ᠢᠯᠡ ᠵᠠᠰᠠᠭ   -   ᠵᠠᠰᠠᠭ᠎ᠤᠨ ᠢᠯᠡᠳᠭᠡᠯ
2020 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
ᠨᠡᠶ᠋ᠢᠲᠡᠯᠡᠭᠰᠡᠨ ᠴᠠᠭ᠄ 2020-01-22


     — 2020 ᠣᠨ᠎ᠤ 1 ᠳ᠋ᠤᠭᠡᠷ ᠰᠠᠷ᠎ᠠ ᠵᠢᠨ 12᠎ᠤᠨ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠳᠡᠭᠡᠷ᠎ᠡ


                      ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠦ᠋ ᠰᠢᠶᠤᠤ ᠯᠢᠨ


ᠲᠥᠯᠥᠭᠡᠯᠡᠭᠴᠢᠳ ᠡ᠄
      ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ᠃
      ᠨᠢᠭᠡ᠂ 2019 ᠣᠨ᠎ᠤ ᠠᠵᠢᠯ᠎ᠤᠨ ᠡᠷᠬᠢᠴᠡᠬᠦᠯᠦᠯ
     2019 ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ ᠪᠣᠯᠣᠨ᠎ᠠ᠂ ᠮᠥᠨ ᠴᠦ᠍ ᠮᠠᠨ᠎ᠤ ᠣᠷᠣᠨ᠎ᠤ ᠬᠥᠭᠵᠢᠯᠲᠡ ᠵᠢᠨ ᠶᠠᠪᠤᠴᠠ᠎ᠳᠠᠬᠢ ᠴᠢᠬᠤᠯᠠ ᠠᠴᠢ ᠬᠤᠯᠪᠣᠭᠳᠠᠯ᠎ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ 3 ᠳ᠋ᠤᠭ᠋ᠠᠷ ᠰᠠᠷ᠎ᠠ ᠵᠢᠨ 5᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯᠳᠤᠭ᠋ᠠᠨ᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠥᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠭᠰᠠᠨ ᠪᠥᠭᠡᠳ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 16᠎ᠤ ᠡᠳᠦᠷ ᠬᠦᠷᠲᠡᠯ᠎ᠡ ᠮᠠᠨ᠎ᠤ ᠣᠷᠣᠨ᠎ᠳᠤ ᠳᠠᠬᠢᠨᠲᠠ ᠰᠢᠨᠵᠢᠯᠡᠨ ᠪᠠᠶ᠋ᠢᠴᠠᠭ᠋ᠠᠯᠲᠠ ᠬᠢᠭᠰᠡᠨ᠎ᠤ ᠬᠠᠮᠲᠤ 《ᠤᠭ ᠰᠠᠨᠠᠭ᠎ᠠ᠎ᠪᠠᠨ ᠥᠯᠥ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠥᠮᠥᠵᠢᠯ᠎ᠢ ᠵᠢᠭ᠋ᠠᠨ ᠵᠢᠯᠣᠭᠤᠳᠪᠠ᠃ ᠥᠪᠥᠷ ᠮᠣᠩᠭᠤᠯ᠎ᠤᠨ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ᠎ᠨᠢ ᠰᠢᠨ᠎ᠡ ᠴᠠᠭ ᠦᠶ᠎ᠡ ᠵᠢᠨ ᠥᠪᠥᠷ ᠮᠣᠩᠭᠤᠯ᠎ᠤᠨ ᠬᠥᠭᠵᠢᠯᠲᠡ᠎ᠳᠤ ᠴᠢᠭᠯᠡᠯ᠎ᠢ ᠵᠢᠭ᠋ᠠᠨ ᠥᠭᠴᠦ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠤᠶ᠋ᠢᠯ᠎ᠤᠨ ᠶᠡᠭᠡ᠎ᠪᠠᠷ ᠵᠣᠷᠢᠬ᠍ᠵᠢᠭᠤᠯᠪᠠ᠃
      ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ᠎ᠤᠨ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠲᠣᠭᠲᠠᠭᠤᠨ ᠪᠠᠶ᠋ᠢᠯᠭ᠋ᠠᠬᠤ ᠵᠢᠨ ᠲᠠᠭ᠋ᠠᠤ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠦ᠂ 《ᠵᠢᠷᠭᠤᠭ᠋ᠠᠨ ᠵᠦᠢ᠍ᠯ᠎ᠢ ᠲᠣᠭᠲᠠᠭᠤᠨ ᠪᠠᠶ᠋ᠢᠯᠭ᠋ᠠᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠪᠥᠬᠦ ᠣᠷᠣᠨ᠎ᠤ ᠠᠵᠤ ᠠᠬᠤᠢ ᠨᠡᠶ᠋ᠢᠭᠡᠮ ᠦᠷᠭᠦᠯᠵᠢᠯᠡᠨ ᠡᠷᠡᠭᠦᠯ ᠵᠶ᠋ᠠᠷ ᠬᠥᠭᠵᠢᠪᠡ᠃ ᠠᠩᠬ᠎ᠠ ᠠᠯᠬᠤᠮ᠎ᠤᠨ ᠬᠠᠷᠭᠤᠭᠤᠯᠤᠨ ᠪᠣᠳᠣᠭᠰᠠᠨ ᠵᠶ᠋ᠠᠷ ᠪᠣᠯ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 5.2% ᠨᠡᠮᠡᠭᠳᠡᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 6.8% ᠨᠡᠮᠡᠭᠳᠡᠵᠦ᠂ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 10.9% ᠨᠡᠮᠡᠭᠳᠡᠨ᠂ ᠬᠤᠲᠠ ᠬᠥᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠨ ᠬᠡᠷᠡᠭᠯᠡᠵᠦ ᠪᠣᠯᠬᠤ ᠣᠷᠣᠯᠭ᠎ᠠ ᠲᠤᠰ ᠲᠤᠰ 6.5% ᠪᠠ 10.7% ᠨᠡᠮᠡᠭᠳᠡᠪᠡ᠃
      ᠨᠢᠭᠡ ᠵᠢᠯ᠎ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ᠎ᠤᠳ᠎ᠢ ᠬᠢᠪᠡ᠃
     (ᠨᠢᠭᠡ) ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ ᠲᠤᠨᠨᠳᠠᠭᠤᠨ ᠵᠶ᠋ᠠᠷ ᠳᠡᠭᠡᠭᠰᠢᠯᠡᠪᠡ᠃ 《ᠭᠤᠷᠪᠠ ᠵᠢ ᠦᠭᠡᠶ᠋ᠢᠰᠬᠡᠵᠦ ᠨᠢᠭᠡ ᠵᠢ ᠪᠠᠭᠤᠷᠠᠭᠤᠯᠤᠨ ᠨᠢᠭᠡ ᠵᠢ ᠨᠥᠬᠦᠪᠦᠷᠢᠯᠡᠬᠦ》 ᠦᠷ᠎ᠡ ᠪᠦᠲᠦᠭᠡᠯ᠎ᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠣᠯᠬᠤ 《ᠦᠬᠦᠰᠢᠷᠡᠮᠡᠯ ᠠᠵᠤ ᠠᠬᠤᠶ᠋ᠢᠯᠠᠯ》᠎ᠢ ᠦᠨᠳᠦᠰᠦᠨ᠎ᠳᠤ᠎ᠪᠠᠨ ᠢᠯᠭ᠋ᠠᠷᠠᠭᠤᠯᠤᠨ ᠴᠡᠪᠡᠷᠯᠡᠪᠡ᠃ ᠭᠠᠶ᠋ᠢᠯᠢ ᠵᠢ ᠬᠠᠰᠤᠵᠤ ᠰᠦᠢ᠍ᠳᠬᠡᠯ᠎ᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ᠎ᠳᠤ ᠳᠠᠷᠤᠭ᠋ᠠᠰᠤ ᠵᠢ᠎ᠨᠢ ᠳᠠᠬᠢᠵᠤ 410 ᠳ᠋ᠦᠩᠰᠢᠭᠤᠷ ᠲᠥᠭᠦᠷᠢᠭ ᠭᠦᠩᠬᠡᠯᠡᠪᠡ᠃ ᠬᠡᠪᠴᠢᠶᠠᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠭᠴᠡᠭᠡ ᠵᠢᠨ ᠨᠣᠷᠮ᠎ᠠ ᠵᠢ᠎ᠨᠢ 2.3 ᠵᠠᠭᠤᠨ᠎ᠤ ᠴᠡᠭ ᠪᠠᠭᠤᠷᠠᠭᠤᠯᠵᠤ᠂ ᠠᠰᠢᠭ ᠣᠯᠵᠠᠪᠤᠷᠢ ᠵᠢ᠎ᠨᠢ 3.2% ᠨᠡᠮᠡᠭᠳᠡᠭᠦᠯᠪᠠ᠃ ᠪᠡᠭᠡᠵᠢᠩ᠎ᠠᠴᠠ ᠬᠥᠬᠡᠬᠤᠲᠠ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠢ ᠪᠠᠶ᠋ᠢᠭᠤᠯᠵᠦ ᠲᠠᠭᠤᠰᠬᠠᠭ᠋ᠠᠳ ᠭᠠᠯᠲᠤ ᠲᠡᠷᠭᠡ ᠨᠡᠪᠲᠡᠷᠡᠭᠦᠯᠵᠦ᠂ ᠤᠯᠠᠭ᠋ᠠᠨᠬᠠᠳᠠ᠎ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠵᠠᠯᠭ᠋ᠠᠬᠤ ᠱᠤᠭᠤᠮ᠎ᠢ ᠪᠠᠢ᠍ᠢ᠍ᠭᠤᠯᠵᠤ ᠳᠠᠭᠤᠰᠬᠠᠬᠤ᠎ᠪᠠᠷ ᠪᠠᠶ᠋ᠢᠨ᠎ᠠ᠂ ᠵᠢᠨᠢᠩ᠎ᠠᠴᠠ ᠳ᠋ᠠᠲ᠋ᠥ᠋ᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ ᠪᠠ ᠪᠤᠭᠤᠲᠤ᠎ᠠᠴᠠ ᠢᠷᠭ᠋ᠠᠢ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠢ ᠪᠠᠶ᠋ᠢᠭᠤᠯᠵᠤ ᠡᠬᠢᠯᠡᠭᠰᠡᠨ ᠪᠥᠭᠡᠳ ᠰᠢᠯᠢ ᠵᠢᠨ ᠬᠤᠲᠠ᠎ᠠᠴᠠ ᠳ᠋ᠠᠨᠳᠦ᠋ᠩ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠥᠬᠦ ᠱᠤᠭᠤᠮ ᠨᠡᠪᠲᠡᠷᠡᠪᠡ᠃ 《ᠴᠣᠣᠯ ᠭᠤᠣᠯ᠎ᠤᠨ ᠤᠰᠤ ᠵᠢ ᠲᠠᠲᠠᠵᠤ ᠯᠢᠶᠣᠣ ᠾᠧ ᠭᠤᠣᠯ᠎ᠳᠤ ᠨᠡᠮᠡᠷᠢᠯᠡᠬᠦ》 ᠪᠠ ᠵᠡᠭᠦᠨ ᠲᠠᠶ᠋ᠢᠰᠠ ᠤᠰᠤᠨ ᠴᠥᠬᠦᠷᠥᠮ ᠵᠡᠷᠭᠡ ᠢᠨᠵᠧᠨᠧᠷᠢᠩ ᠤᠷᠤᠭᠰᠢᠲᠠᠢ ᠠᠬᠢᠪᠠ᠃ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠢ ᠰᠢᠨ᠎ᠡ᠎ᠪᠠᠷ 4 ᠪᠠᠶ᠋ᠢᠭᠤᠯᠵᠤ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ 33 ᠪᠣᠯᠪᠠ᠃ ᠲᠡᠭᠷᠢᠯᠢᠭ ᠠᠭ᠋ᠠᠷ ᠠᠶᠠᠯᠠᠯ᠎ᠢ ᠨᠡᠪᠲᠡᠷᠡᠭᠦᠯᠵᠦ ᠲᠡᠭᠡᠭᠡᠪᠦᠷᠢᠯᠡᠨ ᠡᠵᠡᠩᠨᠡᠵᠦ ᠡᠬᠢᠯᠡᠭᠰᠡᠨ ᠪᠦᠭᠡᠳ ᠲᠣᠮᠣ ᠨᠢᠰᠬᠡᠯ᠎ᠤᠨ ᠳᠡᠭᠡᠳᠦ ᠰᠤᠷᠭ᠋ᠠᠭᠤᠯᠢ ᠵᠢᠩᠬᠢᠨᠢ᠎ᠪᠠᠷ ᠰᠤᠷᠤᠭᠴᠢ ᠡᠯᠰᠡᠵᠦ ᠡᠬᠢᠯᠡᠪᠡ᠃ 12 ᠠᠶ᠋ᠢᠮᠠᠭ ᠬᠤᠲᠠ᠎ᠳᠤ ᠴᠥᠮ 5G ᠲᠤᠷᠰᠢᠯᠲᠠ ᠵᠢᠨ ᠰᠠᠭᠤᠷᠢ ᠥᠷᠲᠡᠭᠡ ᠵᠢ ᠨᠡᠭᠡᠭᠡᠵᠦ ᠨᠡᠪᠲᠡᠷᠡᠭᠦᠯᠪᠡ᠃
      ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠷᠭᠡᠳᠬᠡᠪᠡ᠃ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂ ᠬᠤᠶᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠣᠯᠠᠨ ᠤᠯᠤᠰ᠎ᠤᠨ ᠡᠨᠧᠷᠬᠢ ᠵᠢᠨ ᠶᠡᠭᠡ ᠬᠤᠷᠠᠯ ᠡᠷᠬᠢᠯᠡᠬᠦ ᠵᠢ ᠳᠡᠮᠵᠢᠪᠡ᠃ ᠳᠠᠬᠢᠯᠲᠠ ᠡᠨᠧᠷᠬᠢ ᠵᠢᠨ ᠲᠣᠣᠷ᠎ᠲᠤ ᠨᠡᠶ᠋ᠢᠯᠡᠭᠦᠯᠦᠭᠰᠡᠨ ᠮᠠᠰᠢᠨ ᠴᠣᠭᠴᠠᠯᠠᠪᠤᠷᠢ ᠨᠡᠮᠡᠭᠳᠡᠭᠡᠳ 4240 ᠲᠦᠮᠡᠨ ᠺᠢᠯᠤᠸᠠᠲ ᠪᠣᠯᠵᠤ᠂ ᠪᠥᠬᠦ ᠮᠠᠰᠢᠨ ᠴᠣᠭᠴᠠᠯᠠᠪᠤᠷᠢ ᠵᠢᠨ ᠭᠤᠷᠪᠠᠨ᠎ᠤ ᠨᠢᠭᠡ ᠵᠢ ᠡᠵᠡᠯᠡᠪᠡ᠃ ᠰᠢᠯᠢ ᠵᠢᠨ ᠭᠤᠣᠯ᠎ᠠᠴᠠ ᠱᠠᠨᠳᠦ᠋ᠩ᠎ᠳᠤ ᠳᠠᠮᠵᠢᠭᠤᠯᠬᠤ ᠣᠨᠴᠠ ᠥᠨᠳᠥᠷ ᠬᠦᠴᠦᠳᠡᠯᠲᠦ ᠢᠵᠢ ᠪᠦᠷᠢᠨ ᠨᠡᠭᠦᠷᠡᠰᠦ ᠴᠠᠬᠢᠯᠭ᠋ᠠᠨ᠎ᠤ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ ᠠᠵᠢᠯ ᠤᠷᠤᠭᠰᠢᠲᠠᠢ ᠠᠬᠢᠪᠠ; ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ ᠵᠢᠨ ᠺᠣᠮᠫᠠᠨᠢ ᠵᠢᠨ ᠣᠷᠳᠣᠰ᠎ᠤᠨ ᠨᠡᠭᠦᠷᠡᠰᠦ᠎ᠪᠠᠷ ᠠᠯᠺᠧᠨ ᠦᠢ᠍ᠯᠡᠳᠬᠦ ᠲᠥᠷᠥᠯ ᠵᠦᠢ᠍ᠯ᠎ᠨᠢ ᠪᠠᠷᠢᠯᠭ᠎ᠠ᠎ᠪᠠᠨ ᠪᠠᠶ᠋ᠢᠭᠤᠯᠵᠤ ᠡᠬᠢᠯᠡᠪᠡ; ᠵᠦᠩ ᠸᠧᠢ ᠺᠣᠮᠫᠠᠨᠢ ᠵᠢᠨ ᠣᠷᠳᠣᠰ᠎ᠤᠨ ᠡᠨᠧᠷᠬᠢ ᠨᠡᠭᠦᠷᠡᠰᠦᠨ᠎ᠤ ᠬᠦᠷᠦᠰᠦᠨ ᠳᠣᠣᠷᠠᠬᠢ ᠬᠡᠢ ᠬᠢᠮᠢ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠨᠢ ᠠᠰᠢᠭᠯᠠᠯᠲᠠ᠎ᠳᠤ ᠣᠷᠣᠪᠡ; ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ ᠺᠣᠮᠫᠠᠨᠢ ᠵᠢᠨ ᠤᠯᠠᠭ᠋ᠠᠨᠴᠠᠪ᠎ᠲᠠᠬᠢ ᠰᠠᠯᠬᠢᠨ ᠭᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ᠎ᠤᠨ ᠨᠢᠭᠡᠳᠦᠭᠡᠷ ᠬᠤᠭᠤᠴᠠᠭ᠋ᠠᠨ᠎ᠤ 600 ᠲᠦᠮᠡᠨ ᠺᠢᠯᠤᠸᠠᠲ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠪᠠᠷᠢᠯᠭ᠎ᠠ᠎ᠪᠠᠨ ᠪᠠᠶ᠋ᠢᠭᠤᠯᠵᠤ ᠡᠬᠢᠯᠡᠭᠰᠡᠨ ᠮᠥᠷᠲᠡᠭᠡᠨ ᠲᠡᠷᠡ᠎ᠨᠢ ᠪᠥᠬᠦ ᠪᠥᠮᠪᠥᠷᠴᠡᠭ᠎ᠤᠨ ᠡᠬᠡ ᠬᠠᠭᠤᠷᠠᠢ᠎ᠳᠠᠬᠢ ᠳᠠᠩ ᠴᠣᠭᠴᠠ ᠵᠢᠨ ᠬᠡᠪᠴᠢᠶ᠎ᠡ᠎ᠪᠠᠷ ᠬᠠᠮᠤᠭ᠎ᠤᠨ ᠲᠣᠮᠣ ᠰᠠᠯᠬᠢᠨ ᠭᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ ᠪᠣᠯᠪᠠ; ᠦᠬᠠᠢ ᠵᠢᠨ ᠰᠠᠢ ᠰᠧ ᠫᠦ᠋ ᠥᠨᠳᠥᠷ ᠵᠤᠤᠬ᠎ᠠ ᠵᠢᠨ ᠪᠤᠰᠤ ᠲᠡᠮᠦᠷᠯᠢᠭ ᠬᠠᠶ᠋ᠢᠯᠤᠭᠤᠯᠬᠤ ᠲᠥᠷᠥᠯ ᠵᠦᠢ᠍ᠯ᠎ᠨᠢ ᠪᠠᠷᠢᠯᠭ᠎ᠠ᠎ᠪᠠᠨ ᠪᠠᠶ᠋ᠢᠭᠤᠯᠵᠤ ᠡᠬᠢᠯᠡᠭᠰᠡᠨ ᠪᠥᠭᠡᠳ ᠲᠡᠮᠦᠷᠯᠢᠭ ᠬᠠᠶ᠋ᠢᠯᠤᠭᠤᠯᠬᠤ ᠤᠷ᠎ᠠ ᠮᠡᠷᠭᠡᠰᠢᠯ ᠵᠶ᠋ᠠᠨ 《ᠨᠡᠭᠦᠷᠡᠰᠦᠲᠥ᠋ᠷᠥᠭᠴᠢ᠎ᠪᠠᠷ ᠲᠡᠮᠦᠷᠯᠢᠭ ᠬᠠᠶ᠋ᠢᠯᠤᠭᠤᠯᠵᠤ》 ᠪᠠᠶ᠋ᠢᠭᠰᠠᠨ᠎ᠠᠴᠠ 《ᠤᠰᠤᠲᠦ᠋ᠷᠦᠭᠴᠢ᠎ᠪᠠᠷ ᠲᠡᠮᠦᠷᠯᠢᠭ ᠬᠠᠶ᠋ᠢᠯᠤᠭᠤᠯᠬᠤ》 ᠪᠣᠯᠭ᠋ᠠᠵᠤ ᠬᠤᠪᠢᠷᠠᠭᠤᠯᠪᠠ; ᠪᠥᠬᠦ ᠪᠥᠮᠪᠥᠷᠴᠡᠭ᠎ᠤᠨ ᠠᠭᠤᠷᠬᠠᠢ᠎ᠳᠤ ᠬᠡᠷᠡᠭᠯᠡᠬᠦ ᠠᠩᠬᠠᠨ᠎ᠤ ᠵᠢᠯᠣᠭᠤᠴᠢ ᠦᠭᠡᠢ 5G ᠰᠦᠯᠵᠢᠶᠡᠨ᠎ᠤ ᠤᠶᠤᠨᠴᠢ ᠮᠠᠰᠢᠨ ᠲᠡᠷᠭᠡ ᠵᠢ ᠪᠠᠶᠠᠠᠤ᠋ᠪᠤᠭ᠎ᠠ᠎ᠳᠤ ᠠᠰᠢᠭᠯᠠᠯᠲᠠ᠎ᠳᠤ ᠣᠷᠣᠭᠤᠯᠵᠤ ᠠᠵᠢᠯᠯᠠᠭᠤᠯᠪᠠ; ᠰᠢᠶᠠᠨ ᠬᠤᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠥᠪᠥᠷ ᠮᠣᠩᠭᠤᠯ ᠴᠢᠫ》 ᠰᠠᠴᠤᠷᠠᠭᠤᠯᠬᠤ ᠳᠠᠪᠲᠠᠮᠵᠢ ᠵᠢᠨ ᠴᠢᠫ᠎ᠢ ᠣᠷᠣᠨ᠎ᠤ ᠳᠣᠲᠣᠷ᠎ᠠ ᠭᠠᠳᠠᠨᠠᠬᠢ ᠵᠠᠮ ᠬᠠᠷᠢᠯᠴᠠᠭ᠎ᠠ᠂ ᠴᠠᠬᠢᠯᠭ᠋ᠠᠨ ᠬᠦᠴᠦᠨ᠂ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶᠡᠨ᠎ᠳᠤ ᠬᠡᠷᠡᠭᠯᠡᠭᠦᠯᠪᠡ᠃ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ ᠲᠥᠬᠦᠭᠡᠷᠦᠮᠵᠢ ᠦᠢ᠍ᠯᠡᠳᠬᠦ ᠦᠢ᠍ᠯᠡᠰ 58.6% ᠨᠡᠮᠡᠭᠳᠡᠵᠦ᠂ ᠬᠤᠪᠣᠷ ᠰᠢᠷᠣᠢ ᠵᠢᠨ ᠨᠢᠭᠡᠳᠪᠦᠷᠢ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠳᠤ ᠦᠢ᠍ᠯᠡᠳᠬᠦᠨ ᠦᠢ᠍ᠯᠡᠳᠪᠦᠷᠢᠯᠡᠭᠰᠡᠨ ᠬᠡᠮᠵᠢᠶ᠎ᠡ ᠲᠤᠰ ᠲᠤᠰ 11.4% ᠪᠠ 9.6% ᠨᠡᠮᠡᠭᠳᠡᠪᠡ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ 12% ᠨᠡᠮᠡᠭᠳᠡᠪᠡ᠂ ᠬᠥᠯᠥᠨ ᠪᠣᠶ᠋ᠢᠷ᠎ᠤᠨ ᠣᠢ ᠰᠢᠭᠤᠢ ᠲᠠᠯ᠎ᠠ ᠨᠤᠲᠤᠭ᠎ᠤᠨ ᠵᠢᠭᠤᠯᠴᠢᠯᠠᠯ᠎ᠤᠨ ᠭᠠᠯᠲᠤ ᠲᠡᠷᠭᠡ ᠵᠢᠩᠬᠢᠨᠢ᠎ᠪᠠᠷ ᠠᠶᠠᠯᠠᠯ ᠵᠶ᠋ᠠᠨ ᠡᠬᠢᠯᠡᠭᠦᠯᠪᠡ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠳᠠᠭ᠋ᠠᠯᠠᠮᠵᠢ ᠪᠠ ᠵᠢᠭᠡᠯᠡᠯᠭᠡ ᠵᠢᠨ ᠵᠣᠭᠤᠰᠤᠨ᠎ᠤ ᠦᠯᠡᠳᠡᠪᠦᠷᠢ ᠲᠣᠭ᠋ᠠᠨ᠎ᠤ ᠨᠡᠮᠡᠭᠳᠡᠯ᠎ᠨᠢ ᠳᠡᠭᠡᠷ᠎ᠡ ᠵᠢᠯ᠎ᠤᠨ᠎ᠬᠢ᠎ᠠᠴᠠ ᠬᠤᠷᠳᠤᠨ ᠪᠠᠶ᠋ᠢᠪᠠ; 1857 ᠳ᠋ᠦᠩᠰᠢᠭᠤᠷ ᠲᠥᠭᠦᠷᠢᠭ᠎ᠤᠨ ᠪᠡᠯᠡ ᠵᠢ ᠰᠢᠭᠤᠳ ᠲᠤᠬᠢᠷᠠᠭᠤᠯᠵᠦ᠂ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠬᠤ᠎ᠳᠤ ᠬᠤᠶᠠᠷ ᠳᠠᠬᠢᠨ ᠪᠣᠯᠪᠠ᠃ ᠳᠥᠷᠪᠡᠳᠡᠬᠢ ᠤᠳᠠᠭ᠋ᠠᠨ᠎ᠤ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠪᠡᠶᠡᠯᠡᠭᠦᠯᠪᠡ᠃
     (ᠬᠤᠶᠠᠷ) ᠲᠣᠪᠣᠶ᠋ᠢᠮ᠎ᠠ ᠠᠰᠠᠭᠤᠳᠠᠯ᠎ᠢ ᠣᠨᠣᠪᠴᠢᠲᠠᠢ ᠰᠢᠢ᠍ᠳᠪᠦᠷᠢᠯᠡᠬᠦ᠎ᠳᠤ ᠬᠦᠴᠦ ᠲᠠᠯᠪᠢᠵᠤ᠂ ᠭᠤᠷᠪᠠᠨ ᠶᠡᠭᠡ ᠰᠢᠪᠲᠤᠯᠤᠯᠲᠠ ᠵᠢᠨ ᠲᠠᠶ᠋ᠢᠯᠠᠯᠳᠤᠭ᠋ᠠᠨ᠎ᠳᠤ ᠵᠠᠩᠭᠢᠯᠠᠭ᠎ᠠ ᠵᠢᠨ ᠠᠬᠢᠴᠠ᠎ᠲᠠᠢ ᠪᠣᠯᠪᠠ᠃ ᠲᠦᠭᠰᠢᠭᠦᠷᠢ ᠵᠢᠨ ᠵᠡᠷᠭᠡ ᠳᠡᠰ ᠦᠨᠡᠯᠡᠨ ᠲᠣᠭᠲᠠᠭ᠋ᠠᠬᠤ ᠵᠢ ᠬᠡᠷᠡᠭᠵᠢᠭᠦᠯᠦᠨ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠳᠠᠯᠳᠠ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ ᠵᠢᠨ 270.7% ᠵᠢ ᠪᠡᠶᠡᠯᠡᠭᠦᠯᠦᠨ᠂ 《ᠠᠷᠪᠠ ᠵᠢ ᠨᠡᠶ᠋ᠢᠳᠡᠮ ᠪᠦᠷᠬᠦᠭᠦᠯᠬᠦ》᠎ᠳᠤ ᠥᠷᠢᠲᠦᠵᠦ ᠪᠠᠶ᠋ᠢᠭᠰᠠᠨ ᠪᠠᠷᠢᠯᠭ᠎ᠠ ᠵᠢᠨ ᠵᠣᠭᠤᠰ᠎ᠢ ᠴᠥᠮ ᠲᠥᠯᠥᠵᠦ ᠳᠠᠭᠤᠰᠬᠠᠪᠠ᠃ ᠬᠦᠴᠢᠷᠳᠡᠯ᠎ᠢ ᠲᠠᠶ᠋ᠢᠯᠬᠤ ᠰᠠᠭᠤᠷᠢ ᠮᠥᠩᠭᠦ ᠪᠠ ᠲᠦᠭᠰᠢᠭᠦᠷᠢ ᠵᠢ ᠰᠡᠷᠭᠡᠶ᠋ᠢᠯᠡᠨ ᠡᠵᠡᠮᠰᠢᠬᠦ ᠰᠠᠭᠤᠷᠢ ᠮᠥᠩᠭᠦ ᠵᠢ ᠨᠡᠶ᠋ᠢᠲᠡ 257.4 ᠳ᠋ᠦᠩᠰᠢᠭᠤᠷ ᠲᠥᠭᠦᠷᠢᠭ ᠲᠠᠯᠪᠢᠵᠤ ᠬᠡᠷᠡᠭᠯᠡᠭᠡᠳ 65 ᠠᠵᠤ ᠠᠬᠤᠶ᠋ᠢᠯᠠᠯ᠎ᠤᠨ ᠦᠷᠢ ᠥᠭᠴᠡᠭᠡ ᠵᠢᠨ ᠲᠦᠭᠰᠢᠭᠦᠷᠢ᠎ᠪᠠᠨ ᠠᠷᠢᠯᠭ᠋ᠠᠬᠤ ᠵᠢ ᠳᠡᠮᠵᠢᠪᠡ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭᠰᠠᠨ ᠳᠠᠩᠰᠠᠨ᠎ᠳᠠᠬᠢ ᠵᠣᠭᠤᠰ᠎ᠢ 672.9 ᠳ᠋ᠦᠩᠰᠢᠭᠤᠷ ᠲᠥᠭᠦᠷᠢᠭ ᠢᠯᠭ᠋ᠠᠷᠠᠭᠤᠯᠵᠤ᠂ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠲᠥᠪ ᠬᠤᠷᠢᠶᠠᠨ᠎ᠤ ᠳᠡᠮᠵᠢᠯᠭᠡ᠎ᠪᠠᠷ ᠪᠤᠭᠤᠲᠤ ᠵᠢᠨ ᠬᠤᠳᠠᠯᠳᠤᠭ᠋ᠠᠨ᠎ᠤ ᠪᠠᠩᠬᠢ ᠵᠢᠨ ᠲᠦᠭᠰᠢᠭᠦᠷᠢ ᠵᠢ ᠲᠣᠬᠢᠷᠠᠮᠵᠢᠲᠠᠢ ᠰᠢᠢ᠍ᠳᠪᠦᠷᠢᠯᠡᠪᠡ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ᠎ᠤᠨ ᠳᠡᠮᠵᠢᠯᠭᠡ᠎ᠪᠠᠷ ᠵᠠᠰᠠᠮᠠᠯ ᠵᠠᠮ᠎ᠤᠨ ᠪᠡᠯᠡ ᠣᠷᠣᠭᠤᠯᠤᠯᠲᠠ ᠵᠢᠨ ᠺᠣᠮᠫᠠᠨᠢ ᠵᠢᠨ ᠥᠷᠢ ᠥᠭᠴᠡᠭᠡ᠎ᠪᠠᠨ ᠳᠠᠬᠢᠵᠤ ᠵᠣᠬᠢᠶᠠᠨ ᠪᠠᠶ᠋ᠢᠭᠤᠯᠬᠤ ᠵᠢ ᠭᠦᠢ᠍ᠴᠡᠳᠬᠡᠵᠦ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ᠎ᠪᠠᠨ ᠰᠲ᠋ᠣᠺ ᠪᠣᠯᠭ᠋ᠠᠨ ᠬᠤᠪᠢᠷᠠᠭᠤᠯᠬᠤ 77.35 ᠳ᠋ᠦᠩᠰᠢᠭᠤᠷ ᠲᠥᠭᠦᠷᠢᠭ᠎ᠢ ᠪᠣᠳᠠᠲᠠᠶ᠋ᠢᠵᠢᠭᠤᠯᠪᠠ᠂ ᠪᠥᠬᠦ ᠣᠷᠣᠨ᠎ᠳᠤ ᠵᠠᠬ᠎ᠠ ᠳᠡᠯᠭᠡᠭᠦᠷᠴᠢᠯᠡᠨ ᠵᠢᠭᠡᠯᠡᠯᠭᠡ᠎ᠪᠠᠨ ᠰᠲ᠋ᠣᠺ ᠪᠣᠯᠭ᠋ᠠᠵᠤ ᠬᠤᠪᠢᠷᠠᠭᠤᠯᠤᠭᠰᠠᠨ ᠪᠥᠬᠦ ᠵᠣᠭᠤᠰᠤᠨ᠎ᠤ ᠲᠤᠭ᠎ᠠ᠎ᠨᠢ 234 ᠳ᠋ᠦᠩᠰᠢᠭᠤᠷ ᠲᠥᠭᠦᠷᠢᠭ ᠪᠠᠶ᠋ᠢᠵᠤ᠂ ᠠᠵᠤ ᠠᠬᠤᠶ᠋ᠢᠯᠠᠯ᠎ᠤᠨ ᠥᠷᠢ ᠥᠭᠴᠡᠭᠡ ᠵᠢᠨ ᠲᠦᠭᠰᠢᠭᠦᠷᠢ ᠮᠡᠳᠡᠭᠳᠡᠮ᠎ᠡ ᠪᠠᠭᠤᠷᠠᠪᠠ᠃
     《ᠬᠤᠶᠠᠷ᠎ᠲᠤ ᠵᠣᠪᠠᠭ᠍ᠤ ᠦᠭᠡᠢ ᠭᠤᠷᠪᠠ ᠵᠢ ᠪᠠᠲᠤᠯᠠᠬᠤ》 ᠲᠠᠯ᠎ᠠ᠎ᠪᠠᠷ᠎ᠬᠢ ᠲᠣᠪᠣᠶ᠋ᠢᠮ᠎ᠠ ᠠᠰᠠᠭᠤᠳᠠᠯ᠎ᠢ ᠠᠩᠬᠠᠷᠤᠨ ᠰᠢᠢ᠍ᠳᠪᠦᠷᠢᠯᠡᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠲᠤᠰᠬᠠᠢ ᠠᠵᠢᠯᠯᠠᠭ᠎ᠠ ᠵᠢ ᠥᠷᠨᠢᠭᠦᠯᠦᠨ᠂ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠢ 20 ᠬᠤᠰᠢᠭᠤ ᠰᠢᠶᠠᠨ᠎ᠢ ᠶᠠᠳᠠᠭᠤ ᠬᠦᠴᠢᠷᠳᠡᠯᠲᠡᠢ ᠵᠢᠨ ᠲᠣᠭ᠋ᠠᠨ᠎ᠠᠴᠠ ᠬᠠᠰᠤᠬᠤ᠂ ᠶᠠᠳᠠᠭᠤ ᠬᠦᠴᠢᠷᠳᠡᠯᠲᠡᠢ 676 ᠭᠠᠴᠠᠭ᠎ᠠ ᠲᠣᠰᠬᠤᠨ᠎ᠢ ᠶᠠᠳᠠᠭᠤ ᠬᠦᠴᠢᠷᠳᠡᠯᠲᠡᠢ ᠵᠢᠨ ᠵᠢᠭᠰᠠᠭ᠋ᠠᠯᠲᠠ᠎ᠠᠴᠠ ᠭᠠᠷᠭ᠋ᠠᠬᠤ᠂ ᠶᠠᠳᠠᠭᠤ ᠬᠦᠴᠢᠷᠳᠡᠯᠲᠡᠢ 14 ᠲᠦᠮᠡ ᠭᠠᠷᠤᠢ ᠬᠥᠮᠥᠰ᠎ᠢ ᠶᠠᠳᠠᠭᠤ᠎ᠠᠴᠠ ᠠᠩᠭᠢᠵᠢᠷᠠᠭᠤᠯᠬᠤ᠎ᠪᠠᠷ ᠵᠢᠱ᠌ᠢᠭᠰᠡᠨ ᠪᠠᠶ᠋ᠢᠨ᠎ᠠ᠃ ᠪᠥᠬᠦ ᠵᠢᠯ᠎ᠳᠤ ᠡᠳ᠋᠎ᠤᠨ ᠵᠠᠰᠠᠭ᠎ᠤᠨ ᠲᠤᠰᠬᠠᠢ ᠪᠡᠯᠡ ᠮᠥᠩᠭᠦ ᠵᠢ 99.23 ᠳ᠋ᠦᠩᠰᠢᠭᠤᠷ ᠲᠥᠭᠦᠷᠢᠭ ᠣᠷᠣᠭᠤᠯᠪᠠ᠂ ᠡᠭᠦᠨ᠎ᠳᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠠᠬᠢ ᠣᠷᠣᠭᠤᠯᠤᠯᠲᠠ 23.4% ᠨᠡᠮᠡᠭᠳᠡᠪᠡ᠃ ᠪᠥᠬᠦ ᠤᠯᠤᠰ᠎ᠤᠨ ᠬᠡᠪᠴᠢᠶᠠᠨ᠎ᠳᠠᠬᠢ ᠶᠠᠳᠠᠭᠤ ᠵᠢ ᠲᠡᠳᠬᠦᠭᠰᠡᠨ ᠡᠳ᠋ ᠬᠥᠷᠥᠩᠭᠡ᠎ᠳᠤ ᠢᠯᠭ᠋ᠠᠷᠠᠭᠤᠯᠤᠨ ᠪᠠᠶ᠋ᠢᠴᠠᠭ᠋ᠠᠬᠤ ᠪᠠ ᠬᠠᠮᠢᠶᠠᠷᠬᠤ ᠲᠤᠷᠰᠢᠯᠲᠠ ᠵᠢᠨ ᠴᠡᠭ ᠭᠠᠷᠭ᠋ᠠᠬᠤ ᠠᠵᠢᠯ᠎ᠢ ᠤᠷᠢᠳ ᠵᠶ᠋ᠠᠷ ᠥᠷᠨᠢᠭᠦᠯᠪᠡ᠃ ᠪᠡᠭᠡᠵᠢᠩ ᠬᠤᠲᠠ ᠵᠢᠴᠢ ᠲᠥᠪ᠎ᠤᠨ ᠨᠢᠭᠡᠴᠢ᠎ᠨᠦᠭᠦᠳ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ ᠪᠠ ᠠᠵᠤ ᠦᠢ᠍ᠯᠡᠰ ᠵᠡᠷᠭᠡ ᠲᠠᠯ᠎ᠠ᠎ᠪᠠᠷ ᠬᠦᠴᠦᠲᠡᠢ ᠳᠡᠮᠵᠢᠯᠭᠡ ᠦᠵᠡᠭᠦᠯᠦᠭᠰᠡᠨ᠎ᠠᠴᠠ ᠶᠠᠳᠠᠭᠤ ᠵᠢ ᠲᠡᠳᠭᠦᠬᠦ ᠲᠠᠯ᠎ᠠ ᠵᠢᠨ ᠬᠠᠮᠵᠢᠯᠴᠠᠨ ᠠᠵᠢᠯᠯᠠᠬᠤ ᠪᠠ ᠴᠡᠭ ᠲᠣᠭᠲᠠᠭ᠋ᠠᠨ ᠶᠠᠳᠠᠭᠤ ᠵᠢ ᠳᠡᠳᠬᠦᠬᠦ ᠠᠵᠢᠯ᠎ᠤᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶ᠋ᠢᠨ᠎ᠠ᠃
      ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠬᠢᠨᠠᠮᠠᠭ᠋ᠠᠢ ᠴᠡᠭᠴᠡᠯᠡᠨ ᠰᠠᠶ᠋ᠢᠵᠢᠷᠠᠭᠤᠯᠵᠤ᠂ ᠪᠥᠬᠦ ᠣᠷᠣᠨ᠎ᠤ ᠠᠭ᠋ᠠᠷ᠎ᠤᠨ ᠴᠡᠪᠡᠷᠴᠡ ᠵᠢᠨ ᠪᠠᠷᠢᠮᠵᠢᠶ᠎ᠠ᠎ᠳᠤ ᠬᠦᠷᠦᠭᠰᠡᠨ ᠡᠳᠦᠷ ᠬᠤᠨᠤᠭ᠎ᠤᠨ ᠲᠡᠭᠰᠢᠳᠬᠡᠭᠰᠡᠨ ᠲᠣᠭ᠋ᠠᠨ᠎ᠤ ᠬᠠᠷᠢᠴᠠᠯ 89.6%᠎ᠳᠤ ᠬᠦᠷᠴᠦ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠳᠠᠬᠢ ᠬᠦᠬᠦᠷ᠎ᠤᠨ ᠳᠠᠪᠬᠤᠷ ᠢᠰᠦᠯ᠂ ᠰᠢᠪᠳᠤᠷᠲᠤ ᠠᠽᠤᠲ ᠭᠠᠳᠠᠭᠰᠢᠯᠠᠭᠤᠯᠬᠤ ᠵᠢ ᠪᠠᠭ᠋ᠠᠰᠬᠠᠬᠤ ᠡᠭᠦᠷᠭᠡ᠎ᠪᠠᠨ ᠤᠷᠢᠳᠴᠢᠯᠠᠨ ᠪᠡᠶᠡᠯᠡᠭᠦᠯᠪᠡ᠃ 《ᠭᠤᠷᠪᠠᠨ ᠨᠠᠭᠤᠷ》᠎ᠢ ᠵᠠᠰᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ᠂ ᠬᠥᠯᠥᠨ ᠨᠠᠭᠤᠷ᠎ᠤᠨ ᠬᠤᠶᠠᠳᠠᠬᠢ ᠬᠤᠭᠤᠴᠠᠭ᠋ᠠᠨ᠎ᠤ ᠵᠠᠰᠠᠯᠲᠠ ᠵᠢᠨ ᠢᠨᠵᠧᠨᠧᠷᠢᠩ᠎ᠳᠠᠬᠢ 13 ᠲᠥᠷᠥᠯ ᠵᠦᠢ᠍ᠯ᠎ᠢ ᠴᠥᠮ ᠪᠠᠶ᠋ᠢᠭᠤᠯᠵᠤ ᠡᠬᠢᠯᠡᠭᠰᠡᠨ ᠪᠥᠭᠡᠳ ᠤᠰᠤᠨ᠎ᠤ ᠴᠢᠨᠠᠷ ᠮᠠᠭᠤᠳᠠᠬᠤ ᠬᠠᠨᠳᠤᠰᠢ ᠵᠢ ᠠᠩᠬ᠎ᠠ ᠠᠯᠬᠤᠮ ᠡᠷᠬᠡᠰᠢᠶᠡᠪᠡ; ᠳᠠᠭ᠎ᠠ ᠵᠢᠨ ᠨᠠᠭᠤᠷ᠎ᠤᠨ ᠤᠰᠤᠨ᠎ᠤ ᠴᠢᠨᠠᠷ᠎ᠤᠨ ᠭᠤᠣᠯ ᠪᠣᠯᠬᠤ ᠭᠦᠢ᠍ᠴᠡᠳᠬᠡᠯ ᠲᠤᠭ᠎ᠠ ᠲᠣᠭᠲᠠᠪᠤᠷᠢᠵᠢᠵᠤ ᠰᠠᠶ᠋ᠢᠵᠢᠷᠠᠪᠡ; ᠤᠯᠠᠭ᠋ᠠᠨᠰᠤᠬᠠᠢ ᠵᠢᠨ ᠠᠮᠢ ᠠᠬᠤᠢ᠎ᠳᠤ 6.15 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ ᠤᠰᠤᠨ᠎ᠤ ᠴᠢᠨᠠᠷ᠎ᠤᠨ ᠶᠡᠷᠦᠩᠬᠡᠢ ᠪᠠᠶ᠋ᠢᠳᠠᠯ᠎ᠨᠢ ᠮᠠᠭᠤ ᠲᠥᠷᠥᠯ᠎ᠤᠨ ᠲᠠᠪᠤᠳᠤᠭ᠋ᠠᠷ᠎ᠲᠤ ᠵᠢᠭᠰᠠᠭ᠋ᠠᠭᠳᠠᠵᠤ ᠪᠠᠶ᠋ᠢᠭᠰᠠᠨ᠎ᠠᠴᠠ᠎ᠪᠠᠨ ᠲᠣᠭᠲᠠᠭᠤᠨ ᠵᠶ᠋ᠠᠷ ᠳᠡᠭᠡᠭᠰᠢᠯᠡᠭᠡᠳ ᠲᠠᠪᠤᠳᠤᠭ᠋ᠠᠷ ᠲᠥᠷᠥᠯ᠎ᠳᠤ ᠣᠷᠣᠪᠠ᠃ ᠬᠤᠲᠠ ᠵᠢᠨ ᠪᠠᠶ᠋ᠢᠭᠤᠯᠵᠤ ᠳᠠᠭᠤᠰᠬᠠᠭᠰᠠᠨ ᠲᠣᠭᠤᠷᠢᠭ᠎ᠲᠠᠬᠢ ᠪᠣᠬᠢᠷ ᠦᠮᠡᠬᠡᠢ ᠤᠰᠤ ᠵᠢ ᠵᠠᠰᠠᠬᠤ ᠡᠭᠦᠷᠭᠡ᠎ᠪᠠᠨ ᠪᠥᠬᠦᠨ᠎ᠢ ᠪᠡᠶᠡᠯᠡᠭᠦᠯᠵᠦ ᠳᠠᠭᠤᠰᠬᠠᠪᠠ᠃ ᠲᠠᠷᠢᠶᠠᠯᠠᠡᠭ᠎ᠳᠤ ᠬᠡᠷᠡᠭᠯᠡᠬᠦ ᠭᠠᠵᠠᠷ᠎ᠤᠨ ᠪᠣᠬᠢᠷᠲᠤᠭᠰᠠᠨ ᠪᠠᠶ᠋ᠢᠳᠠᠯ᠎ᠤᠨ ᠨᠠᠷᠢᠨ ᠪᠠᠶ᠋ᠢᠴᠠᠭ᠋ᠠᠯᠲᠠ᠎ᠪᠠᠨ ᠤᠯᠤᠰ᠎ᠤᠨ ᠰᠢᠯᠭ᠋ᠠᠨ ᠬᠤᠷᠢᠶᠠᠵᠤ ᠠᠪᠬᠤ᠎ᠳᠤ ᠪᠠᠲᠤᠯᠠᠭᠤᠯᠵᠤ᠂ ᠪᠥᠬᠦ ᠣᠷᠣᠨ᠎ᠤ ᠬᠥᠷᠥᠰᠥ ᠰᠢᠷᠣᠢ ᠵᠢᠨ ᠣᠷᠴᠢᠨ ᠲᠣᠭᠤᠷᠢᠨ᠎ᠤ ᠶᠠᠰᠤ ᠴᠢᠨᠠᠷ ᠶᠡᠷᠦᠩᠬᠡᠢ᠎ᠳᠤ᠎ᠪᠠᠨ ᠮᠠᠰᠢ ᠰᠠᠶ᠋ᠢᠨ ᠪᠠᠶ᠋ᠢᠨ᠎ᠠ᠃
      ᠠᠮᠢ ᠠᠬᠤᠢ ᠵᠢ ᠥᠩᠵᠢᠭᠦᠯᠦᠨ ᠰᠡᠷᠭᠦᠭᠡᠵᠦ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ 1363 ᠲᠦᠮᠡᠨ ᠮᠦ᠍ ᠣᠢ ᠰᠢᠭᠤᠢ ᠣᠶ᠋ᠢᠵᠢᠭᠤᠯᠤᠭᠰᠠᠨ ᠪᠥᠭᠡᠳ 944 ᠲᠦᠮᠡᠨ ᠮᠦ᠍ ᠬᠥᠷᠥᠰᠥ ᠰᠢᠷᠣᠢ ᠵᠢᠨ ᠢᠳᠡᠭᠳᠡᠯ᠎ᠲᠠᠢ ᠭᠠᠵᠠᠷ᠎ᠢ ᠵᠠᠰᠠᠪᠠ᠃ ᠶᠡᠭᠡ ᠬᠢᠩᠭ᠋ᠠᠨ ᠳᠠᠪᠠᠭ᠋ᠠᠨ᠎ᠤ ᠣᠢ ᠰᠢᠭᠤᠢ ᠵᠢ ᠰᠦᠢ᠍ᠳᠬᠡᠨ ᠠᠲᠠᠷ ᠬᠠᠭ᠋ᠠᠯᠪᠤᠷᠢᠯᠠᠭᠰᠠᠨ ᠣᠷᠣᠨ᠎ᠳᠤ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠪᠡ᠃ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠪᠡ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ 96.7% ᠦᠢ᠍ᠯᠡᠳᠪᠦᠷᠢ ᠠᠭᠤᠷᠬᠠᠢ ᠠᠵᠤ ᠠᠬᠤᠶ᠋ᠢᠯᠠᠯ᠎ᠢ ᠪᠤᠴᠠᠭ᠋ᠠᠨ ᠭᠠᠷᠭ᠋ᠠᠪᠠ᠃ ᠤᠯᠠᠭ᠋ᠠᠨᠬᠤᠲᠠ᠂ ᠬᠢᠶ᠎ᠠ ᠪᠠᠭᠰᠢ᠂ ᠭᠡᠭᠡᠨ ᠭᠤᠣᠯ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠲᠠ (ᠰᠢᠶᠠᠨ) ᠵᠢᠨ ᠴᠣᠯᠠ ᠵᠢ ᠬᠦᠷᠲᠡᠵᠦ᠂ ᠷᠠᠰᠢᠶᠠᠨ ᠬᠤᠲᠠ ᠤᠯᠤᠰ᠎ᠤᠨ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ》 ᠵᠢᠨ ᠦᠢ᠍ᠯᠡᠳᠦᠯᠭᠡᠵᠢᠭᠦᠯᠵᠦ ᠰᠢᠨ᠎ᠡ ᠵᠢ ᠡᠭᠦᠳᠬᠦ ᠰᠠᠭᠤᠷᠢᠨ ᠭᠠᠵᠠᠷ ᠵᠶ᠋ᠠᠷ ᠨᠡᠷᠡᠯᠡᠭᠳᠡᠪᠡ᠃ ᠬᠥᠯᠥᠨ ᠪᠤᠢ᠌ᠷ᠎ᠤᠨ ᠣᠯᠠᠨ ᠤᠯᠤᠰ᠎ᠤᠨ ᠪᠣᠬᠢᠷᠳᠣᠯ ᠦᠭᠡᠢ ᠬᠥᠭᠵᠢᠯᠲᠡ ᠵᠢᠨ ᠶᠡᠬᠡ ᠬᠤᠷᠠᠯ ᠡᠷᠬᠢᠯᠡᠬᠦ ᠵᠢ ᠲᠡᠮᠵᠢᠪᠡ᠃
     (ᠭᠤᠷᠪᠠ) ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠣᠬᠤ ᠪᠣᠳᠣᠯᠭ᠎ᠠ ᠵᠢ ᠯᠠᠪᠳᠠᠭᠤᠨ ᠪᠠᠲᠤᠲᠠᠢ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ᠎ᠳᠤ ᠰᠢᠨ᠎ᠡ ᠦᠷ᠎ᠡ ᠪᠦᠲᠦᠮᠵᠢ ᠣᠯᠪᠠ᠃ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠮᠵᠢᠲᠦ ᠣᠷᠣᠨ ᠪᠠ ᠴᠢᠬᠤᠯᠠ ᠪᠣᠯᠬᠤ ᠲᠠᠷᠢᠶᠠᠯᠠᠩ᠎ᠤᠨ ᠪᠦᠲᠦᠭᠡᠭᠳᠡᠭᠦᠨ᠎ᠤ ᠦᠢ᠍ᠯᠡᠳᠪᠦᠷᠢᠯᠡᠵᠦ ᠬᠠᠮᠠᠭ᠋ᠠᠯᠠᠬᠤ ᠣᠷᠣᠨ᠎ᠢ ᠬᠤᠪᠢᠶᠠᠷᠢᠯᠠᠨ ᠲᠣᠭᠲᠠᠭ᠋ᠠᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠢ 144 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠪᠡ᠃ ᠲᠠᠷᠢᠮᠠᠯ᠎ᠤᠨ ᠪᠦᠲᠦᠴᠡ ᠵᠢ ᠲᠣᠬᠢᠷᠠᠭᠤᠯᠤᠨ᠂ ᠮᠥᠬᠦᠯᠢᠭᠲᠦ ᠡᠷᠳᠡᠨᠢ ᠰᠢᠰᠢ ᠲᠠᠷᠢᠬᠤ ᠵᠢ ᠪᠠᠭ᠋ᠠᠰᠬᠠᠵᠤ᠂ ᠰᠢᠷ᠎ᠠ ᠪᠤᠷᠴᠠᠭ ᠪᠠ ᠬᠥᠬᠡ ᠲᠠᠷᠤᠰᠢᠭᠤᠯᠤᠨᠨᠰᠠᠨ ᠡᠷᠳᠡᠨᠢ ᠰᠢᠰᠢ ᠲᠠᠷᠢᠬᠤ ᠵᠢ ᠨᠡᠮᠡᠭᠳᠡᠭᠦᠯᠪᠡ᠃ ᠲᠦᠮᠦᠰᠦ ᠵᠢ ᠭᠤᠣᠯᠯᠠᠬᠰᠠᠨ ᠠᠮᠤ ᠪᠤᠳᠠᠭ᠎ᠠ ᠪᠤᠯᠭ᠋ᠠᠬᠤ ᠵᠢ ᠠᠬᠢᠭᠤᠯᠵᠤ᠂ ᠲᠦᠮᠦᠰᠦ ᠵᠢᠨ ᠭᠤᠣᠯ ᠭᠠᠷᠤᠯᠲᠠ ᠵᠢᠨ ᠤᠷᠤᠨ᠎ᠳᠤ ᠨᠡᠮᠡᠭᠦᠷᠢ ᠦᠭᠭᠦᠨ᠎ᠡ᠃ ᠦᠶᠤᠸᠠᠨ ᠰᠢᠶᠠᠨ ᠵᠡᠷᠭᠡ ᠭᠠᠵᠠᠷ᠎ᠤᠨ ᠬᠤᠵᠢᠷᠰᠢᠭᠰᠠᠨ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ᠎ᠲᠤ ᠰᠢᠨᠡᠳᠬᠡᠨ ᠰᠠᠶ᠋ᠢᠵᠢᠷᠠᠭᠤᠯᠬᠤ ᠲᠤᠷᠰᠢᠯᠳᠠ ᠵᠢᠨ ᠴᠡᠭ᠎ᠢ ᠪᠠᠶ᠋ᠢᠭᠤᠯᠵᠤ᠂ ᠳᠡᠯᠭᠡᠷᠡᠭᠦᠯᠵᠦ ᠪᠣᠯᠬᠤ ᠮᠡᠷᠭᠡᠵᠢᠯ᠎ᠤᠨ ᠵᠠᠭᠪᠤᠷ᠎ᠲᠠᠢ ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠳᠠ ᠡᠯᠪᠡᠭ ᠬᠤᠷᠢᠶᠠᠯᠲᠠ ᠣᠯᠵᠤ᠂ ᠠᠮᠤ ᠪᠤᠳᠠᠭ᠋ᠠᠨ᠎ᠤ ᠤᠨᠠᠯᠲᠠ 730.5 ᠳ᠋ᠦᠩᠰᠢᠭᠤᠷ ᠵᠢᠩ᠎ᠳᠤ ᠬᠦᠷᠴᠦ᠂ ᠮᠢᠬᠠᠨ᠎ᠤ ᠲᠦᠷᠦᠯ᠎ᠤᠨ ᠶᠡᠷᠦᠩᠬᠡᠢ ᠭᠠᠷᠤᠯᠲᠠ 257 ᠲᠦᠮᠡᠨ ᠲᠤᠨ ᠪᠣᠯᠪᠠ᠃ ᠰᠦ᠍ ᠰᠠᠭ᠋ᠠᠯᠢ ᠵᠢᠨ ᠦᠢ᠍ᠯᠡᠰ᠎ᠢ ᠬᠥᠭᠵᠢᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠳ᠋ᠧᠩᠺᠧᠥ᠂ ᠬᠤᠷᠢᠨᠭᠡᠷ᠎ᠲᠤ ᠴᠢᠨᠠᠷ ᠰᠠᠶ᠋ᠢᠲᠠᠢ ᠪᠡᠯᠴᠢᠭᠡᠷ ᠡᠪᠡᠰᠦ ᠲᠠᠷᠢᠬᠤ ᠲᠣᠷᠰᠢᠯᠲᠠ ᠵᠢᠨ ᠴᠡᠭ ᠪᠠᠶ᠋ᠢᠭᠤᠯᠤᠨ᠂ ᠰᠠᠭ᠋ᠠᠯᠢ ᠵᠢᠨ ᠦᠨᠢᠶᠡᠨ᠎ᠤ ᠲᠤᠭ᠎ᠠ ᠲᠤᠯᠤᠭ᠋ᠠᠢ ᠪᠠ ᠦᠨᠢᠶᠡᠨ ᠰᠦᠨ᠎ᠤ ᠭᠠᠷᠤᠯᠲᠠ ᠳᠠᠬᠢᠨᠲᠠ ᠳᠡᠭᠡᠭᠰᠢᠯᠡᠨ ᠨᠡᠮᠡᠭᠳᠡᠬᠦ ᠪᠣᠯᠪᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ 11 ᠣᠷᠣᠨ ᠪᠦᠰᠡ ᠵᠢᠨ ᠤᠯᠠᠨ ᠨᠡᠶ᠋ᠢᠲᠡ ᠵᠢᠨ ᠨᠡᠷᠡᠲᠦ ᠲᠡᠮᠳᠡᠭ ᠵᠶ᠋ᠠᠷ 2019 ᠣᠨ᠎ᠤ ᠳᠤᠮᠳᠠᠳᠤ ᠤᠯᠤᠰ᠎ᠤᠨ ᠬᠥᠳᠡᠭᠡ ᠠᠵᠤ ᠠᠬᠤᠢ ᠵᠢᠨ ᠨᠡᠷᠡᠲᠦ ᠲᠡᠮᠳᠡᠭ᠎ᠤᠨ ᠭᠠᠷᠴᠠᠭ᠎ᠲᠤ ᠰᠤᠩᠭᠤᠭᠳᠠᠵᠤ᠂ ᠲᠡᠭᠷᠢ ᠵᠢᠨ ᠬᠡᠰᠢᠭᠳᠦ ᠪᠤᠷᠤᠳᠤᠬᠤᠢ ᠵᠢᠨ ᠣᠷᠣᠨ ᠪᠦᠰᠡ ᠵᠢᠨ ᠨᠡᠷᠡᠲᠦ ᠲᠡᠮᠳᠡᠭ᠎ᠤᠨ ᠨᠦᠯᠦᠭᠡᠯᠡᠬᠦ ᠬᠦᠴᠦᠨ᠎ᠨᠢ ᠪᠦᠬᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠯᠠᠬᠤ ᠪᠣᠯᠵᠤ᠂ ᠪᠦᠲᠦᠭᠡᠭᠳᠡᠭᠦᠨ᠎ᠤ ᠦᠨ᠎ᠡ ᠬᠠᠩᠰᠢ ᠵᠢᠨ ᠥᠭᠰᠥᠯᠲᠡ᠎ᠨᠢ 20%᠎ᠠᠴᠠ ᠳᠡᠭᠡᠭᠰᠢ ᠪᠣᠯᠪᠡ᠃
      ᠮᠠᠯᠵᠢᠬᠤ ᠲᠠᠷᠢᠶᠠᠯᠠᠬᠤ ᠣᠷᠣᠨ᠎ᠤ ᠤᠷᠤᠰᠢᠨ ᠰᠠᠭᠤᠷᠢᠰᠢᠬᠤ ᠣᠷᠴᠢᠨ ᠨᠦᠬᠦᠴᠡᠯ᠎ᠢ ᠴᠡᠭᠴᠡᠯᠡᠨ ᠵᠠᠰᠠᠵᠦ᠂ ᠮᠠᠯᠵᠢᠬᠤ ᠲᠠᠷᠢᠶᠠᠯᠠᠬᠤ ᠣᠷᠣᠨ᠎ᠳᠤ ᠠᠷᠢᠭᠤᠨ ᠴᠡᠪᠡᠷ ᠵᠣᠷᠯᠣᠩ᠎ᠢ ᠲᠦᠭᠡᠮᠡᠯᠵᠢᠭᠦᠯᠦᠭᠰᠡᠨ ᠨᠤᠷᠮ᠎ᠠ 22.4%᠎ᠳᠤ ᠬᠦᠷᠴᠦ᠂ 6.3 ᠵᠠᠭᠤᠨ᠎ᠤ ᠴᠡᠭ ᠳᠡᠭᠡᠭᠰᠢᠯᠡᠪᠡ᠃ ᠪᠠᠶ᠋ᠢᠭᠤᠯᠤᠮᠵᠢᠲᠦ ᠭᠠᠴᠠᠭ᠎ᠠ ᠲᠤᠰᠬᠤᠨ᠎ᠳᠤ ᠳᠡᠪᠢᠰᠴᠦ ᠬᠠᠲᠠᠭᠤᠷᠠᠭᠤᠯᠤᠭᠰᠠᠨ ᠵᠠᠮ ᠪᠠ ᠥᠷᠭᠡᠨ ᠪᠦᠰᠡᠲᠦ ᠰᠦᠯᠵᠢᠶ᠎ᠡ ᠵᠢ ᠦᠨᠳᠦᠰᠦᠨ᠎ᠳᠤ᠎ᠪᠠᠨ ᠪᠦᠷᠭᠦᠭᠦᠯᠵᠦ᠂ ᠠᠯᠤᠰ ᠬᠤᠯᠠ ᠪᠣᠶ᠋ᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠬᠦ ᠴᠠᠬᠢᠯᠭ᠋ᠠᠨ᠎ᠢ ᠲᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠬᠦ ᠵᠢ ᠦᠨᠳᠦᠰᠦᠨ᠎ᠳᠤ᠎ᠪᠠᠨ ᠪᠡᠶᠡᠯᠡᠭᠦᠯᠵᠤ᠂ 《ᠬᠦᠯᠡᠮᠵᠢ᠎ᠲᠠᠢ ᠳᠦᠬᠦᠷᠵᠢᠭᠦᠯᠦᠭᠰᠡᠨ ᠭᠡᠷ ᠪᠠᠶ᠋ᠢᠰᠢᠩ》᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤ᠂ ᠠᠪᠠᠭ᠎ᠠ ᠬᠤᠰᠢᠭᠤᠨ᠎ᠳᠤ ᠮᠠᠯᠵᠢᠬᠤ ᠣᠷᠣᠨ᠎ᠤ ᠤᠳᠤᠬᠢᠴᠢᠯᠠᠬᠤ ᠲᠣᠷᠰᠢᠯᠲᠠ ᠵᠢᠨ ᠴᠡᠭ᠂ ᠲᠦᠴᠢᠦᠸᠠᠨ ᠰᠢᠶᠠᠨ᠎ᠳᠤ ᠬᠤᠭ ᠨᠣᠪᠰᠢ ᠵᠢ ᠲᠦᠷᠦᠯ ᠠᠩᠬᠢᠯᠠᠨ ᠰᠢᠢ᠍ᠳᠪᠦᠷᠢᠯᠡᠬᠦ ᠲᠣᠷᠰᠢᠯᠲᠠ ᠵᠢᠨ ᠴᠡᠭ ᠪᠠ ᠰᠢᠯᠤᠭᠤᠨ ᠬᠥᠬᠡ ᠬᠤᠰᠢᠭᠤᠨ᠎ᠳᠤ ᠮᠠᠯᠵᠢᠬᠤ ᠣᠷᠣᠨ᠎ᠤ ᠵᠣᠷᠯᠣᠩ᠎ᠢ ᠦᠭᠡᠷᠡᠴᠢᠯᠡᠬᠦ ᠲᠣᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠪᠡ᠃
    (ᠳᠥᠷᠪᠡ) ᠦᠭᠡᠷᠡᠴᠢᠯᠡᠯᠲᠡ ᠨᠡᠭᠡᠭᠡᠯᠲᠡ ᠬᠢᠬᠦ ᠡᠷᠴᠢᠮ᠎ᠢ ᠴᠢᠩᠭ᠋ᠠᠷᠠᠭᠤᠯᠵᠤ᠂ ᠬᠥᠭᠵᠢᠯᠲᠡ ᠵᠢᠨ ᠬᠦᠳᠡᠯᠭᠡᠭᠴᠢ ᠬᠦᠴᠦᠨ ᠲᠠᠰᠤᠷᠠᠯᠲᠠ ᠦᠭᠡᠢ ᠴᠢᠩᠭ᠋ᠠᠷᠠᠪᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠤᠭᠴᠠ 7.2% ᠨᠡᠮᠡᠭᠳᠡᠨ᠂ ᠠᠷᠠᠳ᠎ᠤᠨ ᠳᠤᠮᠳᠠᠬᠢ ᠪᠡᠯᠡ ᠣᠷᠤᠭᠤᠯᠤᠯᠲᠠ 6.9% ᠨᠡᠮᠡᠭᠳᠡᠪᠡ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠵᠢ ᠪᠤᠭᠤᠨᠢᠰᠬᠠᠭ᠋ᠠᠳ 100 ᠠᠵᠢᠯᠯᠠᠬᠤ ᠡᠳᠦᠷ᠎ᠤᠨ ᠲᠤᠳᠤᠷ᠎ᠠ ᠳᠠᠭᠤᠰᠬᠠᠬᠤ ᠪᠣᠯᠭ᠋ᠠᠵᠤ᠂ ᠠᠵᠤ ᠠᠬᠤᠶ᠋ᠢᠯᠠᠯ᠎ᠤᠨ ᠪᠡᠯᠡ ᠣᠷᠤᠭᠤᠯᠤᠭᠰᠠᠨ ᠲᠦᠷᠦᠯ ᠵᠦᠢ᠍ᠯ᠎ᠤᠨ ᠬᠠᠷᠭᠤᠭᠤᠯᠤᠨ ᠵᠥᠪᠰᠢᠶᠡᠷᠡᠬᠦ ᠴᠠᠭ ᠬᠤᠭᠤᠴᠠᠭ᠎ᠠ ᠵᠢ ᠭᠤᠷᠪᠠᠨ᠎ᠤ ᠨᠢᠭᠡ᠎ᠪᠠᠷ ᠪᠤᠭᠤᠨᠢᠰᠬᠠᠪᠠ᠃ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠵᠢ ᠠᠯᠤᠰᠯᠠᠭᠰᠠᠨ ᠰᠦᠢ᠍ᠳᠬᠡᠯ ᠬᠤᠷᠢᠶᠠᠬᠤ ᠥᠷᠲᠡᠭᠡ ᠵᠢ ᠬᠦᠴᠦᠨ ᠦᠭᠡᠢ ᠪᠣᠯᠭ᠋ᠠᠪᠠ᠃ ᠲᠤᠰ ᠱᠠᠲᠤᠨ᠎ᠤ 90%᠎ᠠᠴᠠ ᠳᠡᠭᠡᠭᠰᠢᠬᠢ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢ ᠨᠢᠭᠡᠲᠦᠯᠲᠡᠢ ᠬᠢᠨᠠᠨ ᠬᠠᠮᠢᠶᠠᠷᠬᠤ ᠬᠡᠪᠴᠢᠶᠡᠨ᠎ᠳᠤ ᠣᠷᠤᠭᠤᠯᠪᠠ᠃ ᠤᠯᠤᠰ᠎ᠤᠨ ᠥᠮᠴᠢᠯᠡᠯᠲᠦ ᠣᠢ ᠰᠢᠭᠤᠢ ᠵᠢᠨ ᠲᠠᠯᠠᠪᠠᠢ᠎ᠳᠤ ᠥᠭᠡᠷᠡᠴᠢᠯᠡᠯᠲᠡ ᠬᠢᠬᠦ ᠡᠭᠦᠷᠭᠡ᠎ᠪᠠᠨ ᠪᠥᠬᠦ ᠲᠠᠯ᠎ᠠ᠎ᠪᠠᠷ ᠪᠡᠶᠡᠯᠡᠭᠦᠯᠵᠦ᠂ ᠶᠡᠭᠡ ᠬᠢᠩᠭ᠋ᠠᠨ ᠳᠠᠪᠠᠭ᠋ᠠᠨ᠎ᠤ ᠣᠢ ᠰᠢᠭᠤᠢ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠯ᠎ᠢ ᠤᠯᠠᠮ ᠨᠢᠭᠡ ᠠᠯᠬᠤᠮ ᠰᠢᠯᠤᠭᠤᠳᠬᠠᠪᠠ᠃ ᠭᠠᠳᠠᠭ᠋ᠠᠲᠤ ᠨᠡᠭᠡᠭᠡᠯᠲᠡ ᠬᠢᠬᠦ ᠬᠢᠷᠢ ᠲᠥᠪᠰᠢᠨ ᠳᠡᠭᠡᠭᠰᠢᠯᠡᠵᠦ᠂ ᠪᠦᠬᠦ ᠣᠷᠣᠨ᠎ᠤ ᠭᠠᠳᠠᠭ᠋ᠠᠳᠤ᠎ᠠᠴᠠ ᠣᠷᠤᠭᠤᠯᠵᠤ ᠭᠠᠳᠠᠭ᠋ᠠᠲᠤ᠎ᠳᠤ ᠭᠠᠷᠭ᠋ᠠᠭᠰᠠᠨ ᠶᠡᠷᠦᠩᠬᠡᠢ ᠲᠤᠭ᠎ᠠ 5.9% ᠨᠡᠮᠡᠭᠳᠡᠨ᠂ ᠮᠠᠨ᠎ᠤ ᠣᠷᠣᠨ᠎ᠠᠴᠠ ᠠᠶᠠᠯᠠᠯ ᠵᠶ᠋ᠠᠨ ᠡᠬᠢᠯᠡᠬᠦᠯᠦᠭᠰᠡᠨ ᠳᠤᠮᠳᠠᠳᠤ ᠡᠸᠦ᠋ᠷᠦᠫᠡ ᠵᠢᠨ ᠵᠢᠱ᠌ᠢᠶᠡᠨ᠎ᠤ ᠭᠠᠯᠲᠤ ᠲᠡᠷᠭᠡᠨ᠎ᠤ ᠡᠭᠡᠯᠵᠢ 20.4% ᠨᠡᠮᠡᠭᠳᠡᠪᠡ᠃ 《ᠨᠢᠭᠡ ᠪᠦᠰᠡ ᠨᠢᠭᠡ ᠵᠠᠮ · ᠭᠡᠷᠡᠯ ᠭᠡᠭᠡ ᠵᠢᠨ ᠠᠶᠠᠯᠠᠯ》᠎ᠤᠨ ᠮᠣᠩᠭᠤᠯ ᠤᠯᠤᠰ᠎ᠲᠠᠬᠢ ᠠᠵᠢᠯᠯᠠᠭ᠋ᠠᠨ᠎ᠢ ᠬᠡᠷᠡᠭᠵᠢᠭᠦᠯᠵᠦ᠂ ᠪᠡᠯᠡ ᠣᠷᠤᠭᠤᠯᠵᠦ ᠠᠷᠠᠯᠵᠢᠶᠠᠯᠠᠬᠤ ᠬᠠᠮᠲᠤᠷᠠᠯᠴᠠᠭ᠎ᠠ᠂ ᠯᠢᠶᠣᠤ ᠤᠯᠤᠰ᠎ᠤᠨ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠦᠵᠡᠰᠭᠦᠯᠡᠩ᠂ ᠡᠮᠴᠢᠯᠡᠭᠡᠨ᠎ᠤ ᠦᠢ᠍ᠯᠡᠴᠢᠯᠡᠭᠡ᠂ ᠰᠤᠷᠭ᠋ᠠᠨ ᠬᠦᠮᠦᠵᠢᠯ ᠰᠤᠶᠤᠯ᠎ᠤᠨ ᠰᠣᠯᠢᠯᠴᠠᠭ᠎ᠠ ᠵᠡᠷᠭᠡ ᠠᠵᠢᠯᠯᠠᠭ᠎ᠠ ᠵᠢ ᠦᠷᠨᠢᠭᠦᠯᠪᠡ᠃ ᠳᠤᠮᠳᠠᠳᠤ ᠮᠣᠩᠭᠤᠯ ᠬᠤᠶᠠᠷ ᠤᠯᠤᠰ ᠡᠷᠢᠶᠡᠨ ᠬᠤᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠢ ᠪᠦᠲᠦᠭᠡᠨ ᠪᠠᠶ᠋ᠢᠭᠤᠯᠬᠤ ᠵᠦᠪᠯᠡᠯᠴᠡᠭᠡᠷ᠎ᠲᠤ ᠭᠠᠷ᠎ᠤᠨ ᠦᠰᠦᠭ ᠵᠢᠷᠤᠵᠤ ᠲᠣᠬᠢᠷᠠᠯᠴᠠᠪᠠ᠃ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠮᠤᠩᠭᠤᠯ᠎ᠤᠨ ᠦᠵᠡᠰᠭᠦᠯᠡᠩ᠎ᠢ ᠠᠮᠵᠢᠯᠲᠠ᠎ᠲᠠᠢ ᠡᠷᠬᠢᠯᠡᠪᠡ᠃ ᠣᠷᠣᠰ᠎ᠤᠨ ᠢᠷᠺᠦ᠋ᠼᠺ᠂ ᠺᠷᠠᠰᠨᠤᠲ᠋ᠦ᠋ᠷᠢᠨᠰᠺ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠎ᠯᠤᠭ᠎ᠠ ᠵᠠᠰᠠᠭ᠎ᠤᠨ ᠣᠷᠳᠣᠨ᠎ᠤ ᠬᠤᠭᠤᠷᠤᠨᠳᠤᠬᠢ ᠲᠣᠭᠲᠠᠮᠠᠯ ᠬᠤᠭᠤᠴᠠᠭ᠎ᠠ᠎ᠲᠠᠢ ᠠᠭᠤᠯᠵᠠᠯᠲᠠ ᠬᠢᠬᠦ ᠪᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠣᠭᠲᠠᠴᠠ ᠵᠢ ᠪᠠᠶ᠋ᠢᠭᠤᠯᠪᠠ᠃ ᠠᠷᠠᠪ᠎ᠤᠨ ᠬᠤᠯᠪᠣᠭ᠋ᠠᠲᠤ ᠠᠬᠠᠮᠠᠳᠲᠤ ᠤᠯᠤᠰ ᠪᠠ ᠤᠯᠠᠭ᠋ᠠᠨᠬᠠᠳᠠ ᠵᠢᠨ 《ᠨᠢᠭᠡ ᠪᠦᠰᠡ ᠨᠢᠭᠡ ᠵᠠᠮ》᠎ᠤᠨ ᠮᠠᠯ ᠪᠡᠯᠴᠢᠭᠡᠷ ᠠᠷᠠᠴᠢᠯᠠᠬᠤ ᠠᠵᠢᠯ᠎ᠢ ᠨᠢᠭᠡ ᠴᠤᠭᠴᠠᠵᠢᠭᠤᠯᠬᠤ ᠲᠦᠷᠦᠯ ᠵᠦᠢ᠍ᠯ᠂ ᠢᠰᠷᠧᠯ ᠪᠠ ᠪᠠᠶᠠᠨᠨᠠᠭᠤᠷ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠦᠷᠦᠯ ᠵᠦᠢ᠍ᠯ ᠪᠠᠶ᠋ᠢᠭᠤᠯᠬᠤ ᠵᠢ ᠬᠡᠷᠡᠭᠵᠢᠭᠦᠯᠵᠦ᠂ ᠶᠠᠫᠤᠨ᠂ ᠪᠧᠯᠦᠷᠦ᠋ᠰ ᠵᠡᠷᠭᠡ ᠤᠯᠤᠰ᠎ᠯᠤᠭ᠎ᠠ ᠵᠢᠨ ᠪᠤᠲᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠴᠢᠩᠭ᠋ᠠᠳᠬᠠᠪᠠ᠃ ᠤᠯᠠᠭ᠋ᠠᠨᠴᠠᠪ — ᠡᠷᠢᠶᠡᠨ ᠬᠤᠳᠠ ᠵᠢᠨ ᠬᠠᠭᠤᠷᠠᠢ᠎ᠳᠠᠬᠢ ᠭᠠᠷᠠᠮ᠎ᠢ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠤᠷᠤᠨ᠎ᠤ ᠪᠦᠲᠦᠭᠡᠨ ᠪᠠᠶ᠋ᠢᠭᠤᠯᠤᠯᠲᠠ ᠵᠢᠨ ᠨᠡᠷᠡᠰ᠎ᠲᠤ ᠵᠢᠭᠰᠠᠭ᠋ᠠᠨ ᠣᠷᠤᠭᠤᠯᠵᠤ᠂ ᠤᠯᠠᠭ᠋ᠠᠨᠴᠠᠪ᠎ᠤᠨ ᠭᠠᠶ᠋ᠢᠯᠢ ᠪᠠᠳᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠪᠠᠶ᠋ᠢᠭᠤᠯᠬᠤ ᠵᠥᠪᠰᠢᠶᠡᠷᠡᠯ᠎ᠢ ᠣᠯᠵᠤ᠂ ᠣᠷᠳᠤᠰ᠎ᠤᠨ ᠶᠡᠷᠦᠩᠬᠡᠶ᠋ᠢᠯᠡᠭᠰᠡᠨ ᠭᠠᠶ᠋ᠢᠯᠢ ᠪᠠᠳᠤᠯᠠᠬᠤ ᠣᠷᠣᠨ ᠪᠠ ᠪᠠᠶᠠᠨᠨᠠᠭᠤᠷ᠎ᠤᠨ ᠭᠠᠶ᠋ᠢᠯᠢ ᠪᠠᠳᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠪᠤᠭᠤᠮᠲᠠ ᠬᠠᠭ᠋ᠠᠵᠦ ᠠᠵᠢᠯᠯᠠᠬᠤ ᠪᠣᠯᠪᠠ᠃ ᠬᠤᠶᠠᠳᠤᠭ᠋ᠠᠷ ᠬᠤᠭᠤᠴᠠᠭ᠋ᠠᠨ᠎ᠤ ᠷᠠᠰᠢᠶᠠᠨ᠎ᠤ ᠶᠠᠷᠢᠶᠠᠨ᠎ᠤ ᠲᠠᠪᠴᠠᠩ ᠡᠷᠬᠢᠯᠡᠬᠦ ᠵᠢ ᠳᠡᠮᠵᠢᠪᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠦᠨ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ᠂ ᠬᠤᠸᠠ ᠳ᠋ᠠ ᠭᠧᠨ᠎ᠤ ᠺᠤᠮᠫᠠᠨᠢ᠂ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠬᠡᠷᠡᠭᠯᠡᠭᠡᠨ᠎ᠤ ᠨᠢᠰᠬᠡᠯ᠂ ᠫᠢᠩ ᠠᠨ ᠪᠦᠯᠦᠭᠯᠡᠯ᠂ ᠬᠤᠸᠠ ᠸᠧᠢ᠂ ᠲᠧᠩ ᠰᠢᠶᠦ᠋ᠨ᠂ ᠳᠣᠬᠢᠭᠤᠷ ᠳᠣᠯᠣᠭ᠎ᠠ ᠳᠠᠭ᠋ᠠᠭᠤᠯᠢ ᠣᠳᠣᠨ᠎ᠤ ᠠᠭ᠋ᠠᠷ ᠰᠠᠨᠰᠠᠷ᠎ᠤᠨ ᠪᠦᠯᠦᠭᠯᠡᠯ ᠵᠡᠷᠭᠡ᠎ᠯᠦᠭᠡ ᠵᠢᠨ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠪᠠᠷ᠎ᠬᠢ ᠬᠠᠮᠲᠤᠷᠠᠨ ᠠᠵᠢᠯᠯᠠᠬᠤ ᠵᠢ ᠭᠦᠨᠵᠡᠭᠡᠶ᠋ᠢᠷᠡᠭᠦᠯᠪᠡ᠃ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠬᠤᠳᠠᠯᠳᠤᠭ᠋ᠠᠴᠢᠳ᠎ᠤᠨ ᠶᠡᠭᠡ ᠬᠤᠷᠠᠯ᠎ᠢ ᠬᠤᠷᠠᠯᠳᠤᠭᠤᠯᠵᠤ᠂ ᠥᠪᠥᠷ ᠮᠣᠩᠭᠤᠯ᠎ᠤᠨ ᠬᠤᠳᠠᠯᠳᠤᠭ᠋ᠠᠴᠢᠳ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠪᠡ᠃
     (ᠲᠠᠪᠤ) ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠶ᠋ᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠬᠢᠷᠢ ᠲᠥᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠪᠡ᠃ ᠠᠵᠢᠯ ᠣᠯᠭᠤᠯᠲᠠ ᠵᠢ ᠪᠦᠬᠦ ᠬᠦᠴᠦᠨ ᠵᠶ᠋ᠠᠷ ᠵᠶ᠋ᠠᠨ ᠲᠣᠭᠲᠠᠪᠤᠷᠢᠵᠢᠭᠤᠯᠤᠨ ᠠᠬᠢᠭᠤᠯᠵᠤ᠂ ᠬᠤᠲᠠ ᠪᠠᠯᠭ᠋ᠠᠰᠤᠨ᠎ᠤ ᠠᠵᠢᠯ ᠤᠯᠤᠭᠰᠠᠳ 26.3 ᠲᠦᠮᠡᠨ ᠬᠦᠮᠦᠨ ᠰᠢᠨ᠎ᠡ᠎ᠪᠠᠷ ᠨᠡᠮᠡᠭᠳᠡᠵᠦ᠂ ᠣᠨ᠎ᠤ ᠲᠦᠯᠦᠪᠯᠡᠭᠡ ᠵᠢᠨ 119.6% ᠵᠢ ᠪᠡᠶᠡᠯᠡᠭᠦᠯᠪᠡ; ᠬᠤᠲᠠ ᠪᠠᠯᠭ᠋ᠠᠰᠤᠨ᠎ᠳᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ᠎ᠤᠨ ᠨᠤᠷᠮ᠎ᠠ 3.7%᠎ᠳᠤ ᠬᠦᠷᠴᠦ᠂ ᠡᠵᠡᠮᠰᠢᠬᠦ ᠬᠠᠷᠠᠯᠲᠠ᠎ᠠᠴᠠ ᠳᠣᠣᠷ᠎ᠠ ᠪᠣᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠥᠷᠢᠲᠦᠵᠦ ᠪᠠᠶ᠋ᠢᠭ᠎ᠠ ᠴᠠᠯᠢᠩ᠎ᠤᠨ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ᠃ ᠳᠦᠭᠦᠮ ᠪᠦᠲᠦᠴᠡᠲᠦ ᠣᠷᠣᠨ ᠰᠠᠭᠤᠴᠠ ᠵᠢ ᠦᠭᠡᠷᠡᠴᠢᠯᠡᠨ ᠰᠠᠶ᠋ᠢᠵᠢᠷᠠᠭᠤᠯᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠤᠯᠠᠭ᠋ᠠᠨᠴᠠᠪ ᠬᠤᠲᠠ ᠵᠢ ᠳᠦᠭᠦᠮ ᠪᠦᠲᠦᠴᠡᠲᠦ ᠣᠷᠣᠨ ᠰᠠᠭᠤᠴᠠ ᠵᠢᠨ ᠦᠭᠡᠷᠡᠴᠢᠯᠡᠨ ᠰᠠᠶ᠋ᠢᠵᠢᠷᠠᠭᠤᠯᠬᠤ ᠠᠵᠢᠯ᠎ᠤᠨ ᠤᠷᠮᠠᠰᠢᠭᠤᠯᠬᠤ ᠬᠤᠲᠠ᠎ᠪᠠᠷ ᠲᠣᠭᠲᠠᠭ᠋ᠠᠪᠠ᠃ 103 ᠬᠤᠰᠢᠭᠤ ᠰᠢᠶᠠᠨ ᠬᠤᠲᠠ ᠲᠤᠭᠤᠷᠢᠭ᠎ᠲᠤ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠦᠨᠳᠦᠰᠦᠨ᠎ᠳᠤ᠎ᠪᠠᠨ ᠲᠡᠩᠴᠡᠭᠦᠷᠢᠲᠡᠢ ᠪᠠᠶ᠋ᠢᠯᠭ᠋ᠠᠬᠤ ᠵᠢ ᠪᠡᠶᠡᠯᠡᠭᠦᠯᠵᠦ᠂ ᠦᠨᠳᠦᠷ ᠳᠤᠮᠳᠠᠳᠤ ᠵᠢᠨ ᠱᠠᠲᠤᠨ᠎ᠤ ᠰᠤᠷᠭ᠋ᠠᠭᠤᠯᠢ᠎ᠳᠤ ᠣᠷᠣᠭᠰᠠᠨ ᠰᠤᠷᠤᠭᠴᠢᠳ᠎ᠤᠨ ᠪᠦᠭᠦ ᠲᠤᠭ᠎ᠠ᠎ᠨᠢ ᠪᠦᠬᠦ ᠤᠯᠤᠰ᠎ᠤᠨ ᠲᠡᠭᠰᠢᠳᠭᠡᠭᠰᠡᠨ ᠬᠢᠷᠢ ᠲᠦᠪᠰᠢᠨ᠎ᠠᠴᠠ 5.7 ᠵᠠᠭᠤᠨ᠎ᠤ ᠴᠡᠭ ᠦᠨᠳᠦᠷ ᠪᠣᠯᠪᠠ᠃ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠬᠦᠬᠡᠬᠤᠲᠠ᠎ᠳᠠᠬᠢ ᠬᠤᠪᠢᠶᠠᠷᠢ ᠰᠤᠷᠭ᠋ᠠᠭᠤᠯᠢ ᠡᠬᠢᠯᠡᠨ ᠰᠤᠷᠤᠭᠴᠢ ᠡᠯᠰᠡᠪᠡ᠃ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠦᠮᠦᠰ᠎ᠤᠨ ᠨᠠᠰᠤᠵᠢᠯ᠎ᠤᠨ ᠮᠦᠩᠭᠦ᠂ ᠬᠤᠲᠠ ᠬᠦᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠃ ᠬᠡᠰᠡᠭ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠠᠰᠠᠭᠤᠳᠠᠯ᠎ᠢ ᠰᠢᠢ᠍ᠳᠪᠦᠷᠢᠯᠡᠪᠡ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠲᠦᠯᠦᠬᠦ ᠪᠠᠷᠢᠮᠵᠢᠶ᠎ᠠ ᠵᠢ ᠪᠠᠭᠤᠷᠠᠭᠤᠯᠵᠤ᠂ ᠲᠠᠩᠰᠠ ᠲᠠᠶ᠋ᠢᠯᠬᠤ ᠬᠠᠷᠢᠴᠠᠯ᠎ᠢ ᠳᠡᠭᠡᠭᠰᠢᠯᠡᠭᠦᠯᠦᠨ᠂ ᠴᠢᠰᠤᠨ ᠳᠠᠷᠤᠯᠲᠠ ᠦᠨᠳᠦᠷ᠂ ᠰᠢᠬᠢᠷ ᠰᠢᠵᠢᠩ ᠡᠪᠡᠳᠴᠢᠨ ᠵᠡᠷᠭᠡ ᠵᠢᠨ ᠡᠭᠦᠳᠡᠨ ᠡᠮᠨᠡᠯᠬᠡ᠎ᠳᠤ ᠬᠡᠷᠡᠭᠯᠡᠬᠦ ᠡᠮ᠎ᠢ ᠡᠮᠴᠢᠯᠡᠬᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠤᠭᠤᠯᠪᠠ᠃ 《ᠭᠡᠷᠡᠯ ᠭᠡᠭᠡ ᠵᠢᠨ ᠠᠶᠠᠯᠠᠯ》᠎ᠤᠨ ᠠᠵᠢᠯᠯᠠᠭ᠎ᠠ᠎ᠪᠠᠷ ᠨᠡᠶ᠋ᠢᠲᠡ 2.6 ᠲᠦᠮᠡᠨ ᠡᠪᠡᠳᠴᠢᠲᠡᠨ᠎ᠳᠤ ᠬᠠᠷᠠᠭ᠎ᠠ ᠣᠷᠤᠭᠤᠯᠬᠤ ᠮᠡᠰᠡ ᠵᠠᠰᠠᠯ ᠬᠢᠵᠦ ᠥᠭᠪᠡ᠃ ᠰᠦᠨᠢᠳ ᠵᠡᠭᠦᠨ ᠬᠤᠰᠢᠭᠤ᠂ ᠳᠥᠷᠪᠡᠳ ᠬᠤᠰᠢᠭᠤᠨ᠎ᠤ ᠬᠤᠯᠤᠭ᠋ᠠᠨ᠎ᠠ ᠵᠢᠨ ᠬᠢᠵᠢᠭ᠎ᠤᠨ ᠪᠠᠶ᠋ᠢᠳᠠᠯ᠎ᠢ ᠪᠦᠲᠦᠮᠵᠢᠲᠡᠢ ᠰᠡᠷᠭᠡᠶ᠋ᠢᠯᠡᠨ ᠡᠵᠡᠮᠰᠢᠪᠡ᠃ ᠪᠤᠷᠤᠳᠤᠬᠤᠢ ᠵᠢᠨ ᠤᠰᠤᠯᠠᠯᠲᠠ ᠵᠢᠨ ᠣᠷᠣᠨ᠎ᠨᠢ ᠳᠡᠯᠡᠬᠡᠢ ᠵᠢᠨ ᠤᠰᠤᠯᠠᠯᠲᠠ ᠵᠢᠨ ᠢᠨᠵᠧᠨᠧᠷᠢᠩ᠎ᠤᠨ ᠥᠪ᠎ᠤᠨ ᠨᠡᠷᠡᠰ᠎ᠲᠤ ᠰᠤᠩᠭᠤᠨᠨᠳᠠᠪᠠ᠃ ᠤᠯᠠᠭ᠋ᠠᠨᠮᠦ᠋ᠴᠢᠷ᠎ᠤᠨ᠎ᠬᠢᠨ ᠣᠨᠳᠣᠣ ᠭᠠᠵᠠᠷ᠎ᠲᠤ ᠰᠤᠯᠢᠯᠴᠠᠬᠤ ᠲᠣᠭᠯᠠᠯᠲᠠ ᠭᠠᠷᠭ᠋ᠠᠪᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠠᠯᠠᠪᠤᠷ ᠣᠷᠳᠣᠨ ᠪᠦᠬᠦᠨ᠎ᠢ ᠪᠠᠶ᠋ᠢᠭᠤᠯᠵᠦ ᠲᠠᠭᠤᠰᠬᠠᠨᠨᠰᠠᠨ ᠪᠦᠭᠡᠳ ᠠᠰᠢᠭᠯᠠᠯᠲᠠ᠎ᠳᠤ ᠣᠷᠤᠭᠤᠯᠪᠠ᠃ ᠨᠡᠶ᠋ᠢᠬᠡᠮ ᠲᠡᠬᠡᠷᠡᠬᠢ ᠬᠥᠯ ᠪᠦᠮᠪᠦᠭᠡᠨ᠎ᠤ ᠲᠠᠯᠠᠪᠤᠷ᠎ᠢ ᠨᠡᠶ᠋ᠢᠲᠡ 1271 ᠪᠠᠶ᠋ᠢᠭᠤᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ᠎ᠳᠠᠬᠢ ᠪᠦᠲᠦᠭᠡᠨ ᠪᠠᠶ᠋ᠢᠭᠤᠯᠬᠤ ᠡᠭᠦᠷᠭᠡ᠎ᠪᠠᠨ ᠤᠷᠢᠳᠴᠢᠯᠠᠨ ᠪᠡᠶᠡᠯᠡᠭᠦᠯᠪᠡ᠃ ᠮᠠᠨ᠎ᠤ ᠣᠷᠣᠨ᠎ᠤ ᠲᠠᠮᠢᠷᠴᠢᠳ ᠤᠯᠤᠰ᠎ᠤᠨ ᠳᠡᠰ᠎ᠠᠴᠠ ᠳᠡᠭᠡᠭᠰᠢᠬᠢ ᠣᠷᠤᠯᠳᠤᠭ᠋ᠠᠨ᠎ᠳᠤ 116 ᠤᠳᠠᠭ᠎ᠠ ᠮᠠᠩᠯᠠᠶ᠋ᠢᠯᠠᠪᠠ᠃
      ᠠᠮᠤᠭᠤᠯᠠᠩ ᠲᠠᠶ᠋ᠢᠪᠣᠩ ᠦᠪᠦᠷ ᠮᠣᠩᠭᠤᠯ᠎ᠤᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠪᠠ᠃ ᠠᠭᠤᠷᠬᠠᠢ᠂ ᠠᠶᠤᠯᠲᠠᠢ ᠬᠢᠮᠢ ᠵᠢᠨ ᠪᠤᠳᠠᠰ᠎ᠤᠨ ᠠᠮᠦᠷ ᠲᠥᠪᠰᠢᠨ᠎ᠤ ᠲᠠᠯ᠎ᠠ᠎ᠪᠠᠷ᠎ᠬᠢ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠢᠳᠡᠭᠡᠨ᠎ᠤ ᠪᠠ ᠡᠮ᠎ᠤᠨ ᠵᠦᠢ᠍ᠯ᠂ ᠭᠠᠯ ᠰᠡᠷᠭᠡᠶ᠋ᠢᠯᠡᠨ ᠤᠨᠲᠠᠷᠠᠭ᠋ᠠᠬᠤ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠋ᠠᠨ᠎ᠤ ᠠᠮᠦᠷ ᠲᠥᠪᠰᠢᠨ᠎ᠤ ᠲᠠᠯ᠎ᠠ᠎ᠪᠠᠷ᠎ᠬᠢ ᠲᠥᠭᠰᠢᠭᠦᠷᠢ ᠵᠢ ᠰᠡᠷᠭᠡᠶ᠋ᠢᠯᠡᠨ ᠡᠵᠡᠮᠰᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ᠎ᠢ ᠶᠡᠷᠦᠩᠬᠡᠢ᠎ᠳᠤ᠎ᠨᠢ ᠲᠣᠭᠲᠠᠭᠤᠨ ᠪᠠᠶ᠋ᠢᠯᠭ᠋ᠠᠪᠠ᠃ ᠬᠠᠷ᠎ᠠ ᠪᠦᠯᠦᠭᠲᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠦᠷᠨᠢᠭᠦᠯᠵᠦ᠂ ᠨᠢᠭᠡ ᠪᠦᠯᠦᠭ ᠬᠠᠷ᠎ᠠ ᠪᠦᠯᠦᠭᠲᠡᠨ ᠬᠠᠷᠬᠢᠰ ᠬᠦᠴᠦᠨ ᠵᠢᠴᠢ ᠲᠡᠭᠦᠨ᠎ᠤ ᠬᠠᠮᠠᠭ᠋ᠠᠯᠬᠠᠴᠢ ᠰᠢᠬᠦᠷ᠎ᠢ ᠠᠷᠢᠯᠭ᠋ᠠᠨ᠂ ᠠᠷᠠᠳ ᠲᠦᠮᠡᠨ᠎ᠤ ᠠᠮᠦᠷ ᠲᠥᠪᠰᠢᠨ᠎ᠤ ᠲᠠᠯ᠎ᠠ᠎ᠪᠠᠷ᠎ᠬᠢ ᠲᠦᠷᠦᠭᠳᠡᠯ᠎ᠢ᠎ᠨᠢ ᠴᠢᠩᠭ᠋ᠠᠷᠠᠭᠤᠯᠪᠠ᠃
      ᠲᠦᠯᠦᠭᠡᠯᠡᠭᠴᠢᠳ ᠡ! ᠦᠩᠭᠡᠷᠡᠭᠰᠡᠨ ᠨᠢᠭᠡ ᠵᠢᠯ᠎ᠳᠤ ᠪᠢᠳᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠴᠣᠭᠴᠠᠯᠠᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ ᠦᠷᠨᠢᠭᠦᠯᠵᠦ᠂ 27 ᠬᠠᠮᠲᠤ ᠪᠠ 33 ᠬᠤᠪᠢ ᠬᠦᠮᠦᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠦᠮᠦᠨ ᠵᠶ᠋ᠠᠷ ᠦᠨᠡᠯᠡᠭᠳᠡᠪᠡ᠃ ᠳᠦᠬᠢᠮ᠎ᠠ ᠨᠦᠬᠦᠷ 《ᠠᠷᠠᠳ᠎ᠤᠨ ᠵᠢᠱ᠌ᠢᠶᠡᠴᠢ》 ᠬᠡᠮᠡᠬᠦ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠲᠡᠪᠡ᠃ 《ᠬᠢᠲᠠᠳ ᠮᠣᠩᠭᠤᠯ ᠬᠠᠤᠯᠢ ᠴᠠᠭ᠋ᠠᠵᠠ ᠵᠢᠨ ᠬᠡᠷᠡᠭᠯᠡᠭᠡᠨ᠎ᠤ ᠪᠦᠷᠢᠨ ᠲᠣᠯᠢ》 ᠵᠢ ᠨᠠᠶ᠋ᠢᠷᠠᠭᠤᠯᠪᠠ᠃ ᠳᠠᠭᠤᠷ ᠬᠡᠯᠡ᠂ ᠣᠷᠴᠤᠨ ᠬᠡᠯᠡ᠂ ᠡᠸᠡᠩᠬᠢ ᠬᠡᠯᠡᠨ᠎ᠤ ᠬᠡᠯᠡ ᠰᠤᠶᠤᠯ᠎ᠤᠨ ᠲᠤᠮᠤ ᠳ᠋ᠠᠶ᠋ᠢᠲ᠋ᠠ ᠵᠢ ᠴᠤᠭᠯᠠᠭᠤᠯᠬᠤ ᠪᠠ ᠲᠠᠪᠴᠠᠩ᠎ᠢ ᠪᠦᠲᠦᠭᠡᠨ ᠪᠠᠶ᠋ᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ᠣᠷᠴᠤᠨ ᠬᠡᠯᠡᠨ᠎ᠤ ᠲᠣᠯᠢ ᠵᠢ ᠨᠠᠶ᠋ᠢᠷᠠᠭᠤᠯᠵᠦ ᠳᠠᠭᠤᠰᠬᠠᠪᠠ᠃
      ᠱᠠᠰᠢᠨ ᠰᠤᠷᠲᠠᠬᠤᠨ᠎ᠤ ᠲᠣᠬᠠᠢ ᠨᠠᠮ᠎ᠤᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠍ᠢ᠍ᠴᠢᠯᠠᠯᠲᠠ᠂ ᠬᠤᠶᠠᠷ᠎ᠢ ᠬᠦᠷᠢᠶᠡᠯᠡᠬᠦ ᠪᠠ ᠠᠰᠠᠷᠠᠨ ᠬᠠᠷᠠᠭ᠋ᠠᠯᠵᠠᠬᠤ᠂ ᠲᠤᠭ᠎ᠠ ᠪᠦᠷᠢᠳᠭᠡᠯ ᠪᠠᠶ᠋ᠢᠴᠠᠭ᠋ᠠᠯᠲᠠ᠂ ᠭᠠᠵᠠᠷ ᠬᠦᠳᠡᠯᠦᠯᠲᠡ ᠴᠠᠭ ᠠᠭᠤᠷ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠳᠠᠩᠰᠠ ᠡᠪᠬᠡᠮᠡᠯ ᠲᠡᠦᠬᠡ ᠣᠶ᠋ᠢᠯᠠᠯᠭ᠎ᠠ᠂ ᠵᠦᠪᠳᠡᠭᠴᠢ ᠪᠠ ᠲᠡᠦᠬᠡ ᠰᠤᠶᠤᠯ ᠵᠡᠷᠭᠡ ᠠᠵᠢᠯ᠎ᠤᠳ᠎ᠢ ᠴᠢᠩᠭ᠋ᠠᠳᠬᠠᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠤᠭ᠋ᠠᠳᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠵᠡᠮᠳᠡᠭᠴᠦᠳ᠎ᠤᠨ ᠬᠤᠯᠪᠣᠭ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠵᠡᠷᠭᠡ ᠠᠵᠢᠯ ᠦᠢ᠍ᠯᠡᠰ᠎ᠤᠨ ᠬᠥᠭᠵᠢᠯᠲᠡ ᠵᠢ ᠳᠡᠮᠵᠢᠪᠡ᠃
      ᠪᠢᠳᠡ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠲᠦᠷᠭᠡᠳᠭᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠬᠢᠷᠢ ᠲᠥᠪᠰᠢᠨ᠎ᠢ ᠴᠢᠷᠮᠠᠶ᠋ᠢᠨ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠦᠪᠯᠡᠯᠭᠡ 9 ᠪᠠᠶ᠋ᠢᠵᠤ᠂ ᠵᠠᠰᠠᠭ᠎ᠤᠨ ᠣᠷᠳᠣᠨ᠎ᠤ 6 ᠲᠣᠭᠲᠠᠭ᠋ᠠᠯ ᠳᠦᠷᠢᠮ᠎ᠢ ᠲᠣᠭᠲᠠᠭ᠋ᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭ᠋ᠠᠵᠤ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠦᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ 1346 ᠭᠦᠢ᠍ᠴᠡᠳᠭᠡᠵᠦ᠂ ᠬᠠᠷᠢᠭᠤ ᠥᠭᠭᠦᠭᠰᠡᠨ ᠨᠤᠷᠮ᠎ᠠ 100%᠎ᠳᠤ ᠬᠦᠷᠪᠡ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠢ ᠠᠬᠢᠭᠤᠯᠵᠤ᠂ ᠣᠷᠣᠨ ᠨᠤᠲᠤᠭ᠎ᠤᠨ ᠲᠦᠰᠦᠪ ᠪᠠ ᠲᠦᠰᠦᠪ᠎ᠤᠨ ᠭᠦᠢ᠍ᠴᠡᠳᠭᠡᠯ ᠵᠶ᠋ᠠᠨ ᠢᠯᠡ ᠪᠣᠯᠭ᠋ᠠᠭᠰᠠᠨ ᠬᠡᠮᠵᠢᠶ᠎ᠡ᠎ᠨᠢ ᠪᠦᠬᠦ ᠤᠯᠤᠰ᠎ᠤᠨ ᠭᠤᠷᠪᠠᠳᠤᠭ᠋ᠠᠷ᠎ᠲᠤ ᠣᠷᠤᠵᠤ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ 137 ᠤᠳᠠᠭ᠎ᠠ ᠬᠤᠷᠠᠯᠳᠤᠭᠤᠯᠤᠨ᠂ ᠬᠤᠷᠠᠯ ᠬᠢᠬᠦ ᠵᠢ 32% ᠪᠠᠭ᠋ᠠᠰᠬᠠᠵᠤ᠂ ᠵᠢᠷᠤᠮᠵᠢᠯ᠎ᠤᠨ ᠴᠢᠨᠠᠷᠲᠠᠢ ᠵᠡᠷᠬᠡ ᠪᠢᠴᠢᠭ ᠮᠠᠲ᠋ᠧᠷᠢᠶᠠᠯ᠎ᠢ 53% ᠪᠠᠭ᠋ᠠᠰᠬᠠᠪᠠ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠭᠠᠮᠨᠠᠨ ᠠᠷᠪᠢᠯᠠᠬᠤ ᠵᠢ ᠡᠷᠬᠢᠮᠯᠡᠬᠦ ᠪᠠ ᠱᠠᠯᠢᠨ ᠪᠦᠷᠢᠯᠭᠡᠬᠦ ᠵᠢ ᠡᠰᠡᠷᠭᠦᠴᠡᠬᠦ᠎ᠳᠤ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠡᠩ᠎ᠤᠨ ᠴᠢᠨᠠᠷᠲᠠᠢ ᠵᠠᠷᠤᠯᠭ᠎ᠠ ᠵᠢ 28.7 ᠳ᠋ᠦᠩᠰᠢᠭᠤᠷ ᠲᠦᠭᠦᠷᠢᠭ ᠪᠠᠭ᠋ᠠᠰᠬᠠᠪᠠ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ᠎ᠤ ᠳᠦᠬᠦᠷ ᠠᠷᠭ᠎ᠠ ᠵᠢ ᠴᠢᠩᠭ᠎ᠠ ᠨᠠᠢ᠍ᠢ᠍ᠳᠠᠪᠦᠷᠢᠵᠢᠭᠤᠯᠵᠦ᠂ 《ᠳᠥᠷᠪᠡᠨ ᠰᠤᠷᠲᠠᠯ》᠎ᠢ ᠴᠦᠬᠦᠷᠡᠰᠢ ᠦᠭᠡᠢ ᠵᠠᠯᠠᠷᠠᠭᠤᠯᠤᠨ᠂ ᠵᠠᠰᠠᠭ᠎ᠤᠨ ᠣᠷᠳᠣᠨ᠎ᠤ ᠨᠡᠶ᠋ᠢᠲᠡ᠎ᠳᠤ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ᠎ᠢ ᠲᠠᠰᠤᠷᠠᠯᠲᠠ ᠦᠭᠡᠢ ᠨᠡᠮᠡᠭᠳᠡᠭᠦᠯᠪᠡ᠃
     《ᠤᠭ ᠰᠠᠨᠠᠭ᠎ᠠ᠎ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠦᠮᠦᠵᠢᠯ᠎ᠢ ᠭᠦᠨᠵᠡᠭᠡᠢ ᠦᠷᠨᠢᠭᠦᠯᠵᠦ᠂ ᠰᠤᠷᠤᠯᠴᠠᠯᠭ᠎ᠠ ᠬᠦᠮᠦᠵᠢᠯ᠂ ᠪᠠᠶ᠋ᠢᠴᠠᠭ᠋ᠠᠨ ᠰᠤᠳᠤᠯᠤᠯᠲᠠ᠂ ᠠᠰᠠᠭᠤᠳᠠᠯ᠎ᠢ ᠪᠠᠶ᠋ᠢᠴᠠᠭ᠋ᠠᠨ ᠢᠯᠡᠷᠡᠭᠦᠯᠬᠦ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠪᠦᠬᠦ ᠶᠠᠪᠤᠴᠠ᠎ᠳᠤ ᠲᠤᠭᠤᠰᠢᠯᠠᠭᠤᠯᠪᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠦ᠂ ᠠᠷᠠᠳ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠵᠦᠢ᠍ᠯ᠎ᠳᠤ ᠢᠳᠡᠪᠬᠢᠲᠡᠢ᠎ᠪᠠᠷ ᠬᠠᠷᠢᠭᠤ ᠲᠤᠰᠬᠠᠨ᠂ ᠠᠵᠢᠯ ᠶᠠᠪᠤᠳᠠᠯ ᠭᠦᠢ᠍ᠴᠡᠳᠭᠡᠬᠦ᠎ᠳᠤ ᠭᠦᠴᠢᠷᠳᠡᠢ ᠪᠠᠶ᠋ᠢᠬᠤ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠦ᠂ ᠮᠡᠳᠡᠭᠡ ᠵᠠᠩᠭᠢ ᠵᠢᠨ ᠬᠤᠷᠢᠭ᠎ᠠ ᠴᠠᠷᠠᠭ᠎ᠠ ᠵᠢ ᠠᠷᠢᠯᠭ᠋ᠠᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠤᠭᠴᠠᠵᠢᠭᠤᠯᠤᠭᠰᠠᠨ ᠲᠠᠪᠴᠠᠩ᠎ᠢ ᠦᠨᠳᠦᠰᠦᠨ᠎ᠳᠤ᠎ᠪᠠᠨ ᠪᠠᠶ᠋ᠢᠭᠤᠯᠵᠦ᠂ ᠦᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ 3278 ᠵᠦᠢ᠍ᠯ᠎ᠠᠴᠠ 947 ᠵᠦᠢ᠍ᠯ ᠪᠣᠯᠭ᠋ᠠᠭ᠋ᠠᠳ 71% ᠪᠠᠭ᠋ᠠᠰᠬᠠᠪᠠ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ᠂ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠵᠡᠷᠭᠡ 500 ᠭᠠᠷᠤᠢ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠨᠢᠭᠡ ᠦᠷᠲᠡᠭᠡᠴᠢᠯᠡᠭᠰᠡᠨ ᠮᠠᠶᠢᠭ ᠵᠶ᠋ᠠᠷ ᠭᠦᠢ᠍ᠴᠡᠳᠭᠡᠬᠦ ᠵᠢ ᠪᠡᠶᠡᠯᠡᠭᠦᠯᠪᠡ; ᠭᠡᠷ ᠪᠠᠶ᠋ᠢᠰᠢᠩ ᠭᠠᠵᠠᠷ ᠬᠦᠷᠦᠩᠭᠡ᠂ ᠠᠶᠤᠯ ᠦᠭᠡᠢ ᠦᠢ᠍ᠯᠡᠳᠪᠦᠷᠢᠯᠡᠯ ᠵᠡᠷᠭᠡ ᠬᠦᠷᠢᠶ᠎ᠡ ᠴᠠᠷᠠᠭ᠋ᠠᠨ᠎ᠳᠠᠬᠢ ᠳᠤᠪᠤᠶ᠋ᠢᠮ᠎ᠠ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠪᠡ᠃ ᠬᠠᠷᠢᠶᠠᠯᠠᠭᠳᠠᠬᠤ ᠣᠷᠣᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ 88 ᠲᠦᠮᠡᠨ ᠢᠵᠢ ᠭᠡᠷ ᠪᠠᠢ᠍ᠢ᠍ᠰᠢᠡᠭ᠎ᠤᠨ ᠦᠨᠡᠮᠯᠡᠯ ᠠᠪᠬᠤ᠎ᠳᠤ ᠬᠦᠴᠢᠷ᠂ ᠣᠷᠤᠵᠤ ᠰᠠᠭᠤᠬᠤ᠎ᠳᠤ ᠬᠦᠴᠢᠷ᠂ ᠪᠤᠴᠠᠵᠤ ᠨᠡᠭᠦᠬᠦ᠎ᠳᠤ ᠬᠦᠴᠢᠷ᠎ᠲᠠᠢ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠪᠡ᠃ ᠰᠢᠯᠢ ᠵᠢᠨ ᠭᠤᠣᠯ᠎ᠤᠨ ᠶᠢᠨ ᠮᠠᠨ ᠠᠭᠤᠷᠬᠠᠢ ᠵᠢᠨ ᠦᠢ᠍ᠯᠡᠰ᠎ᠤᠨ ᠪᠠ ᠤᠯᠠᠭ᠋ᠠᠨᠴᠠᠪ᠎ᠤᠨ ᠳ᠋ᠦᠩ ᠰᠢᠩ ᠬᠢᠮᠢ ᠵᠢᠨ ᠠᠵᠤ ᠦᠢ᠍ᠯᠡᠳᠪᠦᠷᠢ ᠵᠢᠨ ᠠᠮᠦᠷ ᠲᠥᠪᠰᠢᠨ᠎ᠤ ᠠᠳᠡᠯ ᠬᠡᠷᠡᠭ᠎ᠠᠴᠠ ᠬᠠᠳᠠᠭᠤ ᠰᠤᠷᠭ᠋ᠠᠮᠵᠢ ᠠᠪᠤᠨᠨᠰᠠᠨ ᠪᠣᠯᠬᠤᠷ ᠪᠢᠳᠡ ᠠᠵᠢᠯ᠎ᠤᠨ ᠶᠠᠪᠤᠴᠠ᠎ᠳᠠᠬᠢ ᠬᠦᠷᠦᠯᠴᠡᠬᠦ ᠦᠭᠡᠢ ᠲᠠᠯ᠎ᠠ᠎ᠪᠠᠨ ᠬᠢᠨᠠᠮᠠᠭ᠋ᠠᠢ ᠲᠤᠩᠭ᠋ᠠᠵᠦ᠂ ᠠᠭᠤᠷᠬᠠᠢ ᠵᠢᠨ ᠠᠮᠦᠷ ᠲᠥᠪᠰᠢᠨ᠎ᠤ ᠳᠤᠪᠤᠶ᠋ᠢᠮ᠎ᠠ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠠᠵᠢᠯ᠎ᠢ ᠦᠷᠨᠢᠬᠦᠯᠦᠨ᠂ ᠲᠤᠰᠬᠠᠢ ᠠᠵᠢᠯᠲᠠᠨ᠎ᠢ ᠵᠣᠬᠢᠶᠠᠨ ᠪᠠᠶ᠋ᠢᠭᠤᠯᠵᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠠᠮᠦᠷ ᠲᠥᠪᠰᠢᠨ᠎ᠤ ᠲᠠᠯ᠎ᠠ᠎ᠪᠠᠷ ᠦᠨᠡᠯᠡᠯᠲᠡ ᠵᠢᠱ᠌ᠢᠯᠳᠠ ᠬᠢᠯᠭᠡᠪᠡ; ᠵᠠᠰᠠᠭ᠎ᠤᠨ ᠣᠷᠳᠣᠨ᠎ᠤ ᠥᠷᠢ ᠦᠭᠴᠡᠭᠡ ᠪᠠ ᠮᠦᠩᠭᠦᠨ ᠭᠦᠢ᠍ᠯᠭᠡᠭᠡᠨ᠎ᠤ ᠲᠥᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠪᠠᠷ ᠬᠦᠴᠦᠯᠡᠵᠦ᠂ ᠪᠦᠬᠦ ᠣᠷᠣᠨ᠎ᠤ ᠵᠠᠰᠠᠭ᠎ᠤᠨ ᠣᠷᠳᠣᠨ᠎ᠤ ᠦᠷᠢ ᠦᠭᠴᠡᠭᠡ ᠵᠢᠨ ᠨᠤᠷᠮ᠎ᠠ ᠵᠢ ᠦᠷᠭᠦᠯᠵᠢᠯᠡᠨ ᠪᠠᠭᠤᠷᠠᠭᠤᠯᠪᠠ; ᠳᠤᠲᠠᠭᠤᠳᠠᠯ ᠵᠶ᠋ᠠᠨ ᠨᠦᠬᠦᠪᠦᠷᠢᠯᠡᠬᠦ ᠵᠢ ᠬᠦᠴᠦᠯᠡᠨ ᠠᠬᠢᠭᠤᠯᠵᠤ᠂ ᠳᠡᠭᠡᠳᠦ ᠬᠤᠷᠳᠤ ᠵᠢᠨ ᠲᠡᠮᠦᠷ ᠵᠠᠮ᠂ ᠠᠭ᠋ᠠᠷ ᠠᠶᠠᠯᠠᠯ᠂ ᠡᠨᠧᠷᠬᠢ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢ᠍ᠯ᠎ᠳᠤ ᠰᠢᠪᠲᠤᠯᠤᠯᠲᠠ᠎ᠲᠠᠢ ᠪᠣᠯᠪᠠ᠃ ᠲᠤᠷᠰᠢᠯᠳᠠ ᠵᠢᠨ ᠴᠡᠭ᠎ᠲᠤ ᠤᠷᠢᠳ ᠵᠶ᠋ᠠᠷ ᠬᠡᠷᠡᠭᠵᠢᠬᠦᠯᠬᠦ ᠵᠢ ᠪᠠᠷᠢᠮᠳᠠᠯᠠᠵᠦ᠂ ᠮᠠᠯᠵᠢᠬᠤ ᠣᠷᠣᠨ᠎ᠢ ᠤᠳᠤᠬᠢᠴᠢᠯᠠᠬᠤ᠂ ᠴᠢᠨᠠᠷ ᠰᠠᠶ᠋ᠢᠲᠠᠢ ᠪᠡᠯᠴᠢᠭᠡᠷ ᠡᠪᠡᠰᠦ ᠲᠠᠷᠢᠬᠤ᠂ ᠬᠤᠵᠢᠷᠰᠢᠭᠰᠠᠨ ᠭᠠᠵᠠᠷ᠎ᠢ ᠦᠭᠡᠷᠡᠴᠢᠯᠡᠨ ᠰᠠᠶ᠋ᠢᠵᠢᠷᠠᠭᠤᠯᠬᠤ᠂ ᠵᠣᠷᠯᠤᠩ᠎ᠤᠨ ᠬᠤᠪᠢᠰᠤᠯᠲᠠ᠂ ᠬᠤᠭ ᠨᠣᠪᠰᠢ ᠵᠢ ᠲᠦᠷᠦᠯ ᠠᠩᠬᠢᠯᠠᠨ ᠰᠢᠢ᠍ᠳᠪᠦᠷᠢᠯᠡᠬᠦ ᠵᠡᠷᠭᠡ ᠲᠣᠷᠰᠢᠯᠲᠠ ᠵᠢᠨ ᠠᠵᠢᠯ᠎ᠢ ᠦᠷᠨᠢᠭᠦᠯᠪᠡ᠃
      ᠲᠦᠯᠦᠭᠡᠯᠡᠭᠴᠢᠳ ᠡ! ᠦᠩᠭᠡᠷᠡᠭᠰᠡᠨ ᠨᠢᠭᠡ ᠵᠢᠯ᠎ᠳᠤ᠂ ᠪᠢᠳᠡ ᠲᠤᠯᠭ᠋ᠠᠷᠠᠵᠤ ᠪᠠᠶ᠋ᠢᠭᠰᠠᠨ ᠬᠦᠨᠳᠦ ᠬᠡᠴᠡᠭᠦᠦ ᠬᠦᠴᠢᠷ ᠪᠡᠷᠬᠡᠰᠢᠶᠡᠯ ᠪᠠ ᠴᠢᠩᠭ᠎ᠠ ᠰᠢᠷᠦᠭᠦᠨ ᠲᠦᠭᠰᠢᠭᠦᠷᠢ ᠦᠷᠢᠰᠦᠯᠳᠦᠭᠡᠨ᠎ᠢ ᠲᠤᠭᠤᠯᠵᠤ ᠣᠯᠣᠭᠰᠠᠨ ᠠᠮᠵᠢᠯᠲᠠ ᠪᠦᠲᠦᠮᠵᠢ ᠬᠢᠯᠪᠠᠷ ᠪᠤᠰᠤ ᠶᠤᠮ᠃ ᠡᠨᠡ ᠪᠣᠯ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠠᠴᠠ ᠪᠠᠲᠤ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠦᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠬᠦᠴᠢᠷ ᠪᠡᠷᠬᠡᠰᠢᠶᠡᠯ᠎ᠢ ᠢᠯᠠᠨ ᠳᠠᠪᠠᠭᠰᠠᠨ᠎ᠤ ᠦᠷ᠎ᠡ ᠳ᠋ᠦᠩ ᠪᠣᠯᠬᠤ ᠶᠤᠮ᠃ ᠠᠳᠡ᠂ ᠪᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ᠂ ᠪᠦᠬᠦ ᠣᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠦᠪᠦᠷ ᠮᠣᠩᠭᠤᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶ᠋ᠢᠵᠠ ᠨᠦᠬᠦᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠠᠮᠵᠢᠯᠲᠠ ᠪᠦᠲᠦᠮᠵᠢ᠎ᠪᠠᠨ ᠨᠤᠲᠠᠯᠠᠬᠤ ᠵᠢᠨ ᠳᠠᠭ᠋ᠠᠤ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠴᠦᠬᠡᠨ ᠪᠤᠰᠤ ᠬᠦᠴᠢᠷᠳᠡᠯ ᠪᠠ ᠠᠰᠠᠭᠤᠳᠠᠯ ᠣᠷᠤᠰᠢᠵᠤ ᠪᠠᠶ᠋ᠢᠬᠤ ᠵᠢ ᠪᠢᠳᠡ ᠪᠠᠰᠠ ᠰᠡᠷᠭᠡᠭ ᠵᠶ᠋ᠠᠷ ᠲᠠᠨᠢᠵᠤ ᠣᠯᠪᠠ᠃ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠰᠢᠨ᠎ᠡ ᠬᠦᠳᠡᠯᠭᠡᠭᠴᠢ ᠴᠢᠳᠠᠪᠤᠷᠢ ᠵᠢᠨ ᠬᠥᠭᠵᠢᠯᠲᠡ ᠭᠦᠢ᠍ᠴᠡᠳ ᠦᠭᠡᠢ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶ᠋ᠢᠨ᠎ᠠ᠃ ᠠᠮᠢ ᠠᠬᠤᠢ ᠵᠢᠨ ᠪᠠᠶ᠋ᠢᠭᠤᠯᠤᠯᠲᠠ ᠪᠠ ᠪᠤᠬᠢᠷᠳᠤᠯ᠎ᠢ ᠰᠡᠷᠭᠡᠶ᠋ᠢᠯᠡᠨ ᠵᠠᠰᠠᠬᠤ ᠡᠭᠦᠷᠭᠡ ᠮᠠᠰᠢ ᠬᠦᠨᠳᠦ ᠪᠠᠶ᠋ᠢᠨ᠎ᠠ᠃ ᠡᠳ᠋᠎ᠤᠨ ᠵᠠᠰᠠᠭ ᠮᠦᠩᠭᠦᠨ ᠭᠦᠢ᠍ᠯᠭᠡᠭᠡᠨ᠎ᠤ ᠭᠦᠷᠢᠶᠡᠨ᠎ᠳᠠᠬᠢ ᠲᠥᠭᠰᠢᠭᠦᠷᠢ ᠮᠦᠨ ᠬᠦ᠌ ᠨᠡᠯᠢᠶᠡᠳ ᠶᠡᠭᠡ ᠪᠠᠶ᠋ᠢᠵᠤ᠂ ᠵᠠᠷᠢᠮ ᠭᠠᠵᠠᠷ ᠣᠷᠣᠨ᠎ᠤ ᠡᠳ᠋᠎ᠤᠨ ᠵᠠᠰᠠᠭ᠎ᠤᠨ ᠠᠵᠢᠯᠯᠠᠭ᠋ᠠᠨ᠎ᠨᠢ ᠶᠠᠪᠤᠨᠨᠳᠠᠬᠤ᠎ᠳᠤ ᠭᠦᠴᠢᠷ ᠪᠠᠶ᠋ᠢᠨ᠎ᠠ᠃ ᠰᠤᠷᠭ᠋ᠠᠨ ᠬᠦᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠲᠠᠯ᠎ᠠ᠎ᠪᠠᠷ ᠣᠯᠠᠨ ᠲᠦᠮᠡᠨ᠎ᠤ ᠰᠠᠨᠠᠭ᠋ᠠᠨ᠎ᠳᠤ ᠨᠡᠶ᠋ᠢᠴᠡᠬᠦ ᠦᠭᠡᠢ ᠵᠦᠢ᠍ᠯ ᠪᠠᠰᠠ ᠤᠷᠤᠰᠢᠵᠦ ᠪᠠᠶ᠋ᠢᠨ᠎ᠠ᠃ ᠵᠠᠰᠠᠭ᠎ᠤᠨ ᠣᠷᠳᠣᠨ᠎ᠤ ᠵᠠᠷᠢᠮ ᠰᠠᠯᠠᠭ᠎ᠠ ᠮᠦᠴᠢᠷ᠎ᠲᠤ ᠬᠡᠯᠪᠡᠷᠢᠴᠢ ᠦᠵᠡᠯ᠂ ᠨᠤᠶᠠᠨᠴᠢ ᠰᠤᠷᠲᠠᠯ ᠮᠦᠨ ᠬᠦ᠌ ᠣᠷᠤᠰᠢᠭᠰᠠᠭ᠋ᠠᠷ ᠪᠠᠶ᠋ᠢᠨ᠎ᠠ᠃ ᠪᠢᠳᠡ ᠡᠷᠬᠡᠪᠰᠢ ᠠᠰᠠᠭᠤᠳᠠᠯ ᠪᠣᠯᠣᠨ ᠦᠷᠢᠰᠦᠯᠳᠦᠭᠡᠨ᠎ᠳᠤ ᠵᠥᠪ ᠬᠠᠨᠳᠤᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠬᠡᠯᠡᠨ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠶ᠋ᠢᠯᠡᠨ ᠭᠦᠢ᠍ᠴᠡᠳᠭᠡᠵᠦ᠂ ᠠᠷᠠᠳ ᠲᠦᠮᠡᠨ᠎ᠤ ᠬᠦᠰᠡᠯ ᠪᠣᠳᠣᠯ᠎ᠢ ᠶᠠᠭ᠋ᠠᠬᠢᠭᠰᠠᠨ ᠴᠤ᠌ ᠬᠦᠰᠡᠷᠳᠡᠭᠦᠯᠵᠣ ᠪᠣᠯᠬᠤ ᠦᠭᠡᠢ᠃
      ᠬᠤᠶᠠᠷ᠂ 2020 ᠤᠨ᠎ᠤ ᠠᠵᠢᠯ᠎ᠤᠨ ᠲᠤᠬᠢᠷᠠᠭᠤᠯᠤᠯᠳᠠ
      ᠡᠨᠡ ᠵᠢᠯ ᠪᠤᠯ ᠴᠢᠨᠡᠬᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠬᠡ ᠵᠢᠨ ᠰᠡᠬᠦᠯ ᠬᠤᠷᠢᠶᠠᠬᠤ ᠵᠢᠯ ᠪᠤᠯᠤᠨ᠎ᠠ᠂ ᠪᠢᠳᠡ ᠨᠢᠬᠡᠳᠦᠬᠡᠷ ᠵᠠᠭᠤᠨ ᠵᠢᠯ᠎ᠤᠨ ᠲᠡᠮᠡᠴᠡᠬᠦ ᠬᠠᠷᠠᠯᠳᠠ᠎ᠪᠠᠨ ᠪᠡᠶᠡᠯᠡᠬᠦᠯᠵᠦ᠂ 《ᠠᠷᠪᠠᠨ ᠲᠦᠷᠪᠡᠳᠦᠬᠡᠷ ᠲᠠᠪᠤᠨ ᠵᠢᠯ》᠎ᠤᠨ ᠭᠦᠭᠵᠢᠯᠳᠡ ᠪᠠ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠳᠠ᠎ᠪᠠᠨ ᠪᠡᠶᠡᠯᠡᠬᠦᠯᠬᠦ᠎ᠳᠤ ᠰᠠᠶ᠋ᠢᠳᠤᠷ ᠰᠠᠭᠤᠷᠢ ᠲᠠᠯᠪᠢᠬᠤ ᠬᠡᠷᠡᠭᠳᠡᠢ᠃ ᠵᠠᠰᠠᠭ᠎ᠤᠨ ᠤᠷᠳᠤᠨ᠎ᠤ ᠠᠵᠢᠯ᠎ᠢ ᠰᠠᠶ᠋ᠢᠳᠤᠷ ᠬᠢᠬᠦ᠎ᠳᠤ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠲᠦᠷᠪᠡᠳᠦᠬᠡᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠦ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠡᠷᠡᠰ ᠲᠤᠭᠤᠰᠢᠯᠠᠭᠤᠯᠤᠨ᠂ 《ᠲᠦᠷᠪᠡᠨ ᠦᠵᠡᠯ ᠤᠬᠠᠮᠰᠠᠷ》 ᠵᠶ᠋ᠠᠨ ᠴᠢᠩᠭ᠋ᠠᠳᠬᠠᠵᠦ᠂ 《ᠲᠦᠷᠪᠡᠨ ᠢᠳᠡᠬᠡᠯ》 ᠵᠶ᠋ᠠᠨ ᠪᠠᠳᠤᠳᠬᠠᠵᠦ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠦ᠂ ᠴᠢᠨᠡᠬᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠬᠠᠷᠠᠯᠳᠠᠳᠤ ᠡᠭᠦᠷᠬᠡ᠎ᠲᠠᠢ ᠨᠢᠨᠨᠳᠠ ᠤᠶᠠᠯᠳᠤᠭᠤᠯᠤᠨ᠂ ᠲᠤᠨᠨᠳᠠᠭᠤᠨ ᠪᠠᠶ᠋ᠢᠯᠭ᠋ᠠᠬᠤ ᠵᠢᠨ ᠲᠠᠭ᠋ᠠᠤ᠎ᠳᠤ ᠤᠷᠤᠨᠨᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠳᠠᠯᠠᠵᠦ᠂ ᠰᠢᠨ᠎ᠠ ᠭᠦᠭᠵᠢᠯᠳᠡ ᠵᠢᠨ ᠤᠨᠤᠯᠵᠢᠬᠤᠨ᠎ᠢ ᠪᠠᠷᠢᠮᠳᠠᠯᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ᠎ᠪᠠᠷ ᠭᠤᠤᠯ ᠰᠢᠵᠢᠮ ᠪᠤᠯᠭ᠋ᠠᠬᠤ ᠵᠢ ᠪᠠᠷᠢᠮᠳᠠᠯᠠᠵᠦ᠂ ᠦᠬᠡᠷᠡᠴᠢᠯᠡᠯᠳᠡ ᠨᠡᠭᠡᠭᠡᠯᠲᠡ ᠬᠢᠬᠦ᠎ᠪᠠᠷ ᠬᠦᠳᠡᠯᠭᠡᠭᠴᠢ ᠭᠦᠴᠦᠨ ᠪᠤᠯᠭ᠋ᠠᠬᠤ ᠵᠢ ᠪᠠᠷᠢᠮᠳᠠᠯᠠᠨ᠂ ᠴᠢᠨᠠᠷ ᠰᠠᠶ᠋ᠢᠳᠠᠢ ᠭᠦᠭᠵᠢᠯᠳᠡ ᠵᠢ ᠠᠬᠢᠭᠤᠯᠵᠦ᠂ ᠭᠤᠷᠪᠠᠨ ᠶᠡᠭᠡ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠤ ᠢᠯᠡᠯᠳᠡ ᠵᠢ ᠲᠡᠮᠡᠴᠡᠨ ᠤᠯᠵᠦ᠂ 《ᠵᠢᠷᠭᠤᠭ᠋ᠠᠨ ᠵᠦᠢ᠍ᠯ᠎ᠢ ᠲᠤᠨᠨᠳᠠᠭᠤᠨ ᠪᠠᠶ᠋ᠢᠯᠭ᠋ᠠᠬᠤ》 ᠠᠵᠢᠯ᠎ᠢ ᠪᠦᠭᠦ ᠲᠠᠯ᠎ᠠ᠎ᠪᠠᠷ ᠰᠠᠶ᠋ᠢᠳᠤᠷ ᠬᠢᠵᠦ᠂ ᠨᠡᠮᠡᠭᠳᠡᠯ᠎ᠢ ᠲᠤᠨᠨᠳᠠᠪᠤᠷᠢᠵᠢᠭᠤᠯᠬᠤ᠂ ᠦᠬᠡᠷᠡᠴᠢᠯᠡᠯᠳᠡ ᠵᠢ ᠠᠬᠢᠭᠤᠯᠬᠤ᠂ ᠪᠦᠳᠦᠴᠡ ᠵᠢ ᠲᠤᠬᠢᠷᠠᠭᠤᠯᠬᠤ᠂ ᠠᠷᠠᠳ᠎ᠲᠤ ᠠᠰᠢᠭ ᠭᠦᠷᠳᠡᠬᠡᠬᠦ᠂ ᠲᠦᠭᠰᠢᠭᠦᠷᠢ ᠵᠢ ᠰᠡᠷᠬᠡᠶ᠋ᠢᠯᠡᠬᠦ᠂ ᠲᠤᠨᠨᠳᠠᠭᠤᠨ᠎ᠢ ᠪᠠᠳᠤᠯᠠᠬᠤ ᠵᠢ ᠨᠢᠬᠡᠳᠦᠯᠳᠡᠢ ᠲᠦᠯᠦᠪᠯᠡᠨ ᠠᠬᠢᠭᠤᠯᠵᠦ᠂ ᠠᠵᠦ ᠠᠬᠤᠢ ᠵᠢ ᠵᠦᠢ ᠵᠤᠬᠢᠰᠳᠠᠢ ᠬᠡᠪᠴᠢᠶᠡᠨ᠎ᠳᠤ ᠠᠵᠢᠯᠯᠠᠭᠤᠯᠬᠤ ᠵᠢ ᠪᠠᠳᠤᠯᠠᠨ᠂ ᠪᠦᠭᠦ ᠲᠠᠯ᠎ᠠ᠎ᠪᠠᠷ ᠴᠢᠨᠡᠬᠡᠯᠢᠭ ᠨᠡᠶ᠋ᠢᠬᠡᠮ᠎ᠢ ᠪᠠᠶ᠋ᠢᠭᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠬᠡ ᠵᠢᠨ ᠠᠮᠵᠢᠯᠲᠠ᠎ᠲᠠᠢ᠎ᠪᠠᠷ ᠰᠡᠭᠦᠯ ᠬᠤᠷᠢᠶᠠᠬᠤ ᠵᠢ ᠪᠠᠳᠤᠯᠠᠵᠦ᠂ ᠠᠷᠠᠳ ᠣᠯᠠᠨ᠎ᠳᠤ ᠮᠡᠳᠡᠷᠡᠭᠳᠡᠨ ᠲᠠᠭ᠋ᠠᠰᠢᠶᠬᠠᠳᠠᠵᠦ᠂ ᠲᠡᠤᠬᠡ ᠵᠢᠨ ᠰᠢᠯᠭ᠋ᠠᠯᠳᠠ ᠵᠢ ᠲᠠᠭ᠋ᠠᠭ᠋ᠠᠵᠦ ᠴᠢᠳ᠋ᠬᠠᠰᠠᠨ ᠪᠠᠶ᠋ᠢᠬᠤ

ᠬᠡᠷᠡᠭᠳᠡᠢ᠃
      ᠡᠨᠡ ᠵᠢᠯ᠎ᠤᠨ ᠠᠵᠦ ᠠᠬᠤᠢ ᠨᠡᠶ᠋ᠢᠬᠡᠮ᠎ᠤᠨ ᠭᠦᠭᠵᠢᠯᠳᠡ ᠵᠢᠨ ᠭᠤᠤᠯ ᠵᠢᠱ᠌ᠢᠭᠰᠡᠨ ᠬᠠᠷᠠᠯᠳᠠ ᠪᠤᠯ᠄ ᠭᠠᠵᠠᠷ ᠤᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 6% ᠤᠷᠴᠢᠮ ᠨᠡᠮᠡᠭᠳᠡᠬᠦᠯᠦᠨ᠎ᠠ; ᠬᠤᠳᠠ ᠪᠠᠯᠭ᠋ᠠᠰᠤᠨ᠎ᠤ ᠠᠵᠢᠯ ᠤᠯᠤᠨᠨᠰᠠᠳ᠎ᠢ 22 ᠲᠦᠮᠡ ᠭᠠᠷᠤᠢ ᠰᠢᠨ᠎ᠠ᠎ᠪᠠᠷ ᠨᠡᠮᠡᠭᠳᠡᠬᠦᠯᠦᠨ᠎ᠠ; ᠬᠤᠳᠠ ᠪᠠᠯᠭ᠋ᠠᠰᠤᠨ᠎ᠤ ᠪᠠᠶ᠋ᠢᠴᠠᠭ᠋ᠠᠯᠳᠠ᠎ᠳᠠᠬᠢ ᠠᠵᠢᠯ ᠠᠯᠳ᠋ᠬᠠᠰᠠᠳ᠎ᠤᠨ ᠨᠤᠷᠮ᠎ᠠ ᠵᠢ 5.5% ᠤᠷᠴᠢᠮ᠎ᠳᠤ ᠪᠠᠶ᠋ᠢᠯᠭ᠋ᠠᠵᠦ᠂ ᠲᠠᠩᠰᠠᠯᠠᠨ ᠲᠡᠮᠳᠡᠭᠯᠡᠬᠦᠯᠦᠭᠰᠡᠨ ᠠᠵᠢᠯ ᠠᠯᠳ᠋ᠬᠠᠰᠠᠳ᠎ᠤᠨ ᠨᠤᠷᠮ᠎ᠠ ᠵᠢ 4.5% ᠲᠤᠳᠤᠷ᠎ᠠ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠠ ᠬᠠᠩᠰᠢ ᠵᠢᠨ ᠦᠰᠦᠯᠳᠡ ᠵᠢᠨ ᠬᠡᠮᠵᠢᠶ᠎ᠡ ᠵᠢ 3.5% ᠤᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠢ ᠠᠵᠦ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠤ᠎ᠪᠠᠨ ᠠᠳᠠᠯᠢ ᠠᠯᠬᠤᠮ᠎ᠳᠤ ᠪᠠᠶ᠋ᠢᠯᠭ᠋ᠠᠨ᠎ᠠ᠃
      ᠡᠨᠡ ᠵᠢᠯ᠎ᠤᠨ ᠠᠵᠢᠯ᠎ᠢ ᠰᠠᠶ᠋ᠢᠳᠤᠷ ᠬᠢᠬᠦ᠎ᠳᠤ᠂ ᠪᠢᠳᠡ ᠰᠢᠨ᠎ᠠ ᠭᠦᠭᠵᠢᠯᠳᠡ ᠵᠢᠨ ᠤᠨᠤᠯᠵᠢᠬᠤᠨ᠎ᠢ ᠡᠷᠡᠰ ᠭᠤᠶ᠋ᠢᠪᠢᠰᠢ ᠦᠬᠡᠢ ᠲᠤᠭᠤᠰᠢᠯᠠᠭᠤᠯᠵᠦ᠂ ᠨᠠᠮ᠎ᠤᠨ ᠲᠦᠪ ᠬᠤᠷᠢᠶ᠎ᠠ᠎ᠠᠴᠠ ᠦᠪᠡᠷᠳᠡᠬᠡᠨ ᠵᠠᠰᠠᠬᠤ ᠤᠷᠤᠨ᠎ᠳᠤ ᠲᠣᠭᠲᠠᠭ᠋ᠠᠭᠰᠠᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠤᠨᠨᠳᠠᠭ᠋ᠠᠯᠳᠠ ᠵᠢ ᠤᠨᠤᠪᠴᠢᠳᠠᠢ ᠡᠵᠡᠮᠰᠢᠨ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠬᠠᠰᠠᠨ᠂ ᠪᠤᠬᠢᠷᠳᠤᠯ ᠦᠬᠡᠢ ᠭᠦᠭᠵᠢᠯᠳᠡ᠎ᠪᠠᠷ ᠤᠳᠤᠷᠢᠳᠤᠮᠵᠢ ᠪᠤᠯᠭ᠋ᠠᠨᠨᠰᠠᠨ ᠴᠢᠨᠠᠷ ᠰᠠᠶ᠋ᠢᠳᠠᠢ ᠭᠦᠭᠵᠢᠯᠳᠡ ᠵᠢᠨ ᠰᠢᠨ᠎ᠠ ᠵᠠᠮ ᠵᠶ᠋ᠠᠷ ᠭᠤᠶ᠋ᠢᠪᠢᠰᠢ ᠦᠬᠡᠢ ᠵᠠᠮᠨᠠᠬᠤ ᠬᠡᠷᠡᠭᠳᠡᠢ; ᠲᠤᠨᠨᠳᠠᠭᠤᠨ ᠪᠠᠶ᠋ᠢᠯᠭ᠋ᠠᠬᠤ ᠵᠢᠨ ᠲᠠᠭ᠋ᠠᠤ᠎ᠳᠤ ᠤᠷᠤᠨᠨᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠳᠠᠯᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠬᠦ᠎ᠪᠠᠷ ᠲᠠᠰᠤᠷᠠᠯᠳᠠ ᠦᠬᠡᠢ ᠭᠦᠴᠦᠯᠡᠵᠦ᠂ ᠠᠵᠦ ᠠᠬᠤᠢ ᠵᠢᠨ ᠲᠠᠯ᠎ᠠ᠎ᠪᠠᠷ᠎ᠬᠢ ᠪᠡᠶᠡᠯᠡᠭᠦᠯᠬᠦ ᠬᠡᠮᠵᠢᠶᠡᠨ᠎ᠤ ᠵᠤᠬᠢᠰᠳᠠᠢ ᠨᠡᠮᠡᠭᠳᠡᠯ ᠪᠠ ᠶᠠᠰᠤ ᠴᠢᠨᠠᠷ᠎ᠤᠨ ᠯᠠᠪᠳᠠᠭᠤᠨ ᠲᠡᠬᠡᠭᠰᠢᠯᠡᠯᠳᠡ ᠵᠢ ᠪᠠᠳᠤᠯᠠᠬᠤ ᠬᠡᠷᠡᠭᠳᠡᠢ; ᠴᠢᠨᠡᠬᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠬᠠᠷᠠᠯᠳᠠᠳᠤ ᠡᠭᠦᠷᠬᠡ᠎ᠲᠠᠢ ᠨᠢᠨᠨᠳᠠ ᠤᠶᠠᠯᠳᠤᠭᠤᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠬᠠᠷᠠᠯᠳᠠ᠎ᠪᠠᠷ ᠤᠳᠤᠷᠢᠳᠤᠮᠵᠢ ᠪᠤᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠂ ᠲᠤᠨᠨᠳᠠᠮᠠᠯ ᠴᠢᠨᠠᠷ ᠬᠡᠮᠵᠢᠶ᠎ᠡ᠎ᠲᠠᠢ ᠬᠠᠮᠢᠶ᠎ᠠ ᠪᠦᠭᠦᠢ ᠭᠦᠢ᠍ᠴᠡᠳᠬᠡᠯ ᠲᠤᠭ᠎ᠠ᠎ᠲᠠᠢ ᠬᠠᠷᠭᠤᠭᠤᠯᠵᠦ᠂ ᠭᠤᠣᠯᠳᠠᠯᠭ᠎ᠠ ᠵᠢ ᠠᠳᠬᠤᠨ ᠲᠤᠳᠠᠭᠤᠳᠠᠯ ᠵᠶ᠋ᠠᠨ ᠨᠦᠬᠦᠪᠦᠷᠢᠯᠡᠵᠦ ᠪᠠᠭᠤᠷᠠᠢ ᠵᠦᠢ᠍ᠯ ᠵᠶ᠋ᠠᠨ ᠴᠢᠡᠭᠭ᠋ᠠᠷᠠᠭᠤᠯᠤᠨ᠂ ᠪᠦᠬᠦ ᠤᠯᠤᠰ᠎ᠯᠤᠭ᠎ᠠ ᠵᠡᠷᠭᠡ᠎ᠪᠠᠷ ᠴᠢᠨᠡᠬᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ ᠵᠢ ᠪᠠᠳᠤᠯᠠᠬᠤ ᠬᠡᠷᠡᠭᠳᠡᠢ᠃ ᠪᠢᠳᠡ ᠲᠤᠤᠷᠠᠬᠢ ᠠᠵᠢᠯ᠎ᠤᠳ᠎ᠢ ᠭᠤᠤᠯᠳᠠᠯᠭ᠎ᠠ᠎ᠲᠠᠢ ᠰᠠᠶ᠋ᠢᠳᠤᠷ ᠬᠢᠨ᠎ᠠ᠃
     (ᠨᠢᠬᠡ) ᠭᠤᠷᠪᠠᠨ ᠶᠡᠭᠡ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠡᠷᠡᠰ ᠰᠠᠶ᠋ᠢᠳᠤᠷ ᠬᠢᠨ᠎ᠠ
      ᠡᠨᠡ ᠵᠢᠯ ᠪᠣᠯ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠰᠢᠢ᠍ᠳᠪᠦᠷᠢᠲᠦ ᠲᠠᠶ᠋ᠢᠯᠠᠯᠳᠤᠭ᠋ᠠᠨ᠎ᠤ ᠰᠢᠢ᠍ᠳᠪᠦᠷᠢᠲᠦ ᠢᠯᠠᠯᠳᠠ ᠵᠢ ᠣᠯᠬᠤ ᠵᠢᠯ ᠪᠣᠯᠬᠤᠷ᠂ ᠡᠯ᠎ᠡ ᠵᠦᠢ᠍ᠯ᠎ᠤᠨ ᠠᠵᠢᠯ ᠵᠶ᠋ᠠᠨ ᠨᠡᠩ ᠨᠠᠷᠢᠯᠢᠬ ᠣᠨᠤᠪᠴᠢᠲᠠᠢ ᠬᠢᠬᠦ ᠬᠡᠷᠡᠭᠲᠡᠢ᠃ ᠶᠠᠳᠠᠭᠤ ᠭᠦᠴᠢᠷᠳᠡᠯᠳᠡᠢ ᠵᠢᠨ ᠲᠤᠭ᠋ᠠᠨ᠎ᠠᠴᠠ ᠭᠠᠷᠭ᠋ᠠᠬᠤ ᠪᠠᠷᠢᠮᠵᠢᠶ᠎ᠠ ᠪᠠ ᠲᠡᠰ ᠲᠠᠷᠠᠭ᠋ᠠᠯᠠᠯ᠎ᠢ ᠴᠢᠡᠭᠭ᠎ᠠ ᠬᠡᠷᠡᠭᠵᠢᠬᠦᠯᠵᠦ᠂ ᠣᠳᠣ ᠵᠢᠨ ᠪᠠᠶ᠋ᠢᠭ᠎ᠠ ᠶᠠᠳᠠᠭᠤ ᠭᠦᠴᠢᠷᠳᠡᠯᠳᠡᠢ ᠭᠦᠮᠦᠨ ᠠᠮᠠ ᠵᠢ ᠶᠠᠳᠠᠭᠤ᠎ᠠᠴᠠ ᠠᠩᠬᠢᠵᠢᠷᠠᠭᠤᠯᠬᠤ ᠡᠭᠦᠷᠬᠡ᠎ᠪᠠᠨ ᠪᠡᠶᠡᠯᠡᠬᠦᠯᠦᠨ᠂ ᠦᠨᠡᠨ ᠬᠦ᠌ ᠶᠠᠳᠠᠭᠤ᠎ᠠᠴᠠ ᠠᠩᠬᠢᠵᠢᠷᠬᠠᠰᠠᠨ᠎ᠢ ᠪᠠᠲᠤᠯᠠᠨ᠎ᠠ᠃ ᠶᠠᠳᠠᠭᠤ᠎ᠠᠴᠠ ᠠᠩᠬᠢᠵᠢᠷᠠᠭᠤᠯᠬᠤ ᠰᠢᠪᠳᠤᠯᠤᠯᠳᠠ᠎ᠪᠠᠨ ᠭᠦᠳᠡᠭᠡ ᠲᠤᠰᠬᠤᠨ᠎ᠢ ᠭᠦᠭᠵᠢᠬᠦᠯᠦᠨ ᠮᠠᠨᠳᠤᠭᠤᠯᠬᠤ᠎ᠲᠠᠢ ᠪᠦᠳᠦᠮᠵᠢᠳᠡᠢ᠎ᠪᠠᠷ ᠵᠤᠯᠭ᠋ᠠᠭᠤᠯᠬᠤ ᠵᠢ ᠠᠬᠢᠭᠤᠯᠵᠦ᠂ ᠶᠠᠳᠠᠭᠤ᠎ᠠᠴᠠ ᠠᠩᠬᠢᠵᠢᠷᠠᠭᠤᠯᠬᠤ ᠤᠷᠳᠤ ᠬᠤᠭᠤᠴᠠᠭ᠋ᠠᠨ᠎ᠤ ᠪᠦᠳᠦᠮᠵᠢᠳᠡᠢ ᠪᠠᠶ᠋ᠢᠯᠭ᠋ᠠᠬᠤ ᠲᠤᠨᠨᠳᠠᠴᠠ ᠵᠢ ᠪᠠᠶ᠋ᠢᠭᠤᠯᠤᠨ᠂ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢ ᠲᠤᠨᠨᠳᠠᠪᠤᠷᠢᠵᠢᠭᠤᠯᠣᠨ᠎ᠡ᠃ ᠲᠠᠬᠢᠨ ᠶᠠᠳᠠᠭᠤᠷᠬᠠᠰᠠᠨ ᠭᠦᠮᠦᠨ ᠠᠮᠠ ᠬᠢᠭᠡᠳ ᠶᠠᠳᠠᠭᠤᠷᠬᠠᠰᠠᠨ ᠭᠦᠮᠦᠨ ᠠᠮᠠ ᠵᠢ ᠬᠢᠨᠠᠨ ᠰᠢᠨᠵᠢᠬᠦ ᠪᠠ ᠬᠠᠪᠰᠤᠷᠤᠨ ᠳᠡᠳᠭᠦᠬᠦ ᠠᠵᠢᠯ᠎ᠢ ᠰᠠᠶ᠋ᠢᠳᠤᠷ ᠬᠢᠨ᠎ᠠ᠃ ᠠᠵᠦ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠴᠢᠩᠭ᠋ᠠᠷᠠᠭᠤᠯᠤᠨ᠂ ᠶᠠᠳᠠᠭᠤ ᠭᠦᠴᠢᠷᠳᠡᠯᠳᠡᠢ ᠡᠷᠦᠬᠡ ᠵᠢ ᠲᠠᠶ᠋ᠢᠴᠢᠯᠠᠵᠦ ᠪᠠᠶ᠋ᠢᠭ᠋ᠠᠳ ᠤᠷᠤᠯᠭ᠎ᠠ ᠵᠢ᠎ᠨᠢ ᠦᠷᠭᠦᠯᠵᠢᠯᠡᠨ ᠨᠡᠮᠡᠭᠳᠡᠬᠦᠯᠦᠨ᠎ᠠ᠃ ᠶᠠᠳᠠᠭᠤ ᠵᠢ ᠲᠡᠳᠬᠦᠬᠦ ᠡᠳ᠋ ᠭᠦᠷᠦᠩᠬᠡ᠎ᠳᠠᠬᠢ ᠬᠠᠮᠢᠶᠠᠷᠤᠯᠳᠠ᠎ᠪᠠᠨ ᠴᠢᠩᠭ᠋ᠠᠳᠬᠠᠵᠦ᠂ ᠶᠠᠳᠠᠭᠤ ᠵᠢ ᠲᠡᠳᠬᠦᠬᠦ ᠡᠳ᠋ ᠭᠦᠷᠦᠩᠬᠡ ᠵᠢ ᠬᠡᠷᠡᠭᠯᠡᠬᠦ ᠦᠷ᠎ᠡ ᠠᠰᠢᠭ ᠵᠶ᠋ᠠᠨ ᠲᠡᠬᠡᠭᠰᠢᠯᠡᠬᠦᠯᠦᠨ᠎ᠠ᠃ ᠶᠠᠳᠠᠭᠤ ᠵᠢ ᠲᠡᠳᠬᠦᠬᠦ ᠲᠠᠯ᠎ᠠ᠎ᠳᠤ ᠪᠡᠬᠡᠵᠢᠩ ᠦᠪᠦᠷ ᠮᠤᠩᠭᠤᠯ᠎ᠤᠨ᠎ᠬᠢᠨ᠎ᠤ ᠬᠠᠮᠵᠢᠯᠴᠠᠨ ᠠᠵᠢᠯᠯᠠᠬᠤ ᠪᠠ ᠲᠥᠪ᠎ᠤᠨ ᠨᠢᠭᠡᠴᠢ ᠵᠢᠨ᠎ᠬᠢᠨ᠎ᠤ ᠲᠣᠭᠲᠠᠭ᠋ᠠᠭᠰᠠᠨ ᠴᠡᠭ᠎ᠲᠤ ᠶᠠᠳᠠᠭᠤ ᠵᠢ ᠲᠡᠳᠭᠦᠬᠦ ᠵᠢ ᠭᠦᠨᠵᠡᠬᠡᠶ᠋ᠢᠷᠡᠬᠦᠯᠦᠨ᠎ᠠ᠃ ᠶᠠᠳᠠᠭᠤ᠎ᠠᠴᠠ ᠠᠡᠭᠭᠢᠵᠢᠷᠠᠭᠤᠯᠬᠤ ᠰᠢᠪᠲᠤᠯᠤᠯᠲᠠ ᠵᠢᠨ ᠠᠵᠢᠯ᠎ᠳᠤ ᠨᠡᠢ᠍ᠢ᠍ᠳᠡᠮ ᠪᠠᠢ᠍ᠢ᠍ᠴᠠᠭ᠋ᠠᠯᠲᠠ ᠦᠷᠨᠢᠭᠦᠯᠦᠨ᠎ᠡ᠃
      ᠴᠢᠨᠡᠬᠡᠯᠢᠭ ᠨᠡᠶ᠋ᠢᠬᠡᠮ᠎ᠢ ᠪᠦᠭᠦ ᠲᠠᠯ᠎ᠠ᠎ᠪᠠᠷ ᠪᠠᠶ᠋ᠢᠭᠤᠯᠬᠤ᠎ᠳᠤ ᠡᠷᠬᠡᠪᠰᠢ ᠪᠤᠬᠢᠷᠳᠤᠯ᠎ᠢ ᠰᠡᠷᠬᠡᠶ᠋ᠢᠯᠡᠨ ᠵᠠᠰᠠᠬᠤ ᠰᠢᠪᠳᠤᠯᠤᠯᠳᠠ ᠵᠢᠨ ᠲᠠᠶ᠋ᠢᠯᠠᠯᠳᠤᠭ᠋ᠠᠨ᠎ᠢ ᠰᠠᠶ᠋ᠢᠳᠤᠷ ᠬᠢᠬᠦ ᠬᠡᠷᠡᠭᠳᠡᠢ᠃ ᠲᠤᠪᠤᠶ᠋ᠢᠮ᠎ᠠ ᠠᠰᠠᠭᠤᠳᠠᠯ᠎ᠢ ᠠᠩᠬᠠᠷᠤᠨ ᠰᠶ᠋ᠢᠳᠪᠦᠷᠢᠯᠡᠵᠦ᠂ ᠡᠯ᠎ᠡ ᠵᠦᠢ᠍ᠯ᠎ᠤᠨ ᠵᠠᠰᠠᠯᠳᠠ ᠵᠢᠨ ᠠᠷᠭ᠎ᠠ ᠬᠡᠮᠵᠢᠶ᠎ᠡ ᠵᠢ ᠪᠤᠳᠠᠳᠠᠶ᠋ᠢᠵᠢᠭᠤᠯᠤᠨ ᠨᠠᠶ᠋ᠢᠳᠠᠪᠤᠷᠢᠵᠢᠭᠤᠯᠤᠨ᠎ᠠ᠃ ᠪᠤᠯᠤᠳ ᠲᠡᠮᠦᠷ᠎ᠤᠨ ᠠᠵᠢᠯ ᠲᠦᠷᠦᠯ᠎ᠤᠨ ᠬᠡᠳᠦ ᠲᠤᠤᠷ᠎ᠠ ᠭᠠᠳ᠋ᠬᠠᠰᠢᠯᠠᠭᠤᠯᠬᠤ ᠵᠢ᠎ᠨᠢ ᠥᠭᠡᠷᠡᠴᠢᠯᠡᠨ ᠰᠢᠨᠡᠳᠬᠡᠬᠦ ᠪᠠ ᠠᠵᠦ ᠦᠢ᠍ᠯᠡᠳᠪᠦᠷᠢ ᠵᠢᠨ ᠵᠤᠤᠬ᠎ᠠ ᠵᠢ᠎ᠨᠢ ᠵᠠᠰᠠᠵᠦ ᠴᠡᠭᠴᠡᠯᠡᠬᠦ ᠵᠢ ᠠᠬᠢᠭᠤᠯᠵᠦ᠂ 《ᠲᠠᠷᠠᠬᠠᠢ ᠪᠤᠳᠠᠷᠬᠠᠢ ᠵᠠᠮᠪᠠᠷᠠᠭ᠎ᠠ ᠦᠬᠡᠢ ᠪᠠ ᠪᠤᠬᠢᠷᠳᠤᠯ ᠶᠡᠭᠡ᠎ᠲᠠᠢ》 ᠠᠵᠦ ᠠᠬᠤᠶ᠋ᠢᠯᠠᠯ᠂ ᠬᠡᠮᠬᠡᠳᠡᠭ ᠨᠡᠭᠦᠷᠡᠰᠦ ᠵᠢᠨ ᠰᠢᠳᠠᠭ᠋ᠠᠯᠭ᠎ᠠ᠂ ᠲᠦᠯᠡᠰᠢᠨ᠎ᠤ ᠲᠤᠰᠤ ᠰᠢᠳᠠᠭ᠋ᠠᠬᠤ ᠪᠠᠷᠠᠭ᠋ᠠᠨ᠎ᠤ ᠲᠡᠷᠬᠡ ᠵᠢᠨ ᠪᠤᠬᠢᠷᠳᠤᠯ ᠵᠡᠷᠬᠡ᠎ᠳᠤ ᠲᠤᠰᠬᠠᠶ᠋ᠢᠯᠠᠨ ᠵᠠᠰᠠᠬᠤ ᠠᠵᠢᠯ᠎ᠢ ᠰᠠᠶ᠋ᠢᠳᠤᠷ ᠠᠳᠬᠤᠨ᠎ᠠ᠃ ᠭᠦᠬᠡᠬᠤᠳᠠ ᠪᠤᠭᠤᠳᠤ ᠤᠷᠳᠤᠰ᠂ ᠦᠬᠠᠢ ᠵᠢᠴᠢ ᠡᠷᠬᠢᠨ ᠲᠤᠭᠤᠷᠢᠨ᠎ᠤ ᠤᠷᠤᠨ ᠪᠦᠰᠡ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠬᠤᠯᠪᠤᠭ᠋ᠠᠯᠠᠨ ᠰᠡᠷᠬᠡᠶ᠋ᠢᠯᠡᠬᠦ ᠬᠤᠯᠪᠤᠭ᠋ᠠᠯᠠᠨ ᠡᠵᠡᠮᠰᠢᠬᠦ ᠬᠤᠯᠪᠤᠭ᠋ᠠᠯᠠᠨ ᠵᠠᠰᠠᠬᠤ ᠵᠢ ᠴᠢᠩᠭ᠋ᠠᠳᠬᠠᠨ᠎ᠠ᠃ ᠭᠦᠯᠦᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠦ᠂ ᠲᠠᠯᠠᠶ᠋ᠢᠨᠠᠭᠤᠷ᠂ ᠬᠠᠷ᠎ᠠ ᠤᠰᠤ᠂ ᠰᠤᠪᠨᠠᠭᠤᠷ ᠵᠡᠷᠬᠡ ᠨᠠᠭᠤᠷ ᠴᠦᠭᠦᠷᠦᠮ᠎ᠤᠨ ᠵᠠᠰᠠᠯᠳᠠ ᠵᠢ ᠠᠬᠢᠭᠤᠯᠤᠨ᠎ᠠ᠃ ᠪᠤᠬᠢᠷ ᠤᠰᠤ ᠭᠠᠳ᠋ᠬᠠᠰᠢᠯᠠᠭᠤᠯᠬᠤ ᠦᠢ᠍ᠯᠡᠳᠪᠦᠷᠢ ᠵᠢᠨ ᠭᠠᠳ᠋ᠬᠠᠰᠢᠯᠠᠭᠤᠯᠤᠯᠳᠠ᠎ᠨᠢ ᠪᠠᠷᠢᠮᠵᠢᠶ᠎ᠠ᠎ᠳᠤ ᠭᠦᠷᠬᠦ ᠦᠬᠡᠢ ᠠᠰᠠᠭᠤᠳᠠᠯ᠎ᠢ ᠴᠡᠭᠴᠡᠯᠡᠨ ᠵᠠᠰᠠᠵᠦ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠢ ᠬᠠᠮᠠᠭ᠋ᠠᠯᠠᠨ᠎ᠠ᠃ ᠬᠡᠳᠦ ᠪᠤᠷᠳᠤᠭᠤᠷ ᠤᠷᠤᠭᠤᠯᠬᠤ ᠵᠢ ᠬᠢᠵᠠᠭ᠋ᠠᠷᠯᠠᠵᠤ᠂ ᠲᠠᠪᠠ᠎ᠪᠠᠷ ᠲᠠᠷᠢᠶᠡᠨ ᠡᠮ ᠵᠠᠷᠤᠬᠤ ᠵᠢ ᠬᠢᠵᠠᠭ᠋ᠠᠷᠯᠠᠵᠤ᠂ ᠪᠦᠷᠢᠯᠬᠡᠨ ᠤᠰᠤᠯᠠᠬᠤ ᠵᠢ ᠬᠢᠵᠠᠭ᠋ᠠᠷᠯᠠᠵᠤ᠂ ᠲᠤᠷ᠎ᠠ᠎ᠪᠠᠷ ᠨᠢᠮᠭᠡᠨ ᠪᠦᠷᠭᠦᠪᠴᠢ ᠬᠡᠷᠡᠭᠯᠡᠬᠦ ᠵᠢ ᠬᠢᠵᠠᠭ᠋ᠠᠷᠯᠠᠵᠤ᠂ ᠲᠠᠷᠢᠶᠠᠯᠠᠩ᠎ᠤᠨ ᠤᠯᠠᠨ ᠡᠬᠢᠳᠦ ᠪᠤᠬᠢᠷᠳᠤᠯ᠎ᠢ ᠵᠠᠰᠠᠵᠤ᠂ ᠭᠦᠨᠳᠦ ᠲᠡᠮᠦᠷᠯᠢᠭ᠎ᠤᠨ ᠠᠵᠢᠯ ᠲᠦᠷᠦᠯ᠎ᠤᠨ ᠪᠤᠬᠢᠷᠳᠤᠯ᠎ᠢ ᠰᠡᠷᠬᠡᠶ᠋ᠢᠯᠡᠨ ᠡᠵᠡᠮᠰᠢᠵᠦ᠂ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ᠎ᠳᠤ ᠬᠠᠷᠢᠭᠤ ᠲᠤᠰᠬᠠᠨᠨᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠨ᠎ᠠ᠃
      ᠵᠠᠰᠠᠭ᠎ᠤᠨ ᠤᠷᠳᠤᠨ᠎ᠤ ᠦᠷᠢ ᠦᠭᠴᠡᠭᠡ ᠵᠢᠨ ᠬᠠᠮᠢᠶᠠᠷᠤᠯᠳᠠ ᠵᠢ ᠴᠢᠩᠭ᠋ᠠᠳᠬᠠᠵᠦ᠂ ᠰᠢᠯᠭ᠋ᠠᠨ ᠦᠨᠡᠯᠡᠬᠦ ᠲᠤᠨᠨᠳᠠᠴᠠ ᠪᠠ ᠱᠠᠩᠨᠠᠵᠦ ᠨᠦᠭᠦᠪᠦᠷᠢᠯᠡᠬᠦ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠬᠡ᠎ᠪᠠᠨ ᠪᠠᠳᠤᠯᠠᠨ ᠪᠡᠶᠡᠯᠡᠬᠦᠯᠦᠨ᠎ᠠ᠃ ᠤᠷᠤᠨ ᠨᠤᠳᠤᠭ᠎ᠲᠠᠬᠢ ᠬᠠᠤᠯᠢ ᠵᠢᠨ ᠡᠷᠬᠡᠳᠡᠨ᠎ᠲᠠᠢ ᠮᠦᠩᠬᠦᠨ ᠭᠦᠢ᠍ᠯᠬᠡᠬᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠵᠢ ᠯᠠᠪᠳᠠᠭᠤᠨ ᠵᠶ᠋ᠠᠷ ᠰᠶ᠋ᠢᠳᠪᠦᠷᠢᠯᠡᠵᠦ᠂ ᠪᠤᠭᠤᠳᠤ ᠵᠢᠨ ᠬᠤᠳᠠᠯᠳᠤᠭ᠋ᠠᠨ᠎ᠤ ᠪᠠᠩᠬᠢ ᠵᠢᠨ ᠰᠲ᠋ᠤᠺ᠎ᠤᠨ ᠡᠷᠬᠡ᠎ᠪᠠᠨ ᠲᠠᠬᠢᠨ ᠵᠤᠬᠢᠶᠠᠨ ᠪᠠᠶ᠋ᠢᠭᠤᠯᠬᠤ ᠵᠢ ᠪᠡᠶᠡᠯᠡᠬᠦᠯᠦᠨ᠎ᠠ᠃ ᠬᠠᠤᠯᠢ ᠪᠤᠰᠤ ᠮᠦᠩᠬᠦᠨ ᠭᠦᠢ᠍ᠯᠬᠡᠬᠡᠨ᠎ᠤ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠤ᠂ ᠰᠢᠰᠲ᠋ᠧᠮ᠎ᠤᠨ ᠴᠢᠨᠠᠷᠳᠠᠢ ᠮᠦᠩᠬᠦᠨ ᠭᠦᠢ᠍ᠯᠬᠡᠬᠡᠨ᠎ᠤ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ᠎ᠢ ᠡᠷᠡᠰ ᠰᠠᠬᠢᠨ᠎ᠠ᠃
     (ᠬᠤᠶᠠᠷ) ᠡᠵᠡᠩᠨᠡᠨ ᠬᠤᠳᠠᠯᠳᠤᠭ᠋ᠠᠯᠠᠬᠤ ᠤᠷᠴᠢᠨ ᠨᠦᠭᠦᠴᠡᠯ᠎ᠢ ᠶᠡᠭᠡ᠎ᠪᠠᠷ ᠰᠢᠯᠢᠳᠡᠭᠵᠢᠬᠦᠯᠦᠨ᠎ᠠ
      ᠡᠵᠡᠩᠨᠡᠨ ᠬᠤᠳᠠᠯᠳᠤᠭ᠋ᠠᠯᠠᠬᠤ ᠤᠷᠴᠢᠨ ᠨᠦᠭᠦᠴᠡᠯ᠎ᠢ ᠰᠢᠯᠢᠳᠡᠭᠵᠢᠬᠦᠯᠬᠦ ᠲᠦᠷᠢᠮ᠎ᠢ ᠨᠠᠶ᠋ᠢᠳᠠᠪᠤᠷᠢᠵᠢᠭᠤᠯᠵᠦ᠂ ᠵᠠᠰᠠᠭ᠎ᠤᠨ ᠤᠷᠳᠤᠨ᠎ᠤ ᠦᠢ᠍ᠯᠡᠴᠢᠯᠡᠬᠡᠨ᠎ᠤ ᠭᠦᠴᠦᠨ ᠴᠢᠳᠠᠪᠤᠷᠢ᠎ᠪᠠᠨ ᠲᠡᠬᠡᠭᠰᠢᠯᠡᠬᠦᠯᠦᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ ᠬᠡᠰᠡᠭ ᠭᠦᠷᠢᠶ᠎ᠡ ᠴᠠᠷᠠᠭ᠋ᠠᠨ᠎ᠳᠠᠬᠢ ᠬᠢᠨᠠᠨ ᠵᠦᠪᠰᠢᠶᠡᠷᠡᠬᠦ ᠭᠠᠷᠳᠠᠮ᠎ᠨᠢ ᠶᠠᠷᠰᠢᠭ ᠲᠦᠪᠡᠭᠳᠡᠢ᠂ ᠭᠦᠢ᠍ᠴᠡᠳᠬᠡᠬᠦ ᠴᠠᠭ᠎ᠨᠢ ᠬᠡᠳᠦ ᠤᠷᠳᠤ᠂ ᠦᠷ᠎ᠡ ᠪᠦᠳᠦᠮᠵᠢ᠎ᠨᠢ ᠨᠡᠯᠢᠶᠡᠳ ᠲᠤᠤᠷ᠎ᠠ ᠪᠠᠶ᠋ᠢᠭ᠎ᠠ ᠵᠡᠷᠬᠡ ᠠᠰᠠᠭᠤᠳᠠᠯ᠎ᠢ ᠭᠦᠴᠦᠯᠡᠨ ᠰᠶ᠋ᠢᠳᠪᠦᠷᠢᠯᠡᠨ᠎ᠠ᠃ ᠠᠵᠦ ᠠᠬᠤᠶ᠋ᠢᠯᠠᠯ ᠡᠷᠬᠢᠯᠡᠨ ᠨᠡᠬᠡᠬᠡᠬᠦ ᠴᠠᠭ᠎ᠢ ᠪᠤᠭᠤᠨᠢᠰᠬᠠᠭ᠋ᠠᠳ 3 ᠠᠵᠢᠯᠯᠠᠬᠤ ᠡᠳᠦᠷ᠎ᠤᠨ ᠲᠤᠳᠤᠷ᠎ᠠ ᠲᠠᠭᠤᠰᠬᠠᠬᠤ ᠪᠤᠯᠭ᠋ᠠᠵᠦ᠂ ᠦᠯᠦ ᠭᠦᠳᠡᠯᠬᠦ ᠭᠦᠷᠦᠩᠬᠡ ᠵᠢᠨ ᠲᠠᠩᠰᠠᠯᠠᠨ ᠲᠡᠮᠳᠡᠭᠯᠡᠬᠦ ᠴᠠᠭ᠎ᠢ ᠪᠤᠭᠤᠨᠢᠰᠬᠠᠭ᠋ᠠᠳ 5 ᠠᠵᠢᠯᠯᠠᠬᠤ ᠡᠳᠦᠷ᠎ᠤᠨ ᠲᠤᠳᠤᠷ᠎ᠠ ᠲᠠᠭᠤᠰᠬᠠᠬᠤ ᠪᠤᠯᠭ᠋ᠠᠨ᠎ᠠ᠃ ᠵᠠᠰᠠᠭ᠎ᠤᠨ ᠶᠠᠪᠤᠳᠠᠯ᠎ᠤᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠳᠤ᠎ᠳᠤ᠎ᠪᠠᠨ ᠭᠦᠷᠳᠡᠬᠦ ᠵᠢ ᠠᠬᠢᠭᠤᠯᠵᠦ᠂ ᠨᠢᠬᠡ ᠯᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ᠂ ᠤᠨᠳᠤᠤ ᠭᠠᠵᠠᠷ᠎ᠲᠤ ᠭᠦᠢ᠍ᠴᠡᠳᠬᠡᠵᠦ ᠪᠤᠯᠬᠤ ᠵᠢ ᠪᠡᠶᠡᠯᠡᠬᠦᠯᠦᠨ᠎ᠠ᠃ ᠪᠠᠷᠢᠯᠭ᠎ᠠ ᠵᠢᠨ ᠪᠦᠳᠦᠬᠡᠨ ᠪᠠᠶ᠋ᠢᠭᠤᠯᠤᠯᠳᠠ ᠵᠢᠨ ᠲᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠲᠦᠷᠢᠮ᠎ᠤᠨ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ ᠪᠡᠯᠡ ᠤᠷᠤᠭᠤᠯᠤᠯᠳᠠ ᠵᠢᠨ ᠲᠦᠷᠦᠯ ᠵᠦᠢ᠍ᠯ᠎ᠤᠨ ᠠᠮᠠᠯᠠᠬᠤ ᠲᠦᠷᠢᠮ ᠪᠠ ᠰᠠᠯᠠᠭ᠎ᠠ ᠮᠦᠴᠢᠷ᠎ᠤᠨ ᠤᠷᠤᠯᠠᠨ ᠭᠦᠢ᠍ᠴᠡᠳᠬᠡᠬᠦ ᠲᠦᠷᠢᠮ᠎ᠢ ᠠᠬᠢᠭᠤᠯᠤᠨ᠎ᠠ᠃ ᠭᠠᠶ᠋ᠢᠯᠢ ᠵᠢ ᠬᠠᠰᠤᠵᠦ ᠰᠦᠢ᠍ᠳᠬᠡᠯ᠎ᠢ ᠪᠠᠭᠤᠷᠠᠭᠤᠯᠬᠤ ᠦᠷ᠎ᠡ ᠪᠦᠳᠦᠮᠵᠢ ᠵᠢ ᠪᠠᠬᠢᠵᠢᠬᠦᠯᠦᠨ ᠦᠷᠬᠡᠳᠬᠡᠵᠦ᠂ ᠠᠵᠦ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠂ ᠪᠠᠷᠠᠭ᠋ᠠᠨ᠎ᠤ ᠭᠦᠢ᠍ᠯᠬᠡᠬᠡ ᠵᠡᠷᠬᠡ ᠵᠢᠨ ᠦᠪᠡᠷ᠎ᠤᠨ ᠦᠷᠳᠡᠭ᠎ᠢ᠎ᠨᠢ ᠪᠠᠭᠤᠷᠠᠭᠤᠯᠤᠨ᠎ᠠ᠃ ᠵᠠᠰᠠᠭ ᠵᠠᠬᠢᠷᠭ᠋ᠠᠨ᠎ᠤ ᠶᠡᠷᠦᠩᠬᠡᠶ᠋ᠢᠯᠡᠭᠰᠡᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠵᠢ ᠭᠦᠨᠵᠡᠬᠡᠶ᠋ᠢᠷᠡᠬᠦᠯᠵᠦ᠂ ᠤᠯᠠᠨ ᠲᠠᠯ᠎ᠠ᠎ᠠᠴᠠ ᠪᠠᠶ᠋ᠢᠴᠠᠭ᠋ᠠᠬᠤ᠂ ᠲᠠᠪᠬᠤᠷᠳᠠᠭᠤᠯᠤᠨ ᠪᠠᠶ᠋ᠢᠴᠠᠭ᠋ᠠᠬᠤ ᠵᠢ ᠡᠷᠡᠰ ᠵᠠᠰᠠᠨ᠎ᠠ᠃
      ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ᠎ᠤᠨ ᠦᠬᠡᠷᠡᠴᠢᠯᠡᠯᠳᠡ ᠬᠢᠵᠦ ᠰᠢᠨ᠎ᠠ ᠵᠢ ᠡᠭᠦᠳᠬᠦ ᠵᠢ ᠵᠤᠷᠢᠨᠨᠵᠢᠭᠤᠯᠬᠤ ᠵᠢᠨ ᠲᠠᠭ᠋ᠠᠤ ᠭᠦᠳᠦᠯᠦᠨ ᠵᠢᠯᠤᠭᠤᠳᠴᠤ᠂ ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ᠎ᠤᠨ ᠵᠢᠷᠤᠮᠵᠢᠭᠤᠨ ᠪᠦᠬᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ᠎ᠤᠳ ᠡᠬᠢ ᠪᠠᠶᠠᠯᠢᠭ᠎ᠤᠨ ᠭᠦᠴᠦᠨ ᠵᠦᠢ᠍ᠯ᠎ᠢ ᠬᠠᠤᠯᠢ ᠶᠤᠰᠤᠭ᠋ᠠᠷ ᠡᠷᠬᠡ ᠲᠡᠭᠰᠢ ᠭᠦᠷᠳᠡᠬᠦ ᠪᠠ ᠬᠡᠷᠡᠭᠯᠡᠬᠦ ᠵᠢ ᠦᠨᠡᠨ ᠬᠦ᠌ ᠪᠠᠳᠤᠯᠠᠵᠦ᠂ ᠠᠵᠦ ᠠᠬᠤᠶ᠋ᠢᠯᠠᠯ᠎ᠤᠨ ᠰᠢᠨᠵᠢ ᠴᠢᠨᠠᠷ᠎ᠯᠤᠭ᠎ᠠ ᠬᠤᠯᠪᠤᠨᠨᠳᠠᠭᠤᠯᠤᠨᠨᠰᠠᠨ ᠭᠠᠳᠠᠭᠤᠷᠴᠢᠯᠠᠬᠤ ᠴᠢᠨᠠᠷᠳᠠᠢ ᠲᠤᠨᠨᠳᠠᠭ᠋ᠠᠯ ᠪᠠ ᠠᠷᠭ᠎ᠠ ᠬᠢᠳᠡᠯ᠎ᠢ ᠠᠷᠢᠯᠭ᠋ᠠᠨ᠂ ᠠᠷᠠᠳ᠎ᠠᠴᠠ ᠡᠵᠡᠩᠨᠡᠭᠰᠡᠨ ᠠᠵᠦ ᠠᠬᠤᠶ᠋ᠢᠯᠠᠯ ᠲᠤᠮᠳᠠ ᠵᠢᠵᠢᠭ ᠠᠵᠦ ᠠᠬᠤᠶ᠋ᠢᠯᠠᠯ᠎ᠳᠤ ᠥᠷᠢᠲᠦᠵᠦ ᠪᠠᠶ᠋ᠢᠭᠰᠠᠨ ᠳᠠᠩᠰᠠᠨ᠎ᠳᠠᠬᠢ ᠵᠣᠭᠤᠰ᠎ᠢ᠎ᠨᠢ ᠢᠯᠭ᠋ᠠᠷᠠᠭᠤᠯᠬᠤ ᠠᠵᠢᠯ᠎ᠢ ᠪᠡᠶᠡᠯᠡᠬᠦᠯᠦᠨ᠎ᠠ᠃ ᠮᠦᠩᠬᠦᠨ ᠭᠦᠢ᠍ᠯᠬᠡᠬᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ ᠵᠢ ᠲᠦᠷᠬᠡᠳᠬᠡᠵᠦ᠂ ᠮᠦᠩᠬᠦᠨ ᠭᠦᠢ᠍ᠯᠬᠡᠬᠡᠨ᠎ᠤ ᠦᠢ᠍ᠯᠡᠰ᠎ᠤᠨ ᠠᠮᠢ ᠠᠬᠤᠢ ᠵᠢᠨ ᠤᠷᠴᠢᠨ ᠨᠦᠭᠦᠴᠡᠯ᠎ᠢ ᠰᠢᠯᠢᠳᠡᠭᠵᠢᠬᠦᠯᠦᠨ᠂ ᠭᠤᠤᠯᠳᠠᠯᠭ᠎ᠠ᠎ᠲᠠᠢ ᠭᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ᠎ᠳᠤ ᠢᠳᠡᠬᠡᠮᠵᠢᠳᠦ ᠵᠢᠬᠡᠯᠡᠯᠬᠡ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠵᠦ᠂ ᠨᠡᠩ ᠤᠯᠠᠨ ᠰᠢᠯᠢᠳᠡᠭ ᠠᠵᠦ ᠠᠬᠤᠶ᠋ᠢᠯᠠᠯ᠎ᠢ ᠲᠡᠮᠵᠢᠵᠦ ᠪᠠᠶ᠋ᠢᠭ᠋ᠠᠳ ᠭᠦᠷᠦᠩᠬᠡ ᠵᠢᠨ ᠵᠠᠬ᠎ᠠ ᠲᠡᠯᠬᠡᠭᠦᠷ ᠵᠶ᠋ᠠᠷ ᠲᠠᠮᠵᠢᠨ ᠪᠡᠯᠡ ᠲᠤᠬᠢᠷᠠᠭᠤᠯᠭ᠎ᠠ ᠬᠢᠯᠬᠡᠵᠦ᠂ ᠪᠡᠯᠡ ᠲᠤᠬᠢᠷᠠᠭᠤᠯᠬᠤ᠎ᠳᠤ ᠭᠦᠴᠢᠷ ᠪᠥᠭᠡᠳ ᠦᠨᠡᠳᠡᠢ ᠠᠰᠠᠭᠤᠳᠠᠯ᠎ᠢ ᠨᠠᠮᠳᠠᠭ᠋ᠠᠨ᠎ᠠ᠃ ᠦᠪᠡᠷᠳᠡᠬᠡᠨ ᠵᠠᠰᠠᠬᠤ ᠤᠷᠤᠨ᠎ᠤ ᠮᠦᠩᠬᠦᠨ ᠭᠦᠢ᠍ᠯᠬᠡᠬᠡᠨ᠎ᠤ ᠲᠦᠷᠢᠶᠡᠰᠦᠯᠡᠭᠦᠯᠬᠦ ᠺᠤᠮᠫᠠᠨᠢ ᠵᠢ ᠪᠠᠶ᠋ᠢᠭᠤᠯᠵᠦ᠂ ᠲᠠᠬᠢᠨ ᠲᠠᠭ᠋ᠠᠭ᠋ᠠᠯᠳᠠ ᠬᠢᠬᠦ ᠪᠦᠯᠦᠭᠯᠡᠯ᠎ᠢ ᠵᠤᠬᠢᠶᠠᠨ ᠪᠠᠶ᠋ᠢᠭᠤᠯᠤᠨ᠎ᠠ᠃
    (ᠭᠤᠷᠪᠠ) ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠤᠨ᠎ᠠ
    ᠦᠢ᠍ᠯᠡᠳᠬᠦ ᠦᠢ᠍ᠯᠡᠰ᠎ᠢ ᠶᠡᠭᠡ᠎ᠪᠠᠷ ᠬᠦᠭᠵᠢᠭᠦᠯᠵᠤ᠂ ᠡᠬᠢ ᠪᠠᠶᠠᠯᠢᠭ᠎ᠢ ᠤᠯᠠᠷᠢᠭᠤᠯᠵᠦ ᠦᠷᠳᠡᠭ᠎ᠢ᠎ᠨᠢ ᠨᠡᠮᠡᠭᠳᠡᠬᠦᠯᠬᠦ ᠠᠵᠢᠯ ᠪᠠ ᠤᠳᠤ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠵᠦ᠂ ᠠᠵᠤ ᠠᠬᠤᠶ᠋ᠢᠯᠠᠯ᠎ᠢ ᠲᠡᠮᠵᠢᠵᠦ ᠪᠠᠶ᠋ᠢᠭ᠋ᠠᠳ ᠳᠤᠤᠷᠠᠳᠤ ᠬᠡᠯᠬᠢᠶᠡᠨ᠎ᠤ ᠠᠵᠤ ᠦᠢ᠍ᠯᠡᠰ᠎ᠢ ᠭᠦᠭᠵᠢᠬᠦᠯᠦᠨ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠨᠤᠷᠮ᠎ᠠ ᠪᠠ ᠨᠠᠷᠢᠯᠢᠬ ᠭᠦᠨ ᠪᠤᠯᠪᠠᠰᠤᠷᠠᠭᠤᠯᠬᠤ ᠬᠡᠮᠵᠢᠶ᠎ᠡ ᠵᠢ ᠲᠡᠬᠡᠭᠰᠢᠯᠡᠬᠦᠯᠦᠨ᠂ ᠠᠵᠤ ᠦᠢ᠍ᠯᠡᠰ᠎ᠤᠨ ᠬᠡᠯᠬᠢᠶᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠦᠢ᠍ᠯᠡᠳᠬᠦ ᠦᠢ᠍ᠯᠡᠰ ᠪᠠ ᠦᠢ᠍ᠯᠡᠴᠢᠯᠡᠬᠦ ᠦᠢ᠍ᠯᠡᠰ᠎ᠤᠨ ᠭᠦᠨ ᠠᠭᠤᠰᠤᠯᠴᠠᠯ᠎ᠢ ᠠᠬᠢᠭᠤᠯᠵᠤ᠂ ᠬᠢᠮᠢ ᠵᠢᠨ ᠠᠵᠤ ᠦᠢ᠍ᠯᠡᠳᠪᠦᠷᠢ᠂ ᠲᠤᠨᠤᠭ ᠲᠦᠬᠦᠭᠡᠷᠦᠮᠵᠢ ᠦᠢ᠍ᠯᠡᠳᠬᠦ᠂ ᠪᠣᠯᠤᠳ ᠲᠡᠮᠦᠷ ᠪᠠ ᠦᠩᠬᠡᠳᠦ ᠲᠡᠮᠦᠷᠯᠢᠭ ᠪᠤᠯᠪᠠᠰᠤᠷᠠᠭᠤᠯᠬᠤ᠂ ᠰᠦ᠍ ᠴᠠᠭ᠋ᠠᠨ ᠢᠳᠡᠬᠡᠨ ᠪᠤᠯᠪᠠᠰᠤᠷᠠᠭᠤᠯᠬᠤ ᠵᠡᠷᠬᠡ ᠲᠠᠪᠠᠭᠤᠯᠢᠭ᠎ᠲᠠᠢ ᠣᠨᠴᠠᠯᠢᠭᠲᠤ ᠭᠦᠷᠢᠶ᠎ᠡ ᠴᠠᠷᠠᠭ᠋ᠠᠨ᠎ᠳᠤ᠂ ᠨᠢᠭᠡ ᠪᠦᠯᠦᠭ ᠠᠵᠤ ᠦᠢ᠍ᠯᠡᠰ᠎ᠤᠨ ᠪᠦᠯᠦᠭᠵᠢᠯ᠎ᠢ ᠴᠤᠭᠴᠠᠯᠠᠨ᠎ᠠ᠃ ᠲᠡᠯᠡᠬᠡᠢ ᠵᠢᠨ ᠡᠨᠧᠷᠬᠢ ᠵᠢᠨ ᠮᠡᠷᠬᠡᠵᠢᠯ᠎ᠤᠨ ᠬᠤᠪᠢᠰᠬᠠᠯ᠎ᠤᠨ ᠰᠢᠨ᠎ᠠ ᠬᠠᠨᠳᠤᠰᠢ ᠵᠢ ᠴᠢᠩᠭ᠎ᠠ ᠲᠠᠭ᠋ᠠᠵᠦ᠂ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ ᠵᠡᠷᠭᠡ ᠠᠵᠤ ᠦᠢ᠍ᠯᠡᠰ᠎ᠤᠨ ᠬᠡᠪᠴᠢᠶᠡᠵᠢᠬᠦ᠂ ᠰᠠᠭᠤᠷᠢᠨᠵᠢᠬᠤ ᠬᠦᠭᠵᠢᠯᠲᠡ ᠵᠢ ᠵᠣᠬᠢᠰᠲᠠᠢ ᠪᠠᠶ᠋ᠢᠷᠢᠰᠢᠭᠤᠯᠬᠤ ᠪᠠ ᠡᠮᠬᠢ ᠵᠢᠷᠤᠮ᠎ᠲᠠᠢ ᠠᠬᠢᠭᠤᠯᠵᠤ᠂ ᠭᠠᠵᠠᠷ᠎ᠤᠨ ᠢᠯᠴᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠲᠦᠷᠭᠡᠳᠭᠡᠨ᠎ᠡ᠃ ᠤᠯᠤᠰ᠎ᠤᠨ ᠣᠳᠤ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠤᠷᠤᠨ᠎ᠢ ᠡᠭᠦᠳᠦᠨ ᠪᠠᠶ᠋ᠢᠭᠤᠯᠤᠨ᠎ᠠ᠃      
      ᠲᠤᠭ᠋ᠠᠵᠢᠯᠬᠠᠰᠠᠨ ᠠᠵᠤ ᠠᠬᠤᠢ ᠵᠢ ᠶᠡᠭᠡ᠎ᠪᠠᠷ ᠬᠦᠭᠵᠢᠭᠦᠯᠵᠦ᠂ 5G ᠴᠢᠮᠡᠭᠡ ᠬᠤᠯᠪᠤᠭ᠋ᠠᠨ᠎ᠤ ᠬᠡᠷᠡᠭᠯᠡᠭᠡᠨ ᠪᠠ ᠲᠤᠮᠤ ᠳ᠋ᠠᠶ᠋ᠢᠲ᠋ᠠ᠂ ᠬᠡᠰᠡᠭ᠎ᠤᠳ᠎ᠤᠨ ᠬᠡᠯᠬᠢᠶ᠎ᠡ᠂ ᠪᠤᠳᠠᠰᠯᠢᠭ ᠬᠤᠯᠪᠤᠭ᠋ᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠠᠵᠤ ᠦᠢ᠍ᠯᠡᠰ᠎ᠢ ᠢᠳᠡᠪᠬᠢᠲᠡᠢ ᠪᠠᠶ᠋ᠢᠷᠢᠰᠢᠭᠤᠯᠤᠨ᠎ᠠ᠃ ᠣᠶᠤᠨᠴᠢᠯᠠᠬᠤ ᠦᠭᠡᠷᠡᠴᠢᠯᠡᠯᠲᠡ ᠵᠢ ᠠᠬᠢᠭᠤᠯᠵᠤ᠂ ᠠᠶᠤᠯ ᠶᠡᠬᠡ᠎ᠲᠠᠢ ᠠᠵᠢᠯ ᠲᠦᠷᠦᠯ᠂ ᠠᠵᠢᠯ ᠵᠶ᠋ᠠᠷ ᠭᠦᠨᠳᠦ ᠦᠢ᠍ᠯᠡᠳᠪᠦᠷᠢᠯᠡᠯ᠎ᠤᠨ ᠭᠤᠭᠴᠤᠭ᠋ᠠᠨ᠎ᠳᠤ ᠮᠠᠰᠢᠨ ᠵᠶ᠋ᠠᠷ ᠬᠦᠮᠦᠨ᠎ᠢ ᠤᠷᠤᠯᠠᠭᠤᠯᠬᠤ ᠵᠢ ᠬᠡᠷᠡᠭᠵᠢᠭᠦᠯᠦᠨ᠎ᠡ᠃ ᠬᠤᠪᠤᠷ ᠰᠢᠷᠤᠢ ᠵᠢᠨ ᠰᠢᠨ᠎ᠡ ᠮᠠᠲ᠋ᠧᠷᠢᠶᠠᠯ᠂ ᠪᠠᠯ ᠴᠢᠯᠠᠭᠤᠨ ᠴᠠᠬᠢᠯᠭ᠋ᠠᠨ ᠲᠦᠢ᠍ᠯ᠎ᠤᠨ ᠮᠠᠲ᠋ᠧᠷᠢᠶᠠᠯ᠂ ᠪᠠᠯ ᠴᠢᠯᠠᠭᠤᠨ ᠠᠯᠺᠧᠠ ᠵᠡᠷᠭᠡ ᠵᠢ ᠰᠤᠳᠤᠯᠤᠨ ᠨᠡᠭᠡᠭᠡᠬᠦ ᠪᠠ ᠠᠵᠤ ᠦᠢ᠍ᠯᠡᠰᠵᠢᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠬᠦᠬᠡᠬᠤᠲᠠ᠎ᠳᠠᠬᠢ ᠤᠯᠤᠰ᠎ᠤᠨ ᠳᠡᠰ᠎ᠤᠨ ᠢᠨᠲ᠋ᠧᠷ ᠰᠦᠯᠵᠢᠶᠡᠨ᠎ᠤ ᠭᠤᠤᠯᠯᠬᠠᠴᠢ ᠪᠤᠯᠬᠤ ᠰᠢᠭᠤᠳ ᠬᠤᠯᠪᠤᠭᠳᠠᠬᠤ ᠴᠡᠭ᠎ᠢ ᠪᠦᠲᠦᠭᠡᠨ ᠪᠠᠶ᠋ᠢᠭᠤᠯᠤᠨ᠎ᠠ᠃
      ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠦᠯᠦᠪᠵᠢᠭᠦᠯᠵᠦ᠂ ᠨᠡᠷ᠎ᠡ ᠵᠢᠨ ᠳᠡᠳᠦᠢ ᠤᠷᠤᠰᠢᠵᠤ ᠪᠠᠶ᠋ᠢᠭ᠎ᠠ ᠪᠠ ᠠᠵᠤ ᠦᠢ᠍ᠯᠡᠰ᠎ᠨᠢ ᠢᠵᠢᠯᠢᠰᠢᠭᠰᠡᠨ ᠬᠦᠷᠢᠶᠡᠯᠡᠩ ᠲᠤᠭᠤᠷᠢᠭ᠎ᠢ ᠢᠯᠭ᠋ᠠᠷᠠᠭᠤᠯᠤᠨ ᠴᠡᠭᠴᠡᠯᠡᠬᠦ ᠪᠠ ᠡᠮᠬᠢᠯᠡᠨ ᠨᠡᠶ᠋ᠢᠯᠡᠬᠦᠯᠵᠦ᠂ ᠡᠨᠧᠷᠬᠢ ᠵᠢᠨ ᠬᠤᠷᠤᠭᠳᠠᠯ ᠶᠡᠭᠡ᠎ᠲᠠᠢ ᠪᠦᠬᠡᠳ ᠦᠷ᠎ᠡ ᠪᠦᠲᠦᠮᠵᠢ᠎ᠪᠠᠷ ᠳᠤᠤᠷ᠎ᠠ ᠪᠠᠶ᠋ᠢᠭ᠎ᠠ ᠬᠦᠷᠢᠶᠡᠯᠡᠩ ᠲᠤᠭᠤᠷᠢᠭ ᠬᠢᠭᠡᠳ 《ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠤᠬᠢᠷᠳᠤᠯ ᠶᠡᠭᠡ᠎ᠲᠠᠢ》 ᠠᠵᠤ ᠠᠬᠤᠶ᠋ᠢᠯᠠᠯ᠎ᠤᠳ᠎ᠤᠨ ᠡᠭᠦᠳᠡ ᠵᠢ᠎ᠨᠢ ᠬᠠᠭ᠋ᠠᠵᠦ᠂ ᠦᠢ᠍ᠯᠡᠳᠪᠦᠷᠢᠯᠡᠯ᠎ᠢ᠎ᠨᠢ ᠵᠤᠨᠨᠰᠤᠭ᠋ᠠᠵᠦ᠂ ᠨᠢᠬᠡᠳᠬᠡᠨ ᠨᠡᠶ᠋ᠢᠯᠡᠬᠦᠯᠬᠦ ᠪᠠ ᠦᠬᠡᠷ᠎ᠡ ᠦᠢ᠍ᠯᠡᠳᠭᠦᠨ ᠦᠢ᠍ᠯᠡᠳᠬᠦ ᠪᠤᠯᠭ᠋ᠠᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠪᠠᠶ᠋ᠢᠷᠢ ᠲᠤᠭᠲᠠᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠤᠭᠲᠠᠭ᠋ᠠᠵᠤ᠂ ᠤᠳᠤᠷᠢᠳᠤᠮᠵᠢ ᠪᠤᠯᠬᠤ ᠠᠵᠤ ᠦᠢ᠍ᠯᠡᠰ᠎ᠤᠨ ᠲᠤᠭᠤᠷᠢᠨ᠎ᠳᠤ ᠡᠷᠭᠢᠯᠲᠡᠲᠦ ᠠᠵᠤ ᠠᠬᠤᠢ ᠵᠢ ᠬᠦᠭᠵᠢᠭᠦᠯᠵᠦ᠂ ᠨᠢᠭᠡᠴᠢ ᠲᠠᠯᠠᠪᠠᠢ ᠵᠢᠨ ᠤᠷᠤᠭᠤᠯᠤᠯᠲᠠ ᠵᠢᠨ ᠬᠦᠴᠦᠯᠡᠴᠡ ᠪᠠ ᠭᠠᠷᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
     《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠤᠩᠭᠤᠯ ᠵᠶ᠋ᠠᠨ ᠭᠦᠭᠵᠢᠬᠦᠯᠦᠨ ᠮᠠᠨᠳᠤᠭᠤᠯᠬᠤ》 ᠠᠵᠢᠯᠯᠠᠭ᠋ᠠᠨ᠎ᠢ ᠭᠦᠨᠵᠡᠭᠡᠶ᠋ᠢᠷᠡᠨ ᠬᠡᠷᠡᠭᠵᠢᠭᠦᠯᠵᠦ᠂ ᠰᠠᠭᠤᠷᠢᠯᠠᠬᠤ ᠴᠢᠨᠠᠷᠲᠠᠢ᠂ ᠬᠡᠷᠡᠭᠯᠡᠭᠡᠨ᠎ᠤ ᠴᠢᠨᠠᠷᠲᠠᠢ ᠰᠤᠳᠤᠯᠭ᠋ᠠᠨ᠎ᠢ ᠴᠢᠩᠭ᠋ᠠᠳᠬᠠᠵᠤ᠂ ᠭᠤᠣᠯᠳᠠᠭᠤ ᠡᠨᠧᠷᠬᠢ᠂ ᠮᠠᠲ᠋ᠧᠷᠢᠶᠠᠯ᠂ ᠲᠤᠨᠤᠭ ᠲᠦᠬᠦᠭᠡᠷᠦᠮᠵᠢ ᠦᠢ᠍ᠯᠡᠳᠬᠦ᠂ ᠠᠮᠢ ᠠᠬᠤᠢ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶ᠎ᠡ ᠴᠠᠷᠠᠭ᠋ᠠᠨ᠎ᠤ ᠵᠠᠩᠭᠢᠯᠠᠭ᠎ᠠ ᠵᠢᠨ ᠮᠡᠷᠭᠡᠵᠢᠯ᠎ᠳᠤ ᠪᠤᠭᠤᠮᠲᠠ ᠰᠢᠪᠲᠤᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠷᠤᠭᠤᠯᠤᠯᠲᠠ᠎ᠳᠠᠬᠢ ᠵᠠᠰᠠᠭ᠎ᠤᠨ ᠤᠷᠳᠤᠨ᠎ᠤ ᠬᠦᠲᠦᠯᠦᠨ ᠵᠢᠯᠤᠭᠤᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠢᠳᠡᠪᠬᠢᠵᠢᠯ᠎ᠢ ᠪᠠᠳᠠᠷᠠᠭ᠋ᠠᠨ᠂ ᠰᠤᠳᠤᠯᠤᠨ ᠨᠡᠬᠡᠬᠡᠬᠦ ᠲᠠᠯ᠎ᠠ᠎ᠪᠠᠷ᠎ᠬᠢ ᠨᠡᠶ᠋ᠢᠬᠡᠮ ᠲᠠᠶᠠᠭ᠋ᠠᠷ᠎ᠤᠨ ᠤᠷᠤᠭᠤᠯᠤᠯᠲᠠ ᠬᠢᠬᠦ ᠵᠢ ᠨᠡᠮᠡᠭᠳᠡᠭᠦᠯᠦᠨ᠎ᠡ᠃ ᠠᠵᠦ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠪᠡᠯᠡ ᠮᠦᠡᠭᠭᠦᠨ᠎ᠤ ᠬᠡᠯᠬᠢᠶᠡᠨ᠎ᠤ ᠤᠷᠭ᠋ᠠᠨᠢᠬ ᠠᠭᠤᠰᠤᠯᠴᠠᠯ᠎ᠢ ᠠᠬᠢᠭᠤᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠳᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠡᠷᠡᠭᠴᠡᠭᠡ ᠵᠢ ᠵᠠᠯᠭ᠋ᠠᠯᠳᠤᠭᠤᠯᠬᠤ ᠲᠤᠭᠲᠠᠴᠠ ᠵᠢ ᠪᠠᠶ᠋ᠢᠭᠤᠯᠤᠨ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠰᠢᠯᠵᠢᠬᠦᠯᠦᠨ ᠤᠯᠠᠷᠢᠭᠤᠯᠬᠤ᠎ᠪᠠᠨ ᠠᠬᠢᠭᠤᠯᠵᠤ᠂ ᠴᠡᠷᠢᠭ ᠠᠷᠠᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠵᠢᠯᠴᠠᠭ᠎ᠠ ᠪᠠ ᠴᠡᠷᠢᠭ ᠠᠷᠠᠳ᠎ᠤᠨ ᠬᠡᠷᠡᠭᠯᠡᠭᠡ ᠵᠢᠨ ᠠᠭᠤᠰᠤᠯᠴᠠᠨ ᠭᠦᠭᠵᠢᠬᠦ ᠵᠢ ᠠᠬᠢᠭᠤᠯᠤᠨ᠎ᠠ᠃ ᠬᠦᠬᠡᠬᠤᠲᠠ ᠪᠤᠭᠤᠳᠤ ᠤᠷᠳᠤᠰ᠎ᠲᠠᠬᠢ ᠤᠯᠤᠰ᠎ᠤᠨ ᠪᠡᠶ᠎ᠡ᠎ᠪᠠᠨ ᠲᠠᠭ᠋ᠠᠭ᠋ᠠᠨᠨᠰᠠᠨ ᠰᠢᠨ᠎ᠡ ᠡᠭᠦᠳᠦᠯᠳᠡ᠎ᠲᠠᠢ ᠵᠢᠱ᠌ᠢᠶ᠎ᠡ ᠦᠵᠡᠭᠦᠯᠬᠦ ᠤᠷᠤᠨ᠎ᠢ ᠴᠣᠭᠴᠠᠯᠠᠨ ᠪᠠᠶ᠋ᠢᠭᠤᠯᠵᠤ᠂ ᠤᠯᠤᠰ᠎ᠤᠨ ᠪᠠ ᠥᠪᠡᠷᠲᠡᠭᠡᠨ ᠵᠠᠰᠠᠬᠤ ᠤᠷᠤᠨ᠎ᠤ ᠳᠡᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠮᠡᠷᠭᠡᠵᠢᠯ᠎ᠤᠨ ᠰᠢᠨ᠎ᠡ ᠡᠭᠦᠳᠦᠯᠳᠡ ᠵᠢᠨ ᠲᠥᠪ᠎ᠢ ᠴᠣᠭᠴᠠᠯᠠᠨ ᠪᠠᠶ᠋ᠢᠭᠤᠯᠵᠤ᠂ ᠤᠯᠤᠰ᠎ᠤᠨ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠮᠠᠨ᠎ᠤ ᠤᠷᠤᠨ᠎ᠳᠤ᠎ᠪᠠᠨ ᠪᠠᠶ᠋ᠢᠷᠢᠰᠢᠭᠤᠯᠬᠤ᠎ᠪᠠᠷ ᠴᠢᠷᠮᠠᠶ᠋ᠢᠨ᠎ᠠ᠃ ᠴᠢᠳᠠᠪᠤᠷᠢᠲᠠᠨ᠎ᠢ ᠭᠦᠮᠦᠵᠢᠬᠦᠯᠬᠦ᠂ ᠲᠠᠲᠠᠨ ᠤᠷᠤᠭᠤᠯᠬᠤ ᠪᠠ ᠬᠡᠷᠡᠭᠯᠡᠬᠦ ᠠᠵᠢᠯ᠎ᠢ ᠰᠠᠶ᠋ᠢᠲᠤᠷ ᠬᠢᠨ᠎ᠡ᠃
     (ᠳᠦᠷᠪᠡ) ᠪᠦᠲᠦᠮᠵᠢᠲᠡᠢ ᠬᠡᠷᠡᠭᠴᠡᠭᠡ ᠱᠠᠭ᠋ᠠᠷᠳᠠᠯᠭ᠎ᠠ ᠵᠢ ᠬᠦᠴᠦᠯᠡᠨ ᠦᠷᠭᠡᠳᠭᠡᠨ᠎ᠡ
      ᠬᠡᠷᠡᠭᠯᠡᠭᠡ ᠵᠢᠨ ᠲᠤᠭᠲᠠᠭᠤᠨ ᠨᠡᠮᠡᠭᠳᠡᠯ᠎ᠢ ᠠᠬᠢᠭᠤᠯᠵᠦ᠂ ᠪᠤᠳᠠᠳᠤ ᠲᠠᠸᠠᠷ᠎ᠤᠨ ᠬᠡᠷᠡᠭᠯᠡᠭᠡ ᠵᠢ ᠦᠷᠬᠡᠳᠬᠡᠨ᠂ ᠳᠦᠭᠦᠮ ᠳᠡᠯᠭᠡᠭᠦᠷ᠂ ᠨᠡᠶ᠋ᠢᠭᠡᠮ ᠲᠤᠭᠤᠷᠢᠭ᠎ᠤᠨ ᠢᠳᠡᠰᠢᠨ ᠨᠤᠭᠤᠭ᠋ᠠᠨ᠎ᠤ ᠵᠠᠬ᠎ᠠ ᠳᠡᠯᠭᠡᠭᠦᠷ ᠵᠡᠷᠭᠡ ᠠᠷᠠᠳ᠎ᠲᠤ ᠲᠦᠭᠦᠮ ᠦᠵᠡᠭᠦᠯᠬᠦ ᠬᠡᠷᠡᠭᠯᠡᠭᠡ ᠵᠢᠨ ᠪᠡᠯᠡᠳᠭᠡᠮᠵᠢ ᠵᠢ ᠳᠡᠭᠦᠯᠳᠡᠷᠵᠢᠭᠦᠯᠦᠨ᠎ᠡ᠃ ᠣᠯᠠᠨ ᠶᠠᠩᠵᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠠᠩᠬᠠᠷᠤᠨ ᠰᠶ᠋ᠢᠳᠪᠦᠷᠢᠯᠡᠵᠦ᠂ ᠬᠤᠳᠠᠯᠳᠤᠭ᠋ᠠᠨ᠎ᠤ ᠰᠢᠨ᠎ᠡ ᠵᠠᠭᠪᠤᠷ᠎ᠢ ᠲᠠᠲᠠᠨ ᠤᠷᠤᠭᠤᠯᠵᠦ ᠬᠦᠭᠵᠢᠭᠦᠯᠣᠨ᠂ ᠬᠤᠳᠠᠯᠳᠤᠭ᠋ᠠᠨ᠎ᠤ ᠶᠠᠪᠠᠭ᠋ᠠᠨ ᠵᠡᠭᠡᠯᠢ ᠵᠢ ᠦᠭᠡᠷᠡᠴᠢᠯᠡᠨ ᠰᠠᠶ᠋ᠢᠵᠢᠷᠠᠭᠤᠯᠵᠤ᠂ ᠦᠵᠡᠰᠭᠦᠯᠡᠡᠭ ᠴᠤᠬᠯᠠᠭ᠋ᠠᠨ᠎ᠤ ᠠᠵᠦ ᠠᠬᠤᠢ᠂ ᠦᠳᠡᠰᠢ ᠤᠷᠤᠢ ᠵᠢᠨ ᠬᠡᠷᠡᠭᠯᠡᠭᠡ ᠵᠢᠨ ᠠᠵᠤ ᠠᠬᠤᠢ᠂ ᠮᠡᠳᠡᠭᠡ ᠵᠠᠩᠭᠢ ᠵᠢᠨ ᠬᠡᠷᠡᠭᠯᠡᠭᠡ ᠵᠢ ᠬᠦᠭᠵᠢᠭᠦᠯᠤᠨ᠎ᠡ᠃ ᠡᠮᠴᠢᠯᠡᠬᠡᠨ᠎ᠤ ᠰᠤᠪᠢᠯᠠᠯᠳᠠ ᠪᠠ ᠡᠷᠡᠭᠦᠯᠵᠢᠯ᠎ᠤᠨ ᠰᠤᠪᠢᠯᠠᠯᠳᠠ ᠵᠢᠨ ᠤᠶᠠᠯᠳᠤᠯ᠎ᠢ ᠠᠬᠢᠭᠤᠯᠵᠤ᠂ ᠨᠠᠰᠤᠲᠠᠳ᠎ᠢ ᠠᠰᠠᠷᠠᠬᠤ᠂ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠤᠨ᠎ᠡ᠃ ᠰᠤᠶᠤᠯ᠂ ᠪᠡᠶ᠎ᠡ ᠵᠢᠨ ᠲᠠᠮᠢᠷ᠂ ᠵᠢᠭᠤᠯᠴᠢᠯᠠᠯ ᠵᠡᠷᠬᠡ ᠬᠡᠷᠡᠭᠯᠡᠭᠡ ᠵᠢ ᠦᠷᠭᠦᠯᠵᠢᠯᠡᠨ ᠦᠷᠬᠡᠳᠬᠡᠨ᠎ᠠ᠃ ᠦᠪᠦᠷ ᠮᠤᠩᠭᠤᠯ᠎ᠤᠨ ᠵᠶ᠋ᠠᠨ ᠨᠡᠷᠡᠳᠦ ᠲᠡᠮᠳᠡᠭᠳᠦ ᠡᠯᠧᠺᠲᠷᠤᠨ ᠬᠤᠳᠠᠯᠳᠤᠭ᠎ᠠ ᠵᠢ ᠡᠭᠦᠳᠴᠤ᠂ ᠮᠠᠯᠵᠢᠬᠤ ᠲᠠᠷᠢᠶᠠᠯᠠᠬᠤ ᠤᠷᠤᠨ᠎ᠤ ᠡᠯᠧᠺᠲᠷᠤᠨ ᠬᠤᠳᠠᠯᠳᠤᠭ᠋ᠠᠨ᠎ᠤ ᠶᠠᠪᠤᠳᠠᠯ᠎ᠢ ᠭᠦᠭᠵᠢᠬᠦᠯᠦᠨ᠂ ᠪᠠᠷᠠᠭ᠋ᠠᠨ᠎ᠤ ᠭᠦᠢ᠍ᠯᠭᠡᠭᠡᠨ᠎ᠤ ᠲᠤᠤᠷ ᠴᠡᠭ᠎ᠢ ᠨᠡᠮᠡᠭᠳᠡᠬᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠳᠡᠭᠡᠳᠦ ᠬᠤᠷᠳᠤ ᠵᠢᠨ ᠲᠡᠮᠦᠷ ᠵᠠᠮ᠎ᠤᠨ ᠠᠵᠤ ᠠᠬᠤᠢ ᠵᠢ ᠶᠡᠭᠡ᠎ᠪᠠᠷ ᠭᠦᠭᠵᠢᠬᠦᠯᠦᠨ᠂ ᠪᠡᠭᠡᠵᠢᠩ ᠲᠢᠶᠠᠨᠵᠢᠨ ᠾᠧᠪᠧᠢ ᠵᠢᠨ ᠲᠤᠮᠤ ᠵᠠᠬ᠎ᠠ ᠳᠡᠯᠭᠡᠭᠦᠷ᠎ᠲᠤ ᠢᠳᠡᠪᠬᠢᠲᠡᠢ᠎ᠪᠠᠷ ᠠᠭᠤᠰᠤᠯᠴᠠᠨ ᠤᠷᠤᠵᠤ᠂ ᠬᠡᠷᠡᠭᠯᠡᠭᠡ᠂ ᠠᠵᠤ ᠦᠢ᠍ᠯᠡᠰ ᠪᠠ ᠬᠦᠴᠦᠨ ᠵᠦᠢ᠍ᠯ᠎ᠢ ᠲᠠᠲᠠᠵᠤ ᠪᠠᠶ᠋ᠢᠭ᠋ᠠᠳ ᠮᠠᠨ᠎ᠤ ᠤᠷᠤᠨ᠎ᠳᠤ᠎ᠪᠠᠨ ᠲᠦᠪᠯᠡᠷᠡᠭᠦᠯᠦᠨ᠎ᠡ᠃
     《ᠥᠪᠥᠷ ᠮᠤᠩᠭᠤᠯ᠎ᠤᠨ ᠦᠨᠦᠷ ᠠᠮᠲᠠ》 《ᠥᠪᠥᠷ ᠮᠤᠩᠭᠤᠯ᠎ᠤᠨ ᠳᠠᠭᠤᠤ ᠬᠦᠭᠵᠢᠮ》 《ᠥᠪᠥᠷ ᠮᠤᠩᠭᠤᠯ᠎ᠤᠨ ᠺᠢᠨᠤ᠋ ᠲᠧᠯᠸᠢᠰ》 ᠵᠡᠷᠭᠡ ᠨᠡᠷᠡᠲᠦ ᠲᠡᠮᠲᠡᠭ᠎ᠢ 《ᠥᠪᠥᠷ ᠮᠤᠩᠭᠤᠯ᠎ᠤᠨ ᠵᠢᠭᠤᠯᠴᠢᠯᠠᠯ》᠎ᠲᠠᠢ ᠠᠭᠤᠰᠤᠯᠴᠠᠭᠤᠯᠤᠨ ᠭᠦᠭᠵᠢᠬᠦᠯᠬᠦ ᠵᠢ ᠠᠬᠢᠭᠤᠯᠤᠨ᠎ᠠ᠃ ᠨᠤᠲᠤᠭ ᠪᠡᠯᠴᠢᠭᠡᠷ᠂ ᠣᠢ ᠰᠢᠭᠤᠢ᠂ ᠡᠯᠡᠰᠦ ᠮᠠᠩᠬ᠎ᠠ ᠪᠠ ᠭᠠᠯᠲᠤ ᠠᠭᠤᠯᠠ᠂ ᠮᠦᠰᠦᠳᠦᠯᠬᠡ ᠵᠢᠨ ᠦᠯᠡᠳᠡᠭᠳᠡᠯ ᠵᠡᠷᠭᠡ ᠭᠠᠵᠠᠷ᠎ᠲᠠᠬᠢ ᠵᠢᠭᠤᠯᠴᠢᠯᠠᠯ᠎ᠢ ᠰᠠᠶ᠋ᠢᠲᠤᠷ ᠬᠢᠬᠦ ᠵᠢᠨ ᠳᠠᠭ᠋ᠠᠤ᠎ᠳᠤ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ》 ᠪᠠ ᠡᠪᠦᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠤᠬᠢᠶᠠᠯᠳᠤᠭᠤᠯᠵᠦ᠂ ᠡᠯ᠎ᠡ ᠲᠦᠷᠦᠯ᠎ᠤᠨ ᠲᠠᠯᠠᠪᠤᠷ ᠤᠷᠳᠤᠨ᠎ᠤ ᠪᠡᠯᠡᠳᠭᠡᠮᠵᠢ ᠪᠠ ᠮᠦᠰᠦ ᠴᠠᠰᠤᠨ᠎ᠤ ᠡᠬᠢ ᠪᠠᠶᠠᠯᠢᠭ᠎ᠢ ᠠᠰᠢᠭᠯᠠᠨ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠶᠡᠭᠡ᠎ᠪᠠᠷ ᠬᠦᠭᠵᠢᠭᠦᠯᠵᠦ᠂ ᠮᠦᠰᠦ ᠴᠠᠰᠤᠨ᠎ᠤ ᠠᠵᠤ ᠠᠬᠤᠢ ᠵᠢ ᠰᠠᠶ᠋ᠢᠳᠤᠷ ᠬᠢᠨ᠎ᠠ᠃ ᠬᠠᠲᠤᠨ ᠭᠤᠣᠯ᠎ᠤᠨ ᠰᠤᠶᠤᠯ᠎ᠢ ᠰᠢᠰᠲ᠋ᠧᠮ᠎ᠲᠠᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠬᠦᠯᠦᠨ᠂ ᠬᠠᠲᠤᠨ ᠭᠤᠣᠯ᠎ᠤᠨ ᠨᠤᠭᠤ ᠭᠠᠵᠠᠷ᠂ ᠵᠡᠭᠦᠨᠭ᠋ᠠᠷ ᠶᠡᠭᠡ ᠬᠠᠪᠴᠢᠯ᠂ ᠤᠷᠳᠤ ᠴᠠᠭ᠋ᠠᠨ ᠬᠡᠷᠡᠮ᠎ᠤᠨ ᠪᠠᠭᠤᠷᠢ ᠵᠢᠴᠢ ᠲᠡᠤᠬᠡ ᠰᠤᠶᠤᠯ᠂ ᠦᠨᠳᠦᠰᠦᠲᠡᠨ᠎ᠤ ᠰᠤᠶᠤᠯ᠂ ᠬᠤᠪᠢᠰᠬᠠᠯᠳᠤ ᠰᠤᠶᠤᠯ᠎ᠤᠨ ᠡᠬᠢ ᠪᠠᠶᠠᠯᠢᠭ᠎ᠲᠤ ᠲᠦᠰᠢᠭᠯᠡᠵᠦ᠂ ᠬᠠᠲᠤᠨ ᠭᠤᠣᠯ᠎ᠤᠨ ᠲᠤᠬᠤᠢ᠎ᠳᠠᠬᠢ ᠵᠢᠭᠤᠯᠴᠢᠯᠠᠯ᠎ᠤᠨ ᠵᠠᠮ ᠱᠤᠭᠤᠮ᠎ᠢ ᠪᠦᠲᠦᠭᠡᠨ ᠪᠠᠶ᠋ᠢᠭᠤᠯᠵᠤ᠂ ᠲᠡᠯᠡᠬᠡᠢ ᠨᠡᠶ᠋ᠢᠳᠡ᠎ᠳᠤ ᠨᠦᠯᠦᠭᠡᠯᠡᠬᠦ ᠬᠦᠴᠦᠨ᠎ᠲᠠᠢ ᠬᠠᠲᠤᠨ ᠭᠤᠣᠯ᠎ᠤᠨ ᠰᠤᠶᠤᠯ ᠵᠢᠭᠤᠯᠴᠢᠯᠠᠯ᠎ᠤᠨ ᠪᠦᠰᠡ ᠵᠢ ᠴᠣᠭᠴᠠᠯᠠᠨ

ᠪᠠᠶ᠋ᠢᠭᠤᠯᠤᠨ᠎ᠠ᠃
      ᠪᠦᠲᠦᠮᠵᠢᠲᠡᠢ ᠪᠡᠯᠡ ᠤᠷᠤᠭᠤᠯᠤᠯᠲᠠ ᠵᠢ ᠦᠨᠡᠨ ᠬᠦ᠌ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠬᠢ᠂ ᠲᠣᠣᠷ ᠰᠦᠯᠵᠢᠶ᠎ᠡ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠵᠦ᠂ ᠬᠤᠲᠠ ᠵᠢᠨ ᠶᠠᠪᠤᠳᠠᠯ᠎ᠤᠨ ᠬᠤᠭᠤᠯᠠᠢ ᠭᠤᠤᠷᠰᠤ ᠵᠢᠨ ᠲᠤᠤᠷ᠂ ᠲᠡᠷᠭᠡᠨ ᠵᠣᠭᠰᠤᠭ᠋ᠠᠯ᠂ ᠬᠦᠢ᠍ᠲᠡᠨ ᠬᠡᠯᠬᠢᠶᠡᠳᠦ ᠪᠠᠷᠠᠭ᠋ᠠᠨ᠎ᠤ ᠭᠦᠢ᠍ᠯᠭᠡᠭᠡ᠂ ᠬᠤᠲᠠ ᠬᠥᠳᠡᠭᠡ ᠵᠢᠨ ᠪᠣᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠵᠡᠷᠭᠡ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠬᠤᠶᠠᠳᠤᠭ᠋ᠠᠷ ᠪᠦᠯᠦᠭ ᠪᠣᠯᠬᠤ ᠲᠤᠷᠰᠢᠯᠲᠠ ᠵᠢᠨ ᠲᠦᠷᠦᠯ ᠵᠦᠢ᠍ᠯ᠎ᠢ ᠬᠡᠷᠡᠭᠵᠢᠭᠦᠯᠦᠨ᠎ᠡ᠃ ᠪᠦᠲᠦᠭᠡᠨ ᠪᠠᠶ᠋ᠢᠭᠤᠯᠵᠤ ᠪᠠᠶ᠋ᠢᠭ᠎ᠠ ᠳᠡᠭᠡᠳᠦ ᠬᠤᠷᠳᠦ ᠵᠢᠨ ᠲᠡᠮᠦᠷ ᠵᠠᠮ᠂ ᠵᠠᠰᠠᠮᠠᠯ ᠵᠠᠮ᠂ ᠨᠢᠰᠭᠡᠯ᠎ᠤᠨ ᠪᠠᠭᠤᠳᠠᠯ ᠵᠡᠷᠭᠡ ᠲᠦᠷᠦᠯ ᠵᠦᠢ᠍ᠯ᠎ᠤᠨ ᠠᠵᠢᠯ᠎ᠢ ᠠᠬᠢᠭᠤᠯᠤᠨ᠂ ᠣᠷᠳᠤᠰ᠎ᠠᠴᠠ ᠲᠡᠮᠡᠬᠡᠳᠦ ᠬᠦᠷᠬᠦ ᠳᠡᠭᠡᠳᠦ ᠬᠤᠷᠲᠦ ᠵᠢᠨ ᠲᠡᠮᠦᠷ ᠵᠠᠮ᠂ ᠲᠦᠩᠯᠢᠶᠣᠣ᠎ᠠᠴᠠ ᠴᠢᠴᠢᠬᠠᠷ ᠬᠦᠷᠬᠦ ᠳᠡᠭᠡᠳᠦ ᠬᠤᠷᠳᠦ ᠵᠢᠨ ᠲᠡᠮᠦᠷ ᠵᠠᠮ᠂ ᠴᠢᠴᠢᠬᠠᠷ᠎ᠠᠴᠠ ᠬᠠᠢ᠍ᠢ᠍ᠯᠠᠷ ᠪᠠ ᠮᠠᠨᠵᠤᠤᠷ ᠬᠦᠷᠬᠦ ᠳᠡᠭᠡᠳᠦ ᠬᠤᠷᠳᠦ ᠵᠢᠨ ᠲᠡᠮᠦᠷ ᠵᠠᠮ᠂ ᠰᠢᠯᠢ ᠵᠢᠨ ᠬᠤᠲᠠ᠎ᠠᠴᠠ ᠲᠠᠶ᠋ᠢᠽᠢ ᠬᠤᠲᠠ ᠬᠦᠷᠬᠦ ᠲᠦᠷᠬᠡᠨ ᠬᠤᠷᠳᠤ ᠵᠢᠨ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠴᠢ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠳᠤᠷ ᠠᠳᠬᠤᠵᠦ᠂ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠢ ᠴᠠᠬᠢᠯᠭ᠋ᠠᠨᠵᠢᠭᠤᠯᠬᠤ ᠦᠭᠡᠷᠡᠴᠢᠯᠡᠯᠲᠡ᠂ ᠤᠯᠠᠭ᠋ᠠᠨᠬᠤᠳᠠ᠎ᠠᠴᠠ ᠷᠠᠰᠢᠶᠠᠨ ᠭᠦᠷᠬᠦ ᠲᠡᠮᠦᠷ ᠵᠠᠮ᠎ᠤᠨ ᠦᠬᠡᠷᠡᠴᠢᠯᠡᠯᠳᠡ ᠵᠢ ᠠᠬᠢᠭᠤᠯᠤᠨ᠎ᠠ᠃ ᠨᠢᠭᠡ ᠪᠦᠯᠦᠭ ᠨᠡᠶ᠋ᠢᠳᠡᠮ ᠬᠡᠷᠡᠭᠯᠡᠬᠦ ᠨᠢᠰᠭᠡᠯ᠎ᠤᠨ ᠪᠠᠭᠤᠳᠠᠯ᠎ᠢ ᠲᠦᠪᠯᠡᠷᠡᠭᠦᠯᠦᠨ ᠪᠦᠲᠦᠭᠡᠨ ᠪᠠᠶ᠋ᠢᠭᠤᠯᠵᠤ᠂ ᠨᠡᠶ᠋ᠢᠳᠡᠮ ᠬᠡᠷᠡᠭᠯᠡᠬᠦ ᠠᠭ᠋ᠠᠷ ᠠᠶᠠᠯᠠᠯ᠎ᠤᠨ ᠦᠢ᠍ᠯᠡᠰ᠎ᠤᠨ ᠬᠦᠭᠵᠢᠯᠳᠡ ᠵᠢ ᠠᠬᠢᠭᠤᠯᠤᠨ᠎ᠠ᠃ ᠲᠠᠭ᠎ᠠ ᠵᠢᠨ ᠨᠠᠭᠤᠷ᠎ᠤᠨ ᠠᠮᠢ ᠠᠬᠤᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠦ ᠤᠰᠤ ᠨᠦᠭᠦᠪᠦᠷᠢᠯᠡᠬᠦ ᠵᠡᠷᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠬᠢᠭᠤᠯᠤᠨ᠎ᠠ᠃ ᠡᠨᠧᠷᠬᠢ ᠬᠠᠳᠠᠭ᠋ᠠᠯᠠᠬᠤ ᠪᠡᠯᠡᠳᠬᠡᠮᠵᠢ᠂ ᠰᠢᠨ᠎ᠠ ᠡᠨᠧᠷᠬᠢ ᠵᠢᠨ ᠰᠠᠭᠤᠷᠢᠨ ᠭᠠᠵᠠᠷ ᠪᠠ ᠡᠨᠧᠷᠬᠢ ᠵᠦᠬᠡᠬᠡᠪᠦᠷᠢᠯᠡᠬᠦ ᠨᠡᠪᠳᠡᠷᠡᠯ ᠵᠠᠮ᠎ᠤᠨ ᠪᠦᠳᠦᠬᠡᠨ ᠪᠠᠶ᠋ᠢᠭᠤᠯᠤᠯᠳᠠ ᠵᠢ ᠲᠦᠷᠬᠡᠳᠬᠡᠨ᠎ᠠ᠃ ᠲᠦᠷᠦᠯ ᠵᠦᠢ᠍ᠯ᠎ᠢ ᠨᠦᠬᠡᠴᠡᠯᠡᠬᠦ ᠪᠠ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠡᠭᠭ᠋ᠠᠳᠬᠠᠵᠦ᠂ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠳᠦ ᠵᠢ ᠲᠤᠬᠢᠳᠠᠢ ᠬᠡᠷᠡᠭᠯᠡᠨ᠎ᠠ᠃
    (ᠲᠠᠪᠤ) ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ᠋ᠢᠷᠡᠨ ᠬᠡᠷᠡᠭᠵᠢᠭᠦᠯᠦᠨ᠎ᠡ
      ᠮᠠᠨ᠎ᠤ ᠤᠷᠤᠨ ᠭᠠᠵᠠᠷ ᠰᠢᠷᠤᠢ ᠵᠢᠨ ᠡᠬᠢ ᠪᠠᠶᠠᠯᠢᠭ ᠵᠶ᠋ᠠᠷ ᠡᠯᠪᠡᠭ ᠲᠡᠯᠪᠡᠭ᠂ ᠭᠦᠬᠡᠮᠳᠦᠭ ᠤᠰᠤ ᠴᠡᠪᠡᠷ ᠬᠦᠷᠦᠰᠦ᠎ᠲᠠᠢ ᠪᠠᠶ᠋ᠢᠳᠠᠭ᠂ ᠡᠨᠡ᠎ᠨᠢ ᠦᠢ᠍ᠯᠡᠳᠪᠦᠷᠢᠯᠡᠯ᠎ᠤᠨ ᠬᠦᠴᠦᠨ ᠪᠣᠯᠬᠤ ᠪᠦᠭᠡᠳ ᠮᠦᠨ ᠴᠦ᠍ ᠦᠷᠢᠰᠦᠯᠳᠦᠬᠦ ᠬᠦᠴᠦᠨ ᠪᠤᠯᠤᠨ᠎ᠠ᠃ ᠪᠢᠳᠡ ᠡᠨᠡ ᠬᠦ᠌ ᠳᠠᠪᠠᠭᠤᠯᠢᠭ ᠵᠶ᠋ᠠᠨ ᠡᠷᠬᠡᠪᠰᠢ ᠰᠠᠶ᠋ᠢᠲᠤᠷ ᠬᠠᠮᠠᠭ᠋ᠠᠯᠠᠨ ᠠᠰᠢᠭᠯᠠᠵᠤ᠂ ᠮᠠᠯ ᠲᠠᠷᠢᠶᠠᠯᠠᠩ᠎ᠢ ᠪᠣᠬᠢᠷᠳᠤᠭᠤᠯᠬᠤ ᠦᠭᠡᠢ᠎ᠪᠠᠷ ᠬᠦᠭᠵᠢᠭᠦᠯᠬᠦ ᠵᠢ ᠪᠠᠷᠢᠮᠲᠠᠯᠠᠨ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠢᠳᠡᠪᠬᠢᠲᠡᠢ ᠬᠦᠭᠵᠢᠭᠦᠯᠵᠦ᠂ ᠴᠢᠨᠠᠷ ᠰᠠᠶ᠋ᠢᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠵᠢ ᠠᠵᠤ ᠦᠢ᠍ᠯᠡᠰ᠎ᠤᠨ ᠲᠠᠪᠠᠭᠤᠯᠢᠭ ᠭᠠᠵᠠᠷ ᠤᠷᠤᠨ ᠳᠡᠶ᠋ᠢᠰᠢ ᠲᠦᠪᠯᠡᠷᠡᠬᠦ ᠵᠢ ᠠᠬᠢᠭᠤᠯᠤᠨ᠂ ᠡᠷᠳᠡᠨᠢ ᠰᠢᠰᠢ᠂ ᠲᠦᠮᠦᠰᠦ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠨᠣᠣᠰᠣ ᠨᠣᠣᠯᠤᠭᠤᠷ ᠵᠡᠷᠭᠡ ᠲᠠᠪᠠᠭᠤᠯᠢᠭ ᠪᠤᠯᠬᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠠᠵᠤ ᠦᠢ᠍ᠯᠡᠰ᠎ᠤᠨ ᠪᠦᠰᠡ ᠪᠠ ᠠᠵᠤ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠶ᠋ᠢᠭᠤᠯᠵᠦ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠡᠵᠡᠩᠨᠡᠯᠲᠡ ᠵᠢ ᠬᠡᠷᠡᠭᠵᠢᠬᠦᠯᠦᠨ᠎ᠠ᠃ ᠤᠷᠤᠨ ᠪᠦᠰᠡ ᠵᠢᠨ ᠤᠯᠠᠨ ᠨᠡᠶ᠋ᠢᠳᠡ ᠵᠢᠨ ᠨᠡᠷᠡᠲᠦ ᠲᠡᠮᠳᠡᠭ᠎ᠤᠨ ᠪᠦᠲᠦᠭᠡᠨ ᠪᠠᠶ᠋ᠢᠭᠤᠯᠤᠯᠳᠠ ᠵᠢ ᠳᠡᠮᠵᠢᠵᠤ᠂ ᠨᠡᠩ ᠣᠯᠠᠨ ᠴᠢᠨᠠᠷ ᠰᠠᠶ᠋ᠢᠲᠠᠢ ᠨᠡᠷᠡᠲᠦ ᠲᠡᠮᠳᠡᠭ᠎ᠢ ᠪᠦᠬᠦ ᠤᠯᠤᠰ᠎ᠲᠤ ᠲᠡᠷᠡᠴᠢᠯᠡᠨ ᠳᠡᠯᠡᠭᠡᠢ᠎ᠳᠤ ᠠᠯᠳᠠᠷᠰᠢᠭᠤᠯᠤᠨ᠎ᠠ᠃ ᠲᠦᠩᠯᠢᠶᠤᠤ᠂ ᠤᠯᠠᠭ᠋ᠠᠨᠬᠠᠳᠠ᠂ ᠪᠤᠷᠤᠳᠤᠬᠤᠢ ᠵᠢᠨ ᠤᠰᠤᠯᠠᠯᠳᠠ ᠵᠢᠨ ᠤᠷᠤᠨ ᠵᠡᠷᠬᠡ ᠭᠠᠵᠠᠷ ᠤᠷᠤᠨ᠎ᠤ ᠦᠨᠳᠦᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠵᠢ ᠠᠬᠢᠭᠤᠯᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠤᠨ ᠪᠦᠳᠦᠬᠡᠨ ᠪᠠᠶ᠋ᠢᠭᠤᠯᠤᠯᠳᠠ ᠵᠢᠨ ᠲᠠᠯᠠᠪᠠᠢ ᠵᠢ ᠦᠷᠬᠡᠳᠬᠡᠨ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠬᠤ ᠪᠠ ᠤᠰᠤᠨ᠎ᠤ ᠡᠬᠢ ᠰᠤᠷᠪᠤᠯᠵᠢ ᠵᠢ ᠪᠦᠷᠢᠯᠭᠡᠬᠦ ᠠᠰᠠᠭᠤᠳᠠᠯ᠎ᠢ ᠰᠢᠢ᠍ᠳᠪᠦᠷᠢᠯᠡᠨ᠎ᠡ᠃ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ᠎ᠢ ᠰᠡᠯᠭᠦᠵᠦ ᠲᠠᠷᠢᠶᠠᠯᠠᠬᠤ ᠪᠠ ᠬᠤᠵᠢᠷᠰᠢᠨᠨᠰᠠᠨ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ᠎ᠤᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ᠎ᠤᠨ ᠴᠢᠨᠠᠷ ᠴᠢᠨᠰᠠᠭ᠎ᠠ ᠵᠢ

ᠳᠡᠭᠡᠭᠰᠢᠯᠡᠭᠦᠯᠦᠨ᠎ᠡ᠃
      ᠡᠯ᠎ᠡ ᠲᠦᠷᠦᠯ᠎ᠤᠨ ᠳᠡᠳᠭᠦᠭᠦ ᠲᠥᠷᠥ ᠵᠢᠨ ᠪᠣᠳᠤᠯᠭ᠎ᠠ ᠵᠢ ᠲᠡᠭᠦᠯᠳᠡᠷᠵᠢᠬᠦᠯᠦᠨ ᠨᠠᠶ᠋ᠢᠳᠠᠪᠤᠷᠢᠵᠢᠭᠤᠯᠵᠤ᠂ ᠰᠦ᠍ ᠰᠠᠭ᠋ᠠᠯᠢ ᠵᠢᠨ ᠦᠢ᠍ᠯᠡᠰ᠎ᠤᠨ ᠦᠷᠨᠢᠬᠦᠨ ᠬᠦᠭᠵᠢᠯᠳᠡ ᠵᠢ ᠲᠦᠷᠭᠡᠳᠭᠡᠨ᠂ ᠴᠢᠨᠠᠷ ᠰᠠᠶ᠋ᠢᠲᠠᠢ ᠰᠦᠨ᠎ᠤ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠬᠥᠲᠦᠴᠢ ᠠᠵᠤ ᠠᠬᠤᠶ᠋ᠢᠯᠠᠯ᠎ᠤᠨ ᠬᠦᠲᠦᠯᠦᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠣᠨ᠂ ᠰᠦ᠍ ᠴᠠᠭ᠋ᠠᠨ ᠢᠳᠡᠭᠡᠨ᠎ᠤ ᠭᠤᠣᠯᠯᠠᠬᠤ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠤᠨ᠎ᠡ᠃ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ᠂ ᠪᠠᠶ᠋ᠢᠴᠠᠭ᠋ᠠᠨ ᠰᠢᠨᠵᠢᠬᠦ ᠪᠠ ᠪᠠᠶ᠋ᠢᠴᠠᠭ᠋ᠠᠨ ᠰᠢᠯᠭ᠋ᠠᠬᠤ᠂ ᠪᠠᠷᠢᠮᠵᠢᠶᠠᠵᠢᠭᠤᠯᠤᠨ ᠪᠠᠶ᠋ᠢᠭᠤᠯᠬᠤ ᠵᠡᠷᠭᠡ ᠳᠡᠳᠬᠦᠬᠦ ᠲᠥᠷᠥ ᠵᠢᠨ ᠪᠣᠳᠤᠯᠭ᠎ᠠ ᠵᠢ ᠳᠡᠭᠦᠯᠳᠡᠷᠵᠢᠭᠦᠯᠵᠦ᠂ ᠦᠨᠳᠦᠰᠦᠲᠡᠨ᠎ᠤ ᠤᠯᠠᠮᠵᠢᠯᠠᠯᠲᠤ ᠴᠠᠭ᠋ᠠᠨ ᠢᠳᠡᠭᠡᠨ᠎ᠤ ᠠᠵᠤ ᠦᠢ᠍ᠯᠡᠰ᠎ᠤᠨ ᠡᠷᠡᠭᠦᠯ ᠵᠶ᠋ᠠᠷ ᠭᠦᠭᠵᠢᠬᠦ ᠵᠢ ᠠᠬᠢᠭᠤᠯᠤᠨ᠎ᠠ᠃ ᠠᠮᠤ ᠪᠤᠳᠠᠭ᠎ᠠ ᠵᠢ ᠲᠡᠵᠢᠭᠡᠯ ᠪᠤᠷᠳᠤᠭ᠎ᠠ ᠪᠤᠯᠭ᠋ᠠᠨ ᠬᠤᠪᠢᠷᠠᠭᠤᠯᠬᠤ ᠵᠢ ᠦᠷᠭᠦᠯᠵᠢᠯᠡᠨ ᠬᠡᠷᠡᠭᠵᠢᠭᠦᠯᠵᠦ᠂ ᠴᠢᠨᠠᠷ ᠰᠠᠶ᠋ᠢᠲᠠᠢ ᠪᠡᠯᠴᠢᠭᠡᠷ ᠡᠪᠡᠰᠦ ᠲᠠᠷᠢᠬᠤ ᠵᠢ ᠦᠷᠭᠡᠳᠭᠡᠨ᠂ ᠮᠠᠯ ᠪᠡᠯᠴᠢᠭᠡᠷ ᠠᠷᠠᠴᠢᠯᠠᠬᠤ ᠵᠢ ᠨᠢᠭᠡ ᠴᠤᠨᠨᠴᠠᠵᠢᠭᠤᠯᠤᠨ ᠭᠦᠭᠵᠢᠬᠦᠯᠬᠦ ᠵᠢ ᠲᠦᠷᠭᠡᠳᠭᠡᠨ᠎ᠡ᠃
      ᠤᠳᠤ ᠦᠶ᠎ᠡ ᠵᠢᠨ ᠦᠷ᠎ᠡ ᠡᠭᠦᠯᠳᠡᠷ᠎ᠤᠨ ᠦᠢ᠍ᠯᠡᠰ᠎ᠤᠨ ᠢᠨᠵᠧᠨᠧᠷᠢᠩ᠎ᠢ ᠬᠡᠷᠡᠭᠵᠢᠭᠦᠯᠵᠦ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠬᠦ ᠦᠷᠡᠵᠢᠭᠦᠯᠬᠦ ᠳᠡᠯᠭᠡᠷᠡᠭᠦᠯᠬᠦ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠢ ᠠᠬᠢᠭᠤᠯᠤᠨ᠂ ᠡᠷᠳᠡᠨᠢ ᠰᠢᠰᠢ᠂ ᠲᠦᠮᠦᠰᠦ ᠵᠡᠷᠭᠡ ᠲᠠᠪᠠᠭᠤᠯᠢᠭ ᠲᠠᠷᠢᠮᠠᠯ᠎ᠤᠨ ᠵᠦᠢ᠍ᠯ᠎ᠤᠨ ᠰᠠᠶ᠋ᠢᠨ ᠦᠷ᠎ᠡ ᠵᠢ ᠲᠠᠷᠢᠵᠦ ᠤᠷᠭᠤᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠴᠠᠭ᠋ᠠᠨ ᠨᠤᠤᠯᠤᠭᠤᠷᠲᠦ ᠢᠮᠠᠭ᠎ᠠ᠂ ᠬᠤᠣᠰ ᠪᠥᠬᠦᠲᠦ ᠲᠡᠮᠡᠭᠡ ᠵᠡᠷᠭᠡ᠎ᠳᠤ ᠤᠯᠤᠰ᠎ᠠᠴᠠ ᠲᠠᠭ᠋ᠠᠭ᠋ᠠᠯᠭ᠋ᠠᠨᠨᠰᠠᠨ ᠡᠭᠦᠯᠳᠡᠷ ᠤᠳᠤᠮ ᠬᠠᠮᠠᠭ᠋ᠠᠯᠠᠬᠤ ᠡᠭᠦᠷᠭᠡ ᠵᠢ ᠨᠠᠶ᠋ᠢᠳᠠᠪᠤᠷᠢᠵᠢᠭᠤᠯᠵᠤ᠂ ᠮᠣᠩᠭᠤᠯ ᠠᠳᠤᠭᠤ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠨ᠎ᠡ᠃ ᠤᠳᠤ ᠦᠶ᠎ᠡ ᠵᠢᠨ ᠡᠪᠡᠰᠦᠨ᠎ᠤ ᠦᠷ᠎ᠡ ᠵᠢᠨ ᠦᠢ᠍ᠯᠡᠰ᠎ᠢ ᠶᠡᠭᠡ᠎ᠪᠠᠷ ᠬᠦᠭᠵᠢᠭᠦᠯᠵᠦ᠂ ᠥᠪᠥᠷ ᠮᠤᠩᠭᠤᠯ᠎ᠢ ᠳᠤᠮᠳᠠᠳᠤ ᠤᠯᠤᠰ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠬᠦᠮᠦᠷᠭᠡ ᠪᠣᠯᠭ᠋ᠠᠨ ᠪᠦᠲᠦᠭᠡᠨ ᠪᠠᠶ᠋ᠢᠭᠤᠯᠤᠨ᠎ᠠ᠃
      ᠮᠠᠯᠵᠢᠬᠤ ᠲᠠᠷᠢᠶᠠᠯᠠᠬᠤ ᠤᠷᠤᠨ᠎ᠤ ᠣᠷᠴᠢᠨ ᠨᠦᠬᠦᠴᠡᠯ᠎ᠢ ᠬᠦᠴᠦᠯᠡᠨ ᠰᠠᠶ᠋ᠢᠵᠢᠷᠠᠭᠤᠯᠤᠨ᠎ᠠ᠃ ᠪᠤᠲᠠᠲᠠᠢ᠎ᠠᠴᠠ ᠡᠭᠦᠰᠬᠦ ᠵᠢ ᠪᠠᠷᠢᠮᠲᠠᠯᠠᠨ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠭᠠᠵᠠᠷ ᠤᠷᠤᠨ᠎ᠤ ᠪᠠᠶ᠋ᠢᠳᠠᠯ᠎ᠳᠤ᠎ᠪᠠᠨ ᠲᠣᠬᠢᠷᠠᠭᠤᠯᠵᠤ ᠪᠠᠶ᠋ᠢᠭ᠋ᠠᠳ 《ᠵᠣᠷᠯᠤᠩ᠎ᠤᠨ ᠬᠤᠪᠢᠰᠤᠯᠲᠠ》 ᠵᠢ ᠠᠬᠢᠭᠤᠯᠤᠨ᠎ᠠ᠃ ᠠᠶ᠋ᠢᠯ ᠲᠤᠰᠬᠤᠨ᠎ᠤ ᠲᠦᠷᠰᠦ ᠪᠠᠶ᠋ᠢᠳᠠᠯ᠎ᠢ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠵᠦ᠂ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠠᠷᠠᠯᠲᠠ᠎ᠪᠠᠨ ᠪᠡᠶᠡᠯᠡᠭᠦᠯᠤᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠬᠠᠮᠲᠤ ᠵᠢᠨ ᠦᠮᠴᠢᠯᠡᠯ᠎ᠤᠨ ᠡᠷᠬᠡ ᠵᠢᠨ ᠳᠥᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠮᠲᠤ ᠵᠢᠨ ᠠᠵᠤ ᠠᠬᠤᠢ ᠵᠢ ᠪᠣᠵᠠᠭ᠋ᠠᠶ᠋ᠢᠷᠠᠭᠤᠯᠤᠨ᠎ᠠ᠃ ᠮᠠᠯᠴᠢᠨ ᠲᠠᠷᠢᠶᠠᠴᠢᠨ᠎ᠤ ᠲᠤᠰᠬᠠᠢ ᠬᠤᠷᠰᠢᠶᠠᠵᠢᠯ᠎ᠢ ᠭᠦᠳᠦᠯᠦᠨ ᠵᠢᠯᠤᠭᠤᠳᠴᠤ ᠪᠠᠶ᠋ᠢᠭ᠋ᠠᠳ ᠡᠷᠡᠭᠦᠯ ᠵᠶ᠋ᠠᠷ ᠭᠦᠭᠵᠢᠬᠦᠯᠵᠦ᠂ ᠮᠠᠯᠴᠢᠨ ᠲᠠᠷᠢᠶᠠᠴᠢᠨ ᠪᠠ ᠠᠵᠤ ᠠᠬᠤᠶ᠋ᠢᠯᠠᠯ᠎ᠤᠨ ᠠᠰᠢᠭ ᠲᠤᠰᠠ ᠵᠢ ᠬᠤᠯᠪᠤᠨᠨᠳᠠᠭᠤᠯᠬᠤ ᠲᠣᠭᠲᠠᠴᠠ ᠵᠢ ᠪᠠᠶ᠋ᠢᠭᠤᠯᠤᠨ ᠨᠢᠨᠨᠳᠠᠷᠠᠭᠤᠯᠤᠨ᠎ᠠ᠃ ᠮᠠᠯᠵᠢᠬᠤ ᠤᠷᠤᠨ᠎ᠤ ᠤᠳᠤᠬᠢᠴᠢᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠰᠠᠶ᠋ᠢᠲᠤᠷ ᠠᠳᠬᠤᠵᠤ᠂ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠦᠭᠵᠢᠬᠦ ᠵᠢ ᠲᠦᠷᠭᠡᠳᠭᠡᠨ᠎ᠠ᠃
     (ᠵᠢᠷᠭᠤᠭ᠎ᠠ) ᠪᠣᠬᠢᠷᠲᠤᠯ ᠥᠬᠡᠶ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ
      ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ᠎ᠤᠨ ᠰᠢᠰᠲ᠋ᠧᠮ᠎ᠲᠠᠢ ᠵᠠᠰᠠᠯᠲᠠ ᠵᠢ ᠨᠢᠭᠡᠳᠦᠯᠲᠡᠶ ᠲᠥᠯᠥᠪᠯᠡᠵᠦ᠂ ᠨᠤᠲᠤᠭ ᠪᠡᠯᠴᠢᠭᠡᠷ᠂ ᠣᠢ ᠰᠢᠭᠤᠶ ᠵᠢᠨ ᠬᠠᠮᠠᠭ᠋ᠠᠯᠠᠯᠲᠠ ᠵᠢ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠶᠡᠭᠡ ᠬᠢᠩᠭ᠋ᠠᠨ ᠳᠠᠪᠠᠭ᠎ᠠ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠳᠤ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ᠎ᠢ ᠰᠡᠷᠭᠦᠭᠡᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ᠎ᠤᠨ ᠠᠮᠢ ᠠᠬᠤᠶ ᠵᠢ ᠦᠩᠵᠢᠭᠦᠯᠦᠨ ᠰᠡᠷᠭᠦᠭᠡᠬᠦ ᠤᠯᠤᠰ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠠᠬᠢᠭᠤᠯᠤᠨ᠎ᠠ᠃ ᠳᠠᠯᠠᠨ ᠬᠠᠷ᠎ᠠ ᠵᠢᠨ ᠠᠮᠢ ᠠᠬᠤᠢ ᠵᠢᠨ ᠦᠡᠭᠵᠢᠭᠦᠯᠦᠨ ᠰᠡᠷᠭᠦᠭᠡᠬᠦ ᠠᠵᠢᠯ᠎ᠢ ᠠᠬᠢᠭᠤᠯᠤᠨ᠎ᠠ᠃ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠂ ᠬᠥᠯᠥᠨ ᠪᠣᠶ᠋ᠢᠷ᠎ᠤᠨ ᠤᠯᠤᠰ᠎ᠤᠨ ᠴᠡᠴᠡᠷᠯᠢᠭ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠨ᠎ᠡ᠃ ᠪᠠᠷᠭᠤ ᠵᠡᠭᠡᠷ᠎ᠡ ᠵᠢᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠣᠷᠣᠨ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠡᠭᠡᠷ᠎ᠡ ᠵᠡᠷᠭᠡ ᠬᠡᠭᠡᠷ᠎ᠡ ᠵᠢᠨ ᠠᠮᠢᠳᠠᠳ᠎ᠤᠨ ᠨᠡᠭᠦᠳᠡᠯ᠎ᠤᠨ ᠴᠤᠪᠤᠭ᠎ᠠ ᠵᠢ᠎ᠨᠢ ᠰᠠᠭ᠋ᠠᠳ ᠦᠭᠡᠢ ᠪᠣᠯᠭ᠋ᠠᠨ᠎ᠠ᠃ ᠲᠠᠯ᠎ᠠ ᠨᠤᠲᠤᠭ᠎ᠤᠨ ᠭᠤᠣᠯᠯᠠᠬᠤ ᠣᠷᠣᠨ᠎ᠳᠤ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ ᠪᠠ ᠠᠭᠤᠷᠬᠠᠢ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠵᠤ᠂ ᠴᠦᠯᠯᠡᠷᠬᠡᠭ ᠭᠠᠵᠠᠷ ᠣᠷᠣᠨ᠂ ᠨᠡᠭᠦᠷᠡᠰᠦ ᠮᠠᠯᠲᠠᠭ᠋ᠠᠳ ᠴᠥᠮᠥᠷᠡᠭᠰᠡᠨ ᠣᠷᠣᠨ᠂ ᠠᠭᠤᠷᠬᠠᠢ ᠵᠢᠨ ᠤᠷᠤᠨ᠎ᠤ ᠢᠯᠭ᠋ᠠᠳᠠᠰᠤ ᠵᠢᠨ ᠲᠠᠯᠠᠪᠠᠢ᠎ᠨᠤᠭᠤᠳ᠎ᠲᠤ ᠭᠡᠷᠡᠯ ᠴᠡᠨᠡᠭ᠎ᠤᠨ ᠴᠠᠬᠢᠯᠭ᠋ᠠᠨ ᠥᠷᠲᠡᠭᠡ ᠪᠠ ᠰᠠᠯᠬᠢᠨ ᠬᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ ᠪᠦᠲᠦᠭᠡᠨ ᠪᠠᠶ᠋ᠢᠭᠤᠯᠬᠤ ᠵᠢ ᠳᠠᠮᠵᠢᠨ᠎ᠠ᠃ ᠭᠠᠵᠠᠷ ᠰᠢᠷᠣᠶ ᠵᠢ ᠠᠷᠪᠢᠲᠠᠶ ᠪᠦᠬᠡᠳ ᠡᠷᠴᠢᠮᠯᠢᠭ ᠠᠰᠢᠭᠯᠠᠵᠤ᠂ ᠴᠦᠯᠯᠡᠷᠬᠡᠭᠵᠢᠭᠰᠡᠨ ᠭᠠᠵᠠᠷ ᠰᠢᠷᠣᠶ ᠵᠢᠨ ᠵᠠᠰᠠᠯᠲᠠ ᠵᠢ ᠠᠬᠢᠭᠤᠯᠤᠨ᠎ᠠ᠃
      ᠪᠣᠬᠢᠷᠲᠤᠯ ᠦᠭᠡᠢ᠎ᠪᠠᠷ ᠬᠥᠭᠵᠢᠭᠦᠯᠬᠦ ᠠᠷᠭ᠎ᠠ ᠬᠡᠯᠪᠡᠷᠢ ᠵᠢ ᠲᠦᠷᠬᠡᠬᠡᠨ ᠪᠤᠢ ᠪᠣᠯᠭ᠋ᠠᠨ᠎ᠠ᠃ ᠭᠤᠤᠯᠳᠠᠯᠭ᠎ᠠ᠎ᠲᠠᠢ ᠬᠦᠷᠢᠶ᠎ᠡ ᠴᠡᠷᠠᠭ᠋ᠠᠨ᠎ᠳᠠᠬᠢ ᠡᠨᠧᠷᠬᠢ ᠠᠷᠪᠢᠯᠠᠵᠦ ᠪᠤᠬᠢᠷ ᠪᠤᠳᠠᠰ ᠭᠠᠳ᠋ᠬᠠᠰᠢᠯᠠᠭᠤᠯᠬᠤ ᠵᠢ ᠪᠠᠭ᠋ᠠᠰᠬᠠᠬᠤ ᠪᠠ ᠡᠨᠧᠷᠬᠢ ᠵᠢᠨ ᠬᠤᠷᠣᠭᠳᠠᠯ ᠶᠡᠭᠡ᠎ᠲᠠᠢ ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠲᠠᠯ᠎ᠠ᠎ᠳᠤ ᠬᠢᠨᠠᠨ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠵᠦ᠂ ᠤᠰᠤᠨ᠎ᠤ ᠡᠬᠢ ᠰᠤᠷᠪᠤᠯᠵᠢ ᠬᠤᠷᠤᠭᠳᠠᠵᠣ ᠪᠠᠶ᠋ᠢᠭ᠎ᠠ ᠶᠡᠷᠦᠩᠬᠡᠶ ᠬᠡᠮᠵᠢᠶ᠎ᠡ ᠪᠠ ᠬᠤᠷᠤᠭᠳᠠᠵᠤ ᠪᠠᠶ᠋ᠢᠭ᠎ᠠ ᠪᠠᠶ᠋ᠢᠳᠠᠯ᠎ᠢ ᠴᠢᠩᠭ᠎ᠠ ᠡᠵᠡᠮᠰᠢᠨ᠎ᠡ᠃ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠣᠷᠣᠨ᠎ᠳᠠᠬᠢ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ ᠪᠦᠬᠦ ᠲᠠᠯ᠎ᠠ᠎ᠪᠠᠷ ᠵᠤᠭᠰᠤᠭ᠋ᠠᠨ᠎ᠠ᠃ ᠠᠭᠤᠷᠬᠠᠢ ᠵᠢᠨ ᠭᠠᠵᠠᠷ ᠬᠦᠷᠦᠰᠦᠨ᠎ᠤ ᠤᠷᠴᠢᠨ ᠲᠤᠭᠤᠷᠢᠨ᠎ᠤ ᠵᠠᠰᠠᠯᠳᠠ ᠵᠢ ᠦᠷᠭᠦᠯᠵᠢᠯᠡᠨ ᠠᠬᠢᠭᠤᠯᠤᠨ᠎ᠠ᠃ ᠠᠭᠤᠷᠬᠠᠢ᠎ᠳᠤ ᠬᠡᠷᠡᠭᠯᠡᠬᠦ ᠲᠡᠷᠬᠡ ᠵᠢ ᠴᠠᠬᠢᠯᠭ᠋ᠠᠨ ᠬᠦᠳᠡᠯᠭᠡᠭᠦᠷᠲᠦ ᠮᠠᠰᠢᠨ ᠪᠣᠯᠭ᠋ᠠᠬᠤ ᠦᠭᠡᠷᠡᠴᠢᠯᠡᠯᠲᠡ ᠵᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠶ᠂ ᠪᠣᠬᠢᠷᠲᠤᠯ ᠦᠭᠡᠢ ᠦᠢ᠍ᠯᠡᠳᠪᠦᠷᠢ᠂ ᠪᠣᠬᠢᠷᠲᠤᠯ ᠦᠭᠡᠢ ᠪᠠᠷᠢᠯᠭ᠎ᠠ ᠵᠢ ᠪᠦᠲᠦᠭᠡᠨ ᠪᠠᠶ᠋ᠢᠭᠤᠯᠤᠨ᠎ᠠ᠃ ᠪᠣᠬᠢᠷᠲᠤᠯ ᠦᠭᠡᠢ ᠪᠦᠬᠡᠳ ᠨᠡᠭᠦᠷᠡᠰᠦᠲᠥ᠋ᠷᠥᠭᠴᠢ ᠵᠢ ᠪᠠᠭ᠎ᠠ ᠭᠠᠳᠠᠬᠰᠢᠯᠠᠭᠤᠯᠬᠤ ᠠᠮᠢᠳᠤᠷᠠᠯ᠎ᠢ ᠰᠠᠨᠠᠭ᠋ᠠᠴᠢᠯᠠᠵᠤ᠂ ᠬᠤᠭ ᠨᠣᠪᠰᠢ ᠵᠢ ᠲᠥᠷᠥᠯ ᠠᠩᠬᠢᠯᠠᠬᠤ ᠪᠠ ᠡᠬᠢ ᠪᠠᠶᠠᠯᠢᠬ᠍ᠵᠢᠭᠤᠯᠤᠨ ᠠᠰᠢᠭᠯᠠᠬᠤ ᠵᠢ ᠠᠬᠢᠭᠤᠯᠤᠨ᠎ᠠ᠃
      ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ 《ᠭᠤᠷᠪᠡᠨ ᠣᠷᠣᠨ ᠵᠠᠢ ᠭᠤᠷᠪᠠᠡ ᠱᠤᠭᠤᠮ》᠎ᠢ ᠬᠤᠪᠢᠶᠠᠷᠢᠯᠠᠨ ᠲᠣᠭᠲᠠᠭ᠋ᠠᠬᠤ ᠪᠠ ᠴᠢᠩᠭ᠎ᠠ ᠰᠠᠬᠢᠵᠣ᠂ ᠤᠯᠤᠰ᠎ᠤᠨ ᠨᠤᠳᠤᠭ ᠲᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠠᠮᠢ ᠠᠬᠤᠢ ᠵᠢᠨ ᠤᠷᠴᠢᠨ ᠲᠤᠭᠤᠷᠢᠨ᠎ᠤ ᠵᠦᠪᠰᠢᠶᠡᠷᠡᠨ ᠤᠷᠤᠭᠤᠯᠬᠤ ᠨᠠᠷᠢᠨ ᠳᠠᠩᠰᠠ ᠵᠢ ᠲᠤᠨᠨᠳᠠᠭ᠋ᠠᠨ᠎ᠠ᠃ ᠠᠮᠢ ᠠᠬᠤᠢ ᠵᠢᠨ ᠨᠦᠭᠦᠪᠦᠷᠢᠯᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠤᠬᠢᠷᠳᠤᠯᠳᠤ ᠪᠤᠳᠠᠰ ᠭᠠᠳᠠᠭᠰᠢᠯᠠᠭᠤᠯᠬᠤ ᠡᠷᠬᠡ᠂ ᠣᠢ ᠰᠢᠭᠤᠶ ᠵᠢᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠠᠷᠠᠯᠵᠢᠶ᠎ᠠ ᠵᠡᠷᠭᠡ ᠵᠢᠨ ᠥᠭᠡᠷᠡᠴᠢᠯᠡᠯᠲᠡ ᠵᠢ ᠠᠬᠢᠭᠤᠯᠤᠨ᠎ᠠ᠃ ᠠᠮᠢ ᠠᠬᠤᠢ ᠵᠢᠨ ᠰᠢᠰᠲ᠋ᠧᠮ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠦᠨᠡᠯᠡᠨ ᠵᠢᠱ᠌ᠢᠬᠦ ᠰᠢᠰᠲ᠋ᠧᠮᠵᠢ ᠪᠠ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠨᠦᠬᠡᠴᠡ ᠵᠢ ᠦᠨᠡᠯᠡᠨ ᠵᠢᠱ᠌ᠢᠬᠦ ᠲᠣᠭᠲᠠᠴᠠ ᠵᠢ ᠪᠠᠶ᠋ᠢᠭᠤᠯᠤᠨ᠎ᠠ᠃
     (ᠳᠣᠯᠤᠭ᠎ᠠ) ᠣᠷᠣᠨ ᠪᠦᠰᠡ ᠵᠢᠨ ᠵᠣᠬᠢᠴᠠᠯᠳᠤᠨ ᠬᠥᠭᠵᠢᠬᠦ ᠵᠢ ᠠᠬᠢᠭᠤᠯᠤᠨ᠎ᠠ
      ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠵᠦ᠂ ᠪᠤᠬᠢᠷᠳᠤᠯ ᠦᠬᠡᠢ᠎ᠪᠠᠷ ᠭᠦᠭᠵᠢᠬᠦᠯᠬᠦ ᠵᠢ ᠪᠠᠷᠢᠮᠳᠠᠯᠠᠵᠦ᠂ ᠣᠷᠣᠨ ᠪᠦᠰᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠦᠨᠡᠯᠡᠬᠦ ᠭᠦᠢ᠍ᠴᠡᠳᠬᠡᠯ ᠲᠣᠭ᠋ᠠᠨ᠎ᠤ ᠰᠢᠰᠲ᠋ᠧᠮᠵᠢ ᠵᠢ ᠲᠤᠨᠨᠳᠠᠭ᠋ᠠᠨ᠂ ᠰᠢᠯᠭ᠋ᠠᠨ ᠬᠢᠨᠠᠬᠤ᠂ ᠱᠠᠩᠨᠠᠨ ᠨᠥᠬᠦᠪᠥᠷᠢᠯᠡᠭᠦ᠂ ᠡᠳ᠋᠎ᠤᠨ ᠵᠠᠰᠠᠭ᠎ᠤᠨ ᠰᠢᠯᠵᠢᠭᠦᠯᠦᠨ ᠣᠯᠭᠤᠬᠤ᠎ᠳᠤ ᠵᠦᠷᠢᠶ᠎ᠡ᠎ᠲᠠᠢ ᠲᠣᠭᠲᠠᠴᠠ ᠵᠢ ᠪᠠᠶ᠋ᠢᠭᠤᠯᠵᠤ᠂ ᠬᠠᠷᠢᠴᠠᠩᠭᠤᠢ ᠳᠠᠪᠠᠭᠤᠯᠢᠭ ᠵᠶ᠋ᠠᠨ ᠪᠠᠳᠠᠷᠠᠭᠤᠯᠣᠨ᠂ ᠥᠪᠡᠷᠲᠡᠭᠡᠨ ᠵᠠᠰᠠᠬᠤ ᠣᠷᠣᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠤᠬᠢᠴᠠᠯᠳᠤᠨ ᠭᠦᠭᠵᠢᠬᠦ ᠵᠢ ᠨᠢᠭᠡᠳᠦᠯᠲᠡᠶ ᠲᠥᠯᠥᠪᠯᠡᠨ᠎ᠡ᠃ ᠵᠡᠭᠦᠨ ᠬᠡᠰᠡᠭ᠎ᠤᠨ ᠠᠶ᠋ᠢᠮᠠᠭ ᠬᠤᠳᠠ ᠵᠢ ᠮᠠᠨᠳᠤᠭᠤᠯᠤᠨ ᠭᠦᠭᠵᠢᠬᠦᠯᠬᠦ᠎ᠪᠠᠨ ᠲᠦᠷᠬᠡᠳᠬᠡᠵᠦ᠂ ᠠᠮᠢ ᠠᠬᠤᠢ ᠵᠢᠨ ᠴᠢᠳᠠᠮᠵᠢ ᠵᠢ᠎ᠨᠢ ᠲᠤᠪᠤᠶ᠋ᠢᠯᠭ᠋ᠠᠨ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠠᠵᠤ ᠠᠬᠤᠶ ᠵᠢ ᠬᠥᠭᠵᠢᠭᠦᠯᠵᠦ᠂ ᠠᠮᠢ ᠠᠬᠤᠢ ᠵᠢ ᠠᠵᠦ ᠦᠢ᠍ᠯᠡᠰᠵᠢᠬᠦᠯᠬᠦ᠂ ᠠᠵᠤ ᠦᠢ᠍ᠯᠡᠰ᠎ᠢ ᠠᠮᠢ ᠠᠬᠤᠶ᠋ᠢᠴᠢᠯᠠᠬᠤ ᠵᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠵᠢᠴᠢ ᠤᠯᠠᠭ᠋ᠠᠨᠴᠠᠪ᠎ᠤᠨ ᠵᠣᠬᠢᠴᠠᠩᠭᠤᠢ ᠬᠥᠭᠵᠢᠬᠦ ᠵᠢ ᠴᠢᠩᠭ᠋ᠠᠳᠬᠠᠵᠦ᠂ ᠠᠵᠤ ᠦᠢ᠍ᠯᠡᠰ᠎ᠢ ᠲᠦᠪᠯᠡᠷᠡᠭᠦᠯᠵᠦ ᠡᠷᠴᠢᠮᠵᠢᠭᠦᠯᠦᠨ ᠪᠦᠭᠡᠮᠨᠡᠷᠡᠭᠦᠯᠭᠦ ᠵᠢ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠥᠳᠡᠯᠭᠡᠭᠦᠷ᠎ᠢ ᠪᠦᠷᠢᠯᠳᠦᠭᠦᠯᠦᠨ᠎ᠡ᠃ ᠦᠬᠠᠶ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ᠎ᠨᠢ ᠲᠦᠷᠭᠡᠳᠬᠡᠵᠦ᠂ ᠠᠯᠠᠱ᠌ᠠ ᠵᠢᠨ ᠬᠤᠶ᠋ᠢᠲᠤ ᠬᠡᠰᠡᠭ᠎ᠤᠨ ᠠᠭᠤᠯᠠᠷᠬᠠᠭ ᠣᠷᠤᠨ᠎ᠤ ᠡᠷᠦᠳᠡᠰᠦ ᠵᠢᠨ ᠪᠦᠰᠡ ᠵᠢᠨ ᠡᠬᠢ ᠪᠠᠶᠠᠯᠢᠭ᠎ᠢ ᠬᠠᠶ᠋ᠢᠨ ᠰᠢᠨᠵᠢᠵᠦ ᠨᠡᠭᠡᠭᠡᠨ ᠬᠥᠭᠵᠢᠭᠦᠯᠬᠦ ᠵᠢ ᠠᠬᠢᠭᠤᠯᠤᠨ᠎ᠠ᠃
      ᠶᠡᠭᠡ᠎ᠪᠠᠷ ᠬᠠᠮᠠᠭ᠋ᠠᠯᠠᠬᠤ ᠵᠢ ᠬᠠᠮᠲᠤ᠎ᠪᠠᠷ ᠰᠠᠢ᠍ᠢ᠍ᠲᠤᠷ ᠠᠳᠬᠤᠵᠤ᠂ ᠶᠡᠭᠡ᠎ᠪᠠᠷ ᠵᠠᠰᠠᠬᠤ ᠵᠢ ᠬᠠᠮᠵᠢᠯᠴᠠᠨ ᠠᠬᠢᠭᠤᠯᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠬᠠᠳᠤᠨ ᠭᠤᠤᠯ᠎ᠤᠨ ᠰᠠᠪᠠ ᠭᠠᠵᠠᠷ᠎ᠤᠨ ᠤᠰᠤᠨ ᠰᠤᠷᠪᠤᠯᠵᠢ ᠵᠢ ᠬᠠᠮᠠᠭ᠋ᠠᠯᠠᠵᠦ ᠪᠠᠲᠤᠯᠠᠬᠤ ᠠᠷᠭ᠎ᠠ ᠠᠪᠴᠠᠯ᠎ᠢ ᠳᠡᠭᠡᠭᠰᠢᠯᠡᠭᠦᠯᠬᠦ᠂ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ᠂ ᠨᠣᠭᠤ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠬᠠᠳᠤᠨ ᠭᠤᠤᠯ ᠳᠠᠭ᠋ᠠᠤ ᠵᠢᠨ ᠠᠮᠢ ᠠᠬᠤᠢ ᠵᠢᠨ ᠬᠤᠩᠭᠢᠯ᠎ᠢ ᠪᠦᠲᠦᠭᠡᠨ ᠪᠠᠶ᠋ᠢᠭᠤᠯᠤᠨ᠎ᠠ᠃ ᠣᠰᠣᠨ᠎ᠤ ᠬᠡᠮᠵᠢᠶ᠎ᠡ᠎ᠪᠠᠷ ᠨᠡᠬᠡᠬᠡᠨ ᠠᠰᠢᠭᠯᠠᠬᠤ ᠪᠠ ᠤᠰᠤ ᠠᠷᠪᠢᠯᠠᠬᠤ᠎ᠪᠠᠷ ᠭᠤᠣᠯᠳᠠᠭᠤᠯᠬᠤ ᠵᠢ ᠪᠠᠷᠢᠮᠲᠠᠯᠠᠨ᠂ ᠪᠦᠳᠦᠭᠦᠯᠢᠭ ᠪᠦᠬᠡᠳ ᠲᠤᠤᠷ᠎ᠠ ᠠᠰᠢᠭᠯᠠᠮᠵᠢ᠎ᠲᠠᠢ ᠤᠰᠤ ᠬᠡᠷᠡᠭᠯᠡᠬᠦ ᠠᠷᠭ᠎ᠠ ᠮᠠᠶᠢᠭ᠎ᠢ ᠬᠤᠪᠢᠷᠠᠭᠤᠯᠤᠭ᠋ᠠᠳ ᠠᠷᠪᠢᠲᠠᠢ ᠡᠷᠴᠢᠮᠲᠡᠢ ᠪᠤᠯᠭ᠋ᠠᠨ᠎ᠠ᠃ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠤᠬᠢᠶᠠᠵᠦ᠂ ᠬᠠᠳᠤᠨ ᠭᠤᠤᠯ ᠳᠠᠭ᠋ᠠᠤ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠢ ᠲᠥᠪᠯᠡᠷᠡᠭᠦᠯᠣᠨ ᠪᠦᠭᠡᠮᠨᠡᠷᠡᠭᠦᠯᠬᠦ ᠪᠠ ᠠᠵᠤ ᠦᠢ᠍ᠯᠡᠰ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ᠃ ᠬᠤᠲᠠ ᠵᠢᠨ ᠨᠠᠷᠢᠯᠢᠨᠨᠵᠢᠭᠤᠯᠤᠨᠨᠰᠠᠨ ᠬᠠᠮᠢᠶᠠᠷᠤᠯᠳᠠ ᠵᠢ ᠠᠬᠢᠭᠤᠯᠵᠤ᠂ ᠬᠤᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠲᠦᠪᠰᠢᠨ᠎ᠢ ᠲᠡᠬᠡᠭᠰᠢᠯᠡᠬᠦᠯᠦᠨ᠂ ᠣᠶᠤᠨᠲᠤ ᠬᠤᠲᠠ᠂ ᠤᠷᠤᠰᠢᠨ ᠰᠠᠭᠤᠷᠢᠰᠢᠬᠤ᠎ᠳᠤ ᠲᠤᠬᠢᠷᠠᠮᠵᠢᠳᠠᠢ ᠬᠤᠳᠠ ᠵᠢ ᠪᠦᠳᠦᠬᠡᠨ ᠪᠠᠶ᠋ᠢᠭᠤᠯᠤᠨ᠎ᠠ᠃ ᠤᠷᠤᠨ ᠪᠦᠰᠡ ᠵᠢᠨ ᠭᠤᠤᠯ ᠲᠦᠪ ᠪᠤᠯᠬᠤ ᠬᠤᠳᠠ ᠵᠢᠨ ᠨᠦᠯᠦᠭᠡᠯᠡᠨ ᠲᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠦ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠪᠠᠶ᠋ᠢᠭ᠎ᠠ ᠭᠠᠵᠠᠷ᠎ᠤᠨ ᠪᠠ ᠲᠥᠪ ᠪᠠᠯᠭ᠋ᠠᠰᠤᠨ᠎ᠤ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠵᠦ᠂ ᠣᠨᠴᠠᠯᠢᠭᠲᠤ ᠵᠢᠵᠢᠭ ᠪᠠᠯᠭ᠋ᠠᠰᠤᠨ᠎ᠤ ᠬᠥᠭᠵᠢᠯᠲᠡ ᠵᠢ ᠳᠠᠮᠵᠢᠨ᠎ᠠ᠃
     (ᠨᠠᠢ᠍ᠮᠠ) ᠥᠭᠡᠷᠡᠴᠢᠯᠡᠯᠲᠡ ᠨᠡᠭᠡᠭᠡᠯᠲᠡ ᠵᠢ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠦᠨ᠎ᠡ
      ᠤᠯᠤᠰ᠎ᠤᠨ ᠥᠮᠴᠢᠯᠡᠯᠳᠣ ᠠᠵᠤ ᠠᠬᠤᠶ᠋ᠢᠯᠠᠯ᠎ᠳᠤ ᠥᠭᠡᠷᠡᠴᠢᠯᠡᠯᠲᠡ ᠬᠢᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠦᠰᠦᠯ᠎ᠢ ᠲᠣᠭᠲᠠᠭ᠋ᠠᠵᠤ ᠬᠡᠷᠡᠭᠵᠢᠭᠦᠯᠦᠨ᠂ ᠤᠯᠤᠰ᠎ᠤᠨ ᠥᠮᠴᠢᠯᠡᠯᠳᠣ ᠡᠳ᠋ ᠬᠥᠷᠥᠩᠭᠡ᠎ᠪᠠᠷ ᠪᠡᠯᠡ ᠣᠷᠣᠭᠤᠯᠵᠤ ᠡᠵᠡᠩᠨᠡᠨ ᠠᠵᠢᠯᠯᠠᠬᠤ ᠺᠣᠮᠫᠠᠨᠢ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠠᠬᠢ ᠡᠵᠡᠩᠨᠡᠯᠲᠡ ᠵᠢᠨ ᠴᠢᠨᠠᠷᠲᠠᠶ ᠤᠯᠤᠰ᠎ᠤᠨ ᠥᠮᠴᠢᠯᠡᠯᠳᠣ ᠡᠳ᠋ ᠬᠥᠷᠥᠩᠭᠡ᠎ᠳᠤ ᠲᠥᠪᠯᠡᠷᠡᠭᠦᠯᠵᠦ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠵᠢ ᠪᠡᠶᠡᠯᠡᠭᠦᠯᠦᠨ᠎ᠡ᠃ ᠬᠤᠯᠢᠮᠠᠭ ᠥᠮᠴᠢᠯᠡᠯᠳᠣ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠤᠯᠤᠰ᠎ᠤᠨ ᠥᠮᠴᠢᠯᠡᠯᠳᠣ ᠪᠡᠯᠡ ᠮᠦᠡᠭᠭᠦ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠠᠵᠤ ᠦᠢ᠍ᠯᠡᠰ᠎ᠤᠨ ᠬᠡᠯᠬᠢᠶᠡᠨ᠎ᠳᠠᠬᠢ ᠳᠤᠮᠳᠠ ᠳᠡᠭᠡᠳᠦ ᠦᠵᠦᠬᠦᠷ ᠪᠠ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ ᠲᠡᠶ᠋ᠢᠰᠢ ᠪᠠᠶ᠋ᠢᠷᠢᠰᠢᠭᠤᠯᠤᠯᠲᠠ ᠬᠢᠯᠭᠡᠨ᠎ᠡ᠃ ᠴᠠᠬᠢᠯᠭ᠋ᠠᠨ ᠬᠦᠴᠦᠨ᠎ᠤ ᠪᠠᠶ᠋ᠢᠭᠤᠯᠤᠯ ᠪᠠ ᠳᠠᠮᠵᠢᠭᠤᠯᠵᠤ ᠲᠦᠭᠡᠭᠡᠬᠦ ᠴᠠᠬᠢᠯᠭ᠋ᠠᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠳᠤ ᠠᠰᠢᠨᠨᠳᠠᠢ ᠴᠠᠬᠢᠯᠭ᠋ᠠᠨ᠎ᠤ ᠦᠨ᠎ᠡ ᠬᠠᠩᠰᠢ ᠵᠢᠨ ᠲᠣᠭᠲᠠᠴᠠ ᠵᠢ ᠪᠠᠶ᠋ᠢᠭᠤᠯᠤᠨ᠎ᠠ᠃ ᠤᠯᠤᠰ᠎ᠤᠨ ᠥᠮᠴᠢᠯᠡᠯᠳᠣ ᠮᠦᠩᠭᠦᠨ ᠭᠦᠢ᠍ᠯᠭᠡᠭᠡᠨ᠎ᠤ ᠪᠡᠯᠡ ᠮᠦᠡᠭᠭᠦ᠎ᠳᠤ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠵᠢ ᠬᠡᠷᠡᠭᠵᠢᠭᠦᠯᠵᠦ᠂ ᠣᠷᠣᠨ ᠨᠤᠲᠤᠭ᠎ᠤᠨ ᠮᠦᠩᠭᠦᠨ ᠭᠦᠢ᠍ᠯᠭᠡᠭᠡᠨ᠎ᠤ ᠬᠢᠨᠠᠨ ᠬᠠᠮᠢᠶᠠᠷᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠲᠡᠭ ᠰᠠᠭᠤᠷᠢᠨ ᠲᠥᠰᠥᠪ᠎ᠤᠨ ᠱᠠᠭ᠋ᠠᠷᠳᠠᠯᠭ᠎ᠠ ᠶᠣᠰᠣᠭ᠋ᠠᠷ ᠵᠠᠷᠤᠯᠭ᠎ᠠ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋᠎ᠤᠨ ᠵᠠᠰᠠᠭ᠎ᠤᠨ ᠪᠡᠯᠡ ᠮᠥᠩᠭᠦᠨ᠎ᠤ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠦᠨ᠎ᠡ᠃
      ᠨᠡᠭᠡᠭᠡᠯᠲᠡ ᠬᠢᠬᠦ᠎ᠪᠠᠷ ᠥᠭᠡᠷᠡᠴᠢᠯᠡᠯᠲᠡ᠂ ᠬᠥᠭᠵᠢᠯᠲᠡ ᠪᠠ ᠰᠢᠨ᠎ᠡ ᠡᠭᠦᠳᠦᠯᠲᠡ᠎ᠪᠠᠨ ᠠᠬᠢᠭᠤᠯᠬᠤ ᠵᠢ ᠪᠠᠷᠢᠮᠲᠠᠯᠠᠵᠤ᠂ ᠨᠠᠩ ᠥᠨᠳᠥᠷ ᠲᠥᠪᠰᠢᠨ᠎ᠲᠠᠢ ᠭᠠᠳᠠᠭ᠋ᠠᠳᠤ ᠨᠡᠭᠡᠭᠡᠯᠲᠡ ᠬᠢᠬᠦ ᠵᠢ ᠠᠬᠢᠭᠤᠯᠤᠨ᠎ᠠ᠃ ᠣᠯᠠᠨ ᠡᠰᠢᠵᠢᠭᠰᠡᠨ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠨ ᠥᠷᠭᠡᠳᠬᠡᠵᠦ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠣᠢ ᠪᠣᠯᠭ᠋ᠠᠨ᠂ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠵᠶ᠋ᠠᠷ ᠨᠡᠮᠡᠭᠳᠡᠬᠦ ᠵᠢ ᠪᠠᠲᠤᠯᠠᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠢ᠍ᠢ᠍ᠭᠤᠯᠤᠯᠲᠠ᠎ᠳᠤ ᠢᠳᠡᠪᠬᠢᠲᠡᠢ ᠣᠷᠣᠯᠴᠠᠨ᠎ᠠ᠃
      ᠥᠷᠭᠡᠨ ᠬᠡᠪᠴᠢᠶᠡᠨ᠎ᠤ ᠬᠢᠯᠢ ᠵᠢᠨ ᠪᠣᠭᠤᠮᠲᠠ ᠵᠢᠨ ᠠᠵᠤ ᠠᠬᠤᠶ ᠵᠢ ᠶᠡᠬᠡ᠎ᠪᠠᠷ ᠬᠦᠭᠵᠢᠭᠦᠯᠵᠦ᠂ ᠬᠢᠯᠢ ᠵᠢᠨ ᠪᠣᠭᠤᠮᠲᠠ ᠪᠠ ᠣᠯᠠᠨ ᠤᠯᠤᠰ᠎ᠯᠤᠭ᠎ᠠ ᠵᠢᠨ ᠨᠡᠪᠲᠡᠷᠡᠬᠦ ᠵᠠᠮ᠎ᠤᠨ ᠨᠦᠯᠦᠭᠡᠯᠡᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠨ᠂ ᠭᠤᠤᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ ᠵᠡᠷᠭᠡ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠬᠢᠯᠢ ᠵᠢᠨ ᠪᠣᠭᠤᠮᠲᠠ ᠬᠢᠭᠡᠳ ᠳᠣᠲᠤᠷ᠎ᠠ ᠭᠠᠵᠠᠷ᠎ᠤᠨ ᠬᠤᠭᠤᠷᠤᠨᠳᠤᠬᠢ᠂ ᠠᠭ᠋ᠠᠷ ᠠᠶᠠᠯᠠᠯ᠎ᠤᠨ ᠬᠢᠯᠢ ᠵᠢᠨ ᠪᠤᠭᠤᠮᠲᠠ ᠬᠢᠭᠡᠳ ᠬᠠᠭᠤᠷᠠᠶ᠎ᠳᠠᠬᠢ ᠬᠢᠯᠢ ᠵᠢᠨ ᠪᠣᠭᠤᠮᠲᠠ ᠵᠢᠨ ᠬᠤᠭᠤᠷᠣᠨᠳᠣᠬᠢ ᠬᠠᠮᠵᠢᠯᠴᠠᠭ᠎ᠠ ᠵᠢ ᠴᠢᠩᠭ᠋ᠠᠳᠬᠠᠨ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠭᠦᠢ᠍ᠯᠭᠡᠭᠡᠨ ᠶᠡᠬᠡᠲᠡᠢ ᠪᠦᠲᠦᠭᠡᠭᠳᠡᠭᠦᠨ᠎ᠢ ᠪᠤᠲᠠᠲᠠᠢ ᠭᠠᠵᠠᠷ᠎ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠵᠢ ᠠᠬᠢᠭᠤᠯᠵᠤ᠂ ᠨᠡᠪᠲᠡᠷᠡᠯ ᠵᠠᠮ᠎ᠤᠨ ᠠᠵᠤ ᠠᠬᠤᠢ ᠵᠢ ᠰᠠᠭᠤᠷᠢᠰᠢᠮᠠᠯ ᠠᠵᠤ ᠠᠬᠤᠢ ᠪᠣᠯᠭ᠋ᠠᠨ ᠬᠤᠪᠢᠷᠠᠭᠤᠯᠤᠨ᠎ᠠ᠃ ᠳᠤᠮᠳᠠᠳᠦ ᠤᠯᠤᠰ (ᠦᠪᠦᠷ ᠮᠤᠡᠭᠭᠤᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠤᠷᠤᠨ᠎ᠢ ᠪᠠᠢ᠍ᠢ᠍ᠭᠤᠯᠬᠤ᠎ᠪᠠᠷ ᠭᠤᠶᠤᠴᠢᠯᠠᠨ ᠮᠡᠳᠡᠭᠦᠯᠦᠨ᠎ᠡ᠃
      ᠰᠢᠶᠠᠩᠭ᠋ᠠᠩ ᠣᠣᠮᠧᠨ᠎ᠤ ᠭᠠᠵᠠᠷ ᠣᠷᠣᠨ᠎ᠯᠤᠭ᠎ᠠ ᠵᠢᠨ ᠠᠵᠤ ᠠᠬᠤᠢ ᠠᠷᠠᠯᠵᠢᠶ᠎ᠠ ᠵᠢᠨ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠨᠢᠭᠲᠠᠷᠠᠭᠤᠯᠤᠨ᠂ ᠤᠯᠤᠰ᠎ᠤᠨ ᠶᠠᠮᠤᠨ ᠵᠥᠪᠯᠡᠯ᠂ ᠪᠤᠰᠤᠳ ᠮᠣᠵᠢ ᠥᠪᠡᠷᠲᠡᠭᠡᠨ ᠵᠠᠰᠠᠬᠤ ᠣᠷᠣᠨ ᠬᠤᠲᠠ ᠪᠠ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠲᠥᠪ᠎ᠤᠨ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠪᠠᠷ᠎ᠬᠢ ᠵᠥᠪᠯᠡᠯᠴᠡᠭᠡᠷ᠎ᠢ ᠮᠥᠷᠳᠡᠨ ᠨᠠᠶ᠋ᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ᠎ᠳᠠᠬᠢ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠨᠠᠢ᠍ᠢ᠍ᠳᠠᠪᠦᠷᠢᠵᠢᠭᠤᠯᠵᠦ᠂ ᠲᠥᠷᠦ ᠵᠢᠨ ᠪᠣᠳᠣᠯᠭ᠎ᠠ ᠵᠢᠨ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠣᠨ᠎ᠠ᠃
     (ᠶᠢᠰᠦ) ᠪᠣᠯᠪᠠᠰᠤᠨ ᠥᠪᠥᠷ ᠮᠣᠩᠭᠤᠯ᠎ᠤᠨ ᠪᠠᠶ᠋ᠢᠭᠤᠯᠤᠯᠲᠠ ᠵᠢ ᠠᠬᠢᠭᠤᠯᠤᠨ᠎ᠠ
      ᠨᠡᠶ᠋ᠢᠭᠡᠮ ᠵᠢᠷᠤᠮ᠎ᠤᠨ ᠭᠤᠣᠯᠯᠠᠭᠴᠢ ᠦᠷᠲᠡᠭ᠎ᠤᠨ ᠦᠵᠡᠯᠲᠡ ᠵᠢ ᠪᠣᠢ ᠪᠣᠯᠭ᠋ᠠᠨ ᠦᠢ᠍ᠯᠡᠳᠦᠯᠬᠡᠵᠢᠬᠦᠯᠵᠦ᠂ ᠡᠷᠬᠡᠲᠦ ᠠᠷᠠᠳ᠎ᠤᠨ ᠶᠣᠰᠣ ᠰᠤᠷᠲᠠᠬᠤᠨ᠎ᠤ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠨ᠂ ᠣᠯᠠᠨ ᠲᠥᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠴᠣᠭᠴᠠᠯᠠᠨ ᠪᠠᠶ᠋ᠢᠭᠤᠯᠬᠤ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠦᠨ᠂ ᠪᠠᠭ᠋ᠠᠲᠤᠷᠴᠤᠳ ᠪᠠ ᠵᠢᠱ᠌ᠢᠶᠡᠴᠢ᠎ᠠᠴᠠ᠎ᠲᠠᠭᠠᠨ ᠰᠤᠷᠤᠯᠴᠠᠵᠤ᠂ ᠪᠦᠬᠦ ᠨᠡᠶ᠋ᠢᠭᠡᠮ᠎ᠤᠨ ᠶᠣᠰᠣ ᠰᠤᠷᠲᠠᠬᠤᠨ᠎ᠤ ᠲᠦᠪᠰᠢᠨ ᠪᠠ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠥᠪᠥᠷ ᠮᠣᠩᠭᠤᠯ᠎ᠤᠨ ᠦᠯᠢᠭᠡᠷ᠎ᠢ ᠲᠣᠭ᠋ᠠᠴᠢᠨ ᠬᠦᠦᠷᠨᠢᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠭᠦᠢ᠍ᠴᠡᠳ ᠦᠵᠡᠭᠦᠯᠦᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ ᠪᠠ ᠴᠥᠬᠦᠷᠡᠰᠢ ᠦᠭᠡᠢ ᠤᠷᠤᠭᠰᠢᠯᠠᠬᠤ ᠵᠣᠷᠢᠭ ᠰᠠᠨᠠᠭ᠋ᠠᠨ᠎ᠤ ᠴᠤᠭ ᠵᠢᠪᠬᠤᠭ᠎ᠠ ᠵᠢ ᠭᠦᠢ᠍ᠴᠡᠳ ᠢᠯᠡᠷᠡᠭᠦᠯᠦᠨ᠎ᠡ᠃
      ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠴᠡᠴᠡᠭᠯᠡᠭᠦᠯᠦᠨ᠂ ᠠᠷᠠᠳ ᠲᠦᠮᠡᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠬ᠍ᠵᠢᠭᠤᠯᠤᠨ᠎ᠠ᠃ ᠳᠤᠮᠳᠠᠲᠤ ᠵᠢᠨ ᠤᠯᠠᠮᠵᠢᠯᠠᠯᠲᠤ ᠰᠢᠯᠢᠳᠡᠭ ᠰᠣᠶᠣᠯ ᠪᠠ ᠬᠤᠪᠢᠰᠬᠠᠯᠲᠤ ᠰᠣᠶᠣᠯ᠎ᠢ ᠵᠠᠯᠭ᠋ᠠᠮᠵᠢᠯᠠᠨ ᠰᠤᠷᠲᠠᠯᠴᠢᠯᠠᠵᠤ᠂ ᠲᠠᠯ᠎ᠠ ᠨᠤᠲᠤᠭ᠎ᠤᠨ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨ᠎ᠡ ᠡᠭᠦᠳᠦᠯᠳᠡ᠎ᠲᠠᠢ᠎ᠪᠠᠷ ᠬᠥᠭᠵᠢᠭᠦᠯᠬᠦ ᠵᠢ ᠠᠬᠢᠭᠤᠯᠤᠨ᠎ᠠ᠃ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ ᠪᠠ ᠪᠣᠳᠠᠰ᠎ᠤᠨ ᠪᠣᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠨ᠎ᠠ᠃ ᠠᠷᠤ ᠬᠤᠷᠴᠢᠨ᠎ᠤ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲ᠋ᠧᠮ᠎ᠢ ᠪᠦᠭᠦ ᠪᠦᠮᠪᠦᠷᠴᠡᠭ᠎ᠤᠨ ᠴᠢᠬᠤᠯᠠ ᠬᠥᠳᠡᠭᠡ ᠠᠵᠤ ᠠᠬᠤᠢ ᠵᠢᠨ ᠰᠣᠶᠣᠯ᠎ᠤᠨ ᠥᠪ ᠵᠶ᠋ᠠᠷ ᠭᠤᠶᠤᠴᠢᠯᠠᠨ ᠮᠡᠳᠡᠭᠦᠯᠬᠦ ᠪᠠ ᠪᠠᠲᠠᠢ ᠵᠢᠨ ᠵᠢᠷᠠᠨ ᠡᠯᠡᠰᠦᠨ ᠴᠥᠯ᠎ᠢ ᠳᠡᠯᠡᠬᠡᠢ ᠵᠢᠨ ᠪᠠᠶ᠋ᠢᠭ᠋ᠠᠯᠢ ᠵᠢᠨ ᠥᠪ ᠵᠶ᠋ᠠᠷ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠨ᠎ᠡ᠃ ᠥᠪᠥᠷ ᠮᠣᠩᠭᠤᠯ᠎ᠤᠨ ᠬᠤᠪᠢᠰᠬᠠᠯᠳᠤ ᠲᠡᠤᠬᠡ ᠵᠢᠨ ᠮᠦᠽᠧᠢ᠂ ᠬᠢᠳᠠᠨ ᠯᠢᠶᠣᠤ ᠤᠯᠤᠰ᠎ᠤᠨ ᠦᠶ᠎ᠡ ᠵᠢᠨ ᠳᠤᠷᠠᠰᠬᠠᠯᠲᠤ ᠵᠦᠢ᠍ᠯ᠎ᠤᠨ ᠮᠦᠽᠧᠢ ᠵᠢ ᠪᠠᠶ᠋ᠢᠭᠤᠯᠤᠨ᠎ᠠ᠃ 《ᠣᠶᠤᠨᠲᠤ ᠷᠠᠳᠢᠣ᠋ ᠲᠧᠯᠸᠢᠰ》᠎ᠤᠨ ᠢᠨᠵᠧᠨᠧᠷᠢᠩ᠎ᠢ ᠬᠡᠷᠡᠭᠵᠢᠭᠦᠯᠦᠨ᠂ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠰᠣᠶᠣᠯ ᠤᠷᠠᠯᠢᠭ᠎ᠤᠨ ᠲᠣᠭᠯᠠᠯᠲᠠ ᠵᠡᠷᠭᠡ ᠠᠵᠢᠯ ᠦᠢ᠍ᠯᠡᠰ᠎ᠢ ᠴᠡᠴᠡᠭᠯᠡᠭᠦᠯᠦᠨ ᠬᠦᠭᠵᠢᠭᠦᠯᠵᠦ᠂ ᠰᠣᠶᠣᠯ᠎ᠤᠨ ᠠᠵᠤ ᠦᠢ᠍ᠯᠡᠰ᠎ᠢ ᠬᠦᠭᠵᠢᠭᠦᠯᠦᠨ᠂ ᠰᠣᠶᠣᠯ᠎ᠤᠨ ᠵᠦᠭᠡᠯᠡᠨ ᠪᠤᠳᠠᠳᠤ ᠬᠦᠴᠦᠨ᠎ᠢ ᠰᠢᠨ᠎ᠡ ᠦᠷᠢᠰᠦᠯᠳᠦᠬᠦ ᠬᠦᠴᠦᠨ ᠪᠣᠯᠭ᠋ᠠᠨ᠎ᠠ᠃
     (ᠠᠷᠪᠠ) ᠠᠷᠠᠳ᠎ᠤᠨ ᠠᠮᠢᠳᠤᠷᠠᠯ᠎ᠢ ᠦᠨᠡᠨ ᠬᠦ᠌ ᠪᠠᠳᠤᠯᠠᠨ ᠰᠠᠶ᠋ᠢᠵᠢᠷᠠᠭᠤᠯᠤᠨ᠎ᠠ
      ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠬᠤ ᠵᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠨ᠂ ᠶᠡᠭᠡ ᠳᠡᠭᠡᠲᠥ ᠰᠤᠷᠭ᠋ᠠᠭᠤᠯᠢ᠎ᠠᠴᠠ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠦ ᠠᠵᠢᠯ ᠠᠯᠳᠠᠭᠰᠠᠳ᠂ ᠴᠡᠷᠢᠭ᠎ᠤᠨ ᠠᠯᠪᠠ᠎ᠠᠴᠠ ᠬᠠᠯᠬᠠᠳ᠋ᠬᠠᠰᠠᠳ ᠵᠡᠷᠭᠡ ᠭᠤᠣᠯᠳᠠᠯᠭ᠎ᠠ᠎ᠲᠠᠢ ᠭᠦᠮᠦᠰ᠎ᠲᠤ ᠠᠵᠢᠯ ᠤᠯᠭᠤᠬᠤ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠨᠢᠬᠡ ᠴᠤ᠌ ᠠᠵᠢᠯ ᠤᠯᠤᠭ᠋ᠠᠳᠤᠢ ᠭᠡᠷ ᠪᠦᠯᠢ᠎ᠳᠤ ᠬᠦᠳᠡᠯᠦᠩᠭᠦᠢ᠎ᠪᠠᠷ ᠠᠵᠢᠯ ᠤᠯᠭᠤᠬᠤ ᠵᠢ ᠦᠨᠡᠨ ᠬᠦ᠌ ᠪᠠᠲᠤᠯᠠᠨ᠎ᠠ᠃ ᠦᠢ᠍ᠯᠡᠰ ᠴᠣᠭᠴᠠᠯᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠪᠠ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠭᠤᠬᠤ ᠵᠢ ᠠᠬᠢᠭᠤᠯᠤᠨ᠂ ᠣᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠦᠷᠨᠢᠭᠦᠯᠦᠨ᠂ ᠪᠦᠬᠦ ᠣᠷᠣᠨ᠎ᠤ ᠤᠯᠠᠨ ᠨᠡᠶ᠋ᠢᠳᠡ ᠵᠢᠨ ᠠᠵᠢᠯ ᠣᠯᠭᠤᠯᠲᠠ᠎ᠳᠤ ᠦᠢ᠍ᠯᠡᠴᠢᠯᠡᠬᠦ ᠮᠡᠳᠡᠭᠡ ᠵᠠᠩᠬᠢᠴᠢᠯᠬᠠᠰᠠᠨ ᠨᠢᠭᠡᠳᠦᠯᠲᠡᠢ ᠲᠠᠪᠴᠠᠩ᠎ᠢ ᠪᠠᠶ᠋ᠢᠭᠤᠯᠵᠤ᠂ ᠠᠵᠢᠯ ᠡᠷᠢᠬᠦ᠂ ᠠᠵᠢᠯᠴᠢᠨ ᠬᠡᠷᠡᠭᠯᠡᠬᠦ ᠵᠢᠨ ᠬᠡᠷᠡᠭᠴᠡᠭᠡ ᠱᠠᠭ᠋ᠠᠷᠳᠠᠯᠭ᠎ᠠ ᠬᠢᠭᠡᠳ ᠪᠤᠯᠪᠠᠰᠤᠷᠠᠭᠤᠯᠬᠤ᠎ᠲᠠᠢ᠎ᠨᠢ ᠤᠨᠤᠪᠴᠢᠳᠠᠢ ᠵᠠᠯᠭ᠋ᠠᠯᠳᠤᠭᠤᠯᠬᠤ ᠵᠢ ᠠᠬᠢᠭᠤᠯᠤᠨ᠂ ᠪᠦᠲᠦᠴᠡ ᠵᠢᠨ ᠴᠢᠨᠠᠷᠲᠠᠢ᠎ᠪᠠᠷ ᠠᠵᠢᠯ ᠣᠯᠭᠤᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃
      ᠰᠤᠷᠭ᠋ᠠᠨ ᠬᠦᠮᠦᠵᠢᠯ᠎ᠤᠨ ᠠᠵᠢᠯ ᠦᠢ᠍ᠯᠡᠰ᠎ᠢ ᠡᠩ ᠲᠡᠷᠢᠭᠦᠨ᠎ᠳᠤ ᠬᠦᠭᠵᠢᠭᠦᠯᠦᠨ᠎ᠡ᠃ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ ᠪᠠ ᠲᠦᠬᠡᠮᠡᠯ ᠬᠠᠷᠠᠭ᠋ᠠᠯᠵᠠᠯ᠎ᠤᠨ ᠴᠢᠨᠠᠷᠲᠠᠢ ᠠᠷᠠᠳ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠡᠬᠢ ᠪᠠᠶᠠᠯᠢᠭ᠎ᠢ ᠨᠡᠮᠡᠭᠳᠡᠭᠦᠯᠵᠦ᠂ ᠰᠤᠮᠤ ᠰᠢᠶᠠᠩ ᠪᠠᠯᠭ᠋ᠠᠰᠤᠨ᠎ᠤ ᠪᠠᠶ᠋ᠢᠷᠢ᠎ᠳᠤ ᠰᠠᠭᠤᠯᠭ᠋ᠠᠬᠤ ᠳᠥᠷᠢᠮᠲᠦ ᠰᠤᠷᠭ᠋ᠠᠭᠤᠯᠢ ᠪᠠ ᠬᠦᠳᠡᠭᠡ ᠲᠤᠰᠬᠤᠨ᠎ᠤ ᠪᠠᠭ᠎ᠠ ᠬᠡᠪᠴᠢᠶᠡᠨ᠎ᠤ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠦᠬᠦᠴᠡᠯ᠎ᠢ ᠰᠠᠶ᠋ᠢᠵᠢᠷᠠᠭᠤᠯᠤᠨ᠂ ᠡᠩ᠎ᠤᠨ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠣᠯᠠᠨ ᠶᠠᠩᠵᠦ᠎ᠲᠠᠢ ᠪᠥᠭᠡᠳ ᠥᠪᠡᠷᠮᠢᠴᠡ ᠣᠨᠴᠠᠯᠢᠭ᠎ᠲᠠᠢ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠵᠣ᠂ 《ᠬᠤᠣᠰ ᠲᠡᠷᠢᠭᠦᠨ ᠲᠡᠰ》᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠦᠨᠳᠦᠷ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠯᠰᠡᠬᠦ ᠰᠤᠷᠤᠭᠴᠢ᠎ᠪᠠᠨ ᠨᠡᠮᠡᠭᠳᠡᠬᠦᠯᠵᠦ ᠴᠢᠨᠠᠷ ᠴᠢᠨᠰᠠᠭ᠎ᠠ᠎ᠪᠠᠨ ᠰᠠᠶ᠋ᠢᠵᠢᠷᠠᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠢ ᠥᠷᠨᠢᠭᠦᠯᠦᠨ᠂ ᠦᠨᠳᠦᠰᠦᠲᠡᠨ᠎ᠤ ᠰᠤᠷᠭ᠋ᠠᠨ ᠬᠦᠮᠦᠵᠢᠯ᠎ᠢ ᠡᠩ ᠲᠡᠷᠢᠭᠦᠨ᠎ᠳᠤ ᠭᠤᠣᠯᠳᠠᠯᠭ᠎ᠠ᠎ᠲᠠᠢ ᠬᠦᠭᠵᠢᠭᠦᠯᠵᠦ᠂ ᠣᠨᠴᠠᠭ᠋ᠠᠢ ᠰᠤᠷᠭ᠋ᠠᠨ ᠬᠦᠮᠦᠵᠢᠯ᠎ᠢ ᠰᠠᠶ᠋ᠢᠲᠤᠷ ᠡᠷᠬᠢᠯᠡᠨ᠂ ᠠᠷᠠᠳ᠎ᠠᠴᠠ ᠡᠷᠬᠢᠯᠡᠭᠰᠡᠨ ᠰᠤᠷᠭ᠋ᠠᠨ ᠬᠦᠮᠦᠵᠢᠯ᠎ᠢ ᠳᠡᠮᠵᠢᠬᠦ ᠪᠠ ᠵᠢᠷᠤᠮᠵᠢᠭᠤᠯᠤᠨ᠎ᠠ᠃ ᠦᠷᠭᠦᠯᠵᠢᠯᠡᠭᠰᠡᠨ ᠰᠤᠷᠭ᠋ᠠᠨ ᠬᠦᠮᠦᠵᠢᠯ᠂ ᠨᠡᠶ᠋ᠢᠭᠡᠮ ᠲᠣᠭᠤᠷᠢᠭ᠎ᠤᠨ ᠰᠤᠷᠭ᠋ᠠᠨ ᠬᠦᠮᠦᠵᠢᠯ᠂ ᠨᠠᠰᠤᠲᠠᠶ᠋ᠢᠴᠤᠳ᠎ᠤᠨ ᠰᠤᠷᠭ᠋ᠠᠨ ᠬᠦᠮᠦᠵᠢᠯ᠎ᠢ ᠬᠦᠭᠵᠢᠭᠦᠯᠦᠨ᠂ ᠨᠠᠰᠤᠨ ᠲᠤᠷᠰᠢᠳᠠ ᠰᠤᠷᠤᠯᠴᠠᠬᠤ ᠰᠤᠷᠭ᠋ᠠᠨ ᠬᠦᠮᠦᠵᠢᠯ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠥᠪᠥᠷ ᠮᠣᠩᠭᠤᠯ᠎ᠤᠨ ᠨᠡᠶ᠋ᠢᠭᠡᠮ ᠵᠢᠷᠤᠮᠲᠦ ᠲᠡᠬᠡᠳᠦ ᠰᠤᠷᠭ᠋ᠠᠭᠤᠯᠢ ᠵᠢᠨ ᠰᠢᠨ᠎ᠡ ᠰᠤᠷᠭ᠋ᠠᠭᠤᠯᠢ ᠵᠢᠨ ᠲᠣᠭᠤᠷᠢᠭ᠎ᠢ ᠪᠦᠲᠦᠭᠡᠨ ᠪᠠᠶ᠋ᠢᠭᠤᠯᠤᠨ᠎ᠠ᠃
      ᠡᠷᠡᠭᠦᠯ ᠡᠩᠬᠡ ᠥᠪᠥᠷ ᠮᠣᠩᠭᠤᠯ᠎ᠢ ᠪᠠᠶ᠋ᠢᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠮᠴᠢᠯᠡᠭᠡ᠂ ᠡᠮᠴᠢᠯᠡᠬᠡᠨ᠎ᠤ ᠳᠠᠭ᠋ᠠᠳᠬᠠᠯ᠂ ᠡᠮ ᠡᠮᠨᠡᠯᠭᠡ ᠵᠢᠨ ᠬᠤᠯᠪᠣᠭ᠋ᠠᠯᠠᠨ ᠬᠦᠳᠡᠯᠥᠯᠴᠡᠬᠦ ᠵᠢ ᠭᠦᠨᠵᠡᠭᠡᠶ᠋ᠢᠷᠡᠭᠦᠯᠵᠦ᠂ ᠬᠤᠲᠠ ᠵᠢᠨ ᠡᠮᠴᠢᠯᠡᠭᠡᠨ᠎ᠤ ᠪᠦᠯᠦᠭᠯᠡᠯ ᠪᠠ ᠬᠤᠰᠢᠭᠤ ᠰᠢᠶᠠᠨ᠎ᠤ ᠬᠡᠪᠴᠢᠶᠡᠨ᠎ᠳᠠᠬᠢ ᠡᠮᠴᠢᠯᠡᠭᠡᠨ᠎ᠤ ᠬᠠᠮᠲᠤ ᠴᠣᠭᠴᠠ ᠵᠢ ᠪᠠᠶ᠋ᠢᠭᠤᠯᠤᠨ᠂ ᠱᠠᠲᠦ ᠬᠤᠪᠢᠶᠠᠨ ᠤᠨᠤᠰᠢᠯᠠᠨ ᠡᠮᠴᠢᠯᠡᠬᠦ ᠳᠦᠷᠢᠮ᠎ᠢ ᠲᠡᠭᠦᠯᠳᠡᠷᠵᠢᠭᠦᠯᠵᠦ᠂ ᠬᠦᠳᠡᠭᠡ ᠲᠤᠰᠬᠤᠨ᠎ᠤ ᠡᠮᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠨᠡᠶ᠋ᠢᠭᠡᠮ ᠲᠤᠭᠤᠷᠢᠭ᠎ᠤᠨ ᠡᠮᠴᠢᠯᠡᠭᠡ ᠪᠠ ᠠᠯᠤᠰ ᠡᠮᠴᠢᠯᠡᠭᠡᠨ᠎ᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠦᠨᠳᠦ ᠬᠠᠯᠳᠠᠪᠤᠷᠢᠲᠤ ᠡᠪᠡᠳᠴᠢᠨ᠂ ᠣᠷᠣᠨ ᠨᠤᠲᠤᠭ᠎ᠤᠨ ᠡᠪᠡᠳᠴᠢᠨ᠂ ᠠᠵᠢᠯ᠎ᠤᠨ ᠨᠦᠯᠦᠭᠡᠨ᠎ᠤ ᠡᠪᠡᠳᠴᠢᠨ᠂ ᠬᠡᠦᠬᠡᠳ ᠪᠠᠭ᠋ᠠᠴᠤᠳ᠎ᠤᠨ ᠣᠶ᠋ᠢᠷ᠎ᠠ ᠬᠠᠷᠠᠭ᠎ᠠ᠎ᠲᠠᠢ ᠪᠣᠯᠬᠤ ᠵᠢ ᠰᠡᠷᠭᠡᠶ᠋ᠢᠯᠡᠨ ᠡᠵᠡᠮᠰᠢᠬᠦ ᠠᠵᠢᠯ᠎ᠢ ᠰᠠᠶ᠋ᠢᠲᠤᠷ ᠬᠢᠨ᠎ᠡ᠃ ᠬᠦᠨᠳᠦ ᠡᠪᠡᠳᠴᠢᠨ᠎ᠳᠤ ᠬᠡᠷᠡᠭᠯᠡᠬᠦ ᠡᠮ᠎ᠢ ᠡᠮᠴᠢᠯᠡᠬᠡᠨ᠎ᠤ ᠳᠠᠭ᠋ᠠᠳᠬᠠᠯ᠎ᠳᠤ ᠣᠷᠤᠭᠤᠯᠤᠨ᠎ᠠ᠃ ᠮᠣᠩᠭᠤᠯ ᠬᠢᠲᠠᠳ ᠡᠮᠨᠡᠯᠭᠡ ᠵᠢᠨ ᠬᠤᠷᠢᠶᠠᠨ᠎ᠤ ᠰᠠᠭᠤᠷᠢ ᠪᠡᠯᠡᠳᠭᠡᠮᠵᠢ ᠪᠠ ᠮᠡᠳᠡᠭᠡ ᠵᠠᠩᠬᠢᠴᠢᠯᠠᠯᠳᠠ ᠵᠢᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠪᠦᠬᠦ ᠠᠷᠠᠳ ᠵᠶ᠋ᠠᠷ ᠵᠶ᠋ᠠᠨ ᠪᠡᠶ᠎ᠡ᠎ᠪᠠᠨ ᠴᠢᠬᠢᠷᠬᠠᠵᠢᠭᠤᠯᠬᠤ ᠪᠠ ᠪᠦᠬᠦ ᠠᠷᠠᠳ ᠵᠶ᠋ᠠᠷ ᠵᠶ᠋ᠠᠨ ᠡᠷᠡᠭᠦᠯ ᠴᠢᠬᠢᠷᠠᠭ ᠪᠠᠶ᠋ᠢᠬᠤ ᠵᠢᠨ ᠠᠭᠤᠰᠤᠯᠴᠠᠨ ᠬᠦᠭᠵᠢᠬᠦ ᠵᠢ ᠠᠬᠢᠭᠤᠯᠤᠨ᠂ ᠠᠷᠪᠠᠨ ᠳᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠣᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠨ᠎ᠡ᠃
      ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠡᠳᠭᠡᠵᠦ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠠᠯ᠎ᠠ᠎ᠳᠤ ᠥᠪᠡᠷᠲᠡᠭᠡᠨ ᠵᠠᠰᠠᠬᠣ ᠣᠷᠣᠨ᠎ᠤ ᠳᠡᠰ᠎ᠤᠨ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠪᠠ ᠠᠵᠢᠯ᠎ᠠᠴᠠ ᠪᠣᠯᠣᠭᠰᠠᠨ ᠭᠡᠮᠳᠥᠯ᠎ᠤᠨ ᠳᠠᠭ᠋ᠠᠳᠬᠠᠯ᠎ᠤᠨ ᠲᠠᠯ᠎ᠠ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠢᠭᠡᠳᠦᠯᠲᠡᠢ ᠲᠥᠯᠥᠪᠯᠡᠬᠦ ᠵᠢ ᠪᠡᠶᠡᠯᠡᠭᠦᠯᠦᠨ᠂ ᠨᠠᠰᠤᠵᠢᠯ᠎ᠤᠨ ᠠᠰᠠᠷᠠᠮᠵᠢ ᠵᠢᠨ ᠮᠦᠩᠭᠦ ᠵᠢ ᠴᠠᠭ ᠲᠤᠬᠠᠢ᠎ᠳᠤ᠎ᠨᠢ ᠲᠤᠭ᠎ᠠ ᠶᠤᠰᠤᠭ᠋ᠠᠷ ᠭᠦᠢ᠍ᠴᠡᠳ ᠣᠯᠭᠤᠬᠤ ᠵᠢ ᠪᠠᠲᠤᠯᠠᠨ᠎ᠠ᠃ ᠬᠤᠲᠠ ᠭᠦᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠨᠡᠶ᠋ᠢᠭᠡᠮ᠎ᠤᠨ ᠠᠪᠤᠷᠠᠯ ᠲᠤᠰᠠᠯᠠᠮᠵᠢ᠂ ᠨᠡᠶ᠋ᠢᠭᠡᠮ᠎ᠤᠨ ᠠᠰᠠᠷᠠᠮᠵᠢ᠂ ᠠᠰᠠᠷᠠᠨ ᠬᠠᠷᠠᠭ᠋ᠠᠯᠵᠠᠵᠤ ᠲᠦᠪᠬᠢᠨᠡᠭᠦᠯᠬᠦ ᠵᠡᠷᠭᠡ ᠳᠥᠷᠢᠮ᠎ᠢ ᠲᠡᠭᠦᠯᠳᠡᠷᠵᠢᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ ᠵᠶ᠋ᠠᠨ ᠴᠠᠭ ᠲᠤᠬᠠᠢ᠎ᠳᠤ᠎ᠨᠢ ᠲᠤᠭ᠎ᠠ ᠶᠤᠰᠤᠭ᠋ᠠᠷ ᠭᠦᠢ᠍ᠴᠡᠳ ᠣᠯᠬᠤ ᠵᠢ ᠪᠠᠲᠤᠯᠠᠨ᠎ᠠ᠃ ᠴᠡᠷᠢᠭ᠎ᠤᠨ ᠠᠯᠪᠠ᠎ᠠᠴᠠ ᠬᠠᠯᠬᠠᠳ᠋ᠬᠠᠰᠠᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠳᠠ᠂ ᠬᠦᠮᠦᠯᠢᠭ ᠠᠪᠤᠷᠠᠯ ᠲᠤᠰᠠᠯᠠᠮᠵᠢ᠂ ᠰᠠᠶ᠋ᠢᠨ ᠲᠤᠷ᠎ᠠ ᠵᠢᠨ ᠦᠢ᠍ᠯᠡᠴᠢᠯᠡᠭᠡ ᠪᠠ ᠨᠢᠭᠦᠯᠡᠰᠦᠩᠭᠦᠢ ᠵᠢᠨ ᠠᠵᠢᠯ ᠦᠢ᠍ᠯᠡᠰ᠎ᠤᠨ ᠡᠷᠡᠭᠦᠯ ᠵᠶ᠋ᠠᠷ ᠭᠦᠭᠵᠢᠬᠦ ᠵᠢ ᠳᠡᠮᠵᠢᠨ᠎ᠡ᠃ ᠡᠮᠡᠭᠲᠡᠢ᠍ᠢ᠍ᠴᠤᠳ᠎ᠤᠨ ᠬᠠᠮᠢᠶ᠎ᠠ ᠪᠦᠬᠦᠢ ᠠᠵᠢᠯ᠎ᠤᠨ ᠬᠦᠭᠵᠢᠯᠲᠡ ᠵᠢᠨ ᠬᠦᠲᠦᠯᠪᠦᠷᠢ ᠪᠠ ᠬᠡᠦᠬᠡᠳ᠎ᠤᠨ ᠦᠰᠦᠯᠲᠡ ᠪᠤᠢ᠍ᠢ᠍ᠵᠢᠯᠲᠡ ᠵᠢᠨ ᠬᠦᠲᠦᠯᠪᠦᠷᠢ ᠵᠢ ᠪᠦᠬᠦ ᠲᠠᠯ᠎ᠠ᠎ᠪᠠᠷ ᠨᠠᠢ᠍ᠢ᠍ᠳᠠᠪᠦᠷᠢᠵᠢᠭᠤᠯᠵᠦ᠂ ᠡᠮᠡᠭᠲᠡᠶ᠋ᠢᠴᠦᠳ᠂ ᠬᠡᠦᠬᠡᠳ ᠪᠠᠭ᠋ᠠᠴᠤᠳ᠂ ᠨᠠᠰᠤᠲᠠᠶ᠋ᠢᠴᠤᠳ ᠪᠠ ᠵᠡᠮᠳᠡᠭᠴᠦᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠪᠠᠲᠤᠯᠠᠨ᠎ᠠ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠦᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠰᠠᠶ᠋ᠢᠲᠤᠷ ᠬᠢᠨ᠎ᠡ᠃
      ᠭᠡᠷ ᠪᠠᠶ᠋ᠢᠰᠢᠩ ᠭᠠᠵᠠᠷ ᠬᠦᠷᠦᠩᠭᠡ ᠵᠢᠨ ᠥᠩᠭᠡᠷᠡᠭᠰᠡᠨ᠎ᠤ ᠦᠯᠡᠳᠡᠭᠳᠡᠯ ᠠᠰᠠᠭᠤᠳᠠᠯ᠎ᠤᠳ᠎ᠢ ᠦᠷᠭᠦᠯᠵᠢᠯᠡᠨ ᠰᠢᠢ᠍ᠳᠪᠦᠷᠢᠯᠡᠵᠤ᠂ ᠬᠤᠲᠠ ᠪᠠᠯᠭ᠋ᠠᠰᠤᠨ᠎ᠤ ᠬᠠᠭᠤᠴᠢᠷᠠᠭᠰᠠᠨ ᠪᠠ ᠬᠠᠭᠤᠴᠢᠨ ᠰᠠᠭᠤᠭ᠋ᠠᠯᠢ ᠲᠣᠭᠤᠷᠢᠭ᠎ᠤᠳ᠎ᠢ ᠦᠬᠡᠷᠡᠴᠢᠯᠡᠨ ᠰᠢᠨᠡᠳᠬᠡᠵᠦ᠂ ᠬᠤᠲᠠ ᠵᠢᠨ ᠬᠦᠴᠢᠷᠳᠡᠯᠲᠡᠢ ᠣᠯᠠᠨ ᠲᠦᠮᠡᠨ᠎ᠤ ᠣᠷᠣᠨ ᠰᠠᠭᠤᠴᠠ ᠵᠢᠨ ᠪᠠᠲᠤᠯᠠᠬᠤ ᠠᠵᠢᠯ᠎ᠢ ᠰᠠᠶ᠋ᠢᠲᠤᠷ ᠬᠢᠵᠦ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠦᠬᠡᠳ ᠡᠷᠡᠭᠦᠯ ᠵᠶ᠋ᠠᠷ ᠭᠦᠭᠵᠢᠬᠦ ᠵᠢ ᠠᠬᠢᠭᠤᠯᠤᠨ᠎ᠠ᠃
      ᠱᠠᠰᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ᠎ᠤ ᠶᠠᠪᠤᠳᠠᠯ᠎ᠢ ᠬᠠᠤᠯᠢ ᠶᠣᠰᠤᠭ᠋ᠠᠷ ᠬᠠᠮᠢᠶᠠᠷᠴᠤ᠂ ᠠᠵᠤ ᠠᠬᠤᠢ ᠨᠡᠶ᠋ᠢᠭᠡᠮ᠎ᠤᠨ ᠬᠦᠭᠵᠢᠯᠲᠡ᠎ᠳᠤ ᠦᠵᠡᠬᠦᠯᠬᠦ ᠱᠠᠰᠢᠨ᠎ᠤ ᠡᠲᠡᠭᠡᠳ᠎ᠤᠨ᠎ᠬᠢᠨ ᠪᠠ ᠱᠠᠰᠢᠨ ᠰᠢᠲᠦᠬᠦ ᠤᠯᠠᠨ ᠲᠦᠮᠡᠨ᠎ᠤ ᠢᠳᠡᠪᠬᠢ ᠦᠢ᠍ᠯᠡᠳᠦᠯ᠎ᠢ ᠪᠠᠳᠠᠷᠠᠭᠤᠯᠤᠨ᠎ᠠ᠃
      ᠤᠯᠤᠰ᠎ᠤᠨ ᠪᠠᠲᠤᠯᠠᠨ ᠬᠠᠮᠠᠭ᠋ᠠᠯᠠᠯᠳᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠠᠶ᠋ᠢᠴᠢᠯᠠᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠮᠦᠵᠢᠯ ᠪᠠ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠢᠨ ᠠᠵᠢᠯ᠎ᠢ ᠴᠢᠩᠭ᠋ᠠᠳᠬᠠᠨ᠎ᠠ᠃
      ᠨᠡᠶ᠋ᠢᠭᠡᠮ᠎ᠤᠨ ᠵᠠᠰᠠᠯᠲᠠ᠎ᠳᠤ ᠰᠢᠨ᠎ᠡ ᠵᠢ ᠡᠭᠦᠳᠴᠦ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠲᠠᠯ᠎ᠠ᠎ᠳᠤ ᠪᠤᠰᠤᠭ᠎ᠠ ᠴᠤᠨᠨᠴᠠᠵᠢᠭᠤᠯᠤᠨᠨᠰᠠᠨ ᠮᠡᠳᠡᠭᠡ ᠵᠠᠩᠬᠢᠴᠢᠯᠬᠠᠰᠠᠨ ᠰᠡᠷᠭᠡᠶ᠋ᠢᠯᠡᠨ ᠡᠵᠡᠮᠰᠢᠬᠦ ᠰᠢᠰᠲ᠋ᠧᠮᠵᠢ ᠵᠢ ᠪᠦᠷᠢᠨᠰᠢᠭᠦᠯᠵᠣ᠂ ᠵᠠᠬᠢᠳᠠᠯ ᠰᠤᠷᠪᠤᠯᠵᠢᠯᠠᠯ᠎ᠤᠨ ᠠᠵᠢᠯ ᠵᠶ᠋ᠠᠨ ᠬᠠᠤᠯᠢᠵᠢᠭᠤᠯᠬᠤ ᠵᠢ ᠠᠬᠢᠭᠤᠯᠤᠨ᠎ᠠ᠃ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ᠎ᠢ ᠭᠦᠨᠵᠡᠭᠡᠶ᠋ᠢᠷᠡᠭᠦᠯᠦᠨ᠎ᠡ᠃ ᠬᠠᠷ᠎ᠠ ᠪᠦᠯᠦᠭᠲᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠶ᠋ᠢᠷᠡᠭᠦᠯᠦᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠳᠠᠯᠠᠵᠤ᠂ ᠣᠨᠴᠠ ᠬᠦᠨᠳᠦ ᠶᠡᠭᠡ ᠠᠳᠡᠯ ᠭᠠᠷᠬᠤ ᠵᠢ ᠰᠡᠷᠬᠡᠶ᠋ᠢᠯᠡᠨ ᠬᠤᠷᠢᠨᠨᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂ ᠭᠠᠮᠰᠢᠭ᠎ᠢ ᠰᠡᠷᠬᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠢᠳᠡᠭᠡᠨ᠎ᠤ ᠪᠠ ᠡᠮ᠎ᠤᠨ ᠵᠦᠢ᠍ᠯ᠎ᠤᠨ ᠠᠮᠤᠷ ᠲᠦᠪᠰᠢᠨ ᠪᠠ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠦ᠂ ᠠᠷᠠᠳ ᠲᠦᠮᠡᠨ᠎ᠤ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ ᠪᠠ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠨ᠎ᠠ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃
     《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭ᠎ᠠ ᠪᠣᠯ ᠬᠦᠭᠵᠢᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠵᠦ᠂ ᠠᠵᠤ ᠠᠬᠤᠢ ᠵᠢᠨ ᠪᠦᠲᠦᠴᠡ᠎ᠪᠠᠨ ᠰᠢᠯᠢᠳᠡᠭᠵᠢᠬᠦᠯᠦᠨ᠂ ᠨᠡᠮᠡᠭᠳᠡᠯ᠎ᠤᠨ ᠭᠦᠳᠡᠯᠬᠡᠭᠴᠢ ᠬᠦᠴᠦᠨ ᠵᠶ᠋ᠠᠨ ᠬᠤᠪᠢᠷᠠᠭᠤᠯᠬᠤ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠃ ᠪᠢᠳᠡ ᠭᠦᠢ᠍ᠴᠡᠳ ᠰᠠᠨᠠᠯ ᠬᠤᠷᠢᠶᠠᠨ᠂ ᠭᠦᠨᠵᠡᠬᠡᠢ ᠰᠤᠳᠤᠯᠤᠨ ᠨᠤᠳᠠᠯᠠᠵᠦ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠬᠦᠭᠵᠢᠯᠲᠡ ᠵᠢᠨ ᠲᠥᠯᠥᠪᠵᠢᠭᠦᠯᠭᠡ ᠵᠢ ᠴᠢᠨᠠᠷ᠎ᠲᠠᠢ ᠰᠠᠶ᠋ᠢᠲᠤᠷ ᠨᠠᠶ᠋ᠢᠷᠠᠭᠤᠯᠤᠨ ᠵᠣᠬᠢᠶᠠᠨ᠎ᠠ᠃
      ᠭᠤᠷᠪᠠ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠪᠥᠬᠦ ᠲᠠᠯ᠎ᠡ᠎ᠪᠠᠷ ᠳᠡᠭᠡᠭᠰᠢᠯᠡᠭᠦᠯᠥᠨ᠎ᠡ
      ᠪᠢᠳᠠᠨ᠎ᠤ ᠵᠠᠰᠠᠭ᠎ᠤᠨ ᠤᠷᠳᠤᠨ ᠪᠤᠯ ᠠᠷᠠᠳ ᠲᠥᠮᠡᠨ᠎ᠤ ᠵᠠᠰᠠᠭ᠎ᠤᠨ ᠤᠷᠳᠤᠨ ᠮᠥᠨ᠂ ᠡᠷᠬᠡᠪᠰᠢ ᠠᠷᠠᠳ ᠲᠥᠮᠡᠨ᠎ᠳᠤ ᠥᠢ᠍ᠯᠡᠴᠢᠯᠡᠬᠦ᠂ ᠠᠷᠠᠳ ᠲᠥᠮᠡᠨ᠎ᠳᠤ ᠬᠠᠷᠢᠭᠤᠴᠠᠬᠤ᠂ ᠠᠷᠠᠳ ᠲᠥᠮᠡᠨ᠎ᠤ ᠬᠢᠨᠠᠯᠲᠠ ᠵᠢ ᠬᠥᠯᠢᠶᠡᠬᠦ ᠵᠢ ᠢᠮᠠᠭᠲᠠ ᠪᠠᠷᠢᠮᠲᠠᠯᠠᠵᠣ᠂ ᠠᠷᠠᠳ ᠲᠥᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠬᠦ ᠬᠡᠯᠪᠡᠷᠢ ᠪᠦᠬᠦᠢ ᠵᠠᠰᠠᠭ᠎ᠤᠨ ᠤᠷᠳᠤᠨ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃
      ᠪᠢᠳᠠ 《ᠳᠥᠷᠪᠡᠨ ᠥᠵᠡᠯ ᠤᠬᠠᠮᠰᠠᠷ》 ᠵᠶ᠋ᠠᠨ ᠴᠢᠩᠭ᠋ᠠᠳᠬᠠᠵᠦ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠥᠷᠢᠲᠥ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠣ ᠪᠤᠲᠠᠲᠠᠶ᠋ᠢᠵᠢᠭᠤᠯᠬᠤ ᠵᠢ ᠪᠠᠲᠤᠯᠠᠵᠤ᠂ ᠵᠠᠷᠯᠢᠭ ᠴᠠᠭ᠋ᠠᠵᠠ ᠵᠢ ᠳᠠᠭ᠋ᠠᠵᠤ᠂ ᠵᠠᠰᠠᠭ᠎ᠤᠨ ᠵᠠᠷᠯᠢᠭ᠎ᠤᠨ ᠰᠠᠭ᠋ᠠᠳ ᠥᠭᠡᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃
      ᠪᠢᠳᠡ ᠡᠭᠦᠷᠭᠡ ᠲᠤᠰᠢᠶᠠᠯ ᠵᠶ᠋ᠠᠨ ᠬᠠᠤᠯᠢ ᠶᠤᠰᠤᠭ᠋ᠠᠷ ᠭᠦᠢ᠍ᠴᠡᠳᠬᠡᠬᠦ ᠵᠢ ᠪᠠᠷᠢᠮᠲᠠᠯᠠᠵᠣ᠂ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠤᠯᠢᠵᠢᠯ᠎ᠤᠨ ᠵᠠᠰᠠᠭ᠎ᠤᠨ ᠣᠷᠳᠤᠨ᠎ᠢ ᠪᠠᠶ᠋ᠢᠭᠤᠯᠤᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶᠠᠨ᠎ᠤ ᠬᠢᠨᠠᠯᠲᠠ ᠲᠠᠯᠪᠢᠯᠲᠠ ᠵᠢ ᠬᠠᠤᠯᠢ ᠶᠤᠰᠤᠭ᠋ᠠᠷ ᠬᠥᠯᠢᠶᠡᠵᠤ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠨ᠂ ᠬᠢᠨᠠᠨ ᠪᠣᠳᠤᠯᠲᠠ᠎ᠪᠠᠷ ᠬᠢᠨᠡᠯᠲᠠ ᠲᠠᠯᠪᠢᠬᠤ᠎ᠪᠠᠨ ᠴᠢᠩᠭ᠋ᠠᠷᠠᠭᠤᠯᠵᠤ᠂ ᠨᠡᠶ᠋ᠢᠭᠡᠮ᠎ᠤᠨ ᠪᠠ ᠶᠠᠷᠢᠶ᠎ᠡ ᠬᠡᠯᠡᠯᠴᠡᠭᠡᠨ᠎ᠤ ᠬᠢᠨᠡᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠥᠯᠢᠶᠡᠨ᠎ᠡ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠭᠦᠨᠵᠡᠭᠡᠶ᠋ᠢᠷᠡᠭᠦᠯᠦᠨ᠂ ᠵᠠᠰᠠᠭ᠎ᠤᠨ ᠤᠷᠳᠤᠨ᠎ᠤ ᠰᠤᠨᠢᠨ ᠮᠡᠳᠡᠭᠡ ᠨᠡᠶ᠋ᠢᠲᠡᠯᠡᠬᠦ ᠳᠥᠷᠢᠮ᠎ᠢ ᠲᠡᠭᠦᠯᠳᠡᠷᠵᠢᠭᠦᠯᠵᠣ᠂ ᠬᠠᠤᠯᠢ ᠶᠤᠰᠤᠭ᠋ᠠᠷ ᠠᠮᠠᠯᠠᠭᠰᠠᠨ ᠵᠶ᠋ᠠᠨ ᠬᠢᠨᠠᠮᠠᠭ᠋ᠠᠢ ᠭᠦᠢ᠍ᠴᠡᠳᠭᠡᠵᠦ᠂ ᠦᠨᠡᠨᠴᠢ ᠢᠲᠡᠭᠡᠮᠵᠢᠲᠡᠢ ᠵᠠᠰᠠᠭ᠎ᠤᠨ ᠤᠷᠳᠤᠨ᠎ᠢ ᠪᠠᠶ᠋ᠢᠭᠤᠯᠤᠨ᠎ᠠ᠃
      ᠪᠢᠳᠠ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠣ᠂ ᠠᠷᠢᠭᠤᠨ ᠴᠢᠭᠡᠴᠢ ᠵᠠᠰᠠᠭ᠎ᠤᠨ ᠣᠷᠳᠤᠨ᠎ᠢ ᠪᠠᠶ᠋ᠢᠭᠤᠯᠤᠨ᠎ᠠ᠃ ᠬᠡᠯᠪᠡᠷᠢᠴᠢ ᠥᠵᠡᠯ᠂ ᠨᠤᠶᠠᠨᠴᠢ ᠰᠤᠷᠲᠠᠯ᠎ᠢ ᠡᠷᠡᠰ ᠡᠰᠡᠷᠭᠦᠴᠡᠨ᠎ᠠ᠃ ᠠᠷᠪᠢᠲᠠᠢ ᠭᠠᠮᠲᠠᠢ ᠠᠮᠢᠳᠤᠷᠠᠬᠤ ᠵᠢ ᠪᠠᠷᠢᠮᠲᠠᠯᠠᠵᠤ᠂ ᠠᠯᠢᠪᠠ ᠠᠵᠢᠯ ᠦᠢ᠍ᠯᠡᠰ᠎ᠢ ᠠᠷᠪᠢᠴᠢ ᠭᠠᠮᠲᠠᠢ᠎ᠪᠠᠷ ᠭᠦᠢ᠍ᠴᠡᠳᠭᠡᠵᠦ᠂ ᠥᠨᠥ ᠵᠢᠯ᠎ᠳᠤ ᠥᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠲᠤᠰᠬᠠᠢ ᠵᠥᠢ᠍ᠯ᠎ᠤᠨ ᠲᠤᠬᠠᠶ᠋ᠢᠯᠠᠭᠰᠠᠨ ᠠᠵᠢᠯ᠎ᠤᠨ ᠵᠠᠷᠤᠳᠠᠯ᠎ᠢ 10% ᠪᠠᠭᠤᠷᠠᠭᠤᠯᠵᠤ᠂ ᠭᠤᠣᠯᠳᠠᠯᠭ᠎ᠠ ᠵᠢᠨ ᠪᠤᠰᠤ ᠲᠤᠰᠬᠠᠢ ᠵᠥᠢ᠍ᠯ᠎ᠤᠨ ᠪᠡᠯᠡ ᠮᠥᠩᠬᠦ ᠵᠢ 20% ᠪᠠᠭ᠋ᠠᠰᠬᠠᠨ᠎ᠠ᠃
      ᠪᠢᠳᠡ ᠬᠠᠷᠢᠭᠤᠴᠠᠯᠭ᠎ᠠ ᠡᠭᠦᠷᠭᠡᠯᠡᠯ ᠵᠶ᠋ᠠᠨ ᠦᠨᠡᠨ ᠬᠦ᠌ ᠴᠢᠩᠭ᠋ᠠᠷᠠᠭᠤᠯᠤᠨ᠂ ᠥᠨᠡᠨ᠎ᠢ ᠪᠠᠷᠢᠮᠲᠠᠯᠠᠨ ᠪᠤᠲᠠᠲᠠᠢ ᠵᠢ ᠡᠷᠬᠢᠮᠯᠡᠬᠦ ᠰᠤᠷᠲᠠᠯ ᠵᠶ᠋ᠠᠷ ᠠᠰᠠᠭᠤᠳᠠᠯ᠎ᠢ ᠨᠢᠭᠲᠠ ᠴᠢᠩᠭ᠎ᠠ ᠠᠩᠬᠠᠷᠤᠨ ᠮᠦᠷᠳᠡᠵᠦ᠂ ᠠᠵᠢᠯ ᠵᠶ᠋ᠠᠨ ᠯᠠᠪᠳᠠᠭᠤᠨ ᠪᠠᠲᠤᠲᠠᠢ ᠪᠤᠲᠠᠲᠠᠶ᠋ᠢᠵᠢᠭᠤᠯᠤᠨ ᠪᠡᠶᠡᠯᠡᠭᠦᠯᠵᠦ᠂ 《ᠡᠴᠦᠰ᠎ᠤᠨ ᠨᠢᠭᠡ ᠺᠢᠯᠥᠮᠧᠲᠷ》᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠥᠷᠢᠯᠡᠨ᠎ᠡ᠃
      ᠲᠦᠯᠦᠭᠡᠯᠡᠭᠴᠢᠳ ᠡ! ᠥᠪᠥᠷ ᠮᠤᠩᠭᠤᠯ ᠪᠤᠯ ᠮᠠᠨ᠎ᠤ ᠤᠯᠤᠰ᠎ᠤᠨ ᠥᠨᠳᠥᠰᠥᠲᠡᠨ᠎ᠤ ᠤᠷᠤᠨ᠎ᠤ ᠥᠪᠡᠷᠲᠡᠭᠡᠨ ᠵᠠᠰᠠᠬᠤ ᠳᠦᠷᠢᠮ᠎ᠢ ᠡᠬᠢᠯᠡᠨ ᠬᠡᠷᠡᠭᠵᠢᠭᠦᠯᠦᠭᠰᠡᠨ ᠭᠠᠵᠠᠷ ᠪᠥᠭᠡᠳ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠤᠷᠤᠨ ᠪᠣᠯᠬᠤᠷ᠂ ᠥᠨᠳᠥᠰᠥᠳᠡᠨ᠎ᠤ ᠪᠦᠯᠬᠦᠮᠳᠡᠯ᠎ᠤᠨ ᠢᠷᠡᠭᠤ ᠠᠯᠲᠠᠷᠲᠤ ᠤᠳᠤᠮᠰᠢᠯ᠎ᠲᠠᠢ ᠶᠤᠮ᠃ ᠰᠢᠨ᠎ᠡ ᠴᠠᠭ ᠥᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠤᠷᠤᠨ᠎ᠤ ᠡᠷᠬᠢᠮ ᠳᠡᠭᠡᠳᠥ ᠢᠷᠠᠭᠤ ᠠᠯᠳᠠᠷ ᠵᠶ᠋ᠠᠨ ᠪᠠᠲᠤᠯᠠᠬᠤ ᠪᠤᠯ᠂ ᠶᠡᠷᠥᠩᠬᠡᠢ ᠱᠥᠵᠢ ᠰᠢ ᠵᠢᠨ ᠫᠢᠩ᠎ᠤᠨ ᠨᠠᠨᠳᠢᠨ ᠬᠦᠰᠡᠯ ᠨᠠᠶ᠋ᠢᠳᠠᠯᠭ᠎ᠠ ᠮᠥᠨ᠂ ᠮᠥᠨ ᠴᠦ᠍ ᠪᠥᠬᠦ ᠤᠷᠤᠨ᠎ᠤ ᠥᠨᠳᠥᠰᠥᠲᠡᠨ᠎ᠨᠦᠭᠦᠳ᠎ᠤᠨ ᠺᠠᠳ᠋ᠷ ᠤᠯᠠᠨ ᠲᠥᠮᠡᠨ᠎ᠤ ᠬᠠᠮᠲᠥ ᠵᠢᠨ ᠲᠡᠤᠬᠡᠲᠦ ᠬᠠᠷᠢᠭᠤᠴᠠᠯᠭ᠎ᠠ ᠮᠥᠨ᠃ ᠪᠢᠳᠡ ᠡᠷᠬᠡᠪᠰᠢ ᠥᠨᠳᠥᠰᠥᠲᠡᠨ᠎ᠤ ᠪᠦᠯᠬᠦᠮᠳᠡᠯ᠎ᠢ ᠨᠢᠲᠥ᠎ᠲᠠᠢ᠎ᠪᠠᠨ ᠠᠳᠠᠯᠢ ᠬᠠᠶ᠋ᠢᠷᠠᠯᠠᠨ ᠬᠠᠮᠠᠭ᠋ᠠᠯᠠᠵᠦ᠂ ᠥᠨᠳᠥᠰᠥᠲᠡᠨ᠎ᠤ ᠪᠥᠯᠬᠦᠮᠳᠡᠯ᠎ᠢ ᠠᠮᠢ ᠨᠠᠰᠤ᠎ᠲᠠᠢ᠎ᠪᠠᠨ ᠠᠳᠠᠯᠢ ᠡᠷᠬᠢᠮᠯᠡᠨ ᠨᠠᠨᠳᠢᠩᠨᠠᠬᠤ ᠬᠡᠷᠡᠭᠲᠡᠢ᠃ ᠥᠨᠳᠥᠰᠥᠲᠡᠨ᠎ᠤ ᠤᠷᠤᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠬᠤ ᠪᠡ ᠲᠡᠭᠦᠯᠳᠡᠷᠵᠢᠭᠦᠯᠵᠤ᠂ ᠥᠨᠳᠥᠰᠥᠳᠡᠨ᠎ᠤ ᠲᠣᠬᠠᠢ ᠨᠠᠮ᠎ᠤᠨ ᠲᠥᠷᠥ ᠵᠢᠨ ᠪᠤᠳᠤᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠎ᠠ᠃ ᠬᠢᠯᠢ ᠬᠢᠵᠠᠭ᠋ᠠᠷ ᠤᠷᠤᠨ ᠵᠶ᠋ᠠᠨ ᠬᠥᠭᠵᠢᠭᠦᠯᠵᠥ ᠠᠷᠠᠳ ᠵᠶ᠋ᠠᠨ ᠪᠠᠶᠠᠵᠢᠭᠤᠯᠬᠤ ᠠᠵᠢᠯᠯᠠᠭ᠎ᠠ ᠵᠢ ᠠᠬᠢᠭᠤᠯᠵᠤ᠂ ᠬᠢᠯᠢ᠎ᠠᠴᠠ ᠤᠶ᠋ᠢᠷᠠᠯᠴᠠᠭ᠎ᠠ ᠪᠤᠰᠤ ᠰᠠᠭᠤᠭ᠎ᠠ ᠠᠷᠠᠳ᠎ᠤᠨ ᠨᠦᠬᠦᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠣᠨ᠂ ᠴᠥᠭᠡᠨ ᠲᠤᠭ᠋ᠠᠲᠤ ᠥᠨᠳᠥᠰᠥᠲᠡᠨ᠎ᠤ ᠲᠥᠪᠯᠡᠷᠡᠨ ᠰᠠᠭᠤᠭ᠎ᠠ ᠭᠠᠵᠠᠷ ᠤᠷᠤᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠥᠷᠭᠡᠳᠬᠡᠨ᠎ᠡ᠃ ᠴᠦᠬᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠠᠮᠠᠭ᠋ᠠᠯᠠᠨ ᠬᠡᠷᠡᠭᠯᠡᠬᠦ ᠪᠠ ᠬᠦᠭᠵᠢᠭᠦᠯᠵᠦ᠂ ᠴᠥᠬᠡᠨ ᠲᠣᠭ᠋ᠠᠳᠤ ᠦᠨᠳᠦᠰᠦᠲᠡᠨ᠎ᠤ ᠡᠷᠲᠡᠨ᠎ᠤ ᠨᠤᠮ ᠰᠤᠳᠤᠷ᠎ᠢ ᠬᠠᠮᠠᠭ᠋ᠠᠯᠠᠵᠣ ᠡᠮᠬᠢᠯᠡᠨ ᠲᠢᠭᠯᠡᠬᠦ ᠪᠠ ᠰᠤᠳᠤᠯᠬᠤ᠎ᠪᠠᠨ ᠴᠢᠡᠭᠭ᠋ᠠᠳᠬᠠᠨ᠂ ᠬᠤᠲᠠ ᠵᠢᠨ ᠥᠨᠳᠥᠰᠥᠲᠡᠨ᠎ᠤ ᠲᠠᠯ᠎ᠠ᠎ᠪᠠᠷ᠎ᠬᠢ ᠠᠵᠢᠯ᠎ᠢ ᠰᠠᠶ᠋ᠢᠲᠤᠷ ᠬᠢᠨ᠎ᠡ᠃ ᠥᠨᠳᠥᠰᠥᠲᠡᠨ᠎ᠤ ᠪᠥᠯᠭᠦᠮᠳᠡᠯ ᠲᠠᠪᠰᠢᠯᠲᠠ ᠵᠢᠨ ᠤᠬᠠᠭᠤᠯᠭ᠎ᠠ ᠬᠦᠮᠦᠵᠢᠯ᠎ᠢ ᠭᠥᠨᠵᠡᠭᠡᠶ᠋ᠢᠷᠡᠭᠦᠯᠥᠨ᠂ ᠥᠨᠳᠥᠰᠥᠲᠡᠨ᠎ᠨᠦᠭᠦᠳ᠎ᠤᠨ ᠬᠠᠷᠢᠯᠴᠠᠭ᠎ᠠ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠵᠣ᠂ ᠳᠤᠮᠳᠠᠳᠤ ᠵᠢᠨ ᠥᠨᠳᠥᠰᠥᠲᠡᠨ᠎ᠤ ᠬᠠᠮᠲᠥ ᠵᠢᠨ ᠴᠤᠭᠴᠠ ᠵᠢᠨ ᠦᠵᠡᠯ ᠤᠬᠠᠮᠰᠠᠷ᠎ᠢ ᠪᠠᠲᠤ ᠪᠠᠬᠢ ᠪᠤᠢ ᠪᠤᠯᠭ᠋ᠠᠵᠤ᠂ ᠥᠨᠳᠥᠰᠥᠲᠡᠨ᠎ᠨᠦᠭᠦᠳ᠎ᠤᠨ ᠬᠠᠮᠲᠤ᠎ᠪᠠᠷ ᠪᠥᠯᠬᠦᠮᠳᠡᠨ ᠲᠡᠮᠡᠴᠡᠵᠤ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠤᠨ᠎ᠠ᠃
      ᠲᠥᠯᠥᠭᠡᠯᠡᠭᠴᠢᠳ ᠡ! 2019 ᠣᠨ᠎ᠳᠤ ᠪᠢᠳᠡ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠢ ᠵᠢ ᠦᠪᠡᠳᠡᠭᠰᠢ ᠶᠡᠭᠡ᠎ᠪᠠᠷ ᠪᠡᠯᠭᠡᠯᠡᠵᠣ᠂ ᠰᠢᠨ᠎ᠡ ᠳᠤᠮᠳᠠᠳᠤ ᠤᠯᠤᠰ᠎ᠤᠨ ᠣᠯᠤᠭᠰᠠᠨ ᠠᠤᠭ᠎ᠠ ᠶᠡᠭᠡ ᠠᠮᠵᠢᠯᠲᠠ ᠪᠦᠲᠦᠮᠵᠢ ᠪᠠ 70 ᠵᠢᠯ᠎ᠤᠨ ᠲᠤᠷᠰᠢᠬᠢ ᠥᠪᠥᠷ ᠮᠤᠩᠭᠤᠯ᠎ᠤᠨ ᠠᠭᠤᠤ ᠶᠡᠭᠡ ᠬᠤᠪᠢᠷᠠᠯᠲᠠ ᠵᠢ ᠬᠠᠮᠲᠤ᠎ᠪᠠᠷ ᠭᠡᠷᠡᠴᠢᠯᠡᠭᠰᠡᠨ ᠶᠤᠮ᠃ 2020 ᠣᠨ᠎ᠳᠤ ᠪᠢᠳᠡ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠠᠶᠡᠯᠡᠭᠦᠯᠦᠨ᠂ ᠨᠡᠶ᠋ᠢᠭᠡᠮ ᠵᠢᠷᠤᠮ᠎ᠤᠨ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠠᠶ᠋ᠢᠭᠤᠯᠬᠤ ᠰᠢᠨ᠎ᠡ ᠠᠶᠠᠨ ᠵᠠᠮ ᠵᠶ᠋ᠠᠨ ᠡᠯᠬᠦᠬᠦ ᠪᠤᠯᠤᠨ᠎ᠠ᠃ 《ᠴᠠᠭ ᠦᠶ᠎ᠡ ᠪᠣᠯ ᠰᠡᠳᠦᠪ ᠭᠠᠷᠭ᠋ᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ ᠮᠥᠨ᠃》 ᠪᠢᠳᠡ ᠭᠠᠭᠴᠠ ᠬᠦ᠌ ᠦᠷᠯᠦᠭᠡ ᠦᠳᠡᠰᠢ ᠵᠢ ᠲᠡᠮᠡᠴᠡᠵᠦ᠂ ᠵᠠᠯᠠᠭᠤ ᠽᠠᠨᠳᠠᠨ ᠨᠠᠰᠤ᠎ᠪᠠᠨ ᠦᠯᠦ ᠬᠦᠰᠡᠷᠳᠡᠭᠦᠯᠣᠨ᠂ ᠡᠯ᠎ᠡ ᠵᠦᠢ᠍ᠯ᠎ᠤᠨ ᠲᠦᠭᠰᠢᠭᠦᠷᠢ ᠪᠠ ᠦᠷᠢᠰᠦᠯᠳᠦᠭᠡᠨ᠎ᠢ ᠲᠠᠰᠤᠷᠠᠯᠲᠠ ᠦᠭᠡᠢ ᠢᠯᠠᠨ ᠳᠠᠪᠠᠵᠤ᠂ ᠥᠵᠡᠰᠭᠦᠯᠡᠩᠲᠥ ᠰᠠᠶ᠋ᠢᠬᠠᠨ ᠥᠪᠥᠷ ᠮᠤᠩᠭᠤᠯ ᠵᠶ᠋ᠠᠨ ᠴᠢᠷᠮᠠᠶ᠋ᠢᠨ ᠪᠥᠲᠥᠭᠡᠨ ᠪᠠᠶ᠋ᠢᠭᠤᠯᠵᠤ᠂ ᠰᠢᠨ᠎ᠡ ᠴᠠᠭ ᠦᠶ᠎ᠡ ᠵᠢᠨ 《ᠵᠢᠱ᠌ᠢᠶᠡᠴᠢ ᠥᠪᠡᠷᠲᠡᠭᠡᠨ ᠵᠠᠰᠠᠬᠤ ᠣᠷᠤᠨ》᠎ᠤ ᠰᠢᠨ᠎ᠡ ᠬᠠᠭᠤᠳᠠᠰᠤ᠎ᠪᠠᠨ ᠪᠢᠴᠢᠭᠯᠡᠶ᠎ᠡ!


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ