6 ᠳ᠋ᠤᠭ᠋ᠠᠷ ᠰᠠᠷ᠎ᠠ ᠵᠢᠨ 18᠎ᠤ ᠡᠳᠦᠷ᠂ ᠪᠥᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠵᠢᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ 2024 ᠣᠨ᠎ᠤ ᠬᠤᠶᠠᠳᠤᠭ᠋ᠠᠷ ᠤᠳᠠᠭ᠋ᠠᠨ᠎ᠤ ᠪᠥᠬᠦᠳᠡ (ᠥᠷᠭᠡᠳᠬᠡᠭᠰᠡᠨ) ᠬᠤᠷᠠᠯ᠎ᠢ ᠬᠥᠬᠡᠬᠤᠲᠠ᠎ᠳᠤ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠢ ᠬᠤᠷᠠᠯᠳᠤᠭᠤᠯᠤᠭᠴᠢ ᠵᠧᠩ ᠭᠤᠸᠠᠩ ᠵᠤᠤ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ᠎ᠤᠨ ᠦᠨᠡᠨ ᠬᠦ᠌ ᠬᠠᠤᠯᠢ ᠶᠣᠰᠣᠭ᠋ᠠᠷ᠂ ᠲᠦᠷᠢᠮ ᠲᠣᠭᠲᠠᠭ᠋ᠠᠯ ᠶᠣᠰᠣᠭ᠋ᠠᠷ᠂ ᠲᠦᠷᠦ ᠵᠢᠨ ᠪᠤᠳᠤᠯᠭ᠎ᠠ ᠶᠣᠰᠣᠭ᠋ᠠᠷ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ᠎ᠨᠤᠭᠤᠳ᠎ᠢ ᠰᠢᠢ᠍ᠳᠪᠦᠷᠢᠯᠡᠵᠦ᠂ ᠬᠠᠤᠯᠢ᠎ᠪᠠᠷ ᠵᠠᠰᠠᠵᠢᠬᠤ ᠪᠣᠭᠤᠮᠲᠠ ᠵᠢ ᠰᠠᠶ᠋ᠢᠲᠤᠷ ᠡᠵᠡᠮᠳᠡᠵᠦ᠂ ᠬᠠᠤᠯᠢ᠎ᠪᠠᠷ ᠵᠠᠰᠠᠵᠢᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠬᠠᠤᠯᠢ᠎ᠪᠠᠷ ᠵᠠᠰᠠᠵᠢᠬᠤ ᠵᠢ ᠭᠦᠢ᠍ᠴᠡᠳᠭᠡᠬᠦ ᠦᠢ᠍ᠯᠡᠳᠦᠯ ᠴᠢᠳᠠᠪᠤᠷᠢ᠎ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢ᠎ᠪᠠᠷ ᠵᠠᠰᠠᠵᠢᠬᠤ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠡᠮᠬᠢ ᠳᠢᠭᠯᠢᠮ᠎ᠢ ᠬᠠᠮᠠᠭ᠋ᠠᠯᠠᠬᠤ ᠬᠠᠤᠯᠢ᠎ᠪᠠᠷ ᠵᠠᠰᠠᠵᠢᠬᠤ ᠬᠤᠷᠢᠭ᠎ᠠ ᠱᠤᠭᠤᠮ᠎ᠢ ᠰᠠᠶ᠋ᠢᠲᠤᠷ ᠰᠠᠬᠢᠵᠤ᠂ ᠵᠠᠬᠢᠳᠠᠯ ᠰᠣᠷᠪᠣᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃