ᠢᠯᠡ ᠵᠠᠰᠠᠭ   -   ᠵᠠᠰᠠᠭ᠎ᠤᠨ ᠢᠯᠡᠳᠭᠡᠯ
2019 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2019-02-02


ᠲᠦᠯᠦᠭᠡᠯᠡᠭᠴᠢᠳ ᠡ᠄
      ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠬᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ᠃
      ᠨᠢᠭᠡ᠂ 2018 ᠣᠨ᠎ᠤ ᠠᠵᠢᠯ᠎ᠤᠨ ᠡᠷᠭᠢᠴᠡᠭᠦᠯᠦᠯ
     2018 ᠣᠨ ᠪᠣᠯ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠠᠩᠬᠠᠨ᠎ᠤ ᠣᠨ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠪᠣᠯᠣᠨ᠎ᠠ᠂ ᠮᠦᠨ ᠴᠦ᠍ ᠮᠠᠨ᠎ᠤ ᠣᠷᠣᠨ᠎ᠤ ᠬᠥᠭᠵᠢᠯᠲᠡ ᠵᠢᠨ ᠶᠠᠪᠤᠴᠠ᠎ᠳᠠᠬᠢ ᠲᠤᠩ ᠶᠡᠷᠦ ᠪᠤᠰᠤ ᠵᠢᠨ ᠨᠢᠭᠡ ᠵᠢᠯ ᠪᠣᠯᠣᠨ᠎ᠠ᠃ ᠲᠥᠪ᠎ᠠᠴᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠵᠢᠱ᠌ᠢᠭᠳᠡᠭᠴᠢᠳ᠎ᠤᠨ ᠰᠤᠩᠭᠤᠭᠤᠯᠢ ᠵᠢᠨ ᠭᠠᠵᠠᠷ ᠣᠷᠣᠨ᠎ᠢ ᠲᠣᠭᠲᠠᠭ᠋ᠠᠬᠤ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠢ ᠰᠣᠩᠭᠤᠭᠰᠠᠨ ᠪᠦᠭᠡᠳ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ᠎ᠤ ᠬᠢᠨᠠᠨ ᠵᠥᠪᠯᠡᠬᠦ᠎ᠳᠤ 《ᠭᠤᠷᠪᠠ ᠵᠢ ᠯᠠᠪᠳᠠᠭᠤᠨ ᠪᠠᠳᠤᠲᠠᠢ ᠬᠢᠬᠦ》 ᠴᠢᠬᠤᠯᠠ ᠱᠠᠭ᠋ᠠᠷᠳᠠᠯᠭ᠎ᠠ ᠵᠢ ᠳᠤᠷᠠᠳᠤᠭᠰᠠᠨ᠎ᠨᠢ ᠨᠠᠮ᠎ᠤᠨ ᠲᠥᠪ ᠬᠤᠷᠢᠶᠠᠨ᠎ᠠᠴᠠ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ᠎ᠤᠨ ᠭᠠᠵᠠᠷ ᠣᠷᠣᠨ᠎ᠢ ᠴᠢᠬᠤᠯᠠᠴᠢᠯᠠᠨ ᠦᠵᠡᠵᠦ ᠪᠠᠶ᠋ᠢᠭ᠎ᠠ ᠵᠢ ᠢᠯᠡᠷᠡᠭᠦᠯᠵᠦ᠂ ᠬᠦᠭᠵᠢᠯᠳᠡ᠎ᠪᠠᠷ ᠠᠨᠠᠢ ᠭᠠᠵᠠᠷ ᠣᠷᠣᠨ᠎ᠤ ᠬᠥᠭᠵᠢᠯᠲᠡ ᠵᠢ ᠲᠦᠷᠭᠡᠳᠬᠡᠨ ᠠᠬᠢᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠢᠭᠤᠷᠬᠠᠢ ᠬᠢᠬᠦ ᠬᠡᠰᠡᠨ ᠨᠠᠮ᠎ᠤᠨ ᠲᠥᠪ ᠬᠤᠷᠢᠶᠠᠨ᠎ᠤ ᠡᠷᠡᠰ ᠵᠣᠷᠢᠭ᠎ᠢ ᠢᠯᠡᠷᠡᠭᠦᠯᠦᠭᠰᠡᠨ ᠪᠠᠶ᠋ᠢᠨ᠎ᠠ᠃
      ᠨᠢᠭᠡ ᠵᠢᠯ᠎ᠤᠨ ᠲᠤᠷᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠲᠦᠷᠪᠡᠨ ᠦᠵᠡᠯ ᠤᠬᠠᠮᠰᠠᠷ》᠎ᠢ ᠪᠠᠳᠤ ᠪᠡᠬᠢ ᠪᠤᠢ ᠪᠤᠯᠭ᠋ᠠᠵᠦ᠂ 《ᠲᠦᠷᠪᠡᠨ ᠢᠳᠡᠬᠡᠯ》᠎ᠢ ᠪᠠᠳᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠬᠦᠢ᠍ᠴᠡᠳᠬᠡᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ ᠡᠯ᠎ᠡ ᠵᠦᠢ᠍ᠯ᠎ᠤᠨ ᠬᠦᠴᠢᠷ ᠪᠣᠯᠣᠨ ᠥᠷᠢᠰᠦᠯᠳᠦᠭᠡᠨ᠎ᠢ ᠢᠳᠡᠪᠬᠢᠲᠡᠢ ᠠᠷᠭ᠋ᠠᠴᠠᠭ᠋ᠠᠨ ᠰᠢᠢ᠍ᠳᠪᠦᠷᠢᠯᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢ ᠠᠵᠢᠯᠯᠠᠨ᠂ ᠪᠥᠬᠦ ᠣᠷᠣᠨ᠎ᠤ ᠠᠵᠤ ᠠᠬᠤᠢ ᠨᠡᠶ᠋ᠢᠭᠡᠮ ᠦᠷᠭᠦᠯᠵᠢᠯᠡᠨ ᠡᠷᠡᠭᠦᠯ ᠵᠶ᠋ᠠᠷ ᠬᠥᠭᠵᠢᠪᠡ᠃ ᠠᠨᠭ᠌ᠬ᠎ᠠ ᠠᠯᠬᠤᠮ ᠲᠤᠭ᠋ᠠᠴᠠᠭ᠎ᠠ ᠬᠢᠭᠰᠡᠨ ᠵᠶ᠋ᠠᠷ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠨᠡᠮᠡᠭᠳᠡᠯ 5.3% ᠪᠠᠶ᠋ᠢᠵᠤ᠂ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢᠨ ᠨᠡᠮᠡᠭᠳᠡᠯ 9.1% ᠪᠠᠶ᠋ᠢᠵᠤ᠂ ᠬᠤᠲᠠ ᠬᠥᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤᠶ᠋ᠢᠴᠠ ᠣᠷᠣᠯᠭ᠎ᠠ ᠲᠤᠰ ᠲᠤᠰ 7.4% ᠪᠠ 9.7% ᠨᠡᠮᠡᠭᠳᠡᠪᠡ᠃
      ᠨᠢᠭᠡ ᠵᠢᠯ᠎ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ᠎ᠤᠳ᠎ᠢ ᠬᠢᠭᠰᠡᠨ ᠪᠠᠶ᠋ᠢᠨ᠎ᠠ᠃
     (ᠨᠢᠭᠡ) ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠨᠢᠭᠲᠠᠷᠠᠭᠤᠯᠬᠤ᠂ ᠲᠤᠶ᠋ᠢᠯ᠎ᠤᠨ ᠣᠨᠣᠪᠴᠢᠲᠠᠢ᠎ᠪᠠᠷ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠳᠤᠷ ᠬᠢᠪᠡ᠃ ᠵᠠᠰᠠᠭ᠎ᠤᠨ ᠣᠷᠳᠣᠨ᠎ᠤ᠎ᠬᠢᠨ᠎ᠤ ᠥᠷᠢ ᠲᠠᠯᠪᠢᠬᠤ ᠠᠵᠢᠯᠯᠠᠭ᠋ᠠᠨ᠎ᠢ ᠴᠢᠩᠭ᠎ᠠ ᠵᠢᠷᠤᠮᠵᠢᠭᠤᠯᠤᠨ᠂ ᠵᠠᠰᠠᠭ᠎ᠤᠨ ᠣᠷᠳᠣᠨ᠎ᠤ ᠥᠷᠢ ᠥᠭᠴᠡᠭᠡ ᠪᠥᠬᠦᠨ᠎ᠢ ᠲᠥᠰᠥᠪ᠎ᠤᠨ ᠬᠠᠮᠢᠶᠠᠷᠤᠯᠲᠠ᠎ᠳᠤ ᠣᠷᠣᠭᠤᠯᠵᠤ᠂ ᠵᠠᠰᠠᠭ᠎ᠤᠨ ᠣᠷᠳᠣᠨ᠎ᠤ᠎ᠬᠢᠨ᠎ᠤ ᠬᠡᠲᠦᠷᠬᠡᠢ ᠥᠷᠢ ᠥᠭᠴᠡᠭᠡ᠎ᠲᠠᠢ ᠨᠢᠭᠡ ᠪᠥᠯᠥᠭ ᠲᠥᠷᠥᠯ ᠵᠦᠢ᠍ᠯ ᠪᠠᠶ᠋ᠢᠭᠤᠯᠬᠤ ᠵᠢ ᠵᠤᠨᠨᠰᠤᠭ᠋ᠠᠵᠦ᠂ ᠬᠤᠶ᠋ᠢᠰᠢᠯᠠᠭᠤᠯᠤᠭᠰᠠᠨ ᠪᠠ ᠪᠠᠭ᠋ᠠᠰᠬᠠᠭᠰᠠᠨ ᠪᠠᠶ᠋ᠢᠨ᠎ᠠ᠃ ᠵᠠᠰᠠᠭ᠎ᠤᠨ ᠣᠷᠳᠣᠨ᠎ᠤ ᠳᠠᠯᠳᠠ ᠪᠠᠶ᠋ᠢᠭ᠎ᠠ ᠥᠷᠢ ᠥᠭᠴᠡᠭᠡ ᠵᠢ ᠢᠳᠡᠪᠬᠢᠲᠡᠢ ᠠᠷᠢᠯᠭ᠋ᠠᠨ᠂ ᠲᠡᠭᠦᠯᠳᠡᠷᠵᠢᠭᠦᠯᠬᠦ ᠲᠥᠰᠥᠯ ᠲᠣᠭᠲᠠᠭ᠋ᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ᠂ ᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ᠎ᠪᠠᠨ 137.2% ᠵᠶ᠋ᠠᠷ ᠪᠡᠶᠡᠯᠡᠭᠦᠯᠪᠡ᠃ ᠰᠦᠯᠵᠢᠶ᠎ᠡ᠎ᠪᠠᠷ ᠵᠢᠭᠡᠯᠡᠯᠭᠡ ᠠᠪᠬᠤ᠂ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠡᠮᠳᠡᠭᠲᠦ ᠵᠢ᠎ᠪᠠᠨ ᠳᠦᠷᠢᠮ᠎ᠠᠴᠠ ᠵᠥᠷᠢᠴᠡᠨ ᠲᠠᠷᠬᠠᠭ᠋ᠠᠬᠤ ᠲᠦᠭᠰᠢᠭᠦᠷᠢ ᠵᠢ ᠡᠮᠬᠢ ᠵᠢᠷᠤᠮ᠎ᠲᠠᠢ ᠰᠢᠢ᠍ᠳᠪᠦᠷᠢᠯᠡᠨ᠂ ᠬᠠᠤᠯᠢ ᠪᠤᠰᠤ ᠵᠢᠨ ᠮᠥᠩᠭᠦᠨ ᠭᠦᠢ᠍ᠯᠭᠡᠭᠡᠨ᠎ᠤ ᠠᠵᠢᠯᠯᠠᠭ᠎ᠠ ᠵᠢ ᠴᠡᠭᠴᠡᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ᠎ᠳᠠᠬᠢ ᠥᠨᠳᠥᠷ ᠬᠦᠦ᠎ᠲᠠᠢ ᠵᠢᠭᠡᠯᠡᠯᠭᠡ ᠵᠢᠨ ᠦᠯᠡᠳᠡᠭᠳᠡᠵᠦ ᠪᠠᠶ᠋ᠢᠭ᠎ᠠ ᠬᠡᠮᠵᠢᠶ᠎ᠡ ᠶᠡᠭᠡ᠎ᠪᠠᠷ ᠪᠠᠭᠤᠷᠠᠪᠠ᠃
      ᠲᠤᠶ᠋ᠢᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠵᠦ ᠲᠤᠶ᠋ᠢᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠭᠦᠨᠵᠡᠭᠡᠶ᠋ᠢᠷᠡᠭᠦᠯᠦᠨ ᠠᠬᠢᠭᠤᠯᠪᠠ᠃ ᠲᠣᠪᠣᠶ᠋ᠢᠮ᠎ᠠ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠶᠠᠳᠠᠭᠤ ᠵᠢ ᠲᠡᠳᠭᠦᠬᠦ ᠠᠵᠢᠯ᠎ᠤᠨ ᠬᠦᠴᠦᠯᠡᠴᠡ᠎ᠪᠠᠨ ᠨᠡᠮᠡᠭᠳᠡᠭᠦᠯᠵᠦ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭ᠋ᠠᠢ ᠲᠣᠭᠲᠠᠭ᠋ᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠵᠢ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠪᠠ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ᠎ᠬᠢᠨ᠎ᠤ ᠶᠠᠳᠠᠭᠤ ᠵᠢ ᠲᠡᠳᠬᠦᠬᠦ᠎ᠳᠤ ᠣᠷᠣᠭᠤᠯᠤᠭᠰᠠᠨ ᠪᠡᠯᠡ ᠮᠥᠩᠭᠦ 147.9 ᠳ᠋ᠦᠩᠰᠢᠭᠤᠷ ᠲᠥᠭᠦᠷᠢᠭ ᠪᠠᠶ᠋ᠢᠵᠤ᠂ 21.6% ᠨᠡᠮᠡᠭᠳᠡᠪᠡ᠃ ᠪᠡᠭᠡᠵᠢᠩ ᠥᠪᠥᠷ ᠮᠣᠩᠭᠤᠯ᠎ᠤᠨ ᠬᠤᠭᠤᠷᠤᠨᠳᠤ ᠵᠢᠨ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠢ ᠡᠬᠢᠯᠡᠭᠦᠯᠵᠦ᠂ ᠪᠡᠭᠡᠵᠢᠩ ᠬᠤᠲᠠ ᠪᠡᠯᠡ ᠮᠥᠩᠭᠦ᠂ ᠲᠥᠷᠥᠯ ᠵᠦᠢ᠍ᠯ᠂ ᠴᠢᠳᠠᠪᠤᠷᠢᠲᠠᠨ ᠵᠡᠷᠭᠡ ᠲᠠᠯ᠎ᠠ᠎ᠪᠠᠷ ᠬᠦᠴᠦᠲᠡᠢ ᠲᠡᠮᠵᠢᠯᠬᠡ ᠦᠵᠡᠬᠦᠯᠪᠡ᠃ ᠵᠢᠱ᠌ᠢᠭᠰᠡᠨ ᠵᠶ᠋ᠠᠷ ᠪᠥᠬᠦ ᠵᠢᠯ᠎ᠳᠠᠬᠢ ᠶᠠᠳᠠᠭᠤ᠎ᠠᠴᠠ ᠠᠩᠭᠢᠵᠢᠷᠠᠭᠤᠯᠤᠬᠰᠠᠨ ᠬᠥᠮᠥᠨ 23.5 ᠲᠦᠮᠡ ᠭᠠᠷᠤᠢ ᠪᠠᠶ᠋ᠢᠵᠤ᠂ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ᠎ᠢ ᠶᠠᠳᠠᠭᠤ ᠬᠦᠴᠢᠷᠳᠡᠯᠲᠡᠢ ᠵᠢᠨ ᠲᠣᠭ᠋ᠠᠨ᠎ᠠᠴᠠ ᠬᠠᠰᠤᠵᠤ ᠭᠠᠷᠭ᠋ᠠᠪᠠ᠃
      ᠪᠣᠬᠢᠷᠳᠤᠯ᠎ᠢ ᠰᠡᠷᠭᠡᠶ᠋ᠢᠯᠡᠨ ᠵᠠᠰᠠᠬᠤ᠎ᠪᠠᠨ ᠴᠢᠩᠭ᠋ᠠᠳᠬᠠᠨ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠵᠢᠴᠢ 《ᠪᠤᠴᠠᠵᠤ ᠪᠠᠶ᠋ᠢᠴᠠᠭ᠋ᠠᠨ ᠦᠵᠡᠬᠦ》᠎ᠳᠤ ᠳᠤᠷᠠᠳᠤᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠪᠠᠨ ᠦᠷᠭᠦᠯᠵᠢᠯᠡᠨ ᠠᠬᠢᠭᠤᠯᠵᠤ᠂ ᠬᠥᠬᠡ ᠣᠭᠲᠠᠷᠭᠤᠢ ᠬᠥᠬᠡᠮᠳᠦᠭ ᠤᠰᠤ ᠥᠩ ᠰᠢᠮᠡᠯᠢᠭ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠡᠷᠴᠢᠮᠲᠡᠢ ᠰᠠᠶ᠋ᠢᠨ ᠬᠢᠪᠡ᠃ ᠠᠭ᠋ᠠᠷ ᠮᠠᠨᠳᠠᠯ᠎ᠤᠨ ᠪᠣᠭᠢᠷᠳᠤᠯ᠎ᠢ ᠰᠡᠷᠭᠡᠶ᠋ᠢᠯᠡᠨ ᠵᠠᠰᠠᠬᠤ ᠳᠦᠷᠢᠮ᠎ᠢ ᠲᠣᠭᠲᠠᠭ᠋ᠠᠪᠠ᠃ ᠪᠥᠬᠦ ᠣᠷᠣᠨ᠎ᠤ ᠠᠭ᠋ᠠᠷ᠎ᠤᠨ ᠴᠢᠨᠠᠷ ᠴᠢᠨᠰᠠᠭ᠎ᠠ ᠵᠢᠨ ᠪᠠᠷᠢᠮᠵᠢᠶ᠎ᠠ᠎ᠳᠤ ᠬᠦᠷᠦᠭᠰᠡᠨ ᠳᠤᠮᠳᠠᠴᠢ ᠡᠳᠦᠷ᠎ᠤᠨ ᠬᠠᠷᠢᠴᠠᠯ 83.6% ᠪᠠᠶ᠋ᠢᠵᠤ᠂ ᠨᠠᠷᠢᠨ ᠮᠥᠬᠦᠯᠢᠭᠲᠦ ᠪᠤᠳᠠᠰ (PM 2.5)᠎ᠤᠨ ᠥᠳᠬᠡᠴᠡ 3.1% ᠪᠠᠭᠤᠷᠠᠪᠠ᠃ ᠬᠥᠯᠥᠨ ᠨᠠᠭᠤᠷ᠂ ᠳᠠᠭ᠎ᠠ ᠵᠢᠨ ᠨᠠᠭᠤᠷ ᠪᠠ ᠤᠯᠠᠭ᠋ᠠᠨᠰᠦᠬᠠᠢ ᠵᠢ ᠶᠡᠷᠦᠩᠬᠡᠶ᠋ᠢᠯᠡᠨ ᠵᠠᠰᠠᠬᠤ ᠠᠵᠢᠯ᠎ᠢ ᠦᠷᠬᠦᠯᠵᠢᠯᠡᠨ ᠠᠬᠢᠭᠤᠯᠵᠤ᠂ ᠬᠦᠯᠦᠨ ᠨᠠᠭᠤᠷ᠎ᠤᠨ ᠤᠰᠤᠨ᠎ᠤ ᠲᠠᠯᠠᠪᠠᠢ ᠥᠷᠭᠡᠵᠢᠨ᠂ ᠲᠠᠭ᠎ᠠ ᠵᠢᠨ ᠨᠠᠭᠤᠷ᠎ᠤᠨ ᠤᠰᠤᠨ ᠲᠦᠪᠰᠢᠨ ᠲᠤᠷᠤᠬᠰᠢᠯᠠᠬᠤ ᠬᠠᠨᠳᠤᠰᠢ ᠨᠠᠮᠳᠠᠵᠦ᠂ ᠤᠯᠠᠭ᠋ᠠᠨᠰᠤᠬᠠᠢ ᠵᠢᠨ ᠰᠠᠪᠠ ᠭᠠᠵᠠᠷ ᠵᠶ᠋ᠠᠨ ᠦᠩᠵᠢᠭᠦᠯᠦᠨ ᠰᠡᠷᠭᠦᠭᠡᠬᠦ ᠢᠨᠵᠧᠨᠧᠷᠢᠩ᠎ᠢ ᠤᠯᠤᠰ᠎ᠤᠨ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠵᠤ ᠦᠩᠵᠢᠭᠦᠯᠦᠨ ᠰᠡᠷᠭᠦᠭᠡᠬᠦ ᠭᠤᠷᠪᠠᠳᠠᠬᠢ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠣᠷᠣᠭᠤᠯᠪᠠ᠃ ᠬᠦᠷᠦᠰᠦ ᠰᠢᠷᠣᠢ ᠵᠢᠨ ᠪᠣᠬᠢᠷᠲᠤᠭᠰᠠᠨ ᠪᠠᠶ᠋ᠢᠳᠠᠯ᠎ᠳᠤ ᠨᠠᠷᠢᠨ ᠪᠠᠶ᠋ᠢᠴᠠᠭ᠋ᠠᠯᠲᠠ ᠬᠢᠬᠦ ᠠᠵᠢᠯ᠎ᠢ ᠥᠷᠨᠢᠭᠦᠯᠦᠨ᠂ ᠬᠢᠮᠢ ᠵᠢᠨ ᠪᠣᠷᠳᠣᠭᠤᠷ᠂ ᠲᠠᠷᠢᠶᠠᠨ᠎ᠤ ᠡᠮ᠎ᠤᠨ ᠬᠡᠷᠡᠭᠯᠡᠬᠦ ᠬᠡᠮᠵᠢᠶ᠎ᠡ ᠵᠢ ᠰᠦᠭᠡᠷᠬᠦ ᠨᠡᠮᠡᠭᠳᠡᠯ᠎ᠲᠠᠢ ᠪᠠᠶ᠋ᠢᠬᠤ ᠵᠢ ᠠᠩᠬ᠎ᠠ ᠤᠳᠠᠭ᠎ᠠ ᠪᠡᠶᠡᠯᠡᠭᠦᠯᠵᠦ᠂ ᠲᠠᠷᠢᠶᠠᠯᠠᠩ᠎ᠤᠨ ᠣᠯᠠᠨ ᠡᠬᠢᠲᠦ ᠪᠤᠬᠢᠷᠳᠤᠯ᠎ᠢ ᠪᠦᠲᠦᠮᠵᠢᠲᠡᠢ ᠡᠷᠬᠡᠰᠢᠶᠡᠪᠡ᠃ ᠦᠬᠠᠢ ᠵᠢᠨ ᠯᠦᠨᠭᠴᠠᠩ ᠨᠡᠭᠦᠷᠡᠰᠦᠨ ᠠᠭᠤᠷᠬᠠᠢ ᠵᠢᠨ ᠲᠣᠭᠤᠷᠢᠭ᠎ᠲᠠᠬᠢ ᠣᠷᠴᠢᠨ ᠲᠣᠭᠤᠷᠢᠨ᠎ᠤ ᠪᠣᠬᠢᠷᠲᠣᠯ᠎ᠢ ᠶᠡᠷᠦᠩᠬᠡᠶ᠋ᠢᠯᠡᠨ ᠴᠡᠭᠴᠡᠯᠡᠵᠦ ᠵᠠᠰᠠᠬᠤ ᠠᠵᠢᠯ ᠵᠶ᠋ᠠᠨ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠲᠣᠭᠤᠷᠢᠨ᠎ᠢ ᠵᠠᠰᠠᠬᠤ ᠪᠠ ᠦᠷᠬᠦᠯᠵᠢᠯᠡᠨ ᠬᠥᠭᠵᠢᠭᠦᠯᠬᠦ ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠪᠠ᠃
      ᠠᠮᠢ ᠠᠬᠤᠢ ᠵᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠠᠬᠢᠭᠤᠯᠤᠨ᠂ ᠣᠢ ᠰᠢᠭᠤᠢ ᠵᠢᠨ ᠪᠦᠷᠬᠦᠴᠡ 22.1%᠎ᠳᠤ ᠬᠦᠷᠪᠡ᠃ ᠷᠠᠰᠢᠶᠠᠨ ᠬᠤᠲᠠ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠲᠠ᠎ᠪᠠᠷ ᠴᠣᠯᠠᠯᠠᠭᠳᠠᠵᠤ᠂ ᠬᠥᠪᠴᠢ ᠡᠯᠡᠰᠦᠨ᠎ᠤ ᠢ ᠯᠢ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠲᠣᠭᠤᠷᠢᠭ ᠪᠥᠬᠦ ᠤᠯᠤᠰ᠎ᠤᠨ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ》 ᠬᠡᠮᠡᠬᠦ ᠦᠢ᠍ᠯᠡᠳᠦᠯᠭᠡ᠎ᠪᠠᠷ ᠰᠢᠨ᠎ᠡ ᠵᠢ ᠡᠭᠦᠳᠬᠦ ᠰᠠᠭᠤᠷᠢᠨ ᠭᠠᠵᠠᠷ ᠵᠶ᠋ᠠᠷ ᠨᠡᠷᠡᠯᠡᠭᠳᠡᠪᠡ᠃ ᠣᠢ ᠰᠢᠭᠤᠢ ᠪᠣᠯᠣᠨ ᠪᠡᠯᠴᠢᠭᠡᠷ᠎ᠢ ᠰᠦᠢ᠍ᠳᠬᠡᠵᠦ ᠠᠲᠠᠷ ᠬᠠᠭ᠋ᠠᠯᠪᠤᠷᠢᠯᠠᠬᠰᠠᠨ᠂ ᠪᠠᠶ᠋ᠢᠭ᠋ᠠᠯᠢ ᠵᠢᠨ ᠳᠠᠷᠬᠠᠨ ᠣᠷᠣᠨ᠎ᠳᠤ ᠬᠠᠤᠯᠢ ᠪᠣᠯᠣᠨ ᠲᠣᠭᠲᠠᠭ᠋ᠠᠯ᠎ᠢ ᠵᠥᠷᠢᠴᠡᠨ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠤᠭᠰᠠᠨ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠨᠡᠭᠡᠭᠡᠯᠲᠡ ᠬᠢᠬᠦ᠎ᠪᠠᠷ ᠬᠤᠪᠢ᠎ᠪᠠᠷ ᠵᠶ᠋ᠠᠨ ᠪᠠ ᠳᠤᠷ᠎ᠠ᠎ᠪᠠᠷ ᠪᠠᠷᠢᠵᠤ ᠪᠠᠶ᠋ᠢᠭᠤᠯᠤᠭᠰᠠᠨ ᠵᠡᠷᠭᠡ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠵᠦ ᠵᠠᠰᠠᠪᠠ᠃ ᠨᠠᠮ ᠵᠠᠰᠠᠭ᠎ᠤᠨ ᠤᠳᠤᠷᠢᠳᠬᠤ ᠺᠠᠳ᠋ᠷ᠎ᠠᠴᠠ ᠠᠮᠢ ᠠᠬᠤᠢ ᠵᠢᠨ ᠣᠷᠴᠢᠨ ᠲᠣᠭᠤᠷᠢᠨ ᠡᠪᠳᠡᠭᠳᠡᠭᠰᠡᠨ ᠬᠠᠷᠢᠭᠤᠴᠠᠯᠭ᠎ᠠ ᠨᠡᠬᠡᠮᠵᠢᠯᠡᠬᠦ᠂ ᠭᠤᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠳᠠᠬᠢ ᠠᠵᠣ ᠦᠢ᠍ᠯᠡᠰ᠎ᠤᠨ ᠵᠥᠪᠰᠢᠶᠡᠷᠡᠨ ᠣᠷᠣᠭᠤᠯᠬᠤ᠎ᠳᠤ ᠬᠤᠷᠢᠭ᠎ᠠ᠎ᠲᠠᠢ ᠵᠦᠢ᠍ᠯᠡᠰ᠎ᠤᠨ ᠨᠠᠷᠢᠨ ᠳᠠᠩᠰᠠ ᠵᠡᠷᠭᠡ ᠳᠦᠷᠢᠮ᠎ᠢ ᠲᠡᠭᠦᠯᠳᠡᠷᠵᠢᠭᠦᠯᠪᠡ᠃ ᠭᠤᠣᠯ ᠮᠦᠷᠡᠨ ᠨᠠᠭᠤᠷ ᠴᠦᠬᠦᠷᠦᠮ᠎ᠤᠨ ᠠᠵᠢᠯ᠎ᠳᠤ ᠬᠠᠷᠢᠭᠤᠴᠠᠬᠤ ᠠᠬᠠᠯᠠᠭᠴᠢ ᠵᠢᠨ ᠳᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠪᠠ᠃ ᠲᠥᠯᠥᠪᠯᠡᠪᠡᠰᠦ ᠵᠣᠬᠢᠬᠤ ᠵᠢ᠎ᠨᠢ ᠭᠦᠢ᠍ᠴᠡᠳ ᠲᠥᠯᠥᠪᠯᠡᠬᠦ᠂ ᠪᠠᠲᠤᠯᠠᠬᠤ ᠵᠢ᠎ᠨᠢ ᠭᠦᠢ᠍ᠴᠡᠳ ᠪᠠᠲᠤᠯᠠᠬᠤ ᠵᠢ ᠪᠠᠷᠢᠮᠲᠠᠯᠠᠵᠤ᠂ ᠠᠮᠢ ᠠᠬᠤᠢ ᠵᠢ ᠬᠠᠮᠠᠭ᠋ᠠᠯᠠᠬᠤ ᠤᠯᠠᠭ᠋ᠠᠨ ᠱᠤᠭᠤᠮ᠎ᠢ ᠬᠤᠪᠢᠶᠠᠷᠢᠯᠠᠨ ᠲᠣᠭᠲᠠᠭ᠋ᠠᠬᠤ ᠲᠥᠰᠥᠯ ᠵᠶ᠋ᠠᠨ ᠨᠠᠶ᠋ᠢᠷᠠᠭᠤᠯᠤᠨ ᠵᠣᠬᠢᠶᠠᠵᠤ ᠳᠠᠭᠤᠰᠬᠠᠪᠠ᠃
     (ᠬᠤᠶᠠᠷ) ᠬᠠᠩᠭ᠋ᠠᠯᠭ᠎ᠠ ᠵᠢᠨ ᠲᠠᠯ᠎ᠠ᠎ᠳᠠᠬᠢ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠱᠤᠭᠤᠮ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠦᠷ᠎ᠤᠨ ᠵᠠᠯᠭ᠋ᠠᠯᠳᠤᠨ ᠰᠣᠯᠢᠭᠳᠠᠬᠤ ᠵᠢ ᠲᠦᠷᠭᠡᠳᠬᠡᠪᠡ᠃ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠠᠷᠭ᠎ᠠ ᠪᠠᠷᠢᠯ ᠵᠶ᠋ᠠᠷ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠮᠵᠢ ᠵᠢ ᠨᠠᠮᠳᠠᠭ᠋ᠠᠨ ᠠᠷᠢᠯᠭ᠋ᠠᠵᠤ᠂ 《13 · 5》 ᠵᠢᠨ ᠲᠥᠯᠥᠪᠵᠢᠭᠦᠯᠭᠡ᠎ᠳᠠᠬᠢ ᠪᠣᠯᠣᠳ ᠲᠡᠮᠦᠷ᠂ ᠨᠡᠭᠦᠷᠡᠰᠦᠨ᠎ᠤ ᠠᠵᠢᠯ ᠲᠥᠷᠥᠯ᠎ᠤᠨ᠎ᠬᠢᠨ᠎ᠤ ᠦᠢ᠍ᠯᠡᠳᠪᠦᠷᠢᠯᠡᠬᠦ ᠴᠢᠳᠠᠮᠵᠢ ᠵᠢ᠎ᠨᠢ ᠦᠭᠡᠶ᠋ᠢᠰᠬᠡᠬᠦ ᠡᠭᠦᠷᠭᠡ ᠵᠢ ᠤᠷᠢᠳᠴᠢᠯᠠᠨ ᠪᠡᠶᠡᠯᠡᠭᠦᠯᠵᠦ᠂ 《ᠦᠬᠦᠰᠢᠷᠡᠮᠡᠯ ᠠᠵᠤ ᠠᠬᠤᠶ᠋ᠢᠯᠠᠯ》᠎ᠢ ᠲᠦᠷᠭᠡᠳᠬᠡᠨ ᠴᠡᠪᠡᠷᠯᠡᠪᠡ᠃ ᠭᠠᠶ᠋ᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠵᠠᠬ᠎ᠠ ᠳᠡᠯᠭᠡᠭᠦᠷ᠎ᠤᠨ ᠭᠤᠣᠯ ᠴᠤᠭᠴᠠ᠎ᠳᠤ ᠭᠠᠶ᠋ᠢᠯᠢ ᠵᠠᠷᠤᠳᠠᠯ᠎ᠤᠨ ᠳᠠᠷᠤᠭ᠋ᠠᠰᠤ ᠵᠢ ᠨᠡᠶ᠋ᠢᠲᠡ 1000 ᠳ᠋ᠦᠩᠰᠢᠭᠤᠷ ᠢᠯᠡᠭᠦᠦ ᠲᠥᠭᠦᠷᠢᠭ ᠬᠠᠰᠤᠵᠤ ᠬᠥᠩᠭᠡᠯᠡᠭᠰᠡᠨ ᠪᠠᠶ᠋ᠢᠨ᠎ᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠰᠢᠭ ᠣᠯᠵᠠᠪᠤᠷᠢ 7.1% ᠨᠡᠮᠡᠭᠳᠡᠵᠦ᠂ ᠡᠳ᠋ ᠬᠥᠷᠥᠩᠭᠡ ᠵᠢᠨ ᠥᠷᠢᠲᠦᠯ 0.7 ᠵᠠᠭᠤᠨ᠎ᠤ ᠴᠡᠭ ᠪᠠᠭᠤᠷᠠᠪᠠ᠃ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠵᠤ᠂ ᠨᠡᠭᠦᠷᠡᠰᠦ᠂ ᠬᠤᠪᠣᠷ ᠰᠢᠷᠣᠢ ᠵᠢ ᠤᠯᠠᠷᠢᠭᠤᠯᠤᠭᠰᠠᠨ ᠨᠣᠷᠮ᠎ᠠ ᠲᠤᠰ ᠲᠤᠰ 38.4% ᠪᠠ 80.6%᠎ᠳᠤ ᠬᠦᠷᠪᠡ᠃ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠥᠪᠥᠷ ᠮᠣᠩᠭᠤᠯ᠎ᠤᠨ ᠣᠯᠠᠨ ᠤᠯᠤᠰ᠎ᠤᠨ ᠡᠨᠧᠷᠭᠢ ᠵᠢᠨ ᠶᠡᠭᠡ ᠬᠤᠷᠠᠯ ᠡᠷᠬᠢᠯᠡᠬᠦ ᠵᠢ ᠳᠡᠮᠵᠢᠪᠡ᠃ ᠮᠦᠩᠭᠦᠨ ᠭᠦᠢ᠍ᠯᠭᠡᠭᠡ᠂ ᠪᠠᠷᠠᠭ᠋ᠠᠨ᠎ᠤ ᠭᠦᠢ᠍ᠯᠭᠡᠭᠡᠨ᠂ ᠮᠡᠳᠡᠭᠡ ᠵᠠᠩᠭᠢ ᠵᠡᠷᠭᠡ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ᠎ᠤᠨ ᠲᠤᠭ᠎ᠠ ᠪᠣᠯᠣᠨ ᠵᠢᠭᠤᠯᠴᠢᠯᠠᠯ᠎ᠤᠨ ᠦᠢ᠍ᠯᠡᠰ᠎ᠤᠨ ᠣᠷᠣᠯᠭ᠎ᠠ ᠠᠷᠪᠠᠨ ᠵᠢᠯ ᠳᠠᠷᠠᠭ᠋ᠠᠯᠠᠨ ᠬᠤᠶᠠᠷ ᠣᠷᠣᠨᠲᠤ᠎ᠪᠠᠷ ᠨᠡᠮᠡᠭᠳᠡᠪᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠡᠯᠡ ᠮᠥᠩᠭᠦ ᠵᠢᠨ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠪᠠ᠃ ᠣᠷᠣᠨ ᠪᠦᠰᠡ ᠵᠢᠨ ᠰᠲ᠋ᠣᠺ᠎ᠤᠨ ᠡᠷᠬᠡ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠠᠮᠪᠠᠷ᠎ᠠ ᠵᠢ ᠪᠠᠶ᠋ᠢᠭᠤᠯᠪᠠ᠃ ᠲᠤᠰᠬᠠᠢ ᠠᠰᠢᠭ ᠭᠤᠶᠤᠴᠢᠯᠠᠬᠤ ᠪᠠ ᠡᠷᠬᠡ ᠣᠯᠭᠤᠭᠰᠠᠨ ᠬᠡᠮᠵᠢᠶ᠎ᠡ ᠲᠤᠰ ᠲᠤᠰ 40.4% ᠪᠠ 53.5% ᠨᠡᠮᠡᠭᠳᠡᠪᠡ᠃ ᠠᠵᠤ ᠠᠬᠤᠶ᠋ᠢᠯᠠᠯ᠎ᠤᠨ ᠮᠡᠷᠭᠡᠵᠢᠯ ᠵᠶ᠋ᠠᠨ ᠥᠭᠡᠷᠡᠴᠢᠯᠠᠨ ᠰᠢᠨᠡᠳᠭᠡᠬᠦ᠂ ᠣᠶᠤᠨᠴᠢ ᠪᠠ ᠪᠣᠬᠢᠷᠳᠣᠯ ᠦᠭᠡᠢ᠎ᠪᠠᠷ ᠦᠢ᠍ᠯᠡᠳᠬᠦ ᠵᠢᠨ ᠵᠢᠱ᠌ᠢᠶ᠎ᠡ ᠦᠵᠡᠭᠦᠯᠬᠦ 127 ᠲᠥᠷᠥᠯ ᠵᠦᠢ᠍ᠯ᠎ᠢ ᠳᠡᠮᠵᠢᠪᠡ᠃ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠤᠭᠤᠯᠤᠯᠲᠠ 20% ᠨᠡᠮᠡᠭᠳᠡᠪᠡ᠃
      ᠰᠠᠭᠤᠷᠢ ᠪᠡᠯᠡᠳᠬᠡᠮᠵᠢ ᠵᠢᠨ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠲᠦᠩᠯᠢᠶᠣᠤ᠎ᠠᠴᠠ ᠪᠡᠭᠡᠵᠢᠩ ᠪᠣᠯᠣᠨ ᠮᠥᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠬᠤᠯᠪᠣᠭ᠋ᠠᠰᠤ ᠱᠤᠭᠤᠮ᠎ᠢ ᠪᠠᠶ᠋ᠢᠭᠤᠯᠵᠤ ᠳᠠᠭᠤᠰᠬᠠᠨ ᠭᠠᠯᠲᠤ ᠲᠡᠷᠭᠡ ᠨᠡᠪᠲᠡᠷᠡᠭᠦᠯᠵᠦ᠂ ᠤᠯᠠᠭ᠋ᠠᠨᠬᠠᠳᠠ᠎ᠠᠴᠠ ᠪᠡᠭᠡᠵᠢᠩ ᠪᠣᠯᠣᠨ ᠮᠥᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠬᠤᠯᠪᠣᠭ᠋ᠠᠰᠤ ᠱᠤᠭᠤᠮ᠎ᠤᠨ ᠵᠠᠮ ᠲᠠᠮᠦᠷ ᠳᠡᠪᠢᠰᠬᠦ ᠱᠠᠲᠤᠨ᠎ᠳᠤ ᠣᠷᠣᠪᠠ᠃ 3200 ᠭᠠᠷᠤᠢ ᠺᠢᠯᠣᠮᠧᠲᠷ ᠵᠠᠰᠠᠮᠠᠯ ᠵᠠᠮ᠎ᠢ ᠰᠢᠨ᠎ᠡ᠎ᠪᠠᠷ ᠳᠡᠪᠢᠰᠴᠦ᠂ ᠪᠥᠬᠦ ᠭᠠᠵᠠᠷ᠎ᠤᠨ ᠤᠷᠲᠤ 20 ᠲᠦᠮᠡᠨ ᠺᠢᠯᠤᠮᠧᠲᠷ᠎ᠢ ᠳᠠᠪᠠᠵᠤ᠂ ᠪᠥᠬᠦ ᠣᠷᠣᠨ᠎ᠳᠠᠬᠢ ᠨᠢᠭᠡᠳᠦᠭᠡᠷ ᠳᠡᠰ᠎ᠤᠨ ᠪᠤᠶᠤ ᠳᠡᠭᠡᠳᠦ ᠬᠤᠷᠳᠤ ᠵᠢᠨ ᠵᠠᠰᠠᠮᠠᠯ ᠵᠠᠮ ᠨᠡᠪᠲᠡᠷᠡᠭᠰᠡᠨ ᠬᠤᠰᠢᠭᠤ ᠰᠢᠶᠠᠨ (ᠬᠤᠲᠠ᠂ ᠲᠣᠭᠤᠷᠢᠭ) 101 ᠪᠣᠯᠪᠠ᠃ 《ᠳᠦᠷᠪᠡᠨ ᠰᠠᠶ᠋ᠢᠲᠠᠢ ᠬᠦᠳᠡᠭᠡ ᠲᠣᠰᠬᠤᠨ᠎ᠤ ᠵᠠᠮ》᠎ᠢ 6800 ᠺᠢᠯᠤᠮᠧᠲᠷ ᠳᠡᠪᠢᠰᠴᠦ ᠳᠠᠭᠤᠰᠬᠠᠪᠠ᠃ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ 2 ᠨᠡᠮᠡᠭᠳᠡᠪᠡ᠃ ᠲᠡᠭᠷᠢᠯᠢᠭ ᠬᠥᠪᠡᠭᠦᠨ ᠠᠭ᠋ᠠᠷ ᠠᠶᠠᠯᠠᠯ᠎ᠤᠨ ᠺᠣᠮᠫᠠᠨᠢ ᠵᠢ ᠪᠠᠶ᠋ᠢᠭᠤᠯᠤᠨ᠂ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠨᠢᠰᠬᠡᠯ᠎ᠤᠨ ᠪᠦᠯᠦᠭᠯᠡᠯ᠎ᠲᠠᠢ ᠬᠠᠮᠲᠤᠷᠠᠨ ᠠᠵᠢᠯᠯᠠᠵᠤ᠂ ᠤᠯᠤᠰ᠎ᠲᠤ᠎ᠪᠠᠨ ᠦᠢ᠍ᠯᠡᠳᠪᠦᠷᠢᠯᠡᠭᠰᠡᠨ ᠰᠠᠯᠪᠤᠷᠢ ᠱᠤᠭᠤᠮ᠎ᠤᠨ ᠠᠶᠠᠨᠴᠢᠨ᠎ᠤ ᠨᠢᠰᠬᠡᠯ᠎ᠢ ᠬᠤᠳᠠᠯᠳᠤᠨ ᠠᠪᠴᠤ᠂ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ ᠵᠢᠩᠬᠢᠨᠢ᠎ᠪᠠᠷ ᠲᠠᠭᠡᠭᠡᠪᠦᠷᠢᠯᠡᠨ ᠠᠵᠢᠯᠯᠠᠭᠤᠯᠤᠨ᠎ᠠ᠃ ᠵᠠᠯᠠᠨ ᠠᠶ᠋ᠢᠯ᠎ᠳᠤ ᠳᠤᠮᠳᠠᠳᠤ ᠤᠯᠤᠰ᠎ᠤᠨ ᠠᠷᠠᠳ᠎ᠤᠨ ᠠᠭ᠋ᠠᠷ ᠠᠶᠠᠯᠠᠯ᠎ᠤᠨ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠨᠢᠰᠭᠡᠭᠴᠢ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠪᠠ᠃
     (ᠭᠤᠷᠪᠠ) ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ᠎ᠢ ᠡᠩ ᠲᠡᠷᠢᠭᠦᠨ᠎ᠳᠤ ᠬᠥᠭᠵᠢᠭᠦᠯᠬᠦ ᠵᠢ ᠪᠠᠷᠢᠮᠲᠠᠯᠠᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠰᠠᠶ᠋ᠢᠨ ᠡᠬᠢᠯᠡᠯᠲᠡ᠎ᠲᠠᠢ ᠪᠣᠯᠭ᠋ᠠᠪᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠬᠦ ᠰᠠᠨᠠᠯ ᠪᠣᠯᠣᠨ ᠲᠥᠯᠥᠪᠵᠢᠭᠦᠯᠭᠡ ᠵᠢ ᠲᠣᠭᠲᠠᠭ᠋ᠠᠨ ᠨᠡᠶ᠋ᠢᠲᠡᠯᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 304 ᠲᠦᠮᠡᠨ ᠮᠦ᠍ ᠭᠠᠷᠭ᠋ᠠᠵᠤ᠂ ᠥᠨᠳᠥᠷ ᠪᠦᠲᠦᠮᠵᠢᠲᠡᠢ᠎ᠪᠠᠷ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ ᠵᠢ 234 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠂ ᠲᠠᠷᠢᠮᠠᠯ᠎ᠤᠨ ᠵᠦᠢ᠍ᠯ᠎ᠤᠨ ᠶᠡᠷᠦᠩᠬᠡᠶ᠋ᠢᠯᠡᠨ ᠮᠠᠰᠢᠨᠴᠢᠯᠠᠭᠰᠠᠨ ᠬᠢᠷᠢ ᠲᠦᠪᠰᠢᠨ 84% ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭ᠋ᠠᠨ᠎ᠤ ᠶᠡᠷᠦᠩᠬᠡᠢ ᠤᠨᠠᠯᠲᠠ 3553 ᠲᠦᠮᠡᠨ ᠲᠣᠨ᠎ᠳᠤ ᠬᠦᠷᠪᠡ᠃ ᠲᠠᠷᠢᠶᠠᠯᠠᠬᠤ ᠮᠠᠯᠵᠢᠬᠤ ᠣᠷᠣᠨ᠎ᠤ ᠭᠠᠵᠠᠷ ᠰᠢᠷᠤᠢ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠲᠤᠳᠤᠯᠠᠨ ᠲᠣᠭᠲᠠᠭ᠋ᠠᠬᠤ ᠪᠠ ᠳᠠᠩᠰᠠᠯᠠᠨ ᠲᠡᠮᠲᠡᠭᠯᠡᠵᠦ ᠦᠨᠡᠮᠯᠡᠯ ᠣᠯᠭᠤᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠪᠡ᠃ ᠰᠢᠨ᠎ᠡ ᠬᠡᠯᠪᠡᠷᠢ ᠪᠦᠬᠦᠢ ᠡᠵᠡᠩᠨᠡᠯᠲᠡ ᠵᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭ᠋ᠠᠶ᠋ᠢᠷᠠᠵᠤ᠂ ᠲᠠᠷᠢᠶᠠᠯᠠᠩ ᠮᠠᠯ ᠠᠵᠤ ᠠᠬᠤᠢ ᠪᠣᠯᠣᠨ ᠠᠵᠤ ᠠᠬᠤᠶ᠋ᠢᠯᠠᠯ᠎ᠤᠨ ᠠᠰᠢᠭ ᠲᠤᠰᠠ ᠵᠢ᠎ᠪᠠᠨ ᠨᠢᠭᠲᠠ ᠬᠡᠯᠪᠡᠷᠢ᠎ᠲᠠᠢ᠎ᠪᠠᠷ ᠬᠤᠯᠪᠣᠭᠳᠠᠭᠤᠯᠤᠭᠰᠠᠨ ᠬᠠᠷᠢᠴᠠᠯ 50%᠎ᠳᠤ ᠬᠦᠷᠪᠡ᠃ ᠠᠹᠷᠢᠺᠠ ᠵᠢᠨ ᠭᠠᠭ᠍ᠠᠢ ᠵᠢᠨ ᠬᠢᠵᠢᠭ ᠵᠡᠷᠭᠡ ᠠᠮᠢᠲᠠᠨ᠎ᠤ ᠬᠦᠨᠳᠦ ᠬᠡᠴᠡᠭᠦᠦ ᠭᠡᠮ ᠬᠢᠵᠢᠭ᠎ᠤᠨ ᠪᠠᠶ᠋ᠢᠳᠠᠯ᠎ᠢ ᠪᠦᠲᠦᠮᠵᠢᠲᠡᠢ ᠡᠷᠬᠡᠰᠢᠶᠡᠪᠡ᠃ 《ᠬᠦᠯᠡᠮᠵᠢ᠎ᠲᠠᠢ ᠲᠦᠬᠦᠷᠵᠢᠭᠦᠯᠦᠭᠰᠡᠨ ᠭᠡᠷ ᠪᠠᠶ᠋ᠢᠰᠢᠩ》᠎ᠢ ᠠᠷᠢᠯᠭ᠋ᠠᠨ ᠴᠡᠭᠴᠡᠯᠡᠬᠦ ᠠᠵᠢᠯ᠎ᠢ ᠦᠷᠨᠢᠭᠦᠯᠪᠡ᠃
      ᠮᠠᠯᠵᠢᠬᠤ ᠲᠠᠷᠢᠶᠠᠯᠠᠬᠤ ᠤᠷᠤᠨ᠎ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ᠎ᠳᠤ ᠴᠡᠭᠴᠡᠯᠡᠨ ᠵᠠᠰᠠᠬᠤ ᠠᠵᠢᠯᠯᠠᠭ᠎ᠠ ᠵᠢ ᠬᠡᠷᠡᠭᠵᠢᠬᠦᠯᠵᠦ᠂ ᠠᠷᠢᠭᠤᠨ ᠴᠡᠪᠡᠷ ᠵᠤᠷᠯᠤᠩ᠂ ᠠᠮᠢᠳᠤᠷᠠᠯ᠎ᠤᠨ ᠬᠤᠭ ᠨᠤᠪᠰᠢ᠂ ᠪᠤᠬᠢᠷ ᠤᠰᠤ ᠵᠢ ᠰᠶ᠋ᠢᠳᠪᠦᠷᠢᠯᠡᠬᠦ᠎ᠳᠤ ᠪᠦᠲᠦᠭᠡᠨ ᠪᠠᠶ᠋ᠢᠭᠤᠯᠬᠤ ᠲᠤᠷᠰᠢᠯᠳᠠ ᠵᠢᠨ ᠴᠡᠭ᠎ᠢ ᠦᠷᠨᠢᠬᠦᠯᠵᠦ᠂ ᠡᠯ᠎ᠡ ᠲᠦᠷᠦᠯ᠎ᠤᠨ ᠠᠷᠢᠭᠤᠨ ᠴᠡᠪᠡᠷ ᠵᠤᠷᠯᠤᠩ᠎ᠢ 4 ᠲᠦᠮᠡ ᠭᠠᠷᠤᠢ ᠪᠠᠶ᠋ᠢᠭᠤᠯᠪᠠ᠃ ᠲᠤᠰᠬᠤᠨ ᠪᠦᠷᠢ᠎ᠳᠤ ᠷᠠᠳᠢᠤ᠋ ᠲᠧᠯᠧᠢ᠍ᠰ ᠨᠡᠪᠳᠡᠷᠡᠵᠦ ᠪᠠᠢ᠍ᠢ᠍ᠬᠰᠠᠨ᠎ᠠᠴᠠ ᠡᠷᠦᠬᠡ ᠪᠤᠯᠭ᠋ᠠᠨ᠎ᠳᠤ ᠨᠡᠪᠳᠡᠷᠡᠬᠦ ᠲᠡᠢ᠍ᠢ᠍ᠰᠢ ᠲᠡᠰ ᠲᠡᠪᠰᠢᠬᠦ ᠵᠢ ᠪᠡᠶᠡᠯᠡᠬᠦᠯᠵᠦ᠂ 98%᠎ᠠᠴᠠ ᠲᠡᠬᠡᠭᠰᠢᠬᠢ ᠵᠠᠰᠠᠭ ᠵᠠᠬᠢᠷᠭ᠋ᠠᠨ᠎ᠤ ᠲᠤᠰᠬᠤᠨ᠎ᠳᠤ ᠬᠡᠷᠡᠯᠯᠢᠭ ᠰᠢᠷᠬᠡᠭ᠎ᠤᠨ ᠦᠷᠬᠡᠨ ᠪᠦᠰᠡᠳᠦ ᠰᠦᠯᠵᠢᠶ᠎ᠡ

ᠣᠷᠣᠭᠤᠯᠪᠠ᠃
     (ᠲᠦᠷᠪᠡ) ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ ᠨᠡᠬᠡᠬᠡᠯᠳᠡ ᠬᠢᠬᠦ ᠵᠢ ᠦᠷᠬᠡᠳᠬᠡᠬᠦ ᠵᠢ ᠪᠠᠷᠢᠮᠳᠠᠯᠠᠵᠦ᠂ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠠᠮᠢᠵᠢᠷᠠᠯ᠎ᠤᠨ ᠭᠦᠴᠦᠨ᠎ᠢ ᠭᠦᠭᠵᠢᠬᠡᠪᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠡᠯᠳᠡ ᠵᠢ ᠭᠦᠨᠵᠡᠬᠡᠢ ᠠᠬᠢᠭᠤᠯᠵᠦ᠂ ᠲᠦᠷᠦᠯ ᠵᠦᠢ᠍ᠯ᠎ᠢ ᠬᠢᠨᠠᠨ ᠵᠦᠪᠰᠢᠶᠡᠷᠡᠬᠦ ᠪᠠ ᠠᠵᠦ ᠠᠬᠤᠶ᠋ᠢᠯᠠᠯ ᠨᠡᠬᠡᠬᠡᠨ ᠡᠷᠬᠢᠯᠡᠬᠦ ᠴᠠᠭ᠎ᠢ ᠲᠤᠰ ᠪᠦᠷᠢ 13 ᠠᠵᠢᠯᠯᠠᠬᠤ ᠡᠳᠦᠷ ᠪᠠ 5 ᠠᠵᠢᠯᠯᠠᠬᠤ ᠡᠳᠦᠷ ᠪᠤᠯᠭ᠋ᠠᠨ ᠪᠤᠭᠤᠨᠢᠰᠬᠠᠪᠠ᠃ ᠤᠯᠠᠨ ᠦᠨᠡᠮᠯᠡᠯ᠎ᠢ ᠨᠢᠬᠡᠳᠦᠬᠦᠯᠵᠦ ᠨᠢᠬᠡ ᠪᠤᠯᠭ᠋ᠠᠬᠤ᠂ 《ᠬᠡᠷᠡᠴᠢ ᠪᠠ ᠦᠨᠡᠮᠯᠡᠯ᠎ᠢ ᠰᠠᠯᠭ᠋ᠠᠬᠤ》 ᠦᠬᠡᠷᠡᠴᠢᠯᠡᠯᠳᠡ ᠵᠢ ᠶᠠᠪᠤᠨᠨᠳᠠᠭᠤᠯᠵᠦ᠂ 《ᠡᠵᠡᠩᠨᠡᠬᠦ ᠬᠡᠷᠡᠴᠢ ᠦᠨᠡᠮᠯᠡᠯ᠎ᠢ ᠭᠠᠷᠳ᠋ᠬᠠᠰᠠᠨ ᠴᠤ᠌ ᠡᠵᠡᠩᠨᠡᠬᠦ ᠵᠦᠪᠰᠢᠶᠡᠷᠡᠯ᠎ᠤᠨ ᠦᠨᠡᠮᠯᠡᠯ᠎ᠢ ᠤᠯᠬᠤ᠎ᠳᠤ ᠪᠡᠷᠬᠡ》 ᠠᠰᠠᠭᠤᠳᠠᠯ᠎ᠢ ᠠᠯᠬᠤᠮ ᠠᠯᠬᠤᠮ ᠵᠶ᠋ᠠᠷ ᠰᠶ᠋ᠢᠳᠪᠦᠷᠢᠯᠡᠪᠡ᠃ ᠠᠶ᠋ᠢᠮᠠᠭ ᠬᠤᠳᠠ ᠵᠢᠨ ᠡᠵᠡᠩᠨᠡᠨ ᠬᠤᠳᠠᠯᠳᠤᠭ᠋ᠠᠯᠠᠬᠤ ᠤᠷᠴᠢᠨ ᠨᠦᠬᠦᠴᠡᠯ᠎ᠢ ᠦᠨᠡᠯᠡᠬᠦ ᠠᠵᠢᠯ᠎ᠢ ᠠᠩᠬ᠎ᠠ ᠤᠳᠠᠭ᠎ᠠ ᠦᠷᠨᠢᠬᠦᠯᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠠᠵᠢᠯ᠎ᠤᠨ ᠶᠠᠪᠤᠴᠠ᠎ᠳᠤ ᠤᠷᠤᠰᠢᠵᠦ ᠪᠠᠶ᠋ᠢᠭ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠤᠨ ᠠᠰᠠᠭᠤᠳᠠᠯ᠎ᠤᠳ᠎ᠲᠤ ᠢᠯᠡ᠎ᠪᠠᠷ ᠪᠠᠶ᠋ᠢᠴᠠᠭ᠋ᠠᠵᠤ ᠲᠠᠯᠳᠠᠭᠤᠷ ᠰᠣᠷᠪᠣᠯᠵᠢᠯᠠᠬᠤ ᠵᠢ ᠦᠷᠨᠢᠭᠦᠯᠵᠦ᠂ ᠤᠯᠠᠨ ᠲᠦᠮᠡᠨ᠎ᠢ ᠵᠤᠪᠠᠭ᠋ᠠᠵᠦ ᠪᠠᠶ᠋ᠢᠨᠨᠰᠠᠨ ᠤᠴᠢᠷ ᠶᠠᠪᠤᠳᠠᠯ᠎ᠢ ᠰᠢᠢ᠍ᠳᠪᠦᠷᠢᠯᠡᠬᠦ ᠵᠢ᠎ᠨᠢ ᠠᠬᠢᠭᠤᠯᠪᠠ᠃ ᠨᠡᠭᠦᠷᠡᠰᠦᠨ᠎ᠤ ᠡᠬᠢ ᠪᠠᠶᠠᠯᠢᠭ᠎ᠢ ᠵᠠᠬ᠎ᠠ ᠲᠡᠯᠬᠡᠭᠦᠷᠴᠢᠯᠡᠵᠦ ᠬᠢᠮᠳᠠ᠎ᠪᠠᠷ ᠬᠤᠳᠠᠯᠳᠤᠬᠤ ᠵᠢ ᠪᠦᠭᠦ ᠲᠠᠯ᠎ᠠ᠎ᠪᠠᠷ ᠬᠡᠷᠡᠭᠵᠢᠬᠦᠯᠪᠡ᠃ ᠴᠠᠬᠢᠯᠭ᠋ᠠᠨ ᠭᠦᠴᠦᠨ᠎ᠤ ᠴᠠᠬᠢᠯᠭ᠋ᠠᠨ ᠲᠠᠮᠵᠢᠭᠤᠯᠬᠤ ᠪᠠ ᠲᠥᠭᠡᠬᠡᠬᠦ᠂ ᠤᠯᠠᠨ ᠲᠠᠯᠠᠳᠤ ᠠᠷᠠᠯᠵᠢᠶ᠎ᠠ᠂ ᠦᠨ᠎ᠡ ᠬᠠᠶᠠᠯᠴᠠᠨ ᠦᠷᠢᠰᠦᠯᠳᠦᠵᠦ ᠲᠣᠣᠷ᠎ᠲᠤ ᠣᠷᠣᠭᠤᠯᠬᠤ ᠵᠡᠷᠬᠡ ᠦᠬᠡᠷᠡᠴᠢᠯᠡᠯᠳᠡ ᠵᠢ ᠠᠬᠢᠭᠤᠯᠪᠠ᠃ ᠤᠯᠤᠰ᠎ᠤᠨ ᠦᠮᠴᠢᠯᠡᠯᠳᠦ ᠡᠳ᠋ ᠭᠦᠷᠦᠩᠬᠡ ᠪᠠ ᠤᠯᠤᠰ᠎ᠤᠨ ᠦᠮᠴᠢᠯᠠᠯᠳᠦ ᠠᠵᠦ ᠠᠬᠤᠶ᠋ᠢᠯᠠᠯ᠂ ᠡᠳ᠋᠎ᠤᠨ ᠵᠠᠰᠠᠭ ᠭᠠᠶ᠋ᠢᠯᠢ ᠮᠦᠩᠬᠦᠨ ᠭᠦᠢ᠍ᠯᠬᠡᠬᠡ ᠵᠡᠷᠬᠡ ᠭᠦᠷᠢᠶ᠎ᠡ ᠴᠠᠷᠠᠭ᠋ᠠᠨ᠎ᠳᠠᠬᠢ ᠦᠬᠡᠷᠡᠴᠢᠯᠡᠯᠳᠡ ᠵᠢ ᠦᠷᠭᠦᠯᠵᠢᠯᠡᠨ ᠭᠦᠨᠵᠡᠭᠡᠶ᠋ᠢᠷᠡᠭᠦᠯᠪᠡ᠃ ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ᠎ᠤᠳ᠎ᠤᠨ ᠴᠢᠨᠠᠷ ᠰᠠᠶ᠋ᠢᠳᠠᠢ ᠬᠥᠭᠵᠢᠬᠦ ᠵᠢ ᠲᠡᠮᠵᠢᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠳᠡᠯᠡᠵᠦ᠂ ᠠᠵᠦ ᠠᠬᠤᠶ᠋ᠢᠯᠠᠯ᠎ᠤᠨ ᠬᠦᠴᠢᠷᠳᠡᠯ᠎ᠢ ᠲᠠᠶ᠋ᠢᠯᠵᠤ ᠭᠦᠭᠵᠢᠬᠦᠯᠬᠦ ᠰᠠᠭᠤᠷᠢ ᠮᠦᠩᠭᠦ᠂ ᠭᠦᠢ᠍ᠯᠭᠡᠭᠡᠨ᠎ᠤ ᠴᠢᠨᠠᠷᠲᠠᠢ ᠲᠥᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢ ᠮᠦᠩᠬᠦ ᠵᠢ ᠪᠠᠶ᠋ᠢᠭᠤᠯᠵᠦ᠂ ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ᠎ᠢ ᠬᠠᠪᠰᠤᠷᠴᠤ ᠪᠠᠶ᠋ᠢᠭ᠋ᠠᠳ ᠭᠦᠭᠵᠢᠯᠳᠡ ᠵᠢᠨ ᠶᠠᠪᠤᠴᠠ᠎ᠳᠤ᠎ᠨᠢ ᠲᠤᠯᠭ᠋ᠠᠷᠬᠠᠰᠠᠨ ᠭᠦᠴᠢᠷᠳᠡᠯ ᠪᠠ ᠠᠰᠠᠭᠤᠳᠠᠯ᠎ᠤᠳ᠎ᠢ ᠰᠶ᠋ᠢᠳᠪᠦᠷᠢᠯᠡᠪᠡ᠃
      ᠨᠡᠬᠡᠬᠡᠯᠳᠡ ᠬᠢᠬᠦ ᠵᠢ ᠪᠦᠭᠦ ᠲᠠᠯ᠎ᠠ᠎ᠪᠠᠷ ᠦᠷᠬᠡᠳᠬᠡᠵᠦ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 1000 ᠳ᠋ᠦᠩᠰᠢᠭᠤᠷ ᠲᠦᠭᠦᠷᠢᠭ᠎ᠢ ᠳᠠᠪᠠᠵᠤ᠂

9.9% ᠨᠡᠮᠡᠭᠳᠡᠪᠡ᠃ ᠮᠠᠨ᠎ᠤ ᠤᠷᠤᠨ᠎ᠠᠴᠠ ᠠᠶᠠᠯᠠᠯ ᠵᠶ᠋ᠠᠨ ᠡᠬᠢᠯᠡᠬᠦᠯᠵᠦ ᠪᠠᠶ᠋ᠢᠭ᠎ᠠ ᠲᠤᠮᠳᠠᠳᠤ ᠡᠸᠦ᠋ᠷᠦᠫᠡ ᠵᠢᠨ ᠡᠬᠡᠯᠵᠢ ᠵᠢᠨ ᠭᠠᠯᠳᠤ ᠲᠡᠷᠭᠡᠨ᠎ᠤ ᠲᠡᠭᠡᠭᠡᠪᠦᠷᠢ 1.4 ᠲᠠᠬᠢᠨ ᠨᠡᠮᠡᠭᠳᠡᠪᠡ᠃ ᠤᠷᠤᠰ ᠮᠤᠩᠭᠤᠯ᠎ᠯᠤᠭ᠎ᠠ ᠬᠠᠮᠳᠤᠷᠠᠨ ᠠᠵᠢᠯᠯᠠᠬᠤ ᠲᠤᠨᠨᠳᠠᠴᠠ᠎ᠳᠤ ᠰᠢᠨ᠎ᠠ ᠵᠢ ᠡᠭᠦᠳᠴᠤ᠂ ᠮᠤᠩᠭᠤᠯ ᠤᠯᠤᠰ᠎ᠲᠠᠢ 5 ᠨᠦᠭᠦᠷᠰᠡᠭ ᠬᠤᠳᠠ ᠵᠢᠨ ᠬᠠᠷᠢᠴᠠᠭ᠎ᠠ ᠪᠠᠶ᠋ᠢᠭᠤᠯᠪᠠ᠃ ᠶᠠᠫᠤᠨ᠂ ᠺᠤᠷᠢᠶᠠ ᠵᠢᠴᠢ ᠰᠢᠶᠠᠩᠭ᠋ᠠᠩ ᠤᠤᠮᠧᠨ᠎ᠤ ᠭᠠᠵᠠᠷ ᠤᠷᠤᠨ᠎ᠲᠠᠢ ᠠᠵᠦ ᠠᠬᠤᠢ ᠠᠷᠠᠯᠵᠢᠶ᠎ᠠ ᠵᠢᠨ ᠲᠠᠯ᠎ᠠ᠎ᠪᠠᠷ ᠬᠠᠮᠳᠤᠷᠠᠨ ᠠᠵᠢᠯᠯᠠᠬᠤ᠎ᠪᠠᠨ ᠭᠦᠨᠵᠡᠭᠡᠶ᠋ᠢᠷᠡᠭᠦᠯᠪᠡ᠃ 1700 ᠭᠠᠷᠤᠢ ᠠᠵᠦ ᠠᠬᠤᠶ᠋ᠢᠯᠠᠯ᠎ᠢ ᠵᠤᠬᠢᠶᠠᠨ ᠪᠠᠶ᠋ᠢᠭᠤᠯᠵᠦ ᠪᠠᠶ᠋ᠢᠭ᠋ᠠᠳ ᠲᠤᠮᠳᠠᠳᠤ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠭᠦᠯᠡᠩ᠎ᠳᠤ ᠤᠷᠤᠯᠴᠠᠭᠤᠯᠪᠠ᠃ ᠠᠩᠬᠠᠳᠤᠭ᠋ᠠᠷ ᠬᠤᠭᠤᠴᠠᠭ᠋ᠠᠨ᠎ᠤ ᠷᠠᠰᠢᠶᠠᠨ᠎ᠤ ᠶᠠᠷᠢᠶᠠᠨ᠎ᠤ ᠲᠡᠪᠴᠡᠩ ᠡᠷᠬᠢᠯᠡᠬᠦ ᠵᠢ ᠲᠡᠮᠵᠢᠪᠡ᠃
      ᠤᠯᠤᠰ᠎ᠤᠨ ᠶᠠᠮᠤᠨ ᠬᠡᠯᠳᠡᠰ᠂ ᠪᠤᠰᠤᠳ ᠮᠤᠵᠢ ᠤᠷᠤᠨ ᠬᠤᠳᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠦᠷᠢᠶᠡᠯᠡᠩ ᠭᠠᠵᠠᠷ᠂ ᠲᠡᠬᠡᠳᠦ ᠵᠡᠷᠬᠡ ᠵᠢᠨ ᠰᠤᠷᠭ᠋ᠠᠭᠤᠯᠢ ᠪᠠ ᠲᠦᠪ᠎ᠤᠨ ᠠᠵᠦ ᠠᠬᠤᠶ᠋ᠢᠯᠠᠯ᠎ᠲᠠᠢ ᠪᠠᠶ᠋ᠢᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠪᠠ᠃ ᠬᠤᠶᠠᠳᠤᠭ᠋ᠠᠷ ᠬᠤᠭᠤᠴᠠᠭ᠋ᠠᠨ᠎ᠤ ᠦᠪᠦᠷ ᠮᠤᠩᠭᠤᠯ᠎ᠤᠨ ᠬᠤᠳᠠᠯᠳᠤᠭ᠋ᠠᠴᠢᠳ᠎ᠤᠨ ᠶᠡᠭᠡ ᠬᠤᠷᠠᠯ᠎ᠢ ᠬᠤᠷᠠᠯᠳᠤᠭᠤᠯᠵᠦ᠂ ᠦᠪᠦᠷ ᠮᠤᠩᠭᠤᠯ᠎ᠤᠨ ᠬᠤᠳᠠᠯᠳᠤᠭ᠋ᠠᠴᠢᠳ᠎ᠤᠨ ᠨᠦᠯᠦᠬᠡᠯᠡᠬᠦ ᠭᠦᠴᠦᠨ ᠦᠷᠭᠦᠯᠵᠢᠯᠡᠨ ᠥᠷᠭᠡᠵᠢᠪᠡ᠃
     (ᠲᠠᠪᠤ) ᠠᠷᠠᠳ ᠲᠦᠮᠡᠨ ᠵᠶ᠋ᠠᠷ ᠭᠤᠤᠯ ᠪᠤᠯᠭ᠋ᠠᠨᠨᠰᠠᠨ ᠭᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠵᠦ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠳᠤᠯᠠᠨ ᠰᠠᠶ᠋ᠢᠵᠢᠷᠠᠭᠤᠯᠪᠠ᠃ ᠡᠩ᠎ᠤᠨ ᠤᠯᠠᠨ ᠨᠡᠶ᠋ᠢᠳᠡ ᠵᠢᠨ ᠲᠦᠰᠦᠪ᠎ᠤᠨ ᠵᠠᠷᠤᠯᠭ᠎ᠠ᠎ᠳᠤ ᠪᠦᠭᠦ ᠤᠷᠤᠨ᠎ᠤ ᠠᠷᠠᠳ᠎ᠤᠨ ᠠᠮᠢᠳᠤᠷᠠᠯ᠎ᠤᠨ ᠵᠠᠷᠤᠯᠭ᠎ᠠ 70.1% ᠵᠢ ᠡᠵᠡᠯᠡᠪᠡ᠃ ᠬᠤᠳᠠ ᠪᠠᠯᠭ᠋ᠠᠰᠤᠨ᠎ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ᠎ᠪᠠᠷ ᠨᠡᠮᠡᠭᠳᠡᠵᠦ᠂ ᠬᠤᠳᠠ ᠪᠠᠯᠭ᠋ᠠᠰᠤᠨ᠎ᠳᠤ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳ᠋ᠬᠠᠰᠠᠳ᠎ᠤᠨ ᠨᠤᠷᠮ᠎ᠠ ᠵᠢ 3.58% ᠵᠢᠨ ᠨᠡᠯᠢᠶᠡᠳ ᠲᠤᠤᠷ᠎ᠠ ᠬᠢᠷᠢ ᠲᠦᠪᠰᠢᠨ᠎ᠳᠤ ᠡᠵᠡᠮᠳᠡᠵᠦ᠂ ᠭᠤᠤᠯᠳᠠᠯᠭ᠎ᠠ᠎ᠲᠠᠢ ᠭᠦᠮᠦᠰ ᠠᠵᠢᠯ ᠤᠯᠬᠤ᠎ᠳᠤ ᠪᠠᠳᠤᠯᠠᠭ᠎ᠠ᠎ᠲᠠᠢ ᠪᠤᠯᠪᠠ᠃ ᠨᠠᠰᠤᠵᠢᠯ᠎ᠤᠨ ᠠᠰᠠᠷᠠᠮᠵᠢ᠂ ᠡᠮᠴᠢᠯᠡᠬᠡᠨ᠎ᠤ ᠲᠠᠭ᠋ᠠᠳᠬᠠᠯ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠨ᠂ ᠬᠦᠴᠢᠷᠳᠡᠯᠳᠡᠢ ᠵᠡᠮᠳᠡᠭᠴᠤᠳ ᠪᠤᠯᠤᠨ ᠬᠢᠯᠢ ᠵᠢᠨ ᠠᠷᠠᠳ᠎ᠤᠨ ᠨᠦᠬᠦᠪᠦᠷᠢ ᠵᠢᠨ ᠪᠠᠷᠢᠮᠵᠢᠶ᠎ᠠ ᠵᠢ ᠲᠡᠬᠡᠭᠰᠢᠯᠡᠬᠦᠯᠪᠡ᠃ ᠬᠤᠳᠠ ᠪᠠᠯᠭ᠋ᠠᠰᠤᠨ᠎ᠤ ᠠᠵᠢᠯᠳᠠᠨ ᠠᠵᠢᠯᠴᠢᠨ᠂ ᠬᠤᠳᠠ ᠭᠦᠳᠡᠭᠡ ᠵᠢᠨ ᠰᠠᠭᠤᠭ᠋ᠠᠯᠢ ᠠᠷᠠᠳ᠎ᠤᠨ ᠡᠮᠨᠡᠯᠬᠡ᠎ᠳᠤ ᠰᠠᠭᠤᠵᠤ ᠡᠮᠨᠡᠭᠦᠯᠦᠭᠰᠡᠨ ᠰᠦᠢ᠍ᠳᠬᠡᠯ᠎ᠢ ᠲᠦᠷᠦ ᠵᠢᠨ ᠪᠤᠳᠤᠯᠭ᠎ᠠ᠎ᠪᠠᠷ ᠲᠠᠩᠰᠠ᠎ᠠᠴᠠ ᠲᠠᠶ᠋ᠢᠯᠬᠤ ᠵᠠᠷᠤᠳᠠᠯ᠎ᠤᠨ ᠲᠤᠮᠳᠠᠴᠢ ᠬᠠᠷᠢᠴᠠᠯ᠎ᠢ ᠲᠤᠰ ᠪᠦᠷᠢ 85% ᠤᠷᠴᠢᠮ ᠪᠠ 75% ᠤᠷᠴᠢᠮ ᠪᠣᠯᠭ᠋ᠠᠵᠤ᠂ ᠭᠦᠨᠳᠦ ᠡᠪᠡᠳᠴᠢᠨ ᠪᠤᠯᠭ᠋ᠠᠨ᠎ᠳᠤ ᠲᠠᠭ᠋ᠠᠳᠬᠠᠯ᠎ᠲᠠᠢ ᠪᠠᠶ᠋ᠢᠯᠭ᠋ᠠᠬᠤ ᠵᠢ ᠪᠡᠶᠡᠯᠡᠬᠦᠯᠪᠡ᠃ 《ᠬᠠᠷᠠᠭ᠎ᠠ ᠤᠷᠤᠭᠤᠯᠬᠤ ᠠᠶᠠᠯᠠᠯ》 ᠬᠡᠮᠡᠬᠦ ᠨᠡᠶ᠋ᠢᠳᠡ ᠵᠢᠨ ᠠᠰᠠᠷᠠᠮᠵᠢ ᠵᠢᠨ ᠠᠵᠢᠯᠯᠠᠭ᠎ᠠ᠎ᠪᠠᠷ ᠠᠷᠪᠠᠳᠤᠭ᠋ᠠᠷ ᠬᠤᠭᠤᠴᠠᠭ᠋ᠠᠨ᠎ᠤ ᠲᠤᠮᠳᠠᠳᠤ ᠵᠢᠨ ᠨᠢᠭᠦᠯᠡᠰᠦᠩᠬᠦᠢ ᠵᠢᠨ ᠱᠠᠩᠨᠠᠯ᠎ᠢ ᠬᠦᠷᠲᠡᠵᠦ᠂ ᠶᠠᠳᠠᠭᠤ ᠬᠦᠴᠢᠷᠳᠡᠯᠲᠡᠢ ᠴᠠᠭ᠋ᠠᠨ ᠬᠠᠷᠠᠩ᠎ᠲᠠᠢ 2 ᠲᠦᠮᠡ ᠭᠠᠷᠤᠢ ᠡᠪᠡᠳᠴᠢᠲᠡᠨ᠎ᠳᠤ ᠬᠠᠷᠠᠭ᠎ᠠ ᠤᠷᠤᠭᠤᠯᠪᠠ᠃ ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ᠎ᠲᠤ 14.2 ᠲᠦᠮᠡᠨ ᠢᠵᠢ ᠭᠡᠷ ᠪᠠᠶ᠋ᠢᠰᠢᠩ ᠪᠠ ᠮᠠᠯᠵᠢᠬᠤ ᠲᠠᠷᠢᠶᠠᠯᠠᠬᠤ ᠤᠷᠤᠨ᠎ᠤ ᠨᠤᠷᠠᠬᠤ ᠠᠶᠤᠯᠳᠠᠢ ᠬᠡᠷ ᠪᠠᠶ᠋ᠢᠰᠢᠩ᠎ᠢ 6.02 ᠲᠦᠮᠡᠨ ᠡᠷᠦᠬᠡ ᠦᠬᠡᠷᠡᠴᠢᠯᠡᠨ ᠰᠢᠨᠡᠳᠭᠡᠵᠦ᠂ ᠠᠵᠢᠯ ᠡᠬᠢᠯᠡᠭᠦᠯᠦᠭᠰᠡᠨ ᠨᠤᠷᠮ᠎ᠠ 100%᠎ᠳᠤ ᠭᠦᠷᠪᠡ᠃ ᠮᠠᠯᠵᠢᠬᠤ ᠲᠠᠷᠢᠶᠠᠯᠠᠬᠤ ᠤᠷᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠳᠤᠵᠢᠭᠤᠯᠤᠨ ᠲᠡᠬᠡᠭᠰᠢᠯᠡᠬᠦᠯᠬᠦ ᠢᠨᠵᠧᠨᠧᠷᠢᠩ᠎ᠢ ᠬᠡᠷᠡᠭᠵᠢᠬᠦᠯᠵᠦ᠂ 78 ᠲᠦᠮᠡᠨ ᠮᠠᠯᠴᠢᠨ ᠲᠠᠷᠢᠶᠠᠴᠢᠳ ᠠᠰᠢᠭ ᠭᠦᠷᠳᠡᠪᠡ᠃
      ᠨᠡᠶ᠋ᠢᠬᠡᠮ᠎ᠤᠨ ᠠᠵᠢᠯ ᠦᠢ᠍ᠯᠡᠰ ᠲᠦᠷᠬᠡᠨ ᠵᠶ᠋ᠠᠷ ᠭᠦᠭᠵᠢᠵᠦ᠂ ᠰᠤᠷᠭ᠋ᠠᠭᠤᠯᠢ ᠵᠢᠨ ᠰᠤᠷᠤᠨᠨᠴᠢ ᠪᠦᠷᠢ ᠵᠢᠨ ᠵᠠᠷᠤᠳᠠᠯ᠎ᠤᠨ ᠪᠠᠷᠢᠮᠵᠢᠶ᠎ᠠ ᠵᠢ ᠲᠡᠬᠡᠭᠰᠢᠯᠡᠬᠦᠯᠦᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠤᠨ ᠰᠤᠷᠭ᠋ᠠᠨ ᠭᠦᠮᠦᠵᠢᠯ᠎ᠤᠨ ᠴᠡᠴᠡᠷᠯᠢᠭ᠎ᠲᠤ ᠤᠷᠤᠨᠨᠰᠠᠨ ᠪᠦᠭᠦ ᠨᠤᠷᠮ᠎ᠠ᠎ᠨᠢ ᠪᠦᠭᠦ ᠤᠯᠤᠰ᠎ᠤᠨ ᠲᠤᠮᠳᠠᠴᠢ ᠬᠢᠷᠢ ᠲᠦᠪᠰᠢᠨ᠎ᠠᠴᠠ 14.5 ᠵᠠᠭᠤᠨ᠎ᠤ ᠴᠡᠭ ᠦᠨᠳᠦᠷ ᠪᠠᠶ᠋ᠢᠵᠦ᠂ 102 ᠬᠤᠰᠢᠭᠤ ᠰᠢᠶᠠᠨ (ᠬᠤᠳᠠ᠂ ᠲᠤᠭᠤᠷᠢᠭ)᠎ᠨᠢ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠭᠦᠮᠦᠵᠢᠯ᠎ᠢ ᠲᠡᠩᠴᠡᠭᠦᠷᠢᠳᠡᠢ ᠭᠦᠭᠵᠢᠬᠦᠯᠬᠦ᠎ᠪᠠᠨ ᠦᠨᠡᠯᠡᠨ ᠵᠢᠱ᠌ᠢᠬᠦ ᠪᠠ ᠮᠠᠭ᠋ᠠᠳᠯᠠᠨ ᠲᠤᠨᠨᠳᠠᠭ᠋ᠠᠬᠤ᠎ᠪᠠᠷ ᠪᠠᠲᠤᠯᠠᠭᠤᠯᠪᠠ᠃ 93%᠎ᠠᠴᠠ ᠲᠡᠬᠡᠭᠰᠢᠬᠢ ᠲᠤᠮᠳᠠᠳᠤ ᠪᠠᠭ᠎ᠠ ᠰᠤᠷᠭ᠋ᠠᠭᠤᠯᠢ᠎ᠨᠢ ᠮᠡᠳᠡᠬᠡ ᠵᠠᠨᠭ᠌ᠬᠢᠴᠢᠯᠠᠬᠰᠠᠨ ᠵᠢᠭ᠋ᠠᠨ ᠰᠤᠷᠭ᠋ᠠᠯᠳᠠ ᠵᠢ ᠠᠰᠢᠬᠯᠠᠪᠠ᠃ ᠠᠯᠪᠠᠨ ᠵᠢᠷᠤᠮ᠎ᠤᠨ ᠰᠤᠷᠭ᠋ᠠᠨ ᠭᠦᠮᠦᠵᠢᠯ᠎ᠤᠨ ᠱᠠᠳᠤᠨ᠎ᠳᠠᠬᠢ ᠰᠤᠷᠭ᠋ᠠᠭᠤᠯᠢ ᠵᠢᠨ 《ᠲᠤᠮᠤ ᠬᠠᠨᠵᠦ》᠂ ᠭᠠᠳᠠᠨᠠᠬᠢ ᠵᠤᠷᠯᠤᠩ᠂ ᠰᠦᠷᠴᠢᠮᠡᠯ ᠤᠬᠢᠶᠠᠯ᠂ ᠳᠤᠯᠠᠭ᠋ᠠᠯᠠᠭ᠎ᠠ ᠬᠠᠩᠭ᠋ᠠᠬᠤ ᠵᠡᠷᠬᠡ ᠠᠰᠠᠭᠤᠳᠠᠯ᠎ᠤᠳ᠎ᠢ ᠦᠨᠳᠦᠰᠦᠨ᠎ᠳᠤ᠎ᠪᠠᠨ ᠰᠶ᠋ᠢᠳᠪᠦᠷᠢᠯᠡᠪᠡ᠃ ᠳᠡᠭᠡᠳᠦ ᠵᠡᠷᠬᠡ ᠵᠢᠨ ᠰᠤᠷᠭ᠋ᠠᠨ ᠭᠦᠮᠦᠵᠢᠯ᠎ᠤᠨ 《ᠬᠤᠣᠰ ᠲᠡᠷᠢᠭᠦᠨ ᠳᠡᠰ》᠎ᠤᠨ ᠪᠠᠶ᠋ᠢᠭᠤᠯᠤᠯᠳᠠ ᠯᠠᠪᠳᠠᠭᠤᠨ ᠵᠶ᠋ᠠᠷ ᠠᠬᠢᠪᠠ᠃ ᠬᠡᠷ᠎ᠤᠨ ᠠᠮᠢᠳᠤᠷᠠᠯ᠎ᠨᠢ ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ᠎ᠢ ᠵᠤᠭᠤᠰ ᠵᠶ᠋ᠠᠷ ᠲᠤᠰᠠᠯᠠᠪᠠ᠃ ᠦᠨᠳᠦᠰᠦᠳᠡᠨ᠎ᠤ ᠰᠤᠷᠭ᠋ᠠᠨ ᠭᠦᠮᠦᠵᠢᠯ᠎ᠤᠨ ᠬᠢᠷᠢ ᠲᠦᠪᠰᠢᠨ ᠤᠯᠠᠮ ᠨᠢᠬᠡ ᠠᠯᠬᠤᠮ ᠲᠡᠬᠡᠭᠰᠢᠯᠡᠪᠡ᠃ ᠱᠠᠳᠤ ᠬᠤᠪᠢᠶᠠᠵᠦ ᠤᠨᠤᠰᠢᠯᠠᠨ ᠡᠮᠨᠡᠬᠦ ᠲᠦᠷᠢᠮ᠎ᠢ ᠨᠠᠶ᠋ᠢᠳᠠᠪᠤᠷᠢᠵᠢᠭᠤᠯᠤᠨ ᠪᠣᠲᠠᠲᠠᠶ᠋ᠢᠵᠢᠭᠤᠯᠵᠤ᠂ ᠭᠤᠷᠪᠠᠳᠤᠭ᠋ᠠᠷ ᠲᠡᠰ᠎ᠤᠨ ᠡᠮᠨᠡᠯᠬᠡ ᠵᠢᠨ ᠬᠤᠷᠢᠶ᠎ᠠ ᠪᠦᠭᠦᠨ᠎ᠢ ᠡᠮᠨᠡᠯᠬᠡ ᠵᠢᠨ ᠬᠤᠯᠪᠤᠭ᠋ᠠᠳᠤ ᠴᠤᠨᠨᠴᠠ ᠵᠢᠨ ᠪᠠᠶ᠋ᠢᠭᠤᠯᠤᠯᠳᠠ᠎ᠳᠤ ᠤᠷᠤᠯᠴᠠᠭᠤᠯᠪᠠ᠃ 97 ᠬᠤᠰᠢᠭᠤ ᠰᠢᠶᠠᠨ᠎ᠤ ᠶᠡᠷᠦᠨᠭᠬᠡᠢ᠍ᠢ᠍ᠯᠡᠭᠰᠡᠨ ᠡᠮᠨᠡᠯᠬᠡ ᠵᠢᠨ ᠬᠤᠷᠢᠶ᠎ᠠ ᠵᠢ ᠠᠯᠤᠰ ᠡᠮᠴᠢᠯᠡᠬᠡᠨ᠎ᠤ ᠰᠦᠯᠵᠢᠶ᠎ᠠ᠎ᠳᠤ ᠵᠠᠯᠭ᠋ᠠᠨ ᠤᠷᠤᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠤᠨ ᠰᠦᠨᠢᠳ ᠪᠠᠷᠠᠭᠤᠨ ᠬᠤᠰᠢᠭᠤᠨ᠎ᠤ ᠤᠯᠠᠭ᠋ᠠᠨᠮᠦ᠋ᠴᠢᠷ᠎ᠤᠨ ᠠᠵᠢᠯᠲᠠᠳ᠎ᠲᠤ ᠬᠠᠷᠢᠭᠤ ᠢᠯᠡᠭᠡᠭᠰᠡᠨ ᠵᠠᠬᠢᠳᠠᠯ᠎ᠤᠨ ᠵᠤᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠦ᠂ ᠤᠯᠠᠭ᠋ᠠᠨᠮᠦ᠋ᠴᠢᠷ᠎ᠤᠨ ᠠᠵᠢᠯ᠎ᠤᠨ ᠲᠤᠬᠠᠢ ᠭᠡᠷᠡᠯ ᠵᠢᠷᠤᠭ᠎ᠤᠨ ᠲᠤᠭᠤᠷᠢᠨ ᠦᠵᠡᠭᠦᠯᠭᠡ᠂ ᠰᠠᠭᠤᠳᠠᠯ᠎ᠤᠨ ᠬᠤᠷᠠᠯ ᠵᠡᠷᠭᠡ ᠠᠯᠢ ᠣᠯᠠᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠤᠯᠠᠭ᠋ᠠᠨᠮᠦᠢ᠍ᠴᠢᠷ᠎ᠤᠨ ᠰᠢᠯᠢᠳᠡᠭ ᠤᠯᠠᠮᠵᠢᠯᠠᠯ᠎ᠢ ᠶᠡᠬᠡ᠎ᠪᠠᠷ ᠪᠠᠳᠠᠷᠠᠭᠤᠯᠪᠠ᠃ ᠪᠦᠬᠦ ᠤᠷᠤᠨ᠎ᠤ ᠤᠳᠬ᠎ᠠ ᠤᠷᠠᠯᠢᠬ᠎ᠤᠨ ᠬᠦᠷᠢᠶᠡᠯᠡᠩ ᠪᠦᠯᠬᠦᠮ᠎ᠨᠢ ᠦᠨᠳᠦᠰᠦᠨ ᠱᠠᠳᠤᠨ᠎ᠳᠤ ᠬᠠᠨᠳᠤᠵᠤ᠂ ᠤᠯᠠᠨ ᠲᠦᠮᠡᠨ᠎ᠳᠤ ᠦᠢ᠍ᠯᠡᠴᠢᠯᠡᠵᠦ᠂ ᠠᠷᠠᠳ᠎ᠢ ᠬᠠᠯᠠᠮᠵᠢᠯᠠᠬᠤ ᠡᠯ᠎ᠠ ᠲᠦᠷᠦᠯ᠎ᠤᠨ ᠲᠤᠬᠯᠠᠯᠳᠠ ᠵᠢ ᠲᠦᠮᠡ ᠭᠠᠷᠤᠢ ᠤᠳᠠᠭ᠎ᠠ ᠦᠷᠨᠢᠬᠦᠯᠪᠡ᠃ ᠨᠤᠮ᠎ᠤᠨ ᠰᠠᠩ᠂ ᠰᠤᠶᠤᠯ᠎ᠤᠨ ᠤᠷᠳᠤᠨ᠂ ᠮᠦᠽᠸᠢ᠂ ᠦᠨᠳᠦᠰᠦᠨ ᠱᠠᠳᠤᠨ᠎ᠤ ᠰᠤᠶᠤᠯ᠎ᠤᠨ ᠦᠷᠳᠡᠭᠡ ᠪᠦᠭᠦᠨ᠎ᠢ ᠨᠡᠶ᠋ᠢᠬᠡᠮ ᠨᠡᠶ᠋ᠢᠳᠡ᠎ᠳᠤ ᠰᠦᠢ᠍ᠳᠬᠡᠯ ᠬᠤᠷᠢᠶᠠᠬᠤ ᠦᠬᠡᠢ᠎ᠪᠠᠷ ᠨᠡᠬᠡᠬᠡᠪᠡ᠃ ᠦᠪᠡᠷᠳᠡᠬᠡᠨ ᠵᠠᠰᠠᠬᠤ ᠤᠷᠤᠨ᠎ᠤ ᠠᠷᠪᠠᠨ ᠲᠦᠷᠪᠡᠳᠦᠬᠡᠷ ᠬᠤᠭᠤᠴᠠᠭ᠋ᠠᠨ᠎ᠤ ᠲᠠᠮᠢᠷ᠎ᠤᠨ ᠴᠤᠨᠨᠯᠠᠭ᠋ᠠᠨ ᠪᠠ ᠲᠠᠪᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠲᠠᠮᠢᠷ᠎ᠤᠨ ᠴᠤᠨᠨᠯᠠᠭ᠋ᠠᠨ᠎ᠢ ᠠᠮᠵᠢᠯᠳᠠ᠎ᠲᠠᠢ ᠡᠷᠬᠢᠯᠡᠪᠡ᠃ ᠤᠯᠤᠰ᠎ᠤᠨ ᠭᠦᠯ ᠪᠦᠮᠪᠦᠬᠡᠨ᠎ᠤ ᠭᠦᠳᠡᠯᠬᠡᠬᠡᠨ᠎ᠢ ᠦᠬᠡᠷᠡᠴᠢᠯᠡᠵᠦ ᠭᠦᠭᠵᠢᠬᠦᠯᠬᠦ ᠲᠣᠷᠰᠢᠯᠲᠠ ᠵᠢᠨ ᠠᠵᠢᠯ ᠢᠳᠡᠪᠬᠢᠳᠡᠢ ᠠᠬᠢᠴᠠ᠎ᠲᠠᠢ ᠪᠣᠯᠪᠠ᠃ ᠡᠪᠤᠯ᠎ᠤᠨ ᠤᠯᠢᠮᠫᠢᠺ᠎ᠤᠨ ᠲᠠᠮᠢᠷ᠎ᠤᠨ ᠴᠤᠨᠨᠯᠠᠭ᠋ᠠᠨ᠎ᠳᠤ ᠶᠠᠷᠤ᠎ᠠᠴᠠ ᠱᠠᠩᠨᠠᠯ ᠭᠠᠷᠳᠠᠭᠰᠠᠨ ᠦᠬᠡᠢ ᠲᠡᠤᠬᠡ ᠵᠢ ᠡᠴᠦᠰᠯᠡᠭᠦᠯᠪᠡ᠃ ᠲᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠳᠤ ᠦᠪᠦᠷ ᠮᠤᠩᠭᠤᠯ᠎ᠤᠨ ᠠᠷᠠᠳ ᠲᠦᠮᠡᠨ ᠭᠦᠴᠦ ᠨᠡᠮᠡᠷᠢᠯᠡᠭᠰᠡᠨ 60 ᠵᠢᠯ᠎ᠤᠨ ᠤᠢ ᠵᠢᠨ ᠬᠡᠷᠡᠯ ᠵᠢᠷᠤᠭ᠎ᠤᠨ ᠲᠤᠭᠤᠷᠢᠨ ᠦᠵᠡᠬᠦᠯᠬᠡ ᠵᠢ ᠡᠷᠬᠢᠯᠡᠪᠡ᠃
      ᠱᠠᠰᠢᠨ ᠰᠤᠷᠳᠠᠬᠤᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠲᠤᠭ᠎ᠠ ᠪᠦᠷᠢᠳᠬᠡᠯ ᠪᠠᠶ᠋ᠢᠴᠠᠭ᠋ᠠᠨ ᠰᠤᠳᠤᠯᠤᠯᠲᠠ᠂ ᠠᠷᠠᠳ᠎ᠤᠨ ᠠᠭ᠋ᠠᠷ᠎ᠤᠨ ᠰᠡᠷᠬᠡᠶ᠋ᠢᠯᠡᠯᠳᠡ᠂ ᠭᠠᠵᠠᠷ ᠭᠦᠳᠡᠯᠦᠯᠳᠡ ᠴᠠᠭ ᠠᠭᠤᠷ᠂ ᠨᠡᠶ᠋ᠢᠬᠡᠮ᠎ᠤᠨ ᠰᠢᠨᠵᠢᠯᠡᠬᠦ ᠤᠬᠠᠭ᠋ᠠᠨ᠂ ᠲᠠᠩᠰᠠ ᠡᠪᠬᠡᠮᠡᠯ ᠲᠡᠤᠬᠡ ᠤᠶ᠋ᠢᠯᠠᠯᠭ᠎ᠠ᠂ ᠵᠦᠪᠳᠡᠭᠴᠢ ᠪᠠ ᠲᠡᠤᠬᠡ ᠰᠤᠶᠤᠯ᠂ ᠭᠠᠳᠠᠭ᠋ᠠᠳᠤ ᠶᠠᠪᠤᠳᠠᠯ ᠪᠠ ᠬᠠᠷᠢᠶᠠᠳᠤ ᠵᠢᠨ ᠶᠠᠪᠤᠳᠠᠯ ᠵᠡᠷᠬᠡ ᠠᠵᠢᠯ᠎ᠤᠳ᠎ᠢ ᠴᠢᠩᠭ᠋ᠠᠳᠬᠠᠵᠦ᠂ ᠤᠯᠠᠭ᠋ᠠᠨ ᠵᠠᠭ᠋ᠠᠯᠮᠠᠶ᠋ᠢᠳᠠᠨ᠂ ᠡᠮᠡᠭᠳᠡᠶ᠋ᠢᠴᠦᠳ ᠪᠠ ᠬᠡᠤᠬᠡᠳ᠂ ᠨᠠᠰᠤᠲᠠᠶ᠋ᠢᠴᠤᠳ ᠪᠠ ᠵᠡᠮᠳᠡᠭᠴᠦᠳ᠎ᠤᠨ ᠠᠵᠢᠯ ᠦᠢ᠍ᠯᠡᠰ ᠴᠦᠮ ᠰᠢᠨ᠎ᠠ ᠠᠬᠢᠯᠳᠠ᠎ᠲᠠᠢ ᠪᠤᠯᠪᠠ᠃ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠪᠠ᠃ ᠵᠠᠬᠢᠳᠠᠯ ᠰᠤᠷᠪᠣᠯᠵᠢᠯᠠᠯ᠎ᠤᠨ ᠠᠵᠢᠯ᠎ᠳᠤ ᠰᠢᠨ᠎ᠡ ᠵᠢ ᠡᠭᠦᠳᠪᠡ᠃ ᠢᠳᠡᠬᠡᠨ ᠪᠠ ᠡᠮ᠎ᠤᠨ ᠵᠦᠢ᠍ᠯ᠎ᠤᠨ ᠲᠦᠭᠰᠢᠭᠦᠷᠢ ᠵᠢ ᠪᠦᠭᠦ ᠶᠠᠪᠤᠴᠠ᠎ᠳᠤ᠎ᠨᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠷᠠᠭᠤᠯᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠪᠠᠶ᠋ᠢᠳᠠᠯ ᠶᠠᠷᠤᠩᠬᠡᠢ᠎ᠳᠤ᠎ᠪᠠᠨ ᠲᠤᠨᠨᠳᠠᠪᠤᠷᠢᠵᠢᠪᠠ᠃
      ᠨᠡᠶ᠋ᠢᠬᠡᠮ᠎ᠤᠨ ᠠᠮᠤᠷ᠎ᠢ ᠬᠠᠮᠠᠭ᠋ᠠᠯᠠᠬᠤ ᠠᠵᠢᠯ᠎ᠳᠤ ᠰᠡᠷᠬᠡᠶ᠋ᠢᠯᠡᠨ ᠡᠵᠡᠮᠳᠡᠬᠦ ᠰᠢᠰᠲ᠋ᠧᠮᠵᠢ ᠵᠢ ᠪᠦᠷᠢᠨᠰᠢᠬᠦᠯᠵᠦ᠂ ᠬᠠᠷ᠎ᠠ ᠪᠦᠯᠦᠭᠳᠡᠨ ᠬᠠᠷᠬᠢᠰ ᠭᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠦᠷᠨᠢᠬᠦᠯᠦᠨ᠂ ᠬᠠᠤᠯᠢ᠎ᠠᠴᠠ ᠵᠦᠷᠢᠴᠡᠵᠦ ᠶᠠᠯ᠎ᠠ ᠬᠢᠭᠰᠡᠨ ᠡᠯ᠎ᠡ ᠲᠦᠷᠦᠯ᠎ᠤᠨ ᠦᠢ᠍ᠯᠡ ᠠᠵᠢᠯᠯᠠᠭ᠎ᠠ᠎ᠳᠤ ᠴᠤᠬᠢᠯᠳᠠ ᠦᠭᠴᠤ᠂ ᠨᠡᠶ᠋ᠢᠬᠡᠮ᠎ᠤᠨ ᠶᠡᠭᠡ ᠲᠠᠯ᠎ᠠ ᠵᠢᠨ ᠡᠶ᠎ᠡ ᠵᠤᠬᠢᠴᠠᠯ᠎ᠲᠠᠢ ᠪᠦᠬᠡᠳ ᠲᠤᠨᠨᠳᠠᠭᠤᠨ ᠪᠠᠶ᠋ᠢᠬᠤ ᠵᠢ ᠪᠠᠳᠤᠯᠠᠪᠠ᠃
     (ᠵᠢᠷᠭᠤᠭ᠎ᠠ) ᠵᠠᠰᠠᠭ᠎ᠤᠨ ᠤᠷᠳᠤᠨ᠎ᠤ ᠡᠭᠦᠷᠬᠡ ᠴᠢᠳᠠᠪᠤᠷᠢ ᠵᠢ ᠬᠠᠤᠯᠢ ᠶᠤᠰᠤᠭ᠋ᠠᠷ ᠪᠦᠭᠦ ᠲᠠᠯ᠎ᠠ᠎ᠪᠠᠷ ᠭᠦᠢ᠍ᠴᠡᠳᠬᠡᠬᠦ ᠵᠢ ᠪᠠᠷᠢᠮᠳᠠᠯᠠᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠦ ᠬᠢᠷᠢ ᠲᠦᠪᠰᠢᠨ᠎ᠢ ᠴᠢᠷᠮᠠᠶ᠋ᠢᠨ ᠲᠡᠬᠡᠭᠰᠢᠯᠡᠬᠦᠯᠪᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠳᠤ ᠲᠡᠪᠰᠢᠬᠦᠯᠦᠨ ᠬᠢᠨᠠᠭᠤᠯᠤᠨᠨᠰᠠᠨ ᠤᠷᠤᠨ ᠨᠤᠳᠤᠭ᠎ᠤᠨ ᠴᠢᠨᠠᠷᠳᠠᠢ ᠬᠠᠤᠯᠢ ᠲᠤᠨᠨᠳᠠᠭ᠋ᠠᠯ ᠪᠠ ᠵᠦᠪᠯᠡᠯᠬᠡ 27 ᠪᠠᠶ᠋ᠢᠵᠦ᠂ ᠵᠠᠰᠠᠭ᠎ᠤᠨ ᠤᠷᠳᠤᠨ᠎ᠤ ᠲᠤᠨᠨᠳᠠᠭ᠋ᠠᠯ ᠲᠦᠷᠢᠮ᠎ᠢ 22 ᠲᠤᠨᠨᠳᠠᠭ᠋ᠠᠵᠦ᠂ ᠵᠠᠰᠠᠪᠤᠷᠢ ᠤᠷᠤᠭᠤᠯᠤᠨᠨᠰᠠᠨ ᠪᠠ ᠭᠦᠴᠦᠨ ᠦᠬᠡᠢ ᠪᠣᠯᠭ᠋ᠠᠪᠠ᠃ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢ ᠵᠢᠨ ᠰᠠᠨᠠᠭᠤᠯᠭ᠎ᠠ᠂ ᠤᠯᠤᠰ ᠲᠦᠷᠦ ᠵᠢᠨ ᠵᠦᠪᠯᠡᠯᠬᠡᠨ᠎ᠤ ᠬᠡᠰᠢᠭᠦᠳ᠎ᠤᠨ ᠰᠠᠨᠠᠯ ᠲᠤᠷᠠᠳᠤᠯᠭ᠎ᠠ ᠵᠢ ᠭᠦᠢ᠍ᠴᠡᠳᠬᠡᠬᠡᠳ ᠬᠠᠷᠢᠭᠤ ᠦᠭᠭᠦᠭᠰᠡᠨ ᠨᠤᠷᠮ᠎ᠠ 100%᠎ᠳᠤ ᠭᠦᠷᠪᠡ᠃ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠲᠦᠷᠢᠮ᠎ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠴᠢᠬᠤᠯᠠ ᠶᠡᠭᠡ ᠵᠦᠢ᠍ᠯᠡᠰ ᠪᠣᠯᠣᠨ ᠴᠢᠬᠤᠯᠡ ᠪᠢᠴᠢᠭ ᠮᠠᠲ᠋ᠧᠷᠢᠶᠠᠯ᠎ᠤᠨ ᠬᠠᠤᠯᠢ ᠶᠤᠰᠤᠴᠢ ᠴᠢᠨᠠᠷ᠎ᠢ ᠬᠢᠨᠠᠨ ᠪᠠᠶ᠋ᠢᠴᠠᠭ᠋ᠠᠬᠤ᠂ 《ᠭᠤᠷᠪᠠᠨ ᠴᠢᠬᠤᠯᠠ ᠪᠠ ᠨᠢᠬᠡ ᠲᠤᠮᠤ》 ᠵᠢᠨ ᠵᠦᠢ᠍ᠯᠡᠰ᠎ᠲᠤ ᠬᠠᠮᠳᠤ᠎ᠪᠠᠷ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ ᠪᠠ ᠵᠠᠰᠠᠭ᠎ᠤᠨ ᠤᠷᠳᠤᠨ᠎ᠤ ᠬᠠᠤᠯᠢ ᠴᠠᠭ᠋ᠠᠵᠠ ᠵᠢᠨ ᠵᠦᠪᠯᠡᠭᠴᠢ ᠵᠡᠷᠬᠡ ᠲᠦᠷᠢᠮ᠎ᠢ ᠴᠢᠩᠳᠠᠯᠠᠪᠡ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠭᠡ᠎ᠪᠠᠷ ᠰᠢᠮᠳᠠᠭᠤᠯᠤᠨ ᠪᠠᠶ᠋ᠢᠴᠠᠭ᠋ᠠᠬᠤ᠎ᠳᠤ ᠲᠤᠷᠠᠳᠤᠨᠨᠰᠠᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠪᠠ᠃ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠪᠠᠶ᠋ᠢᠭᠤᠯᠤᠮᠵᠢ᠎ᠳᠤ ᠦᠬᠡᠷᠡᠴᠢᠯᠡᠯᠳᠡ ᠬᠢᠬᠦ ᠡᠭᠦᠷᠬᠡ ᠵᠢ ᠪᠡᠶᠡᠯᠡᠬᠦᠯᠪᠠ᠃
      ᠤᠯᠤᠰ ᠲᠦᠷᠦ ᠵᠢᠨ ᠪᠠᠶ᠋ᠢᠭᠤᠯᠤᠯᠳᠠ ᠵᠢ ᠲᠡᠷᠢᠬᠦᠨ᠎ᠳᠤ ᠲᠠᠯᠪᠢᠬᠤ ᠵᠢ ᠪᠠᠷᠢᠮᠳᠠᠯᠠᠵᠦ᠂ ᠵᠠᠰᠠᠭ᠎ᠤᠨ ᠤᠷᠳᠤᠨ᠎ᠤ ᠰᠢᠰᠲ᠋ᠧᠮ᠎ᠤᠨ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠶ᠋ᠢᠭᠤᠯᠤᠯᠳᠠ ᠪᠠ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠬᠡᠢ ᠠᠬᠢᠭᠤᠯᠪᠠ᠃ ᠲᠦᠪ ᠬᠤᠷᠢᠶᠠᠨ᠎ᠤ ᠨᠠᠢ᠍ᠮᠠᠨ ᠲᠤᠨᠨᠳᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠣᠷᠣᠨ᠎ᠤ ᠳᠦᠬᠦᠷ ᠠᠷᠭ᠎ᠠ ᠵᠢᠨ ᠵᠤᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠦ᠂ 《ᠲᠦᠷᠪᠡᠨ ᠰᠤᠷᠳᠠᠯ》᠎ᠢ ᠴᠤᠴᠠᠯᠲᠠ ᠦᠬᠡᠢ᠎ᠪᠠᠷ ᠴᠡᠭᠴᠡᠯᠡᠨ ᠵᠠᠰᠠᠬᠤ ᠵᠢ ᠪᠠᠷᠢᠮᠳᠠᠯᠠᠪᠠ᠃ ᠠᠵᠢᠯᠴᠢ ᠠᠷᠪᠢᠴᠢ ᠪᠦᠭᠡᠳ ᠠᠷᠪᠢᠯᠠᠨ ᠭᠠᠮᠨᠠᠬᠤ ᠵᠢ ᠭᠦᠴᠦᠳᠡᠢ ᠠᠬᠢᠭᠤᠯᠵᠤ᠂ 《ᠠᠯᠪᠠᠨ᠎ᠤ ᠭᠤᠷᠪᠠᠨ》 ᠵᠠᠷᠤᠳᠠᠯ᠎ᠤᠨ ᠵᠠᠷᠤᠯᠭ᠎ᠠ ᠵᠢ ᠴᠢᠩᠭ᠎ᠠ ᠡᠵᠡᠮᠳᠡᠨ᠂ ᠦᠪᠡᠷᠳᠡᠬᠡᠨ ᠵᠠᠰᠠᠬᠤ ᠤᠷᠤᠨ᠎ᠤ ᠲᠤᠰ ᠱᠠᠳᠤᠨ᠎ᠳᠠᠬᠢ ᠡᠩ᠎ᠤᠨ ᠤᠯᠠᠨ ᠨᠡᠶ᠋ᠢᠳᠡ ᠵᠢᠨ ᠲᠦᠰᠦᠪ᠎ᠤᠨ ᠵᠠᠷᠤᠯᠭ᠎ᠠ ᠵᠢ 10.1% ᠪᠠᠭ᠋ᠠᠰᠬᠠᠪᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠬᠡᠷᠡᠴᠢᠯᠡᠯᠳᠡ ᠨᠡᠬᠡᠬᠡᠯᠳᠡ ᠵᠢᠨ 40 ᠵᠢᠯ᠎ᠤᠨ ᠤᠢ᠂ ᠭᠤᠷᠪᠠᠨ ᠶᠡᠭᠡ ᠰᠢᠪᠳᠤᠯᠤᠯᠳᠠ ᠵᠢᠨ ᠲᠠᠶ᠋ᠢᠯᠠᠯᠳᠤᠭ᠋ᠠᠨ ᠵᠡᠷᠬᠡ ᠨᠡᠶ᠋ᠢᠬᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠤᠨ ᠲᠤᠭᠤᠷᠢᠨ᠎ᠳᠤ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠢ 110 ᠤᠳᠠᠭ᠎ᠠ ᠬᠤᠷᠠᠯᠳᠤᠭᠤᠯᠪᠠ᠃
      ᠶᠡᠷᠦᠩᠬᠡᠢ ᠱᠦᠵᠢ ᠰᠢ ᠵᠢᠨ ᠫᠢᠩ᠎ᠤᠨ 《ᠦᠨᠳᠦᠰᠦᠳᠡᠨ᠎ᠤ ᠪᠦᠯᠭᠦᠮᠳᠡᠯ ᠪᠠ ᠬᠢᠯᠢ ᠬᠢᠵᠠᠭ᠋ᠠᠷ᠎ᠤᠨ ᠲᠤᠨᠨᠳᠠᠭᠤᠨ᠎ᠢ ᠪᠠᠳᠤᠳᠠᠢ ᠠᠬᠢᠭᠤᠯᠬᠤ》 ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠵᠦ᠂ ᠦᠨᠳᠦᠰᠦᠳᠡᠨ᠎ᠤ ᠪᠦᠯᠭᠦᠮᠳᠡᠯ ᠲᠠᠪᠰᠢᠯᠳᠠ ᠵᠢᠨ ᠭᠦᠮᠦᠵᠢᠯ᠎ᠤᠨ ᠠᠵᠢᠯᠯᠠᠭ᠎ᠠ ᠵᠢ ᠭᠦᠨᠵᠡᠬᠡᠢ ᠦᠷᠨᠢᠬᠦᠯᠦᠨ᠂ 9 ᠭᠠᠵᠠᠷ ᠤᠷᠤᠨ ᠪᠠ ᠨᠢᠬᠡᠴᠢ᠎ᠨᠢ ᠪᠦᠭᠦ ᠤᠯᠤᠰ᠎ᠤᠨ ᠦᠨᠳᠦᠰᠦᠳᠡᠨ᠎ᠤ ᠪᠦᠯᠭᠦᠮᠳᠠᠯ ᠲᠠᠪᠰᠢᠯᠳᠠ ᠵᠢ ᠡᠭᠦᠳᠦᠨ ᠴᠤᠨᠨᠴᠠᠯᠠᠬᠤ ᠵᠢᠨ ᠵᠢᠱ᠌ᠢᠶ᠎ᠡ ᠦᠵᠡᠬᠦᠯᠬᠦ ᠨᠢᠬᠡᠴᠢ᠎ᠪᠠᠷ ᠦᠨᠡᠯᠡᠭᠳᠡᠪᠡ᠃ ᠡᠸᠡᠩᠬᠢ ᠦᠨᠳᠦᠰᠦᠳᠡᠨ᠎ᠤ ᠦᠪᠡᠷᠳᠡᠬᠡᠨ ᠵᠠᠰᠠᠬᠤ ᠬᠤᠰᠢᠭᠤ᠂ ᠮᠤᠷᠢᠨᠳᠠᠪᠠᠭ᠎ᠠ ᠲᠠᠭᠤᠷ ᠦᠨᠳᠦᠰᠦᠳᠡᠨ᠎ᠤ ᠦᠪᠡᠷᠳᠡᠬᠡᠨ ᠵᠠᠰᠠᠬᠤ ᠬᠤᠰᠢᠭᠤ ᠪᠠᠶ᠋ᠢᠭᠤᠯᠤᠨᠨᠳ᠋ᠬᠠᠰᠠᠨ 60 ᠵᠢᠯ᠎ᠤᠨ ᠤᠢ ᠵᠢ ᠪᠡᠯᠬᠡᠯᠡᠬᠦ ᠠᠵᠢᠯᠯᠠᠭ᠎ᠠ ᠵᠢ ᠡᠷᠬᠢᠯᠡᠪᠡ᠃ ᠣᠷᠴᠤᠨ ᠬᠡᠯᠡ᠂ ᠡᠸᠡᠩᠬᠢ ᠬᠡᠯᠡ ᠪᠣᠯᠣᠨ ᠳᠠᠭᠤᠷ ᠬᠡᠯᠡᠨ᠎ᠤ ᠪᠠᠶ᠋ᠢᠩᠭᠤ ᠬᠡᠷᠡᠭᠯᠡᠭᠳᠡᠬᠦ ᠦᠭᠡᠰ᠎ᠤᠨ ᠲᠣᠯᠢ ᠵᠢ ᠨᠠᠶ᠋ᠢᠷᠠᠭᠤᠯᠤᠨ ᠵᠣᠬᠢᠶᠠᠪᠡ᠃
      ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ᠎ᠳᠤ ᠤᠯᠤᠨᠨᠰᠠᠨ ᠮᠠᠨ᠎ᠤ ᠠᠮᠵᠢᠯᠳᠠ ᠪᠤᠯ ᠰᠢ ᠵᠢᠨ ᠫᠢᠩ ᠨᠦᠭᠦᠷ ᠵᠶ᠋ᠠᠷ ᠭᠤᠤᠯ ᠪᠤᠯᠭ᠋ᠠᠨᠨᠰᠠᠨ ᠨᠠᠮ᠎ᠤᠨ ᠲᠦᠪ ᠬᠤᠷᠢᠶ᠎ᠠ᠎ᠠᠴᠠ ᠪᠠᠳᠤ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠪᠦᠭᠦ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠨᠢᠭᠡ ᠰᠡᠳᠬᠢᠯ ᠨᠡᠶ᠋ᠢᠲᠡ ᠵᠢᠨ ᠵᠣᠷᠢᠭ ᠵᠶ᠋ᠠᠷ ᠭᠦᠴᠦᠯᠡᠨ ᠴᠢᠷᠮᠠᠶ᠋ᠢᠨᠨᠰᠠᠨ᠎ᠤ ᠦᠷ᠎ᠡ ᠳ᠋ᠦᠩ ᠪᠤᠯᠬᠤ ᠶᠤᠮ᠃ ᠡ᠊ᠨᠳᠡ᠂ ᠪᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠡᠮᠤᠨ᠎ᠠ᠎ᠠᠴᠠ ᠪᠦᠭᠦ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ᠎ᠤ ᠭᠦᠭᠵᠢᠯᠳᠡ ᠵᠢ ᠬᠠᠯᠠᠮᠵᠢᠯᠠᠨ ᠲᠡᠮᠵᠢᠭᠰᠡᠨ ᠨᠥᠬᠦᠳ ᠪᠣᠯᠣᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠲᠡᠪᠰᠢᠬᠦᠯᠦᠶ᠎ᠠ!
      ᠦᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠡᠷᠬᠢᠴᠡᠭᠦᠯᠬᠦᠶ᠎ᠠ᠂ ᠪᠢᠳᠡ ᠨᠠᠮ᠎ᠤᠨ ᠲᠥᠪ ᠬᠤᠷᠢᠶ᠎ᠠ ᠵᠢᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠨᠠᠮ᠎ᠤᠨ ᠲᠥᠪ ᠬᠤᠷᠢᠶ᠎ᠠ ᠵᠢᠨ ᠱᠠᠭ᠋ᠠᠷᠳᠠᠯᠭ᠎ᠠ᠎ᠪᠠᠷ ᠨᠠᠷᠢᠨ ᠬᠢᠨᠠᠮᠠᠭ᠋ᠠᠢ ᠬᠢᠳᠡᠭ ᠯᠡ ᠶᠤᠮ ᠪᠣᠯ ᠮᠣᠷᠣᠢ ᠰᠠᠷᠤᠢ ᠵᠠᠮ ᠵᠶ᠋ᠠᠷ ᠵᠠᠮᠨᠠᠬᠤ ᠦᠭᠡᠢ ᠶᠤᠮ; ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠠᠯᠢᠪᠠ᠎ᠨᠢ ᠪᠦᠷ ᠠᠷᠠᠳ ᠲᠦᠮᠡᠨ᠎ᠤ ᠲᠦᠯᠦᠭᠡ᠂ ᠠᠷᠠᠳ ᠲᠦᠮᠡᠨ᠎ᠳᠤ ᠲᠦᠰᠢᠭᠯᠡᠳᠡᠭ ᠯᠡ ᠶᠤᠮ ᠪᠣᠯ ᠪᠢᠳᠡᠨ᠎ᠤ ᠠᠵᠢᠯ ᠠᠷᠠᠳ ᠣᠯᠠᠨ᠎ᠳᠤ ᠮᠡᠳᠡᠷᠡᠭᠳᠡᠬᠦ ᠪᠥᠭᠡᠳ ᠲᠡᠳᠡᠨ᠎ᠤ ᠳᠡᠮᠵᠢᠯᠭᠡ ᠵᠢ ᠣᠯᠵᠤ ᠴᠢᠳᠠᠬᠤ ᠪᠣᠯᠣᠨ᠎ᠠ; ᠪᠣᠲᠠᠲᠠᠢ᠎ᠠᠴᠠ ᠡᠭᠦᠰᠬᠦ ᠵᠢ ᠢᠮᠠᠭᠲᠠ ᠪᠠᠷᠢᠮᠲᠠᠯᠠᠵᠤ᠂ ᠬᠡᠢ ᠬᠤᠭᠤᠰᠤᠨ᠎ᠢ ᠰᠠᠨᠠᠵᠤ ᠬᠡᠶ᠋ᠢᠰᠪᠦᠷᠢ ᠶᠠᠭᠤᠮ᠎ᠠ ᠵᠢ ᠬᠦᠭᠡᠭᠡᠴᠡᠯᠳᠦᠬᠦ ᠦᠭᠡᠢ ᠯᠡ ᠶᠤᠮ ᠪᠣᠯ ᠪᠢᠳᠡᠨ᠎ᠤ ᠬᠥᠭᠵᠢᠯᠲᠡ ᠵᠢᠨ ᠰᠡᠳᠬᠢᠮᠵᠢ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ ᠨᠡᠩ ᠣᠨᠣᠪᠴᠢᠲᠠᠢ ᠪᠦᠭᠡᠳ ᠦᠷ᠎ᠡ ᠪᠦᠲᠦᠮᠵᠢᠲᠡᠢ ᠪᠣᠯᠵᠤ ᠴᠢᠳᠠᠬᠤ ᠵᠢ ᠭᠦᠨᠵᠡᠭᠡᠢ ᠣᠶ᠋ᠢᠯᠠᠭ᠋ᠠᠪᠠ᠃
      ᠮᠠᠨ᠎ᠤ ᠤᠷᠤᠨ᠎ᠤ ᠠᠵᠤ ᠠᠬᠤᠢ ᠨᠡᠶ᠋ᠢᠭᠡᠮ᠎ᠤᠨ ᠭᠦᠭᠵᠢᠯᠳᠡ᠎ᠳᠤ ᠮᠦᠨ ᠭᠦ᠌ ᠴᠦᠬᠡᠨ ᠪᠤᠰᠤ ᠭᠦᠴᠢᠷᠳᠡᠯ ᠪᠠ ᠠᠰᠠᠭᠤᠳᠠᠯ ᠤᠷᠤᠰᠢᠵᠦ ᠪᠠᠶ᠋ᠢᠭ᠎ᠠ ᠵᠢ ᠪᠢᠳᠡ ᠪᠠᠰᠠ ᠰᠡᠷᠬᠡᠭ ᠵᠶ᠋ᠠᠷ ᠲᠠᠨᠢᠵᠦ ᠤᠯᠪᠠ᠂ ᠭᠤᠤᠯᠳᠠᠭᠤ᠄ ᠠᠵᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦᠯᠬᠦ ᠡᠭᠦᠷᠬᠡ ᠬᠠᠳᠠᠭᠤ ᠪᠡᠷᠬᠡᠰᠢᠶᠡᠯᠳᠡᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠴᠢᠳᠠᠪᠤᠷᠢ ᠰᠤᠯᠠᠪᠳᠤᠷ᠂ ᠰᠢᠨ᠎ᠠ ᠭᠦᠳᠡᠯᠬᠡᠭᠴᠢ ᠴᠢᠳᠠᠪᠤᠷᠢ ᠵᠢᠨ ᠲᠤᠯᠭ᠋ᠠᠭᠤᠷᠢᠯᠠᠬᠤ᠎ᠨᠢ ᠬᠦᠷᠦᠯᠴᠡᠬᠦ ᠦᠭᠡᠢ᠂ ᠡᠨᠧᠷᠬᠢ ᠠᠷᠪᠢᠯᠠᠵᠦ ᠪᠤᠬᠢᠷ ᠪᠤᠳᠠᠰ ᠭᠠᠳ᠋ᠬᠠᠰᠢᠯᠠᠭᠤᠯᠬᠤ ᠵᠢ ᠪᠠᠭ᠋ᠠᠰᠬᠠᠬᠤ ᠡᠭᠦᠷᠭᠡ ᠨᠡᠯᠢᠶᠡᠳ ᠶᠡᠭᠡ ᠪᠠᠶ᠋ᠢᠭᠰᠠᠭ᠋ᠠᠷ; ᠠᠷᠠᠳ᠎ᠤᠨ ᠠᠮᠢᠳᠤᠷᠠᠯ᠎ᠤᠨ ᠲᠠᠯ᠎ᠠ᠎ᠳᠤ ᠪᠠᠰᠠ ᠴᠦᠬᠡᠨ ᠪᠤᠰᠤ ᠲᠤᠳᠠᠭᠤᠳᠠᠯ ᠤᠷᠤᠰᠢᠵᠦ᠂ ᠠᠵᠢᠯ ᠤᠯᠭᠤᠯᠳᠠ᠂ ᠰᠤᠷᠭ᠋ᠠᠨ ᠭᠦᠮᠦᠵᠢᠯ᠂ ᠡᠮᠴᠢᠯᠡᠭᠡ᠂ ᠨᠠᠰᠤᠲᠠᠶ᠋ᠢᠴᠤᠳ᠎ᠤᠨ ᠠᠰᠠᠷᠠᠮᠵᠢ᠂ ᠤᠷᠤᠨ ᠰᠠᠭᠤᠴᠠ ᠵᠡᠷᠬᠡ ᠲᠠᠯ᠎ᠠ᠎ᠪᠠᠷ᠎ᠬᠢ ᠤᠯᠠᠨ ᠲᠦᠮᠡᠨ᠎ᠳᠤ ᠲᠠᠭ᠋ᠠᠰᠢᠶᠠᠭᠳᠠᠬᠤ ᠦᠬᠡᠢ ᠵᠦᠢ᠍ᠯ ᠮᠠᠰᠢ ᠣᠯᠠᠨ ᠪᠠᠶ᠋ᠢᠭᠰᠠᠭ᠋ᠠᠷ; ᠵᠠᠷᠢᠮ ᠭᠠᠵᠠᠷ ᠤᠷᠤᠨ᠎ᠤ ᠡᠳ᠋᠎ᠤᠨ ᠵᠠᠰᠠᠭ᠎ᠨᠢ ᠶᠡᠭᠡ ᠬᠦᠴᠢᠷ᠎ᠲᠠᠢ ᠪᠠᠶ᠋ᠢᠭᠰᠠᠭ᠋ᠠᠷ; ᠡᠵᠡᠩᠨᠡᠨ ᠬᠤᠳᠠᠯᠳᠤᠭ᠋ᠠᠯᠠᠬᠤ ᠤᠷᠴᠢᠨ ᠨᠦᠬᠦᠴᠡᠯ᠎ᠢ ᠲᠦᠷᠬᠡᠨ ᠰᠠᠶ᠋ᠢᠵᠢᠷᠠᠭᠤᠯᠬᠤ ᠠᠵᠢᠯ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠂ ᠠᠵᠦ ᠠᠬᠤᠶ᠋ᠢᠯᠠᠯ᠎ᠤᠨ ᠪᠡᠯᠡ ᠲᠤᠬᠢᠷᠠᠭᠤᠯᠬᠤ᠎ᠳᠤ ᠭᠦᠴᠢᠷ ᠪᠦᠬᠡᠳ ᠦᠨᠡᠳᠡᠢ ᠠᠰᠠᠭᠤᠳᠠᠯ᠎ᠢ ᠮᠦᠨ ᠬᠦ᠌ ᠪᠦᠳᠦᠮᠵᠢᠳᠡᠢ ᠰᠢᠢ᠍ᠳᠪᠦᠷᠢᠯᠡᠵᠦ ᠴᠢᠳᠠᠭ᠋ᠠᠳᠤᠢ ᠪᠠᠶ᠋ᠢᠭᠰᠠᠭ᠋ᠠᠷ᠃ ᠵᠠᠰᠠᠭ᠎ᠤᠨ ᠤᠷᠳᠤᠨ᠎ᠤ ᠠᠵᠢᠯ᠎ᠳᠤ ᠪᠠᠰᠠ ᠮᠠᠰᠢ ᠤᠯᠠᠨ ᠭᠦᠷᠦᠯᠴᠡᠬᠦ ᠦᠬᠡᠢ ᠲᠠᠯ᠎ᠠ ᠤᠷᠤᠰᠢᠵᠦ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠬᠠᠷᠢᠭᠤᠴᠠᠯᠭ᠎ᠠ᠎ᠪᠠᠨ ᠪᠦᠷᠢᠨ ᠭᠦᠢ᠍ᠴᠡᠳᠭᠡᠭᠰᠡᠨ ᠦᠭᠡᠢ; ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠬᠦ ᠴᠢᠬᠤᠯᠠᠲᠠᠢ; ᠵᠠᠷᠢᠮ ᠺᠠᠳ᠋ᠷᠴᠤᠳ᠎ᠤᠨ ᠦᠢ᠍ᠯᠡᠴᠢᠯᠡᠬᠦ ᠦᠵᠡᠯ ᠤᠬᠠᠮᠰᠠᠷ᠂ ᠬᠠᠤᠯᠢ᠎ᠪᠠᠷ ᠵᠠᠰᠠᠬᠤ ᠦᠵᠡᠯ ᠤᠬᠠᠮᠰᠠᠷ ᠪᠠ ᠤᠷᠴᠢᠨ ᠲᠤᠭᠤᠷᠢᠨ᠎ᠢ ᠬᠠᠮᠠᠭ᠋ᠠᠯᠠᠬᠤ ᠦᠵᠡᠯ ᠤᠬᠠᠮᠰᠠᠷ᠎ᠨᠢ ᠴᠢᠨᠭᠭ᠎ᠠ ᠪᠤᠰᠤ᠂ ᠰᠢᠨ᠎ᠠ ᠬᠦᠭᠵᠢᠯᠳᠡ ᠵᠢᠨ ᠤᠨᠤᠯᠵᠢᠬᠤᠨ ᠵᠶ᠋ᠠᠷ ᠲᠤᠳᠠᠮᠠᠭ᠂ ᠦᠵᠡᠯ ᠰᠠᠨᠠᠭ᠎ᠠ ᠦᠵᠡᠯᠳᠡ ᠵᠢᠨ ᠲᠠᠯ᠎ᠠ᠎ᠳᠤ᠎ᠨᠢ ᠪᠠᠰᠠ ᠴᠢᠨᠠᠷ ᠰᠠᠶ᠋ᠢᠳᠠᠢ ᠭᠦᠭᠵᠢᠬᠦᠯᠬᠦ ᠱᠠᠭ᠋ᠠᠷᠳᠠᠯᠭ᠎ᠠ᠎ᠲᠠᠢ ᠪᠦᠷᠢᠮᠦᠰᠦᠨ ᠲᠣᠬᠢᠷᠠᠯᠴᠠᠬᠤ ᠦᠬᠡᠢ ᠪᠠᠶ᠋ᠢᠬᠤ ᠵᠡᠷᠬᠡ ᠠᠰᠠᠭᠤᠳᠠᠯ ᠣᠷᠤᠰᠢᠭᠰᠠᠭ᠋ᠠᠷ ᠪᠠᠶ᠋ᠢᠨ᠎ᠠ᠃ ᠪᠢᠳᠠ ᠲᠦᠭᠰᠢᠭᠦᠷᠢ᠎ᠳᠤ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠷᠠᠭᠤᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠂ ᠭᠦᠴᠦᠳᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠨᠳᠤᠯᠭ᠎ᠠ᠎ᠲᠠᠢ᠎ᠪᠠᠷ ᠰᠢᠢ᠍ᠳᠪᠦᠷᠢᠯᠡᠪᠡᠯ ᠵᠣᠬᠢᠨ᠎ᠠ᠃
      ᠲᠦᠯᠦᠭᠡᠯᠡᠭᠴᠢᠳ ᠡ᠂ ᠨᠠᠮ᠎ᠤᠨ ᠤᠳᠤᠷᠢᠳᠤᠯᠭ᠎ᠠ ᠳᠣᠣᠷ᠎ᠠ᠂ ᠦᠭᠡᠷᠡᠴᠢᠯᠡᠯᠲᠡ ᠨᠡᠭᠡᠭᠡᠯᠲᠡ ᠬᠢᠵᠦ 40 ᠵᠢᠯ᠎ᠢ ᠲᠤᠭᠤᠯᠤᠭ᠋ᠠᠳ ᠦᠪᠦᠷ ᠮᠣᠩᠭᠤᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠴᠦᠮ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠥᠭᠡᠳ ᠲᠡᠦᠬᠡᠲᠦ ᠴᠢᠨᠠᠷᠲᠠᠢ ᠬᠤᠪᠢᠷᠠᠯᠲᠠ᠎ᠲᠠᠢ ᠪᠣᠯᠣᠭᠰᠠᠨ ᠪᠠᠶ᠋ᠢᠨ᠎ᠠ᠃ 40 ᠵᠢᠯ᠎ᠤᠨ ᠦᠢ᠍ᠯᠡᠳᠦᠯᠭᠡ᠎ᠠᠴᠠ ᠪᠢᠳᠡ ᠦᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠣᠭᠲᠠᠭ᠋ᠠᠭᠰᠠᠨ ᠵᠠᠩᠬᠢᠯᠠᠭ᠎ᠠ ᠵᠢᠨ ᠠᠷᠭ᠎ᠠ ᠪᠦᠭᠡᠳ 《ᠬᠤᠶᠠᠷ ᠵᠠᠭᠤᠨ ᠵᠢᠯ》᠎ᠤᠨ ᠲᠡᠮᠡᠴᠡᠬᠦ ᠬᠠᠷᠠᠯᠲᠠ ᠪᠣᠯᠣᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠵᠠᠩᠬᠢᠯᠠᠭ᠎ᠠ ᠵᠢᠨ ᠠᠷᠭ᠎ᠠ ᠪᠣᠯᠬᠤ ᠵᠢ ᠰᠡᠷᠡᠵᠦ ᠮᠡᠳᠡᠪᠡ᠃ ᠠᠵᠢᠯ ᠦᠢ᠍ᠯᠡᠰ᠎ᠤᠨ ᠬᠥᠭᠵᠢᠯᠲᠡ ᠬᠢᠵᠠᠭ᠋ᠠᠷ ᠦᠭᠡᠢ ᠪᠥᠭᠡᠳ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ ᠬᠡᠵᠢᠶᠡᠳᠡ ᠳᠠᠭᠤᠰᠤᠰᠢ ᠦᠭᠡᠢ ᠶᠤᠮ᠃ ᠪᠢᠳᠡ ᠦᠭᠡᠷᠡᠴᠢᠯᠡᠯᠲᠡ ᠨᠡᠭᠡᠭᠡᠯᠲᠡ ᠵᠢ ᠭᠤᠶ᠋ᠢᠪᠢᠰᠢ ᠦᠭᠡᠢ᠎ᠪᠠᠷ ᠡᠴᠦᠰ᠎ᠲᠤ᠎ᠨᠢ ᠲᠤᠯᠲᠠᠯ᠎ᠠ ᠬᠢᠵᠦ᠂ ᠬᠥᠭᠵᠢᠯᠲᠡ ᠵᠢᠨ ᠬᠦᠳᠡᠯᠭᠡᠬᠦ ᠬᠦᠴᠦᠨ ᠪᠣᠯᠣᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠨ᠎ᠡ᠃
      ᠬᠤᠶᠠᠷ᠂ 2019 ᠣᠨ᠎ᠤ ᠭᠤᠣᠯ ᠪᠣᠯᠬᠤ ᠠᠵᠢᠯ
      ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ ᠪᠣᠯᠬᠤ ᠪᠦᠭᠡᠳ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ ᠪᠦᠲᠦᠭᠡᠬᠦ ᠵᠠᠩᠬᠢᠯᠠᠭ᠎ᠠ ᠵᠢᠨ ᠵᠢᠯ ᠪᠣᠯᠣᠨ᠎ᠠ᠃ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠵᠢ ᠨᠢᠭᠡᠲᠦᠯᠲᠡᠢ ᠲᠦᠯᠦᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶ᠋ᠢᠯᠭ᠋ᠠᠬᠤ ᠪᠦᠭᠡᠳ ᠣᠷᠤᠭᠰᠢᠯᠠᠭᠤᠯᠬᠤ᠎ᠪᠠᠷ ᠴᠢᠷᠮᠠᠶ᠋ᠢᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠨ᠂ ᠬᠠᠩᠭ᠋ᠠᠯᠭ᠎ᠠ ᠵᠢᠨ ᠲᠠᠯ᠎ᠠ᠎ᠳᠠᠬᠢ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ᠎ᠪᠠᠷ ᠭᠤᠣᠯ ᠱᠤᠭᠤᠮ ᠪᠣᠯᠭ᠋ᠠᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠦᠨᠳᠦᠷ ᠬᠢᠷᠢ ᠲᠦᠪᠰᠢᠨ᠎ᠲᠠᠢ ᠨᠡᠭᠡᠭᠡᠯᠲᠡ ᠵᠢ ᠥᠷᠭᠡᠳᠬᠡᠨ ᠬᠢᠬᠦ ᠵᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠵᠤ᠂ ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠪᠢᠴᠢᠯ ᠭᠤᠣᠯ ᠴᠤᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭᠵᠢᠭᠡᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ᠎ᠳᠤ ᠰᠢᠨ᠎ᠡ ᠵᠢ ᠡᠭᠦᠳᠬᠦ ᠪᠠ ᠲᠡᠭᠦᠯᠳᠡᠷᠵᠢᠭᠦᠯᠦᠨ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠲᠥᠭᠰᠢᠭᠦᠷᠢ ᠵᠢ ᠰᠡᠷᠭᠡᠶ᠋ᠢᠯᠡᠬᠦ ᠠᠵᠢᠯ᠎ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠵᠢᠨ ᠠᠵᠢᠯᠯᠠᠭ᠋ᠠᠨ᠎ᠢ ᠵᠣᠬᠢᠰᠲᠠᠢ ᠣᠷᠣᠨ ᠵᠠᠢ᠎ᠳᠤ ᠪᠠᠶ᠋ᠢᠯᠭ᠋ᠠᠨ᠂ ᠠᠵᠢᠯ ᠣᠯᠭᠤᠯᠲᠠ᠂ ᠮᠦᠩᠭᠦᠨ ᠭᠦᠢ᠍ᠯᠭᠡᠭᠡ᠂ ᠭᠠᠳᠠᠭ᠋ᠠᠳᠤ ᠠᠷᠠᠯᠵᠢᠶ᠎ᠠ᠂ ᠭᠠᠳᠠᠭ᠋ᠠᠳᠤ ᠪᠡᠯᠡ᠂ ᠪᠡᠯᠡ ᠣᠷᠤᠭᠤᠯᠤᠯᠲᠠ᠂ ᠵᠢᠱ᠌ᠢᠯᠲᠡ ᠲᠥᠰᠥᠭᠡᠯᠡᠯ᠎ᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠢᠲᠡᠭᠡᠯ ᠵᠣᠷᠢᠭ᠎ᠢ ᠬᠥᠪᠴᠢᠯᠡᠵᠦ᠂ ᠠᠷᠠᠳ ᠲᠦᠮᠡᠨ᠎ᠤ ᠬᠦᠷᠲᠡᠭᠡᠮᠵᠢ᠎ᠲᠠᠢ ᠪᠠᠶ᠋ᠢᠬᠤ᠂ ᠵᠣᠯ ᠵᠢᠷᠭ᠋ᠠᠯ᠎ᠲᠠᠢ ᠪᠠᠶ᠋ᠢᠬᠤ᠂ ᠠᠮᠦᠷ ᠲᠥᠪᠰᠢᠨ ᠪᠠᠶ᠋ᠢᠬᠤ ᠰᠡᠳᠬᠢᠭᠳᠡᠯ ᠲᠦᠷᠦᠭᠳᠡᠯ᠎ᠢ᠎ᠨᠢ ᠨᠡᠮᠡᠭᠳᠡᠭᠦᠯᠦᠨ᠂ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠪᠠ ᠨᠡᠶ᠋ᠢᠭᠡᠮ᠎ᠤᠨ ᠪᠥᠬᠦ ᠲᠠᠯ᠎ᠠ ᠵᠢᠨ ᠠᠮᠦᠷ ᠲᠣᠭᠲᠠᠭᠤᠨ᠎ᠢ ᠪᠠᠲᠤᠯᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠍ᠢ᠍ᠭᠤᠯᠤᠨ ᠪᠦᠲᠦᠭᠡᠵᠤ ᠲᠠᠭᠤᠰᠬᠠᠬᠤ᠎ᠳᠤ ᠰᠢᠢ᠍ᠳᠪᠦᠷᠢᠯᠡᠬᠦ ᠴᠢᠨᠠᠷᠲᠠᠢ ᠰᠠᠭᠤᠷᠢ ᠵᠢ ᠪᠣᠢ ᠪᠣᠯᠭ᠋ᠠᠨ ᠥᠭᠴᠦ᠂ ᠰᠢᠯᠢᠳᠡᠭ ᠠᠮᠵᠢᠯᠲᠠ᠎ᠪᠠᠷ ᠵᠶ᠋ᠠᠨ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ

ᠪᠡᠯᠭᠡᠯᠡᠶ᠎ᠡ᠃
      ᠡᠨᠡ ᠵᠢᠯ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭᠳᠡᠭᠦᠯᠦᠨ᠎ᠡ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠦᠰᠦᠯᠲᠡ ᠵᠢᠨ ᠬᠡᠮᠵᠢᠶ᠎ᠠ ᠵᠢ 3% ᠣᠷᠴᠢᠮ ᠪᠠᠶ᠋ᠢᠯᠭ᠋ᠠᠵᠤ; ᠬᠤᠲᠠ ᠬᠦᠳᠡᠭᠡ ᠵᠢᠨ ᠪᠠᠢ᠍ᠢ᠍ᠨᠭ᠌ᠭᠤ ᠰᠠᠭᠤᠭ᠎ᠠ ᠰᠠᠭᠤᠭ᠋ᠠᠯᠢ ᠠᠷᠠᠳ᠎ᠤᠨ ᠬᠦᠮᠦᠨ ᠳᠤᠮᠳᠠᠴᠢ ᠵᠢᠨ ᠡᠵᠡᠮᠳᠡᠵᠦ ᠪᠤᠯᠬᠤᠶ᠋ᠢᠴᠠ ᠣᠷᠣᠯᠭ᠎ᠠ ᠵᠢ ᠲᠤᠰ ᠲᠤᠰ 7% ᠪᠣᠯᠣᠨ 8% ᠣᠷᠴᠢᠮ ᠨᠡᠮᠡᠭᠳᠡᠭᠦᠯᠦᠨ᠎ᠠ; ᠬᠤᠲᠠ ᠪᠠᠯᠭ᠋ᠠᠰᠤ ᠵᠢᠨ ᠠᠵᠢᠯ ᠣᠯᠤᠭᠰᠠᠳ᠎ᠢ 22 ᠲᠦᠮᠡᠨ ᠬᠦᠮᠦᠨ ᠰᠢᠨ᠎ᠡ᠎ᠪᠠᠷ ᠨᠡᠮᠡᠭᠳᠡᠭᠦᠯᠵᠦ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ᠂ ᠳᠠᠩᠰᠠᠯᠠᠨ ᠲᠡᠮᠲᠡᠭᠯᠡᠭᠰᠡᠨ ᠠᠵᠢᠯ ᠠᠯᠳᠠᠭᠰᠠᠳ᠎ᠤᠨ ᠨᠣᠷᠮ᠎ᠠ ᠵᠢ ᠲᠤᠰ ᠲᠤᠰ 5.5% ᠤᠷᠴᠢᠮ ᠪᠠ 4.5% ᠵᠢᠨ ᠬᠡᠪᠴᠢᠶᠡᠨ᠎ᠳᠤ ᠬᠢᠵᠠᠭ᠋ᠠᠷᠯᠠᠨ᠎ᠠ; ᠤᠯᠤᠰ᠎ᠠᠴᠠ ᠳᠠᠭ᠋ᠠᠯᠭ᠋ᠠᠭᠰᠠᠨ ᠣᠨ᠎ᠤ ᠡᠨᠧᠷᠬᠢ ᠠᠷᠪᠢᠯᠠᠵᠤ ᠪᠤᠬᠢᠷ ᠪᠤᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠳᠠᠳᠤ ᠡᠭᠦᠷᠬᠡ ᠵᠢ ᠪᠡᠶᠡᠯᠡᠭᠦᠯᠦᠨ᠎ᠡ᠃
      ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠶᠡᠷᠦᠩᠬᠡᠢ ᠱᠦᠵᠢ ᠰᠢ ᠵᠢᠨ ᠫᠢᠩ᠎ᠠᠴᠠ ᠮᠠᠨ᠎ᠤ ᠣᠷᠣᠨ᠎ᠳᠤ ᠳᠤᠷᠠᠳᠤᠭᠰᠠᠨ 《ᠳᠥᠷᠪᠡᠨ ᠲᠠᠯ᠎ᠠ᠎ᠪᠠᠷ ᠬᠦᠴᠦᠯᠡᠨ ᠬᠢᠬᠦ》 《ᠭᠤᠷᠪᠠ ᠵᠢ ᠯᠠᠪᠳᠠᠭᠤᠨ ᠪᠠᠲᠤᠲᠠᠢ ᠬᠢᠬᠦ》 ᠭᠡᠰᠡᠨ ᠴᠢᠬᠤᠯᠡ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠤᠳᠠᠭ᠎ᠠ ᠵᠢᠨ ᠪᠦᠭᠦᠳᠡ ᠬᠤᠷᠠᠯ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠎ᠠ᠃ ᠪᠠᠶ᠋ᠢᠳᠠᠯ ᠬᠡᠳᠦᠢ ᠪᠤᠳᠤᠯᠢᠶᠠᠨᠲᠠᠢ ᠪᠣᠯᠬᠤ ᠲᠤᠰᠤᠮ ᠵᠶ᠋ᠠᠨ ᠨᠠᠮ᠎ᠤᠨ ᠲᠥᠪ ᠬᠤᠷᠢᠶᠠᠨ᠎ᠤ ᠵᠠᠷᠯᠢᠭ ᠤᠷᠢᠶᠠᠯᠠᠭ᠎ᠠ ᠵᠢ ᠤᠯᠠᠮ ᠰᠠᠶ᠋ᠢᠨ ᠰᠤᠨᠤᠰᠤᠨ ᠳᠠᠭ᠋ᠠᠵᠤ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠤᠯᠠᠮ ᠰᠠᠶ᠋ᠢᠨ ᠪᠠᠷᠢᠮᠲᠠᠯᠠᠬᠤ ᠬᠡᠷᠡᠭᠲᠡᠢ᠃ ᠤᠷᠲᠤ ᠬᠤᠭᠤᠴᠠᠭ᠋ᠠᠨ᠎ᠤ ᠶᠡᠭᠡ ᠪᠠᠶ᠋ᠢᠳᠠᠯ᠎ᠠᠴᠠ ᠤᠳᠣ ᠵᠢᠨ ᠪᠠᠶ᠋ᠢᠳᠠᠯ᠎ᠢ ᠲᠠᠨᠢᠨ ᠣᠶ᠋ᠢᠯᠠᠭ᠋ᠠᠵᠤ᠂ ᠭᠤᠣᠯ ᠵᠦᠷᠢᠴᠡᠯ᠎ᠢ ᠠᠳᠬᠤᠨ᠂ ᠵᠠᠪᠠᠯ ᠢᠯᠠᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠪᠡᠷ᠎ᠤᠨ ᠠᠵᠢᠯ ᠶᠠᠪᠤᠳᠠᠯ᠎ᠢ᠎ᠪᠠᠨ ᠠᠩᠬᠠᠷᠤᠯ ᠲᠦᠪᠯᠡᠷᠡᠭᠦᠯᠦᠨ ᠬᠦᠴᠦᠨ ᠵᠶ᠋ᠠᠨ ᠨᠢᠭᠲᠠᠷᠠᠭᠤᠯᠵᠤ ᠰᠠᠶ᠋ᠢᠲᠤᠷ ᠬᠢᠨ᠎ᠡ᠃ ᠴᠢᠬᠤᠯᠡ ᠪᠠᠶ᠋ᠢᠯᠳᠤᠬᠤ ᠪᠣᠳᠣᠯᠭ᠎ᠠ ᠵᠢᠨ ᠠᠵᠠ ᠳᠣᠬᠢᠶᠠᠯᠲᠣ ᠴᠠᠭ ᠦᠶ᠎ᠡ ᠵᠢᠨ ᠰᠢᠨ᠎ᠡ ᠠᠭᠤᠯᠤᠭᠳᠠᠬᠤᠨ᠎ᠤ ᠲᠣᠭᠤᠷᠢᠨ᠎ᠳᠤ᠂ 《ᠪᠠᠬᠢᠵᠢᠭᠦᠯᠬᠦ᠂ ᠴᠢᠩᠭ᠋ᠠᠷᠠᠭᠤᠯᠬᠤ᠂ ᠳᠡᠭᠡᠭᠰᠢᠯᠡᠭᠦᠯᠬᠦ᠂ ᠰᠠᠭ᠋ᠠᠳ ᠦᠭᠡᠢ ᠪᠣᠯᠭ᠋ᠠᠬᠤ》 ᠴᠢᠭᠯᠡᠯᠲᠡ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠩᠭ᠋ᠠᠯᠭ᠎ᠠ ᠵᠢᠨ ᠲᠠᠯ᠎ᠠ᠎ᠳᠠᠬᠢ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠤᠯᠤᠰ᠎ᠤᠨ ᠶᠡᠭᠡ ᠬᠡᠪᠴᠢᠶ᠎ᠡ᠎ᠪᠠᠷ ᠭᠠᠶ᠋ᠢᠯᠢ ᠬᠠᠰᠤᠵᠤ ᠵᠠᠷᠤᠳᠠᠯ ᠪᠠᠭᠤᠷᠠᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠲᠡᠭᠲᠦ ᠵᠢ ᠨᠡᠮᠡᠭᠳᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠵᠢᠯ ᠵᠶ᠋ᠠᠨ ᠲᠣᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ ᠲᠣᠬᠢᠷᠠᠭᠤᠯᠵᠤ ᠪᠦᠲᠦᠭᠡᠯᠴᠢ ᠴᠢᠨᠠᠷᠲᠠᠢ᠎ᠪᠠᠷ ᠦᠷᠨᠢᠭᠦᠯᠦᠨ᠎ᠡ᠃
     (ᠨᠢᠬᠡ) ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠨ᠎ᠡ᠃
    ᠨᠢᠭᠡᠨᠲᠡ ᠤᠯᠤᠭᠰᠠᠨ ᠦᠷ᠎ᠡ ᠪᠦᠲᠦᠮᠵᠢ᠎ᠪᠠᠨ ᠪᠠᠬᠢᠵᠢᠭᠦᠯᠵᠦ᠂ ᠳᠤᠪᠤᠶ᠋ᠢᠮ᠎ᠠ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠭᠤᠣᠯᠳᠠᠯᠭ᠎ᠠ᠎ᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠬᠡᠴᠡᠭᠦᠦ ᠶᠡᠭᠡ ᠲᠥᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠵᠠᠰᠠᠭ᠎ᠤᠨ ᠣᠷᠳᠣᠨ᠎ᠤ ᠥᠷᠢ ᠥᠭᠴᠡᠭᠡ ᠲᠠᠯᠪᠢᠬᠤ ᠠᠵᠢᠯᠯᠠᠭ᠎ᠠ ᠵᠢ ᠵᠢᠷᠤᠮᠵᠢᠭᠤᠯᠵᠤ᠂ ᠰᠢᠨ᠎ᠡ᠎ᠪᠠᠷ ᠡᠬᠢᠯᠡᠭᠦᠯᠦᠭᠰᠡᠨ ᠲᠦᠷᠦᠯ ᠵᠦᠢ᠍ᠯ᠎ᠳᠤ ᠥᠷᠢ ᠥᠭᠴᠡᠭᠡ ᠵᠢᠨ ᠲᠦᠭᠰᠢᠭᠦᠷᠢ ᠵᠢ ᠴᠢᠩᠭ᠎ᠠ ᠦᠨᠡᠯᠡᠨ ᠵᠢᠱ᠌ᠢᠵᠦ᠂ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠴᠢᠩᠳᠠᠯᠠᠵᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠨ᠎ᠠ᠃ ᠲᠥᠪ᠎ᠤᠨ ᠬᠢᠵᠠᠭ᠋ᠠᠷᠯᠠᠬᠤ ᠲᠣᠭ᠋ᠠᠨ᠎ᠤ ᠲᠤᠳᠤᠷᠠᠬᠢ ᠥᠷᠢ ᠦᠭᠴᠡᠭᠡ ᠵᠢᠨ ᠬᠡᠪᠴᠢᠶᠡᠵᠢᠯ᠎ᠢ ᠢᠳᠡᠪᠬᠢᠲᠡᠢ ᠣᠯᠵᠤ᠂ ᠭᠤᠣᠯᠳᠠᠯᠭ᠎ᠠ᠎ᠲᠠᠢ ᠲᠦᠷᠦᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ ᠪᠡᠯᠡ ᠮᠦᠩᠭᠦ ᠵᠢᠨ ᠪᠠᠲᠤᠯᠠᠭ᠎ᠠ ᠵᠢ ᠬᠠᠩᠭ᠋ᠠᠵᠤ᠂ ᠮᠦᠨ ᠵᠠᠰᠠᠭ᠎ᠤᠨ ᠣᠷᠳᠣᠨ᠎ᠤ ᠳᠠᠯᠳᠠ ᠪᠠᠶ᠋ᠢᠭ᠎ᠠ ᠥᠷᠢ ᠥᠭᠴᠡᠭᠡ ᠵᠢᠨ ᠲᠥᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠳᠤ ᠨᠡᠩ ᠰᠠᠶ᠋ᠢᠨ ᠰᠠᠶ᠋ᠢᠬᠠᠨ ᠨᠦᠬᠦᠴᠡᠯ᠎ᠢ ᠡᠭᠦᠳᠴᠦ ᠥᠭᠭᠦᠨ᠎ᠡ᠃ ᠬᠢᠵᠠᠭ᠋ᠠᠷᠯᠠᠭᠰᠠᠨ ᠴᠠᠭ ᠬᠤᠭᠤᠴᠠᠭ᠎ᠠ ᠵᠢᠨ ᠱᠠᠭ᠋ᠠᠷᠳᠠᠯᠭ᠎ᠠ ᠶᠤᠰᠤᠭ᠋ᠠᠷ ᠵᠠᠰᠠᠭ᠎ᠤᠨ ᠣᠷᠳᠣᠨ᠎ᠤ ᠥᠷᠢ ᠦᠭᠴᠡᠭᠡ ᠵᠢ ᠠᠷᠢᠯᠭ᠋ᠠᠵᠤ᠂ ᠳᠠᠯᠳᠠ ᠪᠠᠶ᠋ᠢᠭ᠎ᠠ ᠥᠷᠢ ᠦᠭᠴᠡᠭᠡ ᠵᠢᠨ ᠨᠡᠮᠡᠭᠳᠡᠬᠦ ᠵᠢ ᠡᠷᠡᠰ ᠬᠤᠷᠢᠭᠯᠠᠨ᠎ᠠ᠃ ᠵᠦᠢ ᠪᠤᠰᠤ ᠵᠢᠭᠡᠯᠡᠯᠭᠡ ᠵᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠦᠯᠵᠢᠶ᠎ᠡ᠎ᠪᠠᠷ ᠵᠢᠭᠡᠯᠡᠯᠭᠡ ᠠᠪᠬᠤ᠂ ᠠᠵᠤ ᠠᠬᠤᠶ᠋ᠢᠯᠠᠯ᠎ᠤᠨ ᠵᠢᠬᠡᠯᠡᠯᠬᠡ ᠵᠢᠨ ᠲᠡᠮᠳᠡᠭᠳᠤ᠎ᠨᠢ ᠳᠦᠷᠢᠮ᠎ᠠᠴᠠ ᠵᠦᠷᠢᠴᠡᠬᠦ ᠵᠡᠷᠭᠡ ᠲᠥᠭᠰᠢᠭᠦᠷᠢᠲᠦ ᠴᠡᠭ᠎ᠢ ᠰᠠᠶ᠋ᠢᠲᠤᠷ ᠴᠡᠭᠴᠡᠯᠡᠨ ᠵᠠᠰᠠᠵᠦ᠂ ᠪᠡᠯᠡ ᠮᠦᠩᠭᠦ ᠬᠠᠤᠯᠢ ᠪᠤᠰᠤ᠎ᠪᠠᠷ ᠴᠤᠭᠯᠠᠭᠤᠯᠬᠤ᠂ ᠮᠠᠯᠵᠢᠬᠤ ᠲᠠᠷᠢᠶᠠᠯᠠᠬᠤ ᠣᠷᠣᠨ᠎ᠳᠠᠬᠢ ᠦᠨᠳᠦᠷ ᠬᠦᠦ᠎ᠲᠠᠢ ᠵᠢᠭᠡᠯᠡᠯᠭᠡ ᠪᠣᠯᠣᠨ ᠵᠣᠷᠢᠭᠤᠳᠠ᠎ᠪᠠᠷ ᠥᠷᠢ ᠦᠭᠴᠡᠭᠡ᠎ᠠᠴᠠ ᠵᠠᠶ᠋ᠢᠯᠠᠬᠤ ᠪᠠ ᠥᠷᠢ ᠦᠭᠴᠡᠭᠡ᠎ᠪᠠᠨ ᠦᠭᠡᠶ᠋ᠢᠰᠬᠡᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠤᠬᠢᠯᠲᠠ ᠥᠭᠴᠦ᠂ ᠰᠢᠰᠲ᠋ᠧᠮᠵᠢ ᠵᠢᠨ ᠴᠢᠨᠠᠷᠲᠠᠢ ᠲᠥᠭᠰᠢᠭᠦᠷᠢ ᠡᠭᠦᠰᠭᠡᠬᠦ ᠦᠭᠡᠢ ᠬᠢᠵᠠᠭ᠋ᠠᠷ ᠱᠤᠭᠤᠮ᠎ᠢ ᠪᠠᠲᠤ ᠰᠠᠬᠢᠨ᠎ᠠ᠃
      ᠲᠦᠢ᠍ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠡᠨᠡ ᠵᠢᠯ ᠪᠣᠯ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠬᠠᠷᠠᠯᠲᠠ ᠵᠢ ᠪᠡᠶᠡᠯᠡᠭᠦᠯᠬᠦ ᠵᠠᠩᠬᠢᠯᠠᠭ᠎ᠠ ᠵᠢᠨ ᠨᠢᠭᠡᠨ ᠵᠢᠯ ᠪᠣᠯᠣᠨ᠎ᠠ᠂ ᠪᠢᠳᠡ ᠡᠷᠬᠡᠪᠰᠢ ᠨᠢᠭᠡ ᠯᠡ ᠵᠣᠷᠢᠭ ᠵᠶ᠋ᠠᠷ ᠤᠨᠤᠪᠴᠢᠳᠠᠢ ᠠᠬᠢᠭᠤᠯᠵᠤ᠂ 14 ᠲᠦᠮᠡ ᠭᠠᠷᠤᠢ ᠬᠦᠮᠦᠨ᠎ᠢ ᠶᠠᠳᠠᠭᠤ᠎ᠠᠴᠠ ᠠᠩᠬᠢᠵᠢᠷᠠᠭᠤᠯᠬᠤ᠂ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠪᠦᠬᠦᠨ᠎ᠢ ᠶᠠᠳᠠᠭᠤ᠎ᠠᠴᠠ ᠠᠨᠭ᠌ᠬᠢᠵᠢᠷᠠᠭᠤᠯᠬᠤ᠂ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠢ 20 ᠰᠢᠶᠠᠨ᠎ᠢ ᠶᠠᠳᠠᠭᠤ ᠬᠦᠴᠢᠷᠳᠡᠯᠲᠡᠢ ᠵᠢᠨ ᠲᠣᠭ᠋ᠠᠨ᠎ᠠᠴᠠ ᠭᠠᠷᠭ᠋ᠠᠬᠤ ᠵᠢ ᠦᠨᠡᠨ ᠬᠦ᠌ ᠪᠠᠲᠤᠯᠠᠨ᠎ᠠ᠃ ᠲᠥᠪ᠎ᠤᠨ ᠶᠠᠳᠠᠭᠤ ᠵᠢ ᠲᠡᠳᠭᠦᠬᠦ ᠲᠤᠰᠬᠠᠢ ᠲᠣᠭᠤᠷᠢᠨ ᠪᠠᠶ᠋ᠢᠴᠠᠭ᠋ᠠᠯᠲᠠ᠎ᠪᠠᠷ ᠬᠠᠷᠢᠭᠤ ᠲᠤᠰᠬᠠᠭᠰᠠᠨ ᠰᠠᠨᠠᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭ᠋ᠠᠢ ᠶᠠᠳᠠᠭᠤ ᠬᠦᠴᠢᠷᠳᠡᠯᠲᠡᠢ ᠣᠯᠠᠨ ᠲᠦᠮᠡᠨ᠎ᠢ ᠭᠤᠣᠯᠳᠠᠭᠤᠯᠤᠨ ᠠᠩᠬᠠᠷᠴᠤ᠂ 《ᠢᠳᠡᠵᠦ ᠡᠮᠦᠰᠬᠦ᠎ᠳᠤ᠎ᠪᠠᠨ ᠵᠣᠪᠠᠭ᠍ᠤ ᠦᠭᠡᠢ᠂ ᠭᠤᠷᠪᠠᠨ ᠲᠠᠯ᠎ᠠ᠎ᠪᠠᠷ ᠪᠠᠲᠤᠯᠠᠬᠤ》᠎ᠳᠤ ᠲᠤᠯᠭ᠋ᠠᠷᠠᠵᠤ ᠪᠠᠶ᠋ᠢᠭ᠎ᠠ ᠳᠤᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠠᠵᠤ ᠦᠢ᠍ᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭ᠋ᠠᠨ ᠬᠦᠮᠦᠵᠢᠯ᠂ ᠡᠷᠡᠭᠦᠯ ᠮᠡᠨᠳᠤ᠂ ᠨᠡᠶ᠋ᠢᠭᠡᠮ᠎ᠤᠨ ᠪᠠᠲᠤᠯᠠᠭ᠎ᠠ ᠵᠡᠷᠭᠡ᠎ᠪᠠᠷ ᠶᠠᠳᠠᠭᠤ ᠵᠢ ᠲᠡᠳᠭᠦᠬᠦ ᠵᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠵᠢ ᠲᠡᠳᠭᠦᠬᠦ᠎ᠪᠠᠷ ᠣᠨᠳᠣᠣ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠲᠡᠳᠭᠦᠵᠦ ᠲᠤᠰᠠᠯᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠶᠠᠳᠠᠭᠤ ᠵᠢ ᠲᠡᠳᠭᠦᠬᠦ ᠠᠵᠤ ᠦᠢ᠍ᠯᠡᠰ᠎ᠤᠨ ᠰᠠᠭᠤᠷᠢ ᠮᠦᠩᠭᠦ ᠵᠢ ᠰᠠᠶ᠋ᠢᠲᠤᠷ ᠬᠡᠷᠡᠭᠯᠡᠨ᠂ ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠤ ᠲᠤᠳᠤᠭ᠋ᠠᠲᠤ ᠬᠦᠳᠡᠯᠭᠡᠬᠦ ᠬᠦᠴᠦᠨ ᠪᠠ ᠦᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ᠎ᠨᠢ ᠨᠡᠮᠡᠭᠳᠡᠭᠦᠯᠦᠨ᠎ᠡ᠃ ᠶᠠᠳᠠᠭᠤ᠎ᠠᠴᠠ ᠠᠩᠬᠢᠵᠢᠷᠠᠭᠤᠯᠬᠤ ᠬᠢᠭᠡᠳ ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠨᠢᠭᠡᠲᠦᠯᠲᠡᠢ ᠲᠦᠯᠦᠪᠯᠡᠨ ᠵᠤᠯᠭ᠋ᠠᠭᠤᠯᠬᠤ ᠵᠢ ᠰᠠᠢ᠍ᠢ᠍ᠳᠤᠷ ᠬᠢᠵᠦ᠂ ᠶᠠᠳᠠᠭᠤ᠎ᠠᠴᠠ ᠠᠩᠬᠢᠵᠢᠷᠠᠭᠰᠠᠨ ᠬᠦᠮᠦᠰ᠎ᠤᠨ ᠪᠤᠴᠠᠭ᠋ᠠᠳ ᠶᠠᠳᠠᠭᠤᠷᠠᠬᠤ ᠪᠠ ᠰᠢᠨ᠎ᠡ᠎ᠪᠠᠷ ᠶᠠᠳᠠᠭᠤᠷᠠᠬᠤ ᠵᠢ ᠰᠡᠷᠭᠡᠶ᠋ᠢᠯᠡᠨ᠎ᠡ᠃ ᠪᠡᠭᠡᠵᠢᠩ ᠦᠪᠦᠷ ᠮᠣᠩᠭᠤᠯ᠎ᠤᠨ ᠬᠤᠭᠤᠷᠤᠨᠳᠤ ᠵᠢᠨ ᠶᠠᠳᠠᠭᠤ ᠵᠢ ᠲᠡᠳᠭᠦᠬᠦ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠶᠠᠳᠠᠭᠤ ᠬᠦᠴᠢᠷᠳᠡᠯᠲᠡᠢ ᠵᠢᠨ ᠲᠣᠭ᠋ᠠᠨ᠎ᠠᠴᠠ ᠭᠠᠷᠬᠤ ᠪᠠᠷᠢᠮᠵᠢᠶ᠎ᠠ ᠪᠣᠯᠣᠨ ᠳᠡᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ᠂ ᠶᠠᠳᠠᠭᠤ᠎ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ᠎ᠢ ᠲᠡᠦᠬᠡ ᠪᠣᠯᠣᠨ ᠦᠢ᠍ᠯᠡᠳᠦᠯᠭᠡ ᠵᠢᠨ ᠰᠢᠯᠭ᠋ᠠᠯᠲᠠ᠎ᠪᠠᠷ ᠪᠠᠲᠤᠯᠠᠭᠤᠯᠤᠨ᠎ᠠ᠃
      ᠪᠣᠬᠢᠷᠳᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠪᠠᠬᠢᠯᠡᠯᠲᠡ ᠵᠢ ᠪᠠᠲᠤ ᠰᠠᠬᠢᠵᠤ᠂ ᠦᠷ᠎ᠡ ᠪᠦᠲᠦᠭᠡᠯ ᠵᠶ᠋ᠠᠨ ᠪᠠᠬᠢᠵᠢᠭᠦᠯᠵᠦ᠂ ᠠᠮᠢ ᠠᠬᠤᠢ ᠵᠢᠨ ᠣᠷᠴᠢᠨ ᠲᠣᠭᠤᠷᠢᠨ᠎ᠤ ᠳᠤᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠣᠷᠴᠢᠨ ᠲᠣᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ᠎ᠲᠠᠢ ᠨᠡᠶ᠋ᠢᠴᠡᠬᠦ ᠦᠭᠡᠢ ᠨᠡᠭᠦᠷᠡᠰᠦ ᠰᠢᠲᠠᠭ᠋ᠠᠬᠤ ᠵᠤᠤᠬ᠎ᠠ ᠵᠢ ᠰᠢᠭᠰᠢᠭᠳᠡᠭᠦᠯᠵᠦ᠂ 《ᠲᠠᠷᠠᠬᠠᠢ ᠪᠤᠳᠠᠷᠬᠠᠢ ᠵᠠᠮᠪᠠᠷᠠᠭ᠎ᠠ ᠦᠭᠡᠢ ᠪᠠ ᠪᠤᠬᠢᠷᠳᠤᠯ ᠶᠡᠬᠡᠳᠡᠢ》 ᠠᠵᠤ ᠠᠬᠤᠶ᠋ᠢᠯᠠᠯ᠎ᠢ ᠵᠠᠰᠠᠵᠤ ᠴᠡᠭᠴᠡᠯᠡᠨ᠂ ᠠᠵᠤ ᠦᠢ᠍ᠯᠡᠳᠪᠦᠷᠢ ᠵᠢᠨ ᠪᠣᠬᠢᠷᠳᠤᠯ᠎ᠤᠨ ᠡᠬᠢ ᠢᠷᠡᠯᠲᠡ ᠵᠢ ᠪᠦᠬᠦ ᠲᠠᠯ᠎ᠠ᠎ᠪᠠᠷ ᠪᠠᠷᠢᠮᠵᠢᠶ᠎ᠠ᠎ᠳᠤ ᠨᠡᠶ᠋ᠢᠴᠡᠭᠦᠯᠵᠦ ᠭᠠᠳᠠᠭᠰᠢᠯᠠᠭᠤᠯᠬᠤ ᠵᠢ ᠪᠡᠶᠡᠯᠡᠭᠦᠯᠦᠨ᠎ᠡ᠃ ᠬᠦᠬᠡᠬᠤᠲᠠ ᠪᠤᠭᠤᠳᠤ ᠣᠷᠳᠤᠰ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠂ ᠤᠯᠠᠭ᠋ᠠᠨᠬᠠᠳᠠ ᠲᠦᠩᠯᠢᠶᠣᠣ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠴᠡᠭᠴᠡᠯᠡᠵᠦ ᠵᠠᠰᠠᠬᠤ ᠵᠢ ᠠᠬᠢᠭᠤᠯᠵᠤ᠂ ᠣᠷᠣᠨ ᠪᠦᠰᠡ ᠵᠢᠨ ᠠᠭ᠋ᠠᠷ᠎ᠤᠨ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠰᠠᠶ᠋ᠢᠵᠢᠷᠠᠭᠤᠯᠤᠨ᠎ᠠ᠃ ᠭᠤᠣᠯ ᠮᠦᠷᠡᠨ ᠨᠠᠭᠤᠷ ᠴᠦᠬᠦᠷᠤᠮ᠎ᠤᠨ ᠠᠵᠢᠯ᠎ᠳᠤ ᠬᠠᠷᠢᠭᠤᠴᠠᠬᠤ ᠠᠬᠠᠯᠠᠭᠴᠢ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠦᠯᠦᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ ᠵᠡᠷᠭᠡ ᠤᠰᠤᠨ᠎ᠤ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠵᠢ ᠦᠷᠭᠦᠯᠵᠢᠯᠡᠨ ᠴᠢᠩᠭ᠋ᠠᠳᠬᠠᠨ᠎ᠠ᠃ ᠬᠤᠲᠠ ᠪᠠᠯᠭ᠋ᠠᠰᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠪᠣᠬᠢᠷ ᠤᠰᠤ ᠰᠢᠢ᠍ᠳᠪᠦᠷᠢᠯᠡᠬᠦ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠪᠣᠬᠢᠷ ᠤᠰᠤ ᠵᠢ ᠲᠦᠪᠯᠡᠷᠡᠭᠦᠯᠦᠨ ᠰᠢᠢ᠍ᠳᠪᠦᠷᠢᠯᠡᠬᠦ ᠴᠢᠳᠠᠪᠤᠷᠢ ᠪᠣᠯᠣᠨ ᠴᠡᠪᠡᠷᠵᠢᠭᠦᠨ ᠤᠰᠤᠨ᠎ᠤ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠦᠨ᠎ᠡ᠃ ᠤᠰᠤᠨ ᠰᠤᠷᠪᠣᠯᠵᠢ ᠵᠢᠨ ᠭᠠᠵᠠᠷ᠎ᠢ ᠬᠠᠮᠠᠭ᠋ᠠᠯᠠᠵᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠵᠠᠰᠠᠨ᠎ᠡ᠃ ᠬᠦᠷᠦᠰᠦ ᠰᠢᠷᠤᠢ ᠵᠢᠨ ᠪᠣᠬᠢᠷᠳᠤᠯ᠎ᠢ ᠵᠠᠰᠠᠬᠤ ᠪᠠ ᠦᠩᠵᠢᠭᠦᠯᠦᠨ ᠰᠡᠷᠭᠦᠭᠡᠬᠦ ᠲᠦᠷᠦᠯ ᠵᠦᠢ᠍ᠯ᠎ᠢ ᠬᠡᠷᠡᠭᠵᠢᠭᠦᠯᠵᠦ᠂ ᠬᠦᠨᠳᠦ ᠲᠡᠮᠦᠷᠯᠢᠭ ᠪᠣᠯᠣᠨ ᠲᠠᠷᠢᠶᠠᠯᠠᠩ ᠮᠠᠯ ᠠᠵᠤ ᠠᠬᠤᠢ ᠵᠢᠨ ᠣᠯᠠᠨ ᠡᠬᠢᠲᠦ ᠪᠤᠬᠢᠷᠳᠤᠯ᠎ᠢ ᠰᠡᠷᠭᠡᠶ᠋ᠢᠯᠡᠨ ᠵᠠᠰᠠᠨ᠎ᠠ᠃
     (ᠬᠤᠶᠠᠷ) ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃
      ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠣᠨᠣᠪᠴᠢᠲᠠᠢ ᠡᠵᠡᠮᠰᠢᠵᠦ᠂ ᠲᠡᠷᠢᠭᠦᠨ᠎ᠤ ᠦᠢ᠍ᠯᠡᠳᠬᠦ ᠦᠢ᠍ᠯᠡᠰ ᠬᠢᠭᠡᠳ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ ᠦᠢ᠍ᠯᠡᠳᠬᠦ ᠦᠢ᠍ᠯᠡᠰ᠎ᠤᠨ ᠮᠡᠷᠭᠡᠵᠢᠯ᠎ᠳᠤ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠳᠬᠠᠨ᠎ᠠ᠃ ᠪᠦᠬᠦ ᠨᠡᠶ᠋ᠢᠭᠡᠮ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠤᠭᠤᠯᠤᠯᠲᠠ ᠵᠢ ᠨᠡᠮᠡᠭᠳᠡᠭᠦᠯᠵᠦ᠂ ᠦᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠤᠣᠯᠳᠠᠭᠤᠯᠤᠨ ᠠᠩᠬᠠᠷᠴᠤ᠂ ᠨᠡᠭᠡᠭᠡᠯᠲᠡ᠎ᠲᠠᠢ᠂ ᠵᠣᠬᠢᠴᠠᠩᠭᠤᠢ ᠪᠦᠭᠡᠳ ᠦᠨᠳᠦᠷ ᠪᠦᠲᠦᠮᠵᠢᠲᠡᠢ ᠨᠡᠶ᠋ᠢᠲᠡᠯᠢᠭ ᠮᠡᠷᠭᠡᠵᠢᠯ᠎ᠢ ᠰᠤᠳᠤᠯᠤᠨ ᠨᠡᠭᠡᠭᠡᠬᠦ ᠲᠠᠪᠴᠠᠩ᠎ᠢ ᠪᠠᠶ᠋ᠢᠭᠤᠯᠤᠨ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠭᠰᠠᠨ ᠪᠠ ᠠᠵᠤ ᠠᠬᠤᠶ᠋ᠢᠯᠠᠯ ᠵᠶ᠋ᠠᠷ ᠭᠤᠣᠯ ᠴᠤᠭᠴᠠ ᠪᠣᠯᠭ᠋ᠠᠭᠰᠠᠨ ᠦᠢ᠍ᠯᠡᠳᠪᠦᠷᠢᠯᠡᠬᠦ ᠰᠤᠷᠭ᠋ᠠᠬᠤ ᠰᠤᠳᠤᠯᠬᠤ ᠵᠢ ᠨᠢᠭᠡ ᠴᠤᠭᠴᠠᠵᠢᠭᠤᠯᠤᠭᠰᠠᠨ ᠰᠢᠨ᠎ᠡ ᠵᠢ ᠡᠭᠦᠳᠬᠦ ᠲᠣᠭᠲᠠᠴᠠ ᠵᠢ ᠪᠦᠷᠢᠨᠰᠢᠭᠦᠯᠵᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ ᠳᠡᠮᠵᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠤᠨ᠎ᠠ᠃ ᠬᠦᠬᠡᠬᠤᠲᠠ ᠪᠤᠭᠤᠳᠤ ᠣᠷᠳᠤᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠨ ᠰᠢᠨ᠎ᠡ ᠵᠢ ᠡᠭᠦᠳᠬᠦ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠢ ᠡᠭᠦᠳᠦᠨ ᠪᠠᠶ᠋ᠢᠭᠤᠯᠵᠤ᠂ ᠤᠯᠤᠰ᠎ᠤᠨ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠰᠢᠭᠤᠴᠢ ᠴᠢᠳᠠᠪᠤᠷᠢᠲᠠᠨ᠎ᠢ ᠪᠣᠶ᠋ᠢᠵᠢᠭᠤᠯᠬᠤ ᠪᠠ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭ᠋ᠠᠨ ᠰᠤᠳᠤᠯᠤᠯ᠎ᠤᠨ ᠠᠵᠢᠯᠲᠠᠳ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠤᠷᠮᠠᠰᠢᠭᠤᠯᠤᠨ ᠬᠥᠭᠵᠢᠭᠡᠨ᠎ᠡ᠃
      ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠵᠠᠭᠪᠤᠷ᠎ᠢ ᠠᠰᠢᠭᠯᠠᠨ᠂ ᠨᠡᠭᠦᠷᠡᠰᠦ᠂ ᠬᠢᠮᠢ ᠵᠢᠨ ᠠᠵᠤ ᠦᠢ᠍ᠯᠡᠳᠪᠦᠷᠢ᠂ ᠲᠡᠮᠦᠷᠯᠢᠭ ᠬᠠᠶ᠋ᠢᠯᠤᠭᠤᠯᠬᠤ ᠵᠡᠷᠭᠡ ᠳᠠᠪᠠᠭᠤᠯᠢᠭ ᠠᠵᠤ ᠦᠢ᠍ᠯᠡᠰ᠎ᠤᠨ ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠵᠢ ᠲᠦᠷᠭᠡᠳᠭᠡᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠥᠷᠲᠡᠭ᠎ᠤᠨ ᠬᠡᠯᠬᠢᠶ᠎ᠡ ᠪᠣᠯᠣᠨ ᠦᠢ᠍ᠯᠡᠳᠭᠦᠨ᠎ᠤ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠳᠡᠯᠡᠬᠡᠢ ᠵᠢᠨ ᠡᠨᠧᠷᠬᠢ ᠵᠢᠨ ᠮᠡᠷᠭᠡᠵᠢᠯ᠎ᠤᠨ ᠬᠤᠪᠢᠰᠬᠠᠯ᠎ᠤᠨ ᠰᠢᠨ᠎ᠡ ᠬᠠᠨᠳᠤᠰᠢ ᠵᠢ ᠴᠢᠩᠭ᠎ᠠ ᠳᠠᠭ᠋ᠠᠵᠤ᠂ ᠴᠢᠯᠠᠭᠤᠵᠢᠮᠠᠯ᠎ᠤᠨ ᠡᠨᠧᠷᠬᠢ ᠵᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠰᠢᠨ᠎ᠡ ᠡᠨᠧᠷᠬᠢ ᠵᠢ ᠡᠮᠬᠢ ᠵᠢᠷᠤᠮ᠎ᠲᠠᠢ ᠬᠥᠭᠵᠢᠭᠦᠯᠵᠦ᠂ ᠣᠳᠣ ᠦᠶ᠎ᠡ ᠵᠢᠨ ᠡᠨᠧᠷᠬᠢ ᠵᠢᠨ ᠰᠢᠰᠲ᠋ᠧᠮᠵᠢ ᠵᠢ ᠪᠠᠶ᠋ᠢᠭᠤᠯᠤᠨ᠂ ᠡᠨᠧᠷᠬᠢ ᠵᠢᠨ ᠲᠠᠯ᠎ᠠ᠎ᠪᠠᠷ᠎ᠬᠢ ᠣᠯᠠᠨ ᠤᠯᠤᠰ᠎ᠤᠨ ᠬᠠᠮᠲᠤᠷᠠᠨ ᠠᠵᠢᠯᠯᠠᠬᠤ ᠵᠢ ᠭᠦᠨᠵᠡᠭᠡᠶ᠋ᠢᠷᠡᠭᠦᠯᠵᠦ᠂ 《ᠦᠪᠦᠷ ᠮᠣᠩᠭᠤᠯ᠎ᠤᠨ ᠡᠨᠧᠷᠬᠢ》 ᠬᠡᠮᠡᠬᠦ ᠨᠡᠷᠡᠲᠦ ᠲᠦᠷᠦᠯ ᠲᠡᠮᠲᠡᠭᠲᠦ ᠵᠢ ᠪᠣᠢ ᠪᠣᠯᠭ᠋ᠠᠨ᠎ᠠ᠃ ᠤᠯᠤᠰ᠎ᠤᠨ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠢ ᠡᠭᠦᠳᠦᠨ ᠪᠠᠶ᠋ᠢᠭᠤᠯᠵᠤ᠂ ᠣᠷᠳᠣᠰ᠎ᠤᠨ ᠤᠯᠤᠰ᠎ᠤᠨ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠬᠤᠲᠠ ᠵᠢ ᠡᠭᠦᠳᠦᠨ ᠪᠠᠶ᠋ᠢᠭᠤᠯᠤᠨ᠎ᠠ᠃ ᠴᠠᠬᠢᠯᠭ᠋ᠠᠨ ᠬᠦᠴᠦᠨ ᠳᠠᠮᠵᠢᠭᠤᠯᠬᠤ᠎ᠳᠤ ᠢᠵᠢ ᠪᠦᠷᠢᠳᠦᠭᠦᠯᠦᠭᠰᠡᠨ ᠴᠠᠬᠢᠯᠭ᠋ᠠᠨ ᠡᠭᠦᠰᠭᠡᠬᠦ ᠴᠡᠭ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠲᠡᠷᠢᠭᠦᠨ᠎ᠤ ᠨᠦᠬᠡᠴᠡᠯᠡᠬᠦ ᠡᠨᠧᠷᠬᠢ᠂ ᠴᠠᠬᠢᠯᠭ᠋ᠠᠨ ᠬᠦᠴᠦᠨ᠎ᠤ ᠤᠶᠤᠨᠴᠢ ᠲᠣᠣᠷ᠂ ᠡᠨᠧᠷᠬᠢ ᠵᠢᠨ ᠢᠨᠲ᠋ᠧᠷ ᠰᠦᠯᠵᠢᠶ᠎ᠡ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠷᠡᠭᠯᠡᠬᠦ ᠵᠢ ᠠᠬᠢᠭᠤᠯᠵᠤ᠂ ᠴᠠᠬᠢᠯᠭ᠋ᠠᠨ᠎ᠤ ᠬᠡᠷᠡᠭᠯᠡᠬᠡ ᠵᠢ ᠰᠠᠭ᠋ᠠᠲᠠᠭ᠋ᠠᠬᠤ᠂ ᠰᠠᠯᠬᠢ ᠪᠣᠯᠣᠨ ᠨᠠᠷᠠᠨ᠎ᠤ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠵᠢ ᠲᠠᠶᠠᠭᠳᠠᠬᠤ ᠵᠡᠷᠭᠡ ᠠᠰᠠᠭᠤᠳᠠᠯ᠎ᠢ ᠠᠩᠬᠠᠷᠴᠤ ᠰᠢᠢ᠍ᠳᠪᠦᠷᠢᠯᠡᠨ᠎ᠡ᠃
      ᠣᠳᠣ ᠵᠢᠨ ᠪᠠᠶ᠋ᠢᠭ᠎ᠠ ᠠᠵᠤ ᠦᠢ᠍ᠯᠡᠰ᠎ᠤᠨ ᠰᠠᠭᠤᠷᠢ ᠪᠣᠯᠣᠨ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠵᠤ᠂ ᠲᠤᠨᠤᠭ ᠲᠦᠭᠦᠭᠡᠷᠦᠮᠵᠢ ᠦᠢ᠍ᠯᠡᠳᠬᠦ ᠠᠵᠤ ᠠᠬᠤᠶ᠋ᠢᠯᠠᠯ᠎ᠤᠨ ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠵᠢ ᠳᠡᠮᠵᠢᠵᠦ᠂ ᠰᠢᠨ᠎ᠡ ᠦᠢ᠍ᠯᠡᠳᠭᠦᠨ ᠰᠤᠳᠤᠯᠤᠨ ᠨᠡᠭᠡᠭᠡᠬᠦ ᠵᠢᠴᠢ ᠰᠢᠨ᠎ᠡ ᠮᠡᠷᠭᠡᠵᠢᠯ᠎ᠤᠨ ᠠᠵᠤ ᠦᠢ᠍ᠯᠡᠰᠵᠢᠭᠦᠯᠦᠨ ᠬᠡᠷᠡᠭᠯᠡᠬᠦ ᠵᠢ ᠲᠦᠷᠭᠡᠳᠭᠡᠨ᠂ ᠲᠤᠨᠤᠭ ᠲᠦᠭᠦᠭᠡᠷᠦᠮᠵᠢ ᠦᠢ᠍ᠯᠡᠳᠬᠦ ᠦᠢ᠍ᠯᠡᠰ᠎ᠤᠨ ᠢᠵᠢ ᠪᠦᠷᠢᠳᠦᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠡᠭᠡᠭᠡᠪᠦᠷᠢ ᠵᠢᠨ ᠲᠥᠭᠦᠭᠡᠷᠦᠮᠵᠢ᠂ ᠪᠠᠷᠢᠯᠭ᠎ᠠ ᠵᠢᠨ ᠮᠠᠰᠢᠨ᠂ ᠰᠢᠨ᠎ᠡ ᠡᠨᠧᠷᠬᠢ ᠵᠢᠨ ᠮᠠᠰᠢᠨ ᠲᠡᠷᠭᠡ ᠵᠡᠷᠭᠡ ᠠᠵᠤ ᠦᠢ᠍ᠯᠡᠰ᠎ᠤᠨ ᠳᠡᠭᠡᠳᠦ ᠦᠵᠦᠭᠦᠷᠯᠡᠬᠦ᠂ ᠤᠶᠤᠨᠴᠢᠯᠠᠬᠤ ᠵᠢ ᠠᠬᠢᠭᠤᠯᠤᠨ᠎ᠠ᠃ ᠴᠡᠷᠢᠭ ᠠᠷᠠᠳ᠎ᠤᠨ ᠬᠡᠷᠡᠭᠯᠡᠭᠡ ᠵᠢ ᠭᠦᠨᠵᠡᠭᠡᠢ ᠠᠭᠤᠰᠤᠯᠴᠠᠭᠤᠯᠵᠤ᠂ ᠪᠤᠭᠤᠳᠤ ᠵᠢᠨ ᠤᠯᠤᠰ᠎ᠤᠨ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠰᠢᠨ᠎ᠡ ᠵᠢ ᠡᠭᠦᠳᠬᠦ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠢ ᠡᠭᠦᠳᠦᠨ ᠪᠠᠶ᠋ᠢᠭᠤᠯᠤᠨ᠎ᠠ᠃
      ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠬᠦ ᠵᠢ ᠠᠬᠢᠭᠤᠯᠵᠤ᠂ ᠤᠯᠤᠰ᠎ᠤᠨ ᠬᠤᠪᠤᠷ ᠰᠢᠷᠤᠢ ᠵᠢᠨ ᠰᠢᠨ᠎ᠡ ᠮᠠᠲ᠋ᠧᠷᠢᠶᠠᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠶ᠋ᠢᠭᠤᠯᠵᠤ᠂ ᠦᠪᠡᠷᠲᠡᠭᠡᠨ ᠵᠠᠰᠠᠬᠤ ᠣᠷᠣᠨ᠎ᠤ ᠮᠤᠩᠭᠤᠯ ᠬᠢᠲᠠᠳ ᠡᠮ᠂ ᠠᠮᠢᠳᠤ ᠪᠤᠳᠠᠰ᠎ᠤᠨ ᠡᠮ ᠡᠮᠨᠡᠯᠭᠡ᠂ ᠪᠠᠯ ᠴᠢᠯᠠᠭᠤ (ᠠᠯᠺᠧᠨ) ᠵᠢᠨ ᠰᠢᠨ᠎ᠡ ᠮᠠᠲ᠋ᠧᠷᠢᠶᠠᠯ ᠦᠢ᠍ᠯᠡᠳᠴᠦ ᠰᠢᠨ᠎ᠡ ᠵᠢ ᠡᠭᠦᠳᠬᠦ ᠲᠥᠪ᠎ᠢ ᠪᠦᠲᠦᠭᠡᠨ ᠪᠠᠶ᠋ᠢᠭᠤᠯᠤᠨ᠎ᠠ᠃ ᠲᠣᠭ᠋ᠠᠵᠢᠭᠤᠯᠤᠭᠰᠠᠨ ᠠᠵᠤ ᠠᠬᠤᠢ ᠵᠢ ᠬᠥᠭᠵᠢᠭᠦᠯᠵᠦ᠂ ᠢᠨᠲ᠋ᠧᠷ ᠰᠦᠯᠵᠢᠶ᠎ᠡ᠂ ᠲᠤᠮᠤ ᠳ᠋ᠡᠶ᠋ᠢᠲ᠋ᠠ᠂ ᠬᠢᠮᠡᠯ ᠤᠶᠤᠨ ᠪᠣᠯᠣᠨ ᠪᠤᠳᠠᠳᠤ ᠴᠤᠭᠴᠠᠲᠤ ᠠᠵᠤ ᠠᠬᠤᠢ ᠵᠢᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃
      ᠠᠵᠤ ᠦᠢ᠍ᠯᠡᠰ᠎ᠢ ᠬᠦᠷᠢᠶᠡᠯᠡᠩ ᠲᠣᠭᠤᠷᠢᠭ᠎ᠲᠤ ᠲᠦᠪᠯᠡᠷᠡᠭᠦᠯᠬᠦ᠂ ᠬᠦᠴᠦᠨ ᠵᠦᠢ᠍ᠯ᠎ᠢ ᠬᠦᠷᠢᠶᠡᠯᠡᠩ ᠲᠣᠭᠤᠷᠢᠭ ᠲᠡᠶ᠋ᠢᠰᠢ ᠲᠦᠪᠯᠡᠷᠡᠭᠦᠯᠦᠨ ᠪᠦᠭᠡᠮᠨᠡᠷᠡᠭᠦᠯᠬᠦ ᠵᠢ ᠠᠬᠢᠭᠤᠯᠤᠨ᠂ ᠰᠠᠭᠤᠷᠢ ᠪᠡᠯᠡᠳᠭᠡᠮᠵᠢ ᠪᠣᠯᠣᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠳᠤ᠎ᠪᠠᠨ ᠬᠦᠷᠲᠡᠬᠦ ᠪᠣᠯᠭ᠋ᠠᠨ᠎ᠠ᠃ ᠬᠦᠷᠢᠶᠡᠯᠡᠩ ᠲᠣᠭᠤᠷᠢᠭ᠎ᠤᠨ ᠪᠠᠶ᠋ᠢᠷᠢᠰᠢᠭᠤᠯᠤᠯᠲᠠ ᠵᠢ ᠵᠣᠬᠢᠰᠲᠠᠢ ᠲᠦᠯᠦᠪᠵᠢᠭᠦᠯᠵᠦ᠂ ᠬᠦᠷᠢᠶᠡᠯᠡᠩ ᠲᠣᠭᠤᠷᠢᠭ᠎ᠤᠨ ᠭᠤᠣᠯᠯᠠᠬᠤ ᠠᠵᠤ ᠦᠢ᠍ᠯᠡᠰ᠎ᠨᠢ ᠳᠤᠪᠤᠶ᠋ᠢᠮ᠎ᠠ ᠪᠤᠰᠤ᠂ ᠲᠦᠯᠦᠪᠵᠢᠭᠦᠯᠦᠭᠰᠡᠨ ᠲᠠᠯᠠᠪᠠᠢ᠎ᠨᠢ ᠶᠡᠭᠡ᠂ ᠣᠷᠤᠵᠤ ᠰᠠᠭᠤᠭᠰᠠᠨ ᠠᠵᠤ ᠠᠬᠤᠶ᠋ᠢᠯᠠᠯ᠎ᠨᠢ ᠴᠥᠭᠡᠨ ᠵᠡᠷᠭᠡ ᠠᠰᠠᠭᠤᠳᠠᠯ᠎ᠢ ᠰᠢᠢ᠍ᠳᠪᠦᠷᠢᠯᠡᠨ᠂ ᠪᠡᠯᠡ ᠣᠷᠤᠭᠤᠯᠬᠤ ᠬᠦᠴᠦᠯᠡᠴᠡ ᠵᠢ ᠨᠡᠮᠡᠭᠳᠡᠬᠦᠯᠵᠦ᠂ ᠬᠦᠷᠢᠶᠡᠯᠡᠩ ᠲᠣᠭᠤᠷᠢᠭ᠎ᠤᠨ ᠠᠵᠤ ᠦᠢ᠍ᠯᠡᠰ᠎ᠢ ᠡᠷᠬᠢᠯᠳᠦᠭᠦᠯᠬᠦ᠂ ᠡᠬᠢ ᠪᠠᠶᠠᠯᠢᠭ᠎ᠢ ᠠᠷᠪᠢᠯᠠᠬᠤ᠂ ᠣᠷᠴᠢᠨ ᠲᠣᠭᠤᠷᠢᠨ᠎ᠳᠤ ᠡᠭᠡᠯᠢᠲᠡᠢ᠂ ᠡᠷᠴᠢᠮᠵᠢᠭᠦᠯᠦᠨ ᠬᠥᠭᠵᠢᠭᠦᠯᠬᠦ ᠵᠢ ᠠᠬᠢᠭᠤᠯᠤᠨ᠎ᠠ᠃
     (ᠭᠤᠷᠪᠠ) ᠪᠦᠲᠦᠮᠵᠢᠲᠡᠢ ᠬᠠᠩᠭ᠋ᠠᠯᠭ᠎ᠠ ᠵᠢ ᠨᠡᠮᠡᠭᠳᠡᠭᠦᠯᠵᠣ ᠬᠡᠷᠡᠭᠯᠡᠭᠡ ᠵᠢᠨ ᠬᠡᠷᠩᠴᠡᠭᠡ ᠱᠠᠭ᠋ᠠᠷᠳᠠᠯᠭ᠎ᠠ ᠵᠢ ᠦᠷᠭᠡᠣᠡᠭᠡᠨ᠎ᠠ
      ᠤᠯᠤᠰ᠎ᠠᠴᠠ ᠣᠯᠣᠰ᠎ᠤᠨ ᠲᠣᠳᠣᠭ᠋ᠠᠳᠣᠬᠢ ᠭᠦᠴᠣᠷᠭᠡᠭ ᠶᠡᠭᠡ ᠵᠠᠬ᠎ᠠ ᠳᠡᠯᠭᠡᠭᠦᠷ᠎ᠢ ᠪᠦᠳᠣᠭᠡᠨ ᠪᠠᠶ᠋ᠢᠭᠤᠯᠬᠤ ᠠᠵᠨ ᠵᠠᠪᠰᠢᠶᠠᠨ᠎ᠢ ᠠᠣᠡᠬᠤᠵᠣ᠂ ᠠᠵᠣ ᠠᠬᠤᠢ ᠵᠢᠨ ᠭᠦᠭᠵᠢᠯᠳᠠ᠎ᠳᠠᠬᠢ ᠬᠡᠷᠡᠭᠯᠡᠭᠡ ᠵᠢᠨ ᠰᠠᠭᠤᠷᠢ ᠦᠢ᠍ᠯᠡᠳᠣᠯ᠎ᠢ ᠪᠠᠳᠠᠷᠠᠭᠤᠯᠣᠨ᠂ ᠡᠮᠴᠢᠯᠡᠭᠡ᠂ ᠨᠠᠰᠤᠳᠠᠶ᠋ᠢᠴᠦᠳ᠎ᠤᠨ ᠠᠰᠠᠷᠠᠮᠵᠢ᠂ ᠪᠠᠯᠴᠢᠷ ᠬᠡᠤᠬᠡᠳ᠎ᠤᠨ ᠬᠦᠮᠦᠵᠢᠯ ᠪᠤᠢ᠍ᠢ᠍ᠵᠢᠯᠳᠠ᠂ ᠰᠤᠶᠤᠯ᠂ ᠵᠢᠭᠤᠯᠴᠢᠯᠠᠯ᠂ ᠦᠵᠡᠭᠦᠯᠭᠡ᠂ ᠪᠠᠷᠠᠭ᠋ᠠᠨ᠎ᠤ ᠭᠦᠢ᠍ᠯᠭᠡᠭᠡ ᠵᠡᠷᠭᠡ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠭᠡᠨ᠎ᠡ᠃ ᠡᠯᠧᠺᠲᠷᠣᠨ ᠬᠤᠳᠠᠯᠳᠣᠭ᠋ᠠᠨ᠎ᠤ ᠶᠠᠪᠣᠳᠠᠯ᠎ᠢ ᠭᠦᠭᠵᠢᠭᠦᠯᠵᠣ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠬᠡᠷᠡᠭᠯᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠨᠡᠭᠡᠭᠡᠵᠦ ᠥᠷᠭᠡᠳᠭᠡᠨ᠎ᠡ᠃ ᠦᠢ᠍ᠯᠡᠳᠬᠦᠨ᠎ᠤ ᠶᠠᠰᠣ ᠴᠢᠨᠠᠷ ᠪᠣᠯᠣᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠣ᠂ 《ᠦᠪᠣᠷ ᠮᠣᠩᠭᠤᠯ᠎ᠤᠨ ᠰᠦ ᠵᠢᠨ ᠦᠢ᠍ᠯᠡᠰ》

《ᠦᠪᠣᠷ ᠮᠣᠩᠭᠤᠯ᠎ᠤᠨ ᠦᠨᠦᠷ ᠠᠮᠳᠠ》 《ᠦᠪᠣᠷ ᠮᠣᠩᠭᠤᠯ᠎ᠤᠨ ᠺᠢᠨᠣ᠋ ᠲᠧᠯᠸᠢᠰ》 《ᠦᠪᠣᠷ ᠮᠣᠩᠭᠤᠯ᠎ᠤᠨ ᠳᠠᠭᠤᠤ ᠭᠦᠭᠵᠢᠮ》 ᠵᠡᠷᠭᠡ ᠨᠡᠷᠡᠲᠦ ᠲᠦᠷᠦᠯ ᠲᠡᠮᠲᠡᠭᠲᠦ ᠵᠢᠨ ᠨᠦᠯᠣᠭᠡᠯᠡᠭᠦ ᠭᠦᠴᠣᠨ᠎ᠢ ᠦᠷᠭᠡᠣᠡᠭᠡᠨ᠂ ᠣᠯᠠᠨ ᠲᠦᠮᠡᠨ᠎ᠤ ᠦᠪᠡᠷᠮᠢᠴᠡ᠂ ᠴᠢᠨᠠᠷᠵᠢᠭᠤᠨ᠂ ᠪᠣᠬᠢᠷᠳᠣᠯ ᠦᠭᠡᠢ ᠬᠡᠷᠡᠭᠯᠡᠭᠡ ᠵᠢᠨ ᠬᠡᠷᠩᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠰᠣᠶᠦᠯ᠂ ᠪᠡᠶ᠎ᠡ ᠵᠢᠨ ᠳᠠᠮᠢᠷ ᠪᠤᠯᠤᠨ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ ᠪᠡᠭᠡᠵᠢᠩ᠎ᠤᠨ ᠡᠪᠣᠯ᠎ᠤᠨ ᠣᠯᠢᠮᠫᠢᠺ᠎ᠤᠨ ᠴᠣᠭᠯᠠᠭ᠋ᠠᠨ ᠪᠠ ᠭᠦᠯᠣᠨ ᠪᠦᠢ᠍ᠷ᠎ᠲᠠᠬᠢ ᠪᠦᠭᠦ ᠣᠯᠣᠰ᠎ᠤᠨ ᠡᠪᠣᠯ᠎ᠤᠨ ᠲᠠᠮᠢᠷ᠎ᠤᠨ ᠴᠤᠭᠯᠠᠭ᠋ᠠᠨ᠎ᠤ ᠠᠵᠨ ᠲᠣᠬᠢᠶᠠᠯ᠎ᠢ ᠠᠣᠡᠬᠤᠵᠣ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ ᠪᠣᠯᠣᠨ ᠮᠦᠰᠦ ᠴᠠᠰᠤᠨ᠎ᠤ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠦᠨ᠂ ᠣᠯᠢᠮᠫᠢᠺ᠎ᠤᠨ ᠠᠵᠣ ᠠᠬᠤᠢ ᠵᠢ ᠣᠯᠠᠨ ᠲᠦᠮᠡᠨ᠎ᠳᠤ ᠬᠦᠷᠲᠡᠭᠡᠨ᠎ᠡ᠃ ᠭᠦᠯᠣᠨ ᠪᠦᠢ᠍ᠷ᠎ᠤᠨ ᠣᠢ ᠰᠢᠭᠤᠢ ᠲᠠᠯ᠎ᠠ ᠨᠣᠳᠤᠭ ᠵᠶ᠋ᠠᠷ ᠵᠢᠭᠤᠯᠴᠢᠯᠠᠬᠤ ᠡᠭᠡᠯᠵᠢ ᠵᠢᠨ ᠭᠠᠯᠳᠣ ᠲᠡᠷᠭᠡ ᠵᠢᠨ ᠲᠦᠷᠦᠯ ᠵᠦᠢ᠍ᠯ ᠪᠣᠯᠣᠨ ᠤᠯᠠᠭ᠋ᠠᠨᠴᠠᠪ᠎ᠤᠨ ᠭᠠᠯᠲᠤ ᠠᠭᠤᠯᠠ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠲᠦᠷᠭᠡᠳᠭᠡᠨ ᠪᠠᠶ᠋ᠢᠭᠤᠯᠵᠤ᠂ ᠣᠯᠠᠭ᠋ᠠᠨᠬᠤᠳᠠ — ᠷᠠᠰᠢᠶᠠᠨ — ᠬᠠᠶ᠋ᠢᠯᠠᠷ — ᠮᠠᠨᠵᠣᠣᠷ᠎ᠤᠨ ᠵᠢᠭᠤᠯᠴᠢᠯᠠᠯ᠎ᠤᠨ ᠨᠢᠭᠡ ᠴᠣᠭᠴᠠᠵᠢᠯᠳᠠ ᠵᠢ ᠠᠬᠢᠭᠤᠯᠤᠨ᠎ᠠ᠃ ᠬᠤᠳᠠ ᠭᠦᠳᠡᠭᠡ ᠵᠢᠨ ᠰᠠᠭᠤᠭ᠋ᠠᠯᠢ ᠠᠷᠠᠣᠨ᠎ᠤᠨ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠵᠣ᠂ ᠬᠡᠷᠡᠭᠯᠡᠭᠡ ᠵᠢᠨ ᠳᠠᠯᠳᠠ ᠭᠦᠴᠣᠨ᠎ᠢ ᠴᠢᠯᠦᠭᠡᠯᠡᠨ᠎ᠡ᠃ ᠲᠦᠷᠪᠡᠳᠣᠭᠡᠷ ᠣᠳᠠᠭ᠋ᠠᠨ᠎ᠤ ᠪᠦᠭᠦ ᠣᠯᠣᠰ᠎ᠤᠨ ᠠᠵᠣ ᠠᠬᠤᠢ ᠵᠢᠨ ᠨᠠᠶ᠋ᠢᠳᠠᠮ ᠪᠠᠶ᠋ᠢᠴᠠᠭ᠋ᠠᠯᠳᠠ ᠵᠢ ᠯᠠᠪᠳᠠᠭᠤᠨ ᠪᠠᠲᠤᠲᠠᠢ ᠦᠷᠨᠢᠭᠦᠯᠣᠨ᠎ᠠ᠃
      ᠪᠦᠲᠦᠮᠵᠢᠲᠡᠢ ᠪᠡᠯᠨ ᠣᠷᠣᠭᠤᠯᠣᠯᠳᠠ ᠵᠢ ᠴᠢᠷᠮᠠᠶ᠋ᠢᠨ ᠦᠷᠭᠡᠣᠡᠭᠡᠨ᠎ᠠ᠃ ᠲᠣᠳᠠᠭᠤᠳᠠᠯ᠎ᠢ ᠨᠦᠭᠦᠪᠣᠷᠢᠯᠡᠵᠣ ᠰᠡᠯᠭᠦᠭᠦ ᠭᠦᠴᠣᠨ᠎ᠢ ᠨᠡᠮᠡᠭᠳᠡᠭᠦᠯᠭᠦ ᠨᠢᠭᠡ ᠪᠦᠯᠦᠭ ᠭᠤᠣᠯᠳᠠᠯᠭ᠎ᠠ᠎ᠲᠠᠢ ᠲᠦᠷᠣᠯ ᠵᠦᠢ᠍ᠯ᠎ᠢ ᠬᠡᠷᠩᠵᠢᠭᠦᠯᠵᠣ᠂ ᠵᠠᠮ ᠬᠠᠷᠢᠯᠴᠠᠭ᠎ᠠ᠂ ᠣᠰᠣᠨ ᠠᠰᠢᠭᠯᠠᠯᠳᠠ᠂ ᠡᠨᠧᠷᠬᠢ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠳᠠ᠂

《ᠮᠠᠯᠵᠢᠬᠤ ᠳᠠᠷᠢᠶᠠᠯᠠᠬᠤ ᠣᠷᠣᠨ᠂ ᠮᠠᠯ ᠳᠠᠷᠢᠶᠠᠯᠠᠩ᠂ ᠮᠠᠯᠴᠢᠨ ᠳᠠᠷᠢᠶᠠᠴᠢᠨ》᠂ ᠬᠤᠳᠠ ᠵᠢᠨ ᠶᠠᠪᠣᠳᠠᠯ᠂ ᠭᠠᠮᠰᠢᠭ᠎ᠢ ᠰᠡᠷᠭᠡᠶ᠋ᠢᠯᠠᠨ ᠭᠠᠮᠰᠢᠭ᠎ᠢ ᠪᠠᠭ᠋ᠠᠰᠬᠠᠬᠤ ᠵᠡᠷᠭᠡ ᠭᠤᠣᠯᠳᠠᠯᠭ᠎ᠠ᠎ᠲᠠᠢ ᠭᠦᠷᠢᠶ᠎ᠠ ᠴᠠᠷᠠᠭ᠎ᠠ ᠪᠠ ᠠᠨᠠᠢ ᠪᠠᠶ᠋ᠢᠭ᠎ᠠ ᠳᠠᠯ᠎ᠠ᠎ᠪᠠᠷ᠎ᠬᠢ ᠪᠦᠳᠣᠭᠡᠨ ᠪᠠᠶ᠋ᠢᠭᠤᠯᠣᠯᠳᠠ ᠵᠢ ᠴᠢᠩᠭ᠋ᠠᠣᠡᠬᠠᠵᠣ᠂ ᠮᠡᠳᠡᠭᠡ ᠵᠠᠩᠬᠢ ᠵᠢᠨ ᠰᠦᠯᠵᠢᠶ᠎ᠠ᠂ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡ ᠵᠡᠷᠭᠡ ᠰᠠᠭᠤᠷᠢ ᠪᠡᠯᠡᠣᠡᠭᠡᠮᠵᠢ ᠵᠢᠨ ᠲᠣᠯᠭ᠋ᠠᠭᠤᠷᠢᠯᠡᠬᠤ ᠴᠢᠳᠠᠪᠣᠷᠢ ᠵᠢ ᠳᠡᠭᠡᠭᠰᠢᠯᠡᠭᠦᠯᠣᠨ᠎ᠠ᠃ ᠵᠢᠨᠢᠩ᠎ᠠᠴᠠ ᠳ᠋ᠠᠲ᠋ᠦ᠋ᠩ ᠭᠦᠷᠭᠦ ᠳᠡᠭᠡᠳᠣ ᠬᠤᠷᠳᠣ ᠵᠢᠨ ᠳᠡᠮᠣᠷ ᠵᠠᠮ᠂ ᠪᠣᠭᠤᠳᠣ᠎ᠠᠴᠠ ᠢᠷᠭ᠋ᠠᠢ ᠭᠦᠷᠭᠦ ᠳᠡᠭᠡᠳᠣ ᠬᠤᠷᠳᠣ ᠵᠢᠨ ᠳᠡᠮᠣᠷ ᠵᠠᠮ᠂ ᠬᠦᠭᠡᠬᠤᠳᠠ ᠰᠢᠨ᠎ᠠ ᠨᠢᠰᠭᠡᠯ᠎ᠤᠨ ᠪᠠᠭᠤᠳᠠᠯ ᠵᠡᠷᠬᠡ ᠲᠦᠷᠦᠯ ᠵᠦᠢ᠍ᠯ᠎ᠢ ᠲᠦᠷᠭᠡᠳᠭᠡᠨ ᠪᠦᠲᠦᠭᠡᠨ ᠪᠠᠶ᠋ᠢᠭᠤᠯᠤᠨ᠎ᠠ᠃ ᠣᠷᠳᠣᠰ᠎ᠤᠨ ᠠᠭ᠋ᠠᠷ ᠠᠶᠠᠯᠠᠯ᠎ᠤᠨ ᠳᠡᠭᠡᠳᠣ ᠰᠣᠷᠭ᠋ᠠᠭᠤᠯᠢ᠂ ᠨᠢᠰᠬᠡᠯ ᠰᠡᠯᠪᠢᠨ ᠵᠠᠰᠠᠬᠤ ᠲᠥᠪ ᠵᠡᠷᠭᠡ ᠲᠦᠷᠣᠯ ᠵᠦᠢ᠍ᠯ᠎ᠤᠨ ᠠᠬᠢᠴᠠ ᠵᠢ ᠲᠥᠷᠭᠡᠳᠭᠡᠨ᠎ᠡ᠃
      ᠲᠦᠷᠣᠯ ᠵᠦᠢ᠍ᠯ᠎ᠢ ᠠᠭᠢᠭᠤᠯᠬᠤ ᠲᠣᠭᠳᠠᠴᠨ ᠵᠢ ᠪᠦᠷᠢᠨᠰᠢᠭᠦᠯᠵᠣ᠂ ᠲᠦᠷᠣᠯ ᠵᠦᠢ᠍ᠯ᠎ᠳᠤ ᠭᠠᠵᠡᠷ ᠬᠡᠷᠩᠯᠡᠭᠦ᠂ ᠬᠤᠳᠠ ᠵᠢᠨ ᠶᠠᠪᠣᠳᠠᠯ᠎ᠳᠤ ᠢᠵᠢ ᠪᠦᠷᠢᠳᠣᠭᠦᠯᠭᠦ᠂ ᠣᠷᠴᠢᠨ ᠠᠬᠤᠢ ᠵᠢᠨ ᠨᠥᠯᠥᠭᠡᠯᠡᠯ᠎ᠳᠤ ᠦᠨᠡᠯᠡᠯᠲᠡ ᠬᠢᠬᠦ ᠵᠢ ᠬᠢᠨᠠᠨ ᠵᠦᠪᠰᠢᠶᠡᠷᠡᠭᠦ᠂ ᠪᠡᠯᠨ ᠮᠦᠩᠭᠦ ᠵᠢ ᠨᠠᠶ᠋ᠢᠳᠠᠪᠣᠷᠢᠵᠢᠭᠤᠯᠬᠤ ᠵᠡᠷᠭᠡ ᠳᠠᠯ᠎ᠠ᠎ᠪᠠᠷ ᠨᠢᠭᠡᠳᠣᠯᠳᠠᠢ ᠰᠠᠶ᠋ᠢᠲᠤᠷ ᠲᠦᠯᠣᠪᠯᠡᠵᠦ᠂ ᠰᠢᠨ᠎ᠠ᠎ᠪᠠᠷ ᠡᠬᠢᠯᠡᠭᠦᠯᠦᠭᠰᠡᠨ ᠴᠢᠬᠤᠯᠨ ᠶᠡᠭᠡ ᠲᠦᠷᠣᠯ ᠵᠦᠢ᠍ᠯ᠎ᠤᠨ ᠡᠨᠧᠷᠬᠢ ᠵᠢᠨ ᠬᠤᠷᠣᠭᠳᠠᠯ᠎ᠤᠨ ᠭᠦᠢ᠍ᠴᠡᠣᠡᠭᠡᠯ ᠲᠤᠭ᠎ᠠ ᠵᠢ ᠠᠰᠳᠠᠭ᠋ᠠᠨ ᠵᠢᠭᠰᠠᠭ᠋ᠠᠨ᠎ᠠ᠃ ᠵᠠᠰᠠᠭ᠎ᠤᠨ ᠣᠷᠳᠣᠨ ᠪᠠᠩᠬᠢ ᠠᠵᠣ ᠠᠬᠤᠶ᠋ᠢᠯᠡᠯ᠎ᠢ ᠵᠣᠯᠭ᠋ᠠᠯᠳᠣᠭᠤᠯᠬᠤ ᠵᠢ ᠴᠢᠩᠭ᠋ᠠᠣᠡᠬᠠᠵᠣ᠂ ᠭᠤᠣᠯᠳᠠᠯᠭ᠎ᠠ᠎ᠲᠠᠢ ᠲᠦᠷᠣᠯ ᠵᠦᠢ᠍ᠯ᠎ᠤᠨ ᠪᠡᠯᠨ ᠮᠦᠩᠭᠦᠨ᠎ᠤ ᠬᠡᠷᠩᠴᠡᠭᠡ ᠱᠠᠭ᠋ᠠᠷᠳᠠᠯᠭ᠎ᠠ ᠵᠢ ᠪᠠᠲᠤᠯᠠᠨ᠎ᠠ᠃ ᠠᠷᠠᠣᠨ᠎ᠤᠨ ᠳᠤᠮᠳᠠᠬᠢ ᠪᠡᠯᠨ ᠣᠷᠣᠭᠤᠯᠣᠯᠳᠠ᠎ᠳᠤ ᠵᠥᠪᠰᠢᠶᠡᠷᠡᠨ ᠣᠷᠣᠭᠤᠯᠬᠤ ᠵᠢ ᠠᠭᠤᠵᠢᠭᠤ ᠪᠣᠯᠭ᠋ᠠᠨ᠂ ᠠᠷᠠᠣᠨ᠎ᠤᠨ ᠳᠤᠮᠳᠠᠬᠢ ᠭᠦᠷᠣᠩᠭᠡ ᠮᠦᠩᠭᠦ ᠵᠢ᠎ᠪᠠᠨ ᠵᠠᠰᠠᠭ᠎ᠤᠨ ᠣᠷᠳᠣᠨ᠎ᠤ ᠪᠡᠯᠡ ᠣᠷᠤᠭᠤᠯᠤᠭᠰᠠᠨ ᠲᠦᠷᠣᠯ ᠵᠦᠢ᠍ᠯ᠎ᠳᠤ ᠣᠷᠣᠯᠴᠠᠭᠤᠯᠬᠤ ᠵᠢ ᠵᠣᠷᠢᠬ᠍ᠵᠢᠭᠤᠯᠤᠨ᠎ᠠ᠃ ᠠᠵᠤ ᠠᠬᠤᠶ᠋ᠢᠯᠠᠯ᠎ᠤᠨ ᠰᠢᠨ᠎ᠠ᠎ᠪᠠᠷ ᠡᠬᠢᠯᠡᠭᠦᠯᠣᠭ᠌ᠰᠡᠨ ᠲᠦᠷᠣᠯ ᠵᠦᠢ᠍ᠯ ᠪᠣᠶᠣ ᠴᠢᠬᠤᠯᠨ ᠶᠡᠭᠡ ᠮᠡᠷᠭᠡᠵᠢᠯ᠎ᠤᠨ ᠦᠭᠡᠷᠡᠴᠢᠯᠡᠨ ᠰᠢᠨᠡᠳᠭᠡᠭᠰᠡᠨ ᠲᠦᠷᠦᠯ ᠵᠦᠢ᠍ᠯ᠎ᠳᠤ ᠬᠤᠳᠠᠯᠳᠣᠭ᠋ᠠᠴᠢᠨ ᠣᠷᠢᠵᠣ ᠪᠡᠯᠨ ᠣᠷᠣᠭᠤᠯᠬᠤ ᠲᠦᠷᠣ ᠵᠢᠨ ᠪᠣᠳᠣᠯᠭ᠎ᠠ ᠵᠢ ᠲᠣᠬᠢᠷᠠᠭᠤᠯᠤᠨ

ᠬᠡᠷᠡᠭᠯᠡᠨ᠎ᠡ᠃
      ᠰᠢᠨ᠎ᠠ ᠬᠡᠯᠪᠡᠷᠢ ᠵᠢᠨ ᠬᠤᠳᠠ ᠪᠠᠯᠭ᠋ᠠᠰᠤᠴᠢᠯᠠᠯᠲᠠ ᠵᠢᠨ ᠶᠠᠰᠣ ᠴᠢᠨᠠᠷ᠎ᠢ ᠳᠡᠭᠡᠭᠰᠢᠯᠡᠭᠦᠯᠵᠣ᠂ ᠬᠤᠳᠠ ᠪᠠᠯᠭ᠋ᠠᠰᠣᠨ᠎ᠤ ᠪᠠᠶ᠋ᠢᠷᠢᠰᠢᠭᠤᠯᠣᠯᠳᠠ ᠵᠢ ᠰᠢᠯᠢᠳᠡᠭᠵᠢᠭᠦᠯᠣᠨ᠂ ᠣᠨᠴᠠᠯᠢᠭᠳᠣ ᠵᠢᠵᠢᠭ ᠪᠠᠯᠭ᠋ᠠᠰᠣᠨ᠎ᠤ ᠡᠮᠬᠢ ᠵᠢᠷᠣᠮ᠎ᠲᠠᠢ᠎ᠪᠠᠷ ᠭᠦᠭᠵᠢᠭᠦ ᠵᠢ ᠳᠡᠮᠵᠢᠵᠣ᠂ ᠤᠬᠠᠭ᠋ᠠᠯᠢᠭ ᠬᠤᠳᠠ ᠵᠢ ᠢᠳᠡᠪᠬᠢᠳᠠᠢ ᠴᠤᠭᠴᠠᠯᠠᠵᠤ᠂ ᠬᠤᠲᠠ ᠵᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠥᠪᠰᠢᠨ᠎ᠢ ᠳᠡᠭᠡᠭᠰᠢᠯᠡᠭᠦᠯᠦᠨ᠎ᠡ᠃ ᠬᠤᠷ᠎ᠠ ᠣᠰᠣ ᠵᠢ ᠪᠦᠳᠣᠮᠵᠢᠳᠠᠢ ᠠᠰᠢᠭᠯᠠᠬᠤ ᠬᠤᠳᠠ᠂ ᠭᠠᠵᠡᠷ ᠲᠣᠣᠷᠠᠬᠢ ᠶᠡᠷᠦᠨᠭᠬᠡᠢ ᠬᠤᠭᠤᠯᠠᠢ ᠭᠤᠣᠷᠰᠣ ᠵᠢᠨ ᠬᠤᠩᠭᠢᠯ᠂ ᠣᠰᠣ ᠵᠠᠯᠠᠵᠣ ᠣᠰᠣᠳᠣᠯ᠎ᠢ ᠰᠡᠷᠭᠡᠶ᠋ᠢᠯᠡᠭᠦ᠂ ᠭᠠᠯ ᠤᠨᠳᠠᠷᠠᠭ᠋ᠠᠵᠦ ᠠᠪᠤᠷᠠᠨ ᠲᠤᠰᠠᠯᠠᠬᠤ ᠪᠡᠯᠡᠳᠭᠡᠮᠵᠢ ᠵᠢᠨ ᠪᠦᠳᠣᠭᠡᠨ ᠪᠠᠶ᠋ᠢᠭᠤᠯᠣᠯᠳᠠ ᠵᠢ ᠠᠬᠢᠭᠤᠯᠵᠤ᠂ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠣᠨ᠎ᠠ᠃ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠳᠠᠴᠨ ᠵᠢ ᠪᠠᠶ᠋ᠢᠭᠤᠯᠵᠤ᠂ ᠭᠡᠷ ᠪᠠᠶ᠋ᠢᠰᠢᠩ ᠭᠠᠵᠡᠷ ᠭᠦᠷᠣᠩᠭᠡ ᠵᠢᠨ ᠵᠠᠬ᠎ᠠ ᠳᠡᠯᠭᠡᠭᠦᠷ᠎ᠤᠨ ᠲᠤᠭᠳᠠᠭᠤᠨ ᠪᠦᠬᠡᠳ ᠡᠷᠡᠭᠦᠯ ᠵᠶ᠋ᠠᠷ ᠭᠦᠭᠵᠢᠭᠦ ᠵᠢ ᠠᠬᠢᠭᠤᠯᠣᠨ᠎ᠠ᠃
      ᠣᠷᠣᠨ ᠪᠦᠰᠨ ᠵᠢᠨ ᠵᠣᠬᠢᠴᠠᠯᠳᠣᠨ ᠭᠦᠭᠵᠢᠭᠦ ᠵᠢ ᠠᠬᠢᠭᠤᠯᠣᠨ᠎ᠠ᠃ ᠦᠪᠡᠷᠳᠡᠭᠡᠨ ᠵᠠᠰᠠᠬᠤ ᠣᠷᠣᠨ᠎ᠤ ᠵᠡᠭᠦᠨ᠂ ᠲᠣᠮᠳᠠ᠂ ᠪᠠᠷᠠᠭᠤᠨ ᠬᠡᠰᠡᠭ᠎ᠤᠨ ᠭᠦᠭᠵᠢᠯᠳᠠ ᠵᠢ ᠨᠢᠭᠡᠳᠣᠯᠳᠠᠢ ᠲᠦᠯᠣᠪᠯᠡᠨ᠂ ᠭᠦᠭᠡᠬᠤᠳᠠ ᠪᠣᠭᠤᠳᠣ ᠣᠷᠳᠣᠰ ᠵᠢᠴᠢ ᠣᠯᠠᠭ᠋ᠠᠨᠴᠠᠪ᠎ᠤᠨ ᠵᠣᠬᠢᠴᠠᠯᠳᠣᠨ ᠭᠦᠭᠵᠢᠭᠦ᠂ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠮᠠᠨᠳᠤᠭᠤᠯᠵᠤ ᠬᠥᠭᠵᠢᠭᠦᠯᠬᠦ᠂ ᠦᠬᠠᠢ ᠵᠢᠴᠢ ᠡᠷᠬᠢᠨ ᠲᠣᠭᠤᠷᠢᠨ᠎ᠤ ᠭᠠᠵᠡᠷ ᠣᠷᠣᠨ᠎ᠤ ᠬᠡᠯᠪᠡᠷᠢ᠎ᠪᠠᠨ ᠬᠤᠪᠢᠷᠠᠭᠤᠯᠵᠣ ᠭᠦᠭᠵᠢᠭᠦ ᠵᠢ ᠠᠬᠢᠭᠤᠯᠣᠨ᠎ᠠ᠃ ᠬᠤᠷᠢᠠᠭᠡᠷ ᠰᠢᠨ᠎ᠠ ᠲᠣᠭᠤᠷᠢᠭ᠎ᠢ ᠰᠢᠨᠵᠢᠯᠡᠭᠦ ᠣᠬᠠᠭ᠋ᠠᠨᠴᠢ᠎ᠪᠠᠷ ᠲᠦᠯᠦᠪᠵᠢᠭᠦᠯᠵᠦ᠂ ᠡᠮᠬᠢ ᠵᠢᠷᠣᠮ᠎ᠲᠠᠢ ᠪᠦᠳᠣᠭᠡᠨ ᠪᠠᠶ᠋ᠢᠭᠤᠯᠣᠨ᠎ᠠ᠃ 《ᠮᠤᠬᠤᠷ ᠵᠠᠮ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠭᠠᠵᠠᠷ ᠤᠷᠤᠨ᠎ᠤ ᠬᠤᠭᠤᠷᠤᠨᠳᠤ ᠵᠢᠨ ᠵᠠᠮ ᠬᠠᠷᠢᠯᠴᠠᠭ᠎ᠠ ᠨᠡᠪᠳᠡᠷᠡᠬᠦ ᠬᠢᠷᠢ ᠲᠦᠪᠰᠢᠨ᠎ᠢ ᠲᠡᠬᠡᠭᠰᠢᠯᠡᠬᠦᠯᠦᠨ᠎ᠠ᠃
     (ᠲᠦᠷᠪᠠ) ᠭᠦᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠣᠬᠤ ᠪᠣᠳᠣᠯᠭ᠎ᠠ ᠵᠢ ᠭᠦᠨᠵᠡᠭᠡᠶ᠋ᠢᠷᠡᠭᠦᠯᠦᠨ ᠬᠡᠷᠡᠭᠵᠢᠭᠦᠯᠦᠨ᠎ᠡ᠃
      ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ᠎ᠢ ᠲᠡᠷᠢᠭᠦᠨ᠎ᠳᠤ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠭᠡᠨ ᠠᠬᠢᠭᠤᠯᠤᠨ᠎ᠠ᠃ ᠳᠠᠷᠢᠶᠠᠯᠠᠩ ᠮᠠᠯ ᠠᠵᠣ ᠠᠬᠤᠢ ᠵᠢᠨ ᠬᠠᠩᠭ᠋ᠠᠯᠭ᠎ᠠ ᠵᠢᠨ ᠳᠠᠯ᠎ᠠ᠎ᠳᠠᠬᠢ ᠪᠦᠳᠣᠴᠨ ᠵᠢᠨ ᠴᠢᠨᠠᠷᠳᠠᠢ ᠦᠭᠡᠷᠡᠴᠢᠯᠡᠯᠳᠠ ᠵᠢ ᠭᠦᠨᠵᠡᠭᠡᠶ᠋ᠢᠷᠡᠭᠦᠯᠣᠨ᠎ᠠ᠃ ᠠᠮᠣ ᠪᠣᠳᠠᠭ᠎ᠠ ᠦᠢ᠍ᠯᠡᠣᠡᠪᠣᠷᠢᠯᠡᠭᠦ ᠴᠢᠳᠠᠮᠵᠢᠳᠣ ᠣᠷᠣᠨ ᠪᠣᠯᠣᠨ ᠴᠢᠬᠤᠯᠨ ᠪᠣᠯᠬᠤ ᠳᠠᠷᠢᠶᠠᠯᠠᠩ᠎ᠤᠨ ᠪᠦᠳᠣᠭᠡᠭᠳᠡᠭᠦᠨ ᠦᠢ᠍ᠯᠡᠳᠪᠦᠷᠢᠯᠡᠵᠦ ᠬᠠᠮᠠᠭ᠋ᠠᠯᠠᠬᠤ ᠣᠷᠣᠨ᠎ᠤ ᠬᠤᠪᠢᠶᠠᠷᠢᠯᠠᠨ ᠲᠣᠭᠳᠠᠭ᠋ᠠᠬᠤ ᠠᠵᠢᠯ᠎ᠢ ᠪᠦᠭᠦ ᠳᠠᠯ᠎ᠠ᠎ᠪᠠᠷ ᠪᠡᠶᠡᠯᠡᠭᠦᠯᠣᠨ᠂ ᠣᠨᠴᠠᠯᠢᠭ᠎ᠲᠠᠢ ᠳᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠳᠣᠭᠡᠭᠳᠡᠭᠦᠨ᠎ᠤ ᠲᠠᠯ᠎ᠠ᠎ᠪᠠᠷ᠎ᠬᠢ ᠳᠠᠪᠠᠭᠤᠯᠢᠭ ᠣᠷᠣᠨ᠎ᠢ ᠡᠭᠦᠳᠣᠨ ᠪᠠᠶ᠋ᠢᠭᠤᠯᠣᠨ᠎ᠠ᠃ ᠡᠭᠦᠷᠢᠳᠠ ᠵᠢᠨ ᠦᠨᠳᠣᠰᠣᠨ ᠲᠠᠷᠢᠶᠠᠨ ᠭᠠᠵᠡᠷ᠎ᠢ ᠴᠢᠩᠭ᠎ᠠ ᠬᠠᠮᠠᠭ᠋ᠠᠯᠠᠵᠣ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠣ᠂ ᠦᠨᠳᠣᠷ ᠪᠦᠳᠣᠮᠵᠢᠳᠠᠢ᠎ᠪᠠᠷ ᠣᠰᠣ ᠠᠷᠪᠢᠯᠠᠬᠤ ᠤᠰᠤᠯᠠᠯᠲᠠ ᠵᠢᠨ ᠳᠠᠯᠠᠪᠡᠢ ᠵᠢ ᠦᠷᠭᠡᠣᠡᠭᠡᠵᠣ᠂ ᠬᠤᠵᠢᠷᠯᠢᠬ ᠭᠠᠵᠠᠷ᠎ᠢ ᠦᠬᠡᠷᠡᠴᠢᠯᠡᠨ᠂ ᠭᠠᠵᠠᠷ ᠰᠢᠷᠣᠢ᠎ᠪᠠᠷ ᠠᠮᠤ ᠪᠤᠳᠠᠭ᠋ᠠᠨ᠎ᠤ ᠬᠤᠷᠢᠶᠠᠯᠲᠠ ᠵᠢ ᠪᠠᠲᠤᠯᠠᠨ ᠭᠠᠷᠮᠠᠭ᠋ᠠᠢ ᠮᠡᠷᠭᠡᠵᠢᠯ ᠵᠶ᠋ᠠᠷ ᠤᠨᠠᠯᠲᠠ᠎ᠪᠠᠨ ᠳᠡᠭᠡᠭᠰᠢᠯᠡᠭᠦᠯᠬᠦ ᠵᠢ ᠬᠡᠷᠡᠭᠵᠢᠬᠦᠯᠦᠨ᠎ᠠ᠃ 《ᠠᠮᠣ ᠪᠣᠳᠠᠭ᠎ᠠ ᠵᠢ ᠲᠡᠵᠢᠭᠡᠯ ᠪᠣᠷᠳᠤᠭ᠎ᠠ ᠪᠣᠯᠭ᠋ᠠᠨ ᠬᠤᠪᠢᠷᠠᠭᠤᠯᠬᠤ》 ᠵᠢ ᠬᠡᠷᠩᠵᠢᠭᠦᠯᠵᠣ᠂ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶ᠋ᠢᠳᠠᠢ ᠪᠣᠷᠴᠠᠭ ᠪᠣᠯᠣᠨ ᠦᠨᠳᠣᠷ ᠣᠨᠠᠯᠳᠠ᠎ᠲᠠᠢ ᠴᠢᠨᠠᠷ ᠰᠠᠶ᠋ᠢᠳᠠᠢ ᠴᠡᠷᠭ᠋ᠠᠰᠣ ᠳᠠᠷᠢᠬᠤ ᠳᠠᠯᠠᠪᠡᠢ ᠵᠢ ᠥᠷᠭᠡᠳᠭᠡᠨ᠎ᠡ᠃ ᠣᠳᠣ ᠦᠶ᠎ᠡ ᠵᠢᠨ ᠮᠠᠯ ᠠᠵᠣ ᠠᠬᠤᠢ ᠵᠢ ᠬᠥᠭᠵᠢᠭᠦᠯᠵᠦ᠂ ᠰᠦ ᠴᠠᠭ᠋ᠠᠨ ᠢᠳᠡᠬᠡᠨ᠎ᠤ ᠦᠢ᠍ᠯᠡᠰ᠎ᠤᠨ ᠦᠷᠨᠢᠨ ᠬᠥᠭᠵᠢᠬᠦ ᠵᠢ ᠠᠬᠢᠭᠤᠯᠵᠤ᠂ ᠢᠳᠡᠰᠢᠨ ᠦᠭᠡᠷ ᠬᠤᠨᠢᠨ᠎ᠤ ᠠᠵᠣ ᠦᠢ᠍ᠯᠡᠰ᠎ᠢ ᠪᠣᠵᠠᠭ᠋ᠠᠶ᠋ᠢᠷᠠᠭᠤᠯᠵᠤ᠂ ᠠᠳᠤᠭᠤᠨ᠎ᠤ ᠠᠵᠦ ᠦᠢ᠍ᠯᠡᠰ᠎ᠤᠨ ᠬᠦᠭᠵᠢᠯᠳᠡ ᠵᠢ ᠲᠠᠮᠵᠢᠨ᠂ ᠠᠮᠢᠳᠠᠨ᠎ᠤ ᠭᠡᠮ ᠬᠢᠵᠢᠭ᠎ᠢ ᠰᠡᠷᠭᠡᠶ᠋ᠢᠯᠠᠨ ᠵᠠᠰᠠᠬᠤ ᠴᠢᠳᠠᠪᠣᠷᠢ ᠵᠢ ᠳᠡᠭᠡᠭᠰᠢᠯᠡᠭᠦᠯᠣᠨ᠎ᠠ᠃ ᠶᠠᠰᠣ ᠴᠢᠨᠠᠷ ᠵᠶ᠋ᠠᠷ ᠮᠠᠯ ᠳᠠᠷᠢᠶᠠᠯᠠᠩ᠎ᠢ ᠭᠦᠭᠵᠢᠭᠦᠯᠭᠦ ᠵᠢ ᠪᠠᠷᠢᠮᠳᠠᠯᠠᠵᠣ᠂ ᠣᠳᠣ ᠦᠶ᠎ᠡ ᠵᠢᠨ ᠲᠠᠷᠢᠮᠠᠯ᠎ᠤᠨ ᠦᠢ᠍ᠯᠡᠰ᠎ᠢ ᠬᠥᠭᠵᠢᠭᠦᠯᠦᠨ᠂ ᠳᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠳᠣᠭᠡᠭᠳᠡᠭᠦᠨ᠎ᠤ ᠪᠠᠷᠢᠮᠵᠢᠶᠠᠳᠣ ᠰᠢᠰᠲ᠋ᠧᠮᠵᠢ ᠪᠠ ᠶᠠᠰᠣ ᠴᠢᠨᠠᠷ᠎ᠤᠨ ᠠᠮᠣᠷ ᠲᠦᠪᠰᠢᠨ᠎ᠢ ᠮᠥᠷᠳᠡᠨ ᠤᠬᠤᠴᠢᠯᠠᠬᠤ ᠰᠢᠰᠲ᠋ᠧᠮᠵᠢ ᠵᠢ ᠳᠡᠭᠦᠯᠳᠡᠷᠵᠢᠭᠦᠯᠵᠣ᠂ ᠴᠢᠨᠠᠷ ᠰᠠᠶ᠋ᠢᠳᠠᠢ ᠪᠥᠭᠡᠳ ᠪᠣᠬᠢᠷᠳᠣᠯ ᠦᠭᠡᠢ ᠳᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠳᠣᠭᠡᠭᠳᠡᠭᠦᠨ᠎ᠤ ᠬᠠᠩᠭ᠋ᠠᠯᠭ᠎ᠠ ᠵᠢ ᠨᠡᠮᠡᠭᠳᠡᠭᠦᠯᠣᠨ᠎ᠠ᠃ ᠤᠯᠠᠭ᠋ᠠᠨᠴᠠᠪ᠎ᠤᠨ ᠲᠦᠮᠦᠰᠦ᠂ ᠰᠢᠯᠢ ᠵᠢᠨ ᠭᠤᠣᠯ ᠬᠤᠨᠢ᠂ ᠬᠤᠷᠴᠢᠨ ᠦᠬᠡᠷ᠂ ᠬᠢᠩᠭ᠋ᠠᠨ ᠲᠤᠳᠤᠷᠭ᠎ᠠ᠂ ᠤᠯᠠᠭ᠋ᠠᠨᠬᠠᠳᠠ ᠨᠠᠷᠢᠮᠤ᠂ ᠲᠡᠭᠷᠢ ᠵᠢᠨ ᠬᠡᠰᠢᠭᠲᠦ ᠪᠣᠷᠣᠲᠣᠬᠠᠢ ᠵᠡᠷᠭᠡ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠦᠷᠦᠯ ᠲᠡᠮᠲᠡᠭᠲᠦ ᠵᠢᠨ ᠦᠨ᠎ᠡ ᠥᠷᠲᠡᠭ ᠪᠣᠯᠣᠨ ᠨᠦᠯᠦᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠪᠠᠶᠠᠨᠨᠠᠭᠤᠷ᠎ᠤᠨ᠎ᠬᠢᠨ᠎ᠤ ᠣᠯᠣᠰ᠎ᠤᠨ ᠳᠠᠷᠢᠶᠠᠯᠠᠩ᠎ᠤᠨ ᠳᠡᠭᠡᠳᠣ ᠰᠢᠨ᠎ᠠ ᠮᠡᠷᠭᠡᠵᠢᠯ᠎ᠤᠨ ᠠᠵᠣ ᠦᠢ᠍ᠯᠡᠰ᠎ᠤᠨ ᠵᠢᠱ᠌ᠢᠶ᠎ᠠ ᠦᠵᠡᠭᠦᠯᠭᠦ ᠲᠣᠭᠤᠷᠢᠭ ᠡᠭᠦᠳᠣᠨ ᠪᠠᠶ᠋ᠢᠭᠤᠯᠬᠤ ᠵᠢ ᠳᠡᠮᠵᠢᠨ᠎ᠠ᠃
      ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ᠎ᠢ ᠴᠡᠭᠴᠡᠯᠡᠨ ᠵᠠᠰᠠᠬᠤ ᠭᠤᠷᠪᠡᠨ ᠵᠢᠯ᠎ᠤᠨ ᠠᠵᠢᠯᠯᠠᠭ᠋ᠠᠨ᠎ᠤ ᠲᠦᠯᠣᠪᠯᠡᠭᠡ ᠵᠢ ᠨᠠᠶ᠋ᠢᠳᠠᠪᠣᠷᠢᠵᠢᠭᠤᠯᠵᠣ᠂ ᠵᠣᠷᠯᠣᠩ᠂ ᠬᠤᠭ ᠨᠣᠪᠰᠢ᠂ ᠪᠣᠬᠢᠷ ᠣᠰᠣ ᠵᠡᠷᠭᠡ ᠠᠰᠠᠭᠤᠳᠠᠯ᠎ᠢ ᠭᠦᠴᠣᠯᠡᠨ ᠰᠢᠢ᠍ᠣᠡᠪᠣᠷᠢᠯᠡᠵᠣ᠂ ᠮᠠᠯ ᠵᠢᠭᠦᠷᠲᠡᠨ᠎ᠤ ᠰᠢᠭᠢᠭ ᠰᠠᠩᠭ᠋ᠠᠰᠤ ᠵᠢ ᠡᠬᠢ ᠪᠠᠶᠠᠯᠢᠬ᠍ᠵᠢᠭᠤᠯᠤᠨ ᠠᠰᠢᠭᠯᠠᠬᠤ ᠵᠢ ᠰᠠᠶ᠋ᠢᠲᠤᠷ ᠠᠳᠬᠤᠨ᠂ ᠠᠶ᠋ᠢᠯ ᠲᠣᠰᠬᠤᠨ᠎ᠤ ᠲᠦᠷᠰᠣ ᠪᠠᠶ᠋ᠢᠳᠠᠯ᠎ᠢ ᠳᠠᠰᠣᠷᠠᠯᠳᠠ ᠦᠭᠡᠢ ᠰᠠᠶ᠋ᠢᠵᠢᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠬᠦ ᠪᠠ ᠣᠣᠭᠤᠬᠤ ᠣᠰᠣᠨ᠎ᠤ ᠠᠮᠣᠷ ᠲᠦᠪᠰᠢᠨ᠎ᠤ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠦᠨ᠎ᠡ᠃ 《ᠳᠥᠷᠪᠡᠨ ᠰᠠᠶ᠋ᠢᠲᠠᠢ ᠭᠦᠳᠡᠭᠡ ᠲᠣᠰᠬᠤᠨ᠎ᠤ ᠵᠠᠮ》᠎ᠤᠨ ᠪᠦᠳᠣᠭᠡᠨ ᠪᠠᠶ᠋ᠢᠭᠤᠯᠣᠯᠳᠠ ᠵᠢ ᠦᠷᠭᠦᠯᠵᠢᠯᠡᠨ ᠰᠠᠶ᠋ᠢᠲᠤᠷ ᠬᠢᠨ᠎ᠡ᠃ ᠦᠷᠭᠡᠨ ᠪᠦᠰᠡᠲᠦ ᠰᠦᠯᠵᠢᠶ᠎ᠡ ᠵᠢ ᠭᠠᠴᠠᠭ᠎ᠠ ᠲᠣᠰᠠᠬᠤᠨ᠎ᠳᠤ ᠬᠦᠷᠲᠡᠯ᠎ᠡ ᠣᠷᠲᠤᠳᠬᠠᠬᠤ ᠵᠢ ᠠᠬᠢᠭᠤᠯᠣᠨ᠎ᠠ᠃ ᠮᠠᠯᠵᠢᠬᠤ ᠳᠠᠷᠢᠶᠠᠯᠠᠬᠤ ᠣᠷᠣᠨ᠎ᠤ ᠰᠠᠭᠤᠷᠢ ᠪᠡᠯᠡᠣᠡᠭᠡᠮᠵᠢ ᠪᠠ ᠣᠯᠠᠨ ᠨᠠᠶ᠋ᠢᠳᠠ ᠵᠢᠨ ᠦᠢ᠍ᠯᠡᠴᠢᠯᠡᠭᠡᠨ᠎ᠤ ᠪᠡᠯᠡᠣᠡᠭᠡᠮᠵᠢ ᠵᠢ ᠬᠠᠮᠢᠶᠠᠷᠴᠣ ᠬᠠᠮᠠᠭ᠋ᠠᠯᠠᠬᠤ ᠲᠣᠭᠳᠠᠴᠨ ᠵᠢ ᠳᠡᠭᠦᠯᠳᠡᠷᠵᠢᠭᠦᠯᠣᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠦᠨᠳᠣᠰᠣᠨ ᠡᠵᠡᠩᠨᠡᠯᠳᠠ ᠵᠢᠨ ᠲᠦᠷᠢᠮ᠎ᠢ ᠪᠠᠲᠤᠳᠬᠠᠨ ᠳᠡᠭᠦᠯᠳᠡᠷᠵᠢᠭᠦᠯᠵᠣ᠂ ᠮᠠᠯᠵᠢᠬᠤ ᠲᠠᠷᠢᠶᠠᠯᠠᠬᠤ ᠤᠷᠤᠨ᠎ᠤ ᠭᠠᠵᠡᠷ ᠰᠢᠷᠣᠢ ᠵᠢᠨ ᠲᠦᠷᠢᠮ᠂ ᠬᠠᠮᠲᠤ ᠵᠢᠨ ᠦᠮᠴᠢᠯᠡᠯ᠎ᠤᠨ ᠡᠷᠭᠡ ᠵᠢᠨ ᠲᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠣᠨ᠎ᠠ᠃ 《ᠬᠦᠯᠡᠮᠵᠢ᠎ᠲᠠᠢ ᠲᠦᠬᠦᠷᠵᠢᠭᠦᠯᠦᠭᠰᠡᠨ ᠭᠡᠷ ᠪᠠᠶ᠋ᠢᠰᠢᠩ》᠎ᠢ ᠠᠷᠢᠯᠭ᠋ᠠᠨ ᠴᠡᠭᠴᠡᠯᠡᠵᠦ᠂ ᠲᠠᠷᠢᠶᠠᠨ ᠭᠠᠵᠠᠷ᠎ᠢ ᠲᠠᠷᠢᠶᠠᠯᠠᠩ᠎ᠤᠨ ᠪᠤᠰᠤ ᠵᠦᠢ᠍ᠯ᠎ᠳᠤ ᠬᠡᠷᠡᠭᠯᠡᠬᠦ ᠵᠢ ᠡᠷᠡᠰ ᠬᠤᠷᠢᠭᠯᠠᠨ᠎ᠠ᠃ ᠬᠠᠮᠳᠣ ᠵᠢᠨ ᠠᠵᠣ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠳᠡᠭᠦᠯᠳᠡᠷᠵᠢᠭᠦᠯᠣᠨ᠂ ᠭᠡᠷ ᠪᠦᠯᠢ ᠵᠢᠨ ᠮᠠᠯ ᠳᠠᠷᠢᠶᠠᠯᠠᠩ᠎ᠤᠨ ᠲᠠᠯᠠᠪᠠᠢ᠂ ᠮᠠᠯᠴᠢᠨ ᠲᠠᠷᠢᠶᠠᠴᠢᠳ᠎ᠤᠨ ᠲᠤᠰᠬᠠᠢ ᠬᠤᠷᠰᠢᠶᠠᠵᠢᠯ ᠵᠡᠷᠭᠡ ᠰᠢᠨ᠎ᠠ ᠬᠡᠯᠪᠡᠷᠢ ᠵᠢᠨ ᠡᠵᠡᠩᠨᠡᠯᠳᠠ ᠵᠢᠨ ᠭᠤᠣᠯ ᠴᠣᠭᠴᠨ ᠵᠢ ᠬᠥᠭᠵᠢᠭᠦᠯᠵᠦ᠂ ᠬᠦᠲᠦᠴᠢ ᠠᠵᠣ ᠠᠬᠤᠶ᠋ᠢᠯᠡᠯ᠎ᠢ ᠪᠣᠶ᠋ᠢᠵᠢᠭᠤᠯᠣᠨ ᠪᠣᠵᠠᠭ᠋ᠠᠶ᠋ᠢᠷᠠᠭᠤᠯᠵᠣ᠂ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠳ᠎ᠤᠨ ᠡᠩᠨᠡᠭᠡ ᠵᠢ ᠪᠠᠶ᠋ᠢᠭᠤᠯᠵᠤ᠂ ᠳᠠᠷᠢᠶᠠᠯᠠᠩ ᠮᠠᠯ ᠠᠵᠣ ᠠᠬᠤᠢ ᠵᠢᠨ ᠦᠢ᠍ᠯᠡᠣᠡᠪᠣᠷᠢᠯᠡᠯ᠎ᠤᠨ ᠵᠣᠬᠢᠶᠠᠨ ᠪᠠᠶ᠋ᠢᠭᠤᠯᠭ᠋ᠠᠨᠴᠢᠯᠠᠬᠤ ᠭᠡᠮᠵᠢᠶ᠎ᠠ ᠵᠢ ᠳᠡᠭᠡᠭᠰᠢᠯᠡᠭᠦᠯᠵᠦ᠂ ᠨᠢᠭᠡᠳᠣᠭᠡᠷ᠂ ᠬᠤᠶᠠᠳᠣᠭ᠋ᠠᠷ᠂ ᠭᠤᠷᠪᠠᠳᠣᠭ᠋ᠠᠷ ᠠᠵᠣ ᠦᠢ᠍ᠯᠡᠰ᠎ᠤᠨ ᠠᠭᠤᠰᠣᠯᠴᠠᠨ ᠭᠦᠭᠵᠢᠭᠦ ᠵᠢ ᠠᠬᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠪᠣᠯᠣᠨ ᠠᠵᠣ ᠠᠬᠤᠶ᠋ᠢᠯᠠᠯ᠎ᠤᠨ ᠠᠰᠢᠭ ᠲᠤᠰᠠ ᠵᠢ᠎ᠪᠠᠨ ᠬᠤᠯᠪᠣᠬᠤ ᠲᠣᠭᠳᠠᠴᠨ ᠵᠢ ᠪᠦᠷᠢᠨᠰᠢᠭᠦᠯᠵᠦ᠂ ᠠᠵᠣ ᠦᠢ᠍ᠯᠡᠰᠵᠢᠯᠲᠡ᠎ᠪᠠᠷ ᠮᠠᠯᠴᠢᠨ ᠲᠠᠷᠢᠶᠠᠴᠢᠳ᠎ᠲᠤ ᠨᠡᠩ ᠢᠯᠡᠭᠦᠦ ᠠᠰᠢᠭ ᠭᠦᠷᠳᠡᠭᠡᠨ᠎ᠠ᠃
     《ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ》᠂ ᠬᠠᠲᠤᠨ ᠭᠤᠣᠯ᠎ᠤᠨ ᠦᠶᠡᠷ᠎ᠢ ᠲᠣᠭᠲᠠᠭ᠋ᠠᠬᠤ ᠣᠷᠣᠨ᠂ ᠵᠡᠭᠦᠨ ᠲᠠᠶ᠋ᠢᠰᠠ ᠤᠰᠤᠨ ᠴᠦᠬᠦᠷᠦᠮ ᠵᠡᠷᠭᠡ ᠣᠰᠣᠨ ᠠᠰᠢᠭᠯᠠᠯᠳᠠ ᠵᠢᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠬᠡᠳᠬᠡᠨ᠎ᠠ᠃ ᠬᠠᠳᠤᠨ ᠭᠤᠤᠯ᠎ᠤᠨ ᠬᠠᠯᠢᠶ᠎ᠠ ᠭᠠᠷᠬᠤ ᠬᠤᠭᠤᠴᠠᠭ᠋ᠠᠨ᠎ᠳᠤ ᠡᠯᠪᠡᠭ ᠪᠣᠯᠣᠭᠰᠠᠨ ᠣᠰᠣᠨ᠎ᠤ ᠡᠬᠢ ᠰᠤᠷᠪᠣᠯᠵᠢ ᠵᠢ ᠭᠦᠢ᠍ᠴᠡᠣᠨ ᠠᠰᠢᠭᠯᠠᠵᠣ᠂ ᠤᠰᠤᠨ᠎ᠤ ᠠᠶᠤᠯ᠎ᠢ ᠤᠰᠤᠨ ᠠᠰᠢᠭᠯᠠᠯᠳᠠ ᠪᠣᠯᠭ᠋ᠠᠨ ᠬᠤᠪᠢᠷᠠᠭᠤᠯᠤᠨ᠎ᠠ᠃
     (ᠲᠠᠪᠤ) ᠭᠤᠤᠯᠳᠠᠯᠭ᠎ᠠ᠎ᠲᠠᠢ ᠬᠥᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠠ ᠵᠢ ᠭᠥᠨᠵᠡᠭᠡᠶ᠋ᠢᠷᠡᠭᠦᠯᠤᠨ᠎ᠡ᠃
     《ᠲᠠᠯᠪᠢᠬᠤ ᠬᠠᠮᠢᠶᠠᠷᠬᠤ ᠥᠢ᠍ᠯᠡᠴᠢᠯᠡᠬᠦ》 ᠥᠭᠡᠷᠡᠴᠢᠯᠡᠯᠲᠠ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠵᠠᠷᠴᠢᠮ᠎ᠠᠴᠠ ᠵᠥᠷᠢᠴᠡᠭᠰᠡᠨ᠂ ᠥᠢ᠍ᠯᠡᠳᠪᠥᠷᠢᠯᠡᠯ᠎ᠤᠨ ᠬᠥᠴᠥᠨ ᠵᠥᠢ᠍ᠯ᠎ᠤᠨ ᠭᠥᠢ᠍ᠯᠭᠡᠭᠡᠨ᠎ᠢ ᠬᠠᠷᠰᠢᠯᠠᠭᠰᠠᠨ ᠪᠠ ᠠᠵᠤ ᠠᠬᠤᠶ᠋ᠢᠯᠠᠯ᠎ᠤᠨ ᠠᠮᠢᠵᠢᠷᠠᠯ᠎ᠤᠨ ᠬᠥᠴᠥᠨ᠎ᠢ ᠨᠥᠯᠥᠭᠡᠯᠡᠭᠰᠡᠨ ᠲᠥᠷᠥ ᠵᠢᠨ ᠪᠤᠳᠤᠯᠭ᠎ᠠ ᠵᠢᠨ ᠲᠣᠭᠲᠠᠭ᠋ᠠᠯ᠎ᠢ ᠪᠥᠬᠦ ᠲᠠᠯ᠎ᠠ᠎ᠪᠠᠷ ᠢᠯᠭ᠋ᠠᠷᠠᠭᠤᠯᠤᠨ ᠴᠡᠭᠴᠡᠯᠡᠵᠥ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠥᠢ᠍ᠯ᠎ᠢ ᠬᠢᠨᠠᠨ ᠵᠥᠪᠰᠢᠶᠡᠷᠡᠬᠦ᠂ ᠠᠵᠤ ᠠᠬᠤᠶ᠋ᠢᠯᠠᠯ ᠨᠡᠭᠡᠭᠡᠨ ᠡᠷᠬᠢᠯᠡᠬᠦ᠂ ᠲᠠᠸᠠᠷ᠎ᠤᠨ ᠲᠡᠮᠳᠡᠭ ᠳᠠᠩᠰᠠᠯᠠᠬᠤ ᠴᠠᠭ᠎ᠢ ᠶᠡᠭᠡ᠎ᠪᠠᠷ ᠪᠤᠭᠤᠨᠢᠰᠬᠠᠬ᠍ᠨ᠎ᠠ᠃ 《ᠬᠤᠶᠠᠷ᠎ᠢ ᠰᠤᠭᠤᠴᠢᠵᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠬᠤ ᠬᠥᠴᠥᠨ ᠴᠢᠳᠠᠪᠤᠷᠢ ᠵᠢ ᠳᠡᠭᠡᠭᠰᠢᠯᠡᠭᠦᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠥᠷᠢᠶᠡᠨ᠎ᠳᠠᠬᠢ ᠵᠠᠰᠠᠭ ᠵᠠᠬᠢᠷᠭ᠋ᠠᠨ᠎ᠤ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠠ ᠵᠢ ᠪᠥᠬᠦ ᠲᠠᠯ᠎ᠠ᠎ᠪᠠᠷ ᠭᠥᠨᠵᠡᠭᠡᠶ᠋ᠢᠷᠡᠭᠦᠯᠥᠨ᠂ ᠵᠠᠰᠠᠭ ᠵᠠᠬᠢᠷᠭ᠋ᠠᠨ᠎ᠤ ᠰᠢᠢ᠍ᠳᠭᠡᠵᠦ ᠲᠤᠷᠭ᠋ᠠᠬᠤ ᠵᠥᠢ᠍ᠯᠡᠰ᠎ᠢ ᠢᠯᠭ᠋ᠠᠷᠠᠭᠤᠯᠤᠨ ᠵᠢᠷᠤᠮᠵᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠥᠢ᠍ᠯᠡᠴᠢᠯᠡᠭᠡᠨ᠎ᠤ 《ᠨᠢᠭᠡ ᠰᠥᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ》 ᠵᠢᠨ ᠥᠭᠡᠷᠡᠴᠢᠯᠡᠯᠲᠠ ᠪᠡ ᠤᠷᠤᠯᠠᠨ ᠭᠥᠢ᠍ᠴᠡᠳᠬᠡᠬᠦ ᠳᠥᠷᠢᠮ᠎ᠢ ᠥᠷᠭᠦᠯᠵᠢᠯᠡᠨ ᠠᠬᠢᠭᠤᠯᠤᠨ᠎ᠠ᠃ ᠠᠶ᠋ᠢᠮᠠᠭ ᠬᠤᠲᠠ ᠵᠢᠨ ᠡᠵᠡᠩᠨᠡᠨ ᠬᠤᠳᠠᠯᠳᠤᠭ᠋ᠠᠯᠠᠬᠤ ᠤᠷᠴᠢᠨ ᠨᠥᠬᠦᠴᠡᠯ᠎ᠳᠤ ᠦᠨᠡᠯᠡᠯᠲᠡ ᠬᠢᠬᠦ ᠠᠵᠢᠯ᠎ᠢ ᠦᠷᠭᠦᠯᠵᠢᠯᠡᠨ ᠦᠷᠨᠢᠭᠦᠯᠦᠨ᠎ᠡ᠃ ᠪᠥᠬᠦ ᠤᠷᠤᠨ᠎ᠤ ᠮᠡᠳᠡᠭᠡ ᠵᠠᠩᠬᠢ ᠵᠢᠨ ᠲᠠᠪᠴᠠᠩ᠎ᠢ ᠡᠮᠬᠢᠯᠡᠨ ᠨᠡᠶ᠋ᠢᠯᠡᠭᠦᠯᠵᠥ᠂ ᠮᠡᠳᠡᠭᠡ ᠵᠠᠩᠬᠢ ᠵᠢᠨ ᠬᠤᠷᠢᠭ᠎ᠠ ᠴᠠᠷᠠᠭ᠎ᠠ ᠵᠢ ᠠᠷᠢᠯᠭ᠋ᠠᠨ᠂ ᠰᠠᠯᠠᠭ᠎ᠠ ᠮᠥᠴᠢᠷ᠎ᠤᠳ᠎ᠤᠨ ᠬᠤᠭᠤᠷᠤᠨᠳᠥ ᠪᠠ ᠭᠠᠵᠠᠷ ᠤᠷᠤᠨ᠎ᠤ ᠬᠤᠭᠤᠷᠤᠨᠳᠥ ᠵᠢᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ ᠪᠣᠯᠭ᠋ᠠᠨ᠎ᠠ᠃ ᠬᠦᠴᠦᠨ ᠵᠦᠢ᠍ᠯ᠎ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠠ ᠵᠢ ᠲᠦᠷᠬᠡᠳᠬᠡᠵᠦ᠂ ᠨᠡᠭᠦᠷᠡᠰᠥ ᠵᠡᠷᠭᠡ ᠠᠭᠤᠷᠬᠠᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷᠴᠢᠯᠡᠯᠲᠡ᠎ᠳᠤ ᠢᠵᠢ ᠪᠦᠷᠢᠳᠦᠭᠦᠯᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠴᠠᠬᠢᠯᠭ᠋ᠠᠨ ᠬᠥᠴᠥᠨ᠎ᠤ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠬᠡᠪᠴᠢᠶᠡᠵᠢᠯ᠎ᠢ ᠥᠷᠭᠡᠳᠬᠡᠨ᠎ᠡ᠃ ᠠᠵᠢᠯ ᠦᠢ᠍ᠯᠡᠰ᠎ᠤᠨ ᠨᠢᠭᠡᠴᠢ᠎ᠳᠤ ᠦᠭᠡᠷᠡᠴᠢᠯᠡᠯᠲᠡ ᠬᠢᠬᠦ ᠡᠭᠦᠷᠭᠡ ᠵᠢ ᠪᠡᠶᠡᠯᠡᠭᠦᠯᠦᠨ᠎ᠡ᠃
      ᠤᠯᠤᠰ᠎ᠤᠨ ᠥᠮᠴᠢᠯᠡᠯᠲᠥ ᠡᠳ᠋ ᠬᠥᠷᠥᠩᠬᠡ᠂ ᠤᠯᠤᠰ᠎ᠤᠨ ᠥᠮᠴᠢᠯᠡᠯᠲᠥ ᠠᠵᠤ ᠠᠬᠤᠶ᠋ᠢᠯᠠᠯ᠎ᠤᠨ ᠥᠭᠡᠷᠡᠴᠢᠯᠡᠯᠲᠠ ᠵᠢ ᠲᠦᠷᠭᠡᠳᠭᠡᠵᠦ᠂ ᠤᠯᠤᠰ᠎ᠤᠨ ᠥᠮᠴᠢᠯᠡᠯᠲᠥ ᠬᠥᠷᠥᠩᠬᠡ ᠮᠥᠩᠬᠦ ᠵᠢ ᠬᠥᠴᠥᠷᠭᠡᠭᠵᠢᠭᠦᠯᠥᠨ ᠰᠢᠯᠢᠳᠡᠭᠵᠢᠭᠦᠯᠵᠤ ᠪᠣᠵᠠᠭ᠋ᠠᠶ᠋ᠢᠷᠠᠭᠤᠯᠤᠨ᠂ ᠠᠵᠤ ᠠᠬᠤᠶ᠋ᠢᠯᠠᠯ᠎ᠢ ᠬᠠᠮᠢᠶᠠᠷᠴᠥ ᠪᠠᠶ᠋ᠢᠭᠰᠠᠨ᠎ᠠᠴᠠ ᠡᠳ᠋ ᠬᠥᠷᠥᠩᠬᠡ ᠵᠢ ᠬᠠᠮᠢᠶᠠᠷᠬᠤ ᠲᠡᠶ᠋ᠢᠰᠢ ᠬᠤᠪᠢᠷᠠᠭᠤᠯᠬᠤ ᠵᠢ ᠪᠡᠶᠡᠯᠡᠭᠦᠯᠦᠨ᠎ᠡ᠃ 《ᠦᠬᠦᠰᠢᠷᠡᠮᠡᠯ ᠠᠵᠤ ᠠᠬᠤᠶ᠋ᠢᠯᠠᠯ》᠎ᠢ ᠲᠦᠷᠭᠡᠳᠭᠡᠨ ᠴᠡᠪᠡᠷᠯᠡᠵᠦ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠰᠤᠷᠭ᠋ᠠᠭᠤᠯᠢ᠂ ᠡᠮᠨᠡᠯᠭᠡ ᠵᠢᠨ ᠬᠤᠷᠢᠶ᠎ᠠ ᠡᠷᠬᠢᠯᠡᠬᠦ ᠵᠡᠷᠭᠡ ᠨᠡᠶ᠋ᠢᠭᠡᠮ᠎ᠤᠨ ᠡᠭᠦᠷᠭᠡ ᠴᠢᠳᠠᠪᠤᠷᠢ ᠵᠢ᠎ᠨᠢ ᠰᠠᠯᠭ᠋ᠠᠵᠤ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃
      ᠡᠳ᠋᠎ᠤᠨ ᠵᠠᠰᠠᠭ ᠭᠠᠶ᠋ᠢᠯᠢ᠂ ᠪᠡᠯᠡ ᠤᠷᠤᠭᠤᠯᠵᠤ ᠲᠤᠬᠢᠷᠠᠭᠤᠯᠬᠤ ᠪᠠᠶ᠋ᠢᠭᠤᠯᠤᠯ᠎ᠤᠨ ᠥᠭᠡᠷᠡᠴᠢᠯᠡᠯᠲᠠ ᠵᠢ ᠭᠥᠨᠵᠡᠭᠡᠶ᠋ᠢᠷᠡᠬᠦᠯᠤᠨ᠎ᠡ᠃ ᠥᠪᠡᠷᠲᠡᠭᠡᠨ ᠵᠠᠰᠠᠬᠤ ᠤᠷᠤᠨ᠎ᠠᠴᠠ ᠳᠤᠷᠤᠭᠰᠢᠬᠢ ᠬᠥᠷᠢᠶ᠎ᠡ ᠴᠠᠷᠠᠭ᠎ᠠ ᠬᠤᠪᠢᠶᠠᠷᠢᠯᠠᠭᠰᠠᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠠᠯᠭ᠋ᠠᠨ ᠬᠤᠪᠢᠶᠠᠷᠢᠯᠠᠬᠤ ᠥᠭᠡᠷᠡᠴᠢᠯᠡᠯᠲᠠ ᠵᠢ ᠠᠬᠢᠭᠤᠯᠤᠨ᠎ᠡ᠃ ᠲᠥᠰᠥᠪ᠎ᠤᠨ ᠠᠮᠵᠢᠯᠲᠠ ᠪᠥᠲᠥᠮᠵᠢ ᠵᠢᠨ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠥᠨ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠪᠠᠲᠤᠯᠠᠬᠤ ᠪᠠ ᠬᠠᠰᠤᠵᠤ ᠪᠠᠭ᠋ᠠᠰᠬᠠᠬᠤ ᠵᠢ ᠪᠠᠷᠢᠮᠲᠠᠯᠠᠨ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠬᠤ᠂ ᠠᠮᠢ ᠠᠬᠤᠢ ᠵᠢᠨ ᠣᠷᠴᠢᠨ ᠨᠦᠬᠦᠴᠡᠯ᠎ᠢ ᠬᠠᠮᠠᠭ᠋ᠠᠯᠠᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠡᠷᠬᠡ ᠬᠦᠷᠢᠶ᠎ᠡ ᠴᠠᠷᠠᠭ᠋ᠠᠨ᠎ᠳᠠᠬᠢ ᠣᠷᠤᠭᠤᠯᠤᠯᠲᠠ ᠵᠢ ᠨᠡᠮᠡᠭᠳᠡᠭᠦᠯᠦᠨ᠎ᠡ᠃ ᠦᠷ᠎ᠡ ᠪᠦᠲᠦᠮᠵᠢ᠎ᠪᠠᠷ ᠪᠠᠭ᠎ᠠ ᠪᠥᠭᠡᠳ ᠬᠦᠴᠦᠨ ᠦᠭᠡᠢ ᠵᠠᠷᠤᠯᠭ᠎ᠠ ᠵᠢ ᠦᠭᠡᠶ᠋ᠢᠰᠭᠡᠵᠦ᠂ ᠡᠳ᠋᠎ᠤᠨ ᠵᠠᠰᠠᠭ᠎ᠤᠨ ᠥᠯᠡᠳᠡᠭᠡᠯ ᠪᠠᠯᠡ ᠮᠥᠩᠬᠦ ᠵᠢ ᠴᠢᠯᠥᠭᠡᠲᠡᠢ ᠭᠦᠢ᠍ᠯᠭᠡᠭᠡᠨ᠎ᠡ᠃ ᠮᠥᠩᠭᠦᠨ ᠭᠥᠢ᠍ᠯᠭᠡᠭᠡᠨ᠎ᠤ ᠥᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠥᠨ᠂ ᠡᠯ᠎ᠡ ᠲᠥᠷᠥᠯ᠎ᠤᠨ ᠮᠥᠩᠭᠦᠨ ᠭᠥᠢ᠍ᠯᠭᠡᠭᠡᠨ᠎ᠤ ᠪᠠᠶ᠋ᠢᠭᠤᠯᠤᠮᠵᠢ ᠪᠠ ᠲᠤᠰᠬᠠᠢ ᠥᠢ᠍ᠯᠡᠴᠢᠯᠡᠭᠡᠨ᠎ᠤ ᠪᠠᠶ᠋ᠢᠭᠤᠯᠤᠮᠵᠢ ᠵᠢ ᠣᠷᠣᠭᠤᠯᠤᠨ ᠠᠪᠴᠢᠷᠠᠵᠤ᠂ ᠢᠲᠡᠭᠡᠮᠵᠢᠲᠥ ᠵᠢᠭᠡᠯᠡᠯᠭᠡ᠂ ᠵᠢᠭᠡᠯᠡᠯᠭᠡ ᠵᠢᠨ ᠲᠡᠮᠳᠡᠭᠲᠥ᠂ ᠰᠲ᠋ᠤᠺ᠎ᠤᠨ ᠡᠷᠬᠡ ᠵᠡᠷᠭᠡ ᠪᠡᠯᠡ ᠲᠤᠬᠢᠷᠠᠭᠤᠯᠬᠤ ᠪᠠᠭ᠋ᠠᠵᠢ ᠵᠢ ᠰᠠᠶ᠋ᠢᠳᠤᠷ ᠠᠰᠢᠭᠯᠠᠨ᠂ ᠪᠤᠳᠠᠳᠤ ᠴᠤᠭᠴᠠᠲᠤ ᠠᠵᠤ ᠠᠬᠤᠢ᠎ᠳᠤ ᠦᠢ᠍ᠯᠡᠴᠢᠯᠡᠬᠦ ᠮᠥᠩᠭᠦᠨ ᠭᠥᠢ᠍ᠯᠭᠡᠭᠡᠨ᠎ᠤ ᠬᠥᠴᠥᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠤᠨ᠂ ᠰᠢᠭᠤᠳ ᠪᠠᠯᠡ ᠲᠤᠬᠢᠷᠠᠭᠤᠯᠬᠤ ᠵᠢ ᠥᠷᠭᠡᠳᠬᠡᠨ᠎ᠡ᠃ ᠬᠦᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶᠠᠨ᠎ᠤ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠦᠪᠦᠷ ᠮᠣᠩᠭᠤᠯ ᠪᠠᠩᠬᠢ ᠵᠢᠨ ᠪᠡᠯᠡ ᠮᠦᠩᠭᠦ᠎ᠪᠠᠨ ᠨᠡᠮᠡᠭᠳᠡᠭᠦᠯᠦᠨ ᠰᠲ᠋ᠣᠺ ᠵᠶ᠋ᠠᠨ ᠦᠷᠭᠡᠳᠭᠡᠬᠦ ᠵᠢ ᠳᠡᠮᠵᠢᠨ᠎ᠡ᠃
     (ᠵᠢᠷᠭᠤᠭ᠎ᠠ) ᠪᠥᠬᠦ ᠲᠠᠯ᠎ᠠ᠎ᠪᠠᠷ ᠭᠠᠳᠠᠭ᠋ᠠᠳᠤ᠎ᠳᠤ ᠨᠡᠭᠡᠭᠡᠯᠲᠠ ᠬᠢᠬᠦ ᠵᠢ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠤᠮᠳᠠᠳᠤ ᠮᠤᠩᠭᠤᠯ ᠤᠷᠤᠰ᠎ᠤᠨ ᠠᠵᠤ ᠠᠬᠤᠢ ᠵᠢᠨ ᠬᠤᠩᠬᠢᠯ᠎ᠤᠨ ᠪᠦᠲᠦᠭᠡᠨ ᠪᠠᠶ᠋ᠢᠭᠤᠯᠤᠯᠲᠠ ᠵᠢ ᠲᠥᠷᠭᠡᠳᠬᠡᠵᠤ᠂ 《ᠨᠢᠭᠡ ᠪᠥᠰᠡ ᠨᠢᠭᠡ ᠵᠠᠮ》᠎ᠯᠤᠭ᠎ᠠ ᠭᠦᠨ ᠠᠭᠤᠰᠤᠯᠴᠠᠨ᠂ ᠥᠨᠳᠥᠷ ᠬᠢᠷᠢ ᠲᠥᠪᠰᠢᠨ ᠪᠥᠬᠦᠢ ᠨᠡᠭᠡᠭᠡᠯᠲᠡ ᠬᠢᠬᠦ ᠰᠢᠨ᠎ᠡ ᠪᠠᠶ᠋ᠢᠷᠢᠰᠢᠯ᠎ᠲᠠᠢ ᠪᠣᠯᠬᠤ ᠵᠢ ᠠᠬᠢᠭᠤᠯᠤᠨ᠎ᠠ᠃
      ᠥᠷᠭᠡᠨ ᠬᠡᠪᠴᠢᠶᠡᠨ᠎ᠤ ᠬᠢᠯᠢ ᠵᠢᠨ ᠪᠤᠭᠤᠮᠲᠠ ᠵᠢᠨ ᠠᠵᠤ ᠠᠬᠤᠢ ᠵᠢ ᠬᠦᠭᠵᠢᠬᠦᠯᠦᠨ᠎ᠠ᠃ ᠬᠢᠯᠢ ᠵᠢᠨ ᠪᠤᠭᠤᠮᠲᠠ ᠪᠡ ᠤᠯᠠᠨ ᠤᠯᠤᠰ᠎ᠯᠤᠭ᠎ᠠ ᠵᠢᠨ ᠨᠡᠪᠲᠡᠷᠡᠯ ᠵᠠᠮ᠎ᠤᠨ ᠨᠥᠯᠥᠭᠡᠯᠡᠨ ᠳᠠᠶ᠋ᠢᠴᠢᠯᠠᠬᠤ ᠥᠢ᠍ᠯᠡᠳᠥᠯ᠎ᠢ ᠪᠠᠳᠠᠷᠠᠭᠤᠯᠤᠨ᠂ ᠮᠠᠨᠵᠤᠤᠷ ᠵᠶ᠋ᠠᠷ ᠬᠥᠢ᠍ᠰᠥ ᠪᠤᠯᠭ᠋ᠠᠨ᠂ ᠮᠠᠨᠵᠤᠤᠷ᠎ᠲᠠᠬᠢ ᠤᠯᠤᠰ᠎ᠤᠨ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠵᠢᠨ ᠲᠤᠭᠤᠷᠢᠭ᠎ᠢ ᠲᠦᠷᠬᠡᠳᠬᠡᠨ ᠪᠠᠢ᠍ᠢ᠍ᠭᠤᠯᠵᠦ᠂ ᠥᠪᠡᠷᠲᠡᠭᠡᠨ ᠵᠠᠰᠠᠬᠤ ᠤᠷᠤᠨ᠎ᠤ ᠵᠡᠭᠦᠨ ᠬᠡᠰᠡᠭ᠎ᠤᠨ ᠭᠠᠵᠠᠷ ᠤᠷᠤᠨ᠎ᠢ ᠰᠠᠴᠤᠷᠠᠭ᠋ᠠᠨ ᠨᠥᠯᠥᠭᠡᠯᠡᠨ᠎ᠡ; ᠡᠷᠢᠶᠡᠨ ᠬᠤᠲᠠ᠂ ᠵᠢᠨᠢᠩ ᠵᠶ᠋ᠠᠷ ᠬᠥᠢ᠍ᠰᠥ ᠪᠤᠯᠭ᠋ᠠᠨ᠂ ᠡᠷᠢᠶᠡᠨ ᠬᠤᠲᠠ᠎ᠳᠠᠬᠢ ᠤᠯᠤᠰ᠎ᠤᠨ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠵᠢᠨ ᠲᠣᠭᠤᠷᠢᠭ᠎ᠢ ᠲᠦᠷᠬᠡᠳᠬᠡᠨ ᠪᠠᠢ᠍ᠢ᠍ᠭᠤᠯᠵᠦ᠂ ᠵᠢᠨᠢᠩ᠎ᠤᠨ ᠪᠠᠷᠠᠭ᠋ᠠᠨ᠎ᠤ ᠭᠥᠢ᠍ᠯᠭᠡᠭᠡᠨ᠎ᠤ ᠲᠥᠪ ᠪᠠᠶ᠋ᠢᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠤᠷᠤᠨ᠎ᠤ ᠳᠤᠮᠳᠠ ᠬᠡᠰᠡᠭ᠎ᠤᠨ ᠭᠠᠵᠠᠷ ᠤᠷᠤᠨ᠎ᠢ ᠰᠠᠴᠤᠷᠠᠭ᠋ᠠᠨ ᠨᠥᠯᠥᠭᠡᠯᠡᠨ᠎ᠡ; ᠴᠡᠭᠡ᠎ᠪᠠᠷ ᠬᠥᠢ᠍ᠰᠥ ᠪᠤᠯᠭ᠋ᠠᠨ᠂ ᠡᠵᠡᠨ᠎ᠡ᠎ᠳᠠᠬᠢ ᠥᠪᠡᠷᠲᠡᠭᠡᠨ ᠵᠠᠰᠠᠬᠤ ᠤᠷᠤᠨ᠎ᠤ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠵᠢᠨ ᠲᠣᠭᠤᠷᠢᠭ᠎ᠢ ᠲᠥᠷᠭᠡᠳᠬᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠤᠷᠤᠨ᠎ᠤ ᠪᠠᠷᠠᠭᠤᠨ ᠬᠡᠰᠡᠭ᠎ᠤᠨ ᠭᠠᠵᠠᠷ ᠤᠷᠤᠨ᠎ᠢ ᠰᠠᠴᠤᠷᠠᠭ᠋ᠠᠨ ᠨᠥᠯᠥᠭᠡᠯᠡᠵᠤ᠂ ᠵᠡᠭᠦᠨ ᠳᠤᠮᠳᠠ ᠪᠠᠷᠠᠭᠤᠨ ᠬᠡᠰᠡᠭ᠎ᠤᠨ ᠦᠪᠡᠷ ᠥᠪᠡᠷ᠎ᠤᠨ ᠥᠪᠡᠷᠮᠢᠴᠡ ᠤᠨᠴᠠᠯᠢᠭ ᠪᠥᠬᠦᠢ᠂ ᠥᠢ᠍ᠯᠡᠳᠥᠯ ᠴᠢᠳᠠᠮᠵᠢ᠎ᠨᠢ ᠪᠥᠷᠢᠨ ᠭᠥᠢ᠍ᠴᠡᠳ᠂ ᠠᠵᠤ ᠥᠢ᠍ᠯᠡᠰ᠎ᠨᠢ ᠢᠵᠢ ᠪᠥᠷᠢᠨ᠂ ᠥᠢ᠍ᠯᠡᠴᠢᠯᠡᠭᠡ᠎ᠨᠢ ᠲᠡᠭᠦᠯᠳᠡᠷᠵᠢᠭᠰᠡᠨ ᠶᠡᠷᠥᠩᠬᠡᠶ᠋ᠢᠯᠡᠭᠰᠡᠨ ᠴᠢᠨᠠᠷᠲᠠᠢ ᠠᠵᠤ ᠠᠬᠤᠢ ᠵᠢᠨ ᠤᠷᠤᠨ ᠪᠥᠰᠡ ᠵᠢ ᠪᠤᠢ ᠪᠤᠯᠭ᠋ᠠᠨ᠎ᠠ᠃ ᠬᠥᠬᠡᠬᠤᠲᠠ᠂ ᠪᠤᠭᠤᠲᠤ᠂ ᠤᠷᠳᠤᠰ᠂ ᠤᠯᠠᠭ᠋ᠠᠨᠬᠠᠳᠠ ᠵᠡᠷᠭᠡ ᠶᠠᠷᠤᠩᠬᠡᠶ᠋ᠢᠯᠡᠭᠰᠡᠨ ᠭᠠᠶ᠋ᠢᠯᠢ ᠪᠠᠲᠤᠯᠠᠬᠤ ᠤᠷᠤᠨ᠂ ᠭᠠᠶ᠋ᠢᠯᠢ ᠪᠠᠲᠤᠯᠠᠬᠤ ᠪᠠᠷᠠᠭ᠋ᠠᠨ᠎ᠤ ᠭᠥᠢ᠍ᠯᠭᠡᠭᠡᠨ᠎ᠤ ᠲᠥᠪ᠂ ᠲᠤᠳᠤᠭ᠋ᠠᠳᠤ ᠬᠠᠭᠤᠷᠠᠢ ᠵᠢᠨ ᠭᠠᠷᠠᠮ᠎ᠤᠨ ᠭᠠᠳᠠᠭ᠋ᠠᠳᠤ ᠠᠷᠠᠯᠵᠢᠶᠠᠨ᠎ᠤ ᠠᠴᠢᠶᠠᠯᠠᠪᠤᠷᠢ ᠵᠢᠨ ᠲᠠᠪᠴᠠᠩ᠎ᠤᠨ ᠥᠢ᠍ᠯᠡᠳᠥᠯ᠎ᠢ ᠭᠥᠢ᠍ᠴᠡᠳ ᠪᠠᠳᠠᠷᠠᠭᠤᠯᠤᠨ᠂ ᠭᠠᠳᠠᠭ᠋ᠠᠳᠤ᠎ᠳᠤ ᠨᠡᠭᠡᠭᠡᠯᠲᠡ ᠬᠢᠬᠦ ᠰᠢᠨ᠎ᠡ ᠤᠷᠤᠨ ᠵᠠᠢ ᠵᠢ ᠥᠷᠭᠡᠳᠬᠡᠨ᠎ᠠ᠃ ᠭᠠᠭᠴᠠᠮᠤᠳᠤ᠂ ᠮᠠᠨᠳᠤᠯ᠎ᠠ ᠵᠠᠷᠭᠡ ᠬᠢᠯᠢ ᠵᠢᠨ ᠪᠤᠭᠤᠮᠲᠠ ᠵᠢᠨ ᠨᠡᠭᠡᠭᠡᠯᠲᠡ ᠬᠢᠬᠦ ᠬᠢᠷᠢ ᠲᠥᠪᠰᠢᠨ᠎ᠢ ᠳᠡᠭᠡᠭᠰᠢᠯᠡᠭᠦᠯᠥᠨ᠂ ᠥᠷᠭᠡᠨ ᠬᠡᠪᠴᠢᠶᠡᠨ᠎ᠤ ᠬᠢᠯᠢ ᠵᠢᠨ ᠪᠤᠭᠤᠮᠲᠠ ᠵᠢᠨ ᠠᠵᠤ ᠠᠬᠤᠢ ᠵᠢᠨ ᠣᠷᠣᠨ (ᠪᠥᠰᠡ) ᠪᠠ ᠤᠯᠠᠨ ᠤᠯᠤᠰ᠎ᠤᠨ ᠠᠵᠤ ᠥᠢ᠍ᠯᠡᠰ᠎ᠤᠨ ᠬᠠᠮᠲᠤᠷᠠᠨ ᠠᠵᠢᠯᠯᠠᠬᠤ ᠬᠥᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠨ᠂ ᠨᠠᠪᠲᠡᠷᠠᠯ ᠵᠠᠮ᠎ᠤᠨ ᠠᠵᠤ ᠠᠬᠤᠢ ᠵᠢ ᠪᠤᠳᠠᠳᠠᠶ᠋ᠢᠵᠢᠭᠰᠠᠨ ᠠᠵᠤ ᠠᠬᠤᠢ ᠪᠤᠯᠭ᠋ᠠᠨ ᠬᠤᠪᠢᠷᠠᠭᠤᠯᠤᠨ᠎ᠠ᠃
      ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭ᠋ᠠᠲᠤ ᠣᠷᠤᠭᠤᠯᠤᠯᠲᠠ ᠵᠢᠨ ᠦᠵᠡᠰᠭᠦᠯᠡᠩ ᠪᠣᠯᠣᠨ ᠪᠡᠭᠡᠵᠢᠩ᠎ᠤᠨ ᠲᠡᠯᠡᠬᠡᠢ ᠵᠢᠨ ᠴᠡᠴᠡᠷᠯᠢᠭ᠎ᠤᠨ ᠥᠵᠡᠰᠭᠦᠯᠡᠩ᠎ᠳᠤ ᠤᠷᠤᠯᠴᠠᠬᠤ ᠵᠢ ᠵᠣᠬᠢᠶᠠᠨ ᠪᠠᠶ᠋ᠢᠭᠤᠯᠤᠨ᠎ᠠ᠃ ᠳᠤᠮᠳᠠᠳᠤ ᠮᠣᠩᠭᠤᠯ᠎ᠤᠨ ᠦᠵᠡᠰᠭᠦᠯᠡᠩ᠂ ᠷᠠᠰᠢᠶᠠᠨ᠎ᠤ ᠶᠠᠷᠢᠶᠠᠨ᠎ᠤ ᠲᠠᠪᠴᠠᠩ᠂ ᠦᠪᠦᠷ ᠮᠤᠨᠭ᠌ᠭᠤᠯ᠎ᠤᠨ ᠣᠯᠠᠨ ᠤᠯᠤᠰ᠎ᠤᠨ ᠡᠨᠧᠷᠬᠢ ᠵᠢᠨ ᠶᠡᠭᠡ ᠬᠤᠷᠠᠯ᠂ ᠲᠤᠮᠳᠠᠳᠤ ᠤᠯᠤᠰ · ᠪᠤᠭᠤᠳᠤ ᠵᠢᠨ ᠬᠤᠪᠤᠷ ᠰᠢᠷᠤᠢ ᠵᠢᠨ ᠶᠠᠷᠢᠶᠠᠨ᠎ᠤ ᠲᠠᠪᠴᠠᠩ᠎ᠢ ᠰᠠᠢ᠍ᠢ᠍ᠳᠤᠷ ᠡᠷᠬᠢᠯᠡᠵᠦ᠂ ᠮᠠᠨ᠎ᠤ ᠤᠷᠤᠨ᠎ᠤ ᠴᠤᠬᠯᠠᠭ᠋ᠠᠨ ᠦᠵᠡᠰᠭᠦᠯᠡᠩ᠎ᠤᠨ ᠨᠡᠷᠡᠲᠦ ᠲᠦᠷᠦᠯ ᠲᠡᠮᠲᠡᠭᠲᠦ ᠵᠢᠨ ᠨᠦᠯᠦᠬᠡᠯᠡᠬᠦ ᠬᠦᠴᠦᠨ᠎ᠢ ᠲᠡᠬᠡᠭᠰᠢᠯᠡᠬᠦᠯᠦᠨ᠎ᠠ᠃ ᠵᠡᠭᠦᠨ ᠬᠤᠶ᠋ᠢᠲᠤ ᠠᠽᠢᠶ᠎ᠠ ᠵᠢᠨ ᠬᠡᠯᠡᠨ᠎ᠤ ᠡᠬᠢ ᠪᠠᠶᠠᠯᠢᠭ᠎ᠤᠨ ᠲᠣᠭ᠋ᠠᠵᠢᠭᠤᠯᠬᠤ ᠲᠠᠪᠴᠠᠩ᠎ᠢ ᠪᠠᠶ᠋ᠢᠭᠤᠯᠤᠨ᠎ᠠ᠃
      ᠪᠡᠭᠡᠵᠢᠩ ᠲᠢᠶᠠᠨᠵᠢᠨ ᠡᠾᠧᠪᠸᠢ ᠵᠢᠨ ᠵᠤᠬᠢᠴᠠᠯᠳᠤᠨ ᠬᠥᠭᠵᠢᠬᠦ᠂ ᠬᠥᠬᠡ ᠮᠥᠷᠡᠨ᠎ᠤ ᠠᠵᠤ ᠠᠬᠤᠢ ᠵᠢᠨ ᠪᠥᠰᠡ᠂ ᠭᠤᠸᠠᠩᠵᠸᠤ ᠰᠢᠶᠠᠩᠭ᠋ᠠᠩ ᠤᠤᠮᠧᠨ᠎ᠤ ᠶᠡᠭᠡ ᠪᠤᠯᠤᠩ᠎ᠤᠨ ᠤᠷᠤᠨ ᠵᠠᠷᠭᠡ ᠤᠯᠤᠰ᠎ᠤᠨ ᠪᠠᠶ᠋ᠢᠯᠳᠤᠬᠤ ᠪᠤᠳᠤᠯᠭ᠎ᠠ᠎ᠯᠤᠭ᠎ᠠ ᠵᠠᠯᠭ᠋ᠠᠯᠳᠤᠬᠤ ᠵᠢ ᠴᠢᠩᠭ᠋ᠠᠳᠬᠠᠨ᠂ ᠪᠤᠰᠤᠳ ᠮᠤᠵᠢ ᠤᠷᠤᠨ ᠬᠤᠲᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠥᠷᠢᠶᠡᠯᠡᠩ ᠭᠠᠵᠠᠷ᠂ ᠳᠡᠭᠡᠳᠤ ᠰᠤᠷᠭ᠋ᠠᠭᠤᠯᠢ᠂ ᠲᠥᠪ᠎ᠤᠨ ᠠᠵᠤ ᠠᠬᠤᠶ᠋ᠢᠯᠠᠯ᠎ᠯᠤᠭ᠎ᠠ ᠬᠠᠮᠵᠢᠯᠴᠠᠬᠤ ᠵᠢ ᠭᠥᠨᠵᠡᠭᠡᠶ᠋ᠢᠷᠡᠭᠦᠯᠤᠨ᠎ᠠ᠃
     (ᠳᠣᠯᠤᠭ᠎ᠠ) ᠠᠷᠠᠳ᠎ᠠᠴᠠ ᠡᠵᠡᠩᠨᠡᠭᠰᠡᠨ ᠠᠵᠤ ᠠᠬᠤᠢ ᠵᠢ ᠬᠦᠭᠵᠢᠭᠦᠯᠦᠨ ᠬᠦᠴᠦᠷᠬᠡᠭᠵᠢᠭᠦᠯᠦᠨ᠎ᠡ᠃ 《ᠬᠤᠶᠠᠷ᠎ᠢ ᠤᠬᠳᠤ ᠭᠤᠶ᠋ᠢᠪᠢᠰᠢ ᠦᠭᠡᠢ》 ᠪᠠᠶ᠋ᠢᠬᠤ ᠵᠢ ᠪᠠᠷᠢᠮᠲᠠᠯᠠᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠦᠭᠵᠢᠯᠲᠡ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠦᠭᠵᠢᠯᠲᠡ ᠵᠢᠨ ᠬᠦᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠭᠦᠭᠵᠢᠬᠡᠨ᠎ᠠ᠃
      ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠵᠥᠪᠰᠢᠶᠡᠷᠡᠨ ᠣᠷᠣᠭᠤᠯᠬᠤ ᠵᠥᠪᠰᠢᠶᠡᠷᠡᠯ᠂ ᠡᠵᠡᠩᠨᠡᠯᠲᠡ ᠵᠢᠨ ᠠᠵᠢᠯᠯᠠᠭ᠋ᠠᠨ᠂ ᠳᠠᠭ᠋ᠠᠭ᠋ᠠᠴᠢᠯᠠᠯᠲᠠ ᠵᠠᠷᠯᠠᠵᠦ ᠬᠦᠯᠢᠶᠡᠬᠦ ᠵᠡᠷᠭᠡ ᠲᠠᠯ᠎ᠠ᠎ᠪᠠᠷ᠎ᠬᠢ ᠭᠤᠣᠯᠴᠢ ᠪᠣᠰᠤ ᠬᠠᠷᠠᠭ᠋ᠠᠯᠵᠠᠯ᠎ᠢ ᠬᠦᠴᠦᠯᠡᠨ ᠠᠷᠢᠯᠭ᠋ᠠᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ᠎ᠬᠢᠨ᠎ᠤ ᠡᠨᠧᠷᠭᠢ ᠬᠡᠷᠡᠭᠯᠡᠬᠦ᠂ ᠭᠠᠵᠠᠷ ᠬᠡᠷᠡᠭᠯᠡᠬᠦ᠂ ᠪᠠᠷᠠᠭ᠋ᠠᠨ᠎ᠤ ᠭᠦᠢ᠍ᠯᠭᠡᠭᠡᠨ ᠵᠡᠷᠭᠡ ᠬᠦᠴᠦᠨ ᠵᠦᠢ᠍ᠯ᠎ᠤᠨ ᠥᠪᠡᠷ᠎ᠤᠨ ᠥᠷᠲᠡᠭ᠎ᠢ᠎ᠨᠢ ᠦᠨᠡᠨ ᠬᠦ᠌ ᠪᠠᠭᠤᠷᠠᠭᠤᠯᠵᠤ᠂ ᠪᠡᠯᠡ ᠣᠷᠤᠭᠤᠯᠤᠯᠲᠠ ᠪᠠ ᠬᠦᠭᠵᠢᠯᠲᠡ ᠵᠢᠨ ᠢᠲᠡᠭᠡᠯ ᠵᠣᠷᠢᠭ᠎ᠢ᠎ᠨᠢ ᠭᠦᠭᠵᠢᠬᠡᠨ ᠡᠷᠴᠢᠯᠡᠨ᠎ᠡ᠃ ᠪᠡᠯᠡ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠭᠦᠷᠳᠡᠬᠦ ᠮᠡᠳᠡᠭᠡ ᠵᠠᠩᠭᠢ᠎ᠨᠢ ᠠᠳᠠᠯᠢ ᠪᠤᠰᠤ᠂ ᠢᠲᠡᠭᠡᠮᠵᠢ᠎ᠪᠠᠷ ᠭᠦᠢ᠍ᠴᠡᠳ ᠪᠣᠰᠤ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠬᠦᠴᠢᠷᠳᠡᠯ᠎ᠢ ᠲᠠᠶ᠋ᠢᠯᠵᠤ ᠭᠦᠭᠵᠢᠬᠦᠯᠬᠦ ᠰᠠᠭᠤᠷᠢ ᠮᠦᠩᠭᠦ᠂ ᠭᠦᠢ᠍ᠯᠭᠡᠭᠡᠨ᠎ᠤ ᠴᠢᠨᠠᠷ ᠪᠦᠬᠦᠢ ᠲᠥᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢ ᠮᠦᠩᠭᠦ ᠵᠢᠨ ᠦᠢ᠍ᠯᠡᠳᠦᠯ᠎ᠢ ᠪᠠᠳᠠᠷᠠᠭᠤᠯᠤᠨ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠎ᠳᠤ ᠭᠦᠴᠢᠷᠳᠡᠢ ᠪᠠ ᠦᠨᠡᠳᠡᠢ ᠠᠰᠠᠭᠤᠳᠠᠯ᠎ᠢ ᠪᠦᠲᠦᠮᠵᠢᠲᠠᠢ ᠨᠠᠮᠳᠠᠭ᠋ᠠᠨ᠎ᠠ᠃ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠪᠠ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠳ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠪᠡᠯᠡ ᠮᠦᠩᠭᠦ ᠥᠷᠢᠲᠦᠵᠦ ᠪᠠᠶ᠋ᠢᠭ᠎ᠠ ᠠᠰᠠᠭᠤᠳᠠᠯ᠎ᠢ ᠲᠤᠰᠬᠠᠶ᠋ᠢᠯᠠᠨ ᠵᠠᠰᠠᠵᠤ ᠴᠡᠭᠴᠡᠯᠡᠨ᠎ᠡ᠃
      ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ᠎ᠪᠠᠨ ᠲᠤᠰᠬᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠠᠵᠦ ᠠᠬᠤᠶ᠋ᠢᠯᠠᠯᠲᠠᠳ ᠣᠷᠣᠯᠴᠠᠬᠤ ᠲᠣᠭᠲᠠᠴᠠ ᠵᠢ ᠪᠦᠷᠢᠨᠰᠢᠭᠦᠯᠦᠨ᠎ᠡ᠃ ᠲᠥᠷᠥ ᠵᠢᠨ ᠪᠣᠳᠣᠯᠭ᠎ᠠ ᠬᠡᠷᠡᠭᠵᠢᠭᠦᠯᠬᠦ ᠠᠷᠭ᠎ᠠ ᠮᠠᠶᠢᠭ᠎ᠢ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠲᠠᠶ᠋ᠢᠯᠤᠮᠵᠢ ᠵᠢ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠦᠨᠡᠨ ᠬᠦ᠌ ᠬᠦᠷᠲᠡᠭᠡᠮᠵᠢ᠎ᠲᠠᠢ ᠪᠠᠶ᠋ᠢᠬᠤ ᠰᠡᠳᠬᠢᠭᠳᠡᠯ᠎ᠲᠠᠢ ᠪᠣᠯᠭ᠋ᠠᠨ᠎ᠠ᠃ ᠠᠷᠠᠳ᠎ᠠᠴᠠ ᠡᠵᠡᠩᠨᠡᠭᠰᠡᠨ ᠬᠦᠷᠦᠩᠭᠡ ᠮᠥᠩᠭᠦ ᠵᠢ ᠵᠤᠷᠢᠨᠨᠵᠢᠭᠤᠯᠤᠨ ᠲᠡᠮᠵᠢᠵᠦ ᠪᠠᠶ᠋ᠢᠭ᠋ᠠᠳ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠬᠤᠯᠢᠮᠠᠭ ᠥᠮᠴᠢᠯᠡᠯᠲᠦ ᠳᠦᠷᠢᠮ᠎ᠤᠨ ᠥᠭᠡᠷᠡᠴᠢᠯᠡᠯᠲᠡ᠎ᠳᠤ ᠤᠷᠤᠯᠴᠠᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠳᠠᠳ᠎ᠤᠨ ᠬᠤᠪᠢ ᠪᠡᠶ᠎ᠡ ᠵᠢᠨ ᠠᠮᠤᠷ ᠲᠦᠪᠰᠢᠨ ᠪᠣᠯᠣᠨ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠤᠯᠢ ᠶᠣᠰᠤᠭ᠋ᠠᠷ ᠬᠠᠮᠠᠭ᠋ᠠᠯᠠᠨ᠎ᠠ᠃
     (ᠨᠠᠢ᠍ᠮᠠ) ᠪᠣᠬᠢᠷᠳᠦᠯ ᠦᠭᠡᠢ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠤᠨ᠎ᠠ᠃
      ᠨᠤᠳᠤᠭ ᠪᠡᠯᠴᠢᠬᠡᠷ᠎ᠢ ᠬᠠᠮᠠᠭ᠋ᠠᠯᠠᠬᠤ ᠬᠠᠮᠢᠶᠠᠷᠤᠯᠳᠠ ᠵᠢ ᠴᠢᠨᠭ᠌ᠭ᠋ᠠᠳᠬᠠᠵᠦ᠂ ᠨᠤᠳᠤᠭ ᠪᠡᠯᠴᠢᠬᠡᠷ᠎ᠤᠨ ᠬᠠᠮᠠᠭ᠋ᠠᠯᠠᠯᠳᠠ ᠵᠢᠨ ᠦᠨᠳᠦᠰᠦᠨ ᠲᠦᠷᠢᠮ᠎ᠢ ᠴᠢᠨᠭᠭ᠎ᠠ ᠨᠠᠢ᠍ᠢ᠍ᠳᠠᠪᠤᠷᠢᠵᠢᠭᠤᠯᠤᠨ᠂ ᠮᠠᠭᠤᠳᠠᠬᠰᠠᠨ ᠨᠤᠳᠤᠭ ᠪᠡᠯᠴᠢᠬᠡᠷ᠎ᠢ ᠵᠠᠰᠠᠬᠤ ᠡᠷᠴᠢᠮ ᠵᠶ᠋ᠠᠨ ᠴᠢᠨᠭ᠌ᠭ᠋ᠠᠷᠠᠭᠤᠯᠤᠨ᠎ᠠ᠃ ᠨᠤᠳᠤᠭ ᠪᠡᠯᠴᠢᠬᠡᠷ᠎ᠢ ᠲᠠᠯᠬᠢᠬᠳᠠᠬᠤ᠂ ᠤᠢ ᠰᠢᠭᠤᠢ ᠵᠢ ᠰᠦᠢ᠍ᠳᠬᠡᠵᠦ ᠠᠳᠠᠷ ᠬᠠᠭ᠋ᠠᠯᠪᠤᠷᠢᠯᠠᠬᠤ ᠵᠡᠷᠬᠡ ᠦᠢ᠍ᠯᠡ ᠠᠵᠢᠯᠯᠠᠭ᠎ᠠ᠎ᠳᠤ ᠬᠠᠤᠯᠢ ᠶᠤᠰᠤᠭ᠋ᠠᠷ ᠴᠢᠨᠭᠭ᠎ᠠ ᠴᠤᠬᠢᠯᠳᠠ ᠦᠭᠬᠦᠨ᠎ᠠ᠃ ᠪᠠᠶ᠋ᠢᠭ᠋ᠠᠯᠢ ᠵᠢᠨ ᠣᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠣᠢ ᠵᠢ ᠬᠠᠮᠠᠭ᠋ᠠᠯᠠᠵᠤ ᠦᠩᠵᠢᠭᠦᠯᠦᠨ ᠰᠡᠷᠭᠦᠭᠡᠬᠦ ᠲᠦᠷᠢᠮ᠎ᠤᠨ ᠰᠢᠰᠲ᠋ᠧᠮᠵᠢ ᠵᠢ ᠪᠠᠢ᠍ᠢ᠍ᠭᠤᠯᠤᠨ᠂ ᠪᠠᠶ᠋ᠢᠭ᠋ᠠᠯᠢ ᠵᠢᠨ ᠣᠢ ᠵᠢᠨ ᠠᠮᠢ ᠠᠬᠤᠢ ᠵᠢᠨ ᠰᠢᠰᠲ᠋ᠧᠮ᠎ᠤᠨ ᠪᠠᠯᠠᠷᠯᠢᠭ ᠴᠢᠨᠠᠷ᠂ ᠪᠦᠷᠢᠨ ᠪᠦᠲᠦᠨ ᠴᠢᠨᠠᠷ᠎ᠢ ᠬᠠᠮᠠᠭ᠋ᠠᠯᠠᠨ᠎ᠠ᠃ ᠶᠡᠭᠡ ᠬᠢᠩᠭ᠋ᠠᠨ ᠳᠠᠪᠠᠭ᠋ᠠᠨ᠎ᠤ ᠤᠮᠠᠷᠠᠲᠤ ᠬᠡᠰᠡᠭ᠎ᠤᠨ ᠪᠠᠯᠠᠷ ᠰᠢᠭᠤᠢ ᠵᠢᠨ ᠣᠷᠣᠨ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠳᠠ ᠵᠢᠨ ᠠᠷᠭ᠎ᠠ ᠵᠢ ᠲᠤᠭᠳᠠᠭ᠋ᠠᠵᠦ᠂ ᠡᠯ᠎ᠠ ᠲᠦᠷᠦᠯ᠎ᠤᠨ ᠨᠤᠭᠤ ᠭᠠᠵᠠᠷ᠎ᠢ ᠪᠦᠳᠦᠮᠵᠢᠳᠡᠢ ᠬᠠᠮᠠᠭ᠋ᠠᠯᠠᠬᠤ ᠪᠠ ᠰᠡᠷᠬᠦᠬᠡᠨ᠎ᠠ᠃
      ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ᠎ᠤᠨ ᠰᠢᠰᠲ᠋ᠧᠮ᠎ᠲᠠᠢ ᠵᠠᠰᠠᠯᠲᠠ ᠵᠢ ᠨᠢᠭᠡᠳᠦᠯᠲᠡᠢ ᠲᠦᠯᠦᠪᠯᠡᠵᠦ᠂ 《ᠭᠤᠷᠪᠠᠨ ᠤᠮᠠᠷᠠᠲᠤ》 ᠵᠢᠨ ᠬᠠᠯᠬᠠᠪᠴᠢ ᠣᠢ᠂ ᠪᠡᠭᠡᠵᠢᠩ ᠲᠢᠶᠠᠨᠵᠢᠨ᠎ᠤ ᠡᠯᠡᠰᠦ ᠰᠠᠯᠬᠢᠨ᠎ᠤ ᠡᠬᠢ ᠰᠤᠷᠪᠤᠯᠵᠢ ᠵᠢ ᠵᠠᠰᠠᠬᠤ᠂ ᠲᠠᠷᠢᠶᠠᠯᠠᠬᠤ ᠵᠢ ᠵᠣᠭᠰᠣᠭ᠋ᠠᠵᠤ ᠤᠶ᠋ᠢᠵᠢᠭᠤᠯᠬᠤ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠬᠡᠷ᠎ᠢ ᠰᠡᠷᠭᠦᠬᠡᠬᠦ ᠵᠡᠷᠭᠡ ᠠᠮᠢ ᠠᠬᠤᠢ ᠵᠢ ᠦᠩᠵᠢᠬᠦᠯᠦᠨ ᠰᠡᠷᠭᠦᠬᠡᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠬᠠᠲᠤᠨ ᠭᠤᠣᠯ ᠳᠠᠭ᠋ᠠᠤ ᠵᠢᠨ ᠠᠮᠢ ᠠᠬᠤᠢ ᠵᠢᠨ ᠬᠤᠩᠭᠢᠯ᠎ᠢ ᠪᠠᠶ᠋ᠢᠭᠤᠯᠤᠨ᠎ᠠ᠃ ᠬᠤᠯᠠᠨ ᠰᠢᠷᠭ᠎ᠠ ᠳᠠᠭ᠎ᠠ᠂ ᠦᠵᠦᠮᠦᠴᠢᠨ᠂ ᠬᠤᠷᠴᠢᠨ ᠵᠡᠷᠭᠡ ᠡᠯᠡᠰᠦ ᠵᠢ ᠵᠠᠰᠠᠵᠤ᠂ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢ

ᠳᠡᠮᠵᠢᠨ᠎ᠡ᠃
      ᠪᠠᠶ᠋ᠢᠭ᠋ᠠᠯᠢ ᠵᠢᠨ ᠳᠠᠷᠬᠠᠨ ᠣᠷᠣᠨ᠎ᠳᠠᠬᠢ ᠠᠵᠤ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ᠎ᠢ ᠪᠤᠴᠠᠭ᠋ᠠᠨ ᠭᠠᠷᠭ᠋ᠠᠬᠤ᠂ ᠠᠭᠤᠷᠬᠠᠢ ᠵᠢᠨ ᠣᠷᠴᠢᠨ ᠨᠦᠬᠦᠴᠡᠯ᠎ᠢ ᠵᠠᠰᠠᠬᠤ ᠠᠵᠢᠯ᠎ᠢ ᠠᠬᠢᠭᠤᠯᠵᠤ᠂ ᠪᠣᠬᠢᠷᠳᠦᠯ ᠦᠭᠡᠢ ᠠᠭᠤᠷᠬᠠᠢ᠂ ᠪᠣᠬᠢᠷᠳᠦᠯ ᠦᠭᠡᠢ ᠦᠢ᠍ᠯᠡᠳᠪᠦᠷᠢ᠂ ᠪᠣᠬᠢᠷᠳᠦᠯ ᠦᠭᠡᠢ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠠᠵᠤ ᠦᠢ᠍ᠯᠡᠰ᠎ᠤᠨ ᠬᠦᠭᠵᠢᠯᠲᠡ ᠵᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠪᠣᠬᠢᠷᠳᠦᠯ ᠦᠭᠡᠢ ᠬᠦᠭᠵᠢᠬᠦ ᠭᠦᠢ᠍ᠴᠡᠳᠭᠡᠯ ᠲᠣᠭ᠋ᠠᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠪᠣᠬᠢᠷᠳᠦᠯ ᠦᠭᠡᠢ ᠬᠦᠭᠵᠢᠯᠲᠡ ᠵᠢᠨ ᠵᠦᠷᠢᠶᠡᠵᠢᠭᠰᠡᠨ ᠰᠢᠯᠭ᠋ᠠᠨ ᠬᠢᠨᠠᠬᠤ ᠬᠢᠭᠡᠳ ᠱᠠᠩᠨᠠᠨ ᠨᠦᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ᠎ᠠ᠃
      ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠥᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠨᠢᠬᠡ ᠯᠠ ᠤᠯᠠᠭ᠋ᠠᠨ ᠱᠣᠭᠤᠮ ᠵᠶ᠋ᠠᠷ ᠴᠢᠬᠤᠯᠠ ᠠᠮᠢ ᠠᠬᠤᠢ ᠵᠢᠨ ᠣᠷᠣᠨ ᠵᠠᠢ ᠵᠢ ᠬᠠᠮᠢᠶᠠᠷᠤᠨ ᠡᠵᠡᠮᠳᠡᠬᠦ ᠪᠤᠯᠭ᠋ᠠᠨ᠎ᠠ᠃ ᠣᠷᠣᠨ ᠪᠦᠰᠡ᠎ᠳᠠᠬᠢ ᠣᠷᠣᠨ ᠵᠠᠢ ᠵᠢᠨ ᠣᠷᠴᠢᠨ ᠲᠣᠭᠤᠷᠢᠨ᠎ᠤ ᠠᠴᠢᠶᠠᠯᠠᠪᠤᠷᠢ ᠪᠠ ᠲᠣᠬᠢᠷᠠᠯᠴᠠᠬᠤ ᠴᠢᠨᠠᠷ᠎ᠲᠤ ᠦᠨᠡᠯᠡᠯᠲᠡ ᠬᠢᠬᠦ ᠠᠵᠢᠯ᠎ᠢ ᠦᠷᠨᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠦᠷᠦᠩᠭᠡ ᠵᠢᠨ ᠦᠮᠴᠢᠯᠡᠬᠦ ᠡᠷᠬᠡ ᠵᠢᠨ ᠳᠥᠷᠢᠮ᠂ ᠠᠭᠤᠷᠬᠠᠢ ᠵᠢᠨ ᠡᠬᠢ ᠪᠠᠶᠠᠯᠢᠭ᠎ᠤᠨ ᠡᠷᠬᠡ ᠠᠰᠢᠭ᠎ᠤᠨ ᠮᠥᠩᠭᠦᠨ᠎ᠤ ᠳᠥᠷᠢᠮ᠎ᠤᠨ ᠦᠭᠡᠷᠡᠴᠢᠯᠡᠯᠲᠡ ᠵᠢ ᠠᠬᠢᠭᠤᠯᠵᠤ᠂ ᠠᠮᠢ ᠠᠬᠤᠢ ᠵᠢᠨ ᠣᠷᠴᠢᠨ ᠨᠦᠬᠦᠴᠡᠯ᠎ᠢ ᠰᠦᠢ᠍ᠳᠬᠡᠪᠡᠯ ᠲᠥᠯᠥᠪᠦᠷᠢ ᠠᠪᠬᠤ ᠳᠥᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃
     (ᠶᠢᠰᠦ) ᠪᠣᠯᠪᠠᠰᠤᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠤᠨ᠎ᠠ᠃
      ᠨᠡᠶ᠋ᠢᠭᠡᠮ ᠵᠢᠷᠤᠮ᠎ᠤᠨ ᠭᠤᠣᠯᠯᠠᠭᠴᠢ ᠦᠷᠲᠡᠭ᠎ᠤᠨ ᠦᠵᠡᠯᠲᠡ ᠵᠢ ᠨᠡᠶ᠋ᠢᠭᠡᠮ᠎ᠤᠨ ᠬᠦᠭᠵᠢᠯᠲᠡ ᠵᠢᠨ ᠡᠯ᠎ᠡ ᠲᠠᠯ᠎ᠠ᠎ᠳᠤ ᠠᠭᠤᠰᠬᠠᠨ ᠣᠷᠤᠭᠤᠯᠬᠤ ᠵᠢ ᠪᠠᠷᠢᠮᠲᠠᠯᠠᠨ᠂ ᠲᠡᠭᠦᠨ᠎ᠢ ᠬᠦᠮᠦᠰ᠎ᠤᠨ ᠬᠠᠶ᠋ᠢᠷ᠎ᠠ ᠰᠡᠳᠬᠢᠯᠭᠡ ᠵᠢᠨ ᠡᠨᠡᠭᠰᠢᠯ ᠪᠣᠯᠣᠨ ᠠᠵᠢᠯᠯᠠᠭ᠋ᠠᠨ᠎ᠤ ᠳᠠᠳᠬᠠᠯ ᠪᠣᠯᠭ᠋ᠠᠨ ᠬᠤᠪᠢᠷᠠᠭᠤᠯᠤᠨ᠎ᠠ᠃ ᠡᠬᠡ ᠤᠷᠤᠨᠴᠢ ᠦᠵᠡᠯ᠎ᠤᠨ ᠬᠦᠮᠦᠵᠢᠯ᠎ᠢ ᠦᠷᠬᠡᠨ ᠲᠡᠯᠬᠡᠷ ᠵᠶ᠋ᠠᠷ ᠦᠷᠨᠢᠬᠦᠯᠵᠦ᠂ ᠵᠠᠯᠠᠭᠤᠴᠤᠳ ᠪᠠᠭ᠋ᠠᠴᠤᠳ᠎ᠤᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠴᠢᠨᠭ᠌ᠭ᠋ᠠᠳᠬᠠᠨ᠂ ᠦᠷᠬᠡᠨ ᠤᠯᠠᠨ ᠵᠠᠯᠠᠭᠤᠴᠤᠳ ᠪᠠᠭ᠋ᠠᠴᠤᠳ᠎ᠢ ᠬᠦᠮᠦᠵᠢᠬᠦᠯᠦᠨ ᠵᠢᠯᠤᠭᠤᠳᠴᠤ ᠪᠠᠢ᠍ᠢ᠍ᠭ᠋ᠠᠳ ᠵᠦᠪ ᠶᠢᠷᠳᠢᠨᠴᠤ ᠵᠢᠨ ᠦᠵᠡᠯᠳᠡ᠂ ᠠᠮᠢᠳᠤᠷᠠᠬᠤᠢ ᠵᠢᠨ ᠦᠵᠡᠯᠳᠡ᠂ ᠦᠷᠳᠡᠭ᠎ᠤᠨ ᠦᠵᠡᠯᠳᠡ ᠵᠢ ᠪᠤᠢ ᠪᠤᠯᠭ᠋ᠠᠨ᠎ᠠ᠃ ᠠᠷᠠᠳ ᠢᠷᠭᠡᠳ᠎ᠤᠨ ᠶᠣᠰᠤ ᠰᠤᠷᠲᠠᠬᠤᠨ᠎ᠤ ᠪᠠᠶ᠋ᠢᠭᠤᠯᠤᠯᠲᠠ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠪᠤᠯᠪᠠᠰᠤᠨ ᠬᠡᠷ ᠪᠦᠯᠢ ᠵᠢ ᠴᠤᠬ᠍ᠴᠠᠯᠠᠵᠦ᠂ ᠰᠢᠨ᠎ᠡ ᠲᠥᠪ ᠰᠤᠷᠲᠠᠯ᠎ᠢ ᠪᠠᠳᠠᠷᠠᠭᠤᠯᠤᠨ᠂ ᠨᠡᠶ᠋ᠢᠭᠡᠮ᠎ᠤᠨ ᠪᠣᠯᠪᠠᠰᠤᠨ᠎ᠤ ᠬᠢᠷᠢ ᠲᠥᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ᠂ ᠬᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠪᠠᠭ᠋ᠠᠲᠤᠷᠴᠤᠳ᠎ᠢ ᠬᠦᠨᠳᠦᠳᠭᠡᠬᠦ᠂ ᠪᠠᠭ᠋ᠠᠲᠤᠷᠴᠤᠳ᠎ᠠᠴᠠ᠎ᠲᠠᠭᠠᠨ ᠰᠤᠷᠤᠯᠴᠠᠬᠤ᠂ ᠪᠠᠭ᠋ᠠᠲᠤᠷᠴᠤᠳ᠎ᠢ ᠬᠠᠮᠠᠭ᠋ᠠᠯᠠᠬᠤ ᠪᠠ ᠪᠠᠭ᠋ᠠᠲᠤᠷᠴᠤᠳ᠎ᠢ ᠬᠠᠯᠠᠮᠵᠢᠯᠠᠨ ᠬᠠᠶ᠋ᠢᠷᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠎ᠠ᠃
      ᠰᠣᠶᠣᠯ᠎ᠤᠨ ᠢᠲᠡᠭᠡᠯ᠎ᠢ ᠪᠠᠲᠤᠳᠬᠠᠨ᠂ ᠳᠤᠮᠳᠠᠲᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠬᠤᠪᠢᠰᠬᠠᠯ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠨᠡᠶ᠋ᠢᠭᠡᠮ ᠵᠢᠷᠤᠮ᠎ᠤᠨ ᠳᠠᠪᠰᠢᠩᠭᠤᠢ ᠰᠣᠶᠣᠯ᠎ᠢ ᠬᠦᠭᠵᠢᠭᠦᠯᠦᠨ᠎ᠡ᠃ ᠲᠠᠯ᠎ᠠ ᠨᠤᠲᠤᠭ᠎ᠤᠨ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠨ᠎ᠠ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠨᠡᠩ ᠣᠯᠠᠨ ᠰᠤᠳᠤᠨ ᠪᠦᠲᠦᠭᠡᠯ᠎ᠢ ᠵᠣᠬᠢᠶᠠᠨ ᠪᠦᠲᠦᠭᠡᠨ᠎ᠡ᠃ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ ᠵᠢ ᠥᠷᠭᠡᠳᠬᠡᠨ᠎ᠠ᠃ ᠶᠡᠷᠦᠨᠭᠬᠡᠢ ᠱᠦᠵᠢ ᠰᠢ ᠵᠢᠨ ᠫᠢᠩ᠎ᠤᠨ ᠬᠦᠰᠡᠯ ᠨᠠᠢ᠍ᠢ᠍ᠳᠠᠯᠭ᠎ᠠ ᠵᠢ ᠪᠠᠳᠤ ᠴᠡᠬᠡᠵᠢᠯᠡᠵᠦ᠂ ᠰᠢᠨ᠎ᠠ ᠴᠠᠭ ᠦᠶ᠎ᠠ᠎ᠳᠤ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ ᠵᠢ ᠨᠡᠩ ᠰᠠᠢ᠍ᠢ᠍ᠨ ᠪᠠᠳᠠᠷᠠᠭᠤᠯᠤᠨ᠂ ᠤᠯᠠᠭ᠋ᠠᠨᠮᠦ᠋ᠴᠢᠷ᠎ᠤᠨ ᠠᠵᠢᠯ ᠦᠢ᠍ᠯᠡᠰ᠎ᠤᠨ ᠴᠡᠴᠡᠭᠯᠡᠨ ᠬᠦᠭᠵᠢᠬᠦ ᠵᠢ ᠠᠬᠢᠭᠤᠯᠤᠨ᠎ᠠ᠃ 《ᠤᠬᠠᠭ᠋ᠠᠯᠢᠭ ᠷᠠᠳᠢᠣ᠋ ᠲᠧᠯᠸᠢᠰ》᠎ᠤᠨ ᠢᠨᠵᠧᠨᠧᠷᠢᠩ᠎ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠳᠠᠬᠢ ᠷᠠᠳᠢᠣ᠋ ᠲᠧᠯᠸᠢᠰ᠎ᠤᠨ ᠬᠠᠮᠤᠷᠬᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠮᠦᠽᠧᠢ᠂ ᠬᠦᠯᠦᠨ ᠪᠣᠶ᠋ᠢᠷ᠎ᠤᠨ ᠲᠡᠦᠬᠡ ᠵᠢᠨ ᠮᠦᠽᠧᠢ ᠵᠢ ᠪᠠᠶ᠋ᠢᠭᠤᠯᠤᠨ᠎ᠠ᠃ ᠲᠡᠤᠬᠡ ᠵᠢᠨ ᠳᠤᠷᠠᠰᠬᠠᠯᠲᠤ ᠵᠦᠢ᠍ᠯ᠎ᠤᠳ᠎ᠢ ᠬᠠᠮᠠᠭ᠋ᠠᠯᠠᠵᠦ ᠠᠰᠢᠭᠯᠠᠬᠤ᠎ᠪᠠᠨ ᠴᠢᠩᠭ᠋ᠠᠳᠬᠠᠨ᠂ ᠯᠢᠶᠣᠤ ᠤᠯᠤᠰ᠎ᠤᠨ ᠳᠡᠭᠡᠲᠥ ᠨᠡᠶ᠋ᠢᠰᠯᠡᠯ ᠵᠡᠷᠭᠡ ᠵᠢ ᠰᠤᠶᠤᠯ᠎ᠤᠨ ᠥᠪ ᠵᠶ᠋ᠠᠷ ᠭᠤᠶᠤᠴᠢᠯᠠᠵᠤ ᠮᠡᠳᠡᠭᠦᠯᠬᠦ ᠠᠵᠢᠯ᠎ᠢ ᠰᠠᠶ᠋ᠢᠲᠤᠷ ᠬᠢᠵᠦ᠂ ᠶᠤᠸᠠᠨ᠎ᠤ ᠳᠡᠭᠡᠲᠥ ᠨᠡᠶ᠋ᠢᠰᠯᠡᠯ᠎ᠤᠨ ᠪᠠᠭᠤᠷᠢ ᠵᠢ ᠬᠠᠮᠠᠭ᠋ᠠᠯᠠᠵᠦ ᠠᠰᠢᠭᠯᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠰᠣᠶᠣᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠳᠠᠢ ᠬᠥᠭᠵᠢᠬᠦ ᠵᠢ ᠠᠬᠢᠭᠤᠯᠵᠤ᠂ ᠰᠣᠶᠣᠯ᠎ᠤᠨ ᠰᠢᠨ᠎ᠡ ᠬᠡᠯᠪᠡᠷᠢ ᠪᠦᠬᠦᠢ ᠡᠵᠡᠩᠨᠡᠯᠲᠡ ᠵᠢᠨ ᠪᠠᠶ᠋ᠢᠳᠠᠯ ᠪᠠ ᠰᠣᠶᠣᠯ᠎ᠤᠨ ᠬᠡᠷᠡᠭᠯᠡᠭᠡ ᠵᠢᠨ ᠵᠠᠭᠪᠤᠷ᠎ᠢ ᠪᠣᠢ ᠪᠣᠯᠭ᠋ᠠᠨ᠂ ᠠᠷᠠᠳ ᠣᠯᠠᠨ᠎ᠳᠤ ᠴᠢᠨᠠᠷᠵᠢᠭᠤᠨ ᠰᠣᠶᠣᠯ᠎ᠤᠨ ᠠᠮᠢᠳᠤᠷᠠᠯ ᠡᠳ᠋ᠯᠡᠭᠦᠯᠬᠦ ᠪᠣᠯᠭ᠋ᠠᠨ᠎ᠠ᠃
     (ᠠᠷᠪᠠ) ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠶ᠋ᠢᠵᠢᠷᠠᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠦᠨᠳᠦᠰᠦᠨ ᠰᠠᠭᠤᠷᠢ᠎ᠠᠴᠠ᠎ᠨᠢ ᠪᠠᠲᠤᠯᠠᠬᠤ ᠵᠢ ᠴᠢᠬᠤᠯᠠᠴᠢᠯᠠᠨ᠂ ᠣᠯᠠᠨ ᠲᠦᠮᠡᠨ᠎ᠤ ᠬᠠᠮᠤᠭ᠎ᠠᠴᠠ ᠠᠩᠬᠠᠷᠤᠨ ᠬᠠᠯᠠᠮᠵᠢᠯᠠᠵᠤ ᠪᠠᠶ᠋ᠢᠭ᠎ᠠ ᠳᠣᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃
      ᠠᠵᠢᠯ ᠣᠯᠭᠤᠬᠤ ᠵᠢ ᠡᠩ ᠲᠡᠷᠢᠭᠦᠨ᠎ᠳᠤ ᠪᠠᠶ᠋ᠢᠯᠭ᠋ᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ ᠣᠷᠣᠨ᠎ᠤ ᠦᠯᠡᠭᠦᠦ ᠬᠦᠳᠡᠯᠮᠦᠷᠢ ᠬᠦᠴᠦᠨ᠂ ᠠᠵᠢᠯ ᠣᠯᠬᠤ᠎ᠳᠤ ᠪᠡᠷᠬᠡ᠎ᠲᠠᠢ ᠬᠦᠮᠦᠰ ᠵᠡᠷᠭᠡ ᠭᠤᠤᠯᠳᠠᠯᠭ᠎ᠠ᠎ᠲᠠᠢ ᠬᠥᠮᠥᠰ᠎ᠲᠤ ᠠᠵᠢᠯ ᠣᠯᠭᠤᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠨ᠎ᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠣᠯᠣᠨ ᠠᠵᠢᠯ ᠣᠯᠭᠤᠬᠤ ᠦᠢ᠍ᠯᠡᠴᠢᠯᠡᠭᠡ ᠵᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠰᠢᠢ᠍ᠳᠪᠦᠷᠢᠯᠡᠨ᠎ᠡ᠃ ᠠᠵᠤ ᠠᠬᠤᠶ᠋ᠢᠯᠠᠯ᠎ᠤᠨ᠎ᠬᠢᠨ᠎ᠤ ᠠᠵᠢᠯ᠎ᠤᠨ ᠪᠠᠶ᠋ᠢᠷᠢ᠎ᠪᠠᠨ ᠲᠣᠭᠲᠠᠪᠤᠷᠢᠵᠢᠭᠤᠯᠬᠤ ᠵᠢ ᠳᠡᠮᠵᠢᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠠᠵᠢᠯ ᠣᠯᠭᠤᠬᠤ ᠭᠤᠣᠯ ᠠᠷᠭ᠎ᠠ ᠵᠠᠮ᠎ᠤᠨ ᠦᠢ᠍ᠯᠡᠳᠦᠯ᠎ᠢ᠎ᠨᠢ ᠨᠡᠩ ᠰᠠᠶ᠋ᠢᠨ ᠪᠠᠳᠠᠷᠠᠭᠤᠯᠤᠨ᠎ᠠ᠃
      ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠥᠵᠢᠯ᠎ᠤᠨ ᠵᠣᠬᠢᠴᠠᠯᠳᠤᠨ ᠬᠥᠭᠵᠢᠬᠦ ᠵᠢ ᠠᠬᠢᠭᠤᠯᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠥᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠎ᠡ᠃ ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠥᠵᠢᠯ᠎ᠤᠨ ᠴᠢᠨᠠᠷᠯᠢᠭ ᠪᠥᠭᠡᠳ ᠲᠡᠩᠴᠡᠭᠦᠷᠢ᠎ᠲᠠᠢ ᠬᠥᠭᠵᠢᠬᠦ ᠵᠢ ᠠᠬᠢᠭᠤᠯᠵᠤ᠂ ᠬᠤᠲᠠ ᠪᠠᠯᠭ᠋ᠠᠰᠤᠨ᠎ᠤ ᠰᠤᠷᠭ᠋ᠠᠭᠤᠯᠢ ᠵᠢᠨ ᠰᠤᠷᠤᠭᠴᠢᠳ᠎ᠤᠨ ᠲᠤᠭ᠎ᠠ ᠬᠡᠲᠦᠷᠡᠭᠰᠡᠨ ᠠᠩᠭᠢ᠎ᠲᠠᠢ ᠪᠣᠯᠬᠤ ᠠᠰᠠᠭᠤᠳᠠᠯ᠎ᠢ ᠢᠳᠡᠪᠬᠢᠲᠡᠢ ᠰᠢᠢ᠍ᠳᠪᠦᠷᠢᠯᠡᠨ᠎ᠡ᠃ 《ᠢᠨᠲ᠋ᠧᠷ ᠰᠦᠯᠵᠢᠶ᠎ᠡ + ᠰᠤᠷᠭ᠋ᠠᠨ ᠬᠦᠮᠦᠵᠢᠯ》᠎ᠢ ᠬᠦᠭᠵᠢᠬᠦᠯᠵᠦ᠂ ᠪᠦᠬᠦ ᠤᠷᠤᠨ᠎ᠤ ᠲᠤᠮᠳᠠᠳᠤ ᠪᠠᠭ᠎ᠠ ᠰᠤᠷᠭ᠋ᠠᠭᠤᠯᠢ ᠪᠦᠬᠦᠨ᠎ᠳᠤ ᠮᠡᠳᠡᠬᠡ ᠵᠠᠨᠭ᠌ᠬᠢᠴᠢᠯᠠᠬᠰᠠᠨ ᠵᠢᠭ᠋ᠠᠨ ᠰᠤᠷᠭ᠋ᠠᠯᠳᠠ ᠵᠢ ᠠᠰᠢᠬᠯᠠᠵᠦ ᠬᠡᠷᠡᠭᠯᠡᠬᠦ ᠪᠤᠯᠭ᠋ᠠᠨ᠂ ᠬᠢᠯᠢ ᠬᠢᠵᠠᠭ᠋ᠠᠷ᠎ᠤᠨ ᠭᠠᠵᠠᠷ ᠣᠷᠣᠨ᠎ᠳᠤ ᠴᠢᠨᠠᠷᠯᠢᠭ ᠰᠤᠷᠭ᠋ᠠᠨ ᠬᠥᠮᠥᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠎ᠠ᠃ ᠡᠩ᠎ᠤᠨ ᠦᠨᠳᠦᠷ ᠵᠠᠷᠭᠡ ᠵᠢᠨ ᠳᠤᠮᠳᠠᠳᠤ ᠰᠤᠷᠭ᠋ᠠᠭᠤᠯᠢ ᠵᠢᠨ ᠣᠯᠠᠨ ᠶᠠᠩᠵᠤᠴᠢᠯᠠᠭᠰᠠᠨ ᠣᠨᠴᠠᠯᠢᠭᠲᠤ ᠬᠥᠭᠵᠢᠯᠲᠡ ᠵᠢ ᠲᠦᠷᠭᠡᠳᠬᠡᠨ᠎ᠡ᠃ ᠦᠨᠳᠦᠰᠦᠲᠡᠨ᠎ᠤ ᠰᠤᠷᠭ᠋ᠠᠨ ᠬᠥᠮᠥᠵᠢᠯ᠎ᠢ ᠡᠩ ᠲᠡᠷᠢᠭᠦᠨ᠎ᠳᠤ ᠭᠤᠣᠯᠳᠠᠯᠭ᠎ᠠ᠎ᠲᠠᠢ ᠬᠥᠭᠵᠢᠭᠦᠯᠦᠨ᠎ᠡ᠃ ᠦᠢ᠍ᠯᠡᠳᠪᠦᠷᠢᠯᠡᠯ ᠪᠠ ᠰᠤᠷᠭ᠋ᠠᠨ ᠬᠥᠮᠥᠵᠢᠯ᠎ᠤᠨ ᠠᠭᠤᠰᠤᠯᠴᠠᠯ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠥᠵᠢᠯ᠂ ᠣᠨᠴᠠᠭ᠋ᠠᠢ ᠰᠤᠷᠭ᠋ᠠᠨ ᠬᠥᠮᠥᠵᠢᠯ᠂ ᠥᠷᠭᠦᠯᠵᠢᠯᠡᠭᠰᠡᠨ ᠰᠤᠷᠭ᠋ᠠᠨ ᠬᠥᠮᠥᠵᠢᠯ᠎ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ 《ᠬᠤᠣᠰ ᠲᠡᠷᠢᠭᠦᠨ ᠳᠡᠰ》᠎ᠤᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠦᠨᠳᠦᠷ ᠬᠢᠷᠢ ᠲᠥᠪᠰᠢᠨᠲᠦ ᠵᠢᠩᠬᠢᠨᠢ ᠠᠩᠭᠢ ᠵᠢᠨ ᠰᠤᠷᠭ᠋ᠠᠨ ᠬᠦᠮᠦᠵᠢᠯ᠎ᠢ ᠲᠦᠷᠭᠡᠳᠭᠡᠨ ᠬᠥᠭᠵᠢᠭᠦᠯᠵᠦ᠂ ᠳᠠᠪᠠᠭᠤᠯᠢᠭ ᠬᠢᠴᠢᠶᠡᠯ ᠬᠥᠮᠥᠵᠢᠯ ᠪᠣᠯᠣᠨ ᠲᠤᠰᠬᠠᠢ ᠮᠡᠷᠭᠡᠵᠢᠯ᠎ᠢ ᠪᠠᠶ᠋ᠢᠭᠤᠯᠤᠨ᠎ᠠ᠃ ᠪᠠᠭᠰᠢ ᠵᠢᠨ ᠮᠤᠷᠠᠯ ᠰᠤᠷᠲᠠᠯ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠎ᠠ᠃ ᠮᠠᠯᠵᠢᠬᠤ ᠲᠠᠷᠢᠶᠠᠯᠠᠬᠤ ᠣᠷᠣᠨ᠎ᠳᠠᠬᠢ ᠪᠠᠭᠰᠢ ᠵᠢᠨ ᠡᠩᠨᠡᠭᠡ ᠵᠢ ᠲᠣᠭᠲᠠᠭᠤᠨ ᠪᠠᠶ᠋ᠢᠯᠭ᠋ᠠᠨ᠎ᠠ᠃ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠪᠣᠯᠣᠨ ᠨᠠᠰᠤᠲᠠᠶ᠋ᠢᠴᠤᠳ᠎ᠤᠨ ᠶᠡᠭᠡ ᠰᠤᠷᠭ᠋ᠠᠭᠤᠯᠢ ᠵᠢᠨ ᠡᠷᠬᠢᠯᠡᠬᠦ ᠨᠦᠬᠦᠴᠡᠯ᠎ᠢ᠎ᠨᠢ ᠰᠠᠶ᠋ᠢᠵᠢᠷᠠᠭᠤᠯᠤᠨ᠎ᠠ᠃ ᠤᠯᠤᠰ᠎ᠤᠨ ᠲᠤᠳᠤᠭ᠋ᠠᠲᠤ ᠭᠠᠳᠠᠭ᠋ᠠᠳᠤ ᠵᠢᠨ ᠰᠤᠷᠭ᠋ᠠᠨ ᠬᠦᠮᠦᠵᠢᠯ᠎ᠤᠨ ᠪᠠᠶ᠋ᠢᠭᠤᠯᠤᠮᠵᠢ᠎ᠯᠤᠭ᠎ᠠ ᠬᠠᠮᠲᠤᠷᠠᠯᠴᠠᠵᠤ ᠰᠤᠷᠭ᠋ᠠᠭᠤᠯᠢ ᠡᠷᠬᠢᠯᠡᠬᠦ ᠵᠢ ᠢᠳᠡᠪᠬᠢᠲᠡᠢ ᠠᠬᠢᠭᠤᠯᠤᠨ᠎ᠠ᠃
      ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠠᠪᠤᠷᠠᠨ ᠲᠤᠰᠠᠯᠠᠬᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠲᠡᠳᠭᠦᠵᠦ ᠬᠠᠷᠠᠭ᠋ᠠᠯᠵᠠᠬᠤ ᠵᠡᠷᠭᠡ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠪᠠᠯᠭ᠋ᠠᠰᠤᠨ᠎ᠤ ᠬᠦᠴᠢᠷᠳᠡᠯᠲᠡᠢ ᠪᠠᠶ᠋ᠢᠭ᠎ᠠ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠶ᠋ᠢᠲᠤᠷ ᠪᠠᠲᠤᠯᠠᠨ᠎ᠠ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠡᠮᠴᠢᠯᠡᠭᠡ ᠪᠣᠯᠣᠨ ᠨᠠᠰᠤᠵᠢᠯ᠎ᠤᠨ ᠠᠰᠠᠷᠠᠮᠵᠢ ᠵᠢᠨ ᠤᠶᠠᠯᠳᠤᠯ᠎ᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠳ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠨᠢᠭᠡᠳᠦᠯᠲᠡᠢ ᠲᠥᠯᠥᠪᠯᠡᠬᠦ ᠵᠢ ᠴᠢᠩᠭ᠋ᠠᠷᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠴᠠᠭ ᠲᠣᠬᠠᠢ᠎ᠳᠤ᠎ᠨᠢ ᠲᠤᠭ᠎ᠠ ᠶᠤᠰᠤᠭ᠋ᠠᠷ ᠭᠦᠢ᠍ᠴᠡᠳ ᠣᠯᠭᠤᠬᠤ ᠵᠢ ᠦᠨᠡᠨ ᠬᠦ᠌ ᠪᠠᠲᠤᠯᠠᠨ᠎ᠠ᠃ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠲᠤ ᠦᠢ᠍ᠯᠡᠴᠢᠯᠡᠵᠦ ᠪᠠᠲᠤᠯᠠᠬᠤ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠨᠡᠶ᠋ᠢᠲᠡ ᠵᠢᠨ ᠠᠰᠠᠷᠠᠮᠵᠢ ᠪᠣᠯᠣᠨ ᠨᠢᠭᠦᠯᠡᠰᠦᠩᠭᠦᠢ ᠵᠢᠨ ᠠᠵᠢᠯ ᠦᠢ᠍ᠯᠡᠰ᠎ᠢ ᠬᠥᠭᠵᠢᠭᠦᠯᠦᠨ᠎ᠡ᠃
      ᠡᠷᠡᠭᠦᠯ ᠡᠩᠬᠡ ᠦᠪᠦᠷ ᠮᠤᠩᠭᠤᠯ᠎ᠢ ᠪᠠᠶ᠋ᠢᠭᠤᠯᠤᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠶᠡᠷᠦᠩᠬᠡᠶ᠋ᠢᠯᠡᠭᠰᠡᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠱᠠᠲᠤ ᠬᠤᠪᠢᠶᠠᠨ ᠤᠨᠤᠰᠢᠯᠠᠨ ᠡᠮᠨᠡᠬᠦ ᠳᠦᠷᠢᠮ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠡᠮ᠎ᠤᠨ ᠵᠦᠢ᠍ᠯ ᠬᠠᠩᠭ᠋ᠠᠬᠤ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠵᠦ᠂ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ᠂ ᠡᠮ ᠡᠮᠨᠡᠯᠭᠡ ᠵᠢᠨ ᠬᠤᠯᠪᠤᠭ᠋ᠠᠯᠠᠨ ᠬᠦᠲᠦᠯᠦᠯᠴᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠤᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠨᠳᠦ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠪᠠ ᠣᠷᠣᠨ ᠨᠤᠲᠤᠭ᠎ᠤᠨ ᠡᠪᠡᠳᠴᠢᠨ᠎ᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠬᠢᠨ᠎ᠡ᠃ ᠡᠷᠡᠭᠦᠯ ᠮᠡᠨᠳᠦ ᠵᠢᠨ ᠬᠦᠮᠦᠵᠢᠯ ᠪᠣᠯᠣᠨ ᠨᠡᠶ᠋ᠢᠭᠡᠮ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠤᠨᠳᠤᠤ ᠭᠠᠵᠠᠷ᠎ᠲᠤ ᠡᠮᠨᠡᠭᠦᠯᠪᠡᠯ ᠰᠢᠭᠤᠳ ᠲᠠᠰᠤᠯᠤᠨ ᠪᠣᠳᠣᠬᠤ ᠵᠢ ᠠᠬᠢᠭᠤᠯᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠤᠷᠬᠤ ᠬᠡᠪᠴᠢᠶ᠎ᠡ ᠵᠢ ᠦᠷᠭᠡᠳᠬᠡᠨ᠎ᠡ᠃ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠵᠢ ᠬᠡᠷᠡᠭᠵᠢᠭᠦᠯᠦᠨ᠎ᠡ᠃ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢ ᠬᠦᠭᠵᠢᠭᠦᠯᠵᠦ᠂ ᠠᠯᠤᠰ ᠡᠮᠴᠢᠯᠡᠬᠡᠨ᠎ᠤ ᠰᠢᠰᠲ᠋ᠧᠮᠵᠢ ᠵᠢ ᠪᠠᠢ᠍ᠢ᠍ᠭᠤᠯᠤᠨ᠎ᠠ᠃ ᠶᠡᠷᠦᠩᠬᠡᠢ ᠰᠠᠯᠠᠭ᠋ᠠᠨ᠎ᠤ ᠡᠮᠴᠢ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ 《ᠬᠠᠷᠠᠭ᠎ᠠ ᠣᠷᠤᠭᠤᠯᠬᠤ ᠠᠶᠠᠯᠠᠯ》 ᠬᠡᠮᠡᠬᠦ ᠨᠡᠢ᠍ᠢ᠍ᠬᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠪᠠ ᠵᠠᠯᠠᠭᠤ ᠪᠠᠭ᠋ᠠᠴᠤᠳ᠎ᠤᠨ ᠨᠢᠳᠦᠨ᠎ᠤ ᠡᠷᠡᠭᠦᠯ ᠮᠡᠨᠳᠦ ᠵᠢ ᠬᠠᠯᠠᠮᠵᠢᠯᠠᠬᠤ ᠪᠠ ᠨᠢᠲᠦ ᠬᠠᠮᠠᠭ᠋ᠠᠯᠠᠬᠤ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠦᠨ᠎ᠡ᠃ ᠤᠯᠠᠨ ᠲᠦᠮᠡᠨ᠎ᠤ ᠪᠡᠶ᠎ᠡ ᠲᠠᠮᠢᠷ ᠪᠠ ᠣᠷᠤᠯᠳᠤᠭ᠋ᠠᠨ᠎ᠤ ᠪᠡᠶ᠎ᠡ ᠲᠠᠮᠢᠷ᠎ᠢ ᠬᠦᠭᠵᠢᠭᠦᠯᠵᠦ᠂ ᠬᠦᠯ ᠪᠦᠮᠪᠦᠭᠡ ᠵᠢᠨ ᠬᠦᠳᠡᠯᠬᠡᠬᠡᠨ᠎ᠢ ᠦᠭᠡᠷᠡᠴᠢᠯᠡᠵᠦ ᠬᠦᠭᠵᠢᠬᠦᠯᠬᠦ ᠲᠤᠷᠰᠢᠯᠲᠠ ᠵᠢᠨ ᠴᠡᠭ᠎ᠤᠨ ᠠᠵᠢᠯ᠎ᠢ ᠰᠠᠶ᠋ᠢᠲᠤᠷ ᠬᠢᠨ᠎ᠠ᠃ ᠠᠷᠪᠠᠨ ᠳᠦᠷᠪᠡᠳᠦᠭᠡᠷ ᠬᠤᠭᠤᠴᠭ᠋ᠠᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ᠎ᠢ ᠬᠢᠨᠠᠮᠠᠭ᠋ᠠᠢ ᠬᠢᠨ᠎ᠠ᠃
      ᠠᠮᠤᠭᠤᠯᠠᠩ ᠲᠠᠶ᠋ᠢᠪᠣᠩ ᠦᠪᠦᠷ ᠮᠤᠩᠭᠤᠯ᠎ᠢ ᠪᠠᠶ᠋ᠢᠭᠤᠯᠤᠨ᠎ᠠ᠃ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ᠂ ᠰᠢᠨ᠎ᠡ ᠴᠠᠭ ᠦᠶ᠎ᠡ ᠵᠢᠨ 《ᠹᠧᠩ ᠴᠢᠶᠤᠤ ᠵᠢᠨ ᠲᠤᠷᠰᠢᠯᠭ᠎ᠠ》 ᠵᠢ ᠰᠤᠷᠤᠯᠴᠠᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠵᠤ᠂ ᠨᠡᠶ᠋ᠢᠭᠡᠮ᠎ᠤᠨ ᠵᠦᠷᠢᠴᠡᠯ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠨ᠂ ᠤᠯᠠᠨ ᠲᠦᠮᠡᠨ᠎ᠤ ᠵᠦᠢ ᠶᠤᠰᠤᠨ᠎ᠤ ᠬᠦᠰᠡᠯ ᠱᠠᠭ᠋ᠠᠷᠳᠠᠯᠭ᠎ᠠ ᠵᠢ ᠦᠨᠡᠨ ᠬᠦ᠌ ᠰᠢᠢ᠍ᠳᠪᠦᠷᠢᠯᠡᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠦᠷᠨᠢᠭᠦᠯᠵᠦ᠂ ᠬᠠᠤᠯᠢ᠎ᠠᠴᠠ ᠵᠦᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠤᠬᠢᠯᠲᠠ ᠦᠭᠭᠦᠨ᠎ᠡ᠃ ᠢᠳᠡᠭᠡᠨ ᠪᠠ ᠡᠮ᠎ᠤᠨ ᠵᠦᠢ᠍ᠯ᠎ᠤᠨ ᠠᠮᠦᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠦ ᠵᠢᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠨ᠎ᠠ᠃ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠴᠢᠨᠭ᠌ᠭ᠋ᠠᠳᠬᠠᠨ᠂ ᠤᠨᠴᠠ ᠬᠦᠨᠳᠤ ᠶᠡᠬᠡ ᠡᠨᠳᠡᠯ ᠭᠠᠷᠬᠤ ᠵᠢ ᠡᠷᠡᠰ ᠰᠡᠷᠬᠡᠢ᠍ᠢ᠍ᠯᠡᠵᠦ ᠬᠤᠷᠢᠬᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠᠶ᠋ᠢᠭᠤᠯᠤᠯ ᠲᠤᠭᠲᠠᠴᠠ ᠵᠢ ᠪᠦᠷᠢᠨᠰᠢᠭᠦᠯᠵᠦ᠂ ᠲᠦᠭᠰᠢᠬᠦᠷᠢ ᠵᠢ ᠬᠠᠮᠢᠶᠠᠷᠤᠨ ᠡᠵᠡᠮᠳᠡᠬᠦ᠂ ᠰᠡᠷᠠᠮᠵᠢᠯᠡᠬᠦᠯᠦᠨ ᠰᠡᠷᠬᠡᠢ᠍ᠢ᠍ᠯᠡᠬᠦ ᠪᠠ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠡᠨᠭᠨᠡᠬᠡ ᠵᠢᠨ ᠪᠠᠢ᠍ᠢ᠍ᠭᠤᠯᠤᠯᠳᠠ ᠵᠢ ᠴᠢᠨᠭ᠌ᠭ᠋ᠠᠷᠠᠭᠤᠯᠤᠨ᠂ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠪᠠ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      ᠪᠦᠬᠦ ᠠᠷᠠᠳ᠎ᠲᠤ ᠬᠠᠤᠯᠢ ᠲᠦᠭᠡᠮᠡᠯᠵᠢᠭᠦᠯᠬᠦ ᠬᠦᠮᠦᠵᠢᠯ᠎ᠢ ᠴᠢᠩᠭ᠋ᠠᠳᠬᠠᠵᠤ᠂ ᠤᠯᠠᠨ ᠨᠡᠶ᠋ᠢᠲᠡ ᠵᠢᠨ ᠬᠠᠤᠯᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠨᠡᠶ᠋ᠢᠭᠡᠮ᠎ᠤᠨ ᠠᠵᠢᠯᠲᠠᠳ ᠪᠣᠯᠣᠨ ᠰᠠᠶ᠋ᠢᠨ ᠳᠤᠷᠠᠴᠤᠳ ᠵᠡᠷᠭᠡ ᠨᠡᠶ᠋ᠢᠭᠡᠮ᠎ᠤᠨ ᠬᠦᠴᠦᠨ᠎ᠤ᠎ᠬᠢᠨ᠎ᠤ ᠦᠢ᠍ᠯᠡᠳᠦᠯ᠎ᠢ ᠪᠠᠳᠠᠷᠠᠭᠤᠯᠤᠨ᠎ᠠ᠃ ᠡᠮᠡᠭᠲᠡᠶ᠋ᠢᠴᠦᠳ᠂ ᠪᠠᠭ᠋ᠠᠴᠤᠳ᠂ ᠦᠲᠡᠭᠦᠰ᠂ ᠵᠡᠮᠳᠡᠭᠴᠦᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠨ᠎ᠠ᠃
      ᠱᠠᠰᠢᠨ ᠰᠤᠷᠳᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭᠯᠡᠯᠳᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ᠎ᠤ ᠶᠠᠪᠤᠳᠠᠯ᠎ᠢ ᠬᠠᠤᠯᠢ ᠶᠣᠰᠤᠭ᠋ᠠᠷ ᠬᠠᠮᠢᠶᠠᠷᠴᠤ᠂ ᠱᠠᠰᠢᠨ ᠰᠤᠷᠲᠠᠬᠤᠨ᠎ᠤ᠎ᠬᠢᠨ᠎ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶ᠋ᠢᠭ᠋ᠠᠳ ᠨᠡᠶ᠋ᠢᠭᠡᠮ ᠵᠢᠷᠤᠮᠲᠤ ᠨᠡᠶ᠋ᠢᠭᠡᠮ᠎ᠯᠦᠭᠡ ᠵᠣᠬᠢᠴᠠᠯᠳᠤᠭᠤᠯᠤᠨ᠎ᠠ᠃ ᠴᠡᠷᠢᠭ ᠠᠩᠭᠢ ᠵᠢᠨ ᠦᠭᠡᠷᠡᠴᠢᠯᠡᠯᠲᠡ ᠬᠦᠭᠵᠢᠯᠲᠡ ᠪᠠ ᠤᠳᠤᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠮᠦᠵᠢᠯ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠪᠤᠯᠤᠨ ᠬᠤᠶᠠᠷ᠎ᠢ ᠬᠦᠷᠢᠶᠡᠯᠡᠬᠦ ᠵᠢᠱ᠌ᠢᠶᠡᠴᠢ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
    ᠭᠤᠷᠪᠠ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠵᠠᠰᠠᠭ᠎ᠤᠨ ᠤᠷᠳᠤᠨ᠎ᠢ ᠴᠢᠷᠮᠠᠶ᠋ᠢᠨ ᠪᠠᠶ᠋ᠢᠭᠤᠯᠤᠨ᠎ᠠ
      ᠪᠢᠳᠡ ᠢᠮᠠᠭᠲᠠ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠮᠦᠷᠦᠭᠡᠳᠦᠯ᠎ᠢ ᠲᠡᠮᠡᠴᠡᠯ᠎ᠤᠨ ᠬᠠᠷᠠᠯᠲᠠ᠎ᠪᠠᠨ ᠪᠤᠯᠭ᠋ᠠᠵᠤ᠂ ᠠᠵᠢᠯ ᠲᠤᠰᠢᠶᠠᠯ᠎ᠳᠤ᠎ᠪᠠᠨ ᠦᠨᠡᠨᠴᠢ ᠰᠢᠳᠤᠷᠭᠤ᠎ᠪᠠᠷ ᠬᠠᠨᠳᠤᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠶ᠋ᠢᠨ ᠭᠦᠢ᠍ᠴᠡᠳᠬᠡᠵᠦ᠂ 《ᠳᠦᠷᠪᠡᠨ ᠦᠵᠡᠯ ᠤᠬᠠᠮᠰᠠᠷ》᠎ᠢ ᠪᠠᠲᠤ ᠪᠠᠬᠢ ᠪᠤᠢ ᠪᠤᠯᠭ᠋ᠠᠵᠤ᠂ 《ᠳᠦᠷᠪᠡᠨ ᠢᠲᠡᠭᠡᠯ》᠎ᠢ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠎ᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠤᠯᠤᠭ᠋ᠠᠢ᠎ᠪᠠᠨ ᠵᠡᠪᠰᠡᠭᠯᠡᠬᠦ ᠵᠢ ᠪᠠᠷᠢᠮᠲᠠᠯᠠᠵᠤ᠂ ᠤᠨᠤᠯ᠎ᠢ ᠪᠤᠲᠠᠲᠠᠢ᠎ᠲᠠᠢ ᠤᠶᠠᠯᠳᠤᠭᠤᠯᠵᠤ᠂ ᠶᠠᠭᠤ ᠵᠢ ᠬᠢᠬᠦ᠂ ᠶᠠᠭᠤ ᠵᠢ ᠬᠢᠵᠦ ᠪᠣᠯᠬᠤ ᠦᠭᠡᠢ᠂ ᠶᠠᠭ᠋ᠠᠬᠢᠵᠤ ᠬᠢᠬᠦ ᠭᠡᠰᠡᠨ ᠲᠦᠪ᠎ᠤᠨ ᠱᠠᠭ᠋ᠠᠷᠳᠠᠯᠭ᠎ᠠ ᠵᠢ ᠤᠨᠤᠪᠴᠢᠲᠠᠢ ᠡᠵᠡᠮᠰᠢᠨ᠎ᠡ; ᠪᠢᠳᠡᠨ᠎ᠤ ᠬᠢᠵᠦ ᠪᠠᠶ᠋ᠢᠭ᠎ᠠ ᠠᠵᠢᠯ ᠵᠶ᠋ᠠᠨ ᠲᠦᠪ᠎ᠤᠨ ᠱᠠᠭ᠋ᠠᠷᠳᠠᠯᠭ᠎ᠠ᠎ᠳᠤ ᠨᠡᠶ᠋ᠢᠴᠡᠵᠦ ᠪᠠᠶ᠋ᠢᠬᠤ ᠡᠰᠡᠬᠦ᠂ ᠪᠠᠰᠠ ᠶᠠᠮᠠᠷ ᠵᠦᠷᠢᠶ᠎ᠡ᠎ᠲᠠᠢ ᠪᠠ ᠬᠦᠷᠦᠯᠴᠡᠬᠦ ᠦᠭᠡᠢ ᠵᠦᠢ᠍ᠯᠡᠰ ᠣᠷᠤᠰᠢᠵᠤ ᠪᠠᠶ᠋ᠢᠬᠤ ᠵᠢ ᠦᠷᠭᠦᠯᠵᠢ ᠬᠢᠨᠠᠵᠤ ᠪᠠᠶ᠋ᠢᠭ᠋ᠠᠳ ᠠᠵᠢᠯ᠎ᠳᠤ᠎ᠪᠠᠨ ᠴᠢᠭᠯᠡᠯ ᠵᠶ᠋ᠠᠨ ᠠᠯᠳᠠᠬᠤ ᠦᠭᠡᠢ ᠪᠠᠶ᠋ᠢᠵᠤ᠂ ᠲᠦᠷᠦ ᠵᠢᠨ ᠪᠤᠳᠤᠯᠭ᠎ᠠ ᠵᠢ ᠪᠦᠲᠦᠮᠵᠢᠲᠡᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
      ᠪᠢᠳᠡ ᠢᠮᠠᠭᠲᠠ ᠪᠠᠶ᠋ᠢᠴᠠᠭ᠋ᠠᠨ ᠰᠤᠳᠤᠯᠤᠯᠲᠠ᠎ᠪᠠᠷ ᠦᠨᠳᠦᠰᠦᠨ ᠠᠵᠢᠯᠯᠠᠬᠤ ᠠᠷᠭ᠎ᠠ ᠮᠠᠶᠢᠭ ᠵᠶ᠋ᠠᠨ ᠪᠣᠯᠭ᠋ᠠᠨ᠂ ᠪᠠᠶ᠋ᠢᠴᠠᠭ᠋ᠠᠨ ᠰᠤᠳᠤᠯᠤᠭᠰᠠᠨ᠎ᠤ ᠳᠠᠷᠠᠭ᠎ᠠ ᠪᠠ ᠰᠢᠨᠵᠢᠯᠡᠬᠦ ᠤᠬᠠᠭ᠋ᠠᠨᠴᠢ ᠨᠤᠲᠠᠯᠠᠯᠲᠠ ᠬᠢᠭᠰᠡᠨ ᠰᠠᠭᠤᠷᠢᠨ᠎ᠳᠤ ᠳ᠋ᠦᠩᠨᠡᠯᠲᠡ ᠭᠠᠷᠭ᠋ᠠᠬᠤ ᠵᠢ ᠪᠠᠷᠢᠮᠲᠠᠯᠠᠨ᠎ᠠ᠃ ᠦᠨᠳᠦᠰᠦᠨ ᠱᠠᠲᠤ᠂ ᠪᠣᠳᠠᠲᠤ ᠪᠠᠶ᠋ᠢᠳᠠᠯ᠂ ᠣᠯᠠᠨ ᠲᠦᠮᠡᠨ᠎ᠳᠤ ᠭᠦᠨᠵᠡᠭᠡᠶ᠋ᠢᠷᠡᠵᠦ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠳᠠᠷᠤᠤ ᠬᠢᠴᠢᠶᠡᠩᠭᠦᠢ ᠰᠣᠨᠣᠰᠴᠤ᠂ ᠣᠯᠠᠨ ᠲᠦᠮᠡᠨ᠎ᠤ ᠪᠣᠳᠣᠵᠤ ᠰᠠᠨᠠᠭᠰᠠᠨ᠂ ᠬᠦᠰᠡᠨ ᠡᠷᠡᠮᠵᠢᠯᠡᠵᠦ ᠪᠠᠶ᠋ᠢᠭ᠎ᠠ᠂ ᠪᠢᠳᠡᠨ ᠵᠶ᠋ᠠᠷ ᠶᠠᠭᠤ ᠵᠢ ᠭᠦᠢ᠍ᠴᠡᠳᠭᠡᠯᠭᠡᠬᠦ᠎ᠪᠠᠷ ᠬᠠᠮᠤᠭ᠎ᠠᠴᠠ ᠢᠯᠡᠬᠦᠦ ᠱᠠᠭ᠋ᠠᠷᠳᠠᠵᠤ ᠪᠠᠶ᠋ᠢᠭ᠎ᠠ ᠵᠢ᠎ᠨᠢ ᠣᠶ᠋ᠢᠯᠠᠭ᠋ᠠᠨ᠎ᠠ᠃ ᠰᠤᠷᠤᠯᠴᠠᠭ᠎ᠠ ᠪᠠ ᠦᠢ᠍ᠯᠡᠳᠦᠯᠭᠡ ᠵᠢᠨ ᠳᠤᠮᠳᠠ ᠰᠡᠳᠭᠢᠮᠵᠢ ᠲᠡᠯᠡᠵᠦ ᠠᠷᠭ᠎ᠠ ᠪᠣᠳᠣᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠤᠨᠨᠳᠠᠭ᠋ᠠᠬᠤ ᠬᠢᠷᠢ ᠲᠥᠪᠰᠢᠨ ᠪᠣᠯᠣᠨ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
      ᠪᠢᠳᠡ ᠢᠮᠠᠭᠲᠠ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠠᠵᠢᠯᠯᠠᠭ᠎ᠠ ᠵᠢ ᠬᠠᠤᠯᠢ᠎ᠪᠠᠷ ᠵᠠᠰᠠᠬᠤ ᠵᠠᠮ᠎ᠳᠤ ᠪᠦᠬᠦ ᠲᠠᠯ᠎ᠠ᠎ᠪᠠᠷ ᠣᠷᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠦᠲᠦᠭᠡᠨ ᠪᠠᠶ᠋ᠢᠭᠤᠯᠤᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶᠠᠨ᠎ᠤ ᠬᠠᠤᠯᠢ ᠴᠠᠭ᠋ᠠᠵᠠ ᠪᠣᠯᠣᠨ ᠠᠵᠢᠯ᠎ᠤᠨ ᠬᠢᠨᠠᠯᠲᠠ ᠲᠠᠯᠪᠢᠯᠲᠠ ᠵᠢ ᠬᠠᠤᠯᠢ ᠶᠣᠰᠤᠭ᠋ᠠᠷ ᠬᠦᠯᠢᠶᠡᠵᠦ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠨ᠂ ᠨᠡᠶ᠋ᠢᠭᠡᠮ ᠪᠣᠯᠣᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠨ᠎ᠡ᠃ ᠬᠢᠨᠠᠨ ᠪᠣᠳᠣᠵᠣ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠥᠷᠢᠮ᠎ᠢ ᠨᠠᠶ᠋ᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭ᠋ᠠᠴᠢ ᠪᠦᠭᠡᠳ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠠᠬᠢᠭᠤᠯᠵᠤ᠂ ᠣᠯᠠᠨ ᠨᠡᠶ᠋ᠢᠲᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠭᠦᠢ᠍ᠴᠡᠳ ᠰᠣᠨᠣᠰᠤᠨ᠎ᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠰᠣᠨᠢᠨ ᠮᠡᠳᠡᠭᠡ ᠨᠡᠶ᠋ᠢᠲᠡᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠵᠢ ᠲᠦᠷᠭᠡᠳᠭᠡᠨ᠂ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠳᠦᠭᠦᠮ ᠳᠦᠳᠡ ᠪᠦᠭᠡᠳ ᠦᠨᠳᠦᠷ ᠪᠦᠲᠦᠮᠵᠢᠲᠡᠢ᠂ ᠡᠷᠬᠡ ᠲᠡᠭᠰᠢ᠎ᠪᠠᠷ ᠦᠷᠢᠰᠦᠯᠳᠦᠬᠦ᠂ ᠲᠣᠭᠲᠠᠭᠤᠨ ᠪᠦᠭᠡᠳ ᠢᠯᠡ ᠲᠤᠳᠣ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠪᠣᠢ ᠪᠣᠯᠭ᠋ᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ᠎ᠬᠢᠨ ᠬᠡᠯᠡᠪᠡᠰᠦ ᠢᠲᠡᠭᠡᠭᠦᠰᠢᠲᠡᠢ ᠬᠢᠪᠡᠰᠦ ᠪᠦᠲᠦᠮᠵᠢᠲᠡᠢ ᠪᠠᠶ᠋ᠢᠵᠤ᠂ ᠨᠡᠶ᠋ᠢᠲᠡ᠎ᠳᠤ ᠢᠲᠡᠭᠡᠭᠦᠯᠬᠦ ᠬᠦᠴᠦᠨ ᠪᠣᠯᠣᠨ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠦᠨᠡᠨᠴᠢ ᠢᠲᠡᠭᠡᠮᠵᠢ᠎ᠲᠠᠢ ᠪᠠᠶ᠋ᠢᠬᠤ ᠨᠡᠶ᠋ᠢᠭᠡᠮ᠎ᠤᠨ ᠪᠠᠶ᠋ᠢᠭᠤᠯᠤᠯᠲᠠ᠎ᠳᠤ ᠦᠯᠢᠭᠡᠷ ᠳᠠᠭᠤᠷᠢᠶᠠᠯ ᠦᠵᠡᠭᠦᠯᠦᠨ᠎ᠡ᠃
      ᠪᠢᠳᠡ ᠵᠣᠷᠢᠭᠲᠠᠢ᠎ᠪᠠᠷ ᠡᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠨᠠᠷᠢᠨ ᠪᠤᠳᠤᠯᠢᠶᠠᠨᠲᠠᠢ ᠪᠠᠶ᠋ᠢᠳᠠᠯ ᠪᠣᠯᠣᠨ ᠬᠤᠷᠴᠠ ᠰᠢᠷᠦᠭᠦᠨ ᠥᠷᠢᠰᠥᠯᠳᠥᠭᠡᠨ᠎ᠤ ᠡᠮᠦᠨ᠎ᠡ᠂ ᠳᠣᠣᠷᠠᠲᠣ ᠬᠢᠵᠠᠭ᠋ᠠᠷ᠎ᠢ ᠵᠥᠷᠢᠬᠦ ᠦᠭᠡᠢ ᠪᠠᠶ᠋ᠢᠬᠤ ᠰᠡᠳᠬᠢᠭᠦᠢ ᠵᠢ ᠪᠣᠢ ᠪᠣᠯᠭ᠋ᠠᠵᠤ᠂ ᠲᠡᠮᠡᠴᠡᠬᠦ ᠰᠥᠰᠥ ᠵᠣᠷᠢᠭ ᠵᠶ᠋ᠠᠨ ᠡᠷᠴᠢᠯᠡᠵᠦ᠂ ᠵᠦᠪ ᠵᠶ᠋ᠠᠨ ᠵᠣᠷᠢᠭᠲᠠᠢ᠎ᠪᠠᠷ ᠪᠠᠷᠢᠮᠲᠠᠯᠠᠨ᠂ ᠠᠯᠳᠠᠭ᠎ᠠ᠎ᠲᠠᠢ ᠪᠣᠯ ᠵᠠᠯᠠᠷᠠᠭᠤᠯᠵᠤ᠂ ᠲᠥᠭᠰᠢᠭᠦᠷᠢ ᠵᠢ ᠠᠷᠢᠯᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠬᠦᠴᠢᠷᠳᠡᠯ ᠪᠣᠯᠣᠨ ᠠᠰᠠᠭᠤᠳᠠᠯ ᠲᠤᠯᠭ᠋ᠠᠷᠠᠪᠠᠯ ᠤᠬᠤᠷᠢᠬᠤ ᠦᠭᠡᠢ᠂ ᠴᠠᠯᠠᠭ᠋ᠠᠶ᠋ᠢᠷᠠᠬᠤ ᠦᠭᠡᠢ᠎ᠪᠠᠷ ᠠᠵᠢᠯᠯᠠᠵᠤ᠂ ᠲᠦᠭᠰᠢᠬᠦᠷᠢ ᠬᠢᠮᠦᠷᠠᠯ᠎ᠢ ᠲᠤᠬᠢᠶᠠᠯ ᠪᠤᠯᠭ᠋ᠠᠬᠤ᠎ᠳᠤ᠎ᠪᠠᠨ ᠴᠢᠳᠠᠮᠠᠭ᠋ᠠᠢ ᠪᠠᠢ᠍ᠢ᠍ᠵᠦ᠂ ᠲᠦᠭᠰᠢᠬᠦᠷᠢ ᠬᠢᠮᠤᠷᠠᠯ᠎ᠢ ᠠᠷᠭ᠋ᠠᠴᠠᠭ᠋ᠠᠬᠤ ᠶᠠᠪᠤᠴᠠ᠎ᠳᠤ ᠠᠵᠠ ᠲᠤᠬᠢᠶᠠᠯ᠎ᠢ ᠡᠬᠦᠳᠴᠤ ᠪᠦᠷᠢᠯᠳᠦᠬᠦᠯᠦᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠠᠷᠢᠯᠭ᠋ᠠᠵᠤ᠂ ᠡᠯ᠎ᠡ ᠵᠦᠢ᠍ᠯ᠎ᠤᠨ ᠪᠠᠶ᠋ᠢᠴᠠᠭ᠋ᠠᠯᠲᠠ ᠪᠣᠯᠣᠨ ᠦᠨᠡᠯᠡᠯᠲᠡ ᠵᠢ ᠴᠢᠩᠭ᠎ᠠ ᠵᠢᠷᠤᠮᠵᠢᠭᠤᠯᠤᠨ᠂ ᠠᠵᠢᠯ ᠶᠠᠪᠤᠳᠠᠯ ᠪᠦᠭᠦᠨ᠎ᠳᠤ ᠴᠦᠮ ᠣᠷᠣᠮ ᠦᠯᠡᠳᠡᠭᠡᠬᠦ ᠠᠷᠭ᠎ᠠ ᠪᠠᠷᠢᠯ᠎ᠢ ᠵᠠᠯᠠᠷᠠᠭᠤᠯᠵᠤ᠂ ᠡᠯ᠎ᠡ ᠱᠠᠲᠤᠨ᠎ᠤ ᠺᠠᠳ᠋ᠷᠴᠤᠳ᠎ᠢ ᠢᠯᠡᠭᠦᠬᠡᠨ ᠴᠠᠭ ᠭᠠᠷᠭ᠋ᠠᠵᠤ ᠣᠶᠣᠨ ᠴᠢᠳᠠᠯ ᠵᠶ᠋ᠠᠨ ᠲᠦᠪᠯᠡᠷᠡᠭᠦᠯᠵᠦ ᠠᠵᠢᠯ ᠵᠶ᠋ᠠᠨ ᠰᠤᠳᠤᠯᠵᠤ᠂ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠪᠣᠯᠭ᠋ᠠᠨ᠎ᠠ᠃
      ᠪᠢᠳᠡ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ 《ᠬᠤᠶᠠᠷ᠎ᠢ ᠰᠤᠷᠤᠯᠴᠠᠵᠦ ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠬᠤ》 ᠰᠤᠷᠤᠯᠴᠠᠯᠭ᠎ᠠ ᠬᠦᠮᠦᠵᠢᠯ᠎ᠢ ᠪᠠᠶ᠋ᠢᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ 《ᠤᠬ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠥᠮᠦᠵᠢᠯ᠎ᠢ ᠬᠢᠨᠠᠮᠠᠭ᠋ᠠᠶ ᠥᠷᠨᠢᠭᠦᠯᠦᠨ᠎ᠡ᠃ ᠨᠠᠮ᠎ᠤᠨ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠣᠷᠣᠨ᠎ᠤ ᠳᠦᠬᠦᠷ ᠠᠷᠭ᠎ᠠ ᠵᠢ ᠴᠢᠩᠭ᠎ᠠ ᠬᠡᠷᠡᠭᠵᠢᠭᠦᠯᠦᠨ᠎ᠡ᠃ ᠭᠠᠮᠨᠠᠵᠤ ᠨᠠᠷᠢᠯᠠᠬᠤ ᠦᠵᠡᠯ ᠰᠠᠨᠠᠭ᠎ᠠ ᠵᠢ ᠪᠣᠢ ᠪᠣᠯᠭ᠋ᠠᠨ᠂ 《ᠠᠯᠪᠠᠨ᠎ᠤ ᠭᠤᠷᠪᠠᠨ》 ᠵᠠᠷᠤᠳᠠᠯ᠎ᠤᠨ ᠲᠦᠰᠦᠪ᠎ᠢ ᠴᠢᠩᠭ᠎ᠠ ᠡᠵᠡᠮᠳᠡᠵᠤ᠂ ᠭᠤᠣᠯᠳᠠᠯᠭ᠎ᠠ᠎ᠲᠠᠢ ᠪᠣᠯᠣᠨ ᠵᠠᠶ᠋ᠢᠯᠠᠰᠢ ᠦᠭᠡᠢ ᠴᠢᠨᠠᠷᠲᠠᠢ ᠵᠠᠷᠤᠯᠭ᠎ᠠ᠎ᠠᠴᠠ ᠪᠤᠰᠤᠳ ᠡᠩ᠎ᠤᠨ ᠴᠢᠨᠠᠷᠲᠠᠢ ᠵᠠᠷᠤᠯᠭ᠎ᠠ ᠵᠢ 10%᠎ᠪᠠᠷ ᠪᠠᠭ᠋ᠠᠰᠬᠠᠨ᠎ᠠ᠃ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠴᠠᠯᠢᠩ᠎ᠢ ᠪᠠᠲᠤᠯᠠᠬᠤ᠂ ᠠᠵᠢᠯᠯᠠᠭᠤᠯᠬᠤ ᠵᠢ ᠪᠠᠲᠤᠯᠠᠬᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠲᠦᠰᠦᠪ᠎ᠲᠤ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ᠎ᠠ᠃ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠪᠠᠶ᠋ᠢᠬᠤ ᠰᠤᠷᠲᠠᠯ᠎ᠢ ᠪᠠᠷᠢᠮᠲᠠᠯᠠᠵᠤ᠂ ᠬᠠᠵᠠᠭᠤ ᠬᠠᠪᠢ ᠵᠢᠨ ᠬᠡᠰᠡᠭ ᠪᠤᠰᠠᠭ ᠬᠡᠷᠡᠭ ᠶᠠᠪᠤᠳᠠᠯ ᠵᠶ᠋ᠠᠷ ᠠᠷᠪᠢᠲᠠᠢ ᠭᠠᠮᠲᠠᠢ ᠪᠥᠭᠡᠳ ᠲᠣᠬᠢᠲᠠᠢ ᠵᠣᠬᠢᠴᠠᠩᠭᠤᠢ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢ᠎ᠲᠠᠢ ᠠᠮᠢᠳᠤᠷᠠᠯ᠎ᠤᠨ ᠠᠷᠭ᠎ᠠ ᠮᠠᠶᠢᠭ᠎ᠢ ᠳᠠᠭ᠋ᠠᠭᠤᠯᠤᠨ ᠰᠠᠨᠠᠭ᠋ᠠᠴᠢᠯᠠᠨ᠎ᠠ᠃ ᠵᠠᠰᠠᠭ᠎ᠤᠨ ᠣᠷᠳᠣᠨ᠎ᠤ ᠠᠵᠢᠯᠲᠠᠳ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠠᠷᠠᠳ ᠲᠦᠮᠡᠨ᠎ᠤ ᠲᠦᠯᠦᠭᠡ ᠠᠷᠢᠭᠤᠨ ᠴᠢᠬᠡᠴᠢ᠎ᠪᠠᠷ ᠠᠵᠢᠯᠯᠠᠵᠤ᠂ ᠠᠷᠠᠳ ᠲᠦᠮᠡᠨ᠎ᠤ ᠠᠯᠪᠠᠨ ᠵᠠᠷᠤᠴᠠ ᠬᠡᠮᠡᠬᠦ ᠨᠡᠷ᠎ᠡ ᠲᠥᠷᠥ ᠵᠢ᠎ᠪᠠᠨ ᠭᠤᠲᠤᠭ᠋ᠠᠬᠤ ᠦᠭᠡᠢ᠃
      ᠲᠥᠯᠥᠭᠡᠯᠡᠭᠴᠢᠳ ᠡ!
      ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠯᠠᠪᠳᠠᠭᠤᠨ ᠪᠠᠲᠤᠲᠠᠢ ᠠᠬᠢᠭᠤᠯᠬᠤ》 ᠨᠠᠨᠳᠢᠨ ᠬᠦᠰᠡᠯ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠤᠯᠤᠰ᠎ᠤᠨ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠨᠡᠩ ᠶᠡᠭᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠨ᠂ ᠰᠢᠨ᠎ᠡ ᠴᠠᠭ ᠦᠶ᠎ᠡ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠶ᠋ᠢᠲᠤᠷ ᠪᠦᠳᠦᠬᠡᠨ ᠪᠠᠶ᠋ᠢᠭᠤᠯᠤᠨ᠎ᠠ᠃ ᠦᠨᠳᠦᠰᠦᠳᠡᠨ᠎ᠤ ᠲᠤᠬᠠᠢ ᠨᠠᠮ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠬᠬᠤ ᠪᠠᠢ᠍ᠢ᠍ᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠦᠨ᠎ᠠ᠃ ᠬᠢᠯᠢ ᠬᠢᠵᠠᠭ᠋ᠠᠷ ᠤᠷᠤᠨ᠎ᠢ ᠬᠦᠭᠵᠢᠬᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠦᠨᠵᠡᠬᠡᠢ ᠠᠬᠢᠭᠤᠯᠵᠦ᠂ ᠮᠠᠯᠵᠢᠬᠤ ᠬᠤᠰᠢᠭᠤ᠂ ᠬᠢᠯᠢ ᠬᠢᠵᠠᠭ᠋ᠠᠷ᠎ᠤᠨ ᠬᠤᠰᠢᠭᠤ ᠬᠤᠳᠠ᠂ 《ᠭᠤᠷᠪᠠᠨ ᠴᠦᠬᠡᠨ ᠲᠤᠭ᠋ᠠᠳᠤ ᠦᠨᠳᠦᠰᠦᠳᠡᠨ》᠎ᠤ ᠦᠪᠡᠷᠳᠡᠬᠡᠨ ᠵᠠᠰᠠᠬᠤ ᠬᠤᠰᠢᠭᠤ᠂ ᠦᠨᠳᠦᠰᠦᠳᠡᠨ᠎ᠤ ᠰᠢᠶᠠᠩ ᠵᠡᠷᠬᠡ ᠴᠦᠬᠡᠨ ᠲᠤᠭ᠋ᠠᠳᠤ ᠦᠨᠳᠦᠰᠦᠳᠡᠨ᠎ᠤ ᠲᠦᠪᠯᠡᠷᠡᠨ ᠰᠠᠭᠤᠭ᠎ᠠ ᠭᠠᠵᠠᠷ ᠤᠷᠤᠨ᠎ᠤ ᠬᠦᠭᠵᠢᠯᠳᠡ ᠵᠢ ᠲᠦᠷᠬᠡᠳᠬᠡᠨ᠎ᠠ᠃ ᠬᠤᠳᠠ ᠵᠢᠨ ᠦᠨᠳᠦᠰᠦᠳᠡᠨ᠎ᠤ ᠠᠵᠢᠯ᠎ᠢ ᠰᠠᠢ᠍ᠢ᠍ᠳᠤᠷ ᠬᠢᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ ᠣᠨᠤᠯᠵᠢᠬᠤᠨ᠎ᠢ ᠦᠢ᠍ᠯᠡᠳᠦᠯᠭᠡᠵᠢᠭᠦᠯᠵᠦ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠬᠦᠮᠦᠵᠢᠯ᠎ᠢ ᠴᠢᠨᠭ᠌ᠭ᠋ᠠᠳᠬᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢ ᠡᠬᠦᠳᠦᠨ ᠪᠠᠢ᠍ᠢ᠍ᠭᠤᠯᠬᠤ ᠠᠵᠢᠯ᠎ᠢ ᠬᠦᠨᠵᠡᠬᠡᠢ ᠦᠷᠨᠢᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠬᠠᠷᠢᠴᠠᠵᠤ ᠰᠤᠯᠢᠯᠴᠠᠵᠤ ᠠᠭᠤᠰᠤᠯᠴᠠᠬᠤ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ ᠬᠤᠭᠤᠷᠤᠨᠳᠤ᠎ᠪᠠᠨ ᠠᠨᠠᠷ᠎ᠤᠨ ᠦᠷ᠎ᠡ ᠰᠢᠭ ᠪᠠᠷᠢᠯᠳᠤᠨ ᠨᠢᠭᠲᠠᠷᠠᠬᠤ ᠵᠢ ᠠᠬᠢᠭᠤᠯᠵᠤ᠂ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠨ᠎ᠠ᠃
      ᠲᠥᠯᠥᠭᠡᠯᠡᠭᠴᠢᠳ ᠡ!
      ᠨᠠᠮ᠎ᠤᠨ ᠲᠥᠪ ᠬᠤᠷᠢᠶ᠎ᠠ᠎ᠠᠴᠠ ᠦᠪᠦᠷ ᠮᠣᠩᠭᠤᠯ᠎ᠤᠨ ᠬᠥᠭᠵᠢᠯᠲᠡ᠎ᠳᠤ ᠬᠦᠨᠳᠦ ᠨᠠᠶ᠋ᠢᠳᠠᠯᠭ᠎ᠠ ᠲᠠᠯᠪᠢᠭᠰᠠᠭ᠋ᠠᠷ ᠢᠷᠡᠪᠡ᠃ ᠶᠡᠷᠦᠨᠭᠬᠡᠢ ᠱᠦᠵᠢ ᠰᠢ ᠵᠢᠨ ᠫᠢᠩ᠎ᠠᠴᠠ ᠦᠪᠦᠷ ᠮᠣᠩᠭᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠦᠪᠡᠷᠲᠡᠭᠡᠨ ᠵᠠᠰᠠᠬᠤ ᠤᠷᠤᠨ᠎ᠢ ᠬᠠᠮᠤᠭ᠎ᠤᠨ ᠡᠷᠲᠡ ᠪᠠᠶ᠋ᠢᠭᠤᠯᠤᠭᠰᠠᠨ᠂ ᠨᠠᠮ᠎ᠤᠨ ᠦᠨᠳᠦᠰᠦᠲᠡᠨ᠎ᠤ ᠣᠷᠣᠨ᠎ᠤ ᠦᠪᠡᠷᠲᠡᠭᠡᠨ ᠵᠠᠰᠠᠬᠤ ᠪᠠᠶ᠋ᠢᠭᠤᠯᠤᠯ᠎ᠢ ᠬᠠᠮᠤᠭ᠎ᠤᠨ ᠡᠷᠲᠡ ᠬᠡᠷᠡᠭᠵᠢᠭᠦᠯᠦᠭᠰᠡᠨ ᠭᠠᠵᠠᠷ ᠣᠷᠣᠨ ᠪᠠᠢ᠍ᠢ᠍ᠵᠦ᠂ ᠡᠬᠡ ᠤᠯᠤᠰ᠎ᠤᠨ ᠤᠮᠠᠷᠠᠲᠤ ᠬᠢᠯᠢ᠎ᠳᠤ ᠪᠠᠶ᠋ᠢᠷᠢᠯᠠᠨ ᠪᠠᠶ᠋ᠢᠯᠳᠤᠬᠤ ᠪᠣᠳᠣᠯᠭ᠎ᠠ ᠵᠢᠨ ᠤᠷᠤᠨ ᠪᠠᠶ᠋ᠢᠷᠢ᠎ᠪᠠᠷ ᠲᠤᠢ᠍ᠢ᠍ᠯ᠎ᠤᠨ ᠴᠢᠬᠤᠯᠠ ᠪᠤᠯᠬᠤ ᠶᠤᠮ᠃ ᠦᠪᠦᠷ ᠮᠣᠩᠭᠤᠯ᠎ᠤᠨ ᠦᠭᠡᠷᠡᠴᠢᠯᠡᠯᠲᠡ ᠬᠦᠭᠵᠢᠯᠳᠡ ᠲᠣᠭᠲᠠᠭᠤᠨ᠎ᠤ ᠠᠵᠢᠯ᠎ᠢ ᠰᠠᠶ᠋ᠢᠲᠤᠷ ᠬᠢᠬᠦ᠎ᠨᠢ ᠪᠦᠬᠦ ᠤᠯᠤᠰ᠂ ᠳᠡᠯᠡᠬᠡᠢ ᠨᠡᠢ᠍ᠢ᠍ᠳᠡ᠎ᠳᠤ ᠴᠤ᠌ ᠢᠳᠡᠪᠬᠢ ᠠᠴᠢ ᠬᠤᠯᠪᠣᠭᠳᠠᠯ᠎ᠲᠠᠢ ᠶᠤᠮ ᠬᠡᠵᠦ ᠵᠢᠭ᠋ᠠᠵᠦ ᠭᠠᠷᠭ᠋ᠠᠪᠠ᠃
      ᠡᠨᠡ ᠵᠢᠯ ᠪᠣᠯ ᠮᠠᠨ᠎ᠤ ᠠᠭᠤᠤ ᠶᠡᠭᠡ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ ᠪᠣᠯᠣᠨ᠎ᠠ᠃ 70 ᠵᠢᠯ᠎ᠤᠨ ᠰᠢᠷᠭ᠋ᠠᠭᠤ ᠬᠠᠲᠠᠭᠤᠵᠢᠯᠲᠠᠢ ᠲᠡᠮᠡᠴᠡᠯ ᠵᠶ᠋ᠠᠷ ᠳᠠᠮᠵᠢᠭ᠋ᠠᠳ ᠳᠤᠮᠳᠠᠳᠤ ᠵᠢᠨ ᠦᠨᠳᠦᠰᠦᠲᠡᠨ ᠪᠤᠰᠴᠤ ᠵᠣᠭᠰᠤᠨ ᠪᠠᠶᠠᠵᠢᠵᠦ ᠴᠢᠨᠡᠭᠡᠯᠢᠭᠵᠢᠭᠰᠡᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠵᠢ ᠤᠭᠲᠤᠨ ᠠᠪᠴᠢᠷᠠᠪᠠ᠃ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠭᠵᠢᠵᠦ ᠣᠷᠤᠭᠰᠢᠯᠠᠬᠤ ᠵᠢ ᠳᠠᠭ᠋ᠠᠯᠳᠤᠨ᠂ ᠦᠪᠦᠷ ᠮᠣᠩᠭᠤᠯ ᠴᠦ᠍ ᠳᠡᠯᠡᠬᠡᠢ ᠵᠢᠨ ᠠᠩᠬᠠᠷᠤᠯ᠎ᠢ ᠲᠠᠲᠠᠮ᠎ᠠ ᠠᠮᠵᠢᠯᠲᠠ ᠪᠦᠲᠦᠮᠵᠢ ᠣᠯᠪᠠ᠃ ᠳᠠᠷᠠᠭ᠎ᠠ ᠵᠢᠯ᠂ ᠪᠢᠳᠡ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠨᠡᠶ᠋ᠢᠭᠡᠮ ᠵᠢᠷᠤᠮ᠎ᠤᠨ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠠᠶ᠋ᠢᠭᠤᠯᠬᠤ ᠰᠢᠨ᠎ᠡ ᠠᠶᠠᠨ ᠵᠠᠮ ᠵᠶ᠋ᠠᠨ ᠡᠬᠢᠯᠡᠭᠦᠯᠬᠦ ᠪᠣᠯᠣᠨ᠎ᠠ᠃
      ᠲᠦᠯᠦᠭᠡᠯᠡᠭᠴᠢᠳ ᠡ!
      ᠪᠣᠬᠢᠷᠳᠤᠯ ᠦᠭᠡᠢ ᠪᠠᠶ᠋ᠢᠬᠤ ᠪᠣᠯ ᠮᠠᠨ᠎ᠤ ᠬᠠᠮᠤᠭ᠎ᠤᠨ ᠶᠡᠭᠡ ᠡᠳ᠋ ᠪᠠᠶᠠᠯᠢᠭ᠂ ᠬᠤᠪᠢᠰᠬᠠᠯᠲᠤ ᠴᠢᠨᠠᠷ ᠪᠣᠯ ᠮᠠᠨ᠎ᠤ ᠭᠦᠨ ᠵᠤᠵᠠᠭ᠋ᠠᠨ ᠦᠨᠳᠦᠰᠦ ᠰᠠᠭᠤᠷᠢ ᠪᠠᠶ᠋ᠢᠵᠤ᠂ ᠦᠵᠡᠰᠭᠦᠯᠡᠩᠲᠦ ᠦᠪᠦᠷ ᠮᠣᠩᠭᠤᠯ ᠪᠣᠯ ᠮᠠᠨ᠎ᠤ ᠬᠠᠮᠲᠤ ᠵᠢᠨ ᠬᠦᠰᠡᠯ ᠵᠡᠭᠦᠳᠦ ᠪᠣᠯᠣᠨ᠎ᠠ᠃ ᠪᠢᠳᠡ ᠬᠠᠮᠲᠤ᠎ᠪᠠᠷ ᠴᠥᠭᠦᠷᠡᠰᠢ ᠦᠭᠡᠢ ᠡᠷᠡᠯᠬᠡᠭᠯᠡᠨ ᠲᠡᠮᠡᠴᠡᠵᠦ ᠦᠪᠦᠷ ᠮᠣᠩᠭᠤᠯ᠎ᠤᠨ ᠬᠥᠭᠵᠢᠯᠲᠡ᠎ᠳᠤ ᠬᠦᠴᠦ᠎ᠪᠠᠨ ᠨᠡᠮᠡᠷᠢᠯᠡᠪᠡᠯ᠂ ᠪᠢᠳᠡᠨ᠎ᠤ ᠬᠦᠰᠡᠯ ᠵᠡᠭᠦᠳᠦ ᠯᠠᠪᠲᠠᠢ ᠪᠡᠶᠡᠯᠡᠭᠳᠡᠬᠦ ᠪᠣᠯᠣᠨ᠎ᠠ᠃ ᠦᠵᠡᠰᠭᠦᠯᠡᠩᠲᠦ ᠦᠪᠦᠷ ᠮᠣᠩᠭᠤᠯ ᠮᠠᠨᠢ ᠲᠡᠭᠷᠢ᠎ᠨᠢ ᠴᠡᠯᠮᠡᠭ ᠤᠰᠤ᠎ᠨᠢ ᠲᠤᠩᠭ᠋ᠠᠯᠠᠭ ᠬᠦᠷᠥᠰᠦ᠎ᠨᠢ ᠨᠤᠭᠤᠭ᠋ᠠᠨ ᠪᠦᠭᠡᠳ ᠬᠦᠮᠦᠨ ᠪᠠ ᠪᠠᠶ᠋ᠢᠭ᠋ᠠᠯᠢ᠎ᠨᠢ ᠡᠶ᠎ᠡ ᠵᠣᠬᠢᠴᠠᠯ᠎ᠲᠠᠢ᠎ᠪᠠᠷ ᠡᠨᠡᠭᠰᠢᠨ ᠣᠷᠤᠰᠢᠭᠰᠠᠨ ᠦᠪᠦᠷ ᠮᠣᠩᠭᠤᠯ ᠪᠠᠶ᠋ᠢᠬᠤ ᠶᠣᠰᠣᠲᠠᠢ; ᠦᠨᠳᠦᠰᠦᠲᠡᠨ᠎ᠨᠦᠭᠦᠳ ᠪᠦᠯᠬᠦᠮᠳᠡᠭᠰᠡᠨ ᠡᠪ ᠨᠠᠶ᠋ᠢᠷᠠᠮᠳᠠᠭᠤ ᠪᠦᠭᠡᠳ ᠠᠮᠦᠷ ᠲᠣᠭᠲᠠᠭᠤᠨ ᠬᠢᠯᠢ ᠬᠢᠵᠠᠭ᠋ᠠᠷ᠎ᠲᠠᠢ ᠦᠪᠦᠷ ᠮᠣᠩᠭᠤᠯ ᠪᠠᠶ᠋ᠢᠬᠤ ᠶᠣᠰᠣᠲᠠᠢ; ᠬᠦᠮᠦᠨ ᠪᠦᠬᠦᠨ ᠴᠢᠨᠠᠷ ᠰᠠᠶ᠋ᠢᠲᠠᠢ ᠣᠯᠠᠨ ᠨᠡᠶ᠋ᠢᠲᠡ ᠵᠢᠨ ᠦᠢ᠍ᠯᠡᠴᠢᠯᠡᠭᠡ ᠪᠣᠯᠣᠨ ᠡᠷᠬᠡ ᠲᠡᠭᠰᠢ ᠬᠥᠭᠵᠢᠯᠲᠡ ᠵᠢᠨ ᠳᠣᠬᠢᠶᠠᠯ᠎ᠢ ᠬᠦᠷᠲᠡᠭᠰᠡᠨ ᠦᠪᠦᠷ ᠮᠣᠩᠭᠤᠯ ᠪᠠᠶ᠋ᠢᠬᠤ ᠶᠣᠰᠣᠲᠠᠢ᠃
      ᠪᠢᠳᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠢᠷᠮᠡᠭᠦᠨ ᠵᠣᠷᠢᠭᠲᠠᠢ᠎ᠪᠠᠷ ᠰᠢᠨ᠎ᠡ ᠵᠢ ᠡᠭᠦᠳᠴᠦ᠂ ᠰᠢᠷᠭ᠋ᠠᠭᠤ ᠬᠠᠲᠠᠭᠤᠵᠢᠯᠲᠠᠢ᠎ᠪᠠᠷ ᠠᠵᠢᠯᠯᠠᠨ᠂ ᠰᠢᠯᠢᠳᠡᠭ ᠠᠮᠵᠢᠯᠲᠠ᠎ᠪᠠᠷ ᠵᠶ᠋ᠠᠨ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠪᠠᠶᠠᠷᠯᠠᠨ ᠪᠡᠯᠭᠡᠯᠡᠶ᠎ᠡ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ