠎ᠢ ᠴᠡᠭᠴᠡᠯᠡᠨ ᠵᠠᠰᠠᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃
ᠬᠤᠸᠠᠩ ᡁᠢ ᠴᠢᠶᠠᠩ᠂ ᠣᠢ᠌ᠷ᠎ᠠ ᠵᠢᠨ ᠵᠢᠯ᠎ᠳᠤ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠵᠢ ᠠᠰᠠᠷ᠎ᠲᠤ ᠲᠠᠯᠪᠢᠨ ᠡᠷᠦᠭᠡ᠎ᠳᠤ ᠣᠷᠣᠭᠤᠯᠵᠤ᠂ ᠳᠦᠷᠢᠮ᠎ᠠᠴᠠ ᠵᠥᠷᠢᠴᠡᠨ ᠴᠠᠭᠢᠯᠭ᠋ᠠᠨ ᠴᠡᠨᠡᠭᠯᠡᠭᠰᠡᠨ᠎ᠠᠴᠠ ᠪᠣᠯᠤᠭᠰᠠᠨ ᠭᠠᠯ᠎ᠤᠨ ᠠᠶᠤᠯ᠎ᠤᠨ ᠡᠨᠳᠡᠯ ᠤᠳᠠᠭ᠎ᠠ ᠳᠠᠷᠠᠭ᠋ᠠᠯᠠᠨ ᠡᠭᠦᠰᠴᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠨᠳᠦ ᠨᠣᠴᠢᠲᠠᠢ ᠬᠣᠬᠢᠷᠠᠭᠤᠯᠵᠤ ᠪᠠᠢ᠌ᠨ᠎ᠠ᠃ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠵᠢᠨ ᠪᠦᠭᠦ ᠬᠡᠯᠬᠢᠶᠡᠨ᠎ᠤ ᠠᠮᠤᠷ ᠲᠦᠪᠰᠢᠨ᠎ᠤ ᠵᠠᠰᠠᠯᠲᠠ ᠵᠢᠨ ᠲᠣᠭᠣᠷᠢᠨ᠎ᠳᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠳᠲᠡᠷ ᠲᠦᠷᠭᠡᠨ ᠬᠥᠳᠡᠯᠦᠯᠴᠡᠵᠦ᠂ ᠵᠣᠷᠢᠭ ᠰᠢᠭᠤᠳᠤᠨ᠂ ᠬᠦᠴᠦ ᠣᠷᠣᠭᠤᠯᠵᠤ ᠪᠠᠢ᠌ᠭ᠋ᠠᠳ ᠠᠮᠤᠷ ᠲᠦᠪᠰᠢᠨ᠎ᠢ ᠨᠥᠯᠥᠭᠡᠯᠡᠬᠦ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠦᠢ᠍ᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭ᠋ᠠᠬᠤ᠂ ᠴᠠᠭᠢᠯᠭ᠋ᠠᠨ ᠴᠡᠨᠡᠭᠯᠡᠬᠦ᠂ ᠬᠡᠷᠡᠭᠯᠡᠭᠡᠨ᠎ᠠᠴᠠ ᠭᠠᠷᠭ᠋ᠠᠬᠤ᠂ ᠬᠣᠷᠢᠶᠠᠨ ᠠᠪᠬᠤ ᠵᠡᠷᠭᠡ ᠡᠯ᠎ᠡ ᠭᠣᠭᠴᠣᠭ᠎ᠠ ᠵᠢᠨ ᠠᠮᠤᠷ ᠲᠦᠪᠰᠢᠨ᠎ᠤ ᠬᠢᠷᠢ ᠬᠡᠮᠵᠢᠶ᠎ᠡ ᠵᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠠᠶᠤᠯᠲᠠᠢ ᠬᠢᠮᠢ ᠵᠢᠨ ᠪᠣᠳᠠᠰ᠎ᠤᠨ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ ᠪᠠ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠢ᠌ᠭᠤᠯᠤᠯᠲᠠ᠂ ᠨᠡᠭᠦᠷᠡᠰᠦᠨ ᠠᠭᠤᠷᠬᠠᠢ ᠵᠢᠨ ᠭᠠᠮᠰᠢᠭ᠎ᠢ ᠵᠠᠰᠠᠬᠤ ᠲᠥᠷᠥᠯ ᠵᠦᠢ᠍ᠯ᠎ᠢ ᠲᠤᠰᠬᠠᠢ ᠴᠡᠭᠴᠡᠯᠡᠨ ᠵᠠᠰᠠᠬᠤ᠂ ᠠᠶᠤᠯᠲᠠᠢ ᠤᠰᠤᠨ ᠴᠥᠭᠦᠷᠥᠮ᠎ᠤᠨ ᠠᠮᠤᠷ ᠲᠦᠪᠰᠢᠨ᠎ᠤ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠂ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ ᠪᠠ ᠰᠣᠯᠪᠢᠴᠠᠨ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠵᠡᠷᠭᠡ ᠠᠮᠤᠷ ᠲᠦᠪᠰᠢᠨ᠎ᠤ ᠬᠦᠷᠢᠶᠡᠨ᠎ᠤ ᠭᠣᠣᠯᠳᠠᠯᠭ᠎ᠠ᠎ᠲᠠᠢ ᠠᠵᠢᠯ᠎ᠳᠤ ᠪᠠᠢ᠌ᠷᠢᠯᠠᠭᠤᠯᠤᠯᠲᠠ ᠬᠢᠪᠡ᠃