7 ᠳ᠋ᠤᠭ᠋ᠠᠷ ᠰᠠᠷ᠎ᠠ ᠵᠢᠨ 9᠎ᠤ ᠡᠳᠦᠷ᠂ ᠪᠥᠬᠦ ᠣᠷᠣᠨ᠎ᠤ ᠠᠭᠤᠷᠬᠠᠶ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
ᠬᠤᠸᠠᠩ ᡁᠢ ᠴᠢᠶᠠᠩ᠂ ᠮᠠᠨ᠎ᠤ ᠣᠷᠣᠨ᠎ᠤ ᠠᠭᠤᠷᠬᠠᠢ ᠵᠢᠨ ᠲᠤᠭ᠎ᠠ ᠤᠯᠠᠨ᠂ ᠭᠠᠷᠤᠯᠲᠠ ᠶᠡᠭᠡ᠂ ᠭᠠᠮᠰᠢᠭ ᠬᠦᠨᠳᠦ᠂ ᠵᠠᠰᠠᠬᠤ᠎ᠳᠤ ᠪᠡᠷᠬᠡ᠂ ᠠᠶᠤᠯᠭᠦᠢ ᠦᠢ᠍ᠯᠡᠳᠪᠦᠷᠢᠯᠡᠯ᠎ᠤᠨ ᠠᠳᠡᠯ ᠤᠯᠠᠨ ᠪᠠᠶ᠋ᠢᠵᠤ᠂ ᠠᠮᠤᠷ ᠲᠦᠪᠰᠢᠨ᠎ᠤ ᠪᠠᠶ᠋ᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶ᠋ᠢᠬᠤ ᠬᠠᠷᠢᠭᠤᠴᠠᠯᠭ᠋ᠠᠲᠤ ᠰᠡᠳᠬᠢᠯᠭᠡ᠂ ᠰᠠᠭᠤᠵᠤ ᠳᠡᠶ᠋ᠢᠯᠬᠦ ᠦᠭᠡᠢ ᠪᠠᠴᠢᠮ ᠲᠤᠯᠭ᠋ᠠᠮ ᠰᠡᠳᠬᠢᠯᠭᠡ᠂ ᠤᠳᠠᠭ᠋ᠠᠰᠢᠷᠠᠭᠤᠯᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ᠎ᠪᠠᠷ 《ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 ᠪᠣᠯᠤᠨ ᠠᠭᠤᠷᠬᠠᠢ ᠵᠢᠨ ᠠᠮᠤᠷ ᠲᠦᠪᠰᠢᠨ᠎ᠤ ᠨᠠᠢ᠍ᠮᠠᠨ ᠵᠣᠷᠪᠣᠰ ᠬᠠᠲᠠᠭᠤ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠴᠢᠩᠭ᠎ᠠ ᠭᠤᠣᠯ ᠬᠦᠭ ᠠᠶᠠᠰ᠎ᠢ ᠦᠷᠭᠦᠯᠵᠢᠯᠡᠨ ᠪᠠᠲᠤᠯᠠᠵᠤ᠂ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠨ ᠣᠷᠣᠭᠤᠯᠬᠤ ᠵᠢ ᠴᠢᠩᠳᠠᠯᠠᠵᠤ᠂ ᠠᠮᠤᠷ ᠲᠦᠪᠰᠢᠨ᠎ᠤ ᠲᠦᠭᠰᠢᠭᠦᠷᠢ ᠵᠢᠨ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠠᠭᠤᠷᠬᠠᠢ ᠵᠢᠨ ᠲᠤᠪᠤᠶ᠋ᠢᠮ᠎ᠠ ᠠᠰᠠᠭᠤᠳᠠᠯ᠎ᠤᠨ ᠭᠡᠮ ᠰᠣᠭᠤᠭ᠎ᠢ ᠴᠢᠩᠭ᠎ᠠ ᠠᠩᠬᠠᠷᠴᠤ᠂ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠪᠣᠯᠤᠨ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠷᠠᠭᠤᠯᠵᠤ᠂ ᠠᠭᠤᠷᠬᠠᠢ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ᠎ᠢ ᠪᠦᠬᠦ ᠬᠦᠴᠦᠨ ᠵᠶ᠋ᠠᠷ ᠵᠶ᠋ᠠᠨ ᠲᠣᠭᠲᠠᠭᠤᠨ ᠵᠶ᠋ᠠᠷ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ ᠪᠠᠰᠠ ᠠᠶᠤᠯᠲᠠᠢ ᠬᠢᠮᠢ ᠵᠢᠨ ᠪᠣᠳᠠᠰ᠂ ᠭᠠᠯ᠎ᠢ ᠰᠡᠷᠭᠡᠶ᠋ᠢᠯᠡᠬᠦ᠂ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠵᠡᠷᠭᠡ ᠠᠮᠤᠷ ᠲᠦᠪᠰᠢᠨ᠎ᠤ ᠬᠦᠷᠢᠶᠡᠨ᠎ᠳᠠᠬᠢ ᠭᠤᠣᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠵᠡᠢ᠃