2023 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠲᠥᠯᠥᠭᠡᠯᠡᠭᠴᠢᠳ ᠠ᠋ ᠄
ᠤᠳᠤ ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠬᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ ᠃
ᠨᠢᠭᠡ ᠂ ᠥᠩᠭᠡᠷᠡᠭᠰᠡᠨ ᠲᠠᠪᠤᠨ ᠵᠢᠯ᠎ᠤᠨ ᠠᠵᠢᠯ᠎ᠤᠨ ᠡᠷᠭᠢᠴᠡᠭᠦᠯᠦᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠢᠭᠡᠳᠦᠭᠡᠷ ᠬᠤᠷᠠᠯᠳᠤᠭ᠋ᠠᠨ᠎ᠠᠴᠠ ᠨᠠᠭ᠋ᠠᠰᠢᠬᠢ ᠲᠠᠪᠤᠨ ᠵᠢᠯ ᠪᠣᠯ ᠲᠤᠩ ᠶᠡᠷᠦ ᠪᠤᠰᠤ ᠵᠢᠨ ᠲᠠᠪᠤᠨ ᠵᠢᠯ ᠪᠣᠯᠣᠨ᠎ᠠ ᠃ ᠶᠡᠷᠦᠩᠬᠡᠢ ᠱᠦᠵᠢ ᠰᠢ ᠵᠢᠨ ᠫᠢᠩ ᠲᠠᠪᠤᠨ ᠵᠢᠯ ᠳᠠᠷᠠᠭ᠋ᠠᠯᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠨ ᠂ 2019 ᠣᠨ᠎ᠳᠤ ᠮᠠᠨ᠎ᠤ ᠣᠷᠣᠨ᠎ᠳᠤ ᠮᠣᠷᠢᠯᠠᠨ ᠰᠠᠭ᠋ᠠᠲᠠᠵᠤ ᠰᠢᠨᠵᠢᠯᠡᠨ ᠪᠠᠢ᠌ᠴᠠᠭ᠋ᠠᠭᠰᠠᠨ᠎ᠤ ᠬᠠᠮᠲᠤ ᠴᠢᠬᠤᠯᠠ ᠶᠠᠷᠢᠶ᠎ᠠ ᠲᠠᠯᠪᠢᠵᠤ ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠬᠥᠭᠵᠢᠯᠲᠡ᠎ᠳᠤ ᠤᠷᠤᠭᠰᠢᠯᠠᠬᠤ ᠴᠢᠭᠯᠡᠯ᠎ᠢ ᠵᠢᠭ᠋ᠠᠨ ᠥᠭᠴᠦ ᠂ ᠦᠨᠳᠦᠰᠦᠨ ᠵᠢᠷᠤᠮᠯᠠᠯ᠎ᠢ ᠬᠠᠩᠭ᠋ᠠᠵᠤ ᠥᠭᠪᠡ ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ᠎ᠤᠨ ᠠᠴᠢ᠎ᠳᠤ ᠲᠠᠯᠠᠷᠬᠠᠨ ᠂ ᠨᠠᠮ᠎ᠤᠨ ᠦᠭᠡ ᠵᠢ ᠰᠣᠨᠣᠰᠴᠤ ᠂ ᠨᠠᠮ ᠵᠶ᠋ᠠᠨ᠎ᠲᠠᠭᠠᠨ ᠤᠷᠤᠭᠰᠢᠯᠠᠨ ᠂ ᠣᠷᠣᠨ ᠳᠠᠶᠠᠭ᠋ᠠᠷ ᠰᠡᠳᠬᠢᠯ ᠨᠢᠭᠡᠳᠴᠦ ᠬᠦᠴᠦ᠎ᠪᠠᠨ ᠬᠠᠮᠲᠤᠳᠬᠠᠨ ᠬᠥᠭᠵᠢᠯᠲᠡ ᠵᠢ ᠠᠳᠬᠤᠵᠤ ᠂ ᠥᠭᠡᠷᠡᠴᠢᠯᠡᠯᠲᠡ ᠵᠢ ᠠᠬᠢᠭᠤᠯᠤᠨ ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠂ ᠪᠦᠯᠬᠦᠮᠳᠡᠯ᠎ᠢ ᠴᠢᠩᠭ᠋ᠠᠷᠠᠭᠤᠯᠤᠨ ᠂ ᠠᠮᠤᠷ ᠲᠦᠪᠰᠢᠨ᠎ᠢ ᠬᠠᠮᠠᠭ᠋ᠠᠯᠠᠵᠤ ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠴᠢᠬᠤᠯᠠ ᠶᠡᠬᠡ ᠠᠮᠵᠢᠯᠲᠠ ᠪᠦᠲᠦᠭᠡᠯ ᠣᠯᠬᠤ ᠵᠢ ᠠᠬᠢᠭᠤᠯᠤᠭᠰᠠᠨ ᠪᠠᠢ᠌ᠨ᠎ᠠ ᠃
— ᠪᠦᠬᠦ ᠲᠠᠯ᠎ᠠ᠎ᠪᠠᠷ ᠴᠢᠨᠡᠭᠡᠯᠢᠭᠵᠢᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ᠎ᠪᠠᠨ ᠪᠡᠶᠡᠯᠡᠭᠦᠯᠪᠡ ᠃ ᠣᠷᠣᠨ ᠳᠠᠶᠠᠭ᠋ᠠᠷ ᠵᠶ᠋ᠠᠨ ᠬᠦᠴᠦᠯᠡᠨ ᠴᠢᠷᠮᠠᠢ᠌ᠵᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ ᠂ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠪᠦᠬᠦᠨ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ ᠂ 57 ᠶᠠᠳᠠᠭᠤ ᠬᠦᠴᠢᠷᠳᠡᠯᠲᠡᠢ ᠬᠣᠰᠢᠭᠤ ᠰᠢᠶᠠᠨ ᠪᠦᠬᠦᠨ ᠵᠶ᠋ᠠᠷ ᠵᠶ᠋ᠠᠨ ᠶᠠᠳᠠᠭᠤ ᠨᠡᠷ᠎ᠡ᠎ᠪᠠᠨ ᠬᠠᠰᠤᠭᠤᠯᠵᠤ ᠂ 3681 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠪᠦᠬᠦᠨ ᠵᠶ᠋ᠠᠷ ᠵᠶ᠋ᠠᠨ ᠶᠠᠳᠠᠭᠤ ᠵᠢᠨ ᠵᠢᠭᠰᠠᠭ᠋ᠠᠯᠲᠠ᠎ᠠᠴᠠ ᠭᠠᠷᠴᠤ ᠂ ᠬᠠᠷᠢᠴᠠᠯᠠᠰᠢ ᠦᠭᠡᠢ ᠶᠠᠳᠠᠭᠤ ᠬᠦᠴᠢᠷᠳᠡᠯᠲᠡᠢ ᠪᠠᠢ᠌ᠬᠤ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠨ ᠂ ᠪᠦᠬᠦ ᠤᠯᠤᠰ᠎ᠲᠠᠢ ᠬᠠᠮᠲᠤ᠎ᠪᠠᠷ ᠴᠢᠨᠡᠭᠡᠯᠢᠭᠵᠢᠬᠦ ᠵᠡᠭᠦᠳᠦ᠎ᠪᠠᠨ ᠲᠡᠷᠭᠡᠯᠰᠢᠭᠦᠯᠬᠦ᠎ᠪᠠᠷ ᠰᠢᠨ᠎ᠡ ᠠᠶᠠᠨ᠎ᠳᠤ ᠮᠣᠷᠳᠠᠭᠰᠠᠨ ᠪᠠᠢ᠌ᠨ᠎ᠠ ᠃
— ᠶᠡᠷᠦᠩᠬᠡᠢ᠌ᠯᠡᠭᠰᠡᠨ ᠠᠵᠤ ᠠᠬᠤᠢ ᠵᠢᠨ ᠪᠣᠳᠠᠲᠤ ᠬᠦᠴᠦᠨ ᠶᠡᠬᠡ ᠬᠡᠮᠵᠢᠶ᠎ᠡ᠎ᠪᠠᠷ ᠳᠡᠭᠡᠭᠰᠢᠯᠡᠪᠡ ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 1.5 ᠲᠦᠮᠡᠨ ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ᠎ᠪᠠᠨ 2.2 ᠲᠦᠮᠡᠨ ᠳ᠋ᠦᠩᠰᠢᠭᠤᠷ ᠲᠥᠭᠥᠷᠢᠭ ᠪᠣᠯᠵᠤ ᠨᠡᠮᠡᠭᠳᠡᠨ ᠂ ᠬᠥᠮᠥᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 6.1 ᠲᠦᠮᠡᠨ ᠲᠥᠭᠥᠷᠢᠭ ᠪᠠᠢ᠌ᠭᠰᠠᠨ᠎ᠠᠴᠠ᠎ᠪᠠᠨ 9.2 ᠲᠦᠮᠡᠨ ᠲᠥᠭᠥᠷᠢᠭ ᠪᠣᠯᠵᠤ ᠨᠡᠮᠡᠭᠳᠡᠪᠡ ᠃ ᠠᠮᠤ ᠪᠤᠳᠠᠭ᠋ᠠᠨ᠎ᠤ ᠶᠡᠷᠦᠩᠬᠡᠢ ᠤᠨᠠᠯᠲᠠ ᠪᠦᠬᠦ ᠤᠯᠤᠰ᠎ᠤᠨ ᠠᠷᠪᠠᠳᠤᠭ᠋ᠠᠷ᠎ᠲᠤ ᠪᠠᠢ᠌ᠭᠰᠠᠨ᠎ᠠᠴᠠ᠎ᠪᠠᠨ ᠳᠡᠭᠡᠭᠰᠢᠯᠡᠨ ᠵᠢᠷᠭᠤᠳᠤᠭ᠋ᠠᠷ ᠪᠠᠢ᠌ᠷᠢᠨ᠎ᠳᠤ ᠵᠢᠭᠰᠠᠭ᠋ᠠᠭᠳᠠᠵᠤ ᠂ ᠦᠨᠢᠶᠡᠨ ᠰᠦ ᠂ ᠬᠤᠨᠢᠨ ᠮᠢᠬ᠎ᠠ ᠂ ᠦᠬᠡᠷ᠎ᠤᠨ ᠮᠢᠬ᠎ᠠ ᠪᠠ ᠢᠮᠠᠭ᠋ᠠᠨ ᠨᠣᠣᠯᠣᠭᠤᠷ ᠂ ᠲᠡᠵᠢᠭᠡᠯ ᠡᠪᠡᠰᠦᠨ᠎ᠤ ᠭᠠᠷᠤᠯᠲᠠ ᠪᠦᠬᠦ ᠤᠯᠤᠰ᠎ᠲᠤ ᠲᠦᠷᠦᠭᠦᠯᠡᠪᠡ ᠃ ᠨᠡᠶ᠋ᠢᠲᠡ 53 ᠳ᠋ᠦᠩᠰᠢᠭᠤᠷ ᠭᠠᠷᠤᠢ ᠲᠤᠨ ᠨᠡᠭᠦᠷᠡᠰᠦ ᠦᠢ᠍ᠯᠡᠳᠪᠦᠷᠢᠯᠡᠨ ᠂ 2.9 ᠲᠦᠮᠡᠨ ᠳ᠋ᠦᠩᠰᠢᠭᠤᠷ ᠭ᠋ᠷᠡᠳᠦ᠋ᠰ ᠣᠷᠴᠢᠮ ᠴᠠᠬᠢᠯᠭ᠋ᠠᠨ ᠭᠠᠷᠭ᠋ᠠᠵᠤ ᠂ ᠨᠡᠭᠦᠷᠡᠰᠦ ᠂ ᠴᠠᠬᠢᠯᠭ᠋ᠠᠨ᠎ᠤ ᠬᠠᠩᠭ᠋ᠠᠯᠭ᠎ᠠ ᠵᠢ ᠪᠠᠲᠤᠯᠠᠭᠰᠠᠨ ᠬᠡᠮᠵᠢᠶ᠎ᠡ ᠴᠥᠮ ᠪᠦᠬᠦ ᠤᠯᠤᠰ᠎ᠲᠤ ᠲᠦᠷᠦᠭᠦᠯᠡᠪᠡ ᠃
— ᠬᠤᠳᠠ ᠬᠥᠳᠡᠭᠡ ᠵᠢᠨ ᠳᠦᠷᠰᠦ ᠪᠠᠢ᠌ᠳᠠᠯ᠎ᠳᠤ ᠯᠤᠲᠤ ᠶᠡᠬᠡ ᠬᠤᠪᠢᠷᠠᠯᠲᠠ ᠭᠠᠷᠪᠠ ᠃ ᠬᠤᠳᠠ ᠪᠠᠯᠭ᠋ᠠᠰᠤᠵᠢᠯᠲᠠ ᠵᠢᠨ ᠨᠤᠷᠮ᠎ᠠ 64.6% ᠪᠠᠢ᠌ᠭᠰᠠᠨ᠎ᠠᠴᠠ᠎ᠪᠠᠨ 69% ᠰᠢᠬᠠᠮ ᠪᠣᠯᠵᠤ ᠳᠡᠭᠡᠭᠰᠢᠯᠡᠨ ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ᠎ᠪᠠᠷ ᠠᠬᠢᠵᠤ ᠂ ᠵᠡᠭᠦᠨ ᠳᠤᠮᠳᠠᠳᠤ ᠪᠠᠷᠠᠭᠤᠨ ᠬᠡᠰᠡᠭ᠎ᠤᠨ ᠵᠦᠷᠢᠶᠡᠵᠢᠭᠰᠡᠨ ᠵᠣᠬᠢᠴᠠᠩᠭᠤᠢ ᠬᠥᠭᠵᠢᠬᠦ ᠪᠠᠢ᠌ᠷᠢᠰᠢᠯ ᠠᠩᠬ᠎ᠠ ᠠᠯᠬᠤᠮ ᠪᠦᠷᠢᠯᠳᠦᠪᠡ ᠃ ᠴᠢᠭᠤᠯᠤᠯᠲᠤ ᠬᠠᠭ᠋ᠠᠯᠭ᠎ᠠ᠎ᠠᠴᠠ ᠬᠦᠬᠡᠬᠤᠳᠠ ᠂ ᠲᠦᠩᠯᠢᠶᠣᠣ᠎ᠠᠴᠠ ᠰᠢᠨ ᠮᠢᠨ ᠂ ᠬᠠᠷᠠᠴᠢᠨ᠎ᠠᠴᠠ ᠤᠯᠠᠭ᠋ᠠᠨᠬᠠᠳᠠ ᠬᠦᠷᠬᠦ ᠲᠦᠷᠭᠡᠨ᠎ᠤ ᠲᠡᠮᠦᠷ ᠵᠠᠮ ᠵᠠᠯᠭ᠋ᠠᠭ᠎ᠠ᠎ᠪᠠᠷ ᠲᠡᠷᠭᠡ ᠨᠡᠪᠳᠡᠷᠡᠵᠦ ᠂ ᠵᠠᠰᠠᠮᠠᠯ ᠵᠠᠮ᠎ᠤᠨ ᠤᠷᠲᠤ 1.7 ᠲᠦᠮᠡᠨ ᠺᠢᠯᠣᠮᠧᠲᠷ ᠨᠡᠮᠡᠭᠳᠡᠨ ᠂ ᠬᠦᠬᠡᠬᠤᠳᠠ ᠰᠢᠨ᠎ᠡ ᠨᠢᠰᠬᠡᠯ᠎ᠤᠨ ᠪᠠᠭᠤᠳᠠᠯ᠎ᠤᠨ ᠭᠣᠣᠯ ᠴᠣᠭᠴᠠ ᠵᠢᠨ ᠪᠠᠷᠢᠯᠭ᠎ᠠ ᠳᠠᠭᠤᠰᠴᠤ ᠂ 21 ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠪᠠᠢ᠌ᠭᠤᠯᠵᠤ ᠳᠠᠭᠤᠰᠬᠠᠨ ᠂ ᠤᠰᠤᠨ ᠠᠰᠢᠭᠯᠠᠯᠲᠠ ᠂ ᠡᠨᠧᠷᠬᠢ ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠎ᠢ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ ᠃
— ᠬᠥᠭᠵᠢᠯᠲᠡ ᠵᠢᠨ ᠬᠥᠳᠡᠯᠭᠡᠬᠦ ᠬᠦᠴᠦᠨ ᠠᠮᠢᠳᠤᠯᠢᠭ ᠬᠦᠴᠦᠨ ᠢᠯᠡᠳᠲᠡ ᠨᠡᠮᠡᠭᠳᠡᠪᠡ ᠃ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠋ᠠᠨ᠎ᠤ ᠥᠭᠡᠷᠡᠴᠢᠯᠡᠯᠲᠡ᠎ᠳᠤ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠵᠤ ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ 71% ᠬᠠᠰᠤᠵᠤ ᠂ ᠠᠵᠤ ᠠᠬᠤᠢ᠌ᠯᠠᠯ᠎ᠳᠤ ᠬᠣᠯᠪᠣᠭᠳᠠᠬᠤ ᠡᠵᠡᠩᠨᠡᠯᠲᠡ ᠵᠢᠨ ᠵᠥᠪᠰᠢᠶᠡᠷᠡᠯ᠎ᠤᠨ ᠵᠦᠢ᠍ᠯᠡᠰ ᠪᠦᠬᠦᠨ᠎ᠳᠤ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠪᠡ ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ ᠠᠮᠵᠢᠯᠲᠠ᠎ᠲᠠᠢ ᠳᠠᠭᠤᠰᠴᠤ ᠂ ᠪᠦᠬᠦ ᠣᠷᠣᠨ᠎ᠤ ᠡᠯ᠎ᠡ ᠱᠠᠲᠤᠨ᠎ᠤ 244 ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠳᠠᠬᠢᠨᠲᠠ ᠵᠣᠬᠢᠶᠠᠨ ᠪᠠᠢ᠌ᠭᠤᠯᠵᠤ ᠨᠡᠢ᠌ᠯᠡᠭᠦᠯᠦᠨ ᠂ 《ᠭᠤᠷᠪᠠᠨ ᠬᠠᠩᠭ᠋ᠠᠯᠭ᠎ᠠ ᠨᠢᠭᠡ ᠠᠳᠠᠯ ᠠᠬᠤᠢ》 ᠵᠢᠨ ᠬᠠᠮᠢᠶᠠᠷᠤᠯᠲᠠ ᠵᠢ ᠰᠠᠯᠭ᠋ᠠᠨ ᠰᠢᠯᠵᠢᠭᠦᠯᠵᠦ ᠲᠤᠰᠢᠶᠠᠬᠤ ᠵᠡᠷᠭᠡ ᠲᠡᠦᠬᠡᠲᠦ ᠴᠢᠨᠠᠷᠲᠠᠢ ᠬᠦᠴᠢᠷ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠪᠡ ᠃ 2021 ᠣᠨ᠎ᠠᠴᠠ ᠨᠠᠭ᠋ᠠᠰᠢ ᠳ᠋ᠠ ᠵᠦᠩ ᠠᠭᠤᠷᠬᠠᠢ ᠵᠢᠨ ᠦᠢ᠍ᠯᠡᠰ ᠂ ᠶᠢᠦ ᠷᠠᠨ ᠮᠠᠯ ᠠᠵᠤ ᠠᠬᠤᠢ ᠂ ᠳ᠋ᠠ ᠲᠠᠩ ᠡᠮ᠎ᠤᠨ ᠦᠢ᠍ᠯᠡᠰ ᠂ ᠰᠢᠨᠬᠤᠸᠠ ᠲᠠᠷᠬᠠᠭ᠋ᠠᠬᠤ ᠪᠦᠯᠦᠭᠯᠡᠯ ᠂ ᠧᠦ ᠵᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠠᠮᠵᠢᠯᠲᠠ᠎ᠲᠠᠢ᠎ᠪᠠᠷ ᠰᠲ᠋ᠣᠺ᠎ᠤᠨ ᠵᠠᠬ᠎ᠠ᠎ᠳᠤ ᠭᠠᠷᠴᠤ ᠂ ᠮᠠᠨ᠎ᠤ ᠣᠷᠣᠨ᠎ᠤ ᠠᠵᠤ ᠠᠬᠤᠢ᠌ᠯᠠᠯ 9 ᠵᠢᠯ A ᠰᠲ᠋ᠣᠺ᠎ᠤᠨ ᠵᠠᠬ᠎ᠠ᠎ᠳᠤ ᠭᠠᠷᠤᠭᠰᠠᠨ ᠦᠭᠡᠢ ᠪᠠᠢ᠌ᠳᠠᠯ᠎ᠢ ᠡᠴᠦᠰᠯᠡᠭᠦᠯᠪᠡ ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠣᠭ᠎ᠠ ᠵᠢᠯ ᠳᠤᠮᠳᠠᠴᠢ᠎ᠪᠠᠷ 8%᠎ᠠᠴᠠ ᠳᠡᠭᠡᠭᠰᠢ ᠨᠡᠮᠡᠭᠳᠡᠨ ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠪᠡᠯᠡ ᠮᠥᠩᠭᠥ ᠨᠡᠶ᠋ᠢᠳᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ ᠃
— ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠯᠠᠪᠳᠠᠭᠤᠨ ᠵᠶ᠋ᠠᠷ ᠳᠡᠭᠡᠭᠰᠢᠯᠡᠪᠡ ᠃ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠤᠨ ᠬᠤᠷᠳᠤᠴᠠ ᠶᠡᠷᠦᠩᠬᠡᠢ᠎ᠳᠤ᠎ᠪᠠᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠠᠢ᠌ᠵᠤ ᠂ ᠪᠦᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠤᠯᠬᠤ ᠤᠷᠤᠯᠭ᠎ᠠ 2.6 ᠲᠦᠮᠡᠨ ᠲᠥᠭᠥᠷᠢᠭ ᠪᠠᠢ᠌ᠭᠰᠠᠨ᠎ᠠᠴᠠ᠎ᠪᠠᠨ 3.6 ᠲᠦᠮᠡᠨ ᠲᠥᠭᠥᠷᠢᠭ ᠰᠢᠬᠠᠮ ᠪᠣᠯᠵᠤ ᠨᠡᠮᠡᠭᠳᠡᠪᠡ ᠃ ᠬᠤᠳᠠ ᠪᠠᠯᠭ᠋ᠠᠰᠤᠨ᠎ᠤ ᠠᠵᠢᠯ ᠣᠯᠣᠭᠰᠠᠳ᠎ᠢ ᠵᠢᠯ ᠳᠤᠮᠳᠠᠴᠢ᠎ᠪᠠᠷ 20 ᠲᠦᠮᠡᠨ ᠬᠥᠮᠥᠨ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ ᠂ ᠰᠤᠷᠭ᠋ᠠᠨ ᠬᠥᠮᠦᠵᠢᠯ᠎ᠤᠨ ᠲᠦᠭᠡᠮᠡᠯᠵᠢᠯ ᠂ ᠡᠮᠴᠢᠯᠡᠭᠡ ᠡᠷᠡᠭᠦᠯ ᠬᠠᠮᠠᠭ᠋ᠠᠯᠠᠯ ᠂ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ ᠪᠠ ᠨᠡᠢ᠌ᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ ᠪᠦᠬᠦ ᠲᠠᠯ᠎ᠠ᠎ᠪᠠᠷ ᠳᠡᠭᠡᠭᠰᠢᠯᠡᠪᠡ ᠃ ᠭᠡᠷ ᠪᠠᠢ᠌ᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠤᠨ ᠲᠦᠷᠦᠯ ᠵᠦᠢ᠍ᠯ᠎ᠢ ᠨᠡᠶ᠋ᠢᠲᠡ 2970 ᠂ 140 ᠲᠦᠮᠡᠨ ᠢᠵᠢ ᠂ 1.55 ᠳ᠋ᠦᠩᠰᠢᠭᠤᠷ ᠲᠡᠭᠰᠢ ᠳᠥᠷᠪᠡᠯᠵᠢᠨ ᠮᠧᠲᠷ ᠰᠢᠢ᠍ᠳᠪᠦᠷᠢᠯᠡᠵᠦ ᠂ ᠬᠠᠭᠤᠴᠢᠨ ᠰᠠᠭᠤᠭ᠋ᠠᠯᠢ ᠲᠣᠭᠣᠷᠢᠭ᠎ᠢ 5108 ᠂ ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ 26 ᠲᠦᠮᠡᠨ ᠢᠵᠢ ᠣᠷᠴᠢᠮ ᠂ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ 9.6 ᠲᠦᠮᠡᠨ ᠢᠵᠢ ᠭᠡᠷ ᠪᠠᠢ᠌ᠰᠢᠩ᠎ᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ 2 ᠲᠦᠮᠡᠨ ᠢᠵᠢ ᠪᠠᠢ᠌ᠭᠤᠯᠤᠨ ᠂ 600 ᠭᠠᠷᠤᠢ ᠲᠦᠮᠡᠨ ᠤᠯᠠᠨ ᠲᠦᠮᠡᠨ᠎ᠤ ᠠᠮᠤᠭᠤᠯᠠᠩ ᠰᠠᠭᠤᠷᠢᠰᠢᠬᠤ ᠵᠡᠭᠦᠳᠦ ᠵᠢ᠎ᠨᠢ ᠲᠡᠷᠭᠡᠯᠰᠢᠭᠦᠯᠦᠭᠰᠡᠨ ᠪᠠᠢ᠌ᠨ᠎ᠠ ᠃
— ᠠᠮᠢ ᠠᠬᠤᠢ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠦᠷᠭᠦᠯᠵᠢᠯᠡᠨ ᠰᠠᠢ᠌ᠵᠢᠷᠠᠪᠠ ᠃ ᠲᠥᠪ᠎ᠤᠨ ᠨᠢᠭᠡᠳᠦᠭᠡᠷ ᠡᠭᠡᠯᠵᠢ ᠵᠢᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠭᠰᠠᠨ ᠪᠠ 《ᠪᠤᠴᠠᠵᠤ ᠪᠠᠢ᠌ᠴᠠᠭ᠋ᠠᠨ ᠦᠵᠡᠬᠦ》᠎ᠳᠤ ᠴᠡᠭᠴᠡᠯᠡᠨ ᠰᠠᠢ᠌ᠵᠢᠷᠠᠭᠤᠯᠬᠤ᠎ᠪᠠᠷ ᠲᠤᠰᠬᠠᠭᠰᠠᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ ᠂ ᠬᠠᠲᠤᠨ ᠭᠣᠣᠯ ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》 ᠂ ᠴᠠᠭ᠋ᠠᠨᠨᠠᠭᠤᠷ ᠵᠡᠷᠭᠡ ᠭᠣᠣᠯᠳᠠᠯᠭ᠎ᠠ ᠪᠣᠯᠬᠤ ᠨᠠᠭᠤᠷ ᠭᠣᠣᠯ᠎ᠤᠨ ᠰᠠᠪᠠ ᠭᠠᠵᠠᠷ᠎ᠤᠨ ᠵᠠᠰᠠᠯᠲᠠ ᠵᠢᠨ ᠦᠷ᠎ᠡ ᠪᠦᠲᠦᠮᠵᠢ ᠢᠯᠡᠷᠬᠡᠢ ᠪᠠᠢ᠌ᠵᠤ ᠂ ᠲᠣᠭᠲᠠᠭ᠋ᠠᠯ ᠪᠠ ᠬᠠᠤᠯᠢ᠎ᠠᠴᠠ ᠵᠥᠷᠢᠴᠡᠵᠦ ᠨᠤᠲᠤᠭ ᠪᠡᠯᠴᠢᠭᠡᠷ ᠣᠢ᠌ᠲᠤ ᠭᠠᠵᠠᠷ᠎ᠢ ᠡᠪᠳᠡᠭᠰᠡᠨ ᠠᠰᠠᠭᠤᠳᠠᠯ᠎ᠤᠳ᠎ᠢ ᠪᠦᠲᠦᠮᠵᠢᠳᠠᠢ ᠴᠡᠭᠴᠡᠯᠡᠨ ᠵᠠᠰᠠᠪᠠ ᠃ ᠨᠡᠶ᠋ᠢᠲᠡ 3700 ᠭᠠᠷᠤᠢ ᠲᠦᠮᠡᠨ ᠮᠦ᠍ ᠣᠢ᠌ᠵᠢᠭᠤᠯᠵᠤ ᠂ 1.2 ᠳ᠋ᠦᠩᠰᠢᠭᠤᠷ ᠭᠠᠷᠤᠢ ᠮᠦ᠍ ᠡᠪᠡᠰᠦ ᠲᠠᠷᠢᠵᠤ ᠂ 5400 ᠭᠠᠷᠤᠢ ᠲᠦᠮᠡᠨ ᠮᠦ᠍ ᠡᠯᠡᠰᠦ ᠵᠢ ᠰᠡᠷᠭᠡᠢ᠌ᠯᠡᠨ ᠵᠠᠰᠠᠵᠤ ᠂ ᠴᠥᠮ ᠪᠦᠭᠦ ᠤᠯᠤᠰ᠎ᠤᠨ ᠲᠡᠷᠢᠭᠦᠨ᠎ᠳᠤ ᠣᠷᠣᠵᠤ ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠢ 10 ᠪᠠ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠥᠨ ᠠᠭᠤᠯᠠ》 ᠵᠢᠨ ᠦᠢ᠍ᠯᠡᠳᠦᠯᠭᠡᠵᠢᠭᠦᠯᠵᠦ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ 8 ᠡᠭᠦᠳᠦᠨ ᠪᠠᠢ᠌ᠭᠤᠯᠪᠠ ᠃
— ᠬᠦᠨᠳᠦ ᠬᠡᠴᠡᠭᠦᠦ ᠲᠦᠭᠰᠢᠭᠦᠷᠢ ᠵᠢᠨ ᠳᠠᠯᠳᠠ ᠭᠡᠮ᠎ᠢ ᠪᠦᠲᠦᠮᠵᠢᠳᠠᠢ ᠰᠡᠷᠭᠡᠢ᠌ᠯᠡᠪᠡ ᠃ ᠨᠠᠮ᠎ᠤᠨ ᠲᠥᠪ ᠬᠣᠷᠢᠶᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠂ ᠡᠵᠡᠨ᠎ᠡ ᠂ ᠮᠠᠨᠵᠤᠤᠷ ᠂ ᠡᠷᠢᠶᠡᠨ ᠬᠤᠳᠠ ᠂ ᠬᠦᠬᠡᠬᠤᠳᠠ ᠵᠡᠷᠭᠡ ᠭᠠᠵᠠᠷ᠎ᠤᠨ ᠬᠢᠵᠢᠭ᠎ᠤᠨ ᠪᠠᠢ᠌ᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠮᠠᠭ᠋ᠠᠯᠠᠪᠠ ᠃ ᠵᠠᠰᠠᠭ᠎ᠤᠨ ᠣᠷᠳᠣᠨ᠎ᠤ ᠬᠡᠲᠦᠷᠬᠡᠢ ᠥᠷᠢ ᠲᠠᠯᠪᠢᠵᠤ ᠪᠠᠢ᠌ᠭᠰᠠᠨ ᠡᠮᠬᠢ ᠵᠠᠮᠪᠠᠷᠠᠭ᠎ᠠ ᠦᠭᠡᠢ ᠪᠠᠢ᠌ᠳᠠᠯ᠎ᠢ ᠡᠷᠡᠰ ᠴᠡᠭᠴᠡᠯᠡᠨ ᠵᠠᠰᠠᠵᠤ ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠣᠭᠲᠠᠭ᠋ᠠᠯ ᠪᠠ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠤᠳ᠎ᠢ ᠴᠢᠩᠭ᠎ᠠ ᠬᠦᠴᠦᠲᠡᠢ ᠴᠡᠭᠴᠡᠯᠡᠨ ᠵᠠᠰᠠᠵᠤ ᠂ ᠮᠥᠩᠭᠥᠨ ᠭᠦᠢ᠍ᠯᠭᠡᠭᠡᠨ᠎ᠤ ᠬᠦᠷᠢᠶᠡᠨ᠎ᠳᠤ ᠥᠭᠡᠷᠡᠴᠢᠯᠡᠯᠲᠡ ᠬᠢᠵᠦ ᠲᠦᠭᠰᠢᠭᠦᠷᠢ ᠵᠢ᠎ᠨᠢ ᠠᠷᠢᠯᠭ᠋ᠠᠬᠤ ᠵᠢ ᠭᠦᠨᠵᠡᠭᠡᠢ ᠠᠬᠢᠭᠤᠯᠵᠤ ᠂ ᠤᠤᠯ᠎ᠤᠨ ᠪᠤᠤ ᠱᠠᠩ ᠪᠠᠩᠬᠢ ᠂ ᠰᠢᠨ᠎ᠡ ᠴᠠᠭ ᠦᠶ᠎ᠡ ᠢᠲᠡᠭᠡᠮᠵᠢᠲᠦ ᠨᠠᠢ᠍ᠢ᠍ᠳᠠᠯᠭ᠎ᠠ ᠵᠢᠨ ᠲᠦᠭᠰᠢᠭᠦᠷᠢ ᠵᠢ ᠲᠣᠬᠢᠲᠠᠢ ᠰᠢᠢ᠍ᠳᠪᠦᠷᠢᠯᠡᠪᠡ ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ ᠲᠡᠭᠦᠰ ᠠᠮᠵᠢᠯᠲᠠ᠎ᠲᠠᠢ᠎ᠪᠠᠷ ᠳᠠᠭᠤᠰᠴᠤ ᠂ ᠨᠡᠢ᠌ᠭᠡᠮ᠎ᠤᠨ ᠠᠮᠤᠷ ᠲᠦᠪᠰᠢᠨ ᠂ ᠠᠶᠤᠯ ᠦᠭᠡᠢ ᠦᠢ᠍ᠯᠡᠳᠪᠦᠷᠢᠯᠡᠯ ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠢ᠌ᠳᠠᠯ ᠦᠷᠭᠦᠯᠵᠢᠯᠡᠨ ᠰᠠᠢ᠌ᠵᠢᠷᠠᠵᠤ ᠂ ᠨᠡᠢ᠌ᠭᠡᠮ᠎ᠤᠨ ᠶᠡᠬᠡ ᠪᠠᠢ᠌ᠳᠠᠯ᠎ᠤᠨ ᠲᠣᠭᠲᠠᠭᠤᠨ ᠪᠠᠢ᠌ᠬᠤ ᠵᠢ ᠪᠠᠲᠤᠯᠠᠪᠠ ᠃
— ᠦᠨᠳᠦᠰᠦᠲᠡᠨ᠎ᠤ ᠪᠦᠯᠬᠦᠮᠳᠡᠯ᠎ᠤᠨ ᠪᠠᠢ᠌ᠳᠠᠯ ᠪᠡᠬᠢᠵᠢᠨ ᠬᠥᠭᠵᠢᠪᠡ ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠶ᠋ᠠᠷ ᠭᠣᠣᠯ ᠰᠢᠵᠢᠮ ᠪᠣᠯᠭ᠋ᠠᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠠᠷ ᠲᠦᠭᠡᠮᠡᠯᠵᠢᠭᠦᠯᠦᠨ ᠳᠡᠯᠭᠡᠷᠡᠭᠦᠯᠵᠦ ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ ᠬᠡᠷᠡᠭᠯᠡᠵᠦ ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠲᠡᠭᠦᠯᠳᠡᠷᠵᠢᠭᠦᠯᠦᠨ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ ᠂ ᠦᠨᠳᠦᠰᠦᠲᠡᠨ᠎ᠨᠦᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠵᠢ ᠥᠷᠭᠡᠨ ᠳᠡᠯᠭᠡᠷᠡᠩᠭᠦᠢ ᠠᠬᠢᠭᠤᠯᠤᠨ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠶᠡᠬᠡ ᠪᠦᠯᠬᠦᠮᠳᠡᠯ᠎ᠤᠨ ᠰᠠᠢ᠌ᠨ ᠰᠠᠢ᠌ᠬᠠᠨ ᠪᠠᠢ᠌ᠳᠠᠯ᠎ᠢ ᠨᠡᠩ ᠢᠯᠡᠭᠦᠦ ᠨᠠᠨᠳᠢᠩᠨᠠᠨ ᠡᠷᠬᠢᠮᠯᠡᠵᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠬᠠᠢ᠌ᠷᠠᠯᠠᠨ ᠬᠠᠮᠠᠭ᠋ᠠᠯᠠᠪᠠ ᠃
ᠲᠠᠪᠤᠨ ᠵᠢᠯ᠎ᠤᠨ ᠲᠤᠷᠰᠢ ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ ᠂ ᠴᠢᠬᠤᠯᠠ ᠶᠡᠬᠡ ᠵᠦᠢ᠍ᠯᠡᠰ ᠂ ᠴᠢᠬᠤᠯᠠ ᠠᠰᠠᠭᠤᠳᠠᠯ᠎ᠳᠤ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠦᠨ ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ 2953 ᠬᠤᠪᠢ ᠰᠠᠨᠠᠭᠤᠯᠭ᠎ᠠ ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ 3329 ᠬᠤᠪᠢ ᠰᠠᠨᠠᠯ ᠳᠤᠷᠠᠳᠤᠯᠭ᠎ᠠ ᠵᠢ ᠭᠦᠢ᠍ᠴᠡᠳᠬᠡᠪᠡ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠲᠠᠯ᠎ᠠ ᠵᠢᠨ ᠰᠠᠨᠠᠯ ᠵᠥᠪᠯᠡᠯᠭᠡ 141 ᠵᠦᠢ᠍ᠯ ᠪᠠᠢ᠌ᠵᠤ ᠂ ᠵᠠᠰᠠᠭ᠎ᠤᠨ ᠣᠷᠳᠣᠨ᠎ᠤ 87 ᠳᠦᠷᠢᠮ ᠲᠣᠭᠲᠠᠭ᠋ᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭ᠋ᠠᠨ ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ ᠦᠷᠭᠦᠯᠵᠢᠯᠡᠨ ᠴᠢᠩᠭ᠋ᠠᠷᠠᠪᠠ ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠂ ᠴᠡᠷᠢᠭ ᠠᠩᠭᠢ ᠪᠠ ᠣᠷᠣᠨ ᠨᠤᠲᠤᠭ᠎ᠤᠨ ᠵᠣᠬᠢᠴᠠᠭᠤᠯᠭ᠎ᠠ ᠂ ᠬᠣᠶᠠᠷ᠎ᠢ ᠬᠦᠷᠢᠶᠡᠯᠡᠬᠦ ᠪᠠ ᠠᠰᠠᠷᠠᠨ ᠬᠠᠷᠠᠭ᠋ᠠᠯᠵᠠᠬᠤ ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ ᠂ ᠭᠠᠳᠠᠭ᠋ᠠᠳᠤ ᠶᠠᠪᠤᠳᠠᠯ ᠪᠠ ᠬᠠᠷᠢᠶᠠᠲᠤ ᠵᠢᠨ ᠶᠠᠪᠤᠳᠠᠯ ᠂ ᠲᠣᠭ᠎ᠠ ᠪᠦᠷᠢᠳᠬᠡᠯ ᠪᠠᠢ᠌ᠴᠠᠭ᠋ᠠᠯᠲᠠ ᠂ ᠰᠣᠨᠢᠨ ᠮᠡᠳᠡᠭᠡ ᠷᠠᠳᠢᠣ᠋ ᠲᠧᠯᠸᠢᠰ ᠂ ᠨᠡᠢ᠌ᠭᠡᠮ᠎ᠤᠨ ᠰᠢᠨᠵᠢᠯᠡᠬᠦ ᠤᠬᠠᠭ᠋ᠠᠨ ᠂ ᠳᠠᠩᠰᠠ ᠡᠪᠬᠡᠮᠡᠯ ᠪᠠ ᠨᠢᠭᠤᠴᠠ ᠵᠢ ᠬᠠᠮᠠᠭ᠋ᠠᠯᠠᠬᠤ ᠂ ᠵᠥᠪᠳᠡᠭᠴᠢ ᠪᠠ ᠰᠣᠶᠣᠯ ᠲᠡᠦᠬᠡ ᠂ ᠭᠠᠵᠠᠷ ᠬᠥᠳᠡᠯᠦᠯᠲᠡ ᠪᠠ ᠴᠠᠭ ᠠᠭᠤᠷ ᠂ ᠭᠠᠵᠠᠷ ᠰᠢᠨᠵᠢᠯᠡᠭᠡᠨ᠎ᠤ ᠬᠡᠮᠵᠢᠨ ᠵᠢᠷᠤᠭᠯᠠᠯ ᠵᠡᠷᠭᠡ ᠠᠵᠢᠯ ᠦᠢ᠍ᠯᠡᠰ ᠴᠥᠮ ᠰᠢᠨ᠎ᠡ ᠳᠠᠪᠰᠢᠯᠲᠠ᠎ᠲᠠᠢ ᠪᠣᠯᠵᠤ ᠂ ᠠᠵᠢᠯᠴᠢᠨ᠎ᠤ ᠡᠪᠯᠡᠯ ᠂ ᠡᠪ ᠬᠠᠮᠲᠤ ᠵᠠᠯᠠᠭᠤᠴᠤᠳ᠎ᠤᠨ ᠡᠪᠯᠡᠯ ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠂ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠂ ᠤᠯᠠᠭ᠋ᠠᠨ ᠵᠠᠭ᠋ᠠᠯᠮᠠᠶ᠋ᠢᠳᠠᠨ᠎ᠤ ᠨᠡᠢ᠌ᠭᠡᠮᠯᠢᠭ ᠂ ᠨᠠᠰᠤᠲᠠᠢ᠌ᠴᠤᠳ᠎ᠤᠨ ᠠᠵᠢᠯ᠎ᠤᠨ ᠵᠥᠪᠯᠡᠯ ᠂ ᠬᠣᠢ᠌ᠴᠢ ᠦᠶ᠎ᠡ᠎ᠪᠠᠨ ᠬᠠᠯᠠᠮᠵᠢᠯᠠᠬᠤ ᠠᠵᠢᠯ᠎ᠤᠨ ᠵᠥᠪᠯᠡᠯ ᠵᠡᠷᠭᠡ ᠵᠣᠬᠢᠶᠠᠨ ᠪᠠᠢ᠌ᠭᠤᠯᠤᠯᠲᠠ᠎ᠳᠤ ᠴᠥᠮ ᠰᠢᠨ᠎ᠡ ᠳᠦᠷᠰᠦ ᠪᠠᠢ᠌ᠳᠠᠯ ᠢᠯᠡᠷᠡᠪᠡ ᠃
ᠲᠥᠯᠥᠭᠡᠯᠡᠭᠴᠢᠳ ᠠ᠋ ! ᠰᠠᠶᠢᠬᠠᠨ ᠥᠩᠭᠡᠷᠡᠭᠰᠡᠨ 2022 ᠣᠨ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠪᠣᠯᠣᠨ᠎ᠠ ᠃ ᠪᠢᠳᠡ ᠨᠠᠮ᠎ᠤᠨ ᠲᠥᠪ ᠬᠣᠷᠢᠶᠠᠨ᠎ᠤ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠂ ᠠᠵᠤ ᠠᠬᠤᠢ ᠵᠢ ᠲᠣᠭᠲᠠᠭᠤᠨ ᠪᠠᠢ᠌ᠯᠭ᠋ᠠᠵᠤ ᠂ ᠬᠥᠭᠵᠢᠯᠲᠡ ᠵᠢ ᠠᠮᠤᠷ ᠲᠦᠪᠰᠢᠨ ᠪᠠᠢ᠌ᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ᠎ᠳᠤ ᠤᠷᠤᠭᠰᠢᠯᠠᠨ ᠂ ᠬᠦᠴᠢᠷ᠎ᠤᠨ ᠳᠤᠮᠳᠠ ᠪᠦᠲᠦᠭᠡᠬᠦ᠎ᠪᠠᠷ ᠴᠢᠷᠮᠠᠢ᠌ᠵᠤ ᠂ ᠪᠦᠬᠦ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠨᠡᠯᠢᠶᠡᠳ ᠰᠠᠢ᠌ᠨ ᠪᠡᠶᠡᠯᠡᠭᠦᠯᠪᠡ ᠃ ᠵᠢᠱ᠌ᠢᠯᠲᠡ᠎ᠪᠠᠷ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 4%᠎ᠠᠴᠠ ᠳᠡᠭᠡᠭᠰᠢ ᠨᠡᠮᠡᠭᠳᠡᠨ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ 8%᠎ᠠᠴᠠ ᠳᠡᠭᠡᠭᠰᠢ ᠨᠡᠮᠡᠭᠳᠡᠵᠦ ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠢ᠌ᠷᠢᠯᠠᠵᠤ ᠂ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ 15%᠎ᠠᠴᠠ ᠳᠡᠭᠡᠭᠰᠢ ᠨᠡᠮᠡᠭᠳᠡᠨ ᠂ ᠪᠦᠭᠦ ᠤᠯᠤᠰ᠎ᠤᠨ ᠲᠡᠷᠢᠭᠦᠨ᠎ᠳᠤ ᠪᠠᠢ᠌ᠷᠢᠯᠠᠵᠤ ᠂ ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠤᠷᠤᠯᠭ᠎ᠠ 20.2% ᠨᠡᠮᠡᠭᠳᠡᠵᠦ ᠂ ᠪᠦᠭᠦ ᠤᠯᠤᠰ᠎ᠤᠨ ᠬᠣᠶᠠᠳᠤᠭ᠋ᠠᠷ᠎ᠲᠤ ᠪᠠᠢ᠌ᠷᠢᠯᠠᠪᠠ ᠃
ᠨᠢᠭᠡ ᠵᠢᠯ᠎ᠤᠨ ᠲᠤᠷᠰᠢ ᠂ ᠪᠢᠳᠡ ᠡᠷᠲᠡ᠎ᠠᠴᠠ ᠭᠠᠷᠳᠠᠵᠤ ᠠᠵᠢᠯᠯᠠᠬᠤ ᠵᠢ ᠪᠠᠷᠢᠮᠲᠠᠯᠠᠪᠠ ᠂ ᠵᠢᠯ᠎ᠤᠨ ᠡᠬᠢᠨ᠎ᠠᠴᠠ ᠡᠬᠢᠯᠡᠨ ᠲᠦᠷᠦ ᠵᠢᠨ ᠪᠣᠳᠣᠯᠭ᠎ᠠ ᠵᠢᠨ 《ᠬᠠᠮ ᠠᠷᠭ᠎ᠠ ᠪᠣᠳᠣᠯᠭ᠎ᠠ》 ᠵᠢ ᠲᠠᠰᠤᠷᠠᠯᠲᠠ ᠦᠭᠡᠢ ᠨᠡᠢ᠌ᠲᠡᠯᠡᠨ ᠭᠠᠷᠭ᠋ᠠᠵᠤ ᠂ ᠠᠵᠤ ᠠᠬᠤᠢ ᠵᠢ ᠲᠣᠭᠲᠠᠭᠤᠨ ᠪᠠᠢ᠌ᠯᠭ᠋ᠠᠬᠤ 40 ᠵᠤᠷᠪᠤᠰ ᠲᠥᠬᠥᠷ ᠲᠦᠷᠦ ᠵᠢᠨ ᠪᠣᠳᠣᠯᠭ᠎ᠠ ᠂ 21 ᠵᠤᠷᠪᠤᠰ ᠦᠷᠭᠦᠯᠵᠢᠯᠡᠭᠰᠡᠨ ᠲᠦᠷᠦ ᠵᠢᠨ ᠪᠣᠳᠣᠯᠭ᠎ᠠ ᠵᠢ ᠤᠷᠢᠳ ᠬᠣᠵᠢᠳ ᠲᠣᠭᠲᠠᠭ᠋ᠠᠨ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 181 ᠵᠤᠷᠪᠤᠰ ᠂ ᠠᠵᠤ ᠦᠢ᠍ᠯᠡᠰ᠎ᠢ ᠴᠢᠨᠠᠷ ᠰᠠᠢ᠌ᠲᠠᠢ ᠬᠥᠭᠵᠢᠭᠦᠯᠬᠦ 130 ᠵᠤᠷᠪᠤᠰ ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ 9 ᠵᠤᠷᠪᠤᠰ ᠂ ᠵᠠᠰᠠᠮᠠᠯ ᠵᠠᠮ᠎ᠤᠨ ᠪᠡᠯᠡ ᠤᠷᠤᠭᠤᠯᠤᠯᠲᠠ ᠵᠢᠨ 6 ᠵᠤᠷᠪᠤᠰ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠠᠢ᠌ᠭᠤᠯᠤᠯᠲᠠ ᠵᠢᠨ 11 ᠵᠤᠷᠪᠤᠰ ᠪᠠ ᠠᠵᠤ ᠦᠢ᠍ᠯᠡᠳᠪᠦᠷᠢ ᠂ ᠦᠢ᠍ᠯᠡᠴᠢᠯᠡᠭᠡᠨ᠎ᠤ ᠦᠢ᠍ᠯᠡᠰ ᠂ ᠪᠠᠷᠢᠯᠭ᠎ᠠ ᠵᠢᠨ ᠦᠢ᠍ᠯᠡᠰ ᠂ ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠢ᠌ᠭᠤᠯᠤᠯᠲᠠ ᠵᠢᠨ ᠲᠦᠷᠦ ᠵᠢᠨ ᠪᠣᠳᠣᠯᠭ᠎ᠠ᠎ᠨᠤᠭᠤᠳ᠎ᠢ ᠨᠡᠢ᠌ᠲᠡᠯᠡᠵᠦ ᠂ ᠠᠵᠤ ᠠᠬᠤᠢ ᠵᠢᠨ ᠨᠡᠮᠡᠭᠳᠡᠯ᠎ᠳᠤ 《ᠪᠠᠲᠤ ᠳᠡᠭᠡᠭᠰᠢᠯᠡᠭᠦᠯᠬᠦ ᠠᠷᠭ᠎ᠠ》 ᠵᠢ ᠬᠡᠷᠡᠭᠯᠡᠨ ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ 《ᠰᠡᠳᠬᠢᠯ ᠠᠮᠤᠷ ᠬᠥᠭᠵᠢᠬᠦ ᠪᠣᠳᠣᠯᠭ᠎ᠠ》 ᠲᠣᠭᠲᠠᠭ᠋ᠠᠵᠤ ᠥᠭᠪᠡ ᠃ 3343 ᠴᠢᠬᠤᠯᠠ ᠶᠡᠬᠡ ᠲᠦᠷᠦᠯ ᠵᠦᠢ᠍ᠯ᠎ᠢ ᠬᠡᠷᠡᠭᠵᠢᠭᠦᠯᠦᠨ ᠂ ᠪᠦᠲᠦᠭᠡᠨ ᠪᠠᠢ᠌ᠭᠤᠯᠤᠯᠲᠠ ᠵᠢᠨ ᠪᠡᠯᠡ ᠤᠷᠤᠭᠤᠯᠤᠯᠲᠠ 6000 ᠳ᠋ᠦᠩᠰᠢᠭᠤᠷ ᠲᠥᠭᠥᠷᠢᠭ᠎ᠢ ᠳᠠᠪᠠᠵᠤ ᠂ ᠠᠵᠤ ᠦᠢ᠍ᠯᠡᠳᠪᠦᠷᠢ ᠵᠢᠨ ᠪᠡᠯᠡ ᠤᠷᠤᠭᠤᠯᠤᠯᠲᠠ 40%᠎ᠠᠴᠠ ᠳᠡᠭᠡᠭᠰᠢ ᠨᠡᠮᠡᠭᠳᠡᠵᠦ ᠂ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 85%᠎ᠠᠴᠠ ᠳᠡᠭᠡᠭᠰᠢ ᠨᠡᠮᠡᠭᠳᠡᠨ ᠂ ᠰᠢᠨ᠎ᠡ ᠡᠨᠧᠷᠬᠢ ᠵᠢᠨ ᠪᠡᠯᠡ ᠤᠷᠤᠭᠤᠯᠤᠯᠲᠠ 5 ᠳᠠᠬᠢᠨ᠎ᠠᠴᠠ ᠳᠡᠭᠡᠭᠰᠢ ᠨᠡᠮᠡᠭᠳᠡᠵᠦ ᠂ ᠨᠢᠭᠡ ᠪᠦᠯᠦᠭ ᠴᠢᠬᠤᠯᠠ ᠶᠡᠬᠡ ᠠᠵᠤ ᠦᠢ᠍ᠯᠡᠰ ᠪᠠ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠪᠣᠳᠠᠲᠠᠢ᠌ᠵᠢᠭᠤᠯᠤᠨ ᠂ ᠨᠡᠮᠡᠭᠳᠡᠯ᠎ᠢ ᠲᠣᠭᠲᠠᠭᠤᠨ ᠪᠠᠢ᠌ᠯᠭ᠋ᠠᠬᠤ ᠂ ᠪᠦᠲᠦᠴᠡ ᠵᠢ ᠲᠣᠬᠢᠷᠠᠭᠤᠯᠬᠤ ᠂ ᠰᠠᠭᠤᠷᠢ ᠵᠢ ᠪᠡᠬᠢᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ ᠃
ᠨᠢᠭᠡ ᠵᠢᠯ᠎ᠤᠨ ᠲᠤᠷᠰᠢ ᠂ ᠪᠢᠳᠡ ᠶᠡᠬᠡ ᠪᠠᠢ᠌ᠳᠠᠯ᠎ᠢ ᠪᠠᠲᠤᠯᠠᠵᠤ ᠂ ᠶᠡᠬᠡ ᠪᠠᠢ᠌ᠳᠠᠯ᠎ᠳᠤ ᠦᠢ᠍ᠯᠡᠴᠢᠯᠡᠬᠦ ᠵᠢ ᠪᠠᠷᠢᠮᠲᠠᠯᠠᠪᠠ ᠂ ᠤᠯᠤᠰ᠎ᠤᠨ ᠡᠨᠧᠷᠬᠢ ᠵᠢᠨ ᠠᠮᠤᠷ ᠲᠦᠪᠰᠢᠨ ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ ᠂ ᠨᠡᠭᠦᠷᠡᠰᠦᠨ᠎ᠤ ᠭᠠᠷᠤᠯᠲᠠ 12.2 ᠳ᠋ᠦᠩᠰᠢᠭᠤᠷ ᠲᠤᠨ ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 6465 ᠳ᠋ᠦᠩᠰᠢᠭᠤᠷ ᠭ᠋ᠷᠡᠳᠦ᠋ᠰ ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 9.45 ᠳ᠋ᠦᠩᠰᠢᠭᠤᠷ ᠲᠤᠨ ᠂ ᠭᠠᠳᠠᠭᠰᠢ ᠴᠠᠬᠢᠯᠭ᠋ᠠᠨ ᠳᠠᠮᠵᠢᠭᠤᠯᠤᠭᠰᠠᠨ ᠬᠡᠮᠵᠢᠶ᠎ᠡ 2640 ᠳ᠋ᠦᠩᠰᠢᠭᠤᠷ ᠭ᠋ᠷᠡᠳᠦ᠋ᠰ᠎ᠢ ᠪᠡᠶᠡᠯᠡᠭᠦᠯᠦᠨ ᠂ ᠴᠥᠮ ᠪᠦᠬᠦ ᠤᠯᠤᠰ᠎ᠤᠨ ᠲᠡᠷᠢᠭᠦᠨ᠎ᠳᠤ ᠪᠠᠢ᠌ᠷᠢᠯᠠᠪᠠ ; 400 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠰᠢᠷ᠎ᠠ ᠪᠤᠷᠴᠠᠭ ᠂ ᠲᠣᠰᠣᠯᠢᠭ ᠲᠠᠷᠢᠮᠠᠯ᠎ᠢ ᠥᠷᠭᠡᠳᠬᠡᠨ ᠲᠠᠷᠢᠬᠤ ᠡᠭᠦᠷᠭᠡ᠎ᠪᠠᠨ ᠪᠡᠶᠡᠯᠡᠭᠦᠯᠵᠦ ᠂ ᠠᠮᠤ ᠪᠤᠳᠠᠭ᠋ᠠᠨ᠎ᠤ ᠤᠨᠠᠯᠲᠠ 780 ᠳ᠋ᠦᠩᠰᠢᠭᠤᠷ ᠵᠢᠩ ᠂ ᠦᠨᠢᠶᠡᠨ ᠰᠦ ᠵᠢᠨ ᠭᠠᠷᠤᠯᠲᠠ 720 ᠲᠦᠮᠡᠨ ᠲᠣᠨ ᠂ ᠮᠢᠬᠠᠨ᠎ᠤ ᠲᠦᠷᠦᠯ᠎ᠤᠨ ᠭᠠᠷᠤᠯᠲᠠ 282 ᠲᠦᠮᠡᠨ ᠲᠣᠨ ᠂ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ ᠰᠢᠯᠢᠳᠡᠭᠵᠢᠭᠦᠯᠵᠦ ᠂ ᠣᠯᠠᠨ ᠡᠭᠡᠯᠵᠢ ᠵᠢᠨ ᠬᠢᠵᠢᠭ᠎ᠤᠨ ᠪᠠᠢ᠌ᠳᠠᠯ᠎ᠢ ᠦᠳᠲᠡᠷ ᠲᠦᠷᠭᠡᠨ ᠰᠢᠢ᠍ᠳᠪᠦᠷᠢᠯᠡᠪᠡ ᠂ ᠣᠨᠴᠠᠭ᠋ᠠᠢ᠌ᠯᠠᠨ ᠣᠷᠣᠨ ᠳᠠᠶᠠᠭ᠋ᠠᠷ ᠨᠢᠭᠡ ᠬᠥᠯᠭᠡ ᠰᠢᠲᠠᠷ᠎ᠠ᠎ᠲᠠᠢ ᠠᠳᠠᠯᠢ᠎ᠪᠠᠷ ᠳᠡᠭᠡᠳᠦ ᠳᠣᠣᠷᠠᠳᠤ ᠱᠠᠲᠤ᠎ᠪᠠᠷ ᠵᠶ᠋ᠠᠨ ᠨᠢᠭᠡ ᠰᠡᠳᠬᠢᠯ ᠵᠶ᠋ᠠᠷ ᠬᠦᠬᠡᠬᠤᠲᠠ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠡᠬᠢᠯᠡᠭᠦᠯᠵᠦ ᠂ 23.74 ᠲᠦᠮᠡᠨ ᠣᠶᠤᠲᠠᠳ᠎ᠢ ᠡᠮᠬᠢ ᠵᠢᠷᠤᠮ᠎ᠲᠠᠢ᠎ᠪᠠᠷ ᠵᠣᠬᠢᠶᠠᠨ ᠪᠠᠢ᠌ᠭᠤᠯᠵᠤ ᠨᠤᠲᠤᠭ᠎ᠲᠤ᠎ᠨᠢ ᠬᠠᠷᠢᠭᠤᠯᠵᠤ ᠂ 《ᠰᠢᠨ᠎ᠡ ᠠᠷᠪᠠᠨ ᠵᠤᠷᠪᠤᠰ》᠎ᠤᠨ ᠳᠠᠷᠠᠭ᠎ᠠ ᠪᠦᠬᠦ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠯᠠᠪᠳᠠᠭᠤᠨ ᠲᠣᠭᠲᠠᠭᠤᠨ ᠵᠶ᠋ᠠᠷ ᠰᠢᠯᠵᠢᠨ ᠬᠤᠪᠢᠷᠠᠬᠤ ᠵᠢ ᠪᠡᠶᠡᠯᠡᠭᠦᠯᠪᠡ ᠃ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠂ ᠵᠡᠮᠳᠡᠭᠴᠦᠳ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ᠎ᠳᠤ ᠦᠢ᠍ᠯᠡᠴᠢᠯᠡᠭᠡ ᠪᠠᠲᠤᠯᠠᠭ᠎ᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ ᠂ ᠣᠢ᠌ᠷ᠎ᠠ ᠵᠢᠨ ᠵᠢᠯ᠎ᠤᠳ᠎ᠲᠠᠬᠢ ᠲᠣᠮᠣ ᠬᠡᠯᠪᠡᠷᠢ ᠵᠢᠨ ᠠᠮᠤᠷ᠎ᠢ ᠬᠠᠮᠠᠭ᠋ᠠᠯᠠᠨ ᠲᠣᠭᠲᠠᠭᠤᠨ᠎ᠢ ᠪᠠᠲᠤᠯᠠᠬᠤ ᠠᠵᠢᠯ᠎ᠳᠤ ᠬᠠᠮᠤᠭ᠎ᠤᠨ ᠰᠠᠢ᠌ᠨ ᠦᠷ᠎ᠡ ᠪᠦᠲᠦᠮᠵᠢ ᠣᠯᠪᠠ ᠃
ᠨᠢᠭᠡ ᠵᠢᠯ᠎ᠤᠨ ᠲᠤᠷᠰᠢ ᠂ ᠪᠢᠳᠠ ᠠᠵᠤ ᠦᠢ᠍ᠯᠡᠰ᠎ᠢ ᠪᠣᠢ᠌ᠵᠢᠭᠤᠯᠬᠤ ᠂ ᠬᠥᠳᠡᠯᠭᠡᠭᠴᠢ ᠴᠢᠳᠠᠪᠤᠷᠢ᠎ᠪᠠᠨ ᠰᠣᠯᠢᠬᠤ ᠵᠢ ᠪᠠᠷᠢᠮᠲᠠᠯᠠᠪᠠ ᠂ 8 ᠲᠣᠮᠣ ᠠᠵᠤ ᠦᠢ᠍ᠯᠡᠰ᠎ᠤᠨ ᠪᠦᠯᠦᠭᠵᠢᠯ ᠪᠠ 12 ᠵᠤᠷᠪᠤᠰ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢ ᠨᠠᠷᠢᠨ ᠨᠢᠮᠪᠠᠢ ᠰᠡᠳᠦᠨ ᠲᠥᠯᠥᠪᠯᠡᠵᠦ ᠂ 《ᠬᠣᠶᠠᠷ ᠵᠢᠷᠤᠭ ᠬᠣᠶᠠᠷ ᠬᠥᠮᠥᠷᠭᠡ ᠬᠣᠶᠠᠷ ᠬᠦᠰᠦᠨᠦᠭᠲᠦ》 ᠵᠢᠨ ᠠᠬᠢᠭᠤᠯᠬᠤ ᠲᠣᠭᠲᠠᠴᠠ ᠵᠢ ᠬᠡᠷᠡᠭᠵᠢᠭᠦᠯᠵᠦ ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠦᠯ ᠵᠦᠢ᠍ᠯ᠎ᠢ 140 ᠪᠠᠢ᠌ᠭᠤᠯᠵᠤ ᠂ ᠬᠡᠯᠬᠢᠶ᠎ᠡ ᠵᠢᠨ ᠭᠣᠣᠯ ᠪᠣᠯᠬᠤ ᠠᠵᠤ ᠠᠬᠤᠢ᠌ᠯᠠᠯ᠎ᠢ ᠵᠠᠭᠤ ᠰᠢᠬᠠᠮ ᠪᠣᠳᠠᠲᠠᠢ᠌ᠵᠢᠭᠤᠯᠵᠤ ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠨᠡᠮᠡᠭᠳᠡᠯ ᠦᠷᠲᠡᠭ᠎ᠢ 15%᠎ᠠᠴᠠ ᠳᠡᠭᠡᠭᠰᠢ ᠨᠡᠮᠡᠭᠳᠡᠭᠦᠯᠵᠦ ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠢ 30%᠎ᠠᠴᠠ ᠳᠡᠭᠡᠭᠰᠢ ᠨᠡᠮᠡᠭᠳᠡᠭᠦᠯᠵᠦ ᠂ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ 40%᠎ᠠᠴᠠ ᠳᠡᠭᠡᠭᠰᠢ ᠨᠡᠮᠡᠭᠳᠡᠭᠦᠯᠪᠡ ᠃ ᠣᠨᠴᠠᠭ᠋ᠠᠢ᠌ᠯᠠᠨ ᠰᠢᠨ᠎ᠡ ᠣᠨᠣᠯᠵᠢᠬᠤᠨ ᠵᠶ᠋ᠠᠷ ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ ᠂ ᠨᠡᠭᠡᠭᠡᠨ ᠠᠰᠢᠭᠯᠠᠬᠤ ᠵᠢ ᠠᠳᠬᠤᠭᠰᠠᠨ ᠮᠥᠷᠲᠡᠭᠡᠨ ᠪᠠᠰᠠ ᠲᠤᠨᠤᠭ ᠲᠥᠬᠦᠭᠡᠷᠦᠮᠵᠢ ᠦᠢ᠍ᠯᠡᠳᠬᠦ ᠵᠢ ᠠᠳᠬᠤᠵᠤ ᠂ ᠲᠥᠪ᠎ᠤᠨ ᠠᠵᠤ ᠠᠬᠤᠢ᠌ᠯᠠᠯ᠎ᠯᠤᠭ᠎ᠠ ᠬᠠᠮᠲᠤᠷᠠᠯᠴᠠᠬᠤ ᠵᠢ ᠠᠬᠢᠭᠤᠯᠤᠭᠰᠠᠨ ᠮᠥᠷᠲᠡᠭᠡᠨ ᠪᠠᠰᠠ ᠣᠷᠣᠨ ᠨᠤᠲᠤᠭ᠎ᠤᠨ ᠠᠵᠤ ᠠᠬᠤᠢ᠌ᠯᠠᠯ᠎ᠤᠨ ᠣᠷᠤᠯᠴᠠᠬᠤ ᠵᠢ ᠠᠬᠢᠭᠤᠯᠤᠨ ᠂ ᠮᠠᠰᠢᠨ ᠴᠣᠭᠴᠠᠯᠠᠪᠤᠷᠢ ᠵᠢ 2000 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠵᠦ ᠂ ᠪᠠᠷᠤᠭ 1 ᠳ᠋ᠦᠩᠰᠢᠭᠤᠷ ᠺᠢᠯᠣᠸᠠᠲ᠎ᠢ ᠴᠣᠬᠣᠯᠠᠪᠤᠷᠢᠯᠠᠨ ᠵᠥᠪᠰᠢᠶᠡᠷᠡᠭᠦᠯᠵᠦ ᠬᠡᠷᠡᠭᠵᠢᠭᠦᠯᠦᠨ ᠂ ᠵᠠᠬ᠎ᠠ ᠳᠡᠯᠭᠡᠭᠦᠷᠴᠢᠯᠡᠭᠰᠡᠨ 6 ᠲᠦᠷᠦᠯ᠎ᠤᠨ ᠬᠡᠷᠡᠭᠯᠡᠭᠡᠨ᠎ᠤ ᠠᠬᠤᠢ ᠲᠠᠯᠠᠪᠠᠢ ᠵᠢᠨ ᠲᠦᠷᠦᠯ ᠵᠦᠢ᠍ᠯ᠎ᠢ 3000 ᠭᠠᠷᠤᠢ ᠲᠦᠮᠡᠨ ᠺᠢᠯᠣᠸᠠᠲ ᠪᠠᠢ᠌ᠭᠤᠯᠵᠤ ᠂ 1300 ᠭᠠᠷᠤᠢ ᠳ᠋ᠦᠩᠰᠢᠭᠤᠷ ᠭ᠋ᠷᠡᠳᠦ᠋ᠰ᠎ᠤᠨ ᠴᠠᠬᠢᠯᠭ᠋ᠠᠨ ᠭᠠᠷᠭ᠋ᠠᠵᠤ ᠂ ᠭᠤᠷᠪᠠᠨ ᠬᠠᠪᠴᠢᠯ᠎ᠤᠨ ᠢᠨᠵᠧᠨᠧᠷᠢᠩ᠎ᠤᠨ ᠨᠢᠭᠡ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠠᠴᠠ ᠳᠠᠪᠠᠪᠠ ᠂ ᠰᠠᠯᠬᠢ ᠭᠡᠷᠡᠯ ᠣᠰᠤᠳᠦ᠋ᠷᠦᠭᠴᠢ ᠨᠥᠭᠡᠴᠡ ᠵᠢᠨ ᠠᠵᠤ ᠦᠢ᠍ᠯᠡᠰ᠎ᠤᠨ ᠪᠦᠯᠦᠭᠵᠢᠯ ᠪᠠ ᠬᠦᠬᠡᠬᠤᠲᠠ ᠪᠤᠭᠤᠲᠤ ᠣᠷᠳᠣᠰ ᠲᠦᠩᠯᠢᠶᠣᠣ ᠵᠢᠨ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠠᠢ᠌ᠭᠤᠯᠵᠤ ᠡᠬᠢᠯᠡᠪᠡ ᠃
ᠨᠢᠭᠡ ᠵᠢᠯ᠎ᠤᠨ ᠲᠤᠷᠰᠢ ᠂ ᠪᠢᠳᠡ ᠥᠭᠡᠷᠡᠴᠢᠯᠡᠯᠲᠡ ᠵᠢ ᠠᠳᠬᠤᠵᠤ ᠨᠡᠭᠡᠭᠡᠯᠲᠡ᠎ᠪᠠᠨ ᠥᠷᠭᠡᠳᠬᠡᠬᠦ ᠵᠢ ᠪᠠᠷᠢᠮᠲᠠᠯᠠᠪᠠ ᠂ ᠪᠦᠬᠦ ᠣᠷᠣᠨ᠎ᠳᠤ ᠬᠠᠯᠠᠮᠰᠢᠯ ᠤᠲᠠᠰᠤ 《12345》 ᠵᠢ ᠳᠡᠯᠭᠡᠷᠡᠭᠦᠯᠦᠨ ᠬᠡᠷᠡᠭᠯᠡᠵᠦ ᠂ ᠴᠤᠤᠷᠢᠶᠠᠲᠤᠨ ᠳᠠᠭ᠋ᠠᠭᠰᠠᠨ ᠨᠤᠷᠮ᠎ᠠ ᠂ ᠭᠦᠢ᠍ᠴᠡᠳᠬᠡᠵᠦ ᠳᠠᠭᠤᠰᠬᠠᠭᠰᠠᠨ ᠨᠣᠷᠮ᠎ᠠ ᠂ ᠬᠠᠨᠤᠮᠵᠢ ᠵᠢᠨ ᠨᠣᠷᠮ᠎ᠠ᠎ᠳᠤ ᠰᠠᠷ᠎ᠠ᠎ᠪᠠᠷ ᠨᠡᠷᠡᠰ᠎ᠤᠨ ᠵᠢᠭᠰᠠᠭ᠋ᠠᠯᠲᠠ ᠬᠢᠵᠦ ᠂ ᠨᠡᠷᠡᠰ᠎ᠲᠤ ᠬᠣᠢ᠌ᠭᠤᠷ ᠵᠢᠭᠰᠠᠭ᠋ᠠᠭᠳᠠᠵᠤ ᠪᠠᠢ᠌ᠭ᠎ᠠ ᠵᠢ᠎ᠨᠢ ᠭᠣᠣᠯᠳᠠᠯᠭ᠎ᠠ᠎ᠲᠠᠢ ᠠᠩᠬᠠᠷᠤᠨ ᠰᠢᠮᠳᠠᠭᠤᠯᠪᠠ ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠂ ᠢᠨᠵᠧᠨᠧᠷᠢᠩ᠎ᠤᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠪᠠ 《ᠭᠡᠷᠡᠴᠢ ᠪᠠ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ 《ᠬᠣᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠥᠷᠨᠢᠭᠦᠯᠦᠨ ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠲᠤ ᠵᠠᠰᠠᠭ ᠵᠠᠬᠢᠷᠭ᠋ᠠᠨ᠎ᠤ ᠡᠷᠬᠡ ᠵᠢᠨ 38 ᠵᠦᠢ᠍ᠯᠡᠰ᠎ᠢ ᠪᠠᠭᠤᠯᠭ᠋ᠠᠨ ᠥᠭᠴᠦ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ ᠵᠢᠨ ᠵᠦᠢ᠍ᠯᠡᠰ᠎ᠤᠨ 72᠎ᠢ ᠬᠦᠴᠦᠨ ᠦᠭᠡᠢ ᠪᠣᠯᠭ᠋ᠠᠵᠦ ᠂ 679 ᠵᠢ᠎ᠨᠢ ᠳᠣᠷᠣᠭᠰᠢ ᠪᠠᠭᠤᠯᠭ᠋ᠠᠨ ᠂ ᠠᠵᠢᠯ ᠶᠠᠪᠤᠳᠠᠯ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ 49.4% ᠂ ᠭᠣᠭᠴᠣᠭ᠎ᠠ ᠵᠢ 20.8% ᠂ ᠮᠠᠲ᠋ᠧᠷᠢᠶᠠᠯ᠎ᠢ 26.5% ᠪᠠᠭ᠋ᠠᠰᠬᠠᠪᠠ ᠂ ᠬᠢᠯᠢ ᠵᠢᠨ ᠪᠣᠭᠣᠮᠲᠠ ᠵᠢᠨ 《ᠥᠩᠭᠡᠷᠡᠭᠦᠯᠬᠦ》 ᠪᠠ 《ᠰᠡᠷᠭᠡᠢ᠌ᠯᠡᠬᠦ》 ᠵᠢ ᠨᠢᠭᠡᠳᠦᠯᠲᠡᠢ ᠲᠥᠯᠥᠪᠯᠡᠨ ᠂ 《ᠲᠤᠯᠤᠭ᠋ᠠᠨ ᠠᠵᠢᠯ᠎ᠢ ᠡᠬᠢᠯᠡᠭᠦᠯᠬᠦ》 ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠴᠦ ᠂ ᠬᠢᠯᠢ᠎ᠪᠠᠷ ᠳᠠᠮᠵᠢᠵᠤ ᠥᠩᠭᠡᠷᠡᠭᠰᠡᠨ ᠳᠤᠮᠳᠠᠳᠦ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ 7337 ᠴᠤᠪᠤᠭ᠎ᠠ ᠪᠠᠢ᠌ᠵᠤ ᠂ 19% ᠨᠡᠮᠡᠭᠳᠡᠨ ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠣᠭ᠎ᠠ 15%15᠎ᠠᠴᠠ ᠳᠡᠭᠡᠭᠰᠢ ᠨᠡᠮᠡᠭᠳᠡᠪᠡ ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠵᠣᠬᠢᠶᠠᠨ ᠪᠠᠢ᠌ᠭᠤᠯᠤᠭᠰᠠᠨ ᠵᠠᠰᠠᠭ ᠪᠠ ᠠᠵᠤ ᠠᠬᠤᠢ᠌ᠯᠠᠯ᠎ᠤᠨ ᠬᠠᠷᠢᠯᠴᠠᠭ᠎ᠠ ᠵᠥᠪᠳᠡᠯᠴᠡᠭᠡ 66 ᠤᠳᠠᠭ᠎ᠠ ᠪᠠᠢ᠌ᠵᠤ ᠂ 257 ᠠᠵᠤ ᠠᠬᠤᠢ᠌ᠯᠠᠯ᠎ᠢ ᠬᠠᠷᠢᠯᠴᠠᠭᠤᠯᠵᠤ ᠂ ᠠᠢ᠌ᠮᠠᠭ ᠬᠤᠲᠠ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ 217 ᠤᠳᠠᠭ᠎ᠠ ᠥᠷᠨᠢᠭᠦᠯᠵᠦ ᠂ ᠪᠦᠬᠦ ᠣᠷᠣᠨ᠎ᠳᠤ 3300 ᠭᠠᠷᠤᠢ ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠣᠷᠣᠭᠤᠯᠤᠨ ᠠᠪᠴᠢᠷᠠᠪᠠ ᠃
ᠨᠢᠭᠡ ᠵᠢᠯ᠎ᠤᠨ ᠲᠤᠷᠰᠢ ᠂ ᠪᠢᠳᠡ ᠣᠷᠤᠭᠤᠯᠤᠯᠲᠠ᠎ᠪᠠᠨ ᠨᠡᠮᠡᠭᠳᠡᠭᠦᠯᠦᠨ ᠰᠢᠨ᠎ᠡ ᠵᠢ ᠡᠭᠦᠳᠬᠦ᠎ᠪᠠᠨ ᠠᠬᠢᠭᠤᠯᠬᠤ ᠵᠢ ᠪᠠᠷᠢᠮᠲᠠᠯᠠᠪᠠ ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠠᠬᠢ ᠣᠷᠤᠭᠤᠯᠤᠯᠲᠠ᠎ᠪᠠᠨ 36.9% ᠨᠡᠮᠡᠭᠳᠡᠭᠦᠯᠦᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠎ᠤ ᠶᠡᠷᠦᠩᠬᠡᠢ᠌ᠯᠡᠭᠰᠡᠨ ᠵᠢᠭ᠋ᠠᠯᠲᠠ ᠲᠣᠭ᠎ᠠ ᠪᠦᠬᠦ ᠤᠯᠤᠰ᠎ᠤᠨ ᠳᠤᠮᠳᠠ ᠵᠡᠷᠭᠡ ᠵᠢᠨ ᠰᠢᠨ᠎ᠡ ᠵᠢ ᠡᠭᠦᠳᠬᠦ ᠭᠠᠵᠠᠷ ᠣᠷᠣᠨ᠎ᠤ ᠡᠩᠨᠡᠭᠡᠨ᠎ᠳᠤ ᠠᠩᠬᠠᠳᠤᠭ᠋ᠠᠷ ᠤᠳᠠᠭ᠎ᠠ ᠵᠢᠭᠰᠠᠭ᠋ᠠᠭᠳᠠᠪᠠ ᠃ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ ᠂ ᠣᠷᠳᠣᠰ᠎ᠲᠠᠬᠢ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠥᠪᠰᠢᠶᠡᠷᠡᠯ ᠣᠯᠵᠤ ᠂ 2 ᠲᠤᠷᠰᠢᠯᠲᠠ ᠵᠢᠨ ᠲᠠᠰᠤᠭ᠎ᠢ ᠪᠦᠬᠦ ᠤᠯᠤᠰ᠎ᠤᠨ ᠭᠣᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠎ᠤᠨ ᠴᠤᠪᠤᠷᠠᠯ᠎ᠳᠤ ᠣᠷᠣᠭᠤᠯᠤᠨ ᠂ ᠤᠯᠤᠰ᠎ᠤᠨ ᠳᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠨ᠎ᠡ ᠡᠭᠦᠳᠦᠯᠲᠡ ᠵᠢᠨ 5 ᠲᠠᠪᠴᠠᠩ᠎ᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠪᠠᠢ᠌ᠭᠤᠯᠵᠤ ᠂ 8 ᠠᠵᠤ ᠠᠬᠤᠢ᠌ᠯᠠᠯ ᠤᠯᠤᠰ᠎ᠤᠨ ᠦᠷ᠎ᠡ ᠡᠭᠦᠯᠳᠡᠷ᠎ᠤᠨ ᠦᠢ᠍ᠯᠡᠰ᠎ᠤᠨ ᠡᠩᠨᠡᠭᠡᠨ᠎ᠤ ᠬᠡᠯᠪᠡᠷᠢ ᠪᠦᠬᠦᠢ ᠠᠵᠤ ᠠᠬᠤᠢ᠌ᠯᠠᠯ ᠪᠣᠯᠵᠤ ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠎ᠢ ᠪᠠᠢ᠌ᠭᠤᠯᠵᠤ ᠡᠵᠡᠩᠨᠡᠨ ᠠᠵᠢᠯᠯᠠᠭᠤᠯᠵᠤ ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ 300 ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ 760 ᠰᠢᠨ᠎ᠡ᠎ᠪᠠᠷ ᠨᠡᠮᠡᠭᠳᠡᠪᠡ ᠃ 5 ᠠᠺᠠᠳᠧᠮᠢᠴᠢ ᠵᠢ ᠣᠷᠣᠭᠤᠯᠤᠨ ᠠᠪᠴᠢᠷᠠᠵᠤ ᠂ ᠠᠺᠠᠳᠧᠮᠢᠴᠢ ᠦᠭᠡᠢ ᠪᠠᠢ᠌ᠳᠠᠯ᠎ᠢ ᠡᠴᠦᠰᠯᠡᠭᠦᠯᠪᠡ ᠃ 《ᠵᠠᠷᠯᠠᠯ ᠨᠡᠢ᠌ᠲᠡᠯᠡᠵᠦ ᠬᠣᠰᠢᠭᠤᠷᠠᠨ ᠠᠵᠢᠯᠯᠠᠬᠤ》 ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ 26 ᠲᠦᠷᠦᠯ ᠵᠦᠢ᠍ᠯ᠎ᠢ ᠬᠡᠷᠡᠭᠵᠢᠭᠦᠯᠵᠦ ᠂ ᠨᠢᠭᠡ ᠪᠦᠯᠦᠭ ᠮᠡᠷᠭᠡᠵᠢᠯ᠎ᠳᠤ ᠪᠣᠭᠣᠮᠲᠠ ᠰᠢᠪᠲᠤᠯᠤᠭᠰᠠᠨ ᠪᠠ ᠠᠵᠤ ᠦᠢ᠍ᠯᠡᠰᠵᠢᠭᠦᠯᠦᠭᠰᠡᠨ ᠬᠡᠷᠡᠭᠯᠡᠭᠡᠨ᠎ᠤ ᠦᠷ᠎ᠡ ᠪᠦᠲᠦᠭᠡᠯ᠎ᠢ ᠣᠯᠪᠠ ᠃
ᠨᠢᠭᠡ ᠵᠢᠯ᠎ᠤᠨ ᠲᠤᠷᠰᠢ ᠂ ᠪᠢᠳᠡ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠂ ᠠᠷᠠᠳ᠎ᠢ ᠪᠠᠶᠠᠰᠬᠠᠬᠤ ᠵᠢ ᠪᠠᠷᠢᠮᠲᠠᠯᠠᠪᠠ ᠂ ᠠᠵᠢᠯ ᠣᠯᠭᠣᠯᠲᠠ ᠂ ᠡᠮᠴᠢᠯᠡᠭᠡ ᠂ ᠨᠡᠢ᠌ᠭᠡᠮ᠎ᠤᠨ ᠪᠠᠲᠤᠯᠠᠭ᠎ᠠ ᠵᠡᠷᠭᠡ ᠵᠠᠷᠤᠯᠭ᠎ᠠ᠎ᠳᠤ ᠬᠣᠶᠠᠷ ᠣᠷᠣᠨᠲᠤ ᠨᠡᠮᠡᠭᠳᠡᠯ᠎ᠲᠠᠢ ᠪᠣᠯᠬᠤ ᠵᠢ ᠪᠠᠲᠤᠯᠠᠵᠤ ᠂ ᠬᠤᠲᠠ ᠪᠠᠯᠭ᠋ᠠᠰᠤᠨ᠎ᠤ ᠠᠵᠢᠯ ᠣᠯᠣᠭᠰᠠᠳ᠎ᠢ ᠰᠢᠨ᠎ᠡ᠎ᠪᠠᠷ ᠨᠡᠮᠡᠭᠳᠡᠭᠦᠯᠬᠦ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ ᠂ ᠰᠡᠷᠭᠡᠢ᠌ᠯᠡᠨ ᠠᠵᠢᠭᠯᠠᠬᠤ᠎ᠳᠤ ᠪᠠᠢ᠌ᠭᠰᠠᠳᠤᠨ ᠪᠤᠴᠠᠭ᠋ᠠᠳ ᠶᠠᠳᠠᠭᠤᠷᠠᠬᠤ ᠪᠠ ᠶᠠᠳᠠᠭᠤ ᠪᠠᠢ᠌ᠳᠠᠯ᠎ᠳᠤ ᠣᠷᠣᠬᠤ ᠲᠦᠭᠰᠢᠭᠦᠷᠢ ᠵᠢ ᠬᠥᠳᠡᠯᠦᠩᠭᠦᠢ᠎ᠪᠠᠷ ᠦᠭᠡᠢ᠌ᠰᠬᠡᠪᠡ ᠃ ᠤᠯᠤᠰ᠎ᠤᠨ ᠲᠡᠷᠢᠭᠦᠨ ᠳᠡᠰ᠎ᠤᠨ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠵᠢᠨ ᠴᠡᠭ᠎ᠢ 146 ᠡᠭᠦᠳᠦᠨ ᠪᠠᠢ᠌ᠭᠤᠯᠵᠤ ᠂ ᠶᠡᠬᠡ ᠳᠡᠭᠡᠳᠦ ᠰᠤᠷᠭ᠋ᠠᠭᠤᠯᠢ ᠵᠢᠨ A ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠪᠠᠢ᠌ᠭᠰᠠᠨ ᠦᠭᠡᠢ ᠪᠠᠢ᠌ᠳᠠᠯ᠎ᠳᠤ ᠰᠢᠪᠲᠤᠯᠤᠯᠲᠠ᠎ᠲᠠᠢ ᠪᠣᠯᠵᠤ ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠲᠠᠢ ᠲᠤᠰᠬᠠᠢ ᠮᠡᠷᠭᠡᠵᠢᠯ᠎ᠤᠨ ᠲᠤᠷᠰᠢᠯᠲᠠ ᠵᠢᠨ ᠴᠡᠭ ᠪᠠ 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠵᠢ ᠬᠡᠷᠡᠭᠵᠢᠭᠦᠯᠵᠦ ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠳ᠋ᠡ ᠶᠠᠩ ᠱᠦ᠍ ᠪᠠᠯᠭ᠋ᠠᠰᠤᠨ᠎ᠳᠤ ᠶᠡᠬᠡ ᠰᠤᠷᠭ᠋ᠠᠭᠤᠯᠢ᠎ᠳᠤ ᠰᠢᠯᠭ᠋ᠠᠭᠤᠯᠬᠤ ᠴᠡᠭ ᠲᠣᠬᠢᠷᠠᠭᠤᠯᠵᠤ ᠂ ᠲᠤᠬᠠᠢ ᠵᠢᠨ ᠭᠠᠵᠠᠷ᠎ᠤᠨ ᠰᠢᠯᠭ᠋ᠠᠭᠤᠯᠬᠤ ᠰᠣᠷᠣᠭᠴᠢ 34 ᠵᠢᠯ 《ᠣᠨᠳᠣᠣ ᠭᠠᠵᠠᠷ᠎ᠲᠤ ᠶᠡᠬᠡ ᠰᠤᠷᠭ᠋ᠠᠭᠤᠯᠢ᠎ᠳᠤ ᠰᠢᠯᠭ᠋ᠠᠬᠤ ᠰᠢᠯᠭ᠋ᠠᠯᠲᠠ᠎ᠳᠤ ᠣᠷᠣᠯᠴᠠᠵᠣ》 ᠪᠠᠢ᠌ᠭᠰᠠᠨ ᠲᠡᠦᠬᠡ ᠵᠢ ᠡᠴᠦᠰᠯᠡᠭᠦᠯᠪᠡ ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠵᠦ ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ 885 ᠪᠠᠢ᠌ᠭᠤᠯᠪᠠ ᠃ ᠤᠷᠠᠨ ᠰᠠᠢ᠌ᠬᠠᠨ᠎ᠤ ᠰᠣᠳᠣᠨ ᠪᠦᠲᠦᠭᠡᠯ ᠵᠠᠯᠭ᠋ᠠᠭ᠎ᠠ᠎ᠪᠠᠷ ᠭᠠᠷᠴᠤ ᠂ ᠪᠥᠵᠢᠭᠲᠦ ᠵᠦᠴᠦᠭᠡ 《ᠮᠣᠷᠢᠲᠤ ᠴᠡᠷᠢᠭ》 ᠸᠧᠨ ᠬᠤᠸᠠ ᠱᠠᠩᠨᠠᠯ ᠬᠦᠷᠲᠡᠵᠦ ᠂ ᠪᠥᠵᠢᠭ 《ᠣᠢ ᠰᠢᠭᠤᠢ᠎ᠳᠠᠬᠢ ᠪᠡᠭᠡᠯᠡᠢ》 ᠣᠯᠠᠨ ᠲᠦᠮᠡᠨ᠎ᠤ ᠤᠷᠠᠯᠢᠭ᠎ᠤᠨ ᠣᠳᠣᠨ ᠱᠠᠩᠨᠠᠯ ᠬᠦᠷᠲᠡᠵᠦ ᠂ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠪᠡ ᠃ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ 1571 ᠂ ᠬᠠᠭᠤᠴᠢᠨ ᠬᠣᠭᠣᠯᠠᠢ ᠭᠤᠤᠷᠰᠤ ᠵᠢᠨ ᠲᠣᠣᠷ᠎ᠢ 2170 ᠺᠢᠯᠣᠮᠧᠲᠷ ᠥᠭᠡᠷᠡᠴᠢᠯᠡᠨ ᠰᠢᠨᠡᠳᠬᠡᠵᠦ ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 6261 ᠺᠢᠯᠣᠮᠧᠲᠷ ᠳᠡᠪᠢᠰᠴᠦ ᠂ ᠡᠷᠦᠬᠡ ᠵᠢᠨ ᠵᠣᠷᠯᠤᠩ᠎ᠢ 10 ᠲᠦᠮᠡ ᠭᠠᠷᠤᠢ ᠥᠭᠡᠷᠡᠴᠢᠯᠡᠨ ᠰᠢᠨᠡᠳᠬᠡᠵᠦ ᠂ ᠬᠤᠲᠠ ᠬᠥᠳᠡᠭᠡ ᠵᠢᠨ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠤᠨ ᠲᠣᠬᠢᠷᠠᠮᠵᠢᠲᠤ ᠴᠢᠨᠠᠷ ᠪᠠ ᠠᠮᠤᠷ ᠲᠦᠪᠰᠢᠨ ᠴᠢᠨᠠᠷ᠎ᠢ ᠳᠡᠭᠡᠭᠰᠢᠯᠡᠭᠦᠯᠪᠡ ᠃
ᠨᠢᠭᠡ ᠵᠢᠯ᠎ᠤᠨ ᠲᠤᠷᠰᠢ ᠂ ᠪᠢᠳᠡ ᠦᠨᠳᠦᠰᠦᠨ ᠱᠠᠲᠤ ᠵᠢ ᠪᠠᠲᠤᠯᠠᠬᠤ ᠂ ᠭᠣᠣᠯ ᠴᠣᠭᠴᠠ᠎ᠪᠠᠨ ᠪᠠᠲᠤᠯᠠᠬᠤ ᠵᠢ ᠪᠠᠷᠢᠮᠲᠠᠯᠠᠪᠠ ᠂ ᠡᠳ᠋᠎ᠤᠨ ᠬᠦᠴᠦᠨ᠎ᠤ ᠴᠢᠨᠠᠷᠲᠠᠢ ᠰᠢᠯᠵᠢᠭᠦᠯᠦᠨ ᠲᠥᠯᠥᠬᠦ ᠵᠠᠷᠤᠯᠭ᠎ᠠ ᠵᠢ 1484 ᠳ᠋ᠦᠩᠰᠢᠭᠤᠷ ᠲᠥᠭᠥᠷᠢᠭ ᠪᠠᠭᠤᠯᠭ᠋ᠠᠵᠤ ᠂ 《ᠳᠦᠷᠪᠡᠨ ᠨᠢᠭᠡ ᠪᠦᠯᠦᠭ》᠎ᠢ ᠬᠡᠷᠡᠭᠵᠢᠭᠦᠯᠦᠨ ᠦᠨᠳᠦᠰᠦᠨ ᠱᠠᠲᠤ ᠵᠢ ᠬᠠᠪᠰᠤᠷᠴᠤ ᠪᠠᠢ᠌ᠭ᠋ᠠᠳ 300 ᠳ᠋ᠦᠩᠰᠢᠭᠤᠷ ᠲᠥᠭᠥᠷᠢᠭ ᠰᠢᠬᠠᠮ᠎ᠤᠨ ᠥᠷᠢ ᠥᠭᠴᠡᠭᠡ ᠵᠢ᠎ᠨᠢ ᠠᠷᠢᠯᠭ᠋ᠠᠵᠤ ᠥᠭᠪᠡ ᠃ ᠰᠣᠶᠣᠯ ᠵᠢᠭᠤᠯᠴᠢᠯᠠᠯ᠎ᠤᠨ ᠪᠡᠯᠡ ᠣᠷᠤᠭᠤᠯᠤᠯᠲᠠ ᠵᠢᠨ ᠪᠦᠯᠦᠭᠯᠡᠯ ᠪᠠ ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠺᠣᠮᠫᠠᠨᠢ ᠵᠢ ᠰᠢᠨ᠎ᠡ᠎ᠪᠠᠷ ᠪᠠᠢ᠌ᠭᠤᠯᠵᠤ ᠂ ᠡᠨᠧᠷᠬᠢ ᠵᠢᠨ ᠪᠦᠯᠦᠭᠯᠡᠯ᠎ᠤᠨ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠵᠦ ᠂ ᠠᠯᠳᠠᠪᠤᠷᠢ᠎ᠲᠠᠢ ᠪᠠᠢ᠌ᠭᠰᠠᠨ᠎ᠠᠴᠠ ᠣᠯᠵᠠᠪᠤᠷᠢ᠎ᠲᠠᠢ ᠪᠣᠯᠬᠤ ᠵᠢ ᠨᠢᠭᠡ ᠵᠢᠯ᠎ᠤᠨ ᠳᠣᠲᠣᠷ᠎ᠠ ᠪᠡᠶᠡᠯᠡᠭᠦᠯᠪᠡ ᠃ ᠰᠢᠨ᠎ᠡ ᠨᠡᠮᠡᠭᠳᠡᠭᠰᠡᠨ ᠭᠠᠢ᠌ᠯᠢ ᠵᠢ ᠬᠥᠩᠭᠡᠷᠡᠭᠦᠯᠵᠦ ᠰᠦᠢ᠍ᠳᠬᠡᠯ᠎ᠢ ᠪᠠᠭᠤᠷᠠᠭᠤᠯᠬᠤ ᠂ ᠲᠤᠯᠭ᠋ᠠᠨ ᠰᠠᠭᠤᠯᠭ᠋ᠠᠵᠤ ᠦᠯᠡᠳᠡᠪᠦᠷᠢ ᠭᠠᠢ᠌ᠯᠢ ᠵᠢ ᠪᠤᠴᠠᠭ᠋ᠠᠬᠤ ᠂ ᠭᠠᠢ᠌ᠯᠢ ᠵᠢ ᠬᠣᠢ᠌ᠰᠢᠯᠠᠭᠤᠯᠤᠨ ᠲᠤᠰᠢᠶᠠᠬᠤ ᠵᠠᠷᠤᠳᠠᠯ᠎ᠨᠢ 600 600 ᠳ᠋ᠦᠩᠰᠢᠭᠤᠷ ᠲᠥᠭᠥᠷᠢᠭ᠎ᠢ ᠳᠠᠪᠠᠵᠤ ᠂ ᠵᠠᠬ᠎ᠠ ᠳᠡᠯᠭᠡᠭᠦᠷ᠎ᠤᠨ ᠭᠣᠣᠯ ᠴᠣᠭᠴᠠ 36.84 ᠲᠦᠮᠡᠨ ᠡᠷᠦᠬᠡ ᠰᠢᠨ᠎ᠡ᠎ᠪᠠᠷ ᠨᠡᠮᠡᠭᠳᠡᠪᠡ ᠃ ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ᠎ᠢ 1.05 ᠲᠦᠮᠡᠨ ᠢᠵᠢ ᠪᠠᠢ᠌ᠭᠤᠯᠤᠨ ᠳᠠᠭᠤᠰᠬᠠᠵᠤ ᠂ ᠤᠷᠢᠳᠴᠢᠯᠠᠨ ᠬᠤᠳᠠᠯᠳᠤᠵᠤ ᠠᠪᠬᠤ ᠪᠡᠯᠡ ᠮᠥᠩᠭᠥ᠎ᠳᠤ ᠬᠢᠨᠠᠯᠲᠠ ᠬᠠᠮᠢᠶᠠᠷᠤᠯᠲᠠ ᠵᠢ ᠪᠦᠷᠢᠨ ᠪᠦᠷᠬᠦᠭᠦᠯᠪᠡ ᠃
ᠨᠢᠭᠡ ᠵᠢᠯ᠎ᠤᠨ ᠲᠤᠷᠰᠢ ᠂ ᠪᠢᠳᠡ ᠠᠮᠢ ᠠᠬᠤᠢ ᠵᠢ ᠬᠠᠮᠠᠭ᠋ᠠᠯᠠᠬᠤ ᠂ ᠠᠷᠪᠢᠯᠠᠨ ᠭᠠᠮᠨᠠᠬᠤ᠎ᠪᠠᠨ ᠠᠬᠢᠭᠤᠯᠬᠤ ᠵᠢ ᠪᠠᠷᠢᠮᠲᠠᠯᠠᠪᠠ ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ 《ᠭᠤᠷᠪᠠᠨ ᠲᠦᠷᠦᠯ᠎ᠤᠨ ᠣᠷᠣᠨ ᠵᠠᠢ ᠵᠢᠨ ᠲᠣᠭᠣᠷᠢᠭ ᠪᠠ ᠭᠤᠷᠪᠠᠨ ᠵᠤᠷᠪᠤᠰ ᠬᠢᠵᠠᠭ᠋ᠠᠷᠯᠠᠬᠤ ᠱᠤᠭᠤᠮ》᠎ᠢ ᠬᠤᠪᠢᠶᠠᠷᠢᠯᠠᠨ ᠲᠣᠭᠲᠠᠭ᠋ᠠᠬᠤ᠎ᠪᠠᠨ ᠪᠡᠶᠡᠯᠡᠭᠦᠯᠵᠦ ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠭᠰᠠᠨ ᠵᠢᠴᠢ ᠴᠡᠭᠴᠡᠯᠡᠨ ᠰᠠᠢ᠌ᠵᠢᠷᠠᠭᠤᠯᠬᠤ ᠵᠦᠢ᠍ᠯ᠎ᠢ ᠨᠠᠢ᠌ᠳᠠᠪᠤᠷᠢᠵᠢᠭᠤᠯᠬᠤ᠎ᠪᠠᠨ ᠭᠦᠨᠵᠡᠭᠡᠢ᠌ᠷᠡᠭᠦᠯᠵᠦ ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ ᠂ ᠠᠮᠢ ᠠᠬᠤᠢ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠢ᠌ᠵᠢᠷᠠᠭᠤᠯᠪᠠ ᠃ 《ᠬᠣᠣᠰ ᠨᠡᠭᠦᠷᠡᠰᠦᠳᠦ᠋ᠷᠦᠭᠴᠢ》 ᠵᠢᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂ ᠨᠡᠭᠦᠷᠡᠰᠦ ᠴᠠᠬᠢᠯᠭ᠋ᠠᠨ᠎ᠤ 《ᠭᠤᠷᠪᠠ ᠵᠢ ᠥᠭᠡᠷᠡᠴᠢᠯᠡᠨ ᠰᠢᠨᠡᠳᠬᠡᠬᠦ᠎ᠪᠠᠨ ᠬᠣᠯᠪᠤᠭ᠋ᠠᠯᠠᠨ ᠬᠥᠳᠡᠯᠦᠯᠴᠡᠭᠦᠯᠬᠦ》 ᠪᠠ 《ᠵᠠᠰᠠᠮᠠᠯ ᠵᠠᠮ᠎ᠠᠴᠠ ᠲᠡᠮᠦᠷ ᠵᠠᠮ᠎ᠳᠤ ᠰᠢᠯᠵᠢᠭᠦᠯᠬᠦ》 ᠂ 《ᠰᠤᠯᠠ᠎ᠠᠴᠠ ᠴᠢᠩᠭᠡᠯᠢᠭ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ》 ᠵᠢ ᠠᠬᠢᠭᠤᠯᠵᠤ ᠂ ᠣᠶᠤᠨᠯᠢᠭ ᠬᠦᠷᠢᠶᠡᠯᠡᠩ ᠲᠣᠭᠣᠷᠢᠭ᠎ᠢ 55 ᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠢ 4 ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ 2 ᠡᠭᠦᠳᠦᠨ ᠪᠠᠢ᠌ᠭᠤᠯᠪᠠ ᠃ 《ᠲᠠᠪᠤ ᠵᠢ ᠲᠤᠢ᠌ᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠵᠦ ᠂ ᠲᠦᠮᠡ ᠰᠢᠬᠠᠮ ᠲᠦᠷᠦᠯ ᠵᠦᠢ᠍ᠯ ᠂ 64 ᠳ᠋ᠦᠩᠰᠢᠭᠤᠷ ᠭᠠᠷᠤᠢ ᠲᠥᠭᠥᠷᠢᠭ᠎ᠤᠨ ᠪᠡᠯᠡ ᠮᠥᠩᠭᠥ ᠂ 13 ᠲᠦᠮᠡ ᠭᠠᠷᠤᠢ ᠮᠦ᠍ ᠭᠠᠵᠠᠷ ᠰᠢᠷᠣᠢ ᠵᠢ ᠠᠮᠢᠵᠢᠷᠠᠭᠤᠯᠪᠠ ᠃
ᠲᠥᠯᠥᠭᠡᠯᠡᠭᠴᠢᠳ ᠠ᠋ ! ᠨᠢᠭᠡ ᠵᠢᠯ᠎ᠤᠨ ᠠᠵᠢᠯ ᠵᠶ᠋ᠠᠨ ᠡᠷᠭᠢᠴᠡᠭᠦᠯᠵᠦ ᠂ ᠥᠩᠭᠡᠷᠡᠭᠰᠡᠨ ᠲᠠᠪᠤᠨ ᠵᠢᠯ ᠵᠶ᠋ᠠᠨ ᠬᠠᠷᠠᠬᠤᠶ᠎ᠠ ᠂ ᠠᠮᠵᠢᠯᠲᠠ ᠪᠦᠬᠦᠨ ᠂ ᠳᠠᠪᠰᠢᠯᠲᠠ ᠪᠣᠯᠭ᠋ᠠᠨ ᠪᠣᠯ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠵᠢᠭ᠋ᠠᠨ ᠤᠳᠤᠷᠢᠳᠤᠭᠰᠠᠨ᠎ᠤ ᠦᠷ᠎ᠡ ᠳ᠋ᠦᠩ ᠪᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ᠎ᠪᠠᠷ ᠵᠢᠯᠣᠭᠣᠳᠤᠨ ᠳᠠᠭ᠋ᠠᠭᠤᠯᠤᠭᠰᠠᠨᠤ ᠦᠷ᠎ᠡ ᠳ᠋ᠦᠩ ᠪᠣᠯᠣᠨ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠬᠠᠮᠲᠤ᠎ᠪᠠᠷ ᠲᠡᠮᠡᠴᠡᠵᠦ ᠂ ᠪᠣᠳᠠᠲᠠᠢ᠎ᠪᠠᠷ ᠠᠵᠢᠯᠯᠠᠵᠤ ᠂ ᠴᠢᠷᠮᠠᠢ᠌ᠨ ᠲᠡᠮᠡᠴᠡᠭᠰᠡᠨ᠎ᠤ ᠦᠷ᠎ᠡ ᠳ᠋ᠦᠩ ᠪᠥᠭᠡᠳ ᠨᠡᠢ᠌ᠭᠡᠮ᠎ᠤᠨ ᠡᠯ᠎ᠡ ᠡᠲᠡᠭᠡᠳ ᠪᠠ ᠡᠯ᠎ᠡ ᠲᠠᠯ᠎ᠠ ᠵᠢᠨ᠎ᠬᠢᠨ᠎ᠤ ᠬᠦᠴᠦᠲᠡᠢ ᠳᠡᠮᠵᠢᠭᠰᠡᠨ᠎ᠤ ᠦᠷ᠎ᠡ ᠳ᠋ᠦᠩ ᠪᠣᠯᠣᠨ᠎ᠠ ! ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠂ ᠥᠪᠥᠷ ᠮᠣᠩᠭᠣᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠠᠢ᠌ᠵᠠ ᠨᠥᠬᠥᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ !
ᠬᠣᠶᠠᠷ ᠂ ᠬᠣᠢ᠌ᠰᠢᠳᠠ ᠵᠢᠨ ᠲᠠᠪᠤᠨ ᠵᠢᠯ᠎ᠤᠨ ᠬᠥᠭᠵᠢᠯᠲᠡ ᠵᠢᠨ ᠲᠤᠬᠠᠢ
ᠬᠣᠢ᠌ᠰᠢᠳᠠ ᠵᠢᠨ ᠲᠠᠪᠤᠨ ᠵᠢᠯ ᠪᠣᠯ ᠮᠠᠨ᠎ᠤ ᠤᠯᠤᠰ᠎ᠤᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠡᠬᠢᠯᠡᠭᠦᠯᠬᠦ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ ᠂ ᠮᠥᠨ ᠴᠦ᠍ ᠥᠪᠥᠷ ᠮᠣᠩᠭᠣᠯ᠎ᠤᠨ ᠰᠢᠨ᠎ᠡ ᠡᠬᠢᠯᠡᠯᠲᠠ ᠵᠢᠨ ᠴᠡᠭ ᠳᠡᠭᠡᠷ᠎ᠡ ᠲᠦᠷᠭᠡᠨ ᠬᠥᠭᠵᠢᠬᠦ ᠪᠠ ᠴᠢᠨᠠᠷ ᠰᠠᠢ᠌ᠲᠠᠢ ᠬᠥᠭᠵᠢᠬᠦ ᠴᠢᠬᠤᠯᠠ ᠬᠤᠭᠤᠴᠠᠭ᠎ᠠ ᠪᠣᠯᠣᠨ᠎ᠠ ᠃ ᠵᠠᠰᠠᠭ᠎ᠤᠨ ᠣᠷᠳᠣᠨ᠎ᠤ ᠠᠵᠢᠯ᠎ᠢ ᠰᠠᠢ᠌ᠲᠤᠷ ᠬᠢᠬᠦ᠎ᠳᠤ ᠂ 《ᠬᠣᠶᠠᠷ᠎ᠢ ᠲᠣᠭᠲᠠᠭ᠋ᠠᠭᠰᠠᠨ》 ᠰᠢᠢ᠍ᠳᠪᠦᠷᠢᠯᠡᠬᠦ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠤᠬᠠᠵᠤ ᠂ ᠨᠡᠩ ᠡᠷᠡᠰ ᠰᠢᠭᠤᠷᠬᠠᠢ᠎ᠪᠠᠷ ᠰᠠᠨᠠᠭ᠋ᠠᠴᠢᠯᠠᠭ᠎ᠠ᠎ᠠᠴᠠ᠎ᠪᠠᠨ 《ᠬᠣᠶᠠᠷ᠎ᠢ ᠬᠠᠮᠠᠭ᠋ᠠᠯᠠᠬᠤ》 ᠵᠢ ᠭᠦᠢ᠍ᠴᠡᠳᠬᠡᠵᠦ ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠦ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ ᠂ ᠵᠥᠪ ᠣᠨᠤᠪᠴᠢᠲᠠᠢ ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠂ ᠬᠥᠭᠵᠢᠯᠲᠡ ᠵᠢᠨ ᠰᠢᠨ᠎ᠡ ᠪᠠᠢ᠌ᠷᠢᠰᠢᠯ᠎ᠳᠤ ᠢᠳᠡᠪᠬᠢᠲᠡᠢ ᠦᠢ᠍ᠯᠡᠴᠢᠯᠡᠬᠦ ᠪᠠ ᠠᠭᠤᠰᠤᠯᠴᠠᠵᠤ ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠰᠤᠷᠲᠠᠯᠴᠢᠯᠠᠵᠤ ᠂ ᠶᠡᠷᠦᠩᠬᠡᠢ ᠱᠦᠵᠢ ᠰᠢ ᠵᠢᠨ ᠫᠢᠩ᠎ᠠᠴᠠ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠵᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ᠎ᠢ ᠨᠡᠩ ᠦᠵᠡᠰᠭᠦᠯᠡᠩ ᠰᠠᠢ᠌ᠬᠠᠨ ᠪᠣᠯᠭ᠋ᠠᠵᠣ ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠂ ᠲᠣᠮᠳᠠᠳᠣ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠡᠨᠳᠣᠯᠳᠡ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠥᠪᠥᠷ ᠮᠣᠩᠭᠣᠯ᠎ᠤᠨ ᠵᠶ᠋ᠠᠨ ᠬᠤᠪᠢ ᠨᠡᠮᠡᠷᠢ ᠵᠢ ᠦᠵᠡᠭᠦᠯᠦᠨ᠎ᠡ ᠃
ᠪᠠᠢ᠌ᠳᠠᠯ᠎ᠢ ᠶᠡᠷᠦᠩᠬᠡᠢ᠌ᠯᠡᠨ ᠵᠠᠳᠠᠯᠪᠠᠯ ᠂ ᠮᠠᠨ᠎ᠤ ᠣᠷᠣᠨ᠎ᠤ ᠬᠥᠭᠵᠢᠯᠲᠡ᠎ᠳᠤ ᠠᠵᠠ ᠲᠣᠬᠢᠶᠠᠯ ᠪᠠᠢ᠌ᠬᠤ ᠮᠥᠷᠲᠡᠭᠡᠨ ᠥᠷᠢᠰᠦᠯᠳᠦᠭᠡᠨ ᠴᠦ᠍ ᠲᠤᠯᠭ᠋ᠠᠷᠠᠵᠤ ᠪᠠᠢ᠌ᠨ᠎ᠠ ᠃ ᠣᠳᠣᠬᠠᠨ᠎ᠳᠠᠬᠢ ᠮᠠᠨ᠎ᠤ ᠤᠯᠤᠰ᠎ᠤᠨ ᠭᠠᠳᠠᠷ ᠲᠠᠯ᠎ᠠ ᠵᠢᠨ ᠣᠷᠴᠢᠨ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠵᠤ ᠂ ᠬᠥᠭᠵᠢᠯᠲᠡ᠎ᠳᠤ ᠲᠣᠬᠲᠠᠭ᠋ᠠᠯᠲᠦ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢ᠍ᠯ ᠨᠡᠮᠡᠭᠳᠡᠵᠦ ᠪᠠᠢ᠌ᠨ᠎ᠠ ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ ᠂ ᠡᠨᠧᠷᠬᠢ ᠵᠢᠨ ᠠᠮᠤᠷ ᠲᠦᠪᠰᠢᠨ ᠂ ᠠᠮᠤ ᠪᠤᠳᠠᠭ᠋ᠠᠨ᠎ᠤ ᠠᠮᠤᠷ ᠲᠦᠪᠰᠢᠨ ᠂ ᠠᠵᠤ ᠦᠢ᠍ᠯᠡᠰ᠎ᠤᠨ ᠠᠮᠤᠷ ᠲᠦᠪᠰᠢᠨ ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠠᠲᠤᠯᠠᠬᠤ ᠠᠵᠢᠯ᠎ᠳᠠᠬᠢ ᠥᠪᠥᠷ ᠮᠣᠩᠭᠣᠯ᠎ᠤᠨ ᠬᠠᠷᠢᠭᠤᠴᠠᠯᠭ᠎ᠠ ᠨᠡᠩ ᠲᠣᠪᠣᠢ᠌ᠮ᠎ᠠ ᠪᠣᠯᠵᠤ ᠂ 《ᠬᠣᠣᠰ ᠨᠡᠭᠦᠷᠡᠰᠦᠳᠦ᠋ᠷᠦᠭᠴᠢ》 ᠵᠢᠨ ᠠᠬᠤᠢ ᠪᠠᠢ᠌ᠳᠠᠯ᠎ᠳᠠᠬᠢ ᠠᠵᠤ ᠦᠢ᠍ᠯᠡᠳᠪᠦᠷᠢ ᠲᠠᠷᠢᠶᠠᠯᠠᠩ᠎ᠤᠨ ᠥᠷᠭᠡᠨ ᠬᠡᠷᠡᠭᠴᠡᠭᠡᠨ᠎ᠤ ᠦᠢ᠍ᠯᠡᠳᠬᠦᠨ ᠪᠦᠲᠦᠭᠡᠭᠳᠡᠬᠦᠨ᠎ᠤ ᠪᠦᠬᠦ ᠤᠯᠤᠰ᠎ᠤᠨ ᠬᠥᠭᠵᠢᠯᠲᠡ ᠵᠢ ᠰᠠᠭᠤᠷᠢ᠎ᠠᠴᠠ᠎ᠨᠢ ᠪᠠᠲᠤᠯᠠᠬᠤ᠎ᠳᠤ ᠦᠵᠡᠭᠦᠯᠬᠦ ᠦᠢ᠍ᠯᠡᠳᠦᠯ ᠂ ᠠᠵᠤ ᠠᠬᠤᠢ ᠵᠢᠨ ᠲᠣᠮᠣ ᠮᠤᠵᠢ ᠵᠢᠨ ᠬᠥᠭᠵᠢᠯᠲᠡ᠎ᠳᠤ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠬᠦ ᠶᠠᠪᠤᠳᠠᠯ ᠨᠡᠩ ᠲᠣᠪᠣᠢ᠌ᠮ᠎ᠠ ᠪᠣᠯᠵᠤ ᠂ ᠡᠨᠧᠷᠬᠢ ᠂ ᠡᠬᠢ ᠪᠠᠶᠠᠯᠢᠭ ᠂ ᠭᠠᠵᠠᠷ ᠣᠷᠣᠨ ᠂ ᠨᠤᠲᠤᠭ ᠳᠡᠪᠢᠰᠬᠡᠷ ᠵᠡᠷᠭᠡ ᠲᠠᠯ᠎ᠠ᠎ᠪᠠᠷ᠎ᠬᠢ ᠶᠡᠷᠦᠩᠬᠡᠢ᠌ᠯᠡᠭᠰᠡᠨ ᠳᠠᠪᠠᠭᠤᠯᠢᠭ ᠲᠠᠯ᠎ᠠ ᠨᠡᠩ ᠲᠣᠪᠣᠢ᠌ᠮ᠎ᠠ ᠪᠣᠯᠵᠤ ᠪᠠᠢ᠌ᠨ᠎ᠠ ᠃ ᠡᠭᠦᠨ᠎ᠤ ᠬᠠᠮᠲᠤ ᠂ ᠮᠠᠨ᠎ᠤ ᠣᠷᠣᠨ᠎ᠤ ᠬᠥᠭᠵᠢᠯᠲᠡ᠎ᠳᠤ ᠪᠠᠰᠠ ᠮᠠᠰᠢ ᠣᠯᠠᠨ ᠬᠥᠭᠵᠢᠨ ᠪᠣᠢ᠌ᠵᠢᠬᠤ ᠶᠠᠪᠤᠴᠠ᠎ᠳᠠᠬᠢ 《ᠪᠤᠬᠢᠨᠢᠳᠤᠯ》 ᠪᠠ ᠬᠡᠯᠪᠡᠷᠢ᠎ᠪᠠᠨ ᠬᠤᠪᠢᠷᠠᠭᠤᠯᠬᠤ ᠶᠠᠪᠤᠴᠠ᠎ᠳᠠᠬᠢ ᠬᠦᠴᠢᠷᠳᠡᠯ ᠲᠤᠯᠭ᠋ᠠᠷᠠᠵᠤ ᠪᠠᠢ᠌ᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠢ ᠃ ᠨᠢᠭᠡ᠎ᠳᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠶᠡᠬᠡ ᠪᠢᠰᠢ ᠪᠠᠢ᠌ᠨ᠎ᠠ ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠰᠠᠶᠢᠬᠠᠨ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭ᠋ᠠᠳ ᠪᠦᠬᠦ ᠤᠯᠤᠰ᠎ᠤᠨ 21᠎ᠳᠤ ᠣᠷᠣᠵᠤ ᠂ ᠮᠠᠨ᠎ᠤ ᠣᠷᠣᠨ᠎ᠤ ᠡᠨᠧᠷᠬᠢ ᠡᠬᠢ ᠪᠠᠶᠠᠯᠢᠭ ᠵᠡᠷᠭᠡ ᠵᠢᠨ ᠳᠠᠪᠠᠭᠤᠯᠢᠭ᠎ᠲᠠᠢ ᠵᠣᠬᠢᠴᠠᠯᠳᠤᠬᠤ ᠦᠭᠡᠢ ᠪᠠᠢ᠌ᠵᠤ ᠂ ᠬᠥᠭᠵᠢᠯᠲᠡ᠎ᠪᠠᠨ ᠲᠦᠷᠭᠡᠳᠬᠡᠬᠦ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠣᠢ ᠃ ᠬᠣᠶᠠᠷ᠎ᠲᠤ ᠠᠵᠤ ᠦᠢ᠍ᠯᠡᠰ᠎ᠤᠨ ᠪᠦᠲᠦᠴᠡ ᠵᠢᠨ ᠲᠠᠯ᠎ᠠ᠎ᠪᠠᠷ ᠰᠠᠢ᠌ᠨ ᠪᠢᠰᠢ ᠪᠠᠢ᠌ᠨ᠎ᠠ ᠂ ᠠᠵᠤ ᠦᠢ᠍ᠯᠡᠳᠪᠦᠷᠢ᠎ᠳᠤ ᠮᠢᠩᠭ᠋ᠠᠨ ᠳ᠋ᠦᠩᠰᠢᠭᠤᠷ᠎ᠢ ᠳᠠᠪᠠᠭᠰᠠᠨ ᠨᠡᠮᠡᠭᠳᠡᠯ ᠦᠷᠲᠡᠭ᠎ᠲᠠᠢ᠎ᠨᠢ ᠵᠦᠪᠬᠡᠨ ᠨᠡᠭᠦᠷᠡᠰᠦ ᠂ ᠴᠠᠬᠢᠯᠭ᠋ᠠᠨ ᠬᠣᠶᠠᠷ ᠠᠵᠢᠯ ᠲᠦᠷᠦᠯ ᠪᠠᠢ᠌ᠵᠤ ᠂ ᠦᠢ᠍ᠯᠡᠳᠬᠦ ᠦᠢ᠍ᠯᠡᠰ᠎ᠤᠨ ᠡᠵᠡᠯᠡᠬᠦ ᠬᠤᠪᠢ ᠵᠢᠨ ᠵᠢᠩ ᠵᠦᠪᠬᠡᠨ 17% ᠪᠠᠢ᠌ᠵᠤ ᠂ ᠪᠦᠬᠦ ᠤᠯᠤᠰ᠎ᠤᠨ 28% ᠵᠢᠨ ᠲᠦᠪᠰᠢᠨ᠎ᠠᠴᠠ ᠬᠤᠯᠡ ᠳᠣᠣᠷ᠎ᠠ ᠪᠠᠢ᠌ᠵᠤ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠂ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠲᠡᠭ᠎ᠤᠨ ᠬᠤᠪᠢ ᠵᠢᠨ ᠵᠢᠩ ᠴᠥᠮ 3% ᠬᠦᠷᠬᠦ ᠦᠭᠡᠢ ᠪᠠᠢ᠌ᠨ᠎ᠠ ᠃ ᠭᠤᠷᠪᠠ᠎ᠳᠤ ᠬᠦᠴᠦᠨ ᠵᠦᠢ᠍ᠯ᠎ᠤᠨ ᠲᠤᠯᠭ᠋ᠠᠭᠤᠷᠢᠯᠠᠯ ᠪᠠᠲᠤ ᠪᠡᠬᠢ ᠪᠢᠰᠢ ᠪᠠᠢ᠌ᠨ᠎ᠠ ᠂ ᠰᠠᠭᠤᠷᠢ ᠪᠡᠯᠡᠳᠬᠡᠮᠵᠢ ᠪᠠ ᠤᠯᠠᠨ ᠨᠡᠢ᠍ᠢ᠍ᠳᠠ ᠵᠢᠨ ᠦᠨᠳᠦᠰᠦᠨ ᠦᠢ᠍ᠯᠡᠴᠢᠯᠡᠭᠡ ᠵᠢᠨ ᠥᠷᠢ ᠲᠥᠯᠥᠭᠡᠰᠦ ᠨᠡᠯᠢᠶᠡᠳ ᠠᠷᠪᠢᠨ ᠂ ᠡᠬᠢ ᠪᠠᠶᠠᠯᠢᠭ ᠣᠷᠴᠢᠨ ᠲᠣᠭᠣᠷᠢᠨ᠎ᠤ ᠬᠦᠯᠢᠶᠡᠰᠦᠯᠡᠯ ᠴᠢᠩᠭ᠋ᠠᠷᠠᠬᠤ ᠬᠠᠨᠳᠤᠰᠢ᠎ᠲᠠᠢ ᠂ ᠮᠥᠩᠭᠥᠨ ᠭᠦᠢ᠍ᠯᠭᠡᠭᠡᠨ᠎ᠤ ᠲᠤᠯᠭ᠋ᠠᠭᠤᠷᠢᠯᠠᠬᠤ ᠴᠢᠳᠠᠪᠤᠷᠢ ᠨᠡᠯᠢᠶᠡᠳ ᠪᠠᠭᠤᠷᠠᠢ ᠂ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠮᠥᠷᠲᠡᠭᠡᠨ ᠭᠠᠳᠠᠭᠰᠢ ᠶᠠᠪᠤᠭᠰᠠᠨ ᠪᠠᠢ᠌ᠳᠠᠯ ᠬᠦᠨᠳᠦ ᠨᠣᠴᠢᠲᠠᠢ ᠪᠠᠢ᠌ᠵᠤ ᠂ ᠰᠤᠳᠤᠯᠤᠨ ᠨᠡᠭᠡᠭᠡᠬᠦ ᠵᠠᠷᠤᠳᠠᠯ᠎ᠤᠨ ᠤᠷᠤᠭᠤᠯᠤᠯᠳᠠ ᠵᠢᠨ ᠡᠷᠴᠢᠮ ᠤᠷᠳᠤ ᠬᠤᠭᠤᠴᠠᠭ᠎ᠠ᠎ᠪᠠᠷ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠣᠷ᠎ᠠ ᠪᠠᠢ᠌ᠨ᠎ᠠ ᠃ ᠳᠥᠷᠪᠡ᠎ᠳᠤ ᠬᠥᠭᠵᠢᠯᠲᠡ ᠵᠢᠨ ᠠᠷᠭ᠎ᠠ ᠬᠡᠯᠪᠡᠷᠢ ᠪᠦᠳᠦᠭᠦᠯᠢᠭ ᠪᠠᠢ᠌ᠨ᠎ᠠ ᠂ ᠡᠬᠢ ᠪᠠᠶᠠᠯᠢᠭ᠎ᠢ ᠠᠷᠪᠢᠲᠠᠢ ᠡᠷᠴᠢᠮᠲᠡᠢ ᠠᠰᠢᠭᠯᠠᠬᠤ ᠬᠢᠷᠢ ᠲᠦᠪᠰᠢᠨ ᠥᠨᠳᠥᠷ ᠪᠢᠰᠢ ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠦᠴᠦᠯᠡᠴᠡ ᠂ ᠡᠨᠧᠷᠬᠢ ᠵᠢᠨ ᠬᠣᠷᠣᠭᠳᠠᠯ᠎ᠤᠨ ᠬᠦᠴᠦᠯᠡᠴᠡ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠬᠤᠯᠡ ᠥᠨᠳᠥᠷ ᠪᠠᠢ᠌ᠵᠤ ᠂ ᠨᠢᠭᠡᠴᠢ GDP ᠤᠰᠤᠨ᠎ᠤ ᠬᠣᠷᠣᠭᠳᠠᠯ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠤ 1.6 ᠳᠠᠬᠢᠨ ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠮᠦ᠍ ᠪᠦᠷᠢ ᠵᠢᠨ ᠠᠰᠢᠭᠯᠠᠮᠵᠢ ᠪᠠ ᠦᠢ᠍ᠯᠡᠳᠬᠦᠨ᠎ᠤ ᠥᠷᠲᠡᠭ᠎ᠨᠢ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠨ᠎ᠠ ᠃ ᠲᠠᠪᠤ᠎ᠳᠤ ᠲᠦᠭᠰᠢᠭᠦᠷᠢ ᠵᠢᠨ ᠳᠠᠯᠳᠠ ᠭᠡᠮ ᠤᠯᠠᠨ ᠪᠠᠢ᠌ᠨ᠎ᠠ ᠂ ᠢᠯᠠᠩᠭᠤᠶ᠎ᠠ ᠣᠷᠣᠨ ᠨᠤᠲᠤᠭ᠎ᠤᠨ ᠥᠷᠢ ᠥᠭᠴᠡᠭᠡ ᠂ ᠮᠥᠩᠭᠥᠨ ᠭᠦᠢ᠍ᠯᠭᠡᠭᠡ ᠂ ᠭᠡᠷ ᠪᠠᠢ᠌ᠰᠢᠩ ᠭᠠᠵᠠᠷ ᠬᠥᠷᠥᠩᠭᠡ ᠵᠡᠷᠭᠡ ᠬᠦᠷᠢᠶᠡᠨ᠎ᠳᠤ ᠡᠳᠦᠢ ᠲᠡᠳᠦᠢ ᠬᠠᠭᠤᠴᠢᠨ ᠠᠰᠠᠭᠤᠳᠠᠯ ᠣᠷᠣᠰᠢᠵᠤ ᠂ ᠡᠳᠦᠢ ᠲᠡᠳᠦᠢ ᠰᠢᠨ᠎ᠡ ᠪᠠᠢ᠌ᠳᠠᠯ ᠲᠤᠯᠭ᠋ᠠᠷᠠᠵᠤ ᠪᠠᠢ᠌ᠭ᠎ᠠ ᠮᠥᠷᠲᠡᠭᠡᠨ ᠳᠠᠪᠬᠤᠴᠠᠯ ᠲᠦᠭᠰᠢᠭᠦᠷᠢ ᠪᠠ ᠬᠣᠯᠪᠣᠭᠳᠠᠯ ᠨᠥᠯᠥᠭᠡ᠎ᠲᠠᠢ ᠪᠠᠢ᠌ᠬᠤ ᠵᠢ ᠣᠮᠲᠣᠭ᠋ᠠᠢ᠌ᠯᠠᠵᠤ ᠪᠣᠯᠣᠰᠢ ᠦᠭᠡᠢ ᠃ ᠬᠥᠭᠵᠢᠯᠲᠡ ᠵᠢᠨ ᠠᠵᠠ ᠲᠣᠬᠢᠶᠠᠯ᠎ᠢ ᠬᠢᠴᠢᠶᠡᠬᠦ ᠦᠭᠡᠢ ᠪᠣᠯ ᠬᠤᠷᠤᠮᠬᠠᠨ ᠵᠠᠭᠤᠷ᠎ᠠ ᠠᠯᠳᠠᠨ᠎ᠠ ᠂ ᠱᠠᠯᠠᠪᠳᠠᠨ ᠠᠳᠬᠤᠪᠠᠯ ᠰᠢᠨ᠎ᠡ ᠪᠠᠢ᠌ᠳᠠᠯ᠎ᠢ ᠨᠡᠭᠡᠭᠡᠵᠦ ᠳᠡᠢ᠍ᠢ᠍ᠯᠦᠨ᠎ᠡ ; ᠠᠰᠠᠭᠤᠳᠠᠯ ᠪᠠ ᠥᠷᠢᠰᠦᠯᠳᠦᠭᠡᠨ᠎ᠠᠴᠠ ᠵᠠᠢ᠌ᠯᠠᠵᠤ ᠬᠣᠯᠠᠳᠴᠤ ᠳᠡᠢ᠍ᠢ᠍ᠯᠬᠦ ᠦᠭᠡᠢ ᠂ ᠰᠠᠢ᠌ᠲᠤᠷ ᠰᠢᠢ᠍ᠳᠪᠦᠷᠢᠯᠡᠵᠦ ᠰᠠᠢ᠌ᠨ ᠠᠷᠭ᠋ᠠᠴᠠᠭ᠋ᠠᠵᠤ ᠳᠡᠢ᠍ᠢ᠍ᠯᠪᠡᠯ ᠰᠢᠨ᠎ᠡ ᠠᠵᠠ ᠲᠣᠬᠢᠶᠠᠯ᠎ᠲᠠᠢ ᠪᠣᠯᠣᠨ᠎ᠠ ᠃ ᠪᠢᠳᠡ ᠵᠠᠪᠠᠯ ᠠᠵᠠ ᠳᠤᠬᠢᠶᠠᠯ᠎ᠢ ᠵᠠᠪᠳᠤᠨ ᠠᠳᠬᠤᠬᠤ ᠳᠤᠮᠳᠠ ᠳᠠᠪᠠᠭᠤᠯᠢᠭ ᠵᠶ᠋ᠠᠨ ᠪᠠᠳᠠᠷᠠᠭᠤᠯᠵᠤ ᠂ ᠳᠠᠪᠠᠭᠤᠯᠢᠭ ᠲᠠᠯ᠎ᠠ᠎ᠪᠠᠨ ᠳᠠᠪᠲᠠᠵᠤ ᠂ ᠥᠷᠢᠰᠦᠯᠳᠦᠭᠡᠨ᠎ᠢ ᠠᠷᠭ᠋ᠠᠴᠠᠭ᠋ᠠᠬᠤ ᠳᠤᠮᠳᠠ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ ᠂ ᠳᠤᠲᠠᠭᠤᠳᠠᠯ ᠵᠶ᠋ᠠᠨ ᠨᠥᠬᠥᠪᠦᠷᠢᠯᠡᠵᠦ ᠂ ᠠᠷᠭ᠎ᠠ ᠪᠦᠬᠦᠨ᠎ᠢ ᠰᠦᠪᠡᠭᠴᠢᠯᠡᠨ ᠠᠵᠤ ᠠᠬᠤᠢ ᠵᠢᠨ ᠶᠡᠷᠦᠩᠬᠡᠢ ᠬᠡᠮᠵᠢᠶ᠎ᠡ᠎ᠪᠠᠨ ᠶᠡᠬᠡᠰᠬᠡᠵᠦ ᠂ ᠠᠵᠤ ᠠᠬᠤᠢ ᠵᠢᠨ ᠪᠠᠢ᠌ᠷᠢᠰᠢᠯ ᠵᠶ᠋ᠠᠨ ᠰᠢᠯᠢᠳᠡᠭᠵᠢᠭᠦᠯᠵᠦ ᠂ ᠠᠵᠤ ᠠᠬᠤᠢ ᠵᠢᠨ ᠪᠦᠲᠦᠴᠡ᠎ᠪᠠᠨ ᠲᠣᠬᠢᠷᠠᠭᠤᠯᠤᠨ ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠬᠤ ᠬᠡᠷᠡᠭᠲᠡᠢ ᠃
ᠢᠷᠡᠭᠡᠳᠦᠢ ᠵᠢᠨ ᠲᠠᠪᠤᠨ ᠵᠢᠯ᠎ᠳᠠᠬᠢ ᠮᠠᠨ᠎ᠤ ᠣᠷᠣᠨ᠎ᠤ ᠬᠥᠭᠵᠢᠯᠲᠡ ᠵᠢᠨ ᠲᠠᠯ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠣᠷᠢᠶᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠳᠤ ᠨᠢᠭᠡᠨᠲᠡ ᠲᠣᠳᠣᠷᠬᠠᠢ ᠪᠠᠢ᠌ᠷᠢᠯᠠᠭᠤᠯᠤᠯᠲᠠ ᠬᠢᠪᠡ ᠂ ᠵᠠᠰᠠᠭ᠎ᠤᠨ ᠣᠷᠳᠣᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠪᠣᠯ ᠡᠳᠡᠭᠡᠷ ᠬᠠᠷᠠᠯᠲᠠ ᠡᠭᠦᠷᠭᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠵᠤ ᠂ ᠪᠣᠳᠠᠲᠠᠢ ᠪᠦᠲᠦᠮᠵᠢ ᠭᠠᠷᠭ᠋ᠠᠨ᠎ᠠ ᠂ ᠴᠢᠬᠤᠯᠠ᠎ᠠᠴᠠ ᠴᠢᠬᠤᠯᠠ ᠶᠠᠪᠤᠳᠠᠯ ᠪᠣᠯ ᠶᠡᠷᠦᠩᠬᠡᠢ ᠱᠦᠵᠢ ᠰᠢ ᠵᠢᠨ ᠫᠢᠩ᠎ᠠᠴᠠ ᠥᠪᠥᠷ ᠮᠣᠩᠭᠣᠯ᠎ᠳᠤ ᠲᠤᠰᠢᠶᠠᠵᠤ ᠥᠭᠭᠦᠭᠰᠡᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠦᠨ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠰᠠᠢ᠌ᠲᠤᠷ ᠪᠦᠲᠦᠭᠡᠨ ᠪᠠᠢ᠍ᠢ᠍ᠭᠤᠯᠬᠤ᠎ᠳᠤ ᠪᠣᠢ ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠂ ᠶᠡᠷᠦᠩᠬᠡᠢ ᠱᠦᠵᠢ ᠰᠢ ᠵᠢᠨ ᠫᠢᠩ᠎ᠤᠨ ᠤᠳᠤᠷᠢᠳᠤᠯᠭ᠎ᠠ ᠵᠢᠯᠣᠭᠣᠳᠤᠯᠭ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ 2400 ᠲᠦᠮᠡ ᠭᠠᠷᠤᠢ ᠠᠷᠠᠳ ᠲᠦᠮᠡᠨ ᠯᠠᠪᠲᠠᠢ᠌ᠶ᠎ᠠ ᠪᠠᠲᠤ ᠴᠢᠩᠭ᠎ᠠ ᠢᠲᠡᠭᠡᠯ ᠵᠣᠷᠢᠭ ᠪᠠ ᠡᠷᠬᠢᠮ ᠳᠡᠭᠡᠳᠦ ᠡᠭᠦᠷᠭᠡᠲᠦ ᠰᠡᠳᠬᠢᠯᠭᠡ ᠵᠢ ᠡᠪᠦᠷᠯᠡᠨ ᠂ ᠲᠠᠪᠤᠨ ᠵᠢᠯ᠎ᠤᠨ ᠴᠢᠷᠮᠠᠢ᠌ᠯᠭ᠎ᠠ᠎ᠪᠠᠷ ᠳᠠᠮᠵᠢᠨ ᠂ ᠠᠵᠤ ᠠᠬᠤᠢ ᠵᠢᠨ ᠶᠡᠷᠦᠩᠬᠡᠢ ᠬᠡᠮᠵᠢᠶ᠎ᠡ᠎ᠪᠠᠨ 3 ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠭᠤᠯᠵᠤ ᠂ ᠬᠥᠭᠵᠢᠯᠲᠡ ᠵᠢᠨ ᠶᠠᠰᠤ ᠴᠢᠨᠠᠷ ᠵᠶ᠋ᠠᠨ ᠲᠡᠦᠬᠡᠲᠦ ᠴᠢᠨᠠᠷᠲᠠᠢ ᠱᠠᠲᠤᠨ᠎ᠳᠤ ᠣᠷᠣᠭᠤᠯᠤᠨ ᠂ 《ᠬᠣᠶᠠᠷ ᠬᠠᠯᠬᠠᠪᠴᠢ》 ᠵᠢ ᠨᠡᠩ ᠪᠠᠲᠤ ᠪᠡᠬᠢᠵᠢᠭᠦᠯᠵᠦ ᠂ 《ᠬᠣᠶᠠᠷ ᠰᠠᠭᠤᠷᠢᠨ》᠎ᠤ ᠬᠡᠮᠵᠢᠶ᠎ᠡ ᠴᠢᠨᠠᠷ᠎ᠢ ᠵᠡᠷᠭᠡ᠎ᠳᠤ᠎ᠨᠢ ᠳᠡᠭᠡᠭᠰᠢᠯᠡᠭᠦᠯᠦᠨ ᠂ 《ᠬᠥᠭᠥᠷᠭᠡᠨ ᠪᠡᠬᠢᠯᠡᠯᠲᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠨᠡ ᠬᠦ᠌ ᠲᠤᠭ᠎ᠤᠨ ᠢᠷᠠᠭᠤ ᠠᠯᠳᠠᠷ᠎ᠢ ᠨᠡᠩ ᠥᠨᠳᠥᠷ ᠮᠠᠨᠳᠤᠭᠤᠯᠤᠨ᠎ᠠ ᠭᠡᠳᠡᠭ᠎ᠲᠤ ᠪᠢᠳᠠ ᠪᠠᠲᠤ ᠢᠲᠡᠭᠡᠯ᠎ᠲᠠᠢ ᠪᠠᠢ᠌ᠨ᠎ᠠ ᠃
ᠭᠤᠷᠪᠠ ᠂ 2023 ᠣᠨ᠎ᠤ ᠭᠣᠣᠯᠳᠠᠯᠭ᠎ᠠ ᠪᠣᠯᠬᠤ ᠠᠵᠢᠯ᠎ᠤᠨ ᠡᠭᠦᠷᠭᠡ
ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠳᠠ ᠵᠢᠨ ᠵᠢᠯ ᠪᠣᠯᠣᠨ᠎ᠠ ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ ᠂ ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 6% ᠣᠷᠴᠢᠮ ᠨᠡᠮᠡᠭᠳᠡᠭᠦᠯᠵᠦ ᠂ ᠪᠣᠳᠠᠲᠠᠢ ᠠᠵᠢᠯ᠎ᠤᠨ ᠶᠠᠪᠤᠴᠠ᠎ᠳᠤ ᠤᠯᠠᠮ ᠰᠠᠢ᠌ᠨ ᠬᠢᠷᠢ ᠪᠦᠲᠦᠮᠵᠢ ᠣᠯᠬᠤ᠎ᠪᠠᠷ ᠴᠢᠷᠮᠠᠢ᠌ᠨ᠎ᠠ ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ 7%᠎ᠠᠴᠠ ᠳᠡᠭᠡᠭᠰᠢ ᠨᠡᠮᠡᠭᠳᠡᠭᠦᠯᠦᠨ᠎ᠡ ; ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠵᠢ 10%᠎ᠠᠴᠠ ᠳᠡᠭᠡᠭᠰᠢ ᠨᠡᠮᠡᠭᠳᠡᠭᠦᠯᠦᠨ᠎ᠡ ; ᠬᠤᠳᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠤᠷᠮ᠎ᠠ ᠵᠢ 6% ᠣᠷᠴᠢᠮ ᠪᠠᠢ᠌ᠯᠭ᠋ᠠᠵᠤ ᠂ ᠬᠤᠳᠠ ᠪᠠᠯᠭ᠋ᠠᠰᠤᠨ᠎ᠤ ᠠᠵᠢᠯ ᠣᠯᠣᠭᠰᠠᠳ᠎ᠢ 20 ᠲᠦᠮᠡ ᠭᠠᠷᠤᠢ ᠰᠢᠨ᠎ᠡ᠎ᠪᠠᠷ ᠨᠡᠮᠡᠭᠳᠡᠭᠦᠯᠦᠨ᠎ᠡ ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠦᠯᠲᠡ ᠵᠢᠨ ᠬᠡᠮᠵᠢᠶ᠎ᠡ ᠵᠢ 3% ᠣᠷᠴᠢᠮ ᠪᠠᠢ᠌ᠯᠭ᠋ᠠᠨ᠎ᠠ ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠢ᠌ᠯᠭ᠋ᠠᠨ᠎ᠠ ; ᠡᠨᠧᠷᠬᠢ ᠵᠢᠨ ᠬᠣᠷᠣᠭᠳᠠᠯ᠎ᠤᠨ ᠬᠦᠴᠦᠯᠡᠴᠡ ᠪᠠ ᠪᠣᠬᠢᠷᠳᠤᠯ᠎ᠢ ᠭᠠᠳᠠᠭᠰᠢᠯᠠᠭᠤᠯᠬᠤ᠎ᠪᠠᠨ ᠪᠠᠭ᠋ᠠᠰᠬᠠᠬᠤ ᠭᠦᠢ᠍ᠴᠡᠳᠬᠡᠯ ᠲᠣᠭ᠎ᠠ ᠵᠢ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠲᠣᠬᠢᠷᠠᠭᠤᠯᠤᠨ᠎ᠠ ᠃ ᠡᠳᠡᠭᠡᠷ ᠬᠠᠷᠠᠯᠲᠠ᠎ᠳᠤ ᠨᠠᠮ᠎ᠤᠨ ᠲᠥᠪ ᠬᠣᠷᠢᠶᠠᠨ᠎ᠤ ᠠᠵᠤ ᠠᠬᠤᠢ ᠵᠢᠨ ᠠᠵᠢᠯᠯᠠᠭ᠋ᠠᠨ ᠵᠶ᠋ᠠᠨ ᠪᠦᠬᠦᠯᠢ ᠴᠣᠭᠴᠠ᠎ᠪᠠᠷ ᠰᠠᠢ᠌ᠵᠢᠷᠠᠭᠤᠯᠵᠤ ᠠᠬᠢᠭᠤᠯᠬᠤ ᠴᠢᠬᠤᠯᠠ ᠱᠠᠭ᠋ᠠᠷᠳᠠᠯᠭ᠎ᠠ ᠵᠢ ᠲᠤᠭᠤᠰᠢᠯᠠᠭᠤᠯᠵᠤ ᠂ ᠥᠪᠥᠷ ᠮᠣᠩᠭᠣᠯ᠎ᠤᠨ ᠲᠦᠷᠭᠡᠨ ᠬᠥᠭᠵᠢᠯᠲᠡ ᠂ ᠴᠢᠨᠠᠷ ᠰᠠᠢ᠌ᠲᠠᠢ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠪᠣᠳᠣᠯᠬᠢᠯᠠᠪᠠ ᠃ ᠡᠨᠡ ᠵᠢᠯ᠎ᠤᠨ ᠬᠥᠭᠵᠢᠯᠲᠡ ᠵᠢᠨ ᠣᠷᠴᠢᠨ ᠨᠥᠬᠥᠴᠡᠯ ᠪᠠᠰᠠ ᠮᠠᠰᠢ ᠶᠡᠬᠡ ᠲᠣᠭᠲᠠᠪᠤᠷᠢ ᠦᠭᠡᠢ ᠴᠢᠨᠠᠷᠲᠠᠢ ᠪᠠᠢ᠌ᠨ᠎ᠠ ᠂ ᠮᠠᠨ᠎ᠤ ᠣᠷᠣᠨ᠎ᠤ ᠠᠵᠤ ᠠᠬᠤᠢ ᠮᠥᠨ ᠯᠠ ᠨᠡᠯᠢᠶᠡᠳ ᠶᠡᠬᠡ ᠪᠠᠭᠤᠷᠠᠯᠲᠠ ᠵᠢᠨ ᠳᠠᠷᠤᠯᠲᠠ᠎ᠳᠤ ᠲᠤᠯᠭ᠋ᠠᠷᠠᠵᠤ ᠂ ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠳᠠᠷᠤᠯᠲᠠ ᠪᠠ ᠳᠠᠷᠤᠭ᠋ᠠᠰᠤ ᠵᠢ ᠳᠠᠭ᠋ᠠᠭ᠋ᠠᠵᠤ ᠡᠭᠦᠷᠭᠡᠯᠡᠨ ᠂ ᠥᠨᠳᠥᠷ ᠪᠠᠷᠢᠮᠵᠢᠶᠠᠨ᠎ᠳᠤ ᠬᠦᠷᠭᠡᠬᠦ᠎ᠪᠠᠷ ᠴᠢᠷᠮᠠᠢ᠌ᠬᠤ ᠴᠢᠬᠤᠯᠠᠲᠠᠢ ᠃ ᠪᠢᠳᠡ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ ᠂ ᠡᠷᠴᠢ ᠵᠣᠷᠢᠭ ᠵᠶ᠋ᠠᠨ ᠴᠢᠩᠭ᠋ᠠᠯᠠᠨ ᠬᠥᠪᠴᠢᠯᠡᠵᠦ ᠂ ᠬᠥᠭᠵᠢᠯᠲᠡ ᠵᠢ ᠭᠤᠢ᠌ᠪᠢᠰᠢ ᠦᠭᠡᠢ ᠪᠠᠷᠢᠮᠲᠠᠯᠠᠨ ᠂ ᠬᠥᠭᠵᠢᠯᠲᠡ ᠵᠢ ᠴᠠᠯᠠᠭ᠋ᠠᠢ᠌ᠷᠠᠯ ᠦᠭᠡᠢ ᠲᠦᠷᠭᠡᠳᠬᠡᠵᠦ ᠂ ᠶᠡᠷᠦᠩᠬᠡᠢ ᠬᠡᠮᠵᠢᠶ᠎ᠡ ᠵᠢ ᠶᠡᠬᠡᠰᠬᠡᠬᠦ ᠠᠤᠭ᠎ᠠ ᠬᠦᠰᠡᠯ ᠡᠷᠡᠯᠬᠡᠭ ᠵᠣᠷᠢᠭᠲᠠᠢ ᠪᠠᠢ᠌ᠵᠤ ᠂ ᠰᠠᠭᠤᠷᠢ᠎ᠪᠠᠨ ᠪᠡᠬᠢᠵᠢᠭᠦᠯᠦᠨ᠎ᠡ ᠃ ᠡᠭᠦᠨ᠎ᠳᠤ ᠭᠣᠣᠯᠳᠠᠭᠤ ᠳᠣᠣᠷᠠᠬᠢ ᠠᠵᠢᠯ᠎ᠢ ᠰᠠᠢ᠌ᠲᠤᠷ ᠠᠳᠬᠤᠨ᠎ᠠ ᠃
(ᠨᠢᠭᠡ) 《ᠲᠣᠭᠲᠠᠭᠤᠨ ᠡᠬᠢᠯᠡᠭᠦᠯᠵᠦ ᠂ ᠤᠷᠤᠭᠰᠢᠲᠠᠢ ᠡᠬᠢᠯᠡᠭᠦᠯᠬᠦ》 ᠵᠢ ᠴᠢᠷᠮᠠᠢ᠌ᠨ ᠪᠡᠶᠡᠯᠡᠭᠦᠯᠵᠦ ᠂ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠠᠬᠢᠯᠲᠠ᠎ᠲᠠᠢ ᠪᠣᠯᠭ᠋ᠠᠵᠦ ᠂ ᠪᠦᠬᠦᠯᠢ ᠴᠣᠭᠴᠠ᠎ᠪᠠᠷ ᠰᠠᠢ᠌ᠵᠢᠷᠠᠬᠤ ᠬᠥᠭᠵᠢᠯᠲᠡ ᠵᠢᠨ ᠬᠠᠨᠳᠤᠰᠢ ᠵᠢ ᠪᠠᠲᠤᠯᠠᠨ᠎ᠠ ᠃ ᠨᠢᠳᠤᠨᠤᠨ᠎ᠤ ᠨᠢᠭᠡᠳᠦᠭᠡᠷ ᠤᠯᠠᠷᠢᠯ᠎ᠳᠤ ᠪᠦᠬᠦ ᠣᠷᠣᠨ᠎ᠤ ᠠᠵᠤ ᠠᠬᠤᠢ 5.8% ᠨᠡᠮᠡᠭᠳᠡᠵᠦ ᠂ ᠡᠨᠡ ᠵᠢᠯ᠎ᠳᠤ ᠡᠨᠡ ᠬᠦ᠌ ᠥᠨᠳᠥᠷ ᠰᠠᠭᠤᠷᠢ ᠲᠣᠭ᠋ᠠᠨ᠎ᠤ ᠳᠡᠭᠡᠷ᠎ᠡ ᠰᠠᠢ᠌ᠨ ᠡᠬᠢᠯᠡᠯᠳᠠ᠎ᠲᠠᠢ ᠪᠣᠯᠭ᠋ᠠᠬᠤ᠎ᠨᠢ ᠲᠡᠢ᠍ᠢ᠍ᠮᠦ ᠬᠢᠯᠪᠠᠷ ᠶᠠᠪᠤᠳᠠᠯ ᠪᠢᠰᠢ ᠃ ᠡᠷᠬᠡᠪᠰᠢ ᠡᠬᠢᠯᠡᠮᠡᠭᠴᠡ᠎ᠪᠠᠨ 6% ᠣᠷᠴᠢᠮ᠎ᠤᠨ ᠨᠡᠮᠡᠭᠳᠡᠯ᠎ᠤᠨ ᠬᠠᠷᠠᠯᠲᠠ ᠵᠢ ᠲᠣᠭᠲᠠᠭ᠋ᠠᠵᠤ ᠂ ᠢᠳᠡ᠎ᠲᠠᠢ ᠡᠬᠢᠯᠡᠭᠦᠯᠵᠦ ᠢᠳᠡᠷᠡᠭᠦᠨ ᠤᠷᠤᠭᠰᠢᠯᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠃
ᠪᠦᠬᠦ ᠬᠦᠴᠦᠨ ᠵᠶ᠋ᠠᠷ ᠵᠶ᠋ᠠᠨ ᠲᠦᠷᠦᠯ ᠵᠦᠢ᠍ᠯ᠎ᠢ ᠠᠳᠬᠤᠨ᠎ᠠ ᠃ 《ᠪᠡᠯᠡ ᠣᠷᠤᠭᠤᠯᠤᠯᠲᠠ ᠂ ᠬᠡᠷᠡᠭᠯᠡᠭᠡ ᠂ ᠭᠠᠳᠠᠭᠰᠢ ᠭᠠᠷᠭ᠋ᠠᠯᠲᠠ》 ᠵᠢᠨ ᠳᠣᠲᠣᠷ᠎ᠠ ᠂ ᠮᠠᠨ᠎ᠤ ᠣᠷᠣᠨ᠎ᠤ ᠬᠡᠷᠡᠭᠯᠡᠭᠡ ᠵᠢᠨ ᠬᠡᠮᠵᠢᠶ᠎ᠡ ᠠᠨᠠᠢ ᠂ ᠭᠠᠳᠠᠭᠰᠢ ᠭᠠᠷᠭ᠋ᠠᠯᠲᠠ ᠪᠠᠭ᠎ᠠ ᠪᠣᠯᠬᠣᠷ ᠂ ᠬᠠᠮᠤᠭ᠎ᠤᠨ ᠪᠣᠳᠠᠲᠠᠢ ᠰᠣᠩᠭᠣᠯᠲᠠ ᠪᠣᠯ ᠪᠡᠯᠡ ᠤᠷᠤᠭᠤᠯᠤᠯᠳᠠ᠎ᠳᠤ ᠲᠦᠰᠢᠭᠯᠡᠨ ᠬᠡᠮᠵᠢᠶ᠎ᠡ ᠵᠢ ᠨᠡᠮᠡᠭᠳᠡᠭᠦᠯᠵᠦ ᠂ ᠪᠦᠲᠦᠴᠡ ᠵᠢ ᠰᠢᠯᠢᠳᠡᠭᠵᠢᠭᠦᠯᠬᠦ ᠪᠣᠯᠣᠨ᠎ᠠ ᠃ ᠦᠨᠳᠦᠰᠦᠨ ᠪᠠᠢ᠌ᠳᠠᠯ ᠪᠣᠯ 6300 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠯᠳᠠ ᠵᠢ ᠪᠡᠶᠡᠯᠡᠭᠦᠯᠦᠨ᠎ᠡ ᠂ ᠭᠣᠣᠯᠳᠠᠯᠭ᠎ᠠ᠎ᠨᠢ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠂ ᠲᠡᠷᠢᠭᠦᠨ᠎ᠤ ᠦᠢ᠍ᠯᠡᠳᠬᠦ ᠦᠢ᠍ᠯᠡᠰ ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠠ ᠣᠷᠣᠨ ᠪᠦᠰᠡ ᠵᠢᠨ ᠭᠣᠣᠯ ᠲᠥᠪ ᠪᠣᠯᠬᠤ ᠬᠤᠳᠠ ᠂ ᠰᠠᠭᠤᠷᠢ ᠪᠡᠯᠡᠳᠬᠡᠮᠵᠢ ᠵᠢᠨ ᠪᠣᠷᠣ ᠲᠥᠯᠥᠪ ᠂ ᠤᠯᠠᠨ ᠨᠡᠢ᠍ᠢ᠍ᠳᠠ ᠵᠢᠨ ᠦᠢ᠍ᠯᠡᠴᠢᠯᠡᠭᠡᠨ᠎ᠤ ᠳᠤᠲᠠᠭᠤᠳᠠᠯ᠎ᠤᠨ ᠬᠦᠷᠢᠶᠡᠨ᠎ᠳᠤ ᠡᠳᠦᠢ ᠲᠡᠳᠦᠢ ᠶᠡᠬᠡ ᠲᠦᠷᠦᠯ ᠵᠦᠢ᠍ᠯ ᠂ ᠰᠠᠢ᠌ᠨ ᠲᠦᠷᠦᠯ ᠵᠦᠢ᠍ᠯ᠎ᠢ ᠠᠳᠬᠤᠨ᠎ᠠ ᠃ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ᠎ᠢ ᠯᠠᠪᠳᠠᠭᠤᠨ ᠪᠠᠲᠤᠲᠠᠢ ᠠᠬᠢᠭᠤᠯᠤᠨ ᠂ ᠵᠢᠨᠢᠩ ᠳ᠋ᠠᠲ᠋ᠦ᠋ᠩ ᠶᠤᠸᠠᠨᠫᠢᠩ ᠂ ᠪᠤᠭᠤᠲᠤ ᠢᠷᠭ᠋ᠠᠢ ᠂ ᠲᠠᠢ᠌ᠽᠢ ᠰᠢᠯᠢ ᠵᠢᠨ ᠬᠤᠲᠠ ᠵᠡᠷᠭᠡ ᠲᠦᠷᠦᠯ ᠵᠦᠢ᠍ᠯ᠎ᠤᠨ ᠠᠬᠢᠴᠠ ᠵᠢ ᠲᠦᠷᠭᠡᠳᠬᠡᠨ ᠂ ᠣᠷᠳᠣᠰ ᠲᠡᠮᠡᠭᠡᠲᠦ ᠶᠠᠨ ᠠᠨ᠎ᠤ ᠲᠦᠷᠭᠡᠨ᠎ᠤ ᠲᠡᠮᠦᠷ ᠵᠠᠮ᠎ᠤᠨ ᠪᠠᠷᠢᠯᠭ᠎ᠠ ᠵᠢ ᠡᠬᠢᠯᠡᠭᠦᠯᠦᠨ ᠪᠠᠢ᠌ᠭᠤᠯᠵᠤ ᠂ ᠪᠤᠭᠤᠲᠤ ᠣᠷᠳᠣᠰ ᠂ ᠵᠢᠨᠢᠩ ᠲᠦᠩᠯᠢᠶᠣᠣ ᠴᠠᠩ ᠴᠦᠨ ᠂ ᠴᠢᠴᠢᠬᠠᠷ ᠤᠯᠠᠭ᠋ᠠᠨᠬᠣᠲᠠ ᠲᠦᠩᠯᠢᠶᠣᠣ ᠂ ᠴᠢᠴᠢᠬᠠᠷ ᠬᠠᠢ᠌ᠯᠠᠷ ᠮᠠᠨᠵᠤᠤᠷ᠎ᠤᠨ ᠲᠦᠷᠭᠡᠨ᠎ᠤ ᠲᠡᠮᠦᠷ ᠵᠠᠮ ᠵᠢᠴᠢ ᠢᠮᠢᠨ ᠢᠷᠱ᠌ᠢ ᠂ ᠯᠢᠨᠾᠧ ᠬᠠᠮᠢ ᠵᠢᠨ ᠲᠡᠮᠦᠷ ᠵᠠᠮ᠎ᠢ ᠥᠭᠡᠷᠡᠴᠢᠯᠡᠨ ᠰᠢᠨᠡᠳᠬᠡᠬᠦ ᠵᠡᠷᠭᠡ ᠡᠬᠢᠨ᠎ᠤ ᠬᠤᠭᠤᠴᠠᠭ᠋ᠠᠨ᠎ᠳᠠᠬᠢ ᠠᠵᠢᠯ᠎ᠢ ᠱᠠᠯᠠᠪᠳᠠᠨ ᠠᠬᠢᠭᠤᠯᠵᠤ ᠂ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ ᠵᠢ 1700 ᠺᠢᠯᠣᠮᠧᠲᠷ ᠂ ᠲᠦᠷᠭᠡᠨ᠎ᠤ ᠲᠡᠮᠦᠷ ᠵᠠᠮ᠎ᠢ 470 ᠺᠢᠯᠣᠮᠧᠲᠷ᠎ᠲᠤ ᠬᠦᠷᠭᠡᠬᠦ᠎ᠪᠠᠷ ᠬᠦᠴᠦᠯᠡᠨ ᠴᠢᠷᠮᠠᠢ᠌ᠨ᠎ᠠ ; G5511 ᠶᠡᠬᠡ ᠨᠡᠪᠳᠡᠷᠡᠯ ᠵᠠᠮ ᠂ G331 ᠬᠢᠯᠢ ᠳᠠᠭ᠋ᠠᠤ ᠵᠢᠨ ᠵᠠᠰᠠᠮᠠᠯ ᠵᠠᠮ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂ ᠤᠯᠤᠰ ᠮᠤᠵᠢ ᠵᠢᠨ ᠭᠣᠣᠯ ᠱᠤᠭᠤᠮ᠎ᠤᠨ 15 《ᠮᠤᠬᠤᠷ ᠵᠠᠮ》᠎ᠢ ᠨᠡᠪᠲᠡᠷᠡᠭᠦᠯᠬᠦ ᠢᠨᠵᠧᠨᠧᠷᠢᠩ᠎ᠢ ᠬᠡᠷᠡᠭᠵᠢᠭᠦᠯᠵᠦ ᠂ ᠲᠦᠮᠡᠨ ᠺᠢᠯᠣᠮᠧᠲᠷ ᠤᠷᠳᠤ ᠵᠠᠰᠠᠮᠠᠯ ᠵᠠᠮ᠎ᠢ ᠪᠠᠷᠢᠯᠭ᠎ᠠ ᠡᠬᠢᠯᠡᠭᠦᠯᠦᠨ ᠪᠠᠢ᠍ᠢ᠍ᠭᠤᠯᠬᠤ᠎ᠪᠠᠷ ᠬᠦᠴᠦᠯᠡᠨ ᠴᠢᠷᠮᠠᠢ᠌ᠨ᠎ᠠ ; ᠬᠦᠬᠡᠬᠤᠳᠠ ᠰᠢᠨ᠎ᠡ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠲᠣᠭᠣᠷᠢᠭ ᠂ ᠨᠢᠰᠦᠯᠲᠡ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ ᠂ 11 ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠤᠯᠲᠠ ᠵᠢ ᠡᠬᠢᠯᠡᠭᠦᠯᠦᠨ᠎ᠡ ᠃ ᠪᠢᠳᠡ ᠲᠦᠷᠭᠡᠨ᠎ᠤ ᠲᠡᠮᠦᠷ ᠵᠠᠮ ᠂ ᠲᠦᠷᠭᠡᠨ᠎ᠤ ᠵᠠᠰᠠᠮᠠᠯ ᠵᠠᠮ᠎ᠢ ᠠᠳᠬᠤᠬᠤ᠎ᠪᠠᠷ ᠪᠠᠷᠠᠬᠤ ᠦᠭᠡᠢ ᠂ ᠪᠠᠰᠠ ᠨᠢᠭᠡ ᠪᠦᠯᠦᠭ ᠲᠡᠮᠦᠷ ᠵᠠᠮ ᠂ ᠵᠠᠰᠠᠮᠠᠯ ᠵᠠᠮ᠎ᠤᠨ 《ᠮᠤᠬᠤᠷ ᠵᠠᠮ》᠎ᠢ ᠨᠡᠪᠲᠡᠷᠡᠭᠦᠯᠬᠦ ᠠᠵᠢᠯ᠎ᠢ ᠴᠤ᠌ ᠠᠳᠬᠤᠨ ᠂ ᠵᠡᠭᠦᠨ ᠪᠠᠷᠠᠭᠤᠨ᠎ᠢ ᠰᠤᠨᠳᠠᠯᠠᠭᠰᠠᠨ ᠂ ᠡᠮᠦᠨ᠎ᠡ ᠤᠮᠠᠷ᠎ᠠ ᠵᠢ ᠬᠣᠯᠪᠣᠭᠰᠠᠨ ᠂ ᠪᠡᠭᠡᠵᠢᠩ ᠤᠷᠤᠭᠤ ᠨᠡᠪᠲᠡᠷᠡᠭᠰᠡᠨ ᠂ ᠨᠠᠢ᠍ᠮᠠᠨ ᠮᠤᠵᠢ᠎ᠲᠠᠢ ᠬᠣᠯᠪᠣᠭᠰᠠᠨ ᠂ ᠬᠢᠯᠢ ᠬᠢᠵᠠᠭ᠋ᠠᠷ ᠪᠠ ᠳᠠᠯᠠᠢ ᠳᠠᠭ᠋ᠠᠤ ᠬᠦᠷᠬᠦ ᠂ ᠬᠤᠳᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭ᠋ᠠᠨ᠎ᠤ ᠪᠣᠰᠣᠭ᠎ᠠ ᠵᠥᠷᠢᠯᠢᠭ ᠵᠠᠮ᠎ᠢ ᠪᠦᠬᠦ ᠬᠦᠴᠦ᠎ᠪᠠᠷ ᠵᠶ᠋ᠠᠨ ᠪᠠᠢ᠌ᠭᠤᠯᠤᠨ᠎ᠠ ᠃ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠰᠠᠭᠤᠷᠢ ᠪᠡᠯᠡᠳᠬᠡᠮᠵᠢ ᠵᠢᠨ ᠪᠠᠢ᠌ᠷᠢᠰᠢᠭᠤᠯᠤᠯ᠎ᠢ ᠰᠢᠯᠢᠳᠡᠭᠵᠢᠭᠦᠯᠦᠨ ᠂ ᠨᠢᠭᠡ ᠪᠦᠯᠦᠭ ᠬᠦᠷᠢᠶᠡᠯᠡᠩ ᠲᠣᠭᠣᠷᠢᠭ᠎ᠤᠨ ᠲᠡᠮᠦᠷ ᠵᠠᠮ᠎ᠤᠨ ᠲᠤᠰᠬᠠᠢ ᠱᠤᠭᠤᠮ ᠪᠠ ᠵᠢᠭᠤᠯᠴᠢᠯᠠᠯ᠎ᠤᠨ ᠵᠠᠮ ᠂ ᠠᠵᠤ ᠦᠢ᠍ᠯᠡᠰ᠎ᠤᠨ ᠵᠠᠮ᠎ᠢ ᠲᠥᠯᠥᠪᠵᠢᠭᠦᠯᠦᠨ ᠪᠠᠢ᠌ᠭᠤᠯᠵᠤ ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠲᠥᠬᠥᠷ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠤᠨ᠎ᠠ ᠃ ᠵᠡᠭᠦᠨ ᠲᠠᠢ᠌ᠰᠠ ᠤᠰᠤᠨ ᠴᠦᠬᠦᠷᠦᠮ᠎ᠢ ᠪᠠᠢ᠌ᠭᠤᠯᠵᠤ ᠂ ᠴᠤᠤᠯ ᠭᠣᠣᠯ᠎ᠤᠨ ᠤᠰᠤ ᠵᠢ ᠲᠠᠲᠠᠵᠤ ᠯᠢᠶᠤᠤ ᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠎ᠠ ᠂ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠢ ᠥᠭᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ᠎ᠢ ᠠᠬᠢᠭᠤᠯᠤᠨ ᠂ ᠬᠠᠳᠤᠨ ᠭᠣᠣᠯ᠎ᠤᠨ ᠦᠶᠡᠷ᠎ᠢ ᠰᠡᠷᠭᠡᠢ᠌ᠯᠡᠬᠦ ᠭᠤᠷᠪᠠᠳᠤᠭ᠋ᠠᠷ ᠬᠤᠭᠤᠴᠠᠭ᠎ᠠ ᠂ ᠨᠤᠨ ᠭᠣᠣᠯ᠎ᠤᠨ ᠤᠰᠤ ᠵᠢ ᠲᠠᠲᠠᠵᠤ ᠰᠢᠯᠢ ᠵᠢᠨ ᠭᠣᠣᠯ᠎ᠢ ᠲᠤᠰᠠᠯᠠᠬᠤ ᠂ ᠤᠯᠠᠭ᠋ᠠᠨᠴᠠᠪ᠎ᠤᠨ ᠬᠤᠳᠠ ᠵᠢᠨ ᠲᠣᠭᠣᠷᠢᠭ᠎ᠲᠤ ᠤᠰᠤ ᠬᠠᠩᠭ᠋ᠠᠬᠤ ᠵᠡᠷᠭᠡ ᠵᠢᠨ ᠡᠬᠢᠨ᠎ᠤ ᠬᠤᠭᠤᠴᠠᠭ᠋ᠠᠨ᠎ᠤ ᠠᠵᠢᠯ᠎ᠢ ᠥᠷᠨᠢᠭᠦᠯᠵᠦ ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠂ ᠦᠶᠡᠷ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠂ ᠤᠰᠤᠨ᠎ᠤ ᠡᠬᠢ ᠰᠣᠷᠪᠤᠯᠵᠢ ᠵᠢ ᠲᠣᠬᠢᠷᠠᠭᠤᠯᠬᠤ ᠂ ᠤᠰᠤᠨ᠎ᠤ ᠡᠬᠢ ᠰᠣᠷᠪᠤᠯᠵᠢ ᠵᠢ ᠬᠠᠮᠠᠭ᠋ᠠᠯᠠᠬᠤ ᠵᠡᠷᠭᠡ ᠴᠢᠳᠠᠮᠵᠢ ᠵᠢ᠎ᠨᠢ ᠨᠢᠭᠡ ᠴᠣᠭᠴᠠᠵᠢᠭᠤᠯᠤᠭᠰᠠᠨ ᠤᠰᠤᠨ᠎ᠤ ᠶᠡᠷᠦᠩᠬᠡᠢ᠌ᠯᠡᠭᠰᠡᠨ ᠲᠣᠣᠷ᠎ᠢ ᠬᠦᠴᠦᠯᠡᠨ ᠪᠠᠢ᠌ᠭᠤᠯᠤᠨ᠎ᠠ ᠃ ᠥᠪᠥᠷ ᠮᠣᠩᠭᠣᠯ᠎ᠤᠨ ᠪᠠᠷᠠᠭᠤᠨ ᠬᠡᠰᠡᠭ᠎ᠲᠠᠬᠢ 《ᠳᠦᠷᠪᠡᠨ ᠬᠥᠨᠳᠡᠯᠡᠨ ᠲᠠᠪᠤᠨ ᠭᠤᠯᠳᠤ》 ᠂ ᠥᠪᠥᠷ ᠮᠣᠩᠭᠣᠯ᠎ᠤᠨ ᠵᠡᠭᠦᠨ ᠬᠡᠰᠡᠭ᠎ᠲᠠᠬᠢ 《ᠨᠠᠢ᠍ᠮᠠᠨ ᠬᠥᠨᠳᠡᠯᠡᠨ ᠬᠣᠶᠠᠷ ᠭᠤᠯᠳᠤ》 ᠴᠠᠬᠢᠯᠭ᠋ᠠᠨ ᠬᠦᠴᠦᠨ᠎ᠤ ᠭᠣᠣᠯ ᠲᠣᠣᠷᠵᠢᠯ᠎ᠢ ᠪᠦᠲᠦᠭᠡᠨ ᠪᠠᠢ᠌ᠭᠤᠯᠵᠤ ᠂ ᠰᠢᠨ᠎ᠡ ᠡᠨᠧᠷᠬᠢ ᠵᠢᠨ ᠲᠣᠮᠣ ᠰᠠᠭᠤᠷᠢᠨ ᠭᠠᠵᠠᠷ᠎ᠤᠨ ᠲᠥᠪᠯᠡᠷᠡᠭᠦᠯᠦᠨ ᠭᠠᠳᠠᠭᠰᠢ ᠬᠦᠷᠭᠡᠬᠦ ᠢᠨᠵᠧᠨᠧᠷᠢᠩ ᠪᠠ ᠪᠣᠬᠢᠷᠳᠤᠯ ᠦᠭᠡᠢ ᠴᠠᠬᠢᠯᠭ᠋ᠠᠨ ᠂ ᠪᠣᠬᠢᠷᠳᠤᠯ ᠦᠭᠡᠢ ᠤᠰᠤᠳᠥ᠋ᠷᠦᠭᠴᠢ ᠵᠢ ᠪᠡᠭᠡᠵᠢᠩ᠎ᠳᠤ ᠬᠦᠷᠭᠡᠬᠦ ᠰᠢᠨ᠎ᠡ ᠨᠡᠪᠳᠡᠷᠡᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠨᠢᠭᠡ ᠪᠦᠯᠦᠭ ᠴᠠᠬᠢᠯᠭ᠋ᠠᠨ ᠴᠡᠨᠡᠭᠯᠡᠬᠦ ᠱᠣᠩ ᠂ ᠤᠰᠤᠳᠥ᠋ᠷᠦᠭᠴᠢ ᠨᠡᠮᠡᠬᠦ ᠥᠷᠲᠡᠭᠡ ᠵᠢ ᠪᠠᠢ᠌ᠷᠢᠰᠢᠭᠤᠯᠤᠨ᠎ᠠ ᠃ ᠳ᠋ᠠᠢ᠌ᠲ᠋ᠠ ᠵᠢᠨ ᠲᠥᠪ᠎ᠲᠤ 50 ᠲᠦᠮᠡᠨ ᠮᠠᠰᠢᠨ ᠴᠣᠭᠴᠠᠯᠠᠪᠤᠷᠢ ᠵᠢ ᠰᠢᠨ᠎ᠡ᠎ᠪᠠᠷ ᠤᠭᠰᠠᠷᠠᠵᠤ ᠂ 5G ᠰᠠᠭᠤᠷᠢ ᠦᠷᠲᠡᠭᠡ ᠵᠢ 2 ᠲᠦᠮᠡ ᠰᠢᠨ᠎ᠡ᠎ᠪᠠᠷ ᠪᠠᠢ᠌ᠭᠤᠯᠤᠨ᠎ᠠ ᠃
ᠬᠤᠳᠠᠯᠳᠤᠭ᠋ᠠᠴᠢᠨ ᠤᠷᠢᠬᠤ ᠵᠢ ᠪᠦᠬᠦ ᠬᠦᠴᠦ᠎ᠪᠠᠷ ᠠᠳᠬᠤᠨ᠎ᠠ ᠃ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠢ ᠨᠠᠷᠢᠯᠢᠭ ᠰᠡᠳᠬᠢᠨ ᠨᠢᠮᠪᠠᠢ ᠰᠡᠳᠦᠵᠦ ᠂ ᠠᠵᠤ ᠦᠢ᠍ᠯᠡᠰ᠎ᠤᠨ ᠪᠦᠯᠦᠭᠵᠢᠯ ᠪᠠ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ᠎ᠳᠤ ᠲᠥᠪᠯᠡᠷᠡᠭᠦᠯᠦᠨ ᠂ ᠳᠡᠯᠡᠬᠡᠢ ᠵᠢᠨ 500 ᠬᠦᠴᠦᠷᠬᠡᠭ ᠂ ᠳᠤᠮᠳᠠᠳᠤ ᠤᠯᠤᠰ᠎ᠤᠨ 500 ᠬᠦᠴᠦᠷᠬᠡᠭ ᠂ ᠠᠷᠠᠳ᠎ᠠᠴᠠ ᠡᠵᠡᠩᠨᠡᠭᠰᠡᠨ 500 ᠬᠦᠴᠦᠷᠬᠡᠭ ᠂ ᠦᠢ᠍ᠯᠡᠳᠬᠦ ᠦᠢ᠍ᠯᠡᠰ᠎ᠤᠨ 500 ᠬᠦᠴᠦᠷᠬᠡᠭ᠎ᠢ ᠴᠢᠩᠭ᠎ᠠ ᠠᠩᠬᠠᠷᠴᠤ ᠂ ᠲᠣᠯᠣᠭ᠋ᠠᠢ᠌ᠯᠠᠭᠴᠢ ᠠᠵᠤ ᠠᠬᠤᠢ᠌ᠯᠠᠯ ᠂ ᠪᠦᠯᠦᠭᠯᠡᠯ᠎ᠤᠨ ᠭᠣᠣᠯ ᠠᠵᠤ ᠠᠬᠤᠢ᠌ᠯᠠᠯ ᠂ ᠬᠡᠯᠬᠢᠶ᠎ᠡ ᠵᠢᠨ ᠭᠣᠣᠯ ᠠᠵᠤ ᠠᠬᠤᠢ᠌ᠯᠠᠯ᠎ᠢ ᠴᠢᠩᠭ᠎ᠠ ᠠᠳᠬᠤᠨ ᠂ ᠬᠠᠨᠳᠤᠯᠭ᠎ᠠ᠎ᠲᠠᠢ᠎ᠪᠠᠷ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠵᠤ ᠂ ᠠᠯᠬᠤᠮ ᠠᠯᠬᠤᠮ ᠵᠶ᠋ᠠᠷ ᠠᠬᠢᠭᠤᠯᠤᠨ ᠂ 3800 ᠳ᠋ᠦᠩᠰᠢᠭᠤᠷ ᠲᠥᠭᠥᠷᠢᠭ᠎ᠠᠴᠠ ᠢᠯᠡᠭᠦᠦ ᠪᠡᠯᠡ ᠮᠥᠩᠭᠥ ᠣᠷᠣᠭᠤᠯᠤᠨ ᠠᠪᠴᠢᠷᠠᠬᠤ᠎ᠪᠠᠷ ᠴᠢᠷᠮᠠᠢ᠌ᠨ᠎ᠠ ᠃ ᠲᠤᠰᠬᠠᠢ᠌ᠵᠢᠭᠰᠠᠨ ᠪᠦᠯᠬᠦᠮ ᠨᠡᠢ᠍ᠢ᠍ᠳᠠ ᠪᠠ ᠪᠡᠯᠡ ᠣᠷᠣᠭᠤᠯᠵᠤ ᠲᠣᠬᠢᠷᠠᠭᠤᠯᠬᠤ ᠲᠠᠪᠴᠠᠩ᠎ᠢ ᠪᠤᠢ ᠪᠤᠯᠭ᠋ᠠᠵᠤ ᠂ 《ᠣᠷᠣᠨ ᠠᠯᠤᠰᠯᠠᠨ》 ᠬᠤᠳᠠᠯᠳᠤᠭ᠋ᠠᠴᠢᠨ ᠤᠷᠢᠬᠤ ᠂ 《ᠪᠦᠬᠦᠯᠢ ᠬᠡᠯᠬᠢᠶ᠎ᠡ》᠎ᠪᠠᠷ ᠬᠤᠳᠠᠯᠳᠤᠭ᠋ᠠᠴᠢᠨ ᠤᠷᠢᠬᠤ ᠂ ᠬᠤᠳᠠᠯᠳᠤᠭ᠋ᠠᠴᠢᠨ ᠵᠶ᠋ᠠᠷ ᠬᠤᠳᠠᠯᠳᠤᠭ᠋ᠠᠴᠢᠨ ᠤᠷᠢᠭᠤᠯᠬᠤ ᠵᠡᠷᠭᠡ ᠵᠠᠭᠪᠤᠷ᠎ᠢ ᠠᠬᠢᠭᠤᠯᠤᠨ ᠂ ᠠᠷᠭ᠎ᠠ ᠪᠦᠬᠦᠨ᠎ᠢ ᠰᠦᠪᠡᠭᠴᠢᠯᠡᠨ ᠲᠦᠷᠦᠯ ᠵᠦᠢ᠍ᠯ᠎ᠢ ᠪᠠᠢ᠌ᠷᠢᠰᠢᠭᠤᠯᠬᠤ ᠂ ᠠᠵᠤ ᠦᠢ᠍ᠯᠡᠰ᠎ᠢ ᠲᠦᠭᠦᠷᠵᠢᠬᠦᠯᠬᠦ ᠂ ᠬᠦᠴᠦᠨ ᠵᠦᠢ᠍ᠯ᠎ᠢ ᠪᠠᠲᠤᠯᠠᠬᠤ ᠵᠡᠷᠭᠡ ᠳᠠᠪᠠᠭᠤᠯᠢᠭ᠎ᠢ ᠲᠥᠪᠯᠡᠷᠡᠭᠦᠯᠦᠨ ᠂ ᠤᠯᠠᠮ ᠤᠯᠠᠨ ᠰᠢᠯᠢᠳᠡᠭ ᠰᠠᠢ᠌ᠨ ᠠᠵᠤ ᠠᠬᠤᠢ᠌ᠯᠠᠯ᠎ᠢ ᠲᠠᠲᠠᠨ ᠣᠷᠣᠭᠤᠯᠵᠤ ᠨᠤᠲᠤᠭᠰᠢᠭᠤᠯᠤᠨ ᠂ ᠣᠬᠢ ᠰᠠᠢ᠌ᠨ ᠲᠦᠷᠦᠯ ᠵᠦᠢ᠍ᠯ᠎ᠢ ᠪᠣᠳᠠᠲᠠᠢ ᠨᠠᠢ᠌ᠳᠠᠪᠤᠷᠢᠵᠢᠭᠤᠯᠤᠨ᠎ᠠ ᠃ ᠠᠵᠢᠯ ᠲᠦᠷᠦᠯ᠎ᠢ ᠬᠠᠮᠢᠶᠠᠷᠬᠤ ᠂ ᠬᠦᠷᠢᠶᠡᠯᠡᠩ ᠲᠣᠭᠣᠷᠢᠭ᠎ᠢ ᠬᠠᠮᠢᠶᠠᠷᠬᠤ ᠂ ᠣᠷᠣᠨ ᠨᠤᠲᠤᠭ᠎ᠢ ᠬᠠᠮᠢᠶᠠᠷᠬᠤ᠎ᠳᠤ ᠴᠥᠮ ᠬᠤᠳᠠᠯᠳᠤᠭ᠋ᠠᠴᠢᠨ ᠤᠷᠢᠬᠤ ᠵᠢ᠎ᠨᠢ ᠬᠠᠮᠢᠶᠠᠷᠬᠤ ᠪᠠᠢ᠌ᠳᠠᠯ᠎ᠢ ᠪᠦᠷᠢᠯᠳᠦᠭᠦᠯᠵᠦ ᠂ ᠡᠨᠡ ᠵᠢᠯ᠎ᠳᠤ ᠦᠷᠭᠦᠯᠵᠢᠯᠡᠨ 8100 ᠲᠦᠮᠡᠨ ᠲᠥᠭᠥᠷᠢᠭ ᠭᠠᠷᠭ᠋ᠠᠵᠤ ᠪᠠᠢ᠌ᠭ᠋ᠠᠳ ᠬᠥᠬᠢᠭᠦᠯᠦᠨ ᠱᠠᠩᠨᠠᠬᠤ ᠲᠦᠷᠦ ᠵᠢᠨ ᠪᠣᠳᠣᠯᠭ᠎ᠠ ᠵᠢ ᠪᠡᠶᠡᠯᠡᠭᠦᠯᠦᠨ ᠂ ᠳᠡᠭᠡᠳᠦ ᠱᠠᠲᠤ ᠪᠠ ᠳᠣᠣᠷᠠᠳᠤ ᠱᠠᠲᠤ ᠂ ᠰᠢᠰᠲ᠋ᠧᠮ ᠪᠠ ᠬᠡᠰᠡᠭ ᠂ ᠰᠠᠯᠠᠭ᠎ᠠ ᠮᠥᠴᠢᠷ ᠪᠠ ᠣᠷᠣᠨ ᠨᠤᠲᠤᠭ᠎ᠢ ᠬᠣᠯᠪᠣᠭᠳᠠᠭᠤᠯᠵᠤ ᠪᠠᠢ᠌ᠭ᠋ᠠᠳ ᠲᠡᠳᠡᠨ᠎ᠤ ᠬᠤᠳᠠᠯᠳᠤᠭ᠋ᠠᠴᠢᠨ ᠤᠷᠢᠬᠤ ᠢᠳᠡᠪᠬᠢᠵᠢᠯ᠎ᠢ᠎ᠨᠢ ᠳᠠᠢ᠍ᠢ᠍ᠴᠢᠯᠠᠵᠤ ᠂ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠠᠵᠢᠯ᠎ᠢ ᠭᠣᠷᠣᠬ᠎ᠠ ᠨᠡᠢ᠌ᠯᠡᠵᠦ ᠭᠣᠣᠯ ᠪᠣᠯᠵᠤ ᠤᠷᠤᠰᠬᠠᠯ ᠨᠡᠢ᠌ᠯᠡᠵᠦ ᠳᠠᠯᠠᠢ ᠪᠦᠲᠦᠭᠰᠡᠨ ᠮᠡᠲᠦ ᠥᠷᠨᠢᠯᠲᠡ᠎ᠲᠠᠢ ᠪᠣᠯᠭ᠋ᠠᠨ᠎ᠠ ᠃
ᠣᠨᠣᠴᠠᠲᠠᠢ᠎ᠪᠠᠷ ᠬᠦᠴᠦᠯᠡᠵᠦ ᠬᠡᠷᠡᠭᠯᠡᠭᠡ ᠵᠢ ᠠᠳᠬᠤᠨ᠎ᠠ ᠃ ᠮᠠᠨ᠎ᠤ ᠣᠷᠣᠨ᠎ᠤ ᠬᠡᠷᠡᠭᠯᠡᠭᠡ ᠤᠷᠳᠤ ᠬᠤᠭᠤᠴᠠᠭ᠎ᠠ᠎ᠪᠠᠷ ᠬᠣᠶᠠᠷ᠎ᠤᠨ ᠬᠣᠭᠣᠷᠣᠨᠳᠤ ᠭᠤᠷᠪᠠ ᠵᠢᠨ ᠳᠤᠮᠳᠠ ᠪᠠᠢ᠌ᠵᠤ ᠂ ᠣᠨᠴᠠᠭ᠋ᠠᠢ᠌ᠯᠠᠨ ᠬᠢᠵᠢᠭ᠎ᠲᠤ ᠨᠥᠯᠥᠭᠡᠯᠡᠭᠳᠡᠵᠦ ᠤᠯᠠᠮ ᠠᠨᠠᠢ᠌ᠬᠠᠨ ᠪᠣᠯᠪᠠ ᠃ ᠡᠷᠬᠡᠪᠰᠢ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠢ᠌ᠷᠢᠨ᠎ᠳᠤ ᠲᠠᠯᠪᠢᠵᠤ ᠂ ᠬᠤᠳᠠᠯᠳᠤᠭ᠋ᠠᠨ᠎ᠤ ᠵᠡᠭᠡᠯᠢ ᠂ ᠶᠠᠪᠠᠭ᠋ᠠᠨ ᠵᠡᠭᠡᠯᠢ ᠂ ᠲᠣᠮᠣ ᠬᠤᠳᠠᠯᠳᠤᠭ᠎ᠠ ᠳᠡᠯᠭᠡᠭᠦᠷ ᠂ ᠵᠢᠵᠢᠭ ᠬᠤᠷᠰᠢᠶ᠎ᠠ ᠳᠡᠯᠭᠡᠭᠦᠷ ᠪᠦᠭᠦᠨ᠎ᠢ ᠨᠡᠭᠡᠭᠡᠵᠦ ᠬᠥᠭᠵᠢᠶᠡᠨ᠎ᠲᠠᠢ ᠪᠣᠯᠭ᠋ᠠᠨ ᠂ ᠲᠠᠮᠢᠷᠵᠢᠭᠤᠯᠤᠨ ᠲᠡᠩᠬᠡᠷᠡᠭᠦᠯᠵᠦ ᠂ ᠨᠠᠷᠭᠢᠶ᠎ᠠ ᠳᠠᠷᠭᠢᠶᠠᠲᠠᠢ ᠪᠣᠯᠭ᠋ᠠᠬᠤ᠎ᠨᠢ ᠣᠳᠣᠬᠠᠨ᠎ᠤ ᠪᠠᠷᠢᠨ ᠭᠦᠢ᠍ᠴᠡᠳᠬᠡᠬᠦ ᠪᠠᠴᠢᠮ ᠡᠭᠦᠷᠭᠡ ᠪᠣᠯᠪᠠ ᠃ ᠨᠢᠭᠡ ᠪᠦᠯᠦᠭ ᠬᠡᠷᠡᠭᠯᠡᠭᠡ ᠵᠢᠨ ᠪᠥᠭᠡᠮᠨᠡᠷᠡᠯ᠎ᠤᠨ ᠣᠷᠣᠨ ᠂ ᠪᠡᠶᠡᠴᠢᠯᠡᠨ ᠣᠢ᠌ᠯᠠᠭ᠋ᠠᠬᠤ ᠲᠥᠪ ᠪᠠ ᠬᠤᠳᠠ ᠵᠢᠨ ᠳᠡᠭᠦᠷᠭᠡ ᠵᠢᠨ ᠲᠣᠮᠣ ᠬᠥᠮᠥᠷᠭᠡ ᠵᠢ ᠲᠥᠯᠥᠪᠵᠢᠭᠦᠯᠦᠨ ᠪᠠᠢ᠌ᠭᠤᠯᠵᠤ ᠂ ᠬᠦᠬᠡᠬᠤᠳᠡ ᠂ ᠪᠤᠭᠤᠲᠤ ᠂ ᠣᠷᠳᠣᠰ ᠂ ᠤᠯᠠᠭ᠋ᠠᠨᠬᠠᠳᠠ ᠂ ᠲᠦᠩᠯᠢᠶᠣᠣ ᠵᠢ ᠬᠡᠷᠡᠭᠯᠡᠭᠡᠨ᠎ᠤ ᠭᠣᠣᠯ ᠲᠥᠪ ᠪᠣᠯᠬᠤ ᠬᠤᠳᠠ᠎ᠪᠠᠷ ᠪᠦᠲᠦᠭᠡᠨ ᠪᠠᠢ᠍ᠢ᠍ᠭᠤᠯᠬᠤ ᠵᠢ ᠳᠡᠮᠵᠢᠵᠤ ᠂ ᠠᠢ᠌ᠮᠠᠭ ᠬᠤᠳᠠ ᠵᠢᠨ ᠭᠣᠣᠯ ᠲᠥᠪ ᠪᠣᠯᠬᠤ ᠬᠤᠳᠠ ᠲᠣᠭᠣᠷᠢᠭ᠎ᠲᠤ ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠤᠨ ᠳᠡᠯᠭᠡᠨ ᠦᠵᠡᠭᠦᠯᠬᠦ ᠳᠡᠯᠭᠡᠭᠦᠷ᠎ᠢ ᠪᠠᠢ᠌ᠭᠤᠯᠵᠤ ᠂ ᠴᠠᠭ᠎ᠤᠨ ᠤᠷᠤᠰᠬᠠᠯ ᠳᠠᠭ᠋ᠠᠨᠨᠰᠠᠨ ᠰᠥᠨᠢ ᠵᠢᠨ ᠵᠠᠬ᠎ᠠ ᠂ ᠠᠷᠠᠳ᠎ᠤᠨ ᠠᠮᠢᠳᠤᠷᠠᠯ᠎ᠤᠨ ᠥᠷᠯᠥᠭᠡ ᠵᠢᠨ ᠵᠠᠬ᠎ᠠ ᠂ ᠬᠤᠳᠠ ᠬᠥᠳᠡᠭᠡ ᠵᠢᠨ ᠴᠤᠭᠯᠠᠭ᠎ᠠ ᠮᠠᠢ᠌ᠮᠠᠢ ᠵᠢᠨ ᠬᠡᠷᠡᠭᠯᠡᠭᠡ ᠵᠢᠨ ᠪᠠᠢ᠌ᠳᠠᠯ᠎ᠢ ᠶᠡᠬᠡ᠎ᠪᠠᠷ ᠬᠥᠭᠵᠢᠭᠦᠯᠵᠦ ᠂ ᠮᠤᠵᠢ ᠵᠢᠨ ᠬᠤᠭᠤᠷᠤᠨᠳᠤᠬᠢ ᠵᠢᠭᠤᠯᠴᠢᠯᠠᠨ ᠰᠠᠭᠤᠷᠢᠰᠢᠬᠤ ᠨᠠᠰᠤᠵᠢᠯ᠎ᠤᠨ ᠬᠠᠮᠲᠤᠷᠠᠯᠴᠠᠭ᠎ᠠ ᠵᠢᠨ ᠲᠤᠷᠰᠢᠯᠲᠠ ᠵᠢᠨ ᠴᠡᠭ᠎ᠢ ᠥᠷᠨᠢᠭᠦᠯᠵᠦ ᠂ 《ᠠᠮᠢᠵᠢᠷᠠᠯ᠎ᠤᠨ ᠬᠦᠴᠦᠨ᠎ᠲᠠᠢ ᠥᠪᠥᠷ ᠮᠣᠩᠭᠣᠯ · ᠪᠠᠶᠠᠰᠤᠯᠳᠤ ᠬᠡᠷᠡᠭᠯᠡᠭᠡ》 ᠵᠢᠨ ᠭᠣᠣᠯ ᠰᠡᠳᠦᠪᠲᠦ ᠠᠵᠢᠯᠯᠠᠭ᠎ᠠ ᠵᠢ ᠰᠠᠢ᠌ᠲᠤᠷ ᠡᠷᠬᠢᠯᠡᠨ ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠨᠡᠷ᠎ᠡ ᠠᠯᠳᠠᠷᠰᠢᠭᠰᠠᠨ ᠨᠡᠷᠡᠳᠤ ᠲᠡᠮᠳᠡᠭ᠎ᠢ ᠢᠳᠡᠪᠬᠢᠲᠡᠢ ᠲᠠᠲᠠᠨ ᠣᠷᠣᠭᠤᠯᠵᠤ ᠲᠦᠷᠦᠭᠦᠴᠢ ᠳᠡᠯᠭᠡᠭᠦᠷ ᠨᠡᠭᠡᠭᠡᠯᠭᠡᠨ ᠂ ᠠᠩᠬ᠎ᠠ ᠲᠠᠷᠬᠠᠭ᠋ᠠᠬᠤ ᠠᠵᠢᠯᠯᠠᠭ᠎ᠠ ᠡᠷᠬᠢᠯᠡᠭᠦᠯᠵᠤ ᠂ ᠰᠢᠨ᠎ᠡ᠎ᠪᠠᠷ ᠲᠠᠲᠠᠨ ᠣᠷᠣᠭᠤᠯᠤᠭᠰᠠᠨ ᠨᠡᠷᠡᠳᠤ ᠲᠡᠮᠳᠡᠭ᠎ᠤᠨ ᠲᠦᠷᠦᠭᠦᠴᠢ ᠳᠡᠯᠭᠡᠭᠦᠷ᠎ᠢ 100 ᠡᠷᠦᠬᠡ ᠪᠣᠯᠭ᠋ᠠᠬᠤ᠎ᠪᠠᠷ ᠴᠢᠷᠮᠠᠢ᠌ᠨ᠎ᠠ ; 《ᠬᠠᠭᠤᠴᠢᠨ ᠨᠡᠷᠡᠮᠵᠢᠳᠣ》 ᠵᠢ ᠵᠠᠯᠭ᠋ᠠᠮᠵᠢᠯᠠᠨ ᠬᠠᠮᠠᠭ᠋ᠠᠯᠠᠵᠤ ᠂ ᠰᠢᠨ᠎ᠡ ᠵᠢ ᠡᠭᠦᠳᠦᠨ ᠬᠥᠭᠵᠢᠬᠦ ᠵᠢ ᠵᠣᠷᠢᠭᠵᠢᠭᠤᠯᠤᠨ ᠳᠡᠮᠵᠢᠵᠦ ᠂ ᠲᠡᠳᠡᠭᠡᠷ ᠵᠠᠭᠤᠨ ᠵᠢᠯ᠎ᠤᠨ ᠬᠠᠭᠤᠴᠢᠨ ᠳᠡᠯᠭᠡᠭᠦᠷ ᠂ 《ᠬᠠᠭᠤᠴᠢᠨ ᠨᠡᠷᠡᠮᠵᠢᠳᠣ》 ᠵᠢᠨ ᠰᠢᠨ᠎ᠡ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ ᠪᠠᠳᠠᠷᠠᠭᠤᠯᠤᠨ᠎ᠠ ; 《ᠢᠨᠲ᠋ᠧᠷ ᠰᠦᠯᠵᠢᠶ᠎ᠡ +》 ᠬᠡᠷᠡᠭᠯᠡᠭᠡ ᠵᠢᠨ ᠡᠵᠡᠩᠨᠡᠯᠲᠡ ᠵᠢᠨ ᠪᠠᠢ᠌ᠳᠠᠯ᠎ᠢ ᠵᠣᠷᠢᠭᠵᠢᠭᠤᠯᠤᠨ ᠬᠥᠭᠵᠢᠭᠦᠯᠵᠦ ᠂ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠴᠤᠭᠯᠠᠭ᠋ᠠᠨ ᠂ ᠨᠡᠷᠡᠳᠤ ᠲᠡᠮᠳᠡᠭ ᠪᠠ ᠴᠢᠨᠠᠷ ᠴᠢᠨᠰᠠᠭ᠎ᠠ ᠵᠢᠨ ᠬᠡᠷᠡᠭᠯᠡᠭᠡ ᠵᠢᠨ ᠰᠦᠯᠵᠢᠶ᠎ᠡ᠎ᠪᠠᠷ ᠬᠤᠳᠠᠯᠳᠤᠨ ᠠᠪᠬᠤ ᠴᠤᠭᠯᠠᠭ᠋ᠠᠨ ᠵᠡᠷᠭᠡ ᠠᠵᠢᠯᠯᠠᠭ᠎ᠠ ᠵᠢ ᠡᠷᠬᠢᠯᠡᠵᠤ ᠂ ᠰᠦ ᠪᠠ ᠮᠢᠬᠠᠨ᠎ᠤ ᠭᠠᠷᠤᠯᠲᠠ ᠵᠢ ᠰᠦᠯᠵᠢᠶ᠎ᠡ᠎ᠪᠠᠷ ᠪᠣᠷᠣᠯᠠᠭᠤᠯᠬᠤ ᠬᠣᠣᠰ ᠵᠠᠭᠤᠨ ᠳ᠋ᠦᠩᠰᠢᠭᠤᠷ᠎ᠤᠨ ᠲᠤᠰᠬᠠᠢ ᠠᠵᠢᠯᠯᠠᠭ᠋ᠠᠨ᠎ᠢ ᠠᠬᠢᠭᠤᠯᠵᠤ ᠂ ᠰᠦᠯᠵᠢᠶ᠎ᠡ᠎ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠵᠢ 600 600 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃ ᠣᠷᠣᠯᠭ᠎ᠠ ᠪᠣᠯ ᠬᠡᠷᠡᠭᠯᠡᠭᠡ ᠵᠢ ᠨᠥᠯᠥᠭᠡᠯᠡᠬᠦ ᠬᠠᠮᠤᠭ᠎ᠤᠨ ᠦᠨᠳᠦᠰᠦᠨ ᠬᠦᠴᠦᠨ ᠵᠦᠢ᠍ᠯ ᠪᠣᠯᠣᠨ᠎ᠠ ᠂ ᠠᠷᠭ᠎ᠠ ᠪᠦᠬᠦᠨ᠎ᠢ ᠰᠦᠪᠡᠭᠴᠢᠯᠡᠵᠦ ᠤᠯᠠᠨ ᠲᠦᠮᠡᠨ᠎ᠢ ᠵᠣᠭᠣᠰ ᠮᠥᠩᠭᠥ᠎ᠲᠠᠢ ᠪᠣᠯᠬᠤ᠎ᠳᠤ᠎ᠪᠠᠨ ᠢᠲᠡᠭᠡᠯ᠎ᠲᠠᠢ ᠂ ᠵᠣᠭᠣᠰ ᠮᠥᠩᠭᠥ᠎ᠪᠠᠨ ᠵᠠᠷᠤᠬᠤ᠎ᠳᠤ ᠵᠣᠷᠢᠭᠲᠠᠢ ᠂ ᠬᠡᠷᠡᠭᠯᠡᠭᠡ᠎ᠳᠤ ᠵᠠᠷᠤᠬᠤ ᠵᠣᠭᠣᠰ ᠮᠥᠩᠭᠥ᠎ᠲᠠᠢ ᠪᠣᠯᠭ᠋ᠠᠨ᠎ᠠ ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠣᠯᠲᠠ ᠵᠢ ᠳᠠᠢ᠌ᠴᠢᠯᠠᠬᠤ᠎ᠪᠠᠷ ᠴᠢᠩᠭ᠎ᠠ ᠪᠠᠢ᠌ᠳᠠᠭ ᠲᠦᠷᠦᠯ ᠵᠦᠢ᠍ᠯ᠎ᠢ ᠤᠯᠠᠨ ᠬᠡᠷᠡᠭᠵᠢᠭᠦᠯᠵᠦ ᠂ ᠠᠵᠢᠯ ᠣᠯᠭᠣᠯᠲᠠ ᠵᠢ ᠭᠦᠨᠵᠡᠭᠡᠢ᠌ᠷᠡᠭᠦᠯᠬᠦ᠎ᠪᠠᠷ 《ᠲᠠᠪᠤᠨ ᠶᠡᠬᠡ ᠠᠵᠢᠯᠯᠠᠭ᠋ᠠᠨ》᠎ᠢ ᠠᠬᠢᠭᠤᠯᠵᠤ ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠨᠢᠭᠡ ᠪᠦᠯᠦᠭ᠎ᠢ ᠰᠢᠨ᠎ᠡ᠎ᠪᠠᠷ ᠨᠡᠮᠡᠭᠳᠡᠭᠦᠯᠦᠨ ᠂ ᠠᠮᠢᠳᠤᠯᠢᠭ ᠵᠶ᠋ᠠᠷ ᠠᠵᠢᠯᠴᠢᠨ ᠬᠡᠷᠡᠭᠯᠡᠬᠦ᠎ᠪᠠᠷ ᠨᠢᠭᠡ ᠪᠦᠯᠦᠭ᠎ᠢ ᠰᠢᠩᠭᠡᠬᠡᠨ ᠠᠪᠴᠤ ᠂ ᠰᠢᠨ᠎ᠡ᠎ᠪᠠᠷ ᠪᠣᠶ ᠪᠣᠯᠤᠭᠰᠠᠨ ᠡᠵᠡᠩᠨᠡᠯᠲᠡ ᠵᠢᠨ ᠪᠠᠢ᠌ᠳᠠᠯ ᠵᠶ᠋ᠠᠷ ᠨᠢᠭᠡ ᠪᠦᠯᠦᠭ᠎ᠢ ᠬᠥᠭᠵᠢᠭᠡᠨ ᠂ ᠰᠢᠨ᠎ᠡ ᠵᠢ ᠡᠭᠦᠳᠦᠨ ᠦᠢ᠍ᠯᠡᠰ ᠪᠣᠰᠬᠠᠬᠤ᠎ᠪᠠᠷ ᠨᠢᠭᠡ ᠪᠦᠯᠦᠭ᠎ᠢ ᠳᠠᠶ᠋ᠢᠴᠢᠯᠠᠵᠤ ᠂ ᠤᠷ᠎ᠠ ᠮᠡᠷᠭᠡᠰᠢᠯ ᠪᠤᠯᠪᠠᠰᠤᠷᠠᠭᠤᠯᠬᠤ᠎ᠪᠠᠷ ᠨᠢᠭᠡ ᠪᠦᠯᠦᠭ᠎ᠢ ᠳᠡᠭᠡᠭᠰᠢᠯᠡᠭᠦᠯᠵᠦ ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠵᠦ ᠪᠠᠢ᠌ᠭ᠋ᠠᠳ ᠠᠵᠢᠯ ᠣᠯᠭᠣᠯᠲᠠ ᠵᠢ ᠥᠷᠭᠡᠳᠬᠡᠨ ᠣᠷᠣᠯᠭ᠎ᠠ ᠵᠢ ᠨᠡᠮᠡᠭᠳᠡᠭᠦᠯᠦᠨ᠎ᠡ ᠃ ᠵᠢᠭᠤᠯᠴᠢᠯᠠᠯ ᠪᠣᠯ ᠥᠨᠢᠳᠡ ᠵᠢᠨ ᠥᠭᠡᠳᠡᠷᠬᠡᠭ ᠠᠵᠤ ᠦᠢ᠍ᠯᠡᠰ ᠪᠣᠯᠣᠨ᠎ᠠ ᠂ ᠪᠠᠰᠠ ᠴᠤ᠌ ᠨᠡᠢ᠌ᠲᠡᠯᠢᠭ ᠬᠡᠷᠡᠭᠯᠡᠭᠡ ᠵᠢᠨ ᠠᠵᠤ ᠠᠬᠤᠢ ᠮᠥᠨ ᠂ ᠴᠢᠨᠠᠷ ᠴᠢᠨᠰᠠᠭ᠎ᠠ ᠵᠢ᠎ᠨᠢ ᠳᠡᠭᠡᠭᠰᠢᠯᠡᠭᠦᠯᠵᠦ ᠂ ᠨᠡᠷ᠎ᠡ ᠴᠤᠤ ᠵᠢ᠎ᠨᠢ ᠮᠠᠨᠳᠤᠭᠤᠯᠵᠤ ᠂ ᠤᠯᠠᠨ᠎ᠤ ᠲᠠᠭ᠋ᠠᠰᠢᠶᠠᠯ᠎ᠢ ᠣᠯᠬᠤ ᠪᠣᠯ ᠵᠠᠩᠭᠢᠯᠠᠭ᠎ᠠ ᠪᠣᠯᠣᠨ᠎ᠠ ᠃ ᠷᠠᠰᠢᠶᠠᠨᠢ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠲᠣᠭᠣᠷᠢᠭ ᠪᠣᠯᠭ᠋ᠠᠬᠤ ᠵᠥᠪᠰᠢᠶᠡᠷᠡᠯ ᠣᠯᠬᠤ᠎ᠳᠤ ᠪᠥᠬᠦ ᠬᠦᠴᠦᠨ ᠵᠶ᠋ᠠᠷ ᠵᠶ᠋ᠠᠨ ᠴᠢᠷᠮᠠᠢ᠌ᠵᠤ ᠂ ᠮᠡᠷᠭᠡᠯ ᠭᠣᠣᠯ ᠂ ᠳᠠᠭᠤᠲᠤ ᠨᠠᠭᠤᠷ ᠵᠡᠷᠭᠡ 5A ᠲᠠᠰ᠎ᠤᠨ ᠦᠵᠡᠮᠵᠢ ᠵᠢᠨ ᠣᠷᠣᠨ᠎ᠢ ᠪᠥᠬᠦ ᠬᠦᠴᠦᠨ ᠵᠶ᠋ᠠᠷ ᠵᠶ᠋ᠠᠨ ᠡᠭᠦᠳᠦᠨ ᠪᠠᠢ᠌ᠭᠤᠯᠵᠤ ᠂ ᠴᠡᠯᠡᠭᠡᠷ ᠲᠠᠯ᠎ᠠ ᠂ ᠬᠢᠶ᠎ᠡ ᠪᠠᠭᠰᠢ ᠂ ᠡᠵᠡᠨ᠎ᠡ ᠵᠡᠷᠭᠡ 8 ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠠᠭᠤᠰᠤᠯᠴᠠᠭᠤᠯᠵᠤ ᠬᠥᠭᠵᠢᠭᠦᠯᠦᠭᠰᠡᠨ ᠵᠢᠱ᠌ᠢᠶ᠎ᠡ ᠦᠵᠡᠭᠦᠯᠬᠦ ᠲᠣᠭᠣᠷᠢᠭ᠎ᠢ ᠪᠣᠢ ᠪᠣᠯᠭ᠋ᠠᠨ ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠎ᠲᠠᠢ ᠰᠣᠳᠣᠨ ᠵᠢᠭᠤᠯᠴᠢᠯᠠᠯ᠎ᠤᠨ 10 ᠵᠤᠷᠪᠤᠰ ᠵᠠᠮ ᠱᠤᠭᠤᠮ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠎ᠲᠠᠢ ᠨᠢᠭᠡ ᠪᠦᠯᠦᠭ ᠲᠣᠰᠬᠤᠨ ᠪᠠᠯᠭ᠋ᠠᠰᠤ ᠵᠡᠭᠡᠯᠢ ᠭᠤᠳᠤᠮᠵᠢ ᠵᠢ ᠪᠠᠢ᠌ᠭᠤᠯᠵᠤ ᠂ ᠪᠥᠬᠦ ᠤᠯᠤᠰ᠎ᠤᠨ ᠴᠢᠨᠠᠷᠲᠠᠢ ᠦᠵᠡᠰᠬᠦᠯᠡᠩ ᠴᠤᠭᠯᠠᠭ᠋ᠠᠨ ᠦᠵᠡᠭᠦᠯᠭᠡ ᠲᠣᠭᠯᠠᠯᠲᠠ ᠵᠢᠨ ᠰᠣᠳᠣᠨ ᠪᠦᠲᠦᠭᠡᠯ᠎ᠢ ᠪᠣᠶ ᠪᠣᠯᠭ᠋ᠠᠵᠤ ᠂ ᠬᠠᠲᠤᠨ ᠭᠣᠣᠯ᠎ᠤᠨ ᠲᠣᠬᠣᠢ ᠵᠢᠨ ᠰᠣᠶᠣᠯ ᠵᠢᠭᠤᠯᠴᠢᠯᠠᠯ᠎ᠤᠨ ᠨᠠᠢ᠌ᠷ ᠵᠡᠷᠭᠡ ᠰᠢᠷᠢᠰ ᠠᠵᠢᠯᠯᠠᠭ᠎ᠠ ᠵᠢ ᠡᠷᠬᠢᠯᠡᠨ ᠂ ᠵᠢᠭᠤᠯᠴᠢᠯᠠᠯ᠎ᠤᠨ ᠲᠤᠰᠬᠠᠢ ᠴᠤᠪᠤᠭ᠎ᠠ ᠲᠡᠷᠭᠡ ᠂ ᠵᠢᠭᠤᠯᠴᠢᠯᠠᠯ᠎ᠤᠨ ᠲᠦᠷᠢᠶᠡᠰᠦᠨ ᠨᠢᠰᠬᠡᠯ ᠵᠡᠷᠭᠡ ᠲᠣᠭᠲᠠᠭᠰᠠᠨ ᠪᠠᠷᠢᠮᠵᠢᠶ᠎ᠠ᠎ᠲᠠᠢ ᠦᠢ᠍ᠯᠡᠴᠢᠯᠡᠬᠦ ᠪᠠ ᠮᠠᠰᠢᠨ ᠲᠡᠷᠭᠡ ᠲᠦᠷᠢᠶᠡᠰᠦᠯᠡᠬᠦ ᠵᠡᠷᠭᠡ ᠲᠤᠬᠠᠢ ᠵᠢᠨ ᠭᠠᠵᠠᠷ ᠵᠶ᠋ᠠᠷ᠎ᠨᠢ ᠵᠢᠭᠤᠯᠴᠢᠯᠠᠬᠤ᠎ᠳᠤ ᠦᠢ᠍ᠯᠡᠴᠢᠯᠡᠬᠦ ᠠᠵᠢᠯ᠎ᠢ ᠥᠷᠨᠢᠭᠦᠯᠦᠨ᠎ᠡ ᠃ ᠢᠯᠠᠩᠭᠤᠶ᠎ᠠ ᠨᠠᠢ᠌ᠷ ᠨᠠᠭ᠋ᠠᠳᠤᠮ᠎ᠤᠨ ᠠᠵᠢᠯᠯᠠᠭ᠎ᠠ ᠵᠢ ᠬᠥᠷ ᠬᠥᠭᠵᠢᠶᠡᠨ᠎ᠲᠠᠢ ᠥᠷᠨᠢᠭᠦᠯᠵᠦ ᠂ ᠳᠠᠭᠤᠤ ᠪᠥᠵᠢᠭ᠎ᠤᠨ ᠭᠦᠭ ᠠᠶᠠᠰ ᠂ ᠰᠦ ᠮᠢᠬᠠᠨ᠎ᠤ ᠦᠨᠦᠷ ᠠᠮᠲᠠ ᠂ ᠰᠦᠷᠯᠢᠭ ᠰᠠᠢ᠌ᠬᠠᠨ ᠥᠩᠭᠡ ᠦᠵᠡᠮᠵᠢ᠎ᠪᠠᠷ ᠵᠶ᠋ᠠᠨ ᠬᠤᠯᠠ ᠣᠢ᠌ᠷ᠎ᠠ ᠵᠢᠨ ᠵᠢᠭᠤᠯᠴᠢᠯᠠᠭᠴᠢ ᠵᠢ ᠲᠡᠳᠡᠨ ᠠᠪᠴᠢᠷᠠᠵᠤ ᠂ ᠥᠪᠥᠷ ᠮᠣᠩᠭᠣᠯ ᠵᠶ᠋ᠠᠨ ᠬᠤᠪᠢ ᠵᠢᠨ ᠮᠠᠰᠢᠨ ᠲᠡᠷᠭᠡ᠎ᠪᠠᠷ ᠵᠢᠭᠤᠯᠴᠢᠯᠠᠬᠤ᠎ᠳᠤ ᠤᠷᠢᠳ ᠵᠶ᠋ᠠᠷ ᠢᠷᠡᠬᠦ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠢ᠌ᠬᠠᠨ ᠭᠠᠵᠠᠷ ᠂ ᠠᠮᠠᠷᠠᠯᠲᠠ᠎ᠪᠠᠷ ᠵᠠᠪᠠᠯ ᠵᠤᠭ᠋ᠠᠯᠠᠬᠤ ᠭᠠᠵᠠᠷ ᠂ ᠡᠷᠡᠭᠦᠯᠵᠢᠯ ᠰᠤᠪᠢᠯᠠᠯᠲᠠ ᠬᠢᠬᠦ ᠰᠠᠢ᠌ᠨ ᠭᠠᠵᠠᠷ ᠪᠣᠯᠭ᠋ᠠᠨ᠎ᠠ ᠃ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠂ ᠣᠷᠣᠨ ᠪᠦᠰᠡ ᠵᠢ ᠵᠣᠬᠢᠴᠠᠭᠤᠯᠬᠤ ᠪᠠ ᠨᠡᠷᠡᠲᠦ ᠲᠡᠮᠳᠡᠭ᠎ᠢ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠷᠠᠭᠤᠯᠵᠤ ᠪᠠᠢ᠌ᠭ᠋ᠠᠳ ᠪᠦᠬᠦ ᠤᠯᠤᠰ᠎ᠲᠤ ᠠᠯᠳᠠᠷᠰᠢᠭᠰᠠᠨ ᠂ ᠵᠠᠬ᠎ᠠ ᠳᠡᠯᠭᠡᠭᠦᠷ᠎ᠲᠤ ᠲᠣᠭᠲᠠᠵᠤ ᠳᠡᠶ᠋ᠢᠯᠬᠦ ᠬᠡᠳᠦᠨ ᠦᠵᠡᠮᠵᠢ ᠵᠢᠨ ᠣᠷᠣᠨ᠎ᠢ ᠲᠥᠪᠯᠡᠷᠡᠭᠦᠯᠦᠨ ᠪᠠᠢ᠌ᠭᠤᠯᠵᠤ ᠂ ᠬᠠᠮᠤᠭ᠎ᠤᠨ ᠭᠤᠶᠤ ᠲᠠᠯ᠎ᠠ ᠨᠤᠲᠤᠭ ᠤᠢ ᠰᠢᠭᠤᠢ ᠂ ᠨᠡᠯᠦᠭᠡᠷ ᠶᠡᠬᠡ ᠡᠯᠡᠰᠦ ᠮᠠᠩᠬ᠎ᠠ ᠂ ᠰᠤᠨᠤᠯᠵᠠᠬᠤ ᠭᠣᠣᠯ ᠲᠤᠨᠤᠯᠵᠠᠬᠤ ᠨᠠᠭᠤᠷ ᠂ ᠮᠥᠰᠥᠲᠦ ᠳᠡᠯᠡᠬᠡᠢ ᠴᠠᠰᠤᠲᠤ ᠶᠢᠷᠲᠢᠨᠴᠦ᠎ᠪᠠᠷ ᠵᠶ᠋ᠠᠨ ᠡᠯᠳᠡᠪ ᠵᠦᠢ᠍ᠯ᠎ᠤᠨ ᠦᠢ᠍ᠯᠡᠳᠬᠦᠨ ᠪᠠ ᠰᠣᠳᠣᠨ ᠪᠦᠲᠦᠭᠡᠭᠳᠡᠬᠦᠨ ᠵᠣᠬᠢᠶᠠᠨ ᠦᠢ᠍ᠯᠡᠳᠴᠦ ᠂ ᠰᠣᠶᠣᠯ ᠵᠢᠭᠤᠯᠴᠢᠯᠠᠯ ᠠᠭᠤᠰᠤᠯᠴᠠᠭᠰᠠᠨ ᠦᠵᠡᠮᠦᠷᠢ᠎ᠲᠠᠢ ᠂ ᠨᠡᠷ᠎ᠡ ᠴᠤᠤᠲᠠᠢ ᠂ ᠬᠤᠳᠠᠯᠳᠤᠨ ᠠᠪᠬᠤ ᠳᠤᠷᠠᠰᠢᠯ᠎ᠲᠠᠢ ᠪᠣᠯᠬᠤ ᠵᠦᠢ᠍ᠯ᠎ᠢ ᠮᠠᠰᠢ ᠤᠯᠠᠨ ᠵᠣᠬᠢᠶᠠᠨ ᠭᠠᠷᠭ᠋ᠠᠵᠤ ᠂ ᠵᠡᠭᠦᠨ ᠦᠵᠦᠭᠦᠷ᠎ᠠᠴᠠ ᠪᠠᠷᠠᠭᠤᠨ ᠵᠠᠬ᠎ᠠ ᠬᠦᠷᠲᠡᠯᠡᠬᠢ ᠪᠦᠬᠦ ᠣᠷᠣᠨ ᠪᠦᠰᠡ᠎ᠪᠠᠷ ᠵᠢᠭᠤᠯᠴᠢᠯᠠᠵᠤ ᠪᠣᠯᠬᠤ ᠂ ᠳᠦᠷᠪᠡᠨ ᠤᠯᠠᠷᠢᠯ ᠢᠯᠭ᠋ᠠᠯ ᠦᠭᠡᠢ ᠪᠦᠬᠦ ᠵᠢᠯ ᠵᠶ᠋ᠠᠷ᠎ᠨᠢ ᠬᠥᠭᠵᠢᠶᠡᠨ᠎ᠲᠠᠢ ᠪᠣᠯᠭ᠋ᠠᠨ᠎ᠠ ᠃
(ᠬᠣᠶᠠᠷ) ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠭᠣᠣᠯ ᠰᠡᠳᠦᠪ᠎ᠢ ᠪᠠᠲᠤ ᠡᠵᠡᠮᠳᠡᠵᠦ ᠂ ᠪᠦᠲᠦᠴᠡ ᠵᠢ ᠲᠣᠬᠢᠷᠠᠭᠤᠯᠬᠤ ᠂ ᠴᠢᠳᠠᠮᠵᠢ ᠵᠢ ᠬᠤᠪᠢᠷᠠᠭᠤᠯᠬᠤ ᠂ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠨ᠎ᠠ ᠃ 《ᠬᠣᠶᠠᠷ ᠰᠠᠭᠤᠷᠢᠨ ᠭᠠᠵᠠᠷ》᠎ᠢ ᠴᠢᠨᠠᠷ ᠰᠠᠢ᠌ᠲᠠᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠤᠨ ᠂ ᠤᠯᠠᠮᠵᠢᠯᠠᠯᠲᠤ ᠠᠵᠤ ᠦᠢ᠍ᠯᠡᠰ᠎ᠢ ᠲᠤᠢ᠌ᠯᠪᠤᠷᠢᠲᠠᠢ ᠥᠭᠡᠷᠡᠴᠢᠯᠡᠵᠦ ᠂ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠤᠨ ᠬᠦᠴᠦᠨ ᠴᠢᠳᠠᠯ᠎ᠢ᠎ᠨᠢ ᠴᠢᠩᠭ᠋ᠠᠷᠠᠭᠤᠯᠤᠨ ᠂ ᠲᠤᠯᠭ᠋ᠠᠭᠤᠷᠢ ᠠᠵᠤ ᠦᠢ᠍ᠯᠡᠰ᠎ᠤᠨ ᠬᠡᠯᠬᠢᠶ᠎ᠡ᠎ᠵᠢᠨ ᠪᠥᠭᠡᠮᠨᠡᠷᠡᠬᠦ ᠵᠢ ᠠᠬᠢᠭᠤᠯᠤᠨ᠎ᠠ ᠃
ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠬᠦ ᠂ ᠠᠵᠤ ᠦᠢ᠍ᠯᠡᠰᠵᠢᠬᠦ ᠂ ᠲᠥᠷᠥᠯ ᠲᠡᠮᠳᠡᠭᠵᠢᠬᠦ ᠵᠢ ᠲᠦᠷᠭᠡᠳᠬᠡᠨ ᠠᠬᠢᠭᠤᠯᠤᠨ᠎ᠠ ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠲᠣᠮᠣ ᠣᠷᠣᠨ ᠪᠠᠢ᠌ᠭᠰᠠᠨ ᠵᠶ᠋ᠠᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠴᠦᠷᠬᠡᠭ ᠣᠷᠣᠨ ᠪᠣᠯᠭ᠋ᠠᠨ ᠬᠤᠪᠢᠷᠠᠭᠤᠯᠬᠤ ᠬᠠᠷᠠᠯᠲᠠ᠎ᠳᠤ ᠬᠠᠨᠳᠤᠭᠤᠯᠵᠤ ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠂ ᠨᠡᠮᠡᠯᠲᠡ ᠥᠷᠲᠡᠭ᠎ᠢ ᠳᠡᠭᠡᠭᠰᠢᠯᠡᠭᠦᠯᠬᠦ ᠂ ᠠᠵᠤ ᠠᠬᠤᠢ᠌ᠯᠠᠯ᠎ᠢ ᠬᠦᠴᠦᠷᠬᠡᠭᠵᠢᠭᠦᠯᠦᠨ ᠪᠤᠵᠠᠭ᠋ᠠᠢ᠌ᠷᠠᠭᠤᠯᠬᠤ ᠲᠠᠯ᠎ᠠ᠎ᠪᠠᠷ ᠭᠣᠣᠯᠳᠠᠯᠭ᠎ᠠ᠎ᠲᠠᠢ ᠬᠦᠴᠦᠯᠡᠨ᠎ᠡ ᠃ ᠡᠨᠡ ᠵᠢᠯ ᠲᠦᠷᠪᠡᠨ ᠵᠦᠢ᠍ᠯ᠎ᠤᠨ ᠠᠵᠢᠯ᠎ᠢ ᠰᠠᠢ᠌ᠲᠤᠷ ᠠᠳᠬᠤᠨ᠎ᠠ ᠃ ᠨᠢᠭᠡ᠎ᠳᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠵᠤ ᠂ ᠠᠮᠤ ᠪᠤᠳᠠᠭ᠎ᠠ ᠂ ᠮᠠᠯ ᠲᠡᠵᠢᠭᠡᠪᠦᠷᠢ ᠵᠢᠨ ᠤᠨᠠᠯᠲᠠ ᠥᠰᠦᠯᠲᠡ ᠵᠢ ᠲᠣᠭᠲᠠᠭᠤᠨ ᠪᠠᠢ᠌ᠯᠭ᠋ᠠᠨ᠎ᠠ ᠂ ᠪᠤᠷᠴᠠᠭ ᠂ ᠰᠦ ᠂ ᠮᠢᠬ᠎ᠠ ᠵᠢᠨ ᠣᠨᠠᠯᠲᠠ ᠭᠠᠷᠤᠯᠲᠠ ᠵᠢ ᠨᠡᠮᠡᠭᠳᠡᠭᠦᠯᠦᠨ ᠂ ᠠᠮᠤ ᠪᠤᠳᠠᠭ᠋ᠠᠨ᠎ᠤ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠤᠨ ᠂ ᠦᠨᠢᠶᠡᠨ ᠰᠦ ᠵᠢᠨ ᠭᠠᠷᠤᠯᠲᠠ ᠵᠢ 785 ᠲᠦᠮᠡᠨ ᠲᠣᠨ ᠬᠦᠷᠲᠡᠯ᠎ᠡ ᠳᠡᠭᠡᠭᠰᠢᠯᠡᠭᠦᠯᠵᠦ ᠂ ᠮᠢᠬᠠᠨ᠎ᠤ ᠵᠦᠢ᠍ᠯ᠎ᠤᠨ ᠭᠠᠷᠤᠯᠲᠠ ᠵᠢ 300 ᠲᠦᠮᠡᠨ ᠲᠣᠨ ᠬᠦᠷᠲᠡᠯ᠎ᠡ ᠨᠡᠮᠡᠭᠳᠡᠭᠦᠯᠦᠨ ᠂ 《ᠳᠤᠮᠳᠠᠳᠤ ᠤᠯᠤᠰ᠎ᠤᠨ ᠪᠤᠳᠠᠭ᠋ᠠᠨ ᠠᠶᠠᠭ᠋ᠠᠨ》᠎ᠳᠤ ᠠᠮᠤ ᠪᠤᠳᠠᠭ᠎ᠠ ᠢᠯᠡᠭᠦᠬᠡᠨ ᠰᠠᠪᠠᠯᠠᠵᠤ ᠂ ᠠᠮᠲᠠ ᠰᠢᠮᠲᠡ᠎ᠲᠠᠢ ᠪᠤᠳᠠᠭ᠎ᠠ ᠂ ᠰᠦ ᠂ ᠮᠢᠬ᠎ᠠ ᠳᠦᠭᠦᠷᠡᠩ ᠰᠠᠪᠠᠯᠠᠨ᠎ᠠ ᠃ ᠬᠣᠶᠠᠷ᠎ᠲᠤ ᠰᠠᠭᠤᠷᠢ᠎ᠪᠠᠨ ᠪᠡᠬᠢᠵᠢᠭᠦᠯᠵᠦ ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠨ᠎ᠠ ᠂ ᠠᠮᠢᠲᠠᠨ ᠤᠷᠭᠤᠮᠠᠯ᠎ᠤᠨ ᠭᠡᠮ ᠬᠢᠵᠢᠭ᠎ᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ ᠂ ᠬᠢᠩᠭ᠋ᠠᠨ ᠠᠢ᠌ᠮᠠᠭᠲᠠᠬᠢ ᠤᠯᠤᠰ᠎ᠤᠨ ᠳᠡᠰ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠲᠣᠭᠣᠷᠢᠭ᠎ᠢ ᠪᠦᠲᠦᠭᠡᠨ ᠪᠠᠢ᠍ᠢ᠍ᠭᠤᠯᠬᠤ ᠂ ᠪᠠᠶᠠᠨᠨᠠᠭᠤᠷ᠎ᠤᠨ ᠪᠦᠭᠦ ᠣᠷᠣᠨ ᠪᠦᠰᠡ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠢ᠍ᠢ᠍ᠭᠤᠯᠬᠤ ᠵᠢ ᠲᠡᠮᠵᠢᠵᠣ ᠂ ᠪᠦᠭᠦ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 395 ᠲᠦᠮᠡᠨ ᠮᠦ᠍ ᠰᠢᠨ᠎ᠡ᠎ᠪᠠᠷ ᠪᠠᠢ᠌ᠭᠤᠯᠵᠤ ᠂ ᠴᠢᠨᠠᠷ ᠰᠠᠢ᠌ᠲᠠᠢ ᠲᠡᠵᠢᠭᠡᠯ ᠡᠪᠡᠰᠦ ᠵᠢ 300 ᠲᠦᠮᠡᠨ ᠮᠦ᠍ ᠲᠠᠷᠢᠵᠤ ᠂ ᠪᠡᠯᠡᠳᠭᠡᠮᠵᠢᠲᠦ ᠲᠠᠷᠢᠶᠠᠯᠠᠩ᠎ᠢ 20 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ ᠂ ᠰᠠᠭ᠋ᠠᠯᠢ ᠵᠢᠨ ᠦᠨᠢᠶᠡᠨ᠎ᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠵᠢ 58 ᠪᠠᠢ᠌ᠭᠤᠯᠵᠤ ᠂ ᠠᠯᠠᠰᠢᠨ ᠦᠬᠡᠷ ᠬᠣᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠵᠢᠱ᠌ᠢᠶ᠎ᠡ ᠦᠵᠡᠭᠦᠯᠬᠦ ᠲᠠᠯᠠᠪᠠᠢ ᠵᠢ 800 ᠡᠷᠦᠬᠡ ᠡᠭᠦᠳᠦᠨ ᠪᠠᠢ᠌ᠭᠤᠯᠵᠤ ᠂ ᠮᠦ᠍ ᠪᠦᠷᠢ ᠵᠢᠨ ᠤᠨᠠᠯᠲᠠ ᠵᠢ ᠳᠡᠭᠡᠭᠰᠢᠯᠡᠭᠦᠯᠬᠦ ᠪᠠ ᠦᠷ᠎ᠡ ᠠᠰᠢᠭ᠎ᠢ ᠲᠡᠭᠡᠭᠰᠢᠯᠡᠬᠦᠯᠬᠦ᠎ᠪᠠᠷ ᠬᠦᠴᠦᠯᠡᠨ᠎ᠡ ᠃ ᠭᠤᠷᠪᠠ᠎ᠳᠤ ᠂ ᠠᠵᠤ ᠠᠬᠤᠢ᠌ᠯᠠᠯ᠎ᠢ ᠪᠣᠢ᠌ᠵᠢᠭᠤᠯᠵᠤ ᠬᠡᠯᠬᠢᠶ᠎ᠡ ᠵᠢ᠎ᠨᠢ ᠤᠷᠲᠤᠳᠬᠠᠵᠤ ᠂ ᠲᠠᠷᠢᠶᠠᠯᠠᠩ ᠮᠠᠯ ᠠᠵᠤ ᠠᠬᠤᠢ ᠵᠢ ᠵᠣᠬᠢᠬᠤ ᠬᠡᠮᠵᠢᠶ᠎ᠡ᠎ᠪᠠᠷ ᠬᠡᠪᠴᠢᠶᠡᠵᠢᠭᠦᠯᠦᠨ ᠡᠵᠡᠩᠨᠡᠭᠦᠯᠬᠦ ᠵᠢ ᠠᠬᠢᠭᠤᠯᠤᠨ᠎ᠠ ᠂ ᠠᠷᠭ᠎ᠠ ᠪᠦᠬᠦᠨ᠎ᠢ ᠰᠦᠪᠡᠭᠴᠢᠯᠡᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠵᠤ ᠂ ᠢᠯᠢ ᠂ ᠮᠧᠩ ᠨᠢᠦ ᠮᠡᠲᠦ ᠵᠢᠨ ᠲᠣᠮᠣ ᠠᠵᠤ ᠠᠬᠤᠢ᠌ᠯᠠᠯ᠎ᠢ 《ᠰᠦ ᠰᠠᠭ᠋ᠠᠯᠢ ᠵᠢᠨ ᠬᠣᠶᠠᠷ ᠲᠤᠯᠭ᠋ᠠᠭᠤᠷᠢ ᠬᠦᠴᠦᠨ》 ᠪᠣᠯᠭ᠋ᠠᠨ ᠳᠡᠮᠵᠢᠬᠦ᠎ᠪᠠᠷ ᠪᠠᠷᠠᠬᠤ ᠦᠭᠡᠢ ᠂ ᠪᠠᠰᠠ ᠤᠯᠠᠮ ᠤᠯᠠᠨ ᠴᠠᠭ᠋ᠠᠨ ᠢᠳᠡᠭᠡᠨ᠎ᠤ ᠠᠵᠤ ᠠᠬᠤᠢ᠌ᠯᠠᠯ ᠂ ᠤᠯᠠᠭ᠋ᠠᠨ ᠢᠳᠡᠭᠡᠨ᠎ᠤ ᠠᠵᠤ ᠠᠬᠤᠢ᠌ᠯᠠᠯ ᠂ ᠲᠥᠮᠥᠰᠥᠨ᠎ᠤ ᠠᠵᠤ ᠠᠬᠤᠢ᠌ᠯᠠᠯ ᠂ ᠨᠣᠣᠯᠣᠭᠤᠷ᠎ᠤᠨ ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠥᠷᠭᠡᠨ ᠲᠡᠨᠢᠭᠡᠷ ᠲᠠᠯ᠎ᠠ ᠨᠤᠲᠤᠭ᠎ᠲᠤ᠎ᠪᠠᠨ 《ᠥᠩᠭᠡ ᠪᠦᠷᠢ ᠵᠢᠨ ᠴᠡᠴᠡᠭ ᠵᠡᠷᠭᠡ᠎ᠪᠠᠷ ᠳᠡᠯᠭᠡᠷᠡᠭᠰᠡᠨ》 ᠪᠠᠢ᠌ᠳᠠᠯ᠎ᠢ ᠪᠣᠢ ᠪᠣᠯᠭ᠋ᠠᠨ᠎ᠠ ᠂ ᠴᠠᠭ᠋ᠠᠨ ᠢᠳᠡᠭᠡ ᠤᠯᠠᠭ᠋ᠠᠨ ᠢᠳᠡᠭᠡ ᠲᠥᠮᠥᠰᠥ ᠨᠣᠣᠯᠣᠭᠤᠷ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂ ᠡᠷᠳᠡᠨᠢ ᠰᠢᠰᠢ ᠵᠢᠨ ᠮᠢᠩᠭ᠋ᠠᠨ ᠳ᠋ᠦᠩᠰᠢᠭᠤᠷ ᠲᠡᠰ᠎ᠤᠨ ᠠᠵᠤ ᠦᠢ᠍ᠯᠡᠰ᠎ᠢ ᠨᠠᠷᠢᠯᠢᠭᠵᠢᠭᠤᠯᠤᠨ ᠬᠦᠴᠦᠷᠬᠡᠭᠵᠢᠭᠦᠯᠦᠨ᠎ᠡ ᠃ ᠳᠥᠷᠪᠡ᠎ᠳᠤ ᠨᠠᠷᠠᠲᠤ ᠲᠡᠮᠳᠡᠭ᠎ᠤᠳ᠎ᠢ ᠪᠣᠢ ᠪᠣᠯᠭ᠋ᠠᠨ᠎ᠠ ᠂ 《ᠥᠪᠥᠷ ᠮᠣᠩᠭᠣᠯ》 ᠨᠡᠷᠡᠮᠵᠢᠲᠦ ᠨᠡᠷᠡᠳᠣ ᠲᠡᠮᠳᠡᠭ᠎ᠢ ᠪᠣᠢ ᠪᠣᠯᠭ᠋ᠠᠵᠣ ᠂ ᠨᠡᠩ ᠣᠯᠠᠨ ᠰᠠᠢ᠌ᠨ ᠦᠢ᠍ᠯᠡᠳᠬᠦᠨ᠎ᠢ ᠰᠠᠢ᠌ᠨ ᠨᠡᠷᠡᠳᠣ ᠲᠡᠮᠳᠡᠭ ᠪᠣᠯᠭ᠋ᠠᠨ ᠂ ᠨᠡᠷ᠎ᠡ ᠴᠣᠣ ᠵᠢ᠎ᠨᠢ ᠮᠠᠨᠳᠤᠭᠤᠯᠵᠤ ᠂ ᠶᠡᠬᠡ ᠵᠠᠬ᠎ᠠ ᠳᠡᠯᠭᠡᠭᠦᠷ᠎ᠢ ᠡᠵᠡᠯᠡᠭᠦᠯᠵᠦ ᠪᠠᠢ᠌ᠭ᠋ᠠᠳ 《ᠥᠷᠭᠡᠨ ᠲᠡᠨᠢᠭᠡᠷ ᠲᠠᠯ᠎ᠠ ᠨᠤᠲᠤᠭ ᠂ ᠥᠩ ᠰᠢᠮᠡᠯᠢᠭ ᠮᠠᠯᠵᠢᠯ᠎ᠤᠨ ᠲᠠᠯᠠᠪᠠᠶ ᠂ ᠠᠮᠢ ᠠᠬᠤᠢ ᠵᠢᠨ ᠥᠪᠥᠷ ᠮᠣᠩᠭᠣᠯ ᠂ ᠪᠠᠢ᠌ᠭ᠋ᠠᠯᠢᠯᠢᠭ ᠰᠠᠢ᠌ᠬᠠᠨ ᠠᠮᠲᠠᠲᠤ ᠢᠳᠡᠭᠡᠨ》 ᠵᠶ᠋ᠠᠨ ᠤᠯᠠᠮ᠎ᠠᠴᠠ ᠤᠯᠠᠮ ᠠᠯᠳᠠᠷᠰᠢᠭᠤᠯᠤᠨ ᠴᠤᠤᠷᠢᠶᠠᠲᠤᠭᠤᠯᠤᠨ᠎ᠠ ᠃
ᠡᠨᠧᠷᠭᠢ ᠵᠢᠨ ᠠᠵᠤ ᠠᠬᠤᠢ ᠵᠢᠨ ᠤᠯᠠᠨ ᠡᠰᠢᠵᠢᠬᠦ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠳᠡᠭᠡᠳᠦ ᠲᠡᠰᠵᠢᠬᠦ ᠵᠢ ᠲᠦᠷᠭᠡᠳᠬᠡᠨ ᠠᠬᠢᠭᠤᠯᠤᠨ᠎ᠠ ᠃ ᠡᠨᠧᠷᠭᠢ ᠵᠢᠨ ᠠᠵᠤ ᠦᠢ᠍ᠯᠡᠰ ᠪᠣᠯ ᠮᠠᠨ᠎ᠤ ᠣᠷᠣᠨ᠎ᠤ ᠲᠦᠰᠢᠭ ᠲᠤᠯᠭ᠋ᠠᠭᠤᠷᠢ ᠠᠵᠤ ᠦᠢ᠍ᠯᠡᠰ ᠪᠣᠯᠣᠨ᠎ᠠ ᠂ ᠪᠠᠰᠠ ᠴᠤ᠌ ᠭᠣᠣᠯᠯᠠᠬᠤ ᠠᠵᠤ ᠦᠢ᠍ᠯᠡᠰ ᠮᠥᠨ ᠂ ᠡᠢ᠌ᠮᠦ᠎ᠠᠴᠠ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠠᠴᠠ ᠪᠢᠰᠢ ᠂ ᠪᠠᠭ᠋ᠠᠰᠬᠠᠵᠤ ᠬᠠᠶᠠᠭᠳᠠᠭᠤᠯᠵᠤ ᠪᠣᠯᠬᠤ ᠦᠭᠡᠢ ᠃ ᠤᠯᠠᠮᠵᠢᠯᠠᠯᠲᠤ ᠡᠨᠧᠷᠭᠢ ᠪᠠ ᠨᠡᠭᠦᠷᠡᠰᠦᠨ᠎ᠳᠤ ᠰᠠᠭᠤᠷᠢᠯᠠᠭᠰᠠᠨ ᠠᠵᠤ ᠦᠢ᠍ᠯᠡᠰ᠎ᠤᠨ ᠰᠢᠨ᠎ᠡ᠎ᠪᠠᠷ ᠬᠥᠭᠵᠢᠵᠦ ᠳᠡᠭᠵᠢᠷᠡᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ ᠃ ᠮᠠᠨ᠎ᠤ ᠣᠷᠣᠨ᠎ᠤ ᠨᠡᠭᠦᠷᠡᠰᠦᠨ᠎ᠤ ᠭᠠᠷᠤᠯᠲᠠ ᠪᠠᠷᠤᠭ ᠪᠦᠬᠦ ᠤᠯᠤᠰ᠎ᠤᠨ 1/4 ᠂ ᠪᠦᠬᠦ ᠪᠥᠮᠪᠥᠷᠴᠡᠭ᠎ᠤᠨ 1/8 ᠵᠢ ᠡᠵᠡᠯᠡᠵᠦ ᠪᠠᠢ᠌ᠨ᠎ᠠ ᠂ ᠬᠡᠷᠪᠡ ᠨᠢᠭᠡ ᠯᠡ ᠬᠥᠭ ᠵᠶ᠋ᠠᠷ ᠭᠠᠷᠤᠯᠲᠠ ᠵᠢ ᠬᠥᠭᠡᠭᠡᠴᠡᠯᠳᠦᠭᠡᠳ ᠠᠵᠤ ᠦᠢ᠍ᠯᠡᠰ᠎ᠤᠨ ᠲᠠᠯ᠎ᠠ ᠵᠢ ᠣᠮᠲᠣᠭ᠋ᠠᠢ᠌ᠯᠠᠵᠤ ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠦᠭᠡᠢ ᠂ ᠤᠯᠠᠷᠢᠭᠤᠯᠬᠤ ᠨᠣᠷᠮ᠎ᠠ ᠵᠢ ᠳᠡᠭᠡᠭᠰᠢᠯᠡᠭᠦᠯᠬᠦ ᠦᠭᠡᠢ ᠶᠤᠮ ᠪᠣᠯ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 ᠪᠠᠢ᠌ᠳᠠᠯ᠎ᠢ ᠲᠡᠶ᠋ᠢᠮᠦ ᠠᠮᠠᠷᠬᠠᠨ ᠵᠶ᠋ᠠᠷ ᠬᠤᠪᠢᠷᠠᠭᠤᠯᠵᠤ ᠴᠢᠳᠠᠬᠤ ᠦᠭᠡᠢ ᠶᠤᠮ ᠂ ᠨᠡᠭᠦᠷᠡᠰᠦ ᠂ ᠰᠢᠲᠠᠭ᠋ᠠᠮᠠᠯ ᠬᠡᠢ ᠵᠡᠷᠭᠡ ᠭᠠᠵᠠᠷ ᠳᠣᠣᠷᠠᠬᠢ ᠡᠷᠳᠡᠨᠢᠰ᠎ᠢ ᠮᠠᠯᠲᠠᠵᠤ ᠭᠠᠷᠭ᠋ᠠᠮᠠᠭᠴᠠᠪᠠᠨ ᠬᠤᠳᠠᠯᠳᠤᠨ ᠶᠠᠪᠤᠭᠤᠯᠵᠤ ᠪᠤᠯᠬᠤ ᠦᠭᠡᠢ ᠂ ᠡᠷᠬᠡᠪᠰᠢ ᠥᠪᠥᠷ ᠮᠣᠩᠭᠣᠯ᠎ᠳᠤ᠎ᠪᠠᠨ ᠤᠯᠠᠷᠢᠭᠤᠯᠤᠨ ᠥᠷᠲᠡᠭ᠎ᠢ᠎ᠨᠢ ᠨᠡᠮᠡᠭᠳᠡᠭᠦᠯᠬᠦ ᠬᠡᠷᠡᠭᠲᠡᠢ ᠃ 《ᠨᠡᠭᠦᠷᠡᠰᠦ᠎ᠪᠠᠷ ᠲᠦᠷᠦᠭᠦᠯᠡᠭᠦᠯᠵᠦ ᠬᠢᠮᠢ ᠵᠢᠨ ᠠᠵᠤ ᠦᠢ᠍ᠯᠡᠳᠪᠦᠷᠢ ᠵᠢ ᠬᠠᠪᠰᠤᠷᠭ᠋ᠠᠬᠤ》᠎ᠳᠤ ᠬᠠᠨᠳᠤᠭᠤᠯᠤᠨ ᠂ ᠣᠷᠳᠣᠰ᠎ᠤᠨ ᠣᠳᠣᠬᠢᠴᠢ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠬᠦᠯᠬᠦ ᠲᠣᠭᠣᠷᠢᠭ ᠪᠠᠢ᠍ᠢ᠍ᠭᠤᠯᠬᠤ ᠵᠢ ᠲᠡᠮᠵᠢᠵᠦ ᠂ ᠨᠢᠭᠡ ᠪᠦᠯᠦᠭ ᠰᠢᠨ᠎ᠡ ᠬᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠢ ᠲᠦᠷᠭᠡᠨ ᠪᠠᠢ᠌ᠷᠢᠰᠢᠭᠤᠯᠬᠤ᠎ᠪᠠᠷ ᠪᠠᠷᠠᠬᠤ ᠦᠭᠡᠢ ᠂ ᠪᠠᠰᠠ ᠨᠡᠭᠦᠷᠡᠰᠦᠨ ᠬᠡᠦᠷᠡᠰᠦ ᠂ ᠾᠯᠣᠷᠲᠤ ᠱᠦᠯᠲᠦ ᠂ ᠹᠯᠣᠷᠲᠤ ᠴᠠᠬᠢᠭᠤᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠤᠷᠲᠤᠳᠬᠠᠨ ᠠᠭᠤᠰᠤᠯᠴᠠᠭᠤᠯᠬᠤ ᠵᠢ ᠠᠬᠢᠭᠤᠯᠵᠤ ᠂ ᠲᠤᠯᠭ᠋ᠠᠭᠤᠷᠢ ᠬᠦᠴᠦᠨ ᠪᠣᠯᠤᠭᠰᠠᠨ ᠲᠣᠮᠣ ᠲᠦᠷᠦᠯ ᠵᠦᠢ᠍ᠯ ᠪᠠ ᠤᠷᠲᠤᠳᠬᠠᠵᠤ ᠨᠠᠷᠢᠯᠢᠭ ᠬᠤᠪᠢᠶᠠᠭᠰᠠᠨ ᠰᠠᠢ᠌ᠨ ᠲᠦᠷᠦᠯ ᠵᠦᠢ᠍ᠯ᠎ᠳᠤ ᠲᠦᠰᠢᠭᠯᠡᠨ ᠤᠯᠠᠷᠢᠭᠤᠯᠵᠤ ᠦᠷᠳᠡᠭ᠎ᠢ᠎ᠨᠢ ᠨᠡᠮᠡᠭᠳᠡᠭᠦᠯᠬᠦ ᠰᠢᠨ᠎ᠡ ᠪᠠᠢ᠌ᠳᠠᠯ᠎ᠢ ᠪᠣᠢ ᠪᠣᠯᠭ᠋ᠠᠨ᠎ᠠ ᠃ ᠨᠡᠭᠦᠷᠡᠰᠦ ᠵᠢ ᠴᠡᠪᠡᠷᠰᠢᠭᠦᠯᠦᠨ ᠥᠨᠳᠥᠷ ᠦᠷ᠎ᠡ ᠠᠰᠢᠭᠲᠠᠢᠪᠠᠷ ᠠᠰᠢᠭᠯᠠᠬᠤ ᠵᠢ ᠴᠢᠩᠭ᠋ᠠᠳᠬᠠᠵᠤ ᠂ ᠨᠡᠭᠦᠷᠡᠰᠦ ᠴᠠᠬᠢᠯᠭ᠋ᠠᠨ᠎ᠤ ᠮᠠᠰᠢᠨ ᠪᠦᠯᠦᠭ᠎ᠤᠨ 《ᠭᠤᠷᠪᠠ ᠵᠢ ᠥᠭᠡᠷᠡᠴᠢᠯᠡᠨ ᠰᠢᠨᠡᠳᠬᠡᠬᠦ᠎ᠪᠠᠨ ᠬᠣᠯᠪᠤᠭ᠋ᠠᠯᠠᠨ ᠬᠥᠳᠡᠯᠦᠯᠴᠡᠭᠦᠯᠬᠦ》 ᠵᠢ ᠪᠥᠬᠦ ᠲᠠᠯ᠎ᠠ᠎ᠪᠠᠷ ᠬᠡᠷᠡᠭᠵᠢᠭᠦᠯᠵᠦ ᠂ ᠬᠣᠴᠤᠷᠤᠩᠭᠤᠢ ᠮᠠᠰᠢᠨ ᠪᠦᠯᠦᠭ᠎ᠢ ᠰᠢᠭᠰᠢᠭᠳᠡᠭᠦᠯᠵᠦ ᠪᠠᠢ᠌ᠭᠰᠠᠨ ᠵᠶ᠋ᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠ ᠬᠡᠷᠡᠭᠯᠡᠬᠦ ᠬᠡᠮᠵᠢᠶᠡᠨ᠎ᠤ ᠴᠠᠭ ᠬᠤᠪᠢᠶᠠᠷᠢ ᠵᠢ ᠲᠣᠬᠢᠷᠠᠭᠤᠯᠬᠤ ᠮᠠᠰᠢᠨ ᠪᠦᠯᠦᠭ ᠪᠣᠯᠭ᠋ᠠᠨ ᠬᠤᠪᠢᠷᠠᠭᠤᠯᠵᠤ ᠂ ᠤᠯᠠᠮᠵᠢᠯᠠᠯᠲᠤ ᠨᠡᠭᠦᠷᠡᠰᠦ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢ ᠰᠢᠨ᠎ᠡ ᠬᠡᠯᠪᠡᠷᠢ ᠵᠢᠨ ᠪᠣᠬᠢᠷᠲᠤᠯ ᠦᠭᠡᠢ ᠣᠶᠤᠨᠯᠢᠭ ᠴᠠᠬᠢᠯᠭ᠋ᠠᠨ᠎ᠤ ᠦᠢ᠍ᠯᠡᠳᠪᠦᠷᠢ ᠪᠣᠯᠭ᠋ᠠᠨ ᠬᠤᠪᠢᠷᠠᠭᠤᠯᠤᠨ᠎ᠠ ᠃ ᠨᠡᠭᠦᠷᠡᠰᠦᠨ᠎ᠤ ᠬᠠᠷᠢᠮᠠᠬᠠᠢ ᠴᠢᠨᠠᠷᠲᠠᠢ ᠦᠢ᠍ᠯᠡᠳᠪᠦᠷᠢᠯᠡᠬᠦ ᠴᠢᠳᠠᠮᠵᠢ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ ᠂ ᠰᠢᠲᠠᠭ᠋ᠠᠮᠠᠯ ᠬᠡᠢ ᠵᠢᠨ ᠡᠬᠢ ᠪᠠᠶᠠᠯᠢᠭ᠎ᠢ ᠬᠠᠢ᠌ᠨ ᠰᠢᠨᠵᠢᠬᠦ ᠪᠠ ᠨᠡᠮᠡᠵᠦ ᠨᠥᠭᠡᠴᠡᠯᠡᠨ ᠭᠠᠷᠤᠯᠲᠠ ᠵᠢ᠎ᠨᠢ ᠨᠡᠮᠡᠭᠳᠡᠭᠦᠯᠬᠦ ᠡᠷᠴᠢᠮ᠎ᠢ ᠴᠢᠩᠭ᠋ᠠᠷᠠᠭᠤᠯᠵᠤ ᠂ ᠨᠡᠭᠦᠷᠡᠰᠦᠨ᠎ᠤ ᠪᠤᠰᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠮᠤᠷ ᠲᠦᠪᠰᠢᠨ ᠪᠥᠭᠡᠳ ᠪᠣᠬᠢᠷᠲᠤᠯ ᠦᠭᠡᠢ᠎ᠪᠠᠷ ᠡᠮᠬᠢ ᠵᠢᠷᠤᠮ᠎ᠲᠠᠢ ᠨᠡᠭᠡᠭᠡᠬᠦ ᠵᠢ ᠠᠬᠢᠭᠤᠯᠤᠨ᠎ᠠ ᠃ ᠰᠢᠨ᠎ᠡ ᠡᠨᠧᠷᠭᠢ ᠵᠢ ᠲᠦᠷᠭᠡᠬᠡᠨ ᠨᠡᠭᠡᠭᠡᠨ ᠬᠥᠭᠵᠢᠭᠦᠯᠬᠦ ᠪᠠ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠢ᠌ᠭᠤᠯᠤᠯᠲᠠ ᠵᠢ ᠪᠦᠭᠦ ᠬᠦᠴᠦᠨ ᠵᠶ᠋ᠠᠷ ᠠᠬᠢᠭᠤᠯᠤᠨ᠎ᠠ ᠃ ᠣᠳᠣᠬᠢ ᠱᠠᠲᠤᠨ᠎ᠳᠤ ᠰᠢᠨ᠎ᠡ ᠡᠨᠧᠷᠭᠢ ᠵᠢᠨ ᠬᠥᠭᠵᠢᠯᠲᠡ ᠨᠢᠭᠡᠨ ᠲᠡᠦᠬᠡᠲᠦ ᠴᠢᠨᠠᠷᠲᠠᠢ ᠱᠠᠲᠤᠨ᠎ᠳᠤ ᠣᠷᠣᠭᠰᠠᠨ ᠪᠠᠢ᠌ᠨ᠎ᠠ ᠂ ᠡᠷᠬᠡᠪᠰᠢ ᠰᠢᠨ᠎ᠡ ᠬᠥᠭᠵᠢᠯᠲᠡ ᠵᠢᠨ ᠣᠨᠣᠯᠵᠢᠬᠤᠨ ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠢ ᠶᠣᠰᠣᠭ᠋ᠠᠷ ᠂ ᠨᠢᠭᠡ ᠲᠠᠯ᠎ᠠ᠎ᠪᠠᠷ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠵᠦ ᠪᠦᠲᠦᠭᠡᠨ ᠪᠠᠢ᠍ᠢ᠍ᠭᠤᠯᠬᠤ ᠵᠢ ᠠᠳᠬᠤᠵᠤ ᠂ ᠨᠦᠬᠦᠭᠡ ᠲᠠᠯ᠎ᠠ᠎ᠪᠠᠷ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠠᠳᠬᠤᠨ᠎ᠠ ᠃ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ᠎ᠪᠠᠨ ᠳᠠᠢ᠌ᠴᠢᠯᠠᠬᠤ ᠵᠢ ᠪᠠᠷᠢᠮᠲᠠᠯᠠᠵᠤ ᠂ 《ᠬᠣᠶᠠᠷ᠎ᠢ ᠤᠷᠢᠳ ᠵᠶ᠋ᠠᠷ ᠴᠣᠭᠴᠠᠯᠠᠬᠤ》 ᠂ 《ᠬᠣᠶᠠᠷ᠎ᠢ ᠳᠠᠪᠠᠭᠤᠯᠬᠤ》 ᠬᠠᠷᠠᠯᠲᠠ᠎ᠳᠤ ᠴᠢᠭᠯᠡᠭᠦᠯᠦᠨ ᠂ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠰᠠᠭᠤᠷᠢᠨ ᠭᠠᠵᠠᠷ ᠪᠣᠯᠣᠨ ᠴᠠᠬᠢᠯᠭ᠋ᠠᠨ ᠰᠤᠷᠪᠤᠯᠵᠢ ᠪᠠ ᠲᠣᠣᠷ ᠳᠠᠭ᠋ᠠᠭ᠋ᠠᠴᠠ ᠨᠥᠭᠡᠴᠡ ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠡᠷᠭᠡ ᠠᠬᠤᠢ ᠲᠠᠯᠠᠪᠠᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂ 2500 ᠲᠦᠮᠡᠨ ᠬᠢᠯᠦᠸᠠᠲ᠎ᠠᠴᠠ ᠳᠡᠭᠡᠭᠰᠢᠬᠢ ᠮᠠᠰᠢᠨ ᠴᠣᠭᠴᠠᠯᠠᠪᠤᠷᠢ ᠵᠢ ᠴᠠᠬᠢᠯᠭ᠋ᠠᠨ ᠬᠦᠴᠦᠨ᠎ᠤ ᠲᠣᠣᠷ᠎ᠲᠤ ᠨᠡᠢ᠌ᠯᠡᠭᠦᠯᠬᠦ᠎ᠪᠠᠷ ᠴᠢᠷᠮᠠᠢ᠌ᠵᠤ ᠂ ᠠᠬᠤᠢ ᠲᠠᠯᠠᠪᠠᠢ ᠵᠢᠨ ᠬᠡᠷᠡᠭᠯᠡᠭᠡᠨ᠎ᠤ ᠬᠡᠪᠴᠢᠶ᠎ᠡ ᠵᠢ 1000 ᠲᠦᠮᠡᠨ ᠺᠢᠯᠣᠸᠠᠲ᠎ᠠᠴᠠ ᠳᠡᠭᠡᠭᠰᠢ ᠥᠷᠭᠡᠳᠬᠡᠵᠦ ᠪᠠᠢ᠌ᠭᠤᠯᠤᠨ᠎ᠠ ᠃ ᠰᠠᠯᠬᠢ ᠭᠡᠷᠡᠯ ᠤᠰᠤᠲᠥ᠋ᠷᠥᠭᠴᠢ ᠨᠥᠭᠡᠴᠡ ᠡᠨᠧᠷᠬᠢ ᠵᠢᠨ ᠠᠵᠤ ᠦᠢ᠍ᠯᠡᠰ᠎ᠤᠨ ᠪᠦᠯᠦᠭᠵᠢᠯ ᠪᠠ ᠬᠥᠬᠡᠬᠤᠲᠠ ᠪᠤᠭᠤᠲᠤ ᠣᠷᠳᠣᠰ ᠲᠦᠩᠯᠢᠶᠣᠣ ᠵᠢᠨ ᠲᠣᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠲᠥᠪᠯᠡᠷᠡᠭᠦᠯᠦᠨ ᠪᠠᠢ᠌ᠭᠤᠯᠵᠤ ᠂ ᠰᠢᠨ᠎ᠡ ᠡᠨᠧᠷᠭᠢ ᠵᠢᠨ ᠬᠦᠷᠢᠶᠡᠨ᠎ᠳᠤ 《ᠠᠵᠤ ᠦᠢ᠍ᠯᠡᠳᠪᠦᠷᠢ ᠵᠢᠨ ᠥᠪᠥᠷ ᠮᠣᠩᠭᠣᠯ》᠎ᠢ ᠳᠠᠬᠢᠨᠲᠠ ᠪᠠᠶ᠋ᠢᠭᠤᠯᠬᠤ᠎ᠪᠠᠷ ᠴᠢᠷᠮᠠᠢ᠌ᠨ᠎ᠠ ᠃
ᠦᠢ᠍ᠯᠡᠳᠬᠦ ᠦᠢ᠍ᠯᠡᠰ᠎ᠤᠨ ᠳᠡᠭᠡᠳᠦ ᠲᠡᠰᠵᠢᠬᠦ ᠂ ᠣᠶᠤᠨᠴᠢᠯᠠᠬᠤ ᠂ ᠪᠣᠬᠢᠷᠲᠤᠯ ᠦᠭᠡᠢ ᠪᠣᠯᠭ᠋ᠠᠬᠤ ᠵᠢ ᠲᠦᠷᠭᠡᠳᠬᠡᠨ ᠠᠬᠢᠭᠤᠯᠤᠨ᠎ᠠ ᠃ ᠦᠢ᠍ᠯᠡᠳᠬᠦ ᠦᠢ᠍ᠯᠡᠰ ᠪᠣᠯ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠳᠤᠲᠠᠭᠤᠳᠠᠯ ᠪᠣᠯᠣᠨ᠎ᠠ ᠂ ᠪᠠᠰᠠ ᠴᠤ᠌ ᠪᠦᠲᠦᠴᠡ ᠵᠢ ᠲᠣᠬᠢᠷᠠᠭᠤᠯᠬᠤ ᠵᠢᠨ ᠭᠣᠣᠯᠳᠠᠯᠭ᠎ᠠ ᠮᠥᠨ ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠪᠦᠲᠦᠴᠡ ᠵᠢᠨ ᠪᠣᠳᠠᠲᠤ ᠪᠠᠢ᠌ᠳᠠᠯ᠎ᠳᠤ ᠰᠠᠭᠤᠷᠢᠯᠠᠵᠤ ᠂ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠡᠨᠧᠷᠭᠢ ᠶᠡᠬᠡ ᠠᠴᠢᠶᠠᠯᠠᠬᠤ ᠂ ᠨᠡᠭᠦᠷᠡᠰᠦᠲᠥ᠋ᠷᠥᠭᠴᠢ ᠶᠡᠬᠡ ᠭᠠᠳᠠᠭᠰᠢᠯᠠᠭᠤᠯᠬᠤ ᠂ ᠳᠣᠣᠷ᠎ᠠ ᠲᠦᠪᠰᠢᠨ ᠪᠦᠬᠦᠢ ᠠᠵᠤ ᠦᠢ᠍ᠯᠡᠰ᠎ᠢ ᠡᠨᠧᠷᠭᠢ ᠶᠡᠬᠡ ᠠᠴᠢᠶᠠᠯᠠᠬᠤ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠥᠨᠳᠥᠷ ᠲᠦᠪᠰᠢᠨ ᠪᠦᠬᠦᠢ ᠠᠵᠤ ᠦᠢ᠍ᠯᠡᠰ ᠪᠣᠯᠭ᠋ᠠᠨ ᠬᠤᠪᠢᠷᠠᠭᠤᠯᠤᠨ᠎ᠠ ᠃ ᠠᠵᠤ ᠦᠢ᠍ᠯᠡᠰ᠎ᠤᠨ ᠪᠦᠲᠦᠴᠡ ᠵᠢᠨ ᠳᠡᠰ ᠳᠠᠪᠬᠤᠷᠭ᠎ᠠ ᠵᠢ ᠪᠦᠬᠦ ᠬᠡᠯᠬᠢᠶ᠎ᠡ᠎ᠪᠠᠷ ᠳᠡᠭᠡᠭᠰᠢᠯᠡᠭᠦᠯᠦᠨ᠎ᠡ ᠂ ᠠᠵᠤ ᠦᠢ᠍ᠯᠡᠰ᠎ᠤᠨ ᠰᠠᠭᠤᠷᠢ ᠵᠢ ᠳᠠᠬᠢᠨᠲᠠ ᠴᠣᠭᠴᠠᠯᠠᠵᠤ ᠂ ᠠᠵᠤ ᠦᠢ᠍ᠯᠡᠳᠪᠦᠷᠢ ᠵᠢᠨ ᠮᠡᠷᠭᠡᠵᠢᠯ᠎ᠢ ᠥᠭᠡᠷᠡᠴᠢᠯᠡᠨ ᠰᠢᠨᠡᠳᠬᠡᠬᠦ ᠂ ᠠᠵᠤ ᠠᠬᠤᠢ᠌ᠯᠠᠯ᠎ᠤᠨ ᠵᠢᠭᠰᠠᠭ᠋ᠠᠯ᠎ᠤᠨ ᠪᠦᠲᠦᠴᠡ᠎ᠪᠠᠨ ᠨᠢᠭᠡ ᠴᠣᠭᠴᠠᠵᠢᠭᠤᠯᠤᠨ ᠠᠬᠢᠭᠤᠯᠵᠤ ᠂ ᠪᠣᠯᠣᠳ ᠲᠡᠮᠦᠷ ᠂ ᠥᠩᠭᠡᠲᠦ ᠲᠡᠮᠦᠷᠯᠢᠭ ᠂ ᠬᠢᠮᠢ ᠵᠢᠨ ᠠᠵᠤ ᠦᠢ᠍ᠯᠡᠳᠪᠦᠷᠢ ᠵᠡᠷᠭᠡ ᠤᠯᠠᠮᠵᠢᠯᠠᠯᠲᠤ ᠠᠵᠤ ᠦᠢ᠍ᠯᠡᠰ᠎ᠢ ᠳᠤᠮᠳᠠ ᠳᠣᠣᠷᠠᠳᠤ ᠬᠡᠯᠬᠢᠶ᠎ᠡ ᠲᠡᠢ᠌ᠰᠢ ᠤᠷᠲᠤᠳᠬᠠᠬᠤ ᠂ ᠳᠤᠮᠳᠠ ᠳᠡᠭᠡᠳᠦ ᠦᠵᠦᠭᠦᠷ ᠲᠡᠢ᠌ᠰᠢ ᠠᠬᠢᠭᠤᠯᠤᠨ ᠂ ᠤᠳᠤ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ ᠂ ᠰᠢᠨ᠎ᠡ ᠮᠠᠲ᠋ᠧᠷᠢᠶᠠᠯ ᠂ ᠡᠯᠧᠺᠲᠷᠣᠨ ᠦᠢ᠍ᠯᠡᠳᠬᠦ ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠲᠥᠪᠯᠡᠷᠡᠭᠰᠡᠨ ᠲᠣᠭᠣᠷᠢᠭ᠎ᠢ ᠰᠠᠢ᠌ᠲᠤᠷ ᠲᠥᠯᠥᠪᠵᠢᠭᠦᠯᠵᠦ ᠪᠦᠲᠦᠭᠡᠨ ᠪᠠᠢ᠌ᠭᠤᠯᠤᠨ᠎ᠠ ᠃ ᠠᠵᠤ ᠦᠢ᠍ᠯᠡᠰ᠎ᠢ ᠲᠣᠭ᠋ᠠᠵᠢᠭᠤᠯᠵᠤ ᠡᠷᠴᠢᠮ ᠬᠦᠴᠦᠨ᠎ᠢ᠎ᠨᠢ ᠴᠢᠩᠭ᠋ᠠᠷᠠᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠂ ᠶᠡᠷᠦᠩᠬᠡᠢ᠌ᠯᠡᠭᠰᠡᠨ ᠲᠤᠷᠰᠢᠯᠲᠠ ᠬᠢᠬᠦ ᠲᠣᠭᠣᠷᠢᠭ ᠂ ᠭᠣᠣᠯᠯᠠᠬᠤ ᠰᠢᠭᠤᠳ ᠬᠠᠷᠢᠯᠴᠠᠭ᠋ᠠᠨ᠎ᠤ ᠴᠡᠭ ᠂ ᠲᠣᠭ᠋ᠠᠵᠢᠭᠤᠯᠵᠤ ᠪᠤᠳᠤᠬᠤ ᠴᠢᠳᠠᠮᠵᠢ ᠵᠢᠨ ᠵᠠᠩᠭᠢᠯᠠᠭ᠎ᠠ ᠪᠣᠯᠬᠤ ᠴᠡᠭ ᠪᠠ ᠵᠡᠭᠦᠨ ᠣᠷᠣᠨ᠎ᠤ ᠳ᠋ᠠᠢ᠌ᠲ᠋ᠠ ᠵᠢ ᠪᠠᠷᠠᠭᠤᠨ ᠣᠷᠣᠨ᠎ᠳᠤ ᠲᠣᠭ᠋ᠠᠵᠢᠭᠤᠯᠤᠨ ᠠᠵᠢᠯᠯᠠᠭᠤᠯᠬᠤ ᠂ 《ᠮᠢᠩᠭ᠋ᠠᠨ ᠰᠠᠶ᠎ᠠ ᠰᠦᠯᠵᠢᠶᠡᠨ᠎ᠤ ᠬᠤᠳᠠ》᠎ᠳᠤ ᠲᠦᠰᠢᠭᠯᠡᠨ ᠂ ᠠᠵᠤ ᠦᠢ᠍ᠯᠡᠰ᠎ᠢ ᠲᠣᠭ᠋ᠠᠵᠢᠭᠤᠯᠤᠨ ᠬᠡᠯᠪᠡᠷᠢ᠎ᠪᠠᠨ ᠬᠤᠪᠢᠷᠠᠭᠤᠯᠬᠤ ᠂ ᠣᠶᠤᠨᠴᠢᠯᠠᠨ ᠳᠡᠰ ᠳᠡᠪᠰᠢᠬᠦ ᠲᠦᠷᠦᠯ ᠵᠦᠢ᠍ᠯ᠎ᠢ ᠰᠢᠰᠲ᠋ᠧᠮ᠎ᠲᠠᠢ ᠪᠠᠢ᠌ᠷᠢᠯᠠᠭᠤᠯᠵᠤ ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ ᠪᠠ ᠣᠶᠤᠨᠯᠢᠭ ᠬᠦᠷᠢᠶᠡᠯᠡᠩ ᠲᠣᠭᠣᠷᠢᠭ ᠂ ᠣᠶᠤᠨᠴᠢ ᠦᠢ᠍ᠯᠡᠳᠪᠦᠷᠢ ᠵᠡᠷᠭᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ ᠃ ᠪᠥᠬᠦ ᠠᠵᠢᠯ ᠲᠥᠷᠥᠯ ᠵᠶ᠋ᠠᠷ ᠵᠶ᠋ᠠᠨ ᠨᠡᠬᠦᠷᠡᠰᠦᠳᠦ᠋ᠷᠦᠭᠴᠢ ᠪᠠᠭ᠋ᠠᠲᠠᠢ᠎ᠪᠠᠷ ᠤᠷᠴᠢᠯᠳᠤᠭᠤᠯᠤᠨ ᠬᠥᠭᠵᠢᠭᠦᠯᠬᠦ ᠵᠢ ᠠᠬᠢᠭᠤᠯᠤᠨ ᠂ ᠪᠣᠬᠢᠷᠲᠤᠯ ᠦᠭᠡᠢ ᠦᠢ᠍ᠯᠡᠳᠬᠦ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠪᠠ ᠡᠨᠧᠷᠭᠢ ᠠᠷᠪᠢᠯᠠᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠨ ᠰᠢᠨᠡᠳᠬᠡᠬᠦ ᠵᠢ ᠶᠡᠬᠡ᠎ᠪᠠᠷ ᠠᠬᠢᠭᠤᠯᠵᠤ ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠳ᠎ᠤᠨ ᠪᠣᠬᠢᠷᠲᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠬᠡᠷᠡᠭᠵᠢᠭᠦᠯᠬᠦ ᠂ ᠪᠣᠬᠢᠷᠲᠤᠯ ᠦᠭᠡᠢ ᠤᠷᠠᠯᠠᠯ ᠪᠠ ᠪᠣᠬᠢᠷᠲᠤᠯ ᠦᠭᠡᠢ ᠮᠠᠲ᠋ᠧᠷᠢᠶᠠᠯ ᠬᠡᠷᠡᠭᠯᠡᠬᠦ ᠵᠢ ᠵᠣᠷᠢᠭᠵᠢᠭᠤᠯᠤᠨ ᠂ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠂ ᠨᠡᠬᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ ᠨᠠᠩ ᠣᠯᠠᠨ ᠪᠠᠢ᠌ᠭᠤᠯᠵᠤ ᠂ ᠠᠵᠤ ᠦᠢ᠍ᠯᠡᠰ᠎ᠤᠨ ᠬᠡᠯᠬᠢᠶ᠎ᠡ ᠂ ᠬᠠᠩᠭ᠋ᠠᠯᠭ᠎ᠠ ᠵᠢᠨ ᠬᠡᠯᠬᠢᠶ᠎ᠡ᠎ᠪᠠᠨ ᠪᠣᠬᠢᠷᠲᠤᠯ ᠦᠭᠡᠢ ᠪᠤᠯᠭ᠋ᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ ᠃
ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠡᠪᠴᠢᠶ᠎ᠡ᠎ᠪᠠᠨ ᠥᠷᠭᠡᠳᠬᠡᠬᠦ ᠂ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠵᠢ ᠲᠦᠷᠭᠡᠳᠬᠡᠨ ᠠᠬᠢᠭᠤᠯᠤᠨ᠎ᠠ ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠣᠯ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠪᠣᠯᠣᠨ᠎ᠠ ᠂ ᠲᠡᠷᠡ᠎ᠨᠢ ᠠᠵᠢᠯ ᠣᠯᠭᠣᠯᠲᠠ ᠵᠢ ᠠᠬᠢᠭᠤᠯᠵᠤ ᠂ ᠠᠵᠢᠯ ᠦᠢ᠍ᠯᠡᠰ᠎ᠢ ᠳᠠᠢ᠌ᠴᠢᠯᠠᠬᠤ ᠦᠢ᠍ᠯᠡᠳᠦᠯ᠎ᠲᠠᠢ ᠶᠤᠮ ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ᠎ᠢ ᠰᠠᠢ᠌ᠲᠤᠷ ᠬᠢᠵᠦ ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠂ ᠮᠡᠳᠡᠭᠡ ᠵᠠᠩᠭᠢ ᠵᠢᠨ ᠵᠥᠭᠡᠯᠡᠨ ᠲᠣᠨᠤᠭ ᠂ ᠬᠤᠳᠠᠯᠳᠤᠭ᠋ᠠᠨ᠎ᠤ ᠶᠠᠪᠤᠳᠠᠯ᠎ᠤᠨ ᠴᠤᠭᠯᠠᠭ᠋ᠠᠨ ᠦᠵᠡᠰᠬᠦᠯᠡᠩ ᠂ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠵᠢ᠎ᠨᠢ ᠠᠬᠢᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠂ ᠡᠷᠡᠭᠦᠯ ᠮᠡᠨᠳᠦ ᠂ ᠨᠠᠰᠤᠵᠢᠯ᠎ᠤᠨ ᠠᠰᠠᠷᠠᠮᠵᠢ ᠂ ᠠᠳᠠᠯ ᠠᠬᠤᠢ ᠂ ᠭᠡᠷ ᠠᠬᠤᠢ ᠵᠢᠨ ᠶᠠᠪᠤᠳᠠᠯ ᠵᠡᠷᠭᠡ ᠠᠮᠢᠳᠤᠷᠠᠯ᠎ᠤᠨ ᠬᠡᠷᠡᠭᠴᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠪᠠᠭᠲᠠᠭ᠋ᠠᠮᠵᠢ ᠵᠢ ᠥᠷᠭᠡᠳᠬᠡᠨ ᠴᠢᠨᠠᠷ᠎ᠢ᠎ᠨᠢ ᠳᠡᠭᠡᠭᠰᠢᠯᠡᠭᠦᠯᠬᠦ ᠵᠢ ᠲᠡᠳᠬᠦᠬᠦ ᠠᠷᠭ᠎ᠠ ᠬᠡᠮᠵᠢᠶ᠎ᠡ ᠵᠢ ᠨᠡᠢ᠌ᠲᠡᠯᠡᠵᠦ ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠶ᠋ᠠᠨ ᠲᠡᠷᠢᠭᠦᠨ᠎ᠤ ᠦᠢ᠍ᠯᠡᠳᠬᠦ ᠦᠢ᠍ᠯᠡᠰ ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠭᠦᠨ ᠠᠭᠤᠰᠤᠯᠴᠠᠭᠤᠯᠬᠤ ᠵᠢ ᠠᠬᠢᠭᠤᠯᠤᠨ᠎ᠠ ᠃ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠵᠤ ᠂ ᠨᠡᠢ᠌ᠭᠡᠮ᠎ᠤᠨ ᠪᠡᠯᠡ ᠲᠣᠬᠢᠷᠠᠭᠤᠯᠬᠤ ᠬᠡᠪᠴᠢᠶᠡᠨ᠎ᠤ ᠨᠡᠮᠡᠭᠳᠡᠯ᠎ᠤᠨ ᠬᠤᠷᠳᠤᠴᠠ ᠵᠢ ᠠᠵᠤ ᠠᠬᠤᠢ ᠵᠢᠨ ᠨᠡᠮᠡᠭᠳᠡᠯ᠎ᠯᠦᠭᠡ ᠢᠵᠢᠯᠢ ᠠᠯᠬᠤᠮ᠎ᠲᠠᠢ ᠪᠠᠢ᠌ᠯᠭ᠋ᠠᠬᠤ ᠵᠢ ᠪᠠᠲᠤᠯᠠᠨ᠎ᠠ ᠂ ᠲᠠᠷᠢᠶᠠᠯᠠᠩ᠎ᠤᠨ ᠪᠠᠩᠬᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠳᠡᠯᠭᠡᠷᠡᠭᠦᠯᠵᠦ ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠠᠩᠬᠢ ᠂ ᠤᠯᠤᠰ᠎ᠤᠨ ᠥᠮᠴᠢᠯᠡᠯᠲᠦ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠪᠠᠩᠬᠢ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂ ᠬᠤᠪᠢᠴᠠᠭ᠋ᠠᠨ᠎ᠤ ᠳᠦᠷᠢᠮᠲᠦ ᠪᠠᠩᠬᠢ ᠂ ᠣᠷᠣᠨ ᠨᠤᠲᠤᠭ᠎ᠤᠨ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠴᠢᠬᠤᠯᠠ ᠲᠦᠷᠣᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠤᠷᠲᠤᠪᠲᠤᠷ ᠪᠠ ᠣᠷᠳᠣ ᠬᠤᠭᠤᠴᠠᠭ᠋ᠠᠨ᠎ᠤ ᠵᠢᠭᠡᠯᠡᠯᠭᠡ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ ᠂ ᠪᠣᠳᠠᠲᠤ ᠴᠣᠭᠴᠠ ᠵᠢᠨ ᠠᠵᠤ ᠠᠬᠤᠢ᠎ᠳᠤ ᠨᠠᠩ ᠰᠠᠢ᠌ᠲᠤᠷ ᠦᠢ᠍ᠯᠡᠴᠢᠯᠡᠭᠦᠯᠦᠨ᠎ᠡ ; ᠲᠤᠰᠬᠠᠢ ᠵᠦᠢ᠍ᠯ᠎ᠤᠨ ᠥᠷᠢ ᠵᠢᠨ ᠲᠡᠮᠳᠡᠭᠲᠦ ᠪᠠ ᠲᠦᠷᠣ ᠵᠢᠨ ᠪᠣᠳᠣᠯᠭ᠎ᠠ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠪᠠᠭ᠋ᠠᠵᠢ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ ᠂ 《ᠵᠣᠭᠣᠰ᠎ᠨᠢ ᠲᠦᠷᠣᠯ ᠵᠦᠢ᠍ᠯ ᠵᠶ᠋ᠠᠨ ᠬᠦᠯᠢᠶᠡᠬᠦ》 ᠠᠰᠠᠭᠤᠳᠠᠯ᠎ᠢ ᠲᠣᠪᠣᠢ᠌ᠮ᠎ᠠ ᠰᠢᠢ᠍ᠳᠪᠦᠷᠢᠯᠡᠨ᠎ᠡ ; ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠵᠢ ᠥᠷᠭᠡᠳᠬᠡᠨ ᠂ 《ᠲᠢᠶᠠᠨ ᠵᠢᠶᠦ᠋ᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠵᠦ ᠂ ᠠᠵᠤ ᠠᠬᠤᠢ᠌ᠯᠠᠯ᠎ᠢ ᠵᠠᠬ᠎ᠠ᠎ᠳᠤ ᠭᠠᠷᠭ᠋ᠠᠬᠤ᠎ᠪᠠᠷ ᠨᠥᠭᠡᠴᠡᠯᠡᠨ ᠪᠣᠢ᠌ᠵᠢᠭᠤᠯᠬᠤ᠎ᠪᠠᠨ ᠲᠦᠷᠭᠡᠳᠬᠡᠨ ᠂ ᠡᠨᠡ ᠵᠢᠯ 5 ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ ᠠᠩᠬᠠᠨ᠎ᠤ ᠲᠠᠷᠬᠠᠭ᠋ᠠᠯᠲᠠ ᠵᠢᠨ ᠪᠡᠯᠡ ᠲᠣᠬᠢᠷᠠᠭᠤᠯᠭ᠎ᠠ ᠵᠢ ᠪᠡᠶᠡᠯᠡᠭᠦᠯᠬᠦ᠎ᠪᠠᠷ ᠴᠢᠷᠮᠠᠢ᠌ᠨ᠎ᠠ ; ᠬᠥᠷᠥᠩᠭᠡ ᠵᠢᠨ ᠮᠥᠩᠭᠥ ᠨᠥᠬᠥᠪᠦᠷᠢᠯᠡᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ ᠂ ᠬᠤᠲᠠ ᠵᠢᠨ ᠬᠤᠳᠠᠯᠳᠤᠭ᠋ᠠᠨ᠎ᠤ ᠪᠠᠩᠬᠢ ᠵᠢ ᠰᠢᠯᠢᠳᠡᠭᠵᠢᠭᠦᠯᠦᠨ ᠳᠠᠬᠢᠨᠲᠠ ᠵᠣᠬᠢᠶᠠᠨ ᠪᠠᠶ᠋ᠢᠭᠤᠯᠬᠤ ᠵᠢ ᠠᠬᠢᠭᠤᠯᠤᠨ ᠂ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠪᠠ ᠲᠣᠰᠬᠤᠨ ᠪᠠᠯᠭ᠋ᠠᠰᠤᠨ᠎ᠤ ᠪᠠᠩᠬᠢ ᠵᠢᠨ ᠥᠮᠴᠢᠯᠡᠯ᠎ᠤᠨ ᠡᠷᠬᠡ ᠵᠢᠨ ᠳᠦᠷᠢᠮ ᠂ ᠵᠣᠬᠢᠶᠠᠨ ᠪᠠᠢ᠌ᠭᠤᠯᠤᠯᠲᠠ ᠵᠢᠨ ᠬᠡᠯᠪᠡᠷᠢ ᠵᠢᠨ ᠥᠭᠡᠷᠡᠴᠢᠯᠡᠯᠲᠡ ᠵᠢ ᠠᠬᠢᠭᠤᠯᠵᠤ ᠂ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠲᠡᠬᠡᠭᠰᠢᠯᠡᠬᠦᠯᠦᠨ᠎ᠡ ᠃ ᠭᠡᠷ ᠪᠠᠢ᠌ᠰᠢᠩ ᠭᠠᠵᠠᠷ ᠬᠥᠷᠥᠩᠭᠡ ᠵᠢᠨ ᠰᠠᠢ᠌ᠨ ᠤᠷᠴᠢᠯᠳᠤᠬᠤ ᠵᠢ ᠠᠬᠢᠭᠤᠯᠵᠤ ᠂ ᠲᠥᠷᠥ ᠵᠢᠨ ᠪᠣᠳᠣᠯᠭ᠎ᠠ ᠵᠢ ᠶᠡᠷᠦᠩᠬᠡᠢ᠌ᠯᠡᠨ ᠬᠡᠷᠡᠭᠵᠢᠭᠦᠯᠵᠦ ᠂ ᠭᠠᠵᠠᠷ ᠰᠢᠷᠣᠢ ᠵᠢᠨ ᠦᠨ᠎ᠡ ᠵᠢ ᠲᠣᠭᠲᠠᠪᠤᠷᠢᠵᠢᠭᠤᠯᠤᠨ ᠂ ᠭᠡᠷ ᠪᠠᠢ᠌ᠰᠢᠩ᠎ᠤᠨ ᠦᠨ᠎ᠡ ᠵᠢ ᠲᠣᠭᠲᠠᠪᠤᠷᠢᠵᠢᠭᠤᠯᠵᠤ ᠂ ᠵᠢᠱ᠌ᠢᠯᠲᠡ ᠵᠢ ᠲᠣᠭᠲᠠᠪᠤᠷᠢᠵᠢᠭᠤᠯᠵᠤ ᠂ ᠬᠥᠮᠥᠨ ᠬᠠᠷ᠎ᠠ ᠂ ᠭᠡᠷ ᠪᠠᠢ᠌ᠰᠢᠩ ᠂ ᠭᠠᠵᠠᠷ ᠰᠢᠷᠣᠢ ᠂ ᠵᠣᠭᠣᠰ ᠮᠥᠩᠭᠥᠨ᠎ᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠦᠨ ᠂ ᠵᠠᠢ᠌ᠯᠠᠰᠢ ᠦᠭᠡᠢ ᠴᠢᠨᠠᠷᠲᠠᠢ ᠪᠠ ᠰᠠᠢ᠌ᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠳᠡᠮᠵᠢᠵᠦ ᠂ ᠪᠠᠲᠤᠯᠠᠭ᠎ᠠ ᠵᠢᠨ ᠣᠷᠣᠨ ᠰᠠᠭᠤᠴᠠ ᠂ ᠣᠷᠳᠣ ᠬᠤᠭᠤᠴᠠᠭ᠎ᠠ᠎ᠪᠠᠷ ᠲᠦᠷᠢᠶᠡᠰᠦᠯᠡᠬᠦ ᠣᠷᠣᠨ ᠰᠠᠭᠤᠴᠠ ᠵᠢ ᠪᠥᠭᠡᠮ ᠵᠶ᠋ᠠᠷ ᠬᠤᠳᠠᠯᠳᠤᠨ ᠠᠪᠬᠤ ᠪᠤᠶᠤ ᠵᠠᠰᠠᠭ᠎ᠤᠨ ᠣᠷᠳᠣᠨ ᠬᠤᠳᠠᠯᠳᠤᠨ ᠠᠪᠬᠤ ᠵᠡᠷᠭᠡ ᠵᠢᠨ ᠦᠢ᠍ᠯᠡᠳᠦᠯ᠎ᠢ ᠪᠠᠳᠠᠷᠠᠭᠤᠯᠵᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ ᠃ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠢ ᠰᠠᠭᠤᠷᠢᠰᠢᠭᠤᠯᠬᠤ ᠂ ᠲᠠᠪᠴᠠᠩᠵᠢᠭᠤᠯᠬᠤ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠤᠨ ᠂ ᠬᠦᠬᠡᠬᠤᠳᠡ ᠂ ᠣᠷᠳᠣᠰ ᠂ ᠤᠯᠠᠭ᠋ᠠᠨᠴᠠᠪ - ᠡᠷᠢᠶᠡᠨ ᠬᠤᠳᠡ ᠂ ᠮᠠᠨᠵᠤᠤᠷ᠎ᠤᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠵᠢᠨ ᠣᠳᠣᠬᠢᠴᠢᠯᠠᠨ ᠳᠡᠰ ᠳᠡᠪᠰᠢᠬᠦ ᠵᠢ ᠠᠬᠢᠭᠤᠯᠤᠨ᠎ᠠ ᠂ ᠲᠤᠰ ᠨᠤᠲᠤᠭ ᠣᠷᠣᠨ᠎ᠤ ᠲᠣᠣᠷ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠪᠠ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠤᠨ ᠂ ᠣᠯᠠᠨ ᠬᠡᠯᠪᠡᠷᠢ ᠪᠦᠬᠦᠢ ᠬᠣᠯᠪᠤᠭ᠋ᠠᠯᠠᠨ ᠲᠡᠭᠡᠭᠡᠪᠦᠷᠢᠯᠡᠵᠦ ᠵᠢᠱ᠌ᠢᠶ᠎ᠡ ᠦᠵᠡᠭᠦᠯᠬᠦ ᠢᠨᠵᠧᠨᠧᠷᠢᠩ ᠪᠠ ᠣᠨᠴᠠᠯᠢᠭ᠎ᠲᠠᠢ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠲᠦᠷᠭᠡᠨ᠎ᠤ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠨ ᠂ ᠪᠠᠷᠠᠭ᠋ᠠᠨ᠎ᠤ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠵᠤ ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ᠎ᠪᠠᠷ ᠲᠤᠬᠠᠢ ᠵᠢᠨ ᠭᠠᠵᠠᠷ ᠪᠠ ᠠᠷᠠᠳ᠎ᠤᠨ ᠠᠮᠢᠳᠤᠷᠠᠯ᠎ᠳᠤ ᠨᠠᠩ ᠢᠯᠡᠭᠦᠦ ᠠᠰᠢᠭ ᠬᠦᠷᠲᠡᠭᠡᠨ᠎ᠡ ᠃ ᠲᠤᠭ᠋ᠠᠵᠢᠯᠳᠤ ᠠᠵᠤ ᠠᠬᠤᠢ ᠵᠢ ᠪᠤᠵᠠᠭ᠋ᠠᠢ᠌ᠷᠠᠭᠤᠯᠵᠤ ᠂ ᠳ᠋ᠠᠢ᠌ᠲ᠋ᠠ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠪᠠᠢ᠌ᠭᠤᠯᠤᠮᠵᠢ ᠪᠠ ᠳ᠋ᠠᠢ᠌ᠲ᠋ᠠ ᠵᠢ ᠨᠡᠭᠡᠭᠡᠨ ᠠᠰᠢᠭᠯᠠᠬᠤ ᠲᠠᠪᠴᠠᠩ ᠪᠠᠢ᠌ᠭᠤᠯᠤᠨ᠎ᠠ ᠂ ᠳ᠋ᠠᠢ᠌ᠲ᠋ᠠ ᠵᠢᠨ ᠠᠰᠢᠭᠯᠠᠵᠤ ᠰᠢᠢ᠍ᠳᠪᠦᠷᠢᠯᠡᠬᠦ ᠂ ᠵᠠᠳᠠᠯᠤᠨ ᠬᠡᠷᠡᠭᠯᠡᠬᠦ ᠂ ᠭᠦᠢ᠍ᠯᠭᠡᠭᠡᠨ ᠠᠷᠠᠯᠵᠢᠶᠠᠯᠠᠬᠤ ᠵᠡᠷᠭᠡ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ ᠂ ᠬᠣᠷᠢᠨᠭᠡᠷ᠎ᠤᠨ 《ᠳᠤᠮᠳᠠᠳᠤ ᠤᠯᠤᠰ᠎ᠤᠨ ᠡᠭᠦᠯᠡᠨ ᠵᠢᠯᠠᠭ᠎ᠠ》 ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠪᠥᠭᠡᠮᠨᠡᠷᠡᠯ᠎ᠤᠨ ᠲᠣᠭᠣᠷᠢᠭ᠎ᠢ ᠪᠠᠢ᠌ᠭᠤᠯᠵᠤ ᠂ ᠲᠤᠭ᠋ᠠᠵᠢᠯᠳᠤ ᠠᠵᠤ ᠠᠬᠤᠢ ᠪᠠ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠃
(ᠭᠤᠷᠪᠠ) ᠰᠢᠨ᠎ᠡ ᠬᠥᠭᠵᠢᠯᠲᠡ ᠵᠢᠨ ᠣᠨᠣᠯᠵᠢᠬᠤᠨ ᠵᠶ᠋ᠠᠷ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠣᠢ ᠪᠣᠯᠭ᠋ᠠᠨ ᠂ ᠠᠵᠤ ᠦᠢ᠍ᠯᠡᠰ᠎ᠤᠨ ᠪᠦᠯᠦᠭᠵᠢᠯ ᠂ ᠬᠦᠴᠦᠨ ᠵᠦᠢ᠍ᠯ᠎ᠤᠨ ᠪᠥᠭᠡᠮᠨᠡᠷᠡᠯ ᠂ ᠡᠬᠢ ᠪᠠᠶᠠᠯᠢᠭ᠎ᠢ ᠠᠷᠪᠢᠯᠠᠬᠤ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠨ᠎ᠠ ᠃ ᠮᠠᠨ᠎ᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ ᠂ ᠭᠠᠵᠠᠷ ᠨᠤᠲᠤᠭ ᠰᠢᠮᠡᠯᠢᠭ ᠬᠥᠮᠥᠨ ᠠᠮᠠ ᠰᠡᠢ᠌ᠷᠡᠭ ᠂ ᠪᠠᠢ᠌ᠷᠢᠰᠢᠯᠲᠠ ᠲᠠᠷᠠᠬᠠᠢ ᠪᠤᠲᠠᠷᠬᠠᠢ ᠪᠣᠯᠬᠣᠷ ᠂ ᠡᠷᠬᠡᠪᠰᠢ ᠠᠵᠤ ᠦᠢ᠍ᠯᠡᠰ᠎ᠤᠨ ᠪᠦᠯᠦᠭᠵᠢᠯ ᠂ ᠬᠥᠮᠥᠨ ᠠᠮᠠ ᠵᠢᠨ ᠲᠥᠪᠯᠡᠷᠡᠯ ᠪᠠ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ ᠵᠢ ᠳᠡᠭᠡᠭᠰᠢᠯᠡᠭᠦᠯᠵᠦ ᠪᠠᠢ᠌ᠭ᠋ᠠᠳ ᠲᠥᠪᠯᠡᠷᠡᠭᠦᠯᠵᠦ ᠬᠤᠷᠠᠭᠤᠯᠵᠤ ᠡᠷᠴᠢᠮᠵᠢᠭᠦᠯᠦᠨ ᠬᠥᠭᠵᠢᠭᠦᠯᠬᠦ ᠵᠠᠮ ᠵᠶ᠋ᠠᠷ ᠵᠠᠮᠨᠠᠨ᠎ᠠ ᠃
ᠬᠡᠯᠬᠢᠶᠡᠰᠦᠯᠡᠯ ᠮᠠᠶᠢᠭ᠎ᠤᠨ ᠰᠡᠳᠬᠢᠬᠦᠢ᠎ᠪᠠᠷ ᠠᠵᠤ ᠦᠢ᠍ᠯᠡᠰ ᠵᠶ᠋ᠠᠨ ᠠᠳᠬᠤᠬᠤ ᠵᠢ ᠪᠠᠷᠢᠮᠲᠠᠯᠠᠨ᠎ᠠ ᠃ ᠳᠠᠪᠠᠭᠤᠯᠢᠭ ᠠᠵᠤ ᠦᠢ᠍ᠯᠡᠰ ᠂ ᠣᠨᠴᠠᠯᠢᠭ᠎ᠲᠠᠢ ᠠᠵᠤ ᠦᠢ᠍ᠯᠡᠰ ᠂ ᠲᠤᠯᠭ᠋ᠠᠭᠤᠷᠢ ᠪᠣᠯᠬᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ ᠂ ᠬᠡᠯᠬᠢᠶ᠎ᠡ ᠵᠢ ᠤᠷᠲᠤᠳᠬᠠᠬᠤ ᠨᠥᠬᠥᠪᠦᠷᠢᠯᠡᠬᠦ ᠴᠢᠩᠳᠠᠯᠠᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ ᠂ ᠲᠢᠩᠬᠢᠮ ᠲᠣᠪᠴᠢᠶᠠᠨ᠎ᠤ ᠳᠠᠷᠤᠭ᠎ᠠ ᠂ ᠠᠢ᠌ᠮᠠᠭ ᠬᠤᠳᠡ ᠵᠢᠨ ᠳᠠᠷᠤᠭ᠎ᠠ ᠂ ᠬᠣᠰᠢᠭᠤ ᠰᠢᠶᠠᠨ᠎ᠤ ᠳᠠᠷᠤᠭ᠎ᠠ ᠨᠠᠷ ᠴᠥᠮ ᠬᠡᠯᠬᠢᠶᠡᠨ ᠳᠠᠷᠤᠭ᠎ᠠ ᠵᠢᠨ ᠠᠵᠢᠯ ᠵᠶ᠋ᠠᠨ ᠰᠠᠢ᠌ᠲᠤᠷ ᠬᠢᠵᠦ ᠂ ᠪᠦᠭᠦ ᠣᠷᠣᠨ᠎ᠤ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ ᠢᠯᠢ ᠂ ᠮᠧᠩ ᠨᠢᠦ ᠵᠢᠨ ᠬᠥᠲᠥᠯᠥᠨ ᠳᠠᠭ᠋ᠠᠭᠤᠯᠵᠤ ᠳᠠᠢ᠌ᠴᠢᠯᠠᠬᠤ ᠦᠢ᠍ᠯᠡᠳᠦᠯ᠎ᠢ ᠴᠢᠩᠭ᠋ᠠᠷᠠᠭᠤᠯᠤᠨ ᠂ ᠢᠯᠢ ᠵᠢᠨ ᠣᠳᠣ ᠦᠶ᠎ᠡ ᠵᠢᠨ ᠣᠶᠤᠨᠯᠢᠭ ᠡᠷᠡᠭᠦᠯ ᠮᠠᠡᠳᠣ ᠵᠢᠨ ᠵᠢᠯᠠᠭ᠎ᠠ ᠂ ᠮᠧᠩ ᠨᠢᠦ ᠵᠢᠨ ᠲᠣᠮᠳᠠᠳᠣ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠲᠦᠷᠣᠯ ᠵᠦᠢ᠍ᠯ ᠵᠶ᠋ᠠᠷ ᠭᠠᠷᠳᠠᠴᠠ ᠪᠣᠯᠭ᠋ᠠᠵᠣ ᠪᠦᠭᠦ ᠪᠥᠮᠪᠥᠷᠴᠡᠭ᠎ᠤᠨ ᠲᠡᠷᠢᠭᠦᠨ ᠳᠡᠰ᠎ᠤᠨ ᠰᠦ ᠰᠠᠭ᠋ᠠᠯᠢ ᠵᠢᠨ ᠦᠢ᠍ᠯᠡᠰ᠎ᠤᠨ ᠪᠦᠭᠦ ᠠᠵᠤ ᠦᠢ᠍ᠯᠡᠰ᠎ᠤᠨ ᠬᠡᠯᠬᠢᠶᠡᠨ᠎ᠳᠠᠬᠢ ᠠᠮᠢ ᠠᠬᠤᠢ ᠵᠢᠨ ᠲᠣᠭᠣᠷᠢᠭ᠎ᠢ ᠪᠣᠢ ᠪᠣᠯᠭ᠋ᠠᠵᠣ ᠂ ᠲᠡᠵᠢᠭᠡᠯ ᠡᠪᠡᠰᠦᠨ᠎ᠤ ᠰᠠᠭᠤᠷᠢᠨ ᠭᠠᠵᠠᠷ ᠂ ᠦᠷ᠎ᠡ ᠡᠭᠦᠯᠳᠡᠷ᠎ᠤᠨ ᠦᠬᠡᠷ᠎ᠤᠨ ᠰᠠᠭᠤᠷᠢᠨ ᠭᠠᠵᠠᠷ ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂ ᠡᠪᠡᠰᠦᠨ᠎ᠤ ᠢᠷᠡᠯᠲᠡ ᠂ ᠦᠬᠡᠷ᠎ᠤᠨ ᠢᠷᠡᠯᠲᠡ ᠂ ᠰᠦ ᠵᠢᠨ ᠢᠷᠡᠯᠲᠡ ᠵᠢᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂ 《ᠨᠢᠭᠡ ᠰᠢᠷᠬᠡᠭ ᠡᠪᠡᠰᠦ ᠵᠢ ᠰᠠᠢ᠌ᠨ ᠲᠠᠷᠢᠬᠤ᠎ᠠᠴᠠ ᠨᠢᠭᠡᠨ ᠠᠶᠠᠭ᠎ᠠ ᠴᠢᠨᠠᠷ ᠰᠠᠢ᠌ᠲᠠᠢ ᠰᠦ ᠤᠤᠭᠤᠬᠤ ᠬᠦᠷᠲᠡᠯᠡᠬᠢ》 ᠪᠦᠭᠦ ᠬᠡᠯᠬᠢᠶᠡᠰᠦᠨ᠎ᠳᠤ ᠬᠦᠴᠦ ᠲᠠᠯᠪᠢᠵᠤ ᠂ ᠣᠷᠣᠨ ᠨᠤᠲᠤᠭ᠎ᠤᠨ ᠣᠨᠴᠠᠯᠢᠭ᠎ᠲᠠᠢ ᠴᠢᠨᠠᠷ ᠰᠠᠢ᠌ᠲᠠᠢ ᠰᠦ ᠴᠠᠭ᠋ᠠᠨ ᠢᠳᠡᠭᠡᠨ᠎ᠤ ᠵᠦᠢ᠍ᠯ ᠵᠶ᠋ᠠᠨ ᠲᠦᠷᠭᠡᠨ ᠬᠥᠭᠵᠢᠭᠦᠯᠬᠦ ᠵᠢ ᠳᠡᠮᠵᠢᠵᠣ ᠂ ᠡᠨᠡ ᠵᠢᠯ᠎ᠤᠨ ᠪᠦᠭᠦ ᠠᠵᠤ ᠦᠢ᠍ᠯᠡᠰ᠎ᠤᠨ ᠬᠡᠯᠬᠢᠶᠡᠨ᠎ᠳᠠᠬᠢ ᠰᠦ ᠵᠢᠨ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ 2000 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ ᠃ ᠠᠯᠠᠰᠢᠨ ᠦᠬᠡᠷ ᠂ ᠠᠯᠠᠰᠢᠨ ᠬᠣᠨᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ ᠡᠬᠢ ᠪᠠᠶᠠᠯᠢᠭ᠎ᠢ ᠨᠡᠢ᠌ᠯᠡᠭᠦᠯᠬᠦ ᠡᠷᠴᠢᠮ ᠪᠠ ᠬᠥᠭᠵᠢᠯᠲᠡ ᠵᠢ ᠲᠥᠪᠯᠡᠷᠡᠭᠦᠯᠬᠦ ᠡᠷᠴᠢᠮ ᠵᠶ᠋ᠠᠨ ᠳᠡᠭᠡᠭᠰᠢᠯᠡᠭᠦᠯᠵᠦ ᠂ ᠲᠠᠷᠢᠵᠣ ᠲᠡᠵᠢᠭᠡᠨ ᠡᠳ᠋ᠰᠢᠭᠦᠯᠦᠨ ᠪᠣᠷᠣᠯᠠᠭᠤᠯᠬᠤ ᠪᠦᠭᠦ ᠬᠡᠯᠬᠢᠶᠡᠨ᠎ᠤ ᠬᠥᠭᠵᠢᠯᠲᠡ ᠵᠢ ᠠᠬᠢᠭᠤᠯᠤᠨ ᠂ ᠲᠦᠩᠯᠢᠶᠣᠣ᠎ᠳᠤ ᠪᠦᠭᠦ ᠤᠯᠤᠰ᠎ᠲᠠᠬᠢ ᠠᠯᠠᠰᠢᠨ ᠦᠬᠡᠷ᠎ᠤᠨ ᠠᠵᠤ ᠦᠢ᠍ᠯᠡᠰ᠎ᠤᠨ ᠨᠢᠭᠡᠳᠦᠭᠡᠷ ᠴᠢᠬᠤᠯᠠ ᠪᠠᠯᠭ᠋ᠠᠰᠤ ᠂ ᠰᠢᠯᠢ ᠵᠢᠨ ᠭᠣᠣᠯ᠎ᠳᠤ ᠲᠣᠮᠳᠠᠳᠣ ᠵᠢᠨ ᠰᠢᠮᠧᠨ᠋ᠳᠡᠷ ᠦᠬᠡᠷ᠎ᠤᠨ ᠦᠷ᠎ᠡ ᠡᠭᠦᠯᠳᠡᠷ᠎ᠤᠨ ᠭᠠᠷᠤᠯᠲᠠ ᠵᠢᠨ ᠰᠠᠭᠤᠷᠢᠨ ᠭᠠᠵᠠᠷ ᠪᠠᠢ᠍ᠢ᠍ᠭᠤᠯᠬᠤ ᠵᠢ ᠳᠡᠮᠵᠢᠵᠦ ᠂ ᠠᠯᠠᠰᠢᠨ ᠦᠬᠡᠷ ᠂ ᠠᠯᠠᠰᠢᠨ ᠬᠤᠨᠢᠨ᠎ᠤ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠡᠳᠦᠢ ᠲᠡᠳᠦᠢ ᠪᠠᠢ᠌ᠭᠤᠯᠵᠤ ᠂ 3 ᠵᠢᠯ ᠣᠷᠴᠢᠮ᠎ᠤᠨ ᠴᠠᠭ ᠬᠤᠭᠤᠴᠠᠭ᠋ᠠᠨ᠎ᠳᠤ 2 ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ᠎ᠨᠢ ᠮᠢᠩᠭ᠋ᠠᠨ ᠳ᠋ᠦᠩᠰᠢᠭᠤᠷ᠎ᠢ ᠳᠠᠪᠠᠭᠤᠯᠬᠤ᠎ᠪᠠᠷ ᠴᠢᠷᠮᠠᠢ᠌ᠨ᠎ᠠ ᠃ ᠣᠢ ᠰᠢᠭᠤᠢ ᠡᠪᠡᠰᠦ ᠪᠡᠯᠴᠢᠭᠡᠷ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ ᠨᠢᠭᠡ ᠲᠠᠯ᠎ᠠ᠎ᠪᠠᠷ 《ᠲᠡᠵᠢᠭᠡᠨ ᠦᠷᠡᠵᠢᠭᠦᠯᠬᠦ᠎ᠳᠤ ᠵᠣᠷᠢᠭᠤᠯᠵᠤ ᠲᠠᠷᠢᠬᠤ》 ᠵᠢ ᠠᠳᠬᠤᠵᠤ ᠂ ᠲᠡᠵᠢᠭᠡᠯ ᠡᠪᠡᠰᠦᠨ᠎ᠤ ᠦᠢ᠍ᠯᠡᠰ᠎ᠢ ᠶᠡᠬᠡ᠎ᠪᠠᠷ ᠬᠥᠭᠵᠢᠭᠦᠯᠵᠦ ᠂ ᠴᠢᠨᠠᠷ ᠰᠠᠢ᠌ᠲᠠᠢ ᠲᠡᠵᠢᠭᠡᠯ ᠡᠪᠡᠰᠦ ᠲᠠᠷᠢᠵᠣ ᠪᠣᠢ᠌ᠵᠢᠭᠤᠯᠬᠤ ᠬᠡᠪᠴᠢᠶ᠎ᠡ ᠵᠢ ᠲᠣᠭᠲᠠᠪᠤᠷᠢᠵᠢᠭᠤᠯᠤᠨ ᠂ ᠬᠣᠨᠢ ᠢᠮᠠᠭ᠋ᠠᠨ᠎ᠤ ᠲᠡᠵᠢᠭᠡᠯ ᠡᠪᠡᠰᠦᠨ᠎ᠤ ᠠᠵᠤ ᠦᠢ᠍ᠯᠡᠰ᠎ᠢ ᠪᠣᠢ ᠪᠣᠯᠭ᠋ᠠᠨ ᠪᠤᠵᠠᠭ᠋ᠠᠢ᠌ᠷᠠᠭᠤᠯᠤᠨ᠎ᠠ ; ᠨᠦᠭᠦᠭᠡ ᠲᠠᠯ᠎ᠠ᠎ᠪᠠᠷ 《ᠠᠮᠢ ᠠᠬᠤᠢ᠎ᠪᠠᠷ ᠮᠠᠯ ᠠᠵᠤ ᠠᠬᠤᠢ᠎ᠳᠤ ᠠᠰᠢᠭ ᠬᠦᠷᠲᠡᠭᠡᠬᠦ》 ᠵᠢ ᠠᠳᠬᠤᠵᠤ ᠂ ᠠᠮᠢ ᠠᠬᠤᠢ ᠵᠢᠨ ᠡᠪᠡᠰᠦ ᠪᠡᠯᠴᠢᠭᠡᠷ᠎ᠤᠨ ᠦᠢ᠍ᠯᠡᠰ᠎ᠢ ᠶᠡᠬᠡ᠎ᠪᠠᠷ ᠬᠥᠭᠵᠢᠭᠦᠯᠦᠨ ᠂ ᠨᠡᠯᠦᠢ᠌ᠭᠰᠡᠨ ᠲᠠᠯ᠎ᠠ ᠵᠢᠨ ᠡᠯᠡᠰᠦ ᠮᠠᠩᠬᠠᠨ ᠭᠠᠵᠠᠷ᠎ᠢ 《ᠡᠷᠳᠡᠨᠢᠰ ᠴᠤᠭᠯᠠᠭᠤᠯᠬᠤ ᠰᠠᠩ》 ᠂ 《ᠨᠡᠭᠦᠷᠡᠰᠣᠲᠦ᠋ᠷᠥᠭᠴᠢ ᠬᠤᠷᠠᠭᠤᠯᠬᠤ ᠬᠥᠮᠥᠷᠭᠡ》 ᠪᠣᠯᠭ᠋ᠠᠨ ᠬᠤᠪᠢᠷᠠᠭᠤᠯᠤᠨ᠎ᠠ ᠃ ᠣᠢ ᠰᠢᠭᠤᠢ ᠵᠢᠨ ᠬᠣᠷᠮᠣᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠠᠭᠤᠳᠠᠯᠵᠤ ᠂ ᠵᠢᠮᠢᠰ ᠂ ᠴᠡᠴᠡᠭ ᠂ ᠨᠣᠭᠣᠭ᠎ᠠ ᠂ ᠮᠦᠭᠦ ᠂ ᠡᠮ᠎ᠤᠨ ᠵᠦᠢ᠍ᠯ ᠵᠡᠷᠭᠡ ᠣᠨᠴᠠᠯᠢᠭ᠎ᠲᠠᠢ ᠠᠵᠤ ᠦᠢ᠍ᠯᠡᠰ ᠪᠠ ᠣᠨᠴᠠᠭ᠋ᠠᠢ ᠵᠦᠢ᠍ᠯ᠎ᠤᠨ ᠲᠡᠵᠢᠭᠡᠨ ᠦᠷᠡᠵᠢᠭᠦᠯᠬᠦ ᠦᠢ᠍ᠯᠡᠰ᠎ᠢ ᠶᠡᠬᠡ᠎ᠪᠠᠷ ᠬᠥᠭᠵᠢᠭᠦᠯᠵᠦ ᠂ ᠴᠡᠩᠬᠡᠷ ᠨᠣᠭᠣᠭ᠋ᠠᠨ ᠣᠢ ᠰᠢᠭᠤᠢ ᠵᠢ ᠣᠯᠠᠨ ᠲᠦᠮᠡᠨ᠎ᠤ 《ᠵᠢᠮᠢᠰ᠎ᠤᠨ ᠬᠠᠢ᠌ᠷᠴᠠᠭ》 ᠂ 《ᠴᠡᠴᠡᠭ᠎ᠤᠨ ᠰᠠᠭᠰᠤ》 ᠂ 《ᠨᠣᠭᠣᠭ᠎ᠠ ᠵᠢᠨ ᠰᠠᠭᠰᠤ》 ᠂ 《ᠡᠮ᠎ᠤᠨ ᠬᠠᠢ᠌ᠷᠴᠠᠭ》 ᠪᠣᠯᠭ᠋ᠠᠨ᠎ᠠ ᠃ ᠰᠢᠨ᠎ᠡ ᠡᠨᠧᠷᠬᠢ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ 《ᠰᠠᠯᠬᠢ ᠭᠡᠷᠡᠯ ᠣᠰᠣᠲᠦ᠋ᠷᠦᠭᠴᠢ ᠨᠥᠭᠡᠴᠡ ᠮᠠᠰᠢᠨ ᠲᠡᠷᠭᠡ》 ᠵᠢ ᠨᠢᠭᠡ ᠴᠣᠭᠴᠠᠵᠢᠭᠤᠯᠤᠨ ᠠᠬᠢᠭᠤᠯᠵᠤ ᠂ ᠰᠠᠯᠬᠢᠨ ᠬᠦᠴᠦᠨ᠎ᠤ ᠴᠠᠬᠢᠯᠭ᠋ᠠᠨ᠎ᠤ ᠲᠠᠯ᠎ᠠ᠎ᠳᠤ ᠭᠣᠣᠯᠳᠠᠭᠤ ᠠᠷᠠᠭ᠋ᠠᠲᠤ ᠬᠦᠷᠳᠦᠨᠤ ᠬᠠᠢ᠌ᠷᠴᠠᠭ ᠂ ᠴᠠᠬᠢᠯᠭ᠋ᠠᠨ ᠭᠠᠷᠭ᠋ᠠᠬᠤ ᠮᠠᠰᠢᠨ ᠪᠠ ᠬᠦᠷᠳᠦᠨᠤ ᠬᠦᠢ᠍ᠰᠦ ᠂ ᠬᠣᠯᠬᠣᠪᠴᠢ ᠂ ᠡᠵᠡᠮᠳᠡᠬᠦ ᠰᠢᠰᠲ᠋ᠧᠮ ᠵᠡᠷᠭᠡ᠎ᠪᠠᠷ ᠪᠠᠷᠤᠭᠲᠠᠢ ᠪᠠᠢ᠌ᠭ᠎ᠠ ᠵᠦᠢ᠍ᠯ᠎ᠳᠤ ᠰᠢᠪᠲᠤᠯᠤᠯᠲᠠ ᠬᠢᠵᠦ ᠂ ᠡᠨᠡ ᠵᠢᠯ ᠪᠦᠬᠦᠯᠢ ᠴᠣᠭᠴᠠ᠎ᠪᠠᠷ ᠢᠵᠢ ᠪᠦᠷᠢᠳᠦᠭᠰᠡᠨ ᠴᠢᠳᠠᠪᠤᠷᠢ ᠵᠢ᠎ᠨᠢ 2000 ᠲᠦᠮᠡᠨ ᠺᠢᠯᠣᠸᠠᠲ᠎ᠲᠤ ᠬᠦᠷᠭᠡᠬᠦ᠎ᠪᠠᠷ ᠴᠢᠷᠮᠠᠢ᠌ᠨ᠎ᠠ ; ᠭᠡᠷᠡᠯ᠎ᠤᠨ ᠴᠠᠬᠢᠯᠭ᠋ᠠᠨ᠎ᠤ ᠲᠠᠯ᠎ᠠ᠎ᠳᠤ ᠭᠣᠣᠯᠳᠠᠭᠤ ᠰᠢᠯ ᠂ ᠬᠠᠯᠬᠠᠪᠴᠢ ᠬᠠᠪᠲᠠᠰᠤ ᠂ ᠬᠠᠪᠢᠰᠤ ᠬᠦᠷᠢᠶ᠎ᠡ ᠂ ᠴᠠᠪᠠᠤᠯᠢᠭ ᠪᠦᠷᠬᠦᠭᠦᠯ ᠂ ᠭᠠᠩᠨᠠᠭᠤᠷ ᠪᠦᠰᠡ ᠂ ᠮᠥᠩᠭᠥᠨ ᠴᠠᠷᠳᠠᠭᠤᠯ ᠂ ᠬᠥᠩᠭᠡᠨ ᠴᠠᠭ᠋ᠠᠨ᠎ᠤ ᠴᠠᠷᠳᠠᠭᠤᠯ ᠵᠡᠷᠭᠡ᠎ᠪᠠᠷ ᠪᠠᠷᠤᠭᠲᠠᠢ ᠪᠠᠢ᠌ᠭ᠎ᠠ ᠵᠦᠢ᠍ᠯ᠎ᠳᠤ ᠰᠢᠪᠲᠤᠯᠤᠯᠲᠠ ᠬᠢᠵᠦ ᠂ ᠡᠨᠡ ᠵᠢᠯ ᠴᠡᠨᠡᠭ᠎ᠤᠨ ᠢᠯᠲᠠᠰᠤ ᠪᠠ ᠪᠦᠯᠦᠭ ᠲᠣᠨᠤᠭ᠎ᠤᠨ ᠬᠠᠩᠭ᠋ᠠᠬᠤ ᠴᠢᠳᠠᠪᠤᠷᠢ ᠵᠢ 5000 ᠲᠦᠮᠡᠨ ᠺᠢᠯᠣᠸᠠᠲ᠎ᠲᠤ ᠬᠦᠷᠭᠡᠬᠦ᠎ᠪᠠᠷ ᠴᠢᠷᠮᠠᠢ᠌ᠨ᠎ᠠ ; ᠤᠰᠤᠲᠥ᠋ᠷᠥᠭᠴᠢᠲᠤ ᠡᠨᠧᠷᠬᠢ ᠵᠢᠨ ᠲᠠᠯ᠎ᠠ᠎ᠳᠤ ᠭᠣᠣᠯᠳᠠᠭᠤ ᠤᠰᠣᠲᠦ᠋ᠷᠦᠭᠴᠢ ᠦᠢ᠍ᠯᠡᠳᠬᠦ ᠭᠣᠭᠴᠣᠭ᠋ᠠᠨ᠎ᠳᠠᠬᠢ ᠴᠠᠬᠢᠯᠭ᠋ᠠᠨ ᠵᠠᠳᠠᠯᠤᠯᠲᠠ ᠵᠢᠨ ᠣᠩᠭᠣᠴᠠ ᠪᠠ ᠨᠥᠭᠡᠴᠡᠯᠡᠵᠦ ᠵᠥᠭᠡᠭᠡᠪᠦᠷᠢᠯᠡᠬᠦ ᠭᠣᠭᠴᠣᠭ᠋ᠠᠨ᠎ᠳᠠᠬᠢ ᠠᠪᠴᠢᠭᠤᠯᠬᠤ ᠮᠠᠰᠢᠨ ᠂ ᠡᠷᠭᠢᠯᠳᠦᠭᠦᠯᠬᠦ ᠬᠥᠭᠡᠷᠭᠡ᠎ᠳᠤ ᠰᠢᠪᠲᠤᠯᠤᠯᠲᠠ ᠬᠢᠵᠦ ᠂ ᠡᠨᠡ ᠵᠢᠯ᠎ᠳᠤ ᠤᠰᠤᠳᠦ᠋ᠷᠦᠭᠴᠢ ᠦᠢ᠍ᠯᠡᠳᠬᠦ ᠲᠥᠬᠦᠭᠡᠷᠦᠮᠵᠢ ᠵᠢᠨ ᠦᠢ᠍ᠯᠡᠳᠪᠦᠷᠢᠯᠡᠬᠦ ᠴᠢᠳᠠᠪᠤᠷᠢ ᠵᠢ 250 ᠢᠵᠢ᠎ᠳᠤ ᠬᠦᠷᠭᠡᠬᠦ᠎ᠪᠠᠷ ᠴᠢᠷᠮᠠᠢ᠌ᠨ᠎ᠠ ; ᠡᠨᠧᠷᠬᠢ ᠨᠥᠭᠡᠴᠡᠯᠡᠬᠦ᠎ᠳᠤ ᠭᠣᠣᠯᠳᠠᠭᠤ ᠳᠡᠭᠡᠳᠦ ᠬᠡᠯᠬᠢᠶᠡᠨ᠎ᠤ ᠴᠠᠬᠢᠯᠭ᠋ᠠᠨ ᠴᠢᠫ ᠦᠢ᠍ᠯᠡᠳᠬᠦ ᠪᠠ ᠳᠣᠣᠷᠠᠳᠤ ᠬᠡᠯᠬᠢᠶᠡᠨ᠎ᠤ ᠡᠨᠧᠷᠬᠢ ᠨᠥᠭᠡᠴᠡᠯᠡᠵᠦ ᠬᠤᠷᠠᠭᠤᠯᠬᠤ ᠲᠠᠯ᠎ᠠ᠎ᠳᠤ ᠰᠢᠪᠲᠤᠯᠤᠯᠲᠠ ᠬᠢᠵᠦ ᠂ ᠡᠨᠡ ᠵᠢᠯ᠎ᠳᠤ ᠡᠨᠧᠷᠬᠢ ᠨᠥᠭᠡᠴᠡᠯᠡᠬᠦ ᠲᠣᠨᠤᠭ ᠲᠥᠬᠦᠭᠡᠷᠦᠮᠵᠢ ᠦᠢ᠍ᠯᠡᠳᠬᠦ ᠴᠢᠳᠠᠪᠤᠷᠢ᠎ᠨᠢ 100 ᠲᠦᠮᠡᠨ ᠺᠢᠯᠣᠸᠠᠲ ᠴᠠᠭ᠎ᠤᠨ ᠡᠨᠧᠷᠬᠢ ᠨᠥᠭᠡᠴᠡᠯᠡᠬᠦ ᠮᠠᠰᠢᠨ ᠴᠣᠭᠴᠠᠯᠠᠪᠤᠷᠢ ᠵᠢᠨ ᠱᠠᠭ᠋ᠠᠷᠳᠠᠯᠭ᠎ᠠ ᠵᠢ ᠬᠠᠩᠭ᠋ᠠᠯᠭ᠋ᠠᠬᠤ᠎ᠪᠠᠷ ᠴᠢᠷᠮᠠᠢ᠌ᠨ᠎ᠠ ; ᠰᠢᠨ᠎ᠡ ᠡᠨᠧᠷᠬᠢ ᠵᠢᠨ ᠮᠠᠰᠢᠨ ᠲᠡᠷᠭᠡᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠦᠷᠭᠡᠳᠬᠡᠨ ᠥᠷᠭᠡᠳᠬᠡᠵᠦ ᠂ ᠲᠣᠨᠤᠭ ᠲᠥᠬᠦᠭᠡᠷᠦᠮᠵᠢ ᠦᠢ᠍ᠯᠡᠳᠪᠦᠷᠢᠯᠡᠵᠦ ᠢᠵᠢ ᠪᠦᠷᠢᠳᠦᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ ᠨᠡᠭᠦᠷᠡᠰᠦᠨ᠎ᠳᠤ ᠰᠠᠭᠤᠷᠢᠯᠠᠭᠰᠠᠨ ᠣᠨᠴᠠᠭ᠋ᠠᠢ ᠰᠢᠲᠠᠭ᠋ᠠᠯᠭ᠎ᠠ ᠪᠠ ᠨᠡᠭᠦᠷᠡᠰᠦᠨ᠎ᠳᠤ ᠰᠠᠭᠤᠷᠢᠯᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠢ᠌ᠴᠠ ᠮᠠᠲ᠋ᠧᠷᠢᠶᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠨᠡᠭᠦᠷᠡᠰᠦ᠎ᠪᠠᠷ ᠠᠯᠺᠤᠨ ᠨᠡᠭᠦᠷᠥᠭᠴᠢ ᠦᠢ᠍ᠯᠡᠳᠬᠦ᠎ᠠᠴᠠ ᠬᠠᠷᠢᠮᠠᠬᠠᠢ ᠪᠡᠶᠡᠲᠦ ᠮᠠᠲ᠋ᠧᠷᠢᠶᠠᠯ ᠂ ᠨᠢᠯᠦᠨ ᠂ ᠣᠨᠴᠠ ᠲᠦᠷᠣᠯ᠎ᠤᠨ ᠰᠦᠯᠢᠶᠥᠦ ᠵᠡᠷᠭᠡ ᠦᠢ᠍ᠯᠡᠳᠬᠦᠨ ᠦᠢ᠍ᠯᠡᠳᠬᠦ ᠲᠡᠢ᠌ᠰᠢ ᠤᠷᠲᠤᠳᠬᠠᠬᠤ ᠵᠢ ᠭᠣᠣᠯᠳᠠᠭ᠎ᠠ᠎ᠲᠠᠢ ᠠᠬᠢᠭᠤᠯᠵᠤ ᠂ ᠨᠡᠭᠦᠷᠡᠰᠦ᠎ᠪᠠᠷ ᠡᠲ᠋ᠠ ᠬᠣᠶᠠᠷᠴᠢ ᠠᠯᠺᠣᠣᠯ ᠦᠢ᠍ᠯᠡᠳᠬᠦ᠎ᠠᠴᠠ ᠪᠥᠭᠡᠭᠡᠨᠡᠷᠡᠯ ᠡᠲ᠋ᠢᠯ ᠠᠯᠺᠣᠣᠯ᠎ᠤᠨ ᠬᠦᠴᠢᠯ ᠂ ᠪᠥᠭᠡᠭᠡᠨᠡᠷᠡᠯ ᠡᠰᠲ᠋ᠧᠷ ᠰᠢᠷᠬᠡᠭ ᠵᠡᠷᠭᠡ ᠦᠢ᠍ᠯᠡᠳᠬᠦᠨ ᠦᠢ᠍ᠯᠡᠳᠬᠦ ᠲᠡᠢ᠌ᠰᠢ ᠤᠷᠲᠤᠳᠬᠠᠬᠤ ᠵᠢ ᠠᠬᠢᠭᠤᠯᠵᠤ ᠂ ᠮᠡᠷᠭᠡᠵᠢᠯ ᠂ ᠲᠥᠬᠦᠭᠡᠷᠦᠮᠵᠢ ᠂ ᠲᠦᠷᠭᠡᠳᠬᠡᠭᠦᠷ ᠡᠳ᠋ ᠵᠡᠷᠭᠡ ᠵᠢᠨ ᠣᠷᠣᠨ᠎ᠤ ᠳᠣᠲᠣᠭ᠋ᠠᠳᠤ᠎ᠳᠠᠬᠢ ᠲᠦᠭᠦᠷᠵᠢᠭᠦᠯᠭᠦ ᠨᠣᠷᠮ᠎ᠡ᠎ᠪᠠᠨ ᠳᠡᠭᠡᠭᠰᠢᠯᠡᠭᠦᠯᠵᠦ ᠂ ᠲᠣᠮᠳᠠᠳᠣ ᠤᠯᠤᠰ᠎ᠤᠨ ᠴᠢᠯᠠᠭᠤᠨ ᠲᠣᠰᠣᠨ᠎ᠤ ᠬᠢᠮᠢ ᠂ ᠪᠣᠣ ᠹᠧᠩ ᠵᠡᠷᠭᠡ ᠴᠢᠬᠤᠯᠠ ᠶᠡᠬᠡ ᠲᠦᠷᠣᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂ ᠣᠷᠳᠣᠰ᠎ᠤᠨ ᠲᠠᠬᠢᠨ ᠡᠭᠦᠰᠴᠦ ᠪᠣᠯᠬᠤ ᠡᠨᠧᠷᠬᠢ᠎ᠪᠠᠷ ᠣᠰᠤᠲᠦ᠋ᠷᠥᠭᠴᠢ ᠦᠢ᠍ᠯᠡᠳᠬᠦ ᠬᠢᠭᠡᠳ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠡᠪᠴᠡᠯᠳᠦᠨ ᠬᠥᠭᠵᠢᠬᠦ ᠵᠢ ᠳᠡᠮᠵᠢᠵᠣ ᠂ ᠦᠬᠠᠢ᠎ᠳᠤ ᠨᠡᠭᠦᠷᠡᠰᠦᠨ᠎ᠳᠤ ᠰᠠᠭᠤᠷᠢᠯᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠢ᠌ᠴᠠ ᠮᠠᠲ᠋ᠧᠷᠢᠶᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ ᠪᠠᠢ᠍ᠢ᠍ᠭᠤᠯᠬᠤ ᠵᠢ ᠳᠡᠮᠵᠢᠵᠦ ᠂ ᠡᠨᠡ ᠵᠢᠯ᠎ᠳᠤ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠷᠲᠡᠭ ᠵᠶ᠋ᠠᠨ ᠮᠢᠩᠭ᠋ᠠᠨ ᠳ᠋ᠥᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠭᠤᠯᠬᠤ᠎ᠪᠠᠷ ᠴᠢᠷᠮᠠᠢ᠌ᠨ᠎ᠠ ᠃ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ ᠂ ᠲᠣᠭᠲᠠᠮᠠᠯ ᠰᠣᠷᠢᠨᠵᠢᠨ ᠂ ᠭᠢᠯᠠᠢ᠌ᠯᠭ᠋ᠠᠬᠤ ᠂ ᠬᠡᠷᠡᠯᠳᠣᠭᠦᠯᠭᠦ ᠂ ᠲᠦᠷᠭᠡᠳᠬᠡᠬᠦ ᠪᠠ ᠴᠠᠬᠢᠯᠭ᠋ᠠᠨ ᠮᠠᠰᠢᠨ ᠂ ᠣᠰᠤᠲᠦ᠋ᠷᠥᠭᠴᠢ ᠨᠥᠭᠡᠴᠡᠯᠡᠬᠦ ᠂ ᠣᠨᠴᠠ ᠲᠦᠷᠣᠯ᠎ᠤᠨ ᠬᠠᠢ᠌ᠯᠤᠰᠢ ᠂ ᠭᠡᠷᠡᠯᠯᠢᠭ ᠰᠢᠯ ᠵᠡᠷᠭᠡ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠵᠢᠴᠢ ᠦᠵᠦᠭᠦᠷ ᠬᠡᠷᠡᠭᠯᠡᠭᠡᠨ᠎ᠤ ᠠᠵᠤ ᠦᠢ᠍ᠯᠡᠰ ᠵᠡᠷᠭᠡ ᠵᠢ ᠶᠡᠬᠡ᠎ᠪᠠᠷ ᠬᠥᠭᠵᠢᠭᠦᠯᠵᠦ ᠂ ᠪᠦᠭᠦ ᠤᠯᠤᠰ᠎ᠲᠠᠬᠢ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠬᠠᠮᠤᠭ᠎ᠤᠨ ᠲᠣᠮᠣ ᠰᠠᠭᠤᠷᠢᠨ ᠭᠠᠵᠠᠷ ᠪᠠ ᠪᠦᠭᠦ ᠤᠯᠤᠰ᠎ᠤᠨ ᠬᠣᠪᠣᠷ ᠰᠢᠷᠣᠢ ᠵᠢᠨ ᠬᠡᠷᠡᠭᠯᠡᠭᠡᠨ᠎ᠤ ᠲᠡᠷᠢᠭᠦᠨ᠎ᠳᠤ ᠣᠷᠣᠬᠤ ᠰᠠᠭᠤᠷᠢᠨ ᠭᠠᠵᠠᠷ᠎ᠢ ᠴᠢᠷᠮᠠᠢ᠌ᠨ ᠪᠠᠢ᠌ᠭᠤᠯᠤᠨ᠎ᠠ ᠃ ᠲᠥᠪᠯᠡᠷᠡᠭᠦᠯᠦᠨ ᠠᠬᠢᠭᠤᠯᠬᠤ ᠂ ᠭᠣᠣᠯᠳᠠᠯᠭ᠎ᠠ᠎ᠲᠠᠢ ᠰᠢᠪᠲᠤᠯᠤᠯᠲᠠ ᠬᠢᠬᠦ᠎ᠪᠠᠷ ᠳᠠᠮᠵᠢᠭᠤᠯᠤᠨ ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠬᠦ ᠵᠢᠴᠢ ᠨᠠᠷᠢᠯᠢᠭ ᠭᠦᠨ ᠡᠳ᠋ᠰᠢᠭᠦᠯᠵᠦ ᠪᠣᠯᠪᠠᠰᠣᠷᠠᠭᠤᠯᠬᠤ ᠂ ᠰᠢᠨ᠎ᠡ ᠡᠨᠧᠷᠬᠢ ᠵᠢᠴᠢ ᠲᠣᠨᠤᠭ ᠲᠥᠬᠦᠭᠡᠷᠦᠮᠵᠢ ᠦᠢ᠍ᠯᠡᠳᠬᠦ ᠂ ᠨᠡᠭᠦᠷᠡᠰᠦ ᠵᠢᠴᠢ ᠨᠡᠭᠦᠷᠡᠰᠦᠨ᠎ᠳᠤ ᠰᠠᠭᠤᠷᠢᠯᠠᠭᠰᠠᠨ ᠠᠵᠤ ᠦᠢ᠍ᠯᠡᠰ ᠂ ᠲᠡᠮᠦᠷᠯᠢᠭ ᠪᠣᠯᠪᠠᠰᠣᠷᠠᠭᠤᠯᠬᠤ ᠵᠢᠴᠢ ᠰᠢᠨ᠎ᠡ ᠮᠠᠲ᠋ᠧᠷᠢᠶᠠᠯ ᠦᠢ᠍ᠯᠡᠳᠬᠦ ᠡᠨᠡ ᠬᠦ᠌ 4 ᠲᠣᠮᠣ ᠲᠤᠯᠭ᠋ᠠᠭᠤᠷᠢ ᠪᠣᠯᠬᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ ᠲᠦᠮᠡᠨ ᠳ᠋ᠦᠩᠰᠢᠭᠤᠷ᠎ᠤᠨ ᠳᠡᠰ ᠲᠡᠢ᠌ᠰᠢ ᠳᠠᠪᠰᠢᠭᠤᠯᠵᠤ ᠂ ᠪᠣᠬᠢᠷᠳᠤᠯ ᠦᠭᠡᠢ ᠣᠨᠴᠠᠯᠢᠭ᠎ᠲᠠᠢ ᠳᠠᠪᠠᠭᠤᠯᠢᠭ ᠣᠳᠣ ᠦᠶ᠎ᠡ ᠵᠢᠨ ᠠᠵᠤ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠪᠠᠢ᠌ᠭᠤᠯᠤᠨ᠎ᠠ ᠃
ᠲᠥᠪᠯᠡᠷᠡᠭᠦᠯᠦᠨ ᠪᠥᠭᠡᠮᠨᠡᠷᠡᠭᠦᠯᠵᠦ ᠬᠥᠭᠵᠢᠭᠦᠯᠬᠦ ᠵᠢ ᠪᠠᠷᠢᠮᠲᠠᠯᠠᠨ᠎ᠠ ᠃ ᠡᠬᠢ ᠪᠠᠶᠠᠯᠢᠭ᠎ᠤᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠠᠵᠤ ᠠᠬᠤᠢ ᠵᠢᠨ ᠪᠠᠢ᠌ᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠦᠨ᠎ᠡ ᠃ ᠬᠤᠳᠡ ᠵᠢᠨ ᠪᠦᠯᠦᠭᠵᠢᠯ ᠪᠠ ᠣᠷᠣᠨ ᠪᠦᠰᠡ ᠵᠢᠨ ᠲᠥᠪ ᠪᠣᠯᠬᠤ ᠬᠤᠳᠡ ᠵᠢ ᠬᠦᠴᠦᠯᠡᠨ ᠪᠣᠢ ᠪᠣᠯᠭ᠋ᠠᠵᠣ ᠂ ᠬᠦᠬᠡᠬᠤᠳᠠ ᠪᠤᠭᠤᠲᠤ ᠣᠷᠳᠣᠰ ᠤᠯᠠᠭ᠋ᠠᠨᠴᠠᠪ᠎ᠤᠨ ᠬᠤᠳᠡ ᠵᠢᠨ ᠪᠦᠯᠦᠭᠵᠢᠯ ᠪᠠ ᠤᠯᠠᠭ᠋ᠠᠨᠬᠠᠳᠠ ᠂ ᠲᠦᠩᠯᠢᠶᠣᠣ ᠵᠢᠨ 《ᠬᠣᠶᠠᠷ ᠬᠥᠪᠡᠭᠦᠨ ᠣᠳᠣᠨ ᠣᠷᠣᠨ》᠎ᠢ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠵᠤ ᠂ ᠳᠤᠮᠳᠠ ᠪᠠᠭ᠎ᠠ ᠬᠤᠲᠡ ᠪᠠ ᠰᠢᠶᠠᠨ᠎ᠤ ᠬᠤᠳᠡ ᠵᠢᠨ ᠬᠥᠮᠥᠨ ᠠᠮᠠ ᠵᠢᠨ ᠲᠠᠲᠠᠬᠤ ᠬᠦᠴᠦᠨ ᠪᠣᠯᠣᠨ ᠠᠵᠤ ᠠᠬᠤᠢ ᠵᠢᠨ ᠳᠠᠭ᠋ᠠᠭ᠋ᠠᠬᠤ ᠬᠦᠴᠦᠨ᠎ᠢ ᠪᠦᠳᠣᠮᠵᠢᠳᠠᠢ ᠳᠡᠭᠡᠭᠰᠢᠯᠡᠭᠦᠯᠦᠨ᠎ᠡ ᠃ ᠬᠤᠳᠡ ᠵᠢᠨ ᠬᠠᠮ ᠰᠢᠨᠵᠢᠯᠡᠭᠡ ᠵᠠᠳᠠᠯᠤᠯᠲᠠ ᠵᠢ ᠥᠷᠨᠢᠭᠦᠯᠵᠦ ᠂ ᠬᠤᠳᠡ ᠵᠢᠨ ᠰᠢᠨᠡᠳᠬᠡᠯᠢ ᠠᠬᠢᠭᠤᠯᠤᠨ ᠂ ᠨᠠᠷᠢᠯᠢᠭᠵᠢᠭᠤᠯᠤᠨ ᠬᠠᠮᠢᠶᠠᠷᠬᠤ᠎ᠪᠠᠨ ᠴᠢᠩᠭ᠋ᠠᠳᠬᠠᠵᠤ ᠂ ᠰᠠᠭᠤᠷᠢᠰᠢᠬᠤ᠎ᠳᠤ ᠲᠠᠭ᠋ᠠᠯᠠᠮᠵᠢᠲᠠᠢ ᠂ ᠤᠶᠤᠨᠯᠢᠭ ᠴᠢᠨᠠᠷᠲᠠᠢ ᠂ ᠣᠶᠤᠨᠯᠢᠭ ᠬᠤᠳᠡ ᠵᠢ ᠵᠢᠱ᠌ᠢᠶ᠎ᠡ ᠦᠵᠡᠭᠦᠯᠦᠨ ᠪᠠᠢ᠌ᠭᠤᠯᠤᠨ᠎ᠠ ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠪᠠᠨ ᠪᠦᠭᠦ ᠲᠠᠯ᠎ᠠ᠎ᠪᠠᠷ ᠠᠬᠢᠭᠤᠯᠵᠤ ᠂ ᠲᠥᠪᠯᠡᠷᠡᠭᠦᠯᠬᠦ᠎ᠳᠤ ᠲᠣᠬᠢᠷᠠᠮᠵᠢᠲᠠᠢ ᠪᠣᠯ ᠲᠥᠪᠯᠡᠷᠡᠭᠦᠯᠦᠨ ᠂ ᠰᠢᠯᠵᠢᠭᠦᠯᠬᠦ᠎ᠳᠤ ᠲᠣᠬᠢᠷᠠᠮᠵᠢᠲᠠᠢ ᠪᠣᠯ ᠰᠢᠯᠵᠢᠭᠦᠯᠵᠦ ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠬᠥᠮᠥᠨ ᠠᠷᠠᠳ᠎ᠤᠨ ᠰᠠᠭᠤᠷᠢᠰᠢᠨ ᠠᠮᠢᠳᠤᠷᠠᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠦᠨ ᠂ ᠠᠵᠤ ᠲᠦᠷᠣᠵᠣ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠨᠠᠢ᠌ᠷᠲᠠᠢ ᠭᠤᠶᠣ ᠰᠠᠢ᠌ᠬᠠᠨ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠤᠨ᠎ᠠ ᠃ ᠣᠳᠣᠬᠢᠴᠢᠯᠠᠭᠰᠠᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂ 《ᠲᠤᠢ᠌ᠯᠪᠤᠷᠢᠲᠠᠢ ᠰᠢᠢ᠍ᠳᠪᠦᠷᠢᠯᠡᠭᠰᠡᠨ》 ᠦᠷ᠎ᠡ ᠪᠦᠲᠦᠭᠡᠯ᠎ᠢ ᠰᠠᠢ᠌ᠲᠤᠷ ᠠᠰᠢᠭᠯᠠᠵᠤ ᠂ ᠮᠦ᠍ ᠪᠦᠷᠢ ᠵᠢᠨ ᠪᠡᠯᠡ ᠣᠷᠣᠭᠤᠯᠣᠯᠳᠡ᠎ᠪᠠᠷ ᠴᠢᠳᠠᠯᠲᠠᠨ᠎ᠢ ᠦᠨᠡᠯᠡᠬᠦ ᠂ ᠮᠦ᠍ ᠪᠦᠷᠢ ᠵᠢᠨ ᠪᠦᠲᠦᠭᠡᠭᠳᠡᠬᠦᠨ᠎ᠤ ᠦᠷᠲᠡᠭ ᠵᠶ᠋ᠠᠷ ᠴᠢᠳᠠᠯᠲᠠᠨ᠎ᠢ ᠦᠨᠡᠯᠡᠬᠦ ᠂ ᠮᠦ᠍ ᠪᠦᠷᠢ ᠵᠢᠨ ᠬᠣᠷᠣᠭᠳᠠᠯ᠎ᠢ ᠪᠠᠭ᠋ᠠᠰᠬᠠᠭᠰᠠᠨ ᠵᠶ᠋ᠠᠷ ᠴᠢᠳᠠᠯᠲᠠᠨ᠎ᠢ ᠦᠨᠡᠯᠡᠬᠦ ᠤᠳᠤᠷᠢᠳᠤᠮᠵᠢ᠎ᠪᠠᠨ ᠴᠢᠩᠳᠠᠯᠠᠨ ᠂ ᠡᠨᠧᠷᠬᠢ ᠵᠢᠨ ᠬᠣᠷᠣᠭᠳᠠᠯ᠎ᠤᠨ 《ᠬᠣᠶᠠᠷ᠎ᠢ ᠬᠢᠵᠠᠭ᠋ᠠᠷᠯᠠᠬᠤ》 ᠪᠠᠢ᠌ᠭᠰᠠᠨ᠎ᠠᠴᠠ ᠨᠡᠭᠦᠷᠡᠰᠣᠲᠦ᠋ᠷᠦᠭᠴᠢ ᠭᠠᠳᠠᠭᠰᠢᠯᠠᠭᠤᠯᠬᠤ ᠵᠢᠨ 《ᠬᠣᠶᠠᠷ᠎ᠢ ᠬᠢᠵᠠᠭ᠋ᠠᠷᠯᠠᠬᠤ》 ᠲᠡᠢ᠌ᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠵᠤ ᠂ 《ᠣᠷᠣᠨ ᠪᠦᠰᠡ᠎ᠪᠠᠷ ᠦᠨᠡᠯᠡᠨ ᠵᠢᠱ᠌ᠢᠬᠦ + ᠪᠠᠷᠢᠮᠵᠢᠶᠠᠲᠤ ᠭᠠᠵᠠᠷ》᠎ᠤᠨ ᠵᠠᠭᠪᠤᠷ᠎ᠢ ᠬᠡᠷᠡᠭᠵᠢᠭᠦᠯᠵᠦ ᠂ ᠬᠦᠷᠢᠶᠡᠯᠡᠩ ᠲᠣᠭᠣᠷᠢᠭ᠎ᠲᠤ ᠣᠷᠣᠭᠰᠠᠨ ᠠᠵᠤ ᠦᠢ᠍ᠯᠡᠰ᠎ᠤᠨ ᠲᠦᠷᠣᠯ ᠵᠦᠢ᠍ᠯ᠎ᠤᠨ ᠡᠨᠧᠷᠬᠢ ᠵᠢᠨ ᠠᠰᠢᠭᠯᠠᠮᠵᠢ ᠵᠢᠨ ᠪᠠᠷᠢᠮᠵᠢᠶ᠎ᠠ ᠪᠠ ᠭᠠᠷᠭ᠋ᠠᠯᠲᠠ ᠵᠢᠨ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ ᠂ ᠬᠢᠵᠠᠭ᠋ᠠᠷᠯᠠᠭᠳᠠᠭᠰᠠᠨ ᠦᠢ᠍ᠯᠡᠳᠪᠦᠷᠢᠯᠡᠬᠦ ᠴᠢᠳᠠᠮᠵᠢ ᠵᠢ᠎ᠨᠢ ᠪᠤᠴᠠᠭ᠋ᠠᠨ ᠭᠠᠷᠭ᠋ᠠᠬᠤ᠎ᠪᠠᠨ ᠲᠦᠷᠭᠡᠳᠬᠡᠵᠦ ᠂ 《ᠬᠣᠶᠠᠷ ᠶᠡᠬᠡᠲᠡᠢ》 ᠲᠦᠷᠣᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠵᠤ ᠂ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠲᠥᠪᠯᠡᠷᠡᠬᠦ ᠬᠡᠮᠵᠢᠶ᠎ᠡ ᠂ ᠳᠠᠭ᠋ᠠᠭ᠋ᠠᠬᠤ ᠬᠦᠴᠦᠨ ᠪᠠ ᠪᠣᠬᠢᠷᠳᠤᠯ ᠦᠭᠡᠢ᠌ᠳᠡᠭᠦᠯᠬᠦ ᠬᠢᠷᠢ ᠲᠦᠪᠰᠢᠨ᠎ᠢ᠎ᠨᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠎ᠡ ᠃
ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠠᠷᠢᠮᠲᠠᠯᠠᠨ᠎ᠠ ᠃ ᠪᠦᠭᠦ ᠲᠠᠯ᠎ᠠ᠎ᠪᠠᠷ ᠠᠷᠪᠢᠯᠠᠵᠤ ᠭᠠᠮᠨᠠᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂ 《ᠲᠠᠪᠤ ᠵᠢ ᠲᠤᠢ᠌ᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠦᠷᠭᠦᠯᠵᠢᠯᠡᠨ ᠭᠦᠨᠵᠡᠭᠡᠢ᠌ᠷᠡᠭᠦᠯᠵᠦ ᠂ ᠭᠠᠵᠠᠷ ᠰᠢᠷᠣᠢ ᠵᠢ ᠠᠰᠢᠭᠯᠠᠬᠤ ᠂ ᠬᠤᠳᠡ ᠬᠥᠳᠡᠭᠡ ᠵᠢ ᠪᠦᠲᠦᠭᠡᠨ ᠪᠠᠢ᠍ᠢ᠍ᠭᠤᠯᠬᠤ ᠂ ᠡᠬᠢ ᠪᠠᠶᠠᠯᠢᠭ᠎ᠢ ᠨᠡᠭᠡᠭᠡᠬᠦ ᠂ ᠬᠠᠲᠠᠭᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ ᠬᠦᠷᠢᠶᠡᠨ᠎ᠳᠠᠬᠢ ᠪᠦᠷᠢᠯᠭᠡᠨ ᠰᠦᠢ᠍ᠳᠬᠡᠬᠦ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ ᠂ ᠡᠨᠧᠷᠬᠢ ᠂ ᠤᠰᠤ ᠂ ᠠᠮᠤ ᠪᠤᠳᠠᠭ᠎ᠠ ᠂ ᠭᠠᠵᠠᠷ ᠰᠢᠷᠣᠢ ᠂ ᠠᠭᠤᠷᠬᠠᠢ ᠂ ᠮᠠᠲ᠋ᠧᠷᠢᠶᠠᠯ᠎ᠢ ᠪᠦᠭᠦ ᠲᠠᠯ᠎ᠠ᠎ᠪᠠᠷ ᠠᠷᠪᠢᠯᠠᠵᠤ ᠭᠠᠮᠨᠠᠬᠤ ᠵᠢ ᠠᠬᠢᠭᠤᠯᠤᠨ᠎ᠠ ᠂ ᠣᠨᠴᠠᠭ᠋ᠠᠢ᠌ᠯᠠᠨ ᠤᠰᠤ ᠵᠢ ᠰᠠᠢ᠌ᠨ ᠠᠷᠪᠢᠯᠠᠵᠤ ᠤᠰᠤ ᠰᠠᠢ᠌ᠨ ᠬᠢᠵᠠᠭ᠋ᠠᠷᠯᠠᠬᠤ ᠠᠵᠢᠯᠯᠠᠭ᠋ᠠᠨ᠎ᠢ ᠰᠠᠢ᠌ᠲᠤᠷ ᠥᠷᠨᠢᠭᠦᠯᠵᠦ ᠂ ᠲᠠᠷᠢᠶᠠᠯᠠᠩ᠎ᠤᠨ ᠤᠰᠤ ᠠᠷᠪᠢᠯᠠᠵᠤ ᠣᠨᠠᠯᠳᠡ᠎ᠪᠠᠨ ᠳᠡᠭᠡᠭᠰᠢᠯᠡᠭᠦᠯᠭᠦ ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠭᠠᠳᠠᠭᠰᠢᠯᠠᠭᠤᠯᠤᠯᠲᠠ᠎ᠪᠠᠨ ᠪᠠᠭ᠋ᠠᠰᠬᠠᠬᠤ ᠂ ᠬᠤᠳᠡ ᠪᠠᠯᠭ᠋ᠠᠰᠤᠨ᠎ᠤ ᠤᠰᠤ ᠠᠷᠪᠢᠯᠠᠵᠤ ᠰᠦᠢ᠍ᠳᠬᠡᠬᠦ ᠵᠢ ᠪᠠᠭ᠋ᠠᠰᠬᠠᠬᠤ ᠪᠠ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠵᠤ ᠬᠡᠷᠡᠭᠯᠡᠬᠦ ᠵᠢ ᠶᠡᠷᠦᠩᠬᠡᠢ᠌ᠯᠡᠨ ᠵᠠᠰᠠᠬᠤ ᠂ ᠳᠠᠬᠢᠯᠲᠠ ᠤᠰᠤ ᠵᠢ ᠠᠰᠢᠭᠯᠠᠬᠤ᠎ᠪᠠᠨ ᠬᠦᠴᠦᠲᠡᠢ ᠠᠬᠢᠭᠤᠯᠤᠨ᠎ᠠ ᠂ ᠢᠯᠠᠩᠭᠤᠶ᠎ᠠ 《ᠬᠣᠭᠣᠰᠤᠨ ᠭᠠᠵᠠᠷ᠎ᠢ ᠤᠰᠤᠯᠠᠬᠤ》 ᠵᠡᠷᠭᠡ ᠲᠠᠷᠢᠶᠠᠯᠠᠩ᠎ᠤᠨ ᠤᠰᠤ ᠰᠦᠢ᠍ᠳᠬᠡᠬᠦ ᠠᠰᠠᠭᠤᠳᠠᠯ᠎ᠢ ᠭᠣᠣᠯᠳᠠᠭ᠎ᠠ᠎ᠲᠠᠢ ᠰᠢᠢ᠍ᠳᠪᠦᠷᠢᠯᠡᠵᠦ ᠂ ᠤᠰᠤ ᠵᠢ ᠠᠷᠪᠢᠯᠠᠵᠤ ᠤᠰᠤ ᠵᠢ ᠠᠰᠢᠭᠲᠠᠢ ᠬᠡᠷᠡᠭᠯᠡᠬᠦ ᠪᠣᠯᠭ᠋ᠠᠨ᠎ᠠ ᠃ ᠠᠭᠤᠯᠠ ᠤᠰᠤ ᠣᠢ ᠲᠠᠷᠢᠶ᠎ᠡ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠲᠣᠭᠣᠷᠢᠭ᠎ᠢ ᠡᠭᠦᠳᠦᠨ ᠪᠠᠢ᠍ᠢ᠍ᠭᠤᠯᠬᠤ᠎ᠪᠠᠷ ᠭᠠᠷᠳᠠᠴᠠ ᠪᠣᠯᠭ᠋ᠠᠵᠣ ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠭᠰᠠᠨ ᠵᠶ᠋ᠠᠷ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠤᠨ ᠂ ᠴᠢᠬᠤᠯᠠ ᠪᠣᠯᠬᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠵᠤ ᠰᠡᠷᠭᠦᠭᠡᠨ ᠵᠠᠰᠠᠬᠤ ᠢᠨᠵᠧᠨᠧᠷᠢᠩ᠎ᠢ ᠬᠦᠴᠦᠯᠡᠨ ᠬᠡᠷᠡᠭᠵᠢᠭᠦᠯᠵᠦ ᠂ ᠤᠯᠤᠰ᠎ᠤᠨ ᠭᠠᠵᠠᠷ ᠰᠢᠷᠣᠢ ᠵᠢ ᠨᠣᠭᠣᠭ᠋ᠠᠷᠠᠭᠤᠯᠬᠤ ᠪᠠ ᠡᠯᠡᠰᠦ ᠮᠠᠩᠬ᠎ᠠ ᠵᠢ ᠰᠡᠷᠭᠡᠢ᠌ᠯᠡᠨ ᠵᠠᠰᠠᠬᠤ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠵᠦ ᠂ ᠬᠠᠳᠣᠨ ᠭᠣᠣᠯ ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》 ᠂ ᠴᠠᠭ᠋ᠠᠨᠨᠠᠭᠤᠷ ᠵᠡᠷᠭᠡ ᠭᠣᠣᠯᠳᠠᠯᠭ᠎ᠠ ᠪᠣᠯᠬᠤ ᠨᠠᠭᠤᠷ ᠭᠣᠣᠯ᠎ᠢ ᠶᠡᠷᠦᠩᠬᠡᠢ᠌ᠯᠡᠨ ᠵᠠᠰᠠᠬᠤ ᠂ ᠬᠥᠯᠥᠨ ᠪᠦᠢ᠍ᠷ᠎ᠲᠤ ᠠᠮᠢ ᠠᠬᠤᠢ ᠵᠢᠨ ᠪᠦᠲᠦᠭᠡᠭᠳᠡᠬᠦᠨ᠎ᠤ ᠦᠨ᠎ᠡ ᠦᠷᠲᠡᠭ᠎ᠤᠨ ᠪᠡᠶᠡᠯᠡᠭᠳᠡᠯ᠎ᠤᠨ ᠲᠣᠭᠲᠠᠴᠠ ᠵᠢᠨ ᠲᠤᠷᠰᠢᠯᠲᠠ ᠵᠢᠨ ᠴᠡᠭ ᠥᠷᠨᠢᠭᠦᠯᠬᠦ ᠵᠢ ᠳᠡᠮᠵᠢᠨ᠎ᠡ ᠃ ᠴᠡᠩᠬᠡᠷ ᠣᠭᠲᠠᠷᠭᠤᠢ ᠂ ᠴᠡᠩᠭᠡᠭ ᠤᠰᠤ ᠂ ᠴᠡᠪᠡᠷ ᠭᠠᠵᠠᠷ ᠰᠢᠷᠣᠢ ᠵᠢᠨ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ ᠂ ᠬᠦᠨᠳᠦ ᠪᠣᠬᠢᠷᠲᠤᠭᠰᠠᠨ ᠠᠭ᠋ᠠᠷ᠎ᠢ ᠰᠡᠷᠭᠡᠢ᠌ᠯᠡᠨ ᠵᠠᠰᠠᠬᠤ ᠂ ᠪᠠᠷᠢᠮᠵᠢᠶ᠎ᠠ᠎ᠳᠤ ᠨᠡᠢ᠌ᠴᠡᠬᠦ ᠦᠭᠡᠢ ᠣᠭᠲᠣᠯᠣᠭ᠋ᠠᠰᠤ ᠵᠢᠨ ᠣᠰᠦᠨ ᠪᠡᠶᠡᠲᠦ ᠵᠢ ᠴᠡᠭᠴᠡᠯᠡᠨ ᠵᠠᠰᠠᠬᠤ ᠪᠠ ᠲᠠᠷᠢᠶᠠᠯᠠᠩ᠎ᠤᠨ ᠪᠣᠷᠳᠣᠭᠤᠷ ᠬᠡᠷᠡᠭᠯᠡᠬᠦ ᠵᠢ ᠬᠢᠵᠠᠭ᠋ᠠᠷᠯᠠᠬᠤ ᠂ ᠲᠠᠷᠢᠶᠠᠨ ᠡᠮ ᠬᠡᠷᠡᠭᠯᠡᠬᠦ ᠵᠢ ᠬᠢᠵᠠᠭ᠋ᠠᠷᠯᠠᠬᠤ ᠂ ᠤᠰᠤ ᠬᠡᠷᠡᠭᠯᠡᠬᠦ ᠵᠢ ᠬᠢᠵᠠᠭ᠋ᠠᠷᠯᠠᠬᠤ ᠂ ᠨᠢᠮᠭᠡᠨ ᠪᠦᠷᠬᠦᠭᠴᠢ ᠬᠡᠷᠡᠭᠯᠡᠬᠦ ᠵᠢ ᠬᠢᠵᠠᠭ᠋ᠠᠷᠯᠠᠬᠤ ᠠᠵᠢᠯᠯᠠᠭ᠋ᠠᠨ᠎ᠢ ᠲᠣᠪᠣᠢ᠌ᠮ᠎ᠠ ᠰᠠᠢ᠌ᠨ ᠠᠳᠬᠤᠵᠤ ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ ᠂ ᠴᠡᠩᠬᠡᠷ ᠬᠥᠬᠡ ᠂ ᠴᠡᠪᠡᠷ ᠲᠤᠩᠭ᠋ᠠᠯᠠᠭᠢ ᠡᠷᠡᠰ ᠰᠠᠬᠢᠨ ᠬᠠᠮᠠᠭ᠋ᠠᠯᠠᠨ᠎ᠠ ᠃
(ᠳᠥᠷᠪᠡ) ᠰᠢᠪᠲᠤᠯᠤᠯᠲᠠ ᠬᠢᠬᠦ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠵᠤ ᠂ ᠴᠢᠨᠠᠷ ᠰᠠᠢ᠌ᠲᠠᠢ ᠬᠥᠭᠵᠢᠯᠲᠡ ᠵᠢᠨ ᠰᠠᠭᠤᠷᠢᠯᠠᠭᠴᠢ ᠴᠢᠨᠠᠷ ᠂ ᠪᠠᠢ᠌ᠯᠳᠤᠬᠤ ᠪᠣᠳᠣᠯᠭ᠋ᠠᠲᠤ ᠴᠢᠨᠠᠷ᠎ᠤᠨ ᠲᠤᠯᠭ᠋ᠠᠭᠤᠷᠢᠯᠠᠯ᠎ᠢ ᠲᠠᠰᠣᠷᠠᠯᠳᠡ ᠦᠭᠡᠢ ᠴᠢᠩᠭ᠋ᠠᠷᠠᠭᠤᠯᠤᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠮᠠᠨ᠎ᠤ ᠣᠷᠣᠨ᠎ᠤ ᠳᠤᠲᠠᠭᠤᠳᠠᠯ᠎ᠲᠠᠢ ᠲᠠᠯ᠎ᠠ ᠪᠣᠯᠣᠨ᠎ᠠ ᠂ ᠮᠥᠨ ᠴᠦ᠍ ᠴᠢᠨᠠᠷ ᠰᠠᠢ᠌ᠲᠠᠢ ᠬᠥᠭᠵᠢᠯᠲᠡ᠎ᠳᠤ ᠰᠢᠢ᠍ᠳᠪᠦᠷᠢᠯᠡᠭᠴᠢ ᠦᠢ᠍ᠯᠡᠳᠦᠯ᠎ᠲᠠᠢ ᠵᠠᠩᠭᠢᠯᠠᠭ᠎ᠠ ᠪᠣᠯᠬᠣᠷ ᠂ ᠡᠷᠬᠡᠪᠰᠢ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠠᠮᠲᠤᠳᠤᠨᠢ ᠠᠳᠬᠤᠬᠤ ᠵᠢ ᠪᠠᠷᠢᠮᠲᠠᠯᠠᠵᠤ ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠪᠠᠢ᠌ᠯᠳᠤᠬᠤ ᠪᠣᠳᠣᠯᠭ᠎ᠠ ᠵᠢ ᠰᠠᠢ᠌ᠲᠤᠷ ᠬᠡᠷᠡᠭᠵᠢᠭᠦᠯᠦᠨ᠎ᠡ ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠣᠯᠳᠡ ᠵᠢ ᠳᠠᠬᠢᠨᠲᠠ ᠨᠡᠮᠡᠭᠳᠡᠭᠦᠯᠦᠨ᠎ᠡ ᠃ ᠵᠠᠰᠠᠭ᠎ᠤᠨ ᠣᠷᠳᠣᠨ ᠲᠦᠷᠦᠭᠦᠯᠡᠨ ᠰᠢᠪᠲᠤᠯᠤᠯᠲᠠ ᠬᠢᠵᠦ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠲᠣᠬᠢᠷᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠲᠦᠷᠣᠯ᠎ᠤᠨ ᠪᠡᠯᠡ ᠮᠥᠩᠭᠥ ᠵᠢ 20% ᠨᠡᠮᠡᠭᠳᠡᠭᠦᠯᠦᠨ ᠂ ᠡᠯ᠎ᠡ ᠲᠦᠷᠣᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠰᠢᠨ᠎ᠡ ᠵᠢ ᠡᠭᠦᠳᠬᠦ᠎ᠪᠠᠷ ᠰᠡᠳᠬᠢᠬᠦ ᠂ ᠵᠣᠷᠢᠭᠲᠠᠢ᠎ᠪᠠᠷ ᠰᠢᠨ᠎ᠡ ᠵᠢ ᠡᠭᠦᠳᠬᠦ ᠂ ᠰᠢᠨ᠎ᠡ ᠵᠢ ᠡᠭᠦᠳᠴᠦ ᠲᠠᠢ᠍ᠢ᠍ᠯᠭᠦ ᠪᠣᠯᠭ᠋ᠠᠨ ᠬᠥᠲᠥᠯᠥᠨ ᠵᠢᠯᠤᠭᠣᠳᠴᠤ ᠤᠷᠮᠠᠰᠢᠭᠤᠯᠤᠨ ᠵᠣᠷᠢᠭᠵᠢᠭᠤᠯᠤᠨ᠎ᠠ ᠃ ᠠᠵᠤ ᠠᠬᠤᠢ᠌ᠯᠠᠯ᠎ᠤᠳ ᠭᠣᠣᠯᠯᠠᠬᠤ ᠦᠢ᠍ᠯᠡᠳᠦᠯ ᠦᠵᠡᠭᠦᠯᠵᠦ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠳᠤ ᠰᠤᠳᠤᠯᠤᠨ ᠨᠡᠭᠡᠭᠡᠬᠦ ᠪᠠᠢ᠌ᠭᠤᠯᠤᠮᠵᠢ ᠲᠣᠬᠢᠷᠠᠭᠤᠯᠬᠤ ᠂ ᠰᠤᠳᠤᠯᠤᠨ ᠨᠡᠭᠡᠭᠡᠬᠦ ᠠᠵᠢᠯᠯᠠᠭ᠋ᠠᠨ ᠥᠷᠨᠢᠭᠦᠯᠬᠦ ᠂ ᠰᠤᠳᠤᠯᠤᠨ ᠨᠡᠭᠡᠭᠡᠬᠦ ᠣᠷᠣᠭᠤᠯᠣᠯᠳᠡ ᠵᠢ᠎ᠨᠢ ᠨᠡᠮᠡᠭᠳᠡᠭᠦᠯᠬᠦ 《ᠭᠤᠷᠪᠠ ᠵᠢ ᠨᠡᠢ᠌ᠳᠡᠮ ᠬᠠᠮᠤᠷᠬᠤ》 ᠲᠥᠯᠥᠪᠯᠡᠭᠡ ᠵᠢ ᠬᠡᠷᠡᠭᠵᠢᠭᠦᠯᠦᠨ ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ᠎ᠪᠠᠨ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠎ᠠ ᠃ ᠰᠢᠨ᠎ᠡ ᠵᠢ ᠡᠭᠦᠳᠬᠦ ᠬᠡᠯᠪᠡᠷᠢ ᠪᠦᠬᠦᠢ ᠠᠵᠤ ᠠᠬᠤᠢ᠌ᠯᠠᠯ᠎ᠤᠨ 《ᠬᠣᠣᠰ ᠳᠠᠬᠢᠨ ᠨᠡᠮᠡᠭᠳᠡᠬᠦ ᠪᠠ ᠬᠣᠶᠠᠷ᠎ᠢ ᠳᠡᠭᠡᠭᠰᠢᠯᠡᠭᠦᠯᠭᠦ》 ᠠᠵᠢᠯᠯᠠᠭ᠋ᠠᠨ᠎ᠢ ᠬᠡᠷᠡᠭᠵᠢᠭᠦᠯᠵᠦ ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ 300 ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ᠎ᠢ 400 ᠰᠢᠨ᠎ᠡ᠎ᠪᠠᠷ ᠨᠡᠮᠡᠭᠳᠡᠭᠦᠯᠦᠨ᠎ᠡ ᠃
ᠰᠢᠨ᠎ᠡ ᠵᠢ ᠡᠭᠦᠳᠬᠦ ᠲᠠᠪᠴᠠᠩ᠎ᠢ ᠳᠠᠬᠢᠨᠲᠠ ᠴᠢᠩᠭ᠋ᠠᠷᠠᠭᠤᠯᠤᠨ᠎ᠠ ᠃ ᠨᠢᠭᠡᠨᠲᠡ ᠵᠥᠪᠰᠢᠶᠡᠷᠡᠭᠳᠡᠭᠰᠡᠨ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠭᠦ ᠲᠣᠭᠣᠷᠢᠭ ᠂ ᠣᠷᠳᠣᠰ᠎ᠲᠠᠬᠢ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠭᠦ ᠲᠣᠭᠣᠷᠢᠭ ᠪᠠ ᠤᠯᠤᠰ᠎ᠤᠨ ᠭᠣᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ ᠂ ᠰᠢᠨ᠎ᠡ᠎ᠪᠠᠷ ᠪᠠᠢ᠌ᠭᠤᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ ᠵᠡᠷᠭᠡ ᠰᠤᠳᠤᠯᠤᠯ᠎ᠤᠨ ᠪᠠᠢ᠌ᠭᠤᠯᠤᠮᠵᠢ᠎ᠨᠤᠭᠤᠳ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠢᠳᠡᠪᠬᠢᠲᠡᠢ ᠡᠭᠦᠷᠭᠡᠯᠡᠵᠦ ᠂ ᠰᠢᠨ᠎ᠡ ᠵᠢ ᠡᠭᠦᠳᠬᠦ ᠢᠨᠵᠧᠨᠧᠷᠢᠩ᠎ᠤᠨ ᠲᠣᠳᠣᠷᠬᠠᠢ ᠬᠠᠭᠤᠳᠠᠰᠤ ᠪᠠ ᠵᠢᠱ᠌ᠢᠶ᠎ᠡ ᠦᠵᠡᠭᠦᠯᠭᠦ ᠲᠦᠷᠣᠯ ᠵᠦᠢ᠍ᠯ᠎ᠤᠨ ᠲᠣᠳᠣᠷᠬᠠᠢ ᠬᠠᠭᠤᠳᠠᠰᠤ ᠵᠢ ᠵᠢᠭᠰᠠᠭ᠋ᠠᠨ ᠭᠠᠷᠭ᠋ᠠᠵᠤ ᠂ ᠠᠵᠢᠯ ᠲᠦᠷᠣᠯ᠎ᠢ ᠡᠷᠴᠢᠯᠡᠬᠦ ᠂ ᠭᠠᠵᠠᠷ ᠣᠷᠣᠨ᠎ᠢ ᠬᠥᠭᠵᠢᠭᠡᠬᠦ ᠨᠡᠩ ᠣᠯᠠᠨ ᠦᠷ᠎ᠡ ᠪᠦᠲᠦᠭᠡᠯ᠎ᠢ ᠭᠠᠷᠭ᠋ᠠᠨ᠎ᠠ ᠃ ᠡᠭᠦᠳᠦᠨ ᠪᠠᠢ᠌ᠭᠤᠯᠵᠤ ᠪᠠᠢ᠌ᠭ᠎ᠠ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂ ᠡᠪᠡᠰᠦᠨ (ᠦᠷ᠎ᠡ ᠡᠭᠦᠯᠳᠡᠷ)᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠪᠠ ᠬᠦᠬᠡᠬᠤᠳᠠ ᠪᠤᠭᠤᠲᠤ ᠣᠷᠳᠣᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠭᠦ ᠲᠣᠭᠣᠷᠢᠭ ᠂ ᠬᠤᠸᠠᠢ ᠷᠧᠦ ᠵᠢᠨ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ ᠭᠠᠵᠠᠷ᠎ᠤᠳ ᠳᠦᠷᠢᠮ ᠂ ᠬᠠᠮᠢᠶᠠᠷᠤᠯᠲᠠ ᠂ ᠴᠢᠳᠠᠪᠤᠷᠢᠲᠠᠨ ᠂ ᠦᠢ᠍ᠯᠡᠴᠢᠯᠡᠭᠡ ᠵᠡᠷᠭᠡ ᠲᠠᠯ᠎ᠠ᠎ᠪᠠᠷ ᠦᠨᠡᠨ ᠪᠣᠳᠠᠲᠠᠢ ᠠᠷᠭ᠎ᠠ ᠪᠠᠷᠢᠯ ᠠᠪᠴᠤ ᠂ ᠪᠣᠯᠤᠮᠠᠷ ᠰᠠᠢ᠌ᠨ ᠦᠷ᠎ᠡ ᠪᠦᠲᠦᠭᠡᠯ ᠭᠠᠷᠭ᠋ᠠᠵᠤ ᠦᠵᠡᠭᠦᠯᠦᠨ᠎ᠡ ᠃
ᠰᠢᠨ᠎ᠡ ᠵᠢ ᠡᠭᠦᠳᠬᠦ ᠬᠡᠯᠬᠢᠶᠡᠨ᠎ᠤ ᠪᠠᠢ᠌ᠷᠢᠰᠢᠭᠤᠯᠤᠯᠲᠠ᠎ᠳᠤ ᠳᠠᠬᠢᠨᠲᠠ ᠬᠦᠴᠦᠨ ᠨᠡᠮᠡᠷᠢᠯᠡᠨ᠎ᠡ ᠃ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶᠡᠨ᠎ᠤ ᠲᠣᠭᠣᠷᠢᠨ᠎ᠳᠤ ᠰᠢᠨ᠎ᠡ ᠵᠢ ᠡᠭᠦᠳᠬᠦ ᠬᠡᠯᠬᠢᠶ᠎ᠡ ᠪᠠᠢ᠌ᠷᠢᠰᠢᠭᠤᠯᠬᠤ ᠵᠢ ᠪᠠᠷᠢᠮᠲᠠᠯᠠᠨ ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ ᠣᠷᠣᠭᠤᠯᠬᠤ ᠬᠠᠨᠳᠤᠰᠢ ᠪᠠ ᠰᠢᠨᠵᠢᠯᠡᠬᠦ ᠤᠬᠠᠭ᠋ᠠᠨ᠎ᠤ ᠰᠤᠳᠤᠯᠬᠤ ᠲᠦᠷᠣᠯ ᠵᠦᠢ᠍ᠯ᠎ᠤᠨ ᠪᠠᠢ᠌ᠷᠢᠰᠢᠭᠤᠯᠤᠯᠲᠠ ᠵᠢ ᠡᠨᠧᠷᠬᠢ ᠂ ᠰᠦ ᠵᠢᠨ ᠦᠢ᠍ᠯᠡᠰ ᠂ ᠡᠪᠡᠰᠦᠨ᠎ᠤ ᠦᠢ᠍ᠯᠡᠰ ᠂ ᠦᠷ᠎ᠡ ᠡᠭᠦᠯᠳᠡᠷ᠎ᠤᠨ ᠦᠢ᠍ᠯᠡᠰ ᠂ ᠬᠣᠪᠣᠷ ᠰᠢᠷᠣᠢ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠤ ᠲᠥᠪᠯᠡᠷᠡᠭᠦᠯᠬᠦ ᠵᠢ ᠠᠬᠢᠭᠤᠯᠤᠨ ᠂ ᠰᠠᠢ᠌ᠨ ᠠᠷᠭ᠎ᠠ ᠬᠢᠳᠡᠯ ᠵᠶ᠋ᠠᠨ ᠣᠨᠢᠨ ᠳᠡᠭᠡᠷ᠎ᠡ᠎ᠨᠢ ᠬᠡᠷᠡᠭᠯᠡᠵᠦ ᠢᠳᠡ ᠬᠦᠴᠦ ᠵᠢ᠎ᠨᠢ ᠪᠠᠳᠠᠷᠠᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠡᠨᠡ ᠵᠢᠯ 《ᠮᠧᠩ ᠺᠧ ᠵᠢᠦᠢ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠳᠦᠯᠲᠡ ᠵᠢᠨ 《ᠨᠢᠭᠡᠳᠪᠦᠷᠢ ᠰᠦᠯᠵᠢᠶ᠎ᠡ》 ᠵᠢ ᠪᠦᠭᠦ ᠬᠦᠴᠦᠨ ᠵᠶ᠋ᠠᠷ ᠵᠶ᠋ᠠᠨ ᠪᠠᠢ᠌ᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠵᠤ ᠨᠡᠭᠡᠭᠡᠬᠦ ᠂ ᠬᠥᠷᠥᠩᠭᠡ ᠵᠢᠨ ᠭᠦᠢ᠍ᠯᠭᠡᠭᠡᠨ ᠠᠵᠢᠯᠯᠠᠬᠤ ᠂ ᠲᠦᠷᠣᠯ ᠵᠦᠢ᠍ᠯ᠎ᠢ ᠨᠡᠪᠴᠢᠭᠦᠯᠬᠦ ᠂ ᠦᠷ᠎ᠡ ᠪᠦᠲᠦᠭᠡᠯ᠎ᠢ ᠤᠯᠠᠷᠢᠭᠤᠯᠬᠤ ᠂ ᠮᠡᠳᠡᠯᠭᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠴᠢᠳᠠᠮᠵᠢ ᠵᠢ ᠬᠤᠷᠠᠭᠤᠯᠤᠨ ᠂ ᠰᠢᠨ᠎ᠡ ᠵᠢ ᠡᠭᠦᠳᠬᠦ ᠬᠦᠴᠦᠨ ᠵᠦᠢ᠍ᠯ᠎ᠤᠨ ᠤᠷᠢᠳ ᠵᠶ᠋ᠠᠷ 《ᠪᠥᠭᠡᠭᠡᠨᠡᠷᠡᠨ》 ᠂ ᠳᠠᠬᠢᠭ᠋ᠠᠣᠨ 《ᠨᠡᠢ᠌ᠯᠡᠯᠲᠡ》᠎ᠲᠠᠢ ᠪᠣᠯᠬᠤ ᠵᠢ ᠠᠬᠢᠭᠤᠯᠵᠤ ᠂ ᠡᠨᠡ ᠬᠦ᠌ ᠰᠢᠨ᠎ᠡ ᠵᠢ ᠡᠭᠦᠳᠬᠦ ᠬᠥᠳᠡᠯᠭᠡᠭᠦᠷ᠎ᠤᠨ ᠬᠦᠷᠳᠦ ᠵᠢ ᠡᠷᠭᠢᠯᠳᠦᠭᠦᠯᠵᠦ ᠬᠤᠷᠳᠤᠳᠬᠠᠨ᠎ᠠ ᠃
ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ᠎ᠪᠠᠨ ᠳᠠᠬᠢᠨᠲᠠ ᠴᠢᠩᠭ᠋ᠠᠳᠬᠠᠨ᠎ᠠ ᠃ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠣᠷᠣᠭᠤᠯᠵᠤ ᠠᠪᠴᠢᠷᠠᠭᠰᠠᠨ ᠠᠺᠠᠳᠧᠮᠢᠴᠢ ᠂ ᠰᠢᠯᠭ᠋ᠠᠷᠠᠭᠰᠠᠨ ᠵᠠᠯᠠᠭᠤᠴᠤᠳ ᠵᠡᠷᠭᠡ ᠴᠢᠳᠠᠪᠤᠷᠢᠲᠠᠨ᠎ᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠳᠤ ᠨᠡᠩ ᠠᠰᠢᠭᠲᠠᠢ ᠨᠥᠬᠥᠴᠡᠯ ᠪᠦᠷᠢᠯᠳᠦᠭᠦᠯᠵᠦ ᠥᠭᠬᠦ ᠵᠢᠨ ᠬᠠᠮᠲᠤ ᠂ ᠰᠠᠢ᠌ᠨ ᠲᠦᠷᠣ ᠵᠢᠨ ᠪᠣᠳᠣᠯᠭ᠎ᠠ ᠂ ᠰᠠᠢ᠌ᠬᠠᠨ ᠣᠷᠴᠢᠨ ᠲᠣᠭᠣᠷᠢᠨ ᠵᠶ᠋ᠠᠷ ᠨᠡᠩ ᠣᠯᠠᠨ ᠴᠢᠳᠠᠪᠤᠷᠢᠲᠠᠨ᠎ᠢ ᠲᠠᠲᠠᠵᠤ ᠠᠪᠴᠢᠷᠠᠨ 《ᠭᠠᠷᠤᠳᠢ ᠭᠠᠯᠪᠢᠩᠭ᠎ᠠ ᠵᠢ ᠤᠷᠢᠳᠠᠴᠠ ᠨᠢᠰᠴᠦ ᠢᠷᠡᠭᠦᠯᠦᠨ》 ᠂ 《ᠬᠠᠯᠢᠭᠤᠨ ᠭᠠᠯᠠᠭᠤ ᠵᠢ ᠤᠮᠠᠷᠠᠲᠤᠳᠤᠪᠠᠨ ᠪᠤᠴᠠᠵᠤ ᠢᠷᠡᠭᠦᠯᠦᠨ᠎ᠡ》 ᠃ ᠡᠭᠦᠨ᠎ᠤ ᠬᠠᠮᠲᠤ ᠨᠤᠲᠤᠭ᠎ᠤᠨ ᠴᠢᠳᠠᠪᠤᠷᠢᠲᠠᠨ᠎ᠢ ᠬᠠᠷᠠᠭ᠋ᠠᠯᠵᠠᠨ ᠬᠠᠯᠠᠮᠵᠢᠯᠠᠵᠤ ᠂ ᠲᠡᠳᠡᠨᠣᠰ᠎ᠤᠨ ᠰᠡᠳᠬᠢᠯ ᠠᠮᠤᠷ ᠠᠵᠢᠯᠯᠠᠵᠤ ᠦᠢ᠍ᠯᠡᠰ ᠪᠣᠰᠬᠠᠨ ᠂ ᠨᠤᠲᠤᠭ ᠤᠰᠤᠨ᠎ᠳᠤ᠎ᠪᠠᠨ ᠦᠨᠡᠨ ᠰᠡᠳᠬᠢᠯ᠎ᠠᠴᠠ᠎ᠪᠠᠨ ᠬᠤᠪᠢ ᠨᠡᠮᠡᠷᠢ ᠦᠵᠡᠭᠦᠯᠭᠦ ᠵᠢ ᠳᠠᠢ᠍ᠢ᠍ᠴᠢᠯᠡᠨᠡ ᠃ ᠰᠤᠷᠭ᠋ᠠᠨ ᠬᠥᠮᠦᠵᠢᠯ ᠵᠶ᠋ᠠᠷ ᠴᠢᠳᠠᠪᠤᠷᠢᠲᠠᠨ᠎ᠢ ᠬᠥᠮᠥᠵᠢᠭᠦᠯᠬᠦ ᠪᠣᠯ ᠮᠠᠨ᠎ᠤ ᠣᠷᠣᠨ᠎ᠤ ᠪᠠᠭᠤᠷᠠᠢ ᠲᠠᠯ᠎ᠠ ᠪᠠᠢ᠌ᠵᠤ ᠂ ᠵᠠᠩᠭᠢᠯᠠᠭ᠎ᠠ᠎ᠨᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠴᠢᠨᠠᠷ ᠰᠠᠢ᠌ᠲᠠᠢ ᠬᠥᠭᠵᠢᠯᠲᠡ᠎ᠯᠦᠭᠡ ᠠᠪᠴᠠᠯᠳᠤᠭᠤᠯᠬᠤ᠎ᠳᠤ ᠪᠠᠢ᠌ᠨ᠎ᠠ ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠨᠢ ᠬᠥᠲᠥᠴᠢ ᠠᠵᠤ ᠠᠬᠤᠢ᠌ᠯᠠᠯ᠎ᠯᠤᠭ᠎ᠠ 《ᠬᠣᠯᠪᠣᠭ᠋ᠠᠯᠠᠬᠤ》 ᠵᠢ ᠴᠢᠬᠤᠯᠠᠴᠢᠯᠠᠨ ᠂ 《ᠵᠠᠬᠢᠶᠠᠯᠠᠭ᠎ᠠ ᠵᠢᠨ ᠮᠠᠶᠢᠭ》 ᠵᠶ᠋ᠠᠷ ᠬᠥᠮᠥᠵᠢᠭᠦᠯᠬᠦ ᠵᠢ ᠠᠬᠢᠭᠤᠯᠵᠤ ᠂ 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠵᠢ ᠬᠡᠷᠡᠭᠵᠢᠭᠦᠯᠵᠦ ᠂ ᠥᠨᠳᠥᠷ ᠬᠡᠪ ᠴᠢᠨᠠᠷ ᠪᠦᠬᠦᠢ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠬᠠᠮᠲᠤ᠎ᠪᠠᠷ ᠬᠥᠮᠥᠵᠢᠭᠦᠯᠵᠦ ᠂ 40 ᠠᠵᠤ ᠠᠬᠤᠢ᠌ᠯᠠᠯ᠎ᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠵᠢ᠎ᠨᠢ ᠭᠣᠣᠯᠳᠠᠯᠭ᠎ᠠ᠎ᠲᠠᠢ ᠠᠬᠢᠭᠤᠯᠤᠨ ᠂ ᠳᠡᠭᠡᠳᠦ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠤ ᠶᠡᠷᠦᠩᠬᠡᠢ᠌ᠯᠡᠨ ᠬᠥᠮᠥᠵᠢᠭᠦᠯᠬᠦ ᠰᠢᠨ᠎ᠡ ᠡᠭᠦᠳᠦᠯᠲᠡ ᠵᠢᠨ ᠭᠠᠷᠠᠮ᠎ᠢ 3 ᠪᠠᠢ᠌ᠷᠢᠰᠢᠭᠤᠯᠤᠨ ᠪᠠᠢ᠌ᠭᠤᠯᠵᠤ ᠂ ᠦᠢ᠍ᠯᠡᠳᠪᠦᠷᠢᠯᠡᠬᠦ ᠪᠠ ᠵᠢᠭ᠋ᠠᠨ ᠰᠤᠷᠭ᠋ᠠᠬᠤ ᠬᠣᠯᠪᠣᠭ᠋ᠠᠲᠤ ᠴᠣᠭᠴᠠ ᠂ ᠬᠠᠮᠲᠤ ᠵᠢᠨ ᠴᠣᠭᠴᠠ ᠪᠣᠯᠣᠨ ᠦᠢ᠍ᠯᠡᠳᠦᠯᠭᠡᠵᠢᠭᠦᠯᠬᠦ ᠲᠥᠪ᠎ᠢ ᠪᠦᠲᠦᠭᠡᠨ ᠪᠠᠢ᠍ᠢ᠍ᠭᠤᠯᠬᠤ ᠲᠤᠷᠰᠢᠯᠲᠠ ᠵᠢᠨ ᠴᠡᠭ᠎ᠢ ᠡᠬᠢᠯᠡᠭᠦᠯᠵᠦ ᠂ ᠡᠨᠡ ᠵᠢᠯ ᠰᠤᠷᠭ᠋ᠠᠭᠤᠯᠢ ᠪᠠ ᠠᠵᠤ ᠠᠬᠤᠢ᠌ᠯᠠᠯ ᠬᠠᠮᠲᠤ᠎ᠪᠠᠷ 5 ᠳᠡᠭᠡᠳᠦ ᠰᠤᠷᠭ᠋ᠠᠭᠤᠯᠢ ᠵᠢ ᠰᠢᠨ᠎ᠡ᠎ᠪᠠᠷ ᠪᠠᠢ᠍ᠢ᠍ᠭᠤᠯᠬᠤ᠎ᠪᠠᠷ ᠴᠢᠷᠮᠠᠢ᠌ᠵᠤ ᠂ ᠠᠵᠢᠯ ᠮᠡᠷᠭᠡᠵᠢᠯ᠎ᠤᠨ ᠵᠢᠩᠬᠢᠨᠢ ᠠᠩᠭᠢ᠎ᠲᠠᠢ ᠳᠡᠭᠡᠳᠦ ᠰᠤᠷᠭ᠋ᠠᠭᠤᠯᠢ ᠵᠢ ᠡᠭᠦᠳᠦᠨ ᠪᠠᠢ᠌ᠭᠤᠯᠤᠨ᠎ᠠ ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠣᠶᠣᠨ ᠴᠢᠳᠠᠯ ᠵᠶ᠋ᠠᠨ ᠰᠤᠷᠭ᠋ᠠᠭᠤᠯᠢ ᠡᠷᠬᠢᠯᠡᠭᠦ ᠴᠢᠨᠠᠷ ᠴᠢᠨᠰᠠᠭ᠎ᠠ ᠪᠠ ᠰᠤᠳᠤᠯᠵᠤ ᠨᠡᠭᠡᠭᠡᠬᠦ ᠴᠢᠳᠠᠪᠤᠷᠢ᠎ᠪᠠᠨ ᠳᠡᠭᠡᠭᠰᠢᠯᠡᠭᠦᠯᠭᠦ᠎ᠳᠤ ᠲᠥᠪᠯᠡᠷᠡᠭᠦᠯᠵᠦ ᠂ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠪᠠ ᠭᠣᠣᠯᠳᠠᠯᠭ᠎ᠠ ᠪᠣᠯᠬᠤ ᠲᠤᠷᠰᠢᠯᠲᠠ ᠬᠢᠬᠦ ᠲᠠᠰᠤᠭ᠎ᠤᠨ ᠪᠠᠢ᠌ᠭᠤᠯᠤᠯᠲᠠ ᠵᠢ ᠴᠢᠩᠭ᠋ᠠᠳᠬᠠᠨ ᠂ ᠣᠳᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠂ ᠲᠤᠰᠬᠠᠢ ᠮᠡᠷᠭᠡᠵᠢᠯ᠎ᠤᠨ ᠣᠨᠴᠠᠯᠢᠭ᠎ᠲᠠᠢ ᠳᠡᠭᠡᠳᠦ ᠰᠤᠷᠭ᠋ᠠᠭᠤᠯᠢ ᠪᠠ ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ 16 ᠪᠠᠢ᠌ᠷᠢᠰᠢᠭᠤᠯᠤᠨ ᠪᠠᠢ᠌ᠭᠤᠯᠵᠤ ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠵᠢᠭ᠋ᠠᠨ ᠰᠤᠷᠭ᠋ᠠᠵᠤ ᠰᠢᠨ᠎ᠡ ᠵᠢ ᠡᠭᠦᠳᠬᠦ ᠪᠦᠯᠭᠦᠮ ᠨᠠᠢ᠍ᠢ᠍ᠳᠡ ᠪᠠ ᠵᠠᠩᠭᠢᠯᠠᠭ᠎ᠠ ᠪᠣᠯᠬᠤ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠠᠪᠴᠠᠩ᠎ᠢ ᠪᠣᠢ ᠪᠣᠯᠭ᠋ᠠᠵᠣ ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠴᠢᠳᠠᠪᠤᠷᠢ᠎ᠲᠠᠢ ᠥᠨᠳᠥᠷ ᠳᠡᠰ᠎ᠤᠨ ᠲᠤᠰᠬᠠᠢ ᠴᠢᠳᠠᠪᠤᠷᠢᠲᠠᠨ᠎ᠢ ᠨᠡᠩ ᠣᠯᠠᠨ ᠬᠥᠮᠥᠵᠢᠭᠦᠯᠦᠨ᠎ᠡ ᠃
(ᠲᠠᠪᠤ) ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠂ ᠬᠥᠭᠵᠢᠯᠲᠡ ᠵᠢᠨ ᠣᠷᠴᠢᠨ ᠨᠥᠬᠥᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ ᠃ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂ ᠨᠢᠳᠦᠨ ᠡᠮᠦᠨᠡᠬᠢ ᠬᠦᠴᠢᠷ᠎ᠢ ᠰᠢᠢ᠍ᠳᠪᠦᠷᠢᠯᠡᠭᠰᠡᠨ ᠴᠦ᠍ ᠲᠡᠷᠡ ᠂ ᠠᠯᠤᠰ ᠬᠤᠯᠠ ᠵᠢ ᠪᠣᠳᠣᠯᠬᠢᠯᠠᠭᠰᠠᠨ ᠴᠦ᠍ ᠲᠡᠷᠡ ᠂ ᠥᠭᠡᠷᠡᠴᠢᠯᠡᠯᠲᠡ ᠨᠡᠭᠡᠭᠡᠯᠲᠡ ᠬᠢᠬᠦ ᠡᠨᠡ ᠬᠦ᠌ ᠵᠠᠩᠭᠢᠯᠠᠭ᠎ᠠ ᠪᠣᠯᠬᠤ ᠠᠷᠭ᠎ᠠ ᠵᠢ ᠴᠥᠮ ᠰᠠᠢ᠌ᠲᠤᠷ ᠬᠡᠷᠡᠭᠯᠡᠨ᠎ᠡ ᠃
ᠥᠭᠡᠷᠡᠴᠢᠯᠡᠯᠲᠡ ᠵᠢ ᠡᠷᠴᠢᠮ ᠬᠦᠴᠦᠲᠡᠢ᠎ᠪᠠᠷ ᠭᠦᠨᠵᠡᠭᠡᠢ᠌ᠷᠡᠭᠦᠯᠦᠨ᠎ᠡ ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠤᠨ᠎ᠠ ᠂ 《ᠲᠠᠯᠪᠢᠬᠤ》 ᠲᠠᠯ᠎ᠠ᠎ᠪᠠᠷ ᠡᠷᠬᠡ ᠵᠢ ᠲᠤᠢ᠌ᠯᠪᠤᠷᠢᠲᠠᠢ ᠲᠠᠯᠪᠢᠬᠤ ᠮᠥᠷᠲᠡᠭᠡᠨ ᠦᠨᠳᠦᠰᠦᠨ ᠱᠠᠲᠤᠨ᠎ᠤ᠎ᠬᠢᠨ ᠴᠦ᠍ ᠳᠠᠭ᠋ᠠᠭ᠋ᠠᠨ ᠠᠪᠴᠤ ᠳᠡᠢ᠍ᠢ᠍ᠯᠬᠦ ᠪᠣᠯᠭ᠋ᠠᠨ᠎ᠠ ᠂ ᠥᠪᠡᠷᠲᠡᠭᠡᠨ ᠵᠠᠰᠠᠬᠤ ᠣᠷᠣᠨ᠎ᠠᠴᠠ 679 ᠡᠷᠬᠡ ᠵᠢᠨ ᠵᠦᠢ᠍ᠯᠡᠰ᠎ᠢ ᠨᠢᠭᠡᠨᠲᠡ ᠳᠣᠷᠣᠭᠰᠢ ᠲᠠᠯᠪᠢᠵᠤ ᠂ ᠣᠨᠴᠠᠭ᠋ᠠᠢ᠌ᠯᠠᠨ ᠬᠥᠭᠵᠢᠭᠦᠯᠦᠯᠲᠡ ᠪᠠ ᠥᠭᠡᠷᠡᠴᠢᠯᠡᠯᠲᠡ ᠂ ᠡᠨᠧᠷᠬᠢ ᠵᠡᠷᠭᠡ ᠰᠠᠯᠠᠭ᠎ᠠ ᠮᠥᠴᠢᠷ᠎ᠤᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠬᠦ᠎ᠳᠤ ᠬᠣᠯᠪᠣᠭᠳᠠᠭᠰᠠᠨ ᠮᠠᠰᠢ ᠣᠯᠠᠨ ᠴᠢᠬᠤᠯᠠ ᠵᠦᠢ᠍ᠯᠡᠰ᠎ᠢ ᠴᠥᠮ ᠳᠣᠷᠣᠭᠰᠢ ᠲᠠᠯᠪᠢᠵᠤ ᠥᠭᠪᠡ ᠂ ᠡᠯ᠎ᠡ ᠭᠠᠵᠠᠷ᠎ᠤᠨ ᠳᠠᠭ᠋ᠠᠭ᠋ᠠᠨ ᠵᠠᠯᠭ᠋ᠠᠭᠤᠯᠵᠤ ᠠᠪᠬᠤ ᠠᠵᠢᠯ ᠵᠶ᠋ᠠᠨ ᠯᠠᠪᠳᠠᠭᠤᠨ ᠪᠠᠲᠤᠲᠠᠢ ᠰᠠᠢ᠌ᠲᠤᠷ ᠬᠢᠬᠦ ᠵᠢ᠎ᠨᠢ ᠵᠢᠭ᠋ᠠᠨ ᠵᠢᠯᠤᠭᠣᠳᠴᠤ ᠂ ᠠᠢ᠌ᠮᠠᠭ ᠬᠤᠲᠠ ᠂ ᠬᠣᠰᠢᠭᠤ ᠰᠢᠶᠠᠨ᠎ᠤ 《ᠬᠣᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠠᠵᠢᠯᠯᠠᠭ᠋ᠠᠨ᠎ᠤ ᠵᠢᠷᠤᠮᠵᠢᠯ᠎ᠢ ᠨᠢᠭᠡᠳᠦᠯᠲᠡᠢ ᠪᠣᠯᠭ᠋ᠠᠵᠣ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠤᠷᠠᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠵᠦ ᠂ ᠲᠣᠳᠣᠷᠬᠠᠢ ᠬᠠᠭᠤᠳᠠᠰᠤᠨ᠎ᠤ ᠵᠦᠢ᠍ᠯᠡᠰ᠎ᠢ ᠰᠦᠯᠵᠢᠶ᠎ᠡ᠎ᠪᠠᠷ ᠭᠦᠢ᠍ᠴᠡᠳᠬᠡᠬᠦ ᠵᠢ ᠠᠬᠢᠭᠤᠯᠵᠤ ᠂ 《ᠨᠢᠭᠡ ᠬᠠᠭᠤᠳᠠᠰᠤᠨ᠎ᠳᠤ ᠪᠦᠭᠦᠨ᠎ᠢ ᠵᠢᠭᠰᠠᠭ᠋ᠠᠵᠤ ᠂ ᠲᠣᠰ ᠬᠠᠭᠤᠳᠠᠰᠤᠨ᠎ᠠᠴᠠ ᠪᠤᠰᠤᠳ ᠬᠠᠭᠤᠳᠠᠰᠤ ᠭᠠᠷᠭ᠋ᠠᠬᠤ ᠦᠭᠡᠢ》 ᠪᠠᠢ᠌ᠬᠤ ᠵᠢ ᠪᠡᠶᠡᠯᠡᠭᠦᠯᠦᠨ ᠂ ᠦᠨᠳᠦᠰᠦᠨ ᠱᠠᠲᠤᠨ᠎ᠤ᠎ᠬᠢᠨ᠎ᠢ ᠰᠠᠢ᠌ᠲᠤᠷ ᠳᠠᠭ᠋ᠠᠭ᠋ᠠᠨ ᠠᠪᠴᠤ ᠰᠠᠢ᠌ᠲᠤᠷ ᠬᠠᠮᠢᠶᠠᠷᠴᠤ ᠳᠡᠢ᠍ᠢ᠍ᠯᠬᠦ ᠪᠣᠯᠭ᠋ᠠᠨ ᠂ ᠠᠵᠤ ᠠᠬᠤᠢ᠌ᠯᠠᠯ ᠪᠠ ᠣᠯᠠᠨ ᠲᠦᠮᠡᠨ᠎ᠳᠤ ᠦᠨᠡᠨ ᠬᠦ᠌ ᠳᠦᠭᠦᠮ ᠦᠵᠡᠭᠦᠯᠵᠦ ᠠᠰᠢᠭ ᠬᠦᠷᠲᠡᠭᠡᠨ᠎ᠡ ; 《ᠬᠠᠮᠢᠶᠠᠷᠬᠤ》 ᠲᠠᠯ᠎ᠠ᠎ᠪᠠᠷ ᠬᠠᠮᠢᠶᠠᠷᠴᠤ ᠳᠡᠢ᠍ᠢ᠍ᠯᠬᠦ ᠮᠥᠷᠲᠡᠭᠡᠨ ᠰᠠᠢ᠌ᠲᠤᠷ ᠬᠠᠮᠢᠶᠠᠷᠴᠤ ᠂ ᠳᠤᠷ᠎ᠠ᠎ᠪᠠᠷ ᠵᠠᠬᠢᠶ᠎ᠠ ᠵᠢᠭ᠋ᠠᠪᠤᠷᠢ ᠪᠠᠭᠤᠯᠭ᠋ᠠᠬᠤ ᠦᠭᠡᠢ ᠂ ᠬᠡᠪ᠎ᠤᠨ ᠠᠵᠢᠯ ᠶᠠᠪᠤᠳᠠᠯ᠎ᠢ ᠰᠢᠯᠤᠭᠤᠬᠠᠨ ᠭᠦᠢ᠍ᠴᠡᠳᠬᠡᠵᠦ ᠂ ᠳᠤᠷ᠎ᠠ᠎ᠪᠠᠷ ᠭᠠᠷ ᠳᠦᠷᠦᠬᠦ ᠦᠭᠡᠢ ; 《ᠦᠢ᠍ᠯᠡᠴᠢᠯᠡᠬᠦ》 ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠦᠨᠳᠦᠰᠦᠨ ᠱᠠᠲᠤᠨ᠎ᠳᠤ ᠦᠢ᠍ᠯᠡᠴᠢᠯᠡᠬᠦ ᠦᠵᠡᠯ ᠤᠬᠠᠮᠰᠠᠷ᠎ᠢ ᠴᠢᠩᠭ᠋ᠠᠷᠠᠭᠤᠯᠵᠤ ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠦᠨᠳᠦᠰᠦᠨ ᠱᠠᠲᠤᠨ᠎ᠤ ᠠᠵᠢᠯ ᠶᠠᠪᠤᠳᠠᠯ ᠂ ᠣᠯᠠᠨ ᠲᠦᠮᠡᠨ᠎ᠤ ᠤᠴᠢᠷ ᠶᠠᠪᠤᠳᠠᠯ ᠂ ᠠᠵᠤ ᠠᠬᠤᠢ᠌ᠯᠠᠯ᠎ᠤᠨ ᠠᠵᠢᠯ ᠬᠡᠷᠡᠭ᠎ᠢ ᠥᠪᠡᠷ᠎ᠤᠨ ᠭᠦᠢ᠍ᠴᠡᠳᠬᠡᠬᠦ ᠬᠠᠷᠢᠭᠤᠴᠠᠯᠭ᠎ᠠ᠎ᠲᠠᠢ ᠠᠵᠢᠯ ᠶᠠᠪᠤᠳᠠᠯ ᠂ ᠵᠠᠪᠠᠯ ᠭᠦᠢ᠍ᠴᠡᠳᠬᠡᠬᠦ ᠠᠵᠢᠯ ᠶᠠᠪᠤᠳᠠᠯ ᠪᠣᠯᠭ᠋ᠠᠵᠤ ᠂ ᠬᠦᠴᠢᠷ ᠶᠠᠪᠤᠳᠠᠯ᠎ᠳᠤᠨᠢ ᠬᠠᠪᠰᠤᠷᠤᠯᠭ᠎ᠠ ᠳᠡᠮᠵᠢᠯᠭᠡ ᠦᠵᠡᠭᠦᠯᠦᠨ ᠵᠣᠷᠢᠭᠲᠠᠢ ᠬᠠᠮᠵᠢᠵᠤ ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠵᠶ᠋ᠠᠨ ᠰᠠᠢ᠌ᠨ ᠭᠦᠢ᠍ᠴᠡᠳᠬᠡᠵᠦ ᠰᠠᠢ᠌ᠬᠠᠨ ᠪᠦᠲᠦᠭᠡᠬᠦ ᠪᠣᠯᠭ᠋ᠠᠵᠤ ᠂ ᠶᠠᠪᠤᠳᠠᠯ ᠤᠴᠢᠷ᠎ᠲᠤ᠎ᠨᠢ ᠰᠠᠭ᠋ᠠᠳ ᠦᠭᠡᠢ ᠪᠠᠢ᠌ᠯᠭ᠋ᠠᠬᠤ ᠵᠢ ᠬᠢᠴᠢᠶᠡᠨ᠎ᠡ ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢᠨ ᠠᠵᠢᠯᠯᠠᠭ᠋ᠠᠨ᠎ᠢ ᠥᠷᠨᠢᠭᠦᠯᠦᠨ᠎ᠡ ᠂ ᠲᠡᠷᠢᠭᠦᠨ ᠳᠡᠰ᠎ᠤᠨ ᠠᠵᠤ ᠠᠬᠤᠢ᠌ᠯᠠᠯ᠎ᠢ ᠡᠭᠦᠳᠦᠨ ᠪᠠᠢ᠍ᠢ᠍ᠭᠤᠯᠬᠤ ᠢᠨᠵᠧᠨᠧᠷᠢᠩ᠎ᠢ ᠬᠡᠷᠡᠭᠵᠢᠭᠦᠯᠦᠨ ᠂ ᠳᠠᠪᠠᠭᠤᠯᠢᠭ ᠠᠵᠢᠯ ᠲᠦᠷᠦᠯ ᠪᠠ ᠵᠠᠩᠭᠢᠯᠠᠭ᠎ᠠ ᠪᠣᠯᠬᠤ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠢ᠌ᠭ᠋ᠠᠳ ᠨᠢᠭᠡ ᠪᠦᠯᠦᠭ᠎ᠢ᠎ᠨᠢ ᠡᠮᠬᠢᠯᠡᠨ ᠨᠡᠢ᠌ᠯᠡᠭᠦᠯᠵᠦ ᠳᠠᠬᠢᠨᠲᠠ ᠪᠠᠢ᠌ᠭᠤᠯᠵᠤ ᠂ ᠨᠢᠭᠡ ᠪᠦᠯᠦᠭ᠎ᠢ᠎ᠨᠢ ᠵᠣᠬᠢᠶᠠᠨ ᠪᠠᠢ᠌ᠭᠤᠯᠵᠤ ᠴᠣᠭᠴᠠᠯᠠᠨ ᠂ ᠨᠢᠭᠡ ᠪᠦᠯᠦᠭ᠎ᠢ᠎ᠨᠢ ᠬᠦᠴᠦᠷᠬᠡᠭᠵᠢᠭᠦᠯᠦᠨ ᠪᠤᠵᠠᠭ᠋ᠠᠢ᠌ᠷᠠᠭᠤᠯᠵᠤ ᠂ ᠨᠢᠭᠡ ᠪᠦᠯᠦᠭ᠎ᠢ᠎ᠨᠢ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠠᠬᠢᠭᠤᠯᠵᠤ ᠂ ᠪᠦᠯᠦᠭ ᠪᠦᠯᠦᠭ᠎ᠲᠤ᠎ᠨᠢ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠭᠠᠷᠭ᠋ᠠᠵᠤ ᠂ 《ᠥᠪᠥᠷ ᠮᠣᠩᠭᠣᠯ》 ᠨᠡᠷᠡᠮᠵᠢᠲᠦ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠵᠢᠭᠰᠠᠭ᠋ᠠᠯ᠎ᠢ ᠲᠦᠷᠭᠡᠳᠬᠡᠨ ᠴᠣᠭᠴᠠᠯᠠᠨ ᠪᠠᠢ᠌ᠭᠤᠯᠤᠨ᠎ᠠ ᠃ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠨ ᠪᠤᠵᠠᠭ᠋ᠠᠢ᠌ᠷᠠᠬᠤ ᠵᠢ ᠪᠦᠬᠦ ᠬᠦᠴᠦᠨ ᠵᠶ᠋ᠠᠷ ᠵᠶ᠋ᠠᠨ ᠳᠡᠮᠵᠢᠨ᠎ᠡ ᠂ ᠤᠯᠤᠰ᠎ᠤᠨ ᠭᠠᠢ᠌ᠯᠢ ᠰᠦᠢ᠍ᠳᠬᠡᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠰᠠᠭ᠋ᠠᠲᠠᠭ᠋ᠠᠬᠤ ᠦᠭᠡᠢ ᠂ ᠪᠦᠷᠢᠨ ᠭᠦᠢ᠍ᠴᠡᠳ ᠲᠤᠭᠤᠰᠢᠲᠠᠢ ᠬᠡᠷᠡᠭᠵᠢᠭᠦᠯᠵᠦ ᠪᠣᠳᠠᠲᠠᠢ᠌ᠵᠢᠭᠤᠯᠤᠨ᠎ᠠ ᠂ 《ᠭᠤᠶᠤᠴᠢᠯᠠᠪᠠᠯ ᠣᠯᠵᠤ ᠭᠦᠷᠳᠡᠭᠦ》 ᠪᠠ ᠥᠪᠡᠷᠲᠡᠭᠡᠨ ᠵᠠᠰᠠᠬᠤ ᠣᠷᠳᠣᠨ᠎ᠤ ᠠᠵᠤ ᠠᠬᠤᠢ᠌ᠯᠠᠯ᠎ᠳᠤ ᠲᠤᠰᠠᠯᠠᠵᠤ ᠬᠦᠴᠢᠷᠳᠡᠯ᠎ᠢ ᠲᠠᠢ᠌ᠯᠬᠤ ᠲᠦᠷᠣ ᠵᠢᠨ ᠪᠣᠳᠣᠯᠭ᠎ᠠ᠎ᠪᠠᠨ 《ᠰᠢᠭᠤᠳ ᠪᠠᠭᠤᠯᠭ᠋ᠠᠵᠤ ᠲᠦᠷᠭᠡᠨ ᠬᠡᠷᠡᠭᠵᠢᠭᠦᠯᠵᠦ ᠬᠦᠷᠲᠡᠭᠡᠬᠦ》 ᠪᠣᠯᠭ᠋ᠠᠨ ᠂ ᠳᠤᠮᠳᠠ ᠵᠢᠵᠢᠭ ᠪᠢᠴᠢᠯ ᠠᠵᠤ ᠠᠬᠤᠢ᠌ᠯᠠᠯ ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠣᠭᠡ ᠵᠢ ᠬᠠᠪᠰᠤᠷᠴᠤ ᠪᠡᠷᠬᠡ ᠵᠢ ᠲᠣᠭᠤᠯᠣᠭᠤᠯᠵᠣ ᠲᠡᠳᠬᠦᠨ ᠲᠡᠩᠬᠡᠷᠡᠭᠦᠯᠦᠨ᠎ᠡ ᠃ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠳᠤᠮᠳᠠ ᠵᠢᠵᠢᠭ ᠠᠵᠤ ᠠᠬᠤᠢ᠌ᠯᠠᠯ᠎ᠳᠤ ᠳᠠᠩᠰᠠᠨ᠎ᠳᠠᠬᠢ ᠵᠣᠭᠣᠰ ᠥᠷᠢᠲᠦᠵᠦ ᠪᠠᠢ᠌ᠭ᠎ᠠ ᠠᠰᠠᠭᠤᠳᠠᠯ᠎ᠢ᠎ᠨᠢ ᠰᠢᠢ᠍ᠳᠪᠦᠷᠢᠯᠡᠨ᠎ᠡ ᠂ ᠡᠨᠡ ᠵᠢᠯ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠴᠢᠩᠭ᠎ᠠ ᠲᠤᠰᠬᠠᠵᠤ ᠪᠠᠢ᠌ᠭ᠎ᠠ ᠭᠠᠵᠠᠷ ᠰᠢᠷᠣᠢ ᠭᠡᠷ ᠪᠠᠢ᠌ᠰᠢᠩ᠎ᠤᠨ ᠦᠮᠴᠢᠯᠡᠯ᠎ᠤᠨ ᠡᠷᠬᠡ ᠂ ᠲᠦᠷᠦᠯ ᠵᠦᠢ᠍ᠯ᠎ᠤᠨ ᠭᠠᠷᠳᠠᠮ᠎ᠢ ᠭᠦᠢ᠍ᠴᠡᠳᠬᠡᠬᠦ ᠪᠠ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠂ ᠪᠡᠯᠡ ᠲᠣᠬᠢᠷᠠᠭᠤᠯᠭ᠎ᠠ ᠵᠢᠨ ᠵᠢᠭᠡᠯᠡᠯᠭᠡ ᠵᠡᠷᠭᠡ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ ᠠᠷᠭ᠎ᠠ ᠪᠣᠳᠣᠯᠭ᠎ᠠ ᠬᠡᠷᠡᠭᠵᠢᠭᠦᠯᠦᠨ ᠂ ᠬᠠᠨᠳᠤᠯᠭ᠎ᠠ᠎ᠲᠠᠢ ᠰᠢᠢ᠍ᠳᠪᠦᠷᠢᠯᠡᠬᠦ᠎ᠪᠠᠷ ᠵᠣᠷᠢᠭ ᠰᠢᠭᠤᠳᠴᠤ ᠂ ᠵᠢᠵᠢᠭ ᠪᠢᠴᠢᠯ ᠠᠵᠤ ᠠᠬᠤᠢ᠌ᠯᠠᠯ ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠂ ᠲᠤᠰᠬᠠᠢ ᠬᠤᠷᠰᠢᠶ᠎ᠠ ᠵᠢᠨ ᠭᠤᠷᠪᠠᠨ ᠵᠢᠯ᠎ᠤᠨ ᠪᠦᠢ᠍ᠵᠢᠯᠲᠠ ᠬᠥᠭᠵᠢᠯᠲᠡ ᠵᠢᠨ ᠲᠥᠯᠥᠪᠯᠡᠭᠡ ᠵᠢ ᠰᠠᠢ᠌ᠲᠤᠷ ᠬᠡᠷᠡᠭᠵᠢᠭᠦᠯᠵᠦ ᠂ 《ᠲᠠᠷᠠᠬᠠᠢ ᠡᠷᠦᠬᠡ ᠵᠢ ᠵᠠᠬ᠎ᠠ ᠳᠡᠯᠭᠡᠭᠦᠷ᠎ᠲᠤ ᠣᠷᠤᠭᠤᠯᠬᠤ》 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠬᠤ》 《ᠵᠢᠵᠢᠭ ᠪᠢᠴᠢᠯ ᠠᠵᠤ ᠠᠬᠤᠢ᠌ᠯᠠᠯ᠎ᠢ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ ᠪᠣᠯᠭ᠋ᠠᠬᠤ》 ᠵᠢ ᠬᠦᠴᠦᠲᠡᠢ ᠠᠬᠢᠭᠤᠯᠤᠨ ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠣᠯᠠᠰᠢᠷᠠᠭᠤᠯᠵᠤ ᠂ ᠬᠥᠭᠵᠢᠶᠡᠨᠵᠢᠭᠦᠯᠵᠦ ᠂ ᠬᠦᠴᠦᠷᠬᠡᠭᠵᠢᠭᠦᠯᠬᠦ᠎ᠪᠠᠷ ᠴᠢᠷᠮᠠᠢ᠌ᠨ᠎ᠠ ᠃ ᠡᠯ᠎ᠡ ᠱᠠᠲᠤᠨ᠎ᠤ ᠵᠠᠰᠠᠭ᠎ᠤᠨ ᠣᠷᠳᠣᠨ 《ᠬᠣᠶᠠᠷ᠎ᠢ ᠤᠭᠲᠣ ᠭᠤᠢ᠌ᠪᠢᠰᠢ ᠦᠭᠡᠢ ᠪᠠᠢ᠌ᠯᠭ᠋ᠠᠬᠤ》 ᠵᠢ ᠦᠨᠡᠨ ᠬᠦ᠌ ᠨᠠᠢ᠌ᠳᠠᠪᠤᠷᠢᠵᠢᠭᠤᠯᠵᠤ ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠴᠢᠬᠤᠯᠠᠴᠢᠯᠠᠬᠤ ᠮᠥᠷᠲᠡᠭᠡᠨ ᠬᠤᠳᠠᠯᠳᠤᠭ᠋ᠠᠴᠢᠳ᠎ᠢ ᠰᠡᠳᠬᠢᠯ ᠠᠮᠤᠷ ᠪᠠᠢ᠌ᠯᠭ᠋ᠠᠬᠤ ᠪᠥᠭᠡᠳ ᠬᠤᠳᠠᠯᠳᠤᠭ᠋ᠠᠴᠢᠳ᠎ᠲᠤ ᠦᠢ᠍ᠯᠡᠴᠢᠯᠡᠬᠦ ᠵᠢ ᠴᠢᠬᠤᠯᠠᠴᠢᠯᠠᠵᠤ ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠂ ᠠᠵᠤ ᠠᠬᠤᠢ᠌ᠯᠠᠯᠲᠠᠳᠤᠨ ᠡᠷᠬᠡ ᠠᠰᠢᠭ᠎ᠢ ᠬᠠᠮᠠᠭ᠋ᠠᠯᠠᠨ᠎ᠠ ᠂ ᠢᠯᠠᠩᠭᠤᠶ᠎ᠠ ᠠᠵᠤ ᠠᠬᠤᠢ ᠵᠢ ᠰᠠᠢ᠌ᠨ ᠣᠢ᠌ᠯᠠᠭ᠋ᠠᠳᠠᠭ ᠺᠠᠳ᠋ᠷᠴᠤᠳ᠎ᠢ ᠵᠣᠬᠢᠶᠠᠨ ᠪᠠᠢ᠌ᠭᠤᠯᠵᠤ ᠠᠵᠤ ᠠᠬᠤᠢ᠌ᠯᠠᠯ᠎ᠳᠤ ᠣᠴᠢᠭᠤᠯᠤᠨ ᠠᠵᠤ ᠠᠬᠤᠢ᠌ᠯᠠᠯ᠎ᠢ ᠬᠠᠪᠰᠤᠷᠴᠤ ᠪᠠᠢ᠌ᠭ᠋ᠠᠳ ᠪᠡᠯᠡ ᠮᠥᠩᠭᠥ ᠂ ᠲᠦᠭᠦᠬᠡᠢ ᠮᠠᠲ᠋ᠧᠷᠢᠶᠠᠯ ᠂ ᠠᠵᠢᠯᠴᠢᠨ ᠂ ᠵᠠᠬ᠎ᠠ ᠳᠡᠯᠭᠡᠭᠦᠷ ᠣᠯᠵᠤ ᠥᠭᠭᠦᠨ᠎ᠡ ᠂ ᠠᠵᠤ ᠠᠬᠤᠢ᠌ᠯᠠᠯᠲᠠᠨ᠎ᠳᠤ ᠭᠡᠷ᠎ᠤᠨ ᠬᠥᠮᠥᠰ᠎ᠲᠠᠢ᠎ᠪᠠᠨ ᠠᠳᠠᠯᠢ᠎ᠪᠠᠷ ᠬᠠᠨᠳᠤᠵᠤ ᠂ ᠦᠨᠡᠨ ᠰᠡᠳᠬᠢᠯ᠎ᠠᠴᠠ᠎ᠪᠠᠨ ᠠᠵᠤ ᠠᠬᠤᠢ᠌ᠯᠠᠯ᠎ᠤᠨ ᠬᠦᠴᠢᠷᠳᠡᠯ᠎ᠢ᠎ᠨᠢ ᠲᠠᠢ᠍ᠢ᠍ᠯᠵᠦ ᠂ ᠬᠦᠴᠢᠷ ᠵᠦᠢ᠍ᠯ᠎ᠢ᠎ᠨᠢ ᠰᠢᠢ᠍ᠳᠪᠦᠷᠢᠯᠡᠨ ᠥᠭᠴᠦ ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠵᠣᠷᠢᠭᠲᠠᠢ ᠠᠵᠢᠯᠯᠠᠭᠤᠯᠤᠨ ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠵᠣᠷᠢᠭᠲᠠᠢ ᠤᠷᠤᠭᠰᠢᠯᠠᠭᠤᠯᠵᠤ ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠢ ᠵᠣᠷᠢᠭᠲᠠᠢ ᠣᠷᠤᠭᠤᠯᠤᠯᠲᠠ ᠬᠢᠬᠦ ᠪᠣᠯᠭ᠋ᠠᠨ ᠂ ᠥᠪᠥᠷ ᠮᠣᠩᠭᠣᠯ᠎ᠳᠤ ᠪᠡᠯᠡ ᠣᠷᠣᠭᠤᠯᠵᠤ ᠦᠢ᠍ᠯᠡᠰ ᠪᠣᠰᠬᠠᠬᠤ ᠬᠠᠯᠠᠮᠰᠢᠯ ᠂ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠥᠷᠨᠢᠯᠲᠡ ᠵᠢ ᠪᠣᠢ ᠪᠣᠯᠭ᠋ᠠᠨ᠎ᠠ ᠃ ᠴᠠᠬᠢᠯᠭ᠋ᠠᠨ᠎ᠤ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠂ ᠬᠡᠷᠡᠭᠯᠡᠬᠦ ᠬᠡᠮᠵᠢᠶ᠎ᠡ᠎ᠪᠠᠷ ᠴᠠᠬᠢᠯᠭ᠋ᠠᠨ᠎ᠤ ᠦᠨ᠎ᠡ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂ ᠠᠰᠢᠭ ᠲᠤᠰᠠ ᠵᠢ ᠬᠠᠮᠲᠤ᠎ᠪᠠᠷ ᠬᠦᠷᠲᠡᠬᠦ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ᠎ᠤ ᠲᠣᠭᠲᠠᠴᠠ ᠵᠢ ᠲᠡᠭᠦᠯᠳᠡᠷᠵᠢᠭᠦᠯᠦᠨ ᠂ ᠴᠠᠬᠢᠯᠭ᠋ᠠᠨ ᠬᠦᠴᠦᠨ᠎ᠤ ᠥᠪᠡᠷ᠎ᠤᠨ ᠥᠷᠲᠡᠭ᠎ᠤᠨ ᠳᠠᠪᠠᠭᠤᠯᠢᠭ᠎ᠢ ᠪᠡᠬᠢᠵᠢᠭᠦᠯᠦᠨ᠎ᠡ ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠨᠠᠷᠢᠨ ᠨᠢᠮᠪᠠᠢ ᠵᠣᠬᠢᠶᠠᠨ ᠪᠠᠢ᠌ᠭᠤᠯᠵᠤ ᠥᠷᠨᠢᠭᠦᠯᠦᠨ ᠂ ᠪᠦᠬᠦ ᠪᠠᠢ᠌ᠳᠠᠯ᠎ᠢ ᠲᠣᠳᠣᠷᠬᠠᠢ ᠣᠢ᠌ᠯᠠᠭ᠋ᠠᠨ ᠂ ᠠᠵᠤ ᠠᠬᠤᠢ ᠵᠢᠨ ᠪᠠᠢ᠌ᠳᠠᠯ᠎ᠢ ᠵᠠᠳᠠᠯᠤᠨ ᠣᠨᠣᠰᠢᠯᠠᠵᠤ ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠠᠢ᠌ᠳᠠᠪᠤᠷᠢᠲᠠᠢ ᠲᠤᠯᠭ᠋ᠠᠭᠤᠷᠢᠯᠠᠯ ᠬᠠᠩᠭ᠋ᠠᠨ᠎ᠠ ᠃
ᠨᠡᠭᠡᠭᠡᠯᠲᠡ ᠵᠢ ᠰᠥᠰᠥ ᠵᠣᠷᠢᠭᠲᠠᠢ᠎ᠪᠠᠷ ᠥᠷᠭᠡᠳᠬᠡᠨ᠎ᠡ ᠃ ᠨᠢᠭᠡ᠎ᠳᠤ ᠪᠣᠭᠣᠮᠲᠠ ᠵᠢᠨ ᠪᠦᠲᠦᠮᠵᠢᠲᠡᠢ ᠠᠵᠢᠯᠯᠠᠭ᠋ᠠᠨ᠎ᠳᠤ ᠬᠠᠷᠠᠭ᠎ᠠ᠎ᠪᠠᠨ ᠬᠠᠨᠳᠤᠭᠤᠯᠤᠨ᠎ᠠ ᠃ ᠣᠷᠣᠨ᠎ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠲᠣᠭ᠎ᠠ ᠬᠡᠮᠵᠢᠶ᠎ᠡ ᠵᠢ᠎ᠨᠢ ᠨᠡᠮᠡᠭᠳᠡᠭᠦᠯᠵᠦ ᠥᠷᠭᠡᠳᠬᠡᠬᠦ ᠂ ᠬᠢᠯᠢ ᠵᠢᠨ ᠪᠣᠭᠣᠮᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ ᠴᠢᠩᠭ᠋ᠠᠷᠠᠭᠤᠯᠬᠤ ᠵᠡᠷᠭᠡ ᠢᠨᠵᠧᠨᠧᠷᠢᠩ᠎ᠢ ᠬᠡᠷᠡᠭᠵᠢᠭᠦᠯᠵᠦ ᠂ ᠡᠨᠧᠷᠬᠢ ᠂ ᠠᠭᠤᠷᠬᠠᠢ ᠵᠢᠨ ᠭᠠᠷᠤᠯᠲᠠ ᠂ ᠠᠮᠤ ᠪᠤᠳᠠᠭ᠎ᠠ ᠵᠡᠷᠭᠡ ᠭᠦᠢ᠍ᠯᠭᠡᠭᠡᠨ ᠶᠡᠬᠡᠲᠡᠢ ᠲᠠᠸᠠᠷ᠎ᠢ ᠭᠠᠳᠠᠭ᠋ᠠᠳᠤ᠎ᠠᠴᠠ ᠣᠷᠤᠭᠤᠯᠬᠤ᠎ᠪᠠᠨ ᠥᠷᠭᠡᠳᠬᠡᠵᠦ ᠂ ᠴᠠᠬᠢᠯᠭ᠋ᠠᠨ ᠬᠦᠴᠦᠨ ᠂ ᠮᠧᠬᠠᠨᠢᠭ ᠂ ᠲᠤᠨᠤᠭ ᠲᠥᠬᠦᠭᠡᠷᠦᠮᠵᠢ ᠂ ᠨᠡᠬᠡᠮᠡᠯ ᠵᠡᠷᠭᠡ ᠳᠠᠪᠠᠭᠤᠯᠢᠭ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ᠎ᠪᠠᠨ ᠥᠷᠭᠡᠳᠬᠡᠨ ᠂ ᠬᠢᠯᠢ ᠵᠢᠨ ᠪᠣᠭᠣᠮᠲᠠ ᠵᠢᠨ ᠠᠴᠢᠶ᠎ᠠ ᠲᠡᠭᠡᠭᠡᠪᠦᠷᠢ ᠵᠢᠨ ᠬᠡᠮᠵᠢᠶ᠎ᠡ ᠵᠢ 30% ᠣᠷᠴᠢᠮ ᠨᠡᠮᠡᠭᠳᠡᠭᠦᠯᠬᠦ᠎ᠪᠠᠷ ᠴᠢᠷᠮᠠᠢ᠌ᠨ᠎ᠠ ᠂ ᠬᠢᠯᠢ᠎ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠴᠤᠪᠤᠭ᠎ᠠ ᠵᠢ 7% ᠣᠷᠴᠢᠮ ᠨᠡᠮᠡᠭᠳᠡᠭᠦᠯᠵᠦ ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠢ ᠲᠣᠭ᠎ᠠ ᠵᠢ 1600 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠶᠡᠯᠡᠭᠦᠯᠦᠨ᠎ᠡ ᠃ ᠬᠣᠶᠠᠷ᠎ᠲᠤ ᠲᠤᠯᠭ᠋ᠠᠭᠤᠷᠢᠯᠠᠬᠤ ᠴᠡᠭ᠎ᠢ ᠪᠠᠢ᠌ᠷᠢᠯᠠᠭᠤᠯᠤᠨ᠎ᠠ ᠃ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ ᠪᠠ ᠤᠯᠤᠰ᠎ᠤᠨ ᠭᠠᠳᠠᠭ᠋ᠠᠳᠤ᠎ᠠᠴᠠ ᠣᠷᠤᠭᠤᠯᠬᠤ ᠠᠷᠠᠯᠵᠢᠶ᠎ᠠ ᠵᠢ ᠠᠬᠢᠭᠤᠯᠤᠨ ᠰᠢᠨ᠎ᠡ ᠵᠢ ᠡᠭᠦᠳᠴᠦ ᠵᠢᠱ᠌ᠢᠶ᠎ᠡ ᠦᠵᠡᠭᠦᠯᠬᠦ ᠲᠣᠭᠣᠷᠢᠭ᠎ᠢ ᠲᠥᠪᠯᠡᠷᠡᠭᠦᠯᠦᠨ ᠪᠠᠢ᠌ᠭᠤᠯᠵᠤ ᠂ ᠮᠠᠨᠵᠤᠤᠷ ᠂ ᠡᠷᠢᠶᠡᠨ ᠬᠤᠲᠠ ᠵᠢᠨ ᠬᠦᠢ᠍ᠰᠦ ᠪᠣᠯᠬᠤ ᠬᠢᠯᠢ ᠵᠢᠨ ᠪᠣᠭᠣᠮᠲᠠ ᠪᠠ ᠭᠠᠭᠴᠠ ᠮᠣᠳᠣ ᠂ ᠴᠡᠭᠡ ᠂ ᠮᠠᠨᠳᠤᠯ ᠂ ᠵᠡᠭᠦᠨ ᠬᠠᠳᠠᠪᠴᠢ ᠵᠡᠷᠭᠡ ᠭᠣᠣᠯᠳᠠᠯᠭ᠎ᠠ ᠪᠣᠯᠬᠤ ᠬᠢᠯᠢ ᠵᠢᠨ ᠪᠣᠭᠣᠮᠲᠠ ᠵᠢ ᠨᠡᠩ ᠡᠷᠴᠢᠮᠲᠡᠢ ᠪᠦᠲᠦᠭᠡᠨ ᠪᠠᠢ᠌ᠭᠤᠯᠵᠤ ᠂ ᠬᠢᠯᠢ ᠠᠯᠤᠰᠯᠠᠭᠰᠠᠨ ᠲᠡᠮᠦᠷ ᠵᠠᠮ ᠂ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂ ᠠᠭ᠋ᠠᠷ ᠠᠶᠠᠯᠠᠯ᠎ᠤᠨ ᠬᠢᠯᠢ ᠵᠢᠨ ᠪᠣᠭᠣᠮᠲᠠ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂ ᠲᠤᠷᠰᠢᠯᠲᠠ ᠵᠢᠨ ᠲᠣᠭᠣᠷᠢᠭ ᠂ ᠭᠠᠢ᠌ᠯᠢ ᠪᠠᠲᠤᠯᠠᠬᠤ ᠲᠣᠭᠣᠷᠢᠭ ᠂ ᠬᠠᠮᠲᠤᠷᠠᠨ ᠠᠵᠢᠯᠯᠠᠬᠤ ᠲᠣᠭᠣᠷᠢᠭ ᠂ ᠬᠠᠷᠢᠯᠴᠠᠨ ᠠᠷᠠᠯᠵᠢᠶᠠᠯᠠᠬᠤ ᠲᠣᠭᠣᠷᠢᠭ ᠵᠡᠷᠭᠡ ᠡᠯ᠎ᠡ ᠲᠦᠷᠦᠯ᠎ᠤᠨ ᠨᠡᠭᠡᠭᠡᠯᠲᠡ ᠵᠢᠨ ᠲᠠᠪᠴᠠᠩ᠎ᠤᠨ ᠴᠢᠳᠠᠮᠵᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠬᠠᠷᠢᠯᠴᠠᠨ ᠬᠠᠷᠢᠴᠠᠵᠤ ᠨᠡᠪᠲᠡᠷᠡᠯᠴᠡᠬᠦ ᠂ ᠲᠤᠰ ᠭᠠᠵᠠᠷ᠎ᠲᠤᠨᠢ ᠰᠠᠭᠤᠷᠢᠯᠠᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠂ ᠪᠠᠷᠠᠭ᠋ᠠᠨ᠎ᠤ ᠲᠥᠪᠯᠡᠷᠡᠭᠦᠯᠵᠦ ᠬᠤᠪᠢᠶᠠᠷᠢᠯᠠᠬᠤ ᠂ ᠡᠭᠡᠯᠵᠢ ᠵᠢᠨ ᠭᠠᠯᠲᠤ ᠲᠡᠷᠭᠡ ᠵᠢᠨ ᠲᠥᠪᠯᠡᠷᠡᠭᠦᠯᠵᠦ ᠨᠡᠢ᠌ᠯᠡᠭᠦᠯᠬᠦ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠠᠯ᠎ᠠ᠎ᠳᠤ ᠨᠢᠭᠡ ᠪᠦᠯᠦᠭ ᠢᠨᠵᠧᠨᠧᠷᠢᠩ᠎ᠤᠨ ᠲᠦᠷᠦᠯ ᠵᠦᠢ᠍ᠯ᠎ᠢ ᠬᠡᠷᠡᠭᠵᠢᠭᠦᠯᠦᠨ᠎ᠡ ᠃ ᠭᠤᠷᠪᠠ᠎ᠳᠤ ᠬᠠᠮᠲᠤᠷᠠᠨ ᠠᠵᠢᠯᠯᠠᠬᠤ ᠲᠠᠯ᠎ᠠ᠎ᠪᠠᠨ ᠥᠷᠭᠡᠳᠬᠡᠨ᠎ᠡ ᠃ ᠬᠠᠭ᠋ᠠᠯᠭ᠎ᠠ ᠴᠣᠩᠬᠣ ᠣᠩᠭᠣᠢ᠌ᠯᠭ᠋ᠠᠬᠤ ᠦᠭᠡᠢ ᠪᠣᠯ ᠴᠡᠪᠡᠷ ᠠᠭ᠋ᠠᠷ ᠬᠣᠮᠰᠠᠳᠠᠨᠠ ᠂ ᠬᠥᠮᠥᠨ ᠬᠠᠷ᠎ᠠ ᠴᠤᠭᠯᠠᠷᠠᠬᠤ ᠦᠭᠡᠢ ᠪᠣᠯ ᠬᠥᠭᠵᠢᠶᠡᠨ ᠨᠠᠷᠭᠢᠶᠠᠨ ᠳᠤᠮᠳᠠᠷᠠᠨᠠ ᠃ ᠣᠯᠠᠨ ᠤᠯᠤᠰ᠎ᠤᠨ ᠬᠤᠭᠤᠷᠤᠨᠳᠤᠬᠢ ᠠᠵᠢᠯᠯᠠᠭ᠋ᠠᠨ᠎ᠳᠤ ᠣᠷᠣᠯᠴᠠᠨ ᠠᠭᠤᠰᠤᠯᠴᠠᠬᠤ᠎ᠳᠤ ᠬᠠᠷᠠᠭ᠎ᠠ ᠪᠤᠳᠤᠯ ᠵᠶ᠋ᠠᠨ ᠥᠷᠭᠡᠳᠬᠡᠨ ᠲᠡᠯᠡᠵᠦ ᠂ ᠣᠷᠣᠰ ᠮᠣᠩᠭᠣᠯ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠮᠥᠷᠲᠡᠭᠡᠨ ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ ᠂ ᠡᠸᠦ᠋ᠷᠦᠫᠡ ᠵᠡᠷᠭᠡ ᠤᠯᠤᠰ᠎ᠯᠤᠭ᠎ᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ ᠂ ᠠᠷᠠᠯᠵᠢᠶ᠎ᠠ ᠵᠢ ᠠᠬᠢᠭᠤᠯᠬᠤ ᠪᠠᠢ᠌ᠭᠤᠯᠤᠮᠵᠢ ᠂ ᠦᠵᠡᠭᠦᠯᠭᠡ ᠵᠢᠨ ᠠᠵᠤ ᠠᠬᠤᠢ᠌ᠯᠠᠯ᠎ᠤᠨ ᠰᠦᠯᠵᠢᠶ᠎ᠡ ᠪᠠ ᠰᠦᠯᠵᠢᠶᠡᠨ᠎ᠠᠴᠠ ᠭᠠᠳᠠᠭᠤᠷ ᠬᠢᠯᠢ ᠵᠢᠨ ᠭᠠᠳᠠᠨᠠᠬᠢ ᠦᠵᠡᠭᠦᠯᠭᠡ ᠴᠤᠭᠯᠠᠭ᠋ᠠᠨ ᠡᠷᠬᠢᠯᠡᠭᠦ ᠵᠢ ᠵᠣᠷᠢᠭᠵᠢᠭᠤᠯᠵᠤ ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠂ ᠵᠠᠬᠢᠶᠠᠯᠠᠭ᠎ᠠ ᠵᠢᠨ ᠬᠠᠭᠤᠳᠠᠰᠤ ᠣᠯᠬᠤ᠎ᠳᠤ᠎ᠨᠢ ᠬᠠᠪᠰᠤᠷᠴᠤ ᠂ ᠠᠵᠤ ᠠᠬᠤᠢ᠌ᠯᠠᠯ᠎ᠤᠨ ᠵᠣᠷᠢᠭᠲᠠᠢ ᠭᠠᠳᠠᠭᠰᠢ ᠭᠠᠷᠴᠤ ᠮᠠᠨ᠎ᠤ ᠣᠷᠣᠨ᠎ᠤ ᠴᠢᠨᠠᠭᠰᠢᠯᠠᠪᠠᠯ ᠪᠦᠭᠦ ᠤᠯᠤᠰ᠎ᠤᠨ ᠦᠢ᠍ᠯᠡᠳᠬᠦᠨ᠎ᠢ ᠬᠤᠳᠠᠯᠳᠤᠵᠤ ᠭᠠᠷᠭ᠋ᠠᠬᠤ ᠵᠢ᠎ᠨᠢ ᠲᠠᠢ᠍ᠢ᠍ᠴᠢᠯᠡᠨᠡ ; ᠤᠯᠤᠰ᠎ᠤᠨ ᠳᠣᠲᠣᠭ᠋ᠠᠳᠤ ᠵᠢᠨ ᠠᠵᠢᠯᠯᠠᠭ᠋ᠠᠨ᠎ᠳᠤ ᠣᠷᠣᠯᠴᠠᠨ ᠠᠭᠤᠰᠤᠯᠴᠠᠬᠤ᠎ᠳᠤ ᠨᠡᠩ ᠢᠯᠡᠭᠦᠦ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠂ ᠪᠡᠭᠡᠵᠢᠩ ᠲᠢᠶᠠᠨᠵᠢᠨ ᠾᠧᠪᠧᠢ ᠂ ᠵᠢᠶᠠᠩᠰᠤ ᠵᠧᠵᠢᠶᠠᠩ ᠱᠠᠩᠬᠠᠢ ᠂ ᠭᠤᠸᠠᠩᠳᠦ᠋ᠩ ᠰᠢᠶᠠᠩᠭ᠋ᠠᠩ ᠣᠣᠮᠧᠨ ᠵᠢᠴᠢ ᠴᠧᠩᠳᠦ᠋ ᠴᠦᠩᠴᠢᠩ ᠂ ᠯᠢᠶᠣᠤᠨᠢᠩ ᠬᠢᠷᠢᠨ ᠬᠠᠷᠠᠮᠥ᠋ᠷᠡᠨ ᠵᠡᠷᠭᠡ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠂ ᠵᠥᠪᠯᠡᠯᠴᠡᠭᠡᠷ ᠵᠶ᠋ᠠᠷ ᠲᠣᠭᠲᠠᠭᠰᠠᠨ ᠵᠦᠢ᠍ᠯᠡᠰ ᠵᠶ᠋ᠠᠨ ᠪᠣᠳᠠᠲᠠᠢ᠌ᠵᠢᠭᠤᠯᠬᠤ ᠵᠢ ᠱᠠᠯᠠᠪᠳᠠᠨ ᠠᠬᠢᠭᠤᠯᠤᠨ᠎ᠠ ᠃ ᠳᠥᠷᠪᠡ᠎ᠳᠤ ᠤᠷᠮᠠᠰᠢᠯ ᠢᠳᠡᠪᠬᠢᠵᠢᠯ ᠵᠶ᠋ᠠᠨ ᠴᠢᠩᠭ᠋ᠠᠷᠠᠭᠤᠯᠤᠨ᠎ᠠ ᠃ ᠳᠤᠮᠳᠠᠳᠤ ᠣᠷᠣᠰ ᠂ ᠳᠤᠮᠳᠠᠳᠤ ᠮᠣᠩᠭᠣᠯ᠎ᠯᠤᠭ᠎ᠠ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠵᠢᠨ ᠴᠢᠬᠤᠯᠠ ᠶᠡᠬᠡ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠠᠪᠴᠤ ᠨᠠᠢ᠌ᠳᠠᠪᠤᠷᠢᠵᠢᠭᠤᠯᠤᠨ ᠂ ᠳᠤᠮᠳᠠᠳᠤ ᠮᠣᠩᠭᠣᠯ᠎ᠤᠨ ᠦᠵᠡᠰᠭᠦᠯᠡᠩ᠎ᠢ ᠰᠠᠢ᠌ᠲᠤᠷ ᠡᠷᠬᠢᠯᠡᠵᠦ ᠂ ᠳᠡᠯᠡᠬᠡᠢ ᠵᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ᠎ᠤᠨ ᠴᠤᠭᠯᠠᠭ᠋ᠠᠨ ᠂ ᠪᠦᠬᠦ ᠪᠥᠮᠪᠥᠷᠴᠡᠭ᠎ᠤᠨ ᠰᠦ ᠰᠠᠭ᠋ᠠᠯᠢ ᠵᠢᠨ ᠦᠢ᠍ᠯᠡᠰ᠎ᠤᠨ ᠴᠤᠭᠯᠠᠭ᠋ᠠᠨ ᠵᠡᠷᠭᠡ ᠣᠯᠠᠨ ᠤᠯᠤᠰ᠎ᠤᠨ ᠰᠣᠯᠢᠯᠴᠠᠭ᠋ᠠᠨ᠎ᠤ ᠰᠢᠨ᠎ᠡ ᠲᠠᠪᠴᠠᠩ᠎ᠢ ᠴᠣᠭᠴᠠᠯᠠᠨ ᠂ ᠪᠦᠬᠦ ᠪᠥᠮᠪᠥᠷᠴᠡᠭ᠎ᠤᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠶᠡᠬᠡ ᠬᠤᠷᠠᠯ᠎ᠢ ᠡᠷᠬᠢᠯᠡᠵᠦ ᠂ ᠳᠤᠮᠳᠠᠳᠤ ᠤᠯᠤᠰ (ᠪᠤᠭᠤᠲᠤ)᠎ᠤᠨ ᠬᠠᠭᠤᠷᠠᠢ ᠳᠡᠭᠡᠷᠡᠬᠢ ᠲᠤᠨᠤᠭ ᠲᠥᠬᠦᠭᠡᠷᠦᠮᠵᠢ ᠵᠢᠨ ᠦᠵᠡᠰᠭᠦᠯᠡᠩ᠎ᠢ ᠳᠠᠭ᠋ᠠᠭ᠋ᠠᠨ ᠡᠷᠬᠢᠯᠡᠵᠦ ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ᠎ᠢ ᠡᠭᠦᠳᠦᠨ ᠡᠷᠬᠢᠯᠡᠵᠦ ᠂ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ᠎ᠳᠤ ᠨᠡᠩ ᠣᠯᠠᠨ ᠲᠤᠯᠭ᠋ᠠᠭᠤᠷᠢᠯᠠᠬᠤ ᠴᠡᠭ᠎ᠢ ᠡᠭᠦᠳᠦᠨ ᠪᠠᠢ᠌ᠭᠤᠯᠤᠨ᠎ᠠ ᠃
(ᠵᠢᠷᠭᠤᠭ᠎ᠠ) ᠠᠷᠠᠳ᠎ᠤᠨ ᠰᠠᠨᠠᠭ᠋ᠠᠰᠢᠷᠠᠵᠤ ᠪᠠᠢ᠌ᠭ᠎ᠠ ᠵᠢ ᠣᠢ᠌ᠯᠠᠭ᠋ᠠᠨ ᠰᠢᠢ᠍ᠳᠪᠦᠷᠢᠯᠡᠬᠦ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠪᠣᠳᠠᠲᠠᠢ ᠠᠵᠢᠯ ᠰᠠᠢ᠌ᠨ ᠶᠠᠪᠤᠳᠠᠯ᠎ᠢ ᠰᠠᠢ᠌ᠲᠤᠷ ᠬᠢᠵᠦ ᠂ ᠠᠷᠠᠳ ᠣᠯᠠᠨ᠎ᠤ ᠠᠮᠢᠳᠤᠷᠠᠯ᠎ᠢ ᠤᠯᠠᠮ ᠰᠠᠢ᠌ᠵᠢᠷᠠᠭᠤᠯᠬᠤ᠎ᠪᠠᠷ ᠴᠢᠷᠮᠠᠢ᠌ᠨ᠎ᠠ ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠠᠴᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠴᠢᠩᠭ᠎ᠠ ᠠᠩᠬᠠᠷᠴᠤ ᠂ ᠣᠯᠠᠨ ᠲᠦᠮᠡᠨ᠎ᠤ 《 ᠵᠠᠩᠭᠢᠯᠠᠭ᠎ᠠ ᠪᠣᠯᠬᠤ ᠵᠢᠵᠢᠭ ᠶᠠᠪᠤᠳᠠᠯ》᠎ᠤᠨ ᠲᠣᠭᠣᠷᠢᠨ᠎ᠳᠤ ᠠᠷᠠᠳ᠎ᠤᠨ ᠠᠮᠢᠳᠤᠷᠠᠯ᠎ᠤᠨ ᠲᠠᠯ᠎ᠠ᠎ᠳᠤ ᠬᠢᠵᠦ ᠥᠭᠬᠦ ᠪᠣᠳᠠᠲᠠᠢ ᠶᠠᠪᠤᠳᠠᠯ᠎ᠤᠨ ᠲᠣᠳᠣᠷᠬᠠᠢ ᠬᠠᠭᠤᠳᠠᠰᠤ ᠵᠢ ᠭᠠᠷᠭ᠋ᠠᠵᠤ ᠂ ᠲᠦᠷᠦᠯ ᠵᠦᠢ᠍ᠯᠵᠢᠭᠦᠯᠦᠭᠰᠡᠨ ᠬᠠᠮᠢᠶᠠᠷᠤᠯᠲᠠ ᠵᠢ ᠬᠡᠷᠡᠭᠵᠢᠭᠦᠯᠦᠨ ᠂ ᠪᠣᠳᠠᠲᠠᠢ ᠶᠠᠪᠤᠳᠠᠯ᠎ᠢ ᠦᠨᠡᠨ ᠬᠦ᠌ ᠰᠠᠢ᠌ᠲᠤᠷ ᠬᠢᠵᠦ ᠂ ᠰᠠᠢ᠌ᠨ ᠶᠠᠪᠤᠳᠠᠯ᠎ᠢ ᠪᠠᠲᠤᠲᠠᠢ ᠬᠢᠬᠦ ᠪᠣᠯᠭ᠋ᠠᠨ᠎ᠠ ᠃
ᠠᠵᠢᠯ ᠣᠯᠭᠣᠯᠲᠠ ᠵᠢ ᠬᠦᠴᠦᠯᠡᠨ ᠠᠬᠢᠭᠤᠯᠵᠤ ᠣᠷᠣᠯᠭ᠎ᠠ ᠵᠢ ᠪᠠᠲᠤᠯᠠᠨ᠎ᠠ ᠃ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠵᠦ ᠂ ᠵᠢᠯ᠎ᠤᠨ ᠰᠡᠭᠦᠯᠴᠢ ᠪᠣᠯᠬᠤ᠎ᠳᠤ ᠠᠵᠢᠯ ᠣᠯᠭᠣᠯᠲᠠ ᠵᠢᠨ ᠨᠤᠷᠮ᠎ᠠ᠎ᠪᠠᠨ 90% ᠭᠠᠷᠤᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ ᠃ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠪᠠ ᠨᠡᠢ᠌ᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠯᠥᠪᠯᠡᠭᠡ ᠵᠢ ᠬᠡᠷᠡᠭᠵᠢᠭᠦᠯᠵᠦ ᠂ ᠲᠦᠷᠦᠯ ᠵᠦᠢ᠍ᠯ᠎ᠤᠨ ᠠᠵᠢᠯᠲᠠᠨ᠎ᠢ 7500 ᠡᠯᠰᠡᠨ᠎ᠡ ᠃ ᠬᠣᠰᠢᠭᠤ ᠰᠢᠶᠠᠨ (ᠬᠤᠲᠠ ᠂ ᠲᠣᠭᠣᠷᠢᠭ) ᠪᠣᠯᠭ᠋ᠠᠨ᠎ᠳᠤ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠢ ᠨᠠᠭ᠋ᠠᠲᠤ ᠵᠠᠬ᠎ᠠ᠎ᠳᠤ᠎ᠪᠠᠨ 1 ᠪᠠᠢ᠌ᠭᠤᠯᠵᠤ ᠂ ᠤᠶᠠᠨ ᠠᠮᠢᠳᠤᠯᠢᠭ ᠵᠶ᠋ᠠᠷ ᠠᠵᠢᠯᠯᠠᠬᠤ ᠬᠥᠮᠥᠰ᠎ᠲᠤ ᠠᠵᠢᠯ ᠣᠯᠭᠣᠬᠤ ᠵᠢ ᠠᠬᠢᠭᠤᠯᠤᠨ᠎ᠠ ᠃ ᠵᠡᠮᠳᠡᠭᠴᠦᠳ᠎ᠲᠤ ᠠᠵᠢᠯ ᠣᠯᠭᠣᠬᠤ ᠠᠵᠢᠯᠯᠠᠭ᠋ᠠᠨ᠎ᠢ ᠬᠡᠷᠡᠭᠵᠢᠭᠦᠯᠵᠦ ᠂ ᠠᠵᠢᠯ ᠣᠯᠣᠭᠰᠠᠳ᠎ᠢ 8000 ᠰᠢᠨ᠎ᠡ᠎ᠪᠠᠷ ᠨᠡᠮᠡᠭᠳᠡᠭᠦᠯᠦᠨ᠎ᠡ ᠃ ᠵᠠᠰᠠᠭ᠎ᠤᠨ ᠣᠷᠳᠣᠨ᠎ᠤ ᠨᠥᠬᠥᠪᠦᠷᠢ ᠥᠭᠬᠦ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ 25 ᠲᠦᠮᠡᠨ ᠬᠥᠮᠥᠨ ᠤᠳᠠᠭ᠎ᠠ ᠥᠷᠨᠢᠭᠦᠯᠵᠦ ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠠᠵᠢᠯ ᠣᠯᠬᠤ᠎ᠳᠤ ᠬᠦᠴᠢᠷᠲᠡᠢ ᠵᠡᠷᠭᠡ ᠬᠥᠮᠥᠰ᠎ᠲᠤ ᠰᠦᠢ᠍ᠳᠬᠡᠯ ᠬᠤᠷᠢᠶᠠᠬᠤ ᠦᠭᠡᠢ᠎ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠦᠷᠦᠯ ᠵᠦᠢ᠍ᠯ᠎ᠳᠤ ᠬᠦᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠵᠦ ᠪᠠᠢ᠌ᠭ᠋ᠠᠳ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠣᠷᠤᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠤᠨ᠎ᠠ ᠂ ᠲᠠᠷᠢᠶᠠᠴᠢᠨ ᠪᠠ ᠠᠵᠤ ᠠᠬᠤᠢ᠌ᠯᠠᠯ᠎ᠤᠨ ᠠᠰᠢᠭ ᠲᠤᠰᠠ ᠵᠢ ᠬᠣᠯᠪᠣᠭᠳᠠᠭᠤᠯᠬᠤ ᠲᠣᠭᠲᠠᠴᠠ ᠂ ᠭᠠᠴᠠᠭ᠎ᠠ ᠲᠤᠰᠬᠤᠨ᠎ᠤ ᠬᠠᠮᠲᠤ ᠵᠢᠨ ᠠᠵᠤ ᠠᠬᠤᠢ ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠯᠧᠺᠲᠷᠣᠨ ᠬᠤᠳᠠᠯᠳᠤᠭ᠋ᠠᠨ᠎ᠤ ᠲᠠᠪᠴᠠᠩ ᠵᠡᠷᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠪᠠᠢ᠌ᠭ᠋ᠠᠳ ᠲᠠᠷᠢᠶᠠᠴᠢᠨ ᠮᠠᠯᠴᠢᠳ᠎ᠤᠨ ᠣᠷᠤᠯᠭ᠎ᠠ ᠵᠢ᠎ᠨᠢ ᠨᠡᠮᠡᠭᠳᠡᠭᠦᠯᠬᠦ᠎ᠪᠠᠷ ᠳᠠᠢ᠍ᠢ᠍ᠴᠢᠯᠠᠨᠠ ᠃ ᠴᠠᠯᠢᠩ ᠬᠥᠯᠥᠰᠦ ᠵᠢ᠎ᠨᠢ ᠥᠷᠢᠲᠦᠬᠦ ᠵᠢ ᠰᠡᠷᠭᠡᠢ᠌ᠯᠡᠨ ᠴᠡᠭᠴᠡᠯᠡᠵᠦ ᠵᠠᠰᠠᠬᠤ᠎ᠪᠠᠨ ᠴᠢᠩᠭ᠋ᠠᠷᠠᠭᠤᠯᠵᠤ ᠂ ᠬᠥᠯᠥᠰᠦᠨ ᠲᠠᠷᠢᠶᠠᠴᠢᠨ ᠮᠠᠯᠴᠢᠳ᠎ᠤᠨ ᠵᠣᠪᠠᠵᠤ ᠵᠦᠳᠡᠷᠡᠵᠦ ᠣᠯᠣᠭᠰᠠᠨ ᠵᠣᠭᠣᠰ᠎ᠢ ᠨᠢᠭᠡ ᠮᠥᠩᠭᠥ ᠴᠦ᠍ ᠥᠷᠢᠲᠦᠵᠦ ᠪᠣᠯᠬᠤ ᠦᠭᠡᠢ ᠃
ᠨᠡᠢ᠌ᠭᠡᠮ᠎ᠤᠨ ᠪᠠᠲᠤᠯᠠᠭ᠎ᠠ ᠵᠢ ᠬᠦᠴᠦᠯᠡᠨ ᠴᠢᠩᠭ᠋ᠠᠳᠬᠠᠨ᠎ᠠ ᠃ ᠨᠠᠰᠤᠵᠢᠯ᠎ᠤᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠳ᠎ᠢ 50 ᠲᠦᠮᠡ ᠰᠢᠨ᠎ᠡ᠎ᠪᠠᠷ ᠨᠡᠮᠡᠭᠳᠡᠭᠦᠯᠦᠨ᠎ᠡ ᠃ ᠨᠡᠢ᠌ᠭᠡᠮ᠎ᠤᠨ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠂ ᠬᠤᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠡᠮᠡᠭᠳᠡᠯ᠎ᠤᠨ ᠬᠡᠮᠵᠢᠶ᠎ᠡ ᠵᠢ 5%᠎ᠠᠴᠠ ᠳᠡᠭᠡᠭᠰᠢ ᠪᠣᠯᠭ᠋ᠠᠵᠤ ᠂ ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠮᠥᠩᠭᠥᠨ᠎ᠤ ᠨᠡᠮᠡᠭᠳᠡᠯ᠎ᠤᠨ ᠬᠡᠮᠵᠢᠶ᠎ᠡ ᠵᠢ 8.3%᠎ᠠᠴᠠ ᠳᠡᠭᠡᠭᠰᠢ ᠪᠣᠯᠭ᠋ᠠᠨ᠎ᠠ ᠃ 《ᠨᠠᠰᠤᠲᠠᠢ᠌ᠴᠤᠳ ᠪᠠ ᠨᠢᠯᠬᠠᠰ》᠎ᠢ ᠰᠡᠳᠬᠢᠯ ᠲᠠᠯᠪᠢᠨ ᠬᠠᠢ᠌ᠷᠠᠯᠠᠵᠤ ᠬᠠᠮᠠᠭ᠋ᠠᠯᠠᠨ ᠂ ᠬᠤᠲᠠ ᠵᠢᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠴᠢᠳᠠᠮᠵᠢ ᠵᠢ ᠪᠠᠲᠤᠳᠬᠠᠨ ᠳᠡᠭᠡᠭᠰᠢᠯᠡᠭᠦᠯᠵᠦ ᠂ ᠣᠨᠴᠠᠭ᠋ᠠᠢ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ 2.6 ᠲᠦᠮᠡᠨ ᠡᠷᠦᠬᠡ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠵᠦ ᠰᠢᠨᠡᠳᠬᠡᠨ ᠂ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠤᠭᠰᠠᠨ ᠰᠠᠭᠤᠭ᠋ᠠᠯᠢ ᠲᠣᠭᠣᠷᠢᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨ ᠲᠣᠬᠢᠷᠠᠭᠤᠯᠤᠨ᠎ᠠ ; ᠰᠢᠶᠠᠩ ᠪᠠᠯᠭ᠋ᠠᠰᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠠ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2350 ᠰᠢᠨ᠎ᠡ᠎ᠪᠠᠷ ᠪᠠᠢ᠌ᠭᠤᠯᠵᠤ ᠂ ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠵᠣᠯ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠦᠨ᠎ᠡ ; ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 2 ᠲᠦᠮᠡ ᠰᠢᠨ᠎ᠡ᠎ᠪᠠᠷ ᠨᠡᠮᠡᠭᠳᠡᠭᠦᠯᠦᠨ᠎ᠡ ᠃ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢᠨ 6500 ᠡᠷᠦᠬᠡ᠎ᠳᠤ ᠰᠠᠭ᠋ᠠᠳ ᠦᠭᠡᠢ ᠲᠥᠬᠦᠭᠡᠷᠦᠮᠵᠢ ᠥᠭᠡᠷᠡᠴᠢᠯᠡᠵᠦ ᠲᠣᠬᠢᠷᠠᠭᠤᠯᠬᠤ ᠵᠢ ᠪᠡᠶᠡᠯᠡᠭᠦᠯᠦᠨ᠎ᠡ ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠵᠣᠬᠢᠬᠤ ᠨᠠᠰᠤᠨ᠎ᠤ ᠡᠮᠡᠭᠲᠡᠢ᠌ᠴᠦᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ 《ᠬᠣᠶᠠᠷ ᠵᠦᠢ᠍ᠯ᠎ᠤᠨ ᠦᠮᠡᠨ ᠡᠪᠡᠳᠴᠢᠨ》᠎ᠢ᠎ᠨᠢ ᠰᠢᠭᠰᠢᠨ ᠪᠠᠢ᠌ᠴᠠᠭ᠋ᠠᠬᠤ ᠠᠵᠢᠯ᠎ᠢ ᠥᠷᠨᠢᠭᠦᠯᠵᠦ ᠂ ᠣᠨᠣᠰᠢᠯᠠᠭᠳᠠᠭᠰᠠᠨ ᠡᠪᠡᠳᠴᠢᠲᠡᠨ᠎ᠳᠤ ᠲᠤᠬᠠᠢ ᠵᠢᠨ ᠵᠢᠯ᠎ᠳᠤᠨᠢ ᠲᠦᠮᠡᠨ ᠲᠥᠭᠥᠷᠢᠭ᠎ᠤᠨ ᠲᠤᠰᠠᠯᠠᠮᠵᠢ ᠣᠯᠭᠣᠨ᠎ᠠ ᠃
ᠣᠯᠠᠨ ᠲᠦᠮᠡᠨ᠎ᠳᠤ ᠬᠣᠯᠪᠣᠭᠳᠠᠬᠤ ᠠᠵᠢᠯ ᠶᠠᠪᠤᠳᠠᠯ᠎ᠢ ᠴᠢᠷᠮᠠᠢ᠌ᠨ ᠰᠠᠢ᠌ᠲᠤᠷ ᠭᠦᠢ᠍ᠴᠡᠳᠬᠡᠵᠦ ᠥᠭᠭᠦᠨ᠎ᠡ ᠃ ᠬᠡᠦᠬᠡᠳ᠎ᠤᠨ ᠴᠡᠴᠡᠷᠯᠢᠭ᠎ᠢ 204 ᠂ ᠳᠤᠮᠳᠠᠳᠤ ᠪᠠᠭ᠎ᠠ ᠰᠤᠷᠭ᠋ᠠᠭᠤᠯᠢ ᠵᠢ 676 ᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ 13 ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠢ᠌ᠭᠤᠯᠵᠤ ᠂ ᠬᠡᠦᠬᠡᠳ ᠪᠠ ᠰᠤᠷᠤᠭᠴᠢᠳ᠎ᠤᠨ ᠣᠷᠣ ᠵᠢ 6.9 ᠲᠦᠮᠡ ᠰᠢᠨ᠎ᠡ᠎ᠪᠠᠷ ᠨᠡᠮᠡᠭᠳᠡᠭᠦᠯᠦᠨ᠎ᠡ ᠃ ᠤᠯᠤᠰ᠎ᠤᠨ ᠣᠶᠤᠨᠯᠢᠭ ᠰᠤᠷᠭ᠋ᠠᠨ ᠬᠥᠮᠦᠵᠢᠯ᠎ᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠥᠪᠥᠷ ᠮᠣᠩᠭᠣᠯ᠎ᠤᠨ ᠲᠤᠷᠰᠢᠯᠲᠠ ᠵᠢᠨ ᠴᠡᠭ᠎ᠢ ᠲᠦᠷᠭᠡᠳᠬᠡᠨ ᠪᠠᠢ᠌ᠭᠤᠯᠵᠤ ᠂ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭ᠋ᠠᠵᠢᠭᠤᠯᠤᠭᠰᠠᠨ ᠪᠠᠷᠢᠮᠵᠢᠶᠠᠲᠤ ᠰᠢᠯᠭ᠋ᠠᠯᠲᠠ ᠵᠢᠨ 2 ᠲᠦᠮᠡᠨ ᠲᠠᠯᠠᠪᠤᠷ᠎ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ ᠃ ᠬᠤᠲᠠ ᠲᠣᠭᠣᠷᠢᠭ᠎ᠤᠨ 1000 ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠥᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠣᠨ ᠲᠣᠮᠢᠯᠠᠵᠤ ᠬᠣᠷᠰᠢᠯᠴᠠᠨ ᠬᠠᠪᠰᠤᠷᠤᠯᠴᠠᠭᠤᠯᠵᠤ ᠲᠡᠳᠬᠦᠨ᠎ᠡ ᠃ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠋ᠠᠨ᠎ᠤ ᠡᠮᠨᠡᠯᠭᠡ ᠵᠢᠨ ᠬᠣᠷᠢᠶ᠎ᠠ ᠵᠢ 43 ᠂ ᠨᠢᠭᠲᠠ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢ 20 ᠂ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠣᠷᠢᠶ᠎ᠠ ᠵᠢ 140 ᠪᠠᠢ᠌ᠭᠤᠯᠵᠤ ᠂ ᠦᠨᠳᠦᠰᠦᠨ ᠱᠠᠲᠤᠨ᠎ᠤ ᠬᠢᠲᠠᠳ (ᠮᠣᠩᠭᠣᠯ) ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ ᠂ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠬᠡᠬᠦ ᠪᠠ ᠣᠷᠣᠨ ᠪᠦᠰᠡ᠎ᠳᠤ ᠲᠡᠩᠴᠡᠭᠦᠷᠢᠲᠡᠢ ᠪᠠᠢ᠌ᠷᠢᠰᠢᠭᠤᠯᠬᠤ ᠵᠢ ᠠᠬᠢᠭᠤᠯᠤᠨ ᠂ ᠣᠯᠠᠨ ᠲᠦᠮᠡᠨ᠎ᠤ ᠡᠪᠡᠳᠴᠢᠨ ᠵᠶ᠋ᠠᠨ ᠡᠮᠨᠡᠭᠦᠯᠵᠦ ᠡᠮ ᠲᠠᠩ ᠬᠤᠳᠠᠯᠳᠤᠵᠤ ᠠᠪᠬᠤ ᠵᠢᠨ ᠲᠦᠭᠦᠮ ᠳᠥᠲᠡ ᠴᠢᠨᠠᠷ ᠂ ᠥᠨᠳᠥᠷ ᠪᠦᠲᠦᠮᠵᠢᠲᠦ ᠴᠢᠨᠠᠷ ᠂ ᠠᠮᠤᠷ ᠲᠦᠪᠰᠢᠨ᠎ᠤ ᠴᠢᠨᠠᠷ᠎ᠢ ᠳᠡᠭᠡᠭᠰᠢᠯᠡᠭᠦᠯᠦᠨ᠎ᠡ ᠃ ᠭᠡᠷ ᠪᠦᠯᠢ ᠵᠢᠨ ᠡᠮᠴᠢ᠎ᠯᠦᠭᠡ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠤᠭᠴᠢᠳ᠎ᠤᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠵᠠᠰᠠᠬᠤ ᠠᠵᠢᠯ᠎ᠳᠤ ᠨᠡᠢ᠌ᠳᠡᠮ ᠰᠢᠭᠰᠢᠨ ᠪᠠᠢ᠌ᠴᠠᠭ᠋ᠠᠯᠲᠠ ᠬᠢᠵᠦ ᠂ ᠬᠦᠴᠢᠷᠳᠡᠯᠲᠡᠢ ᠭᠡᠷ ᠪᠦᠯᠢ ᠵᠢᠨ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠨᠢᠳᠦᠨ ᠰᠢᠯ ᠲᠠᠭ᠋ᠠᠷᠠᠭᠤᠯᠤᠨ ᠥᠭᠴᠦ ᠂ ᠰᠦᠢ᠍ᠳᠬᠡᠯ ᠬᠤᠷᠢᠶᠠᠬᠤ ᠦᠭᠡᠢ᠎ᠪᠠᠷ ᠬᠢᠯᠠᠷ ᠬᠠᠷᠠᠭ᠎ᠠ ᠰᠤᠯᠠ ᠬᠠᠷᠠᠭ᠎ᠠ ᠵᠢ᠎ᠨᠢ ᠵᠠᠰᠠᠬᠤ ᠪᠤᠶᠤ ᠡᠮᠨᠡᠵᠦ ᠥᠭᠭᠦᠨ᠎ᠡ ᠃ ᠬᠠᠮᠠᠷ᠎ᠤᠨ ᠬᠠᠷᠰᠢᠮᠠᠲᠠᠭ᠋ᠠᠢ ᠦᠷᠪᠢᠰᠦᠯ᠎ᠢ ᠶᠡᠷᠦᠩᠬᠡᠢ᠎ᠳᠤ᠎ᠨᠢ ᠰᠡᠷᠭᠡᠢ᠌ᠯᠡᠨ ᠵᠠᠰᠠᠬᠤ ᠵᠢ ᠥᠷᠨᠢᠭᠦᠯᠦᠨ᠎ᠡ ᠃ ᠤᠯᠠᠭ᠋ᠠᠨᠮᠥ᠋ᠴᠢᠷ ᠪᠠ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠦᠨᠳᠦᠰᠦᠨ ᠱᠠᠲᠤᠨ᠎ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭ᠋ᠠᠬᠤ ᠵᠢ ᠵᠣᠬᠢᠶᠠᠨ ᠪᠠᠢ᠌ᠭᠤᠯᠤᠨ᠎ᠠ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 350 ᠵᠦᠢ᠍ᠯᠡᠰ᠎ᠲᠤ 《ᠭᠡᠷᠡᠴᠢ ᠦᠨᠡᠮᠯᠡᠯ ᠠᠪᠬᠤ ᠦᠭᠡᠢ᠎ᠪᠠᠷ ᠭᠦᠢ᠍ᠴᠡᠳᠬᠡᠬᠦ》 ᠂ 115 ᠵᠦᠢ᠍ᠯᠡᠰ᠎ᠲᠤ 《ᠨᠢᠭᠡ ᠠᠵᠢᠯ ᠶᠠᠪᠤᠳᠠᠯ᠎ᠢ ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠪᠣᠯᠭ᠋ᠠᠵᠤ ᠂ ᠲᠤᠰᠬᠤᠨ᠎ᠤ ᠱᠠᠲᠤᠨ᠎ᠤ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡᠨ᠎ᠤ ᠲᠥᠪ᠎ᠤᠨ 《ᠬᠠᠪᠰᠤᠷᠴᠤ ᠣᠷᠣᠯᠠᠨ ᠭᠦᠢ᠍ᠴᠡᠳᠬᠡᠬᠦ》 ᠵᠢ ᠭᠦᠨᠵᠡᠭᠡᠢ ᠬᠡᠷᠡᠭᠵᠢᠭᠦᠯᠵᠦ ᠂ 《 ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ》 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ》 ᠵᠢ ᠪᠦᠬᠦ ᠲᠠᠯ᠎ᠠ᠎ᠪᠠᠷ ᠬᠡᠷᠡᠭᠵᠢᠭᠦᠯᠦᠨ ᠂ ᠡᠮᠴᠢᠯᠡᠭᠡᠨ᠎ᠤ ᠳᠠᠭ᠋ᠠᠳᠬᠠᠯ᠎ᠤᠨ ᠠᠷᠠᠳ᠎ᠲᠤ ᠲᠦᠭᠦᠮ ᠦᠵᠡᠭᠦᠯᠬᠦ ᠦᠢ᠍ᠯᠡᠴᠢᠯᠡᠭᠡᠨ᠎ᠤ 15 ᠮᠢᠨᠦ᠋ᠲ᠎ᠤᠨ ᠬᠡᠪᠴᠢᠶᠡᠨ᠎ᠳᠤ ᠭᠦᠢ᠍ᠴᠡᠳᠬᠡᠬᠦ ᠵᠢ ᠪᠦᠬᠦ ᠲᠠᠯ᠎ᠠ᠎ᠪᠠᠷ ᠪᠠᠢ᠌ᠭᠤᠯᠤᠨ᠎ᠠ ᠃
ᠣᠯᠠᠨ ᠲᠦᠮᠡᠨ᠎ᠤ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠬᠦᠴᠦᠯᠡᠨ ᠰᠠᠢ᠌ᠵᠢᠷᠠᠭᠤᠯᠤᠨ᠎ᠠ ᠃ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ 1602 ᠂ ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ 1.5 ᠲᠦᠮᠡᠨ ᠢᠵᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.1 ᠲᠦᠮᠡᠨ ᠢᠵᠢ ᠪᠠᠢ᠌ᠭᠤᠯᠵᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠤ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠠᠬᠢᠭᠤᠯᠤᠨ᠎ᠠ ᠂ ᠰᠢᠲᠠᠮᠠᠬᠠᠢ ᠬᠡᠢ ᠂ ᠤᠰᠤ ᠬᠠᠩᠭ᠋ᠠᠬᠤ ᠂ ᠤᠰᠤ ᠵᠠᠯᠠᠬᠤ ᠂ ᠢᠯᠴᠢ ᠬᠠᠩᠭ᠋ᠠᠬᠤ ᠵᠡᠷᠭᠡ ᠬᠠᠭᠤᠴᠢᠷᠠᠭᠰᠠᠨ ᠬᠣᠭᠣᠯᠠᠢ ᠭᠤᠤᠷᠰᠤ ᠵᠢ 1500 ᠺᠢᠯᠣᠮᠧᠲᠷ ᠥᠭᠡᠷᠡᠴᠢᠯᠡᠨ ᠰᠢᠨᠡᠳᠬᠡᠨ᠎ᠡ ᠃ ᠪᠡᠶ᠎ᠡ ᠵᠢᠨ ᠲᠠᠮᠢᠷ᠎ᠤᠨ ᠴᠡᠴᠡᠷᠯᠢᠭ᠎ᠢ 36 ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ 32 ᠂ ᠲᠡᠰᠢᠯᠲᠡ ᠵᠢᠨ ᠲᠠᠯᠠᠪᠤᠷ᠎ᠢ 33 ᠂ ᠣᠯᠠᠨ ᠴᠢᠳᠠᠮᠵᠢᠲᠤ ᠲᠠᠮᠢᠷ᠎ᠤᠨ ᠬᠥᠳᠡᠯᠭᠡᠭᠡᠨ᠎ᠤ ᠲᠠᠯᠠᠪᠤᠷ᠎ᠢ 103 ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ 335 ᠺᠢᠯᠣᠮᠧᠲᠷ ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠢ᠌ᠭᠤᠯᠤᠨ᠎ᠠ ᠃ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ 3000 ᠭᠠᠷᠤᠢ ᠥᠭᠡᠷᠡᠴᠢᠯᠡᠨ ᠰᠢᠨᠡᠳᠬᠡᠵᠦ ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠲᠷ ᠂ ᠡᠷᠦᠬᠡ ᠵᠢᠨ ᠠᠷᠢᠭᠤᠨ ᠴᠡᠪᠡᠷ ᠵᠤᠷᠯᠤᠩ᠎ᠢ 6 ᠲᠦᠮᠡ ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠪᠠᠢ᠌ᠭᠤᠯᠤᠨ ᠂ ᠤᠰᠤ ᠬᠠᠩᠭ᠋ᠠᠬᠤ ᠪᠠᠲᠤᠯᠠᠭ᠎ᠠ ᠵᠢᠨ ᠢᠨᠵᠧᠨᠧᠷᠢᠩ᠎ᠢ 500 ᠂ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠵᠢᠨ ᠴᠡᠭ᠎ᠤᠨ ᠢᠨᠵᠧᠨᠧᠷᠢᠩ᠎ᠢ 820 ᠰᠢᠨ᠎ᠡ᠎ᠪᠠᠷ ᠪᠠᠢ᠍ᠢ᠍ᠭᠤᠯᠬᠤ ᠪᠠ ᠥᠷᠭᠡᠳᠬᠡᠨ ᠪᠠᠢ᠌ᠭᠤᠯᠤᠨ᠎ᠠ ᠃ ᠲᠠᠷᠢᠶᠠᠯᠠᠬᠤ ᠮᠠᠯᠵᠢᠬᠤ ᠣᠷᠣᠨ᠎ᠤ 《ᠠᠶᠠᠨᠴᠢᠳ᠎ᠤᠨ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡ ᠰᠢᠤᠳᠠᠨ᠎ᠤ ᠲᠦᠷᠭᠡᠨ ᠢᠯᠡᠭᠡᠯᠲᠡ》 ᠵᠢᠨ ᠠᠭᠤᠰᠤᠯᠴᠠᠨ ᠬᠥᠭᠵᠢᠬᠦ ᠵᠢ ᠲᠦᠷᠭᠡᠳᠬᠡᠵᠦ ᠂ 《ᠭᠠᠴᠠᠭ᠎ᠠ ᠲᠤᠰᠬᠤᠨ᠎ᠳᠤ ᠲᠦᠷᠭᠡᠨ ᠢᠯᠡᠭᠡᠯᠲᠡ᠎ᠲᠠᠢ ᠪᠣᠯᠭ᠋ᠠᠬᠤ》 ᠴᠢᠨᠠᠷ ᠴᠢᠨᠰᠠᠭ᠎ᠠ ᠪᠠ ᠦᠷ᠎ᠡ ᠠᠰᠢᠭ᠎ᠢ ᠳᠡᠭᠡᠭᠰᠢᠯᠡᠭᠦᠯᠦᠨ ᠂ ᠭᠠᠴᠠᠭ᠎ᠠ ᠲᠤᠰᠬᠤᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ᠎ᠢ 3500 ᠰᠢᠨ᠎ᠡ᠎ᠪᠠᠷ ᠨᠡᠮᠡᠭᠳᠡᠭᠦᠯᠵᠦ ᠂ ᠲᠠᠷᠢᠶᠠᠯᠠᠬᠤ ᠮᠠᠯᠵᠢᠬᠤ ᠣᠷᠣᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡ ᠵᠢᠨ ᠪᠦᠷᠢᠨ ᠪᠦᠷᠬᠦᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ ᠃ ᠬᠤᠲᠠ ᠪᠠᠯᠭ᠋ᠠᠰᠤᠨ᠎ᠤ ᠲᠥᠪᠯᠡᠷᠡᠭᠦᠯᠦᠨ ᠢᠯᠴᠢ ᠬᠠᠩᠭ᠋ᠠᠬᠤ᠎ᠳᠤ ᠬᠡᠷᠡᠭᠯᠡᠬᠦ ᠨᠡᠭᠦᠷᠡᠰᠦ ᠂ ᠲᠠᠷᠢᠶᠠᠴᠢᠨ ᠮᠠᠯᠴᠢᠳ᠎ᠲᠤ 《ᠬᠠᠯᠠᠮᠵᠢ ᠵᠢᠨ ᠨᠡᠭᠦᠷᠡᠰᠦ》 ᠵᠢ ᠪᠠᠲᠤᠯᠠᠬᠤ ᠪᠠ ᠴᠡᠪᠡᠷ ᠳᠤᠯᠠᠭ᠋ᠠᠯᠠᠭ᠎ᠠ ᠵᠢ ᠥᠭᠡᠷᠡᠴᠢᠯᠡᠨ ᠰᠢᠨᠡᠳᠬᠡᠬᠦ ᠠᠵᠢᠯ ᠵᠶ᠋ᠠᠨ ᠯᠠᠪᠳᠠᠭᠤᠨ ᠪᠠᠲᠤᠲᠠᠢ ᠰᠠᠢ᠌ᠲᠤᠷ ᠬᠢᠵᠦ ᠂ ᠣᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠨ᠎ᠠ ᠃
(ᠲᠣᠯᠤᠭ᠎ᠠ) ᠭᠣᠣᠯᠳᠠᠯᠭ᠎ᠠ ᠪᠣᠯᠬᠤ ᠬᠦᠷᠢᠶᠡᠨ᠎ᠤ ᠲᠦᠭᠰᠢᠭᠦᠷᠢ ᠵᠢᠨ ᠬᠡᠮ ᠰᠣᠭᠣᠭ᠎ᠢ ᠪᠦᠳᠦᠮᠵᠢᠳᠡᠢ ᠰᠡᠷᠭᠡᠢ᠌ᠯᠡᠨ ᠠᠷᠢᠯᠭ᠋ᠠᠵᠤ ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠦᠨᠡᠨ ᠬᠦ᠌ ᠪᠠᠲᠤ ᠴᠣᠭᠴᠠᠯᠠᠵᠤ ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠨ᠎ᠠ ᠃ ᠲᠦᠭᠰᠢᠭᠦᠷᠢ ᠵᠢ ᠰᠡᠷᠭᠡᠢ᠌ᠯᠡᠬᠦ ᠂ ᠠᠮᠤᠷ ᠲᠦᠪᠰᠢᠨ᠎ᠢ ᠪᠠᠲᠤᠯᠠᠬᠤ ᠂ ᠠᠮᠤᠷ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠳᠬᠤᠵᠤ ᠂ ᠠᠮᠤᠷ ᠲᠦᠪᠰᠢᠨ᠎ᠤ ᠵᠠᠰᠠᠯᠲᠠ ᠂ ᠨᠡᠢ᠌ᠭᠡᠮ᠎ᠤᠨ ᠵᠠᠰᠠᠯᠲᠠ ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠠᠯ᠎ᠠ᠎ᠪᠠᠷ᠎ᠬᠢ ᠴᠢᠳᠠᠪᠤᠷᠢ ᠵᠢᠨ ᠳᠤᠲᠠᠭᠤᠳᠠᠯ ᠵᠶ᠋ᠠᠨ ᠬᠦᠴᠦᠯᠡᠨ ᠨᠥᠬᠥᠪᠦᠷᠢᠯᠡᠵᠦ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠣᠯ᠎ᠢ ᠲᠦᠷᠭᠡᠳᠬᠡᠨ ᠪᠠᠢ᠌ᠭᠤᠯᠤᠨ᠎ᠠ ᠃
ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠦᠨ᠎ᠡ ᠃ ᠰᠢᠨ᠎ᠡ ᠱᠠᠲᠤ ᠦᠶ᠎ᠡ᠎ᠳᠠᠬᠢ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ ᠂ ᠠᠵᠢᠯ᠎ᠤᠨ ᠭᠣᠣᠯᠳᠠᠯᠭ᠎ᠠ᠎ᠪᠠᠨ ᠡᠷᠡᠭᠦᠯ ᠴᠢᠭᠢᠷᠠᠭ᠎ᠢ ᠬᠠᠮᠠᠭ᠋ᠠᠯᠠᠬᠤ ᠂ ᠬᠦᠨᠳᠦ ᠡᠪᠡᠳᠴᠢᠨ ᠲᠤᠰᠬᠤ ᠵᠢ ᠰᠡᠷᠭᠡᠢ᠌ᠯᠡᠬᠦ ᠳᠡᠭᠡᠷ᠎ᠡ ᠰᠢᠯᠵᠢᠭᠦᠯᠵᠦ ᠂ 《ᠬᠥᠬᠡᠭᠴᠢᠨ ᠲᠦᠷᠦᠯ᠎ᠳᠤ ᠬᠥᠬᠡᠭᠴᠢᠨ ᠲᠡᠰ᠎ᠤᠨ ᠬᠠᠮᠢᠶᠠᠷᠤᠯᠲᠠ ᠬᠢᠬᠦ》 ᠵᠢ ᠯᠠᠪᠳᠠᠭᠤᠨ ᠪᠠᠲᠤᠲᠠᠢ ᠡᠮᠬᠢ ᠳᠢᠭᠯᠢᠮ᠎ᠲᠠᠢ ᠬᠡᠷᠡᠭᠵᠢᠭᠦᠯᠦᠨ ᠂ ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠬᠠᠯᠠᠭᠤᠷᠠᠯ᠎ᠢ ᠡᠮᠨᠡᠬᠦ ᠲᠠᠰᠤᠭ ᠲᠣᠬᠢᠷᠠᠭᠤᠯᠵᠤ ᠪᠣᠯᠪᠠᠯ ᠠᠯᠢ ᠴᠢᠳᠠᠬᠤ᠎ᠪᠠᠷ ᠲᠣᠬᠢᠷᠠᠭᠤᠯᠵᠤ ᠂ ᠠᠵᠢᠯᠯᠠᠵᠤ ᠪᠣᠯᠪᠠᠯ ᠠᠯᠢ ᠴᠢᠳᠠᠬᠤ᠎ᠪᠠᠷ ᠠᠵᠢᠯᠯᠠᠭᠤᠯᠬᠤ ᠵᠢ ᠠᠬᠢᠭᠤᠯᠤᠨ ᠂ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠪᠠ ᠡᠮᠴᠢᠯᠡᠭᠡᠨ᠎ᠤ ᠠᠪᠤᠷᠠᠨ ᠵᠠᠰᠠᠬᠤ ᠪᠠᠲᠤᠯᠠᠭ᠎ᠠ ᠵᠢ ᠰᠠᠢ᠌ᠲᠤᠷ ᠠᠳᠬᠤᠵᠤ ᠂ ᠦᠨᠳᠦᠰᠦᠨ ᠱᠠᠲᠤᠨ᠎ᠤ ᠬᠢᠵᠢᠭ᠎ᠢ ᠰᠡᠷᠭᠡᠢ᠌ᠯᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠂ ᠲᠠᠷᠢᠶᠠᠯᠠᠬᠤ ᠮᠠᠯᠵᠢᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠋ᠠᠳᠬᠠᠵᠤ ᠂ ᠪᠦᠭᠦ ᠬᠥᠮᠥᠰ᠎ᠲᠤ ᠡᠬᠡᠯᠢᠯᠡᠭᠡ ᠵᠢᠨ ᠲᠠᠷᠢᠯᠭ᠎ᠠ ᠲᠠᠷᠢᠬᠤ ᠵᠢ ᠴᠢᠩᠭ᠋ᠠᠳᠬᠠᠨ ᠂ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠤᠯᠠᠮ ᠬᠠᠨᠳᠤᠯᠭ᠋ᠠᠲᠤ ᠴᠢᠨᠠᠷᠲᠠᠢ ᠥᠷᠨᠢᠭᠦᠯᠵᠦ ᠂ ᠨᠠᠰᠤᠲᠠᠢ᠌ᠴᠤᠳ ᠂ ᠬᠡᠦᠬᠡᠳ ᠵᠡᠷᠭᠡ ᠭᠣᠣᠯᠳᠠᠯᠭ᠎ᠠ ᠪᠣᠯᠬᠤ ᠬᠥᠮᠥᠰ᠎ᠲᠤ ᠰᠡᠷᠭᠡᠢ᠌ᠯᠡᠵᠦ ᠬᠠᠮᠠᠭ᠋ᠠᠯᠠᠬᠤ ᠪᠠ ᠠᠪᠤᠷᠠᠨ ᠵᠠᠰᠠᠬᠤ ᠠᠵᠢᠯ᠎ᠢ ᠪᠦᠭᠦ ᠬᠦᠴᠦᠨ ᠵᠶ᠋ᠠᠷ ᠵᠶ᠋ᠠᠨ ᠰᠠᠢ᠌ᠲᠤᠷ ᠬᠢᠵᠦ ᠂ ᠡᠮᠴᠢᠯᠡᠭᠡᠨ᠎ᠤ ᠲᠠᠯ᠎ᠠ᠎ᠳᠤ ᠲᠦᠷᠬᠢᠯᠡᠨ ᠰᠢᠪᠬᠠᠷᠤᠭᠤᠯᠬᠤ ᠪᠠᠢ᠌ᠳᠠᠯ ᠡᠭᠦᠰᠬᠦ ᠂ ᠳᠠᠭ᠋ᠠᠯᠲᠠ ᠭᠠᠢ ᠭᠠᠷᠬᠤ᠎ᠠᠴᠠ ᠰᠡᠷᠭᠡᠢ᠌ᠯᠡᠨ ᠂ ᠨᠡᠢ᠌ᠭᠡᠮ᠎ᠤᠨ ᠡᠮᠬᠢ ᠳᠢᠭᠯᠢᠮ᠎ᠤᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ ᠃
ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠷᠢᠶᠡᠨ᠎ᠤ ᠲᠦᠭᠰᠢᠭᠦᠷᠢ ᠵᠢᠨ 《ᠳᠥᠯᠭᠡᠨ ᠰᠢᠯᠵᠢᠯᠲᠡ》 ᠵᠢ ᠬᠦᠴᠦᠯᠡᠨ ᠠᠬᠢᠭᠤᠯᠤᠨ᠎ᠠ ᠃ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ ᠂ 《ᠲᠦᠷᠪᠡᠨ ᠨᠢᠭᠡ ᠪᠦᠯᠦᠭ》᠎ᠤᠨ ᠠᠷᠭ᠎ᠠ ᠪᠠᠷᠢᠯ᠎ᠢ ᠦᠷᠭᠦᠯᠵᠢᠯᠡᠨ ᠬᠡᠷᠡᠭᠵᠢᠭᠦᠯᠵᠦ ᠦᠨᠳᠦᠰᠦᠨ ᠱᠠᠲᠤᠨ᠎ᠤ ᠥᠷᠢ ᠥᠭᠴᠡᠭᠡ ᠵᠢ ᠠᠷᠢᠯᠭ᠋ᠠᠬᠤ᠎ᠳᠤ ᠬᠠᠪᠰᠤᠷᠤᠯᠭ᠎ᠠ ᠦᠵᠡᠭᠦᠯᠦᠨ ᠂ ᠥᠷᠢ ᠥᠭᠴᠡᠭᠡᠨ᠎ᠤ ᠨᠡᠮᠡᠭᠳᠡᠯ᠎ᠢ ᠡᠷᠡᠰ ᠬᠣᠷᠢᠭᠯᠠᠬᠤ ᠪᠠ ᠦᠯᠡᠳᠡᠭᠳᠡᠯ᠎ᠢ ᠠᠷᠢᠯᠭ᠋ᠠᠵᠤ ᠂ ᠬᠡᠯᠪᠡᠷᠢ ᠵᠢ᠎ᠨᠢ ᠥᠭᠡᠷᠡᠲᠦᠭᠦᠯᠦᠨ ᠵᠢᠭᠡᠯᠡᠯᠭᠡ ᠵᠢᠭᠡᠯᠡᠬᠦ ᠂ ᠬᠤᠳᠠᠯ ᠬᠠᠭᠤᠷᠮᠠᠭ ᠵᠶ᠋ᠠᠷ ᠥᠷᠢ ᠥᠭᠴᠡᠭᠡ᠎ᠪᠠᠨ ᠠᠷᠢᠯᠭ᠋ᠠᠬᠤ ᠦᠵᠡᠭᠳᠡᠯ᠎ᠢ ᠡᠷᠡᠰ ᠬᠣᠷᠢᠭᠯᠠᠨ ᠂ ᠪᠦᠭᠦ ᠣᠷᠣᠨ᠎ᠤ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠪᠡᠶᠡᠯᠡᠭᠦᠯᠦᠨ᠎ᠡ ᠃ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠷᠠᠭᠤᠯᠵᠤ ᠂ ᠡᠩ᠎ᠤᠨ ᠴᠢᠨᠠᠷᠲᠠᠢ ᠰᠢᠯᠵᠢᠭᠦᠯᠦᠨ ᠲᠥᠯᠥᠬᠦ ᠵᠢ ᠨᠡᠮᠡᠭᠳᠡᠭᠦᠯᠬᠦ ᠪᠠ ᠲᠤᠰᠬᠠᠢ ᠵᠦᠢ᠍ᠯ ᠵᠶ᠋ᠠᠷ ᠰᠢᠯᠵᠢᠭᠦᠯᠦᠨ ᠲᠥᠯᠥᠬᠦ ᠵᠢ ᠪᠠᠭ᠋ᠠᠰᠬᠠᠨ ᠂ ᠡᠳ᠋᠎ᠤᠨ ᠬᠦᠴᠦᠨ᠎ᠢ ᠦᠨᠳᠦᠰᠦᠨ ᠱᠠᠲᠤ ᠤᠷᠤᠭᠤ ᠬᠠᠨᠳᠤᠭᠤᠯᠬᠤ ᠪᠠ ᠪᠡᠯᠡ ᠮᠥᠩᠭᠥ ᠵᠢ ᠰᠢᠭᠤᠳ ᠪᠠᠭᠤᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠨ᠎ᠠ ᠃ ᠠᠷᠪᠢᠴᠢ ᠭᠠᠮᠲᠠᠢ ᠠᠮᠢᠳᠤᠷᠠᠬᠤ ᠵᠢ ᠪᠠᠷᠢᠮᠲᠠᠯᠠᠵᠤ ᠂ ᠡᠩ᠎ᠤᠨ ᠴᠢᠨᠠᠷᠲᠠᠢ ᠵᠠᠷᠤᠯᠭ᠎ᠠ ᠪᠠ 《ᠠᠯᠪᠠᠨ᠎ᠤ ᠭᠤᠷᠪᠠᠨ》 ᠵᠠᠷᠤᠳᠠᠯ᠎ᠤᠨ ᠲᠥᠰᠥᠪ᠎ᠤᠨ ᠲᠣᠬᠢᠷᠠᠭᠤᠯᠤᠯᠲᠠ ᠵᠢ ᠴᠢᠩᠭ᠎ᠠ ᠡᠵᠡᠮᠳᠡᠵᠦ ᠂ ᠵᠠᠰᠠᠭ᠎ᠤᠨ ᠣᠷᠳᠣᠨ᠎ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ᠎ᠢ ᠰᠡᠯᠪᠢᠨ ᠵᠠᠰᠠᠵᠤ ᠰᠢᠨᠡᠳᠬᠡᠬᠦ ᠂ ᠠᠯᠪᠠᠯᠠᠬᠤ ᠪᠠ ᠲᠤᠬᠠᠢ᠌ᠯᠠᠭᠰᠠᠨ ᠠᠵᠢᠯ᠎ᠳᠤ ᠲᠦᠷᠢᠶᠡᠰᠦᠯᠡᠨ ᠬᠡᠷᠡᠭᠯᠡᠬᠦ ᠭᠡᠷ ᠪᠠᠢ᠌ᠰᠢᠩ᠎ᠤᠨ ᠰᠢᠨ᠎ᠡ᠎ᠪᠠᠷ ᠨᠡᠮᠡᠭᠳᠡᠬᠦ ᠵᠢ ᠴᠢᠩᠭ᠎ᠠ ᠡᠵᠡᠮᠳᠡᠵᠦ ᠂ ᠬᠤᠷᠠᠯ ᠂ ᠵᠠᠮ᠎ᠤᠨ ᠵᠠᠷᠤᠳᠠᠯ ᠂ ᠪᠣᠯᠪᠠᠰᠤᠷᠠᠯ ᠂ ᠪᠠᠶᠠᠷ ᠨᠠᠢ᠌ᠷ ᠵᠡᠷᠭᠡ ᠠᠯᠪᠠᠨ᠎ᠤ ᠠᠵᠢᠯᠯᠠᠭ᠎ᠠ ᠵᠢ ᠴᠣᠮᠠᠬᠤᠡᠬᠠᠵᠦ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠪᠠᠴᠢᠮ ᠱᠠᠭ᠋ᠠᠷᠳᠠᠭᠳᠠᠬᠤ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠲᠥᠰᠥᠪ᠎ᠤᠨ ᠵᠠᠷᠤᠯᠭ᠎ᠠ ᠵᠢ 53 ᠳ᠋ᠦᠩᠰᠢᠭᠤᠷ ᠲᠥᠭᠥᠷᠢᠭ ᠪᠠᠭ᠋ᠠᠰᠬᠠᠨ᠎ᠠ ᠃ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ ᠂ 《ᠭᠤᠷᠪᠠ ᠵᠢ ᠢᠯᠭ᠋ᠠᠷᠠᠭᠤᠯᠵᠤ ᠨᠢᠭᠡ ᠵᠢ ᠨᠡᠬᠡᠮᠵᠢᠯᠡᠬᠦ》 ᠦᠷ᠎ᠡ ᠪᠦᠳᠦᠮᠵᠢ᠎ᠪᠠᠨ ᠪᠡᠬᠢᠵᠢᠭᠦᠯᠵᠦ ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠎ᠠ ᠪᠣᠳᠠᠲᠠᠢ᠌ᠵᠢᠭᠤᠯᠤᠨ ᠂ ᠲᠦᠭᠰᠢᠭᠦᠷᠢ ᠶᠡᠬᠡᠲᠡᠢ ᠪᠠᠢ᠌ᠭᠤᠯᠤᠮᠵᠢ ᠵᠢ ᠪᠠᠭ᠋ᠠᠰᠬᠠᠵᠤ ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠪᠤᠴᠠᠭ᠋ᠠᠯ ᠦᠭᠡᠢ ᠬᠥᠷᠥᠩᠭᠡ ᠵᠢ ᠪᠦᠳᠦᠮᠵᠢᠳᠠᠢ ᠰᠢᠢ᠍ᠳᠪᠦᠷᠢᠯᠡᠵᠦ ᠂ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ ᠪᠣᠯᠣᠨ ᠥᠷᠢ᠎ᠠᠴᠠ ᠵᠠᠢ᠌ᠯᠠᠬᠤ ᠪᠠ ᠪᠠᠯᠠᠷᠠᠭᠤᠯᠬᠤ ᠠᠵᠢᠯᠯᠠᠭ᠎ᠠ᠎ᠳᠤ ᠬᠦᠨᠳᠦ ᠴᠣᠬᠢᠯᠲᠠ ᠥᠭᠴᠦ ᠂ ᠰᠢᠰᠲ᠋ᠧᠮ᠎ᠤᠨ ᠴᠢᠨᠠᠷᠲᠠᠢ ᠣᠷᠣᠨ ᠪᠦᠰᠡ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠦᠯᠦ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠨ᠎ᠠ ᠃ ᠭᠡᠷ ᠪᠠᠢ᠌ᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ ᠂ ᠠᠰᠠᠷ ᠪᠠᠷᠢᠵᠤ ᠳᠠᠭᠤᠰᠬᠠᠬᠤ ᠵᠢ ᠪᠠᠲᠤᠯᠠᠬᠤ ᠂ ᠠᠷᠠᠳ᠎ᠤᠨ ᠠᠮᠢᠳᠤᠷᠠᠯ᠎ᠢ ᠪᠠᠲᠤᠯᠠᠬᠤ ᠂ ᠲᠣᠭᠲᠠᠭᠤᠨ᠎ᠢ ᠪᠠᠲᠤᠯᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂ ᠠᠵᠢᠯ ᠲᠦᠷᠦᠯ᠎ᠤᠨ ᠪᠡᠯᠡ ᠲᠣᠬᠢᠷᠠᠭᠤᠯᠭ᠎ᠠ᠎ᠪᠠᠷ ᠳᠡᠮᠵᠢᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠰᠢᠯᠢᠳᠡᠭ ᠠᠵᠤ ᠠᠬᠤᠢ᠌ᠯᠠᠯ᠎ᠤᠨ ᠬᠦᠴᠢᠷᠳᠡᠯ᠎ᠢ ᠲᠤᠭᠤᠯᠵᠦ ᠭᠠᠷᠬᠤ᠎ᠳᠤ ᠬᠠᠪᠰᠤᠷᠤᠯᠭ᠎ᠠ ᠦᠵᠡᠭᠦᠯᠵᠦ ᠂ ᠠᠰᠠᠷ᠎ᠢ ᠪᠠᠷᠢᠵᠤ ᠳᠠᠭᠤᠰᠬᠠᠬᠤ ᠬᠤᠭᠤᠴᠠᠭ᠎ᠠ᠎ᠠᠴᠠ᠎ᠪᠠᠨ ᠬᠡᠲᠦᠷᠡᠭᠦᠯᠦᠨ ᠲᠤᠰᠢᠶᠠᠬᠤ ᠲᠦᠭᠰᠢᠭᠦᠷᠢ ᠵᠢ᠎ᠨᠢ ᠪᠦᠳᠦᠮᠵᠢᠳᠡᠢ ᠰᠡᠷᠭᠡᠢ᠌ᠯᠡᠨ ᠰᠢᠢ᠍ᠳᠪᠦᠷᠢᠯᠡᠨ᠎ᠡ ᠃
ᠤᠯᠠᠨ ᠨᠡᠢ᠍ᠢ᠍ᠳᠡ ᠵᠢᠨ ᠠᠮᠤᠷ ᠲᠦᠪᠰᠢᠨ ᠪᠠ ᠨᠡᠢ᠌ᠭᠡᠮ᠎ᠤᠨ ᠵᠠᠰᠠᠯᠲᠠ ᠵᠢᠨ ᠲᠦᠪᠰᠢᠨ᠎ᠢ ᠲᠡᠬᠡᠭᠰᠢᠯᠡᠬᠦᠯᠦᠨ᠎ᠡ ᠃ ᠠᠵᠤ ᠦᠢ᠍ᠯᠡᠳᠪᠦᠷᠢ ᠠᠭᠤᠷᠬᠠᠢ ᠪᠠ ᠠᠶᠤᠯᠲᠠᠢ ᠬᠢᠮᠢ ᠵᠢᠨ ᠪᠣᠳᠠᠰ ᠂ ᠵᠠᠮ ᠬᠠᠷᠢᠯᠴᠠᠭ᠎ᠠ ᠲᠡᠭᠡᠭᠡᠪᠦᠷᠢ ᠂ ᠪᠠᠷᠢᠯᠭ᠎ᠠ ᠵᠢᠨ ᠭᠠᠵᠠᠷ ᠂ ᠬᠤᠳᠠ ᠪᠠᠯᠭ᠋ᠠᠰᠤᠨ᠎ᠤ ᠰᠢᠲᠠᠮᠠᠬᠠᠢ ᠬᠡᠢ ᠂ ᠡᠵᠡᠩᠨᠡᠯᠲᠡ ᠵᠢᠨ ᠴᠢᠨᠠᠷᠲᠠᠢ ᠦᠪᠡᠰᠦᠪᠡᠨ ᠪᠠᠷᠢᠭᠰᠠᠨ ᠭᠡᠷ ᠂ ᠬᠥᠮᠥᠨ ᠬᠠᠷ᠎ᠠ ᠣᠪᠣᠭ᠋ᠠᠷᠠᠨ ᠴᠤᠭᠯᠠᠷᠠᠬᠤ ᠲᠠᠯᠠᠪᠤᠷ ᠭᠠᠵᠠᠷ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠤ ᠲᠦᠭᠰᠢᠭᠦᠷᠢ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠢ᠌ᠷᠡᠭᠦᠯᠦᠨ ᠂ ᠣᠨᠴᠠ ᠬᠦᠨᠳᠦ ᠶᠡᠬᠡ ᠠᠶᠤᠯ ᠦᠭᠡᠢ ᠦᠢ᠍ᠯᠡᠳᠪᠦᠷᠢᠯᠡᠯ᠎ᠤᠨ ᠠᠳᠡᠯ ᠭᠠᠷᠬᠤ ᠵᠢ ᠡᠷᠡᠰ ᠬᠣᠷᠢᠭᠯᠠᠨ᠎ᠠ ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠎ᠤ ᠪᠠᠢ᠌ᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠠᠬᠢᠭᠤᠯᠵᠤ ᠂ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠂ ᠠᠶᠤᠯᠲᠠᠢ ᠬᠢᠮᠢ ᠵᠢᠨ ᠪᠣᠳᠠᠰ ᠂ ᠠᠭᠤᠷᠬᠠᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠭᠤᠷᠪᠠᠨ ᠶᠡᠬᠡ ᠰᠠᠭᠤᠷᠢᠨ ᠭᠠᠵᠠᠷ ᠪᠠ ᠪᠤᠭᠤᠲᠤ ᠵᠢᠨ ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠠᠢ᠌ᠭᠤᠯᠤᠨ ᠂ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠪᠠ ᠤᠯᠠᠨ ᠨᠡᠢ᠍ᠢ᠍ᠳᠡ ᠵᠢᠨ ᠭᠡᠨᠡᠳᠲᠡ ᠵᠢᠨ ᠬᠡᠷᠡᠭ᠎ᠢ ᠰᠡᠷᠭᠡᠢ᠌ᠯᠡᠵᠦ ᠰᠢᠢ᠍ᠳᠪᠦᠷᠢᠯᠡᠬᠦ ᠴᠢᠳᠠᠪᠤᠷᠢ᠎ᠪᠠᠨ ᠲᠡᠬᠡᠭᠰᠢᠯᠡᠬᠦᠯᠦᠨ᠎ᠡ ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂ ᠬᠢᠨᠠᠨ ᠰᠢᠨᠵᠢᠵᠦ ᠵᠠᠰᠠᠯᠲᠠ ᠬᠢᠬᠦ ᠡᠷᠴᠢᠮ ᠵᠶ᠋ᠠᠨ ᠴᠢᠩᠭ᠋ᠠᠷᠠᠭᠤᠯᠤᠨ ᠂ ᠤᠯᠠᠨ ᠲᠦᠮᠡᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠪᠠᠲᠤᠯᠠᠨ᠎ᠠ ᠃ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠭᠰᠠᠨ ᠪᠠᠢ᠌ᠭᠤᠯᠤᠯᠲᠠ ᠵᠢ ᠴᠢᠩᠭ᠋ᠠᠷᠠᠭᠤᠯᠤᠨ ᠂ 《ᠰᠢᠨ᠎ᠡ ᠴᠠᠭ ᠦᠶ᠎ᠡ ᠰᠢᠨ᠎ᠡ ᠨᠡᠢ᠌ᠭᠡᠮ ᠲᠣᠭᠣᠷᠢᠭ ᠰᠢᠨ᠎ᠡ ᠠᠵᠤ ᠠᠮᠢᠳᠤᠷᠠᠯ》 ᠬᠡᠮᠡᠬᠦ ᠦᠢ᠍ᠯᠡᠴᠢᠯᠡᠭᠡ ᠵᠠᠰᠠᠯᠲᠠ ᠵᠢ ᠲᠡᠬᠡᠭᠰᠢᠯᠡᠬᠦᠯᠬᠦ ᠲᠤᠰᠬᠠᠢ ᠠᠵᠢᠯᠯᠠᠭ᠋ᠠᠨ᠎ᠢ ᠥᠷᠨᠢᠭᠦᠯᠦᠨ ᠂ 《ᠰᠦᠯᠵᠢᠶ᠎ᠡ + ᠲᠤᠤᠷᠠᠯᠵᠢ》 ᠪᠣᠯᠬᠤ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ ᠪᠠ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ ᠂ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢ᠎ᠪᠠᠷ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠦᠨ ᠂ ᠣᠯᠠᠨ ᠲᠦᠮᠡᠨ᠎ᠤ ᠠᠮᠤᠷ ᠲᠦᠪᠰᠢᠨ ᠪᠠ ᠬᠦᠢ᠍ᠲᠡᠨ ᠳᠤᠯᠠᠭ᠋ᠠᠨ ᠂ ᠡᠳᠦᠷ ᠲᠣᠳᠣᠮ᠎ᠤᠨ ᠤᠴᠢᠷ ᠶᠠᠪᠤᠳᠠᠯ᠎ᠢ᠎ᠨᠢ ᠬᠠᠯᠠᠮᠵᠢᠯᠠᠵᠤ ᠬᠠᠮᠢᠶᠠᠷᠬᠤ ᠬᠥᠮᠥᠨ᠎ᠲᠠᠢ ᠪᠤᠯᠭ᠋ᠠᠵᠦ ᠂ ᠦᠨᠳᠦᠰᠦᠨ ᠱᠠᠲᠤᠨ᠎ᠤ ᠵᠠᠰᠠᠯᠲᠠ ᠵᠢ ᠤᠯᠠᠮ ᠡᠶ᠎ᠡ ᠵᠦᠢ᠎ᠲᠠᠢ ᠬᠢᠵᠦ ᠂ ᠠᠷᠠᠳ ᠣᠯᠠᠨ᠎ᠳᠤ ᠮᠠᠰᠢ ᠶᠡᠬᠡ ᠵᠣᠯ ᠵᠢᠷᠭ᠋ᠠᠯ᠎ᠲᠠᠢ ᠰᠠᠨᠠᠭᠳᠠᠭᠤᠯᠤᠨ᠎ᠠ ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢᠨ ᠪᠠᠢ᠌ᠭᠤᠯᠤᠯᠲᠠ ᠵᠢ ᠲᠡᠮᠵᠢᠵᠦ ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠪᠠ ᠴᠡᠷᠢᠭ ᠠᠩᠭᠢ ᠣᠷᠣᠨ ᠨᠤᠲᠤᠭ᠎ᠤᠨ ᠵᠣᠬᠢᠴᠠᠭᠤᠯᠭ᠎ᠠ ᠵᠢ ᠴᠢᠩᠭ᠋ᠠᠳᠬᠠᠨ ᠂ ᠴᠡᠷᠢᠭ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠷᠠᠭᠤᠯᠵᠤ ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠭᠰᠡᠨ ᠪᠠᠢ᠌ᠳᠠᠯ᠎ᠢ ᠪᠡᠬᠢᠵᠢᠭᠦᠯᠦᠨ ᠬᠥᠭᠵᠢᠭᠦᠯᠦᠨ᠎ᠡ ᠃
ᠳᠡᠭᠡᠷ᠎ᠡ ᠳᠤᠷᠠᠳᠤᠭᠰᠠᠨ ᠠᠵᠢᠯ᠎ᠢ ᠰᠠᠢ᠌ᠲᠤᠷ ᠬᠢᠬᠦ᠎ᠳᠤ ᠂ ᠬᠣᠶᠠᠷ ᠶᠡᠬᠡ ᠤᠷᠢᠳᠠᠴᠢ ᠵᠦᠢ᠍ᠯ᠎ᠢ ᠢᠮᠠᠭᠲᠠ ᠪᠠᠲᠤ ᠴᠡᠭᠡᠵᠢᠯᠡᠵᠦ ᠂ ᠲᠣᠭᠲᠠᠯ ᠬᠦᠴᠦᠨ ᠵᠶ᠋ᠠᠨ ᠪᠠᠲᠤᠯᠠᠬᠤ ᠬᠡᠷᠡᠭᠲᠡᠢ ᠃ ᠨᠢᠭᠡ᠎ᠳᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠤᠯᠭ᠋ᠠᠬᠤ ᠵᠢ ᠡᠷᠬᠡᠪᠰᠢ ᠪᠠᠷᠢᠮᠲᠠᠯᠠᠨ᠎ᠠ ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠦᠲᠦᠭᠡᠨ ᠪᠠᠢ᠍ᠢ᠍ᠭᠤᠯᠬᠤ ᠠᠵᠢᠯ᠎ᠢ ᠠᠯᠢᠪᠠ᠎ᠠᠴᠠ ᠴᠢᠬᠤᠯᠠ ᠡᠭᠦᠷᠭᠡ ᠪᠣᠯᠭ᠋ᠠᠨ ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠵᠤ ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠭᠦ ᠨᠤᠲᠤᠭ ᠪᠦᠰᠡ ᠪᠦᠭᠦ ᠶᠠᠪᠤᠴᠠ᠎ᠪᠠᠷ ᠴᠢᠩᠭ᠋ᠠᠳᠬᠠᠨ ᠂ ᠬᠥᠭᠵᠢᠯᠲᠡ ᠵᠢᠨ ᠠᠷᠭ᠎ᠠ ᠬᠡᠯᠪᠡᠷᠢ ᠵᠢᠨ ᠪᠣᠬᠢᠷᠳᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠪᠦᠭᠦ ᠣᠷᠣᠨ ᠪᠦᠰᠡ ᠪᠦᠭᠦ ᠬᠡᠪᠴᠢᠶᠡᠨ᠎ᠳᠤ ᠠᠬᠢᠭᠤᠯᠵᠤ ᠂ ᠨᠡᠭᠦᠷᠡᠰᠦᠳᠦ᠋ᠷᠦᠭᠴᠢ ᠵᠢ ᠪᠠᠭ᠋ᠠᠰᠬᠠᠬᠤ ᠂ ᠪᠣᠬᠢᠷᠳᠤᠯ᠎ᠢ ᠪᠠᠭ᠋ᠠᠰᠬᠠᠬᠤ ᠂ ᠨᠣᠭᠣᠭ᠋ᠠᠷᠠᠭᠤᠯᠤᠯᠲᠠ᠎ᠪᠠᠨ ᠥᠷᠭᠡᠳᠬᠡᠬᠦ ᠂ ᠠᠵᠤ ᠠᠬᠤᠢ ᠵᠢ ᠨᠡᠮᠡᠭᠳᠡᠭᠦᠯᠬᠦ᠎ᠪᠠᠨ ᠬᠠᠮᠵᠢᠯᠴᠠᠨ ᠠᠬᠢᠭᠤᠯᠵᠤ ᠂ ᠰᠠᠢ᠌ᠨ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠢ ᠥᠪᠥᠷ ᠮᠣᠩᠭᠣᠯ᠎ᠤᠨ ᠪᠦᠭᠦ ᠲᠠᠯ᠎ᠠ ᠵᠢᠨ ᠣᠳᠣᠬᠢᠴᠢᠯᠠᠯᠲᠠ ᠵᠢᠨ ᠥᠩᠭᠡ ᠢᠯᠭ᠋ᠠᠷᠠᠮ᠎ᠠ ᠵᠢᠷᠤᠭ ᠲᠥᠰᠥᠪ ᠪᠠ ᠬᠠᠷᠠᠭ᠎ᠠ ᠪᠤᠯᠢᠶᠠᠮ᠎ᠠ ᠠᠮᠵᠢᠯᠲᠠ ᠪᠦᠳᠦᠮᠵᠢ ᠪᠣᠯᠭ᠋ᠠᠨ᠎ᠠ ᠃ ᠬᠣᠶᠠᠷ᠎ᠲᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠬᠦ ᠤᠯᠠᠮᠵᠢᠯᠠᠯ᠎ᠢ ᠡᠷᠬᠡᠪᠰᠢ ᠪᠠᠳᠠᠷᠠᠭᠤᠯᠤᠨ᠎ᠠ ᠃ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠪᠡᠬᠢᠵᠢᠭᠦᠯᠦᠨ ᠬᠥᠭᠵᠢᠭᠦᠯᠬᠦ᠎ᠪᠠᠨ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ᠎ᠤ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠵᠢᠨ ᠦᠨᠳᠦᠰᠦᠨ ᠴᠢᠨᠠᠷᠲᠠᠢ ᠡᠭᠦᠷᠭᠡ ᠪᠣᠯᠭ᠋ᠠᠨ ᠂ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠦᠨᠳᠦᠰᠦᠲᠡᠨ᠎ᠤ ᠠᠵᠢᠯ᠎ᠢ ᠰᠠᠢ᠌ᠲᠤᠷ ᠬᠢᠵᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠭᠤᠯᠤᠭᠳᠠᠬᠤᠨ ᠪᠠ ᠠᠭᠤᠯᠬᠤᠨ᠎ᠢ ᠪᠠᠶᠠᠯᠢᠭᠵᠢᠭᠤᠯᠤᠨ ᠥᠷᠭᠡᠳᠬᠡᠵᠦ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠬᠤ ᠂ ᠨᠠᠮ᠎ᠤᠨ ᠦᠭᠡ ᠵᠢ ᠰᠤᠨᠤᠰᠬᠤ ᠂ ᠨᠠᠮ ᠵᠶ᠋ᠠᠨ ᠳᠠᠭ᠋ᠠᠬᠤ ᠪᠣᠯᠭ᠋ᠠᠨ ᠬᠥᠮᠥᠵᠢᠭᠦᠯᠵᠦ ᠬᠥᠲᠥᠯᠥᠨ ᠵᠢᠯᠤᠭᠣᠳᠴᠤ ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠤᠯᠠᠮ ᠰᠠᠢ᠌ᠨ ᠪᠣᠯᠭ᠋ᠠᠨ ᠂ ᠨᠠᠮ ᠪᠠ ᠤᠯᠤᠰ᠎ᠤᠨ ᠶᠡᠬᠡ ᠲᠠᠯ᠎ᠠ᠎ᠳᠤ ᠤᠯᠠᠮ ᠰᠠᠢ᠌ᠲᠤᠷ ᠬᠤᠪᠢ ᠨᠡᠮᠡᠷᠢ ᠦᠵᠡᠭᠦᠯᠵᠦ ᠂ ᠪᠦᠯᠬᠦᠮᠳᠡᠨ ᠲᠡᠮᠡᠴᠡᠵᠦ ᠪᠠᠢ᠌ᠭ᠋ᠠᠳ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠵᠤ ᠂ ᠰᠠᠢ᠌ᠨ ᠰᠠᠢ᠌ᠬᠠᠨ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠨ᠎ᠠ ᠃
ᠲᠥᠯᠥᠭᠡᠯᠡᠭᠴᠢᠳ ᠠ᠋ ! ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠭᠤᠴᠠᠭ᠎ᠠ ᠰᠣᠯᠢᠬᠤ ᠪᠣᠯᠣᠯ᠎ᠠ ᠂ ᠰᠢᠨ᠎ᠡ ᠤᠳᠤᠷᠢᠳᠬᠤ ᠪᠠᠭ᠎ᠤᠨ᠎ᠬᠢᠨ ᠰᠢᠨ᠎ᠡ ᠳᠦᠷᠰᠦ ᠪᠠᠢ᠌ᠳᠠᠯ ᠰᠢᠨ᠎ᠡ ᠠᠮᠵᠢᠯᠲᠠ ᠪᠦᠳᠦᠮᠵᠢ ᠭᠠᠷᠭ᠋ᠠᠬᠤ ᠬᠡᠷᠡᠭᠲᠡᠢ ᠂ ᠨᠠᠮ ᠪᠠᠢ᠌ᠭᠤᠯᠤᠭᠰᠠᠨ ᠠᠭᠤᠤ ᠶᠡᠬᠡ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ ᠂ 《ᠭᠤᠷᠪᠠᠨ ᠡᠷᠬᠡᠪᠰᠢ》 ᠵᠢ ᠢᠮᠠᠭᠲᠠ ᠪᠠᠲᠤ ᠴᠡᠭᠡᠵᠢᠯᠡᠨ ᠂ ᠨᠠᠮ ᠪᠠ ᠠᠷᠠᠳ᠎ᠤᠨ ᠲᠥᠯᠥᠭᠡ ᠠᠮᠢ ᠬᠤᠪᠢ᠎ᠪᠠᠨ ᠦᠯᠦ ᠪᠤᠳᠤᠵᠦ ᠂ ᠠᠵᠢᠯ ᠪᠠ ᠦᠢ᠍ᠯᠡᠰ᠎ᠤᠨ ᠲᠥᠯᠥᠭᠡ ᠪᠡᠶ᠎ᠡ᠎ᠪᠠᠨ ᠴᠦᠯᠡᠬᠦ ᠂ ᠬᠦᠴᠢᠷ ᠪᠠ ᠪᠡᠷᠬᠡᠰᠢᠶᠡᠯ᠎ᠢ ᠲᠤᠭᠤᠯᠬᠤ᠎ᠪᠠᠷ ᠮᠡᠷᠡᠢ᠌ᠨ ᠵᠢᠳᠬᠦᠬᠦ ᠤᠶᠤᠨ ᠰᠠᠨᠠᠭ᠋ᠠᠨ᠎ᠤ ᠲᠦᠪᠰᠢᠨ᠎ᠲᠠᠢ ᠪᠠᠢ᠌ᠬᠤ ᠵᠢ ᠪᠠᠷᠢᠮᠲᠠᠯᠠᠨ ᠬᠥᠭᠡᠭᠡᠴᠡᠯᠳᠦᠵᠦ ᠂ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠵᠣᠷᠢᠭᠲᠠᠢ ᠡᠭᠦᠷᠭᠡᠯᠡᠬᠦ ᠤᠯᠤᠰ ᠲᠦᠷᠦ ᠵᠢᠨ ᠣᠣᠷ ᠴᠢᠨᠠᠷ᠎ᠢ ᠥᠨᠢᠳᠡ ᠪᠠᠷᠢᠮᠲᠠᠯᠠᠨ᠎ᠠ ᠃ ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠰᠣᠷᠣᠯᠴᠠᠵᠦ ᠂ ᠪᠦᠭᠦ ᠲᠠᠯ᠎ᠠ᠎ᠪᠠᠷ ᠡᠵᠡᠮᠰᠢᠵᠦ ᠂ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠬᠦᠰᠡᠯᠡᠩ ᠵᠶ᠋ᠠᠨ ᠪᠠᠲᠤᠳᠬᠠᠨ ᠂ ᠨᠠᠮᠴᠢ ᠴᠢᠨᠠᠷ ᠵᠶ᠋ᠠᠨ ᠳᠠᠪᠲᠠᠨ ᠪᠤᠯᠪᠠᠰᠤᠷᠠᠭᠤᠯᠵᠦ ᠂ ᠦᠢ᠍ᠯᠡᠳᠦᠯᠭᠡ᠎ᠪᠠᠨ ᠵᠢᠯᠣᠭᠣᠳᠤᠭᠤᠯᠤᠨ ᠂ ᠠᠵᠢᠯ ᠵᠶ᠋ᠠᠨ ᠠᠬᠢᠭᠤᠯᠵᠤ ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ ᠂ ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠢᠮᠠᠭᠲᠠ ᠰᠢ ᠵᠢᠨ ᠫᠢᠩ ᠨᠥᠬᠥᠷ ᠵᠶ᠋ᠠᠷ ᠭᠣᠣᠯ ᠪᠤᠯᠭ᠋ᠠᠨᠨᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠨ᠎ᠠ ᠃ ᠬᠥᠭᠵᠢᠯᠲᠡ ᠵᠢᠨ ᠦᠵᠡᠯᠲᠡ᠎ᠪᠠᠨ ᠲᠥᠪ ᠪᠣᠯᠭ᠋ᠠᠨ᠎ᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠠᠴᠠ ᠳᠤᠷᠠᠳᠤᠭᠰᠠᠨ 《ᠲᠤᠯᠤᠭ᠎ᠠ ᠵᠢ ᠲᠠᠶᠠᠭᠳᠠᠬᠤ》 ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ ᠂ ᠵᠣᠷᠢᠭᠲᠠᠢ᠎ᠪᠠᠷ ᠲᠦᠷᠦᠭᠦᠯᠡᠨ ᠬᠢᠬᠦ ᠂ ᠡᠷᠡᠮᠡᠬᠡᠢ᠎ᠪᠠᠷ ᠲᠡᠷᠢᠭᠦᠨ᠎ᠤ᠎ᠬᠢ ᠵᠢ ᠭᠦᠢ᠍ᠴᠡᠨ ᠳᠠᠪᠠᠭᠤ ᠡᠷᠴᠢ ᠵᠣᠷᠢᠭ ᠵᠶ᠋ᠠᠨ ᠬᠥᠭᠵᠢᠭᠡᠵᠦ ᠂ ᠶᠡᠬᠡ᠎ᠪᠠᠷ ᠠᠵᠢᠯᠯᠠᠵᠤ ᠲᠦᠷᠭᠡᠨ ᠬᠥᠭᠵᠢᠭᠦᠯᠬᠦ ᠂ ᠥᠷᠯᠥᠭᠡ ᠦᠳᠡᠰᠢ ᠦᠭᠡᠢ ᠴᠢᠷᠮᠠᠢ᠌ᠨ ᠲᠡᠮᠡᠴᠡᠬᠦ ᠤᠷᠮ᠎ᠠ ᠵᠣᠷᠢᠭ ᠵᠶ᠋ᠠᠨ ᠭᠦᠢ᠍ᠴᠡᠳ ᠪᠠᠳᠠᠷᠠᠭᠤᠯᠵᠤ ᠂ ᠦᠷ᠎ᠡ ᠳ᠋ᠦᠩ ᠵᠶ᠋ᠠᠷ ᠵᠶ᠋ᠠᠨ ᠠᠵᠢᠯ ᠦᠢ᠍ᠯᠡᠰ ᠵᠶ᠋ᠠᠨ ᠲᠣᠳᠣᠷᠠᠭᠤᠯᠬᠤ ᠂ ᠦᠨᠡᠨ ᠪᠦᠳᠦᠮᠵᠢ᠎ᠪᠠᠷ ᠵᠶ᠋ᠠᠨ ᠬᠦᠴᠦ ᠴᠢᠳᠠᠪᠤᠷᠢ᠎ᠪᠠᠨ ᠰᠢᠯᠭ᠋ᠠᠬᠤ ᠤᠳᠤᠷᠢᠳᠤᠮᠵᠢ ᠵᠢ ᠴᠢᠩᠭ᠋ᠠᠷᠠᠭᠤᠯᠤᠨ ᠂ ᠠᠭᠤᠯᠠ ᠲᠠᠭ᠋ᠠᠷᠠᠪᠠᠯ ᠵᠠᠮ ᠳᠡᠪᠢᠰᠬᠦ ᠂ ᠭᠣᠣᠯ ᠬᠠᠰᠢᠪᠠᠯ ᠬᠥᠭᠥᠷᠭᠡ ᠲᠠᠯᠪᠢᠬᠤ ᠰᠥᠰᠥ ᠵᠣᠷᠢᠭ ᠵᠶ᠋ᠠᠷ ᠬᠤᠯᠡ ᠣᠢ᠌ᠷ᠎ᠠ ᠵᠢ ᠬᠠᠮᠲᠤᠳᠤᠨᠢ ᠬᠠᠷᠠᠭ᠋ᠠᠯᠵᠠᠵᠤ ᠂ ᠦᠷ᠎ᠡ ᠠᠰᠢᠭ᠎ᠢ ᠤᠷᠢᠳ ᠵᠶ᠋ᠠᠷ ᠪᠣᠳᠣᠯᠬᠢᠯᠠᠬᠤ ᠣᠨᠣᠯᠵᠢᠬᠤᠨ᠎ᠢ ᠪᠠᠷᠢᠮᠲᠠᠯᠠᠨ ᠂ ᠣᠨᠴᠠ ᠨᠠᠷᠢᠯᠢᠭ᠎ᠠᠴᠠ ᠣᠭᠢ ᠰᠢᠯᠢᠳᠡᠭ ᠮᠥᠷᠲᠡᠭᠡᠨ ᠪᠠᠷᠢᠮᠵᠢᠶ᠎ᠠ ᠥᠨᠳᠥᠷ ᠴᠢᠨᠠᠷ ᠰᠠᠢ᠌ᠲᠠᠢ ᠲᠦᠪᠰᠢᠨ᠎ᠢ ᠬᠥᠭᠡᠭᠡᠴᠡᠯᠳᠦᠵᠦ ᠂ ᠡᠵᠡᠩᠨᠡᠨ ᠬᠠᠮᠢᠶᠠᠷᠬᠤ ᠪᠠ ᠨᠠᠷᠢᠨ ᠨᠢᠭᠲᠠ ᠪᠤᠳᠤᠵᠦ ᠰᠡᠳᠬᠢᠬᠦ ᠴᠢᠳᠠᠪᠤᠷᠢ᠎ᠪᠠᠨ ᠴᠢᠩᠭ᠋ᠠᠷᠠᠭᠤᠯᠤᠨ ᠂ ᠦᠵᠡᠯ ᠰᠠᠨᠠᠭ᠎ᠠ᠎ᠪᠠᠨ ᠴᠢᠯᠦᠭᠡᠯᠡᠨ ᠂ ᠦᠵᠡᠯᠲᠡ᠎ᠪᠠᠨ ᠰᠢᠨᠡᠳᠬᠡᠵᠦ ᠪᠠᠢ᠌ᠭ᠋ᠠᠳ ᠬᠥᠭᠵᠢᠯᠲᠡ ᠵᠢ ᠲᠦᠷᠭᠡᠳᠬᠡᠬᠦ ᠂ ᠬᠥᠭᠵᠢᠯᠲᠡ ᠵᠢ ᠴᠢᠩᠭ᠎ᠠ ᠠᠳᠬᠤᠬᠤ ᠴᠤᠭ ᠵᠣᠯᠢ᠎ᠪᠠᠨ ᠪᠦᠭᠦ ᠲᠠᠯ᠎ᠠ᠎ᠪᠠᠷ ᠪᠠᠳᠠᠷᠠᠭ᠋ᠠᠨ᠎ᠠ ᠃ ᠠᠷᠠᠳ᠎ᠲᠤ ᠦᠨᠡᠨᠴᠢ᠎ᠪᠠᠷ ᠦᠢ᠍ᠯᠡᠴᠢᠯᠡᠨ᠎ᠡ ᠃ ᠵᠣᠷᠢᠯᠲᠠ ᠵᠢᠨ ᠤᠬᠠᠮᠰᠠᠷ ᠵᠶ᠋ᠠᠨ ᠴᠢᠩᠭ᠋ᠠᠷᠠᠭᠤᠯᠵᠤ ᠂ ᠠᠷᠠᠳ᠎ᠲᠤ ᠠᠰᠢᠭ ᠬᠦᠷᠲᠡᠭᠡᠬᠦ᠎ᠪᠠᠷ ᠦᠨᠳᠦᠰᠦ ᠪᠤᠯᠭ᠋ᠠᠬᠤ ᠵᠢ ᠪᠠᠷᠢᠮᠲᠠᠯᠠᠨ ᠂ ᠵᠥᠪ ᠤᠨᠤᠪᠴᠢᠳᠠᠢ ᠵᠠᠰᠠᠭ᠎ᠤᠨ ᠠᠵᠢᠯ᠎ᠤᠨ ᠪᠦᠳᠦᠮᠵᠢ ᠵᠢᠨ ᠦᠵᠡᠯᠲᠡ ᠵᠢ ᠪᠤᠢ ᠪᠤᠯᠭ᠋ᠠᠬᠤ ᠪᠠ ᠦᠢ᠍ᠯᠡᠳᠦᠯᠭᠡᠵᠢᠭᠦᠯᠵᠦ ᠂ ᠠᠯᠢᠪᠠ ᠤᠴᠢᠷ ᠶᠠᠪᠤᠳᠠᠯ᠎ᠢ ᠬᠢᠬᠦ᠎ᠳᠤ᠎ᠪᠠᠨ ᠶᠠᠭᠤᠨ᠎ᠤ ᠡᠮᠦᠨ᠎ᠡ ᠠᠷᠠᠳ ᠢᠷᠭᠡᠳ᠎ᠲᠤ ᠶᠠᠭᠤ ᠨᠢᠭᠡ ᠱᠠᠭ᠋ᠠᠷᠳᠠᠭᠳᠠᠵᠤ ᠪᠠᠢ᠌ᠬᠤ ᠂ ᠲᠡᠳᠡ ᠶᠠᠭᠤ ᠨᠢᠭᠡ ᠵᠢ ᠬᠦᠰᠡᠵᠦ ᠪᠠᠢ᠌ᠬᠤ ᠭᠡᠳᠡᠭ᠎ᠢ ᠪᠣᠳᠣᠯᠬᠢᠯᠠᠨ ᠂ ᠤᠯᠠᠨ ᠲᠦᠮᠡᠨ᠎ᠤ ᠳᠤᠮᠳᠠ ᠭᠦᠨᠵᠡᠭᠡᠢ᠌ᠷᠡᠨ ᠬᠣᠲᠠᠯᠠ ᠤᠯᠠᠨ ᠵᠶ᠋ᠠᠷ ᠵᠶ᠋ᠠᠨ ᠵᠥᠪᠳᠡᠯᠴᠡᠨ ᠲᠣᠬᠢᠷᠠᠯᠴᠠᠵᠤ ᠪᠠᠢ᠌ᠭ᠋ᠠᠳ ᠬᠠᠮᠲᠤ᠎ᠪᠠᠷ ᠭᠦᠢ᠍ᠴᠡᠳᠬᠡᠨ ᠬᠢᠵᠦ ᠂ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠬᠤ᠎ᠳᠤ ᠲᠦᠰᠢᠭᠯᠡᠨ ᠲᠣᠮᠣ ᠠᠵᠢᠯ ᠦᠢ᠍ᠯᠡᠰ ᠪᠠ ᠪᠣᠳᠠᠲᠤ ᠠᠵᠢᠯ ᠶᠠᠪᠤᠳᠠᠯ ᠪᠦᠲᠦᠭᠡᠨ ᠂ ᠠᠷᠠᠳ᠎ᠤᠨ ᠬᠦᠴᠦᠨ᠎ᠢ ᠨᠢᠭᠲᠠᠷᠠᠭᠤᠯᠤᠨ ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠨ᠎ᠠ ᠃ ᠦᠨᠳᠦᠰᠦᠨ ᠱᠠᠲᠤᠨ᠎ᠤ ᠤᠳᠤᠷᠢᠳᠤᠮᠵᠢ ᠵᠢ ᠲᠣᠪᠦᠢ᠌ᠯᠭ᠋ᠠᠨᠠ ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠦᠨᠳᠦᠰᠦᠨ ᠱᠠᠲᠤᠨ᠎ᠤ᠎ᠬᠢᠨ᠎ᠢ ᠳᠠᠢ᠍ᠢ᠍ᠴᠢᠯᠠᠨ ᠳᠠᠭ᠋ᠠᠭᠤᠯᠵᠤ ᠪᠠᠢ᠌ᠭ᠋ᠠᠳ ᠵᠣᠷᠢᠭᠲᠠᠢ᠎ᠪᠠᠷ ᠪᠣᠳᠠᠲᠤ ᠶᠠᠪᠤᠳᠠᠯ ᠬᠢᠵᠦ ᠂ ᠲᠡᠭᠦᠨ᠎ᠢ᠎ᠪᠠᠨ ᠬᠢᠵᠦ ᠪᠦᠲᠦᠭᠡᠬᠦ ᠮᠥᠷᠲᠡᠭᠡᠨ ᠦᠨᠳᠦᠰᠦᠨ ᠱᠠᠲᠤᠨ᠎ᠤ᠎ᠬᠢᠨ᠎ᠢ ᠢᠯᠡᠭᠦᠬᠡᠨ ᠬᠠᠪᠰᠤᠷᠴᠤ ᠪᠠᠢ᠌ᠭ᠋ᠠᠳ ᠢᠯᠡᠭᠦᠬᠡᠨ ᠠᠷᠭ᠎ᠠ ᠰᠠᠮᠪᠠᠭ᠎ᠠ ᠰᠦᠪᠡᠭᠴᠢᠯᠡᠵᠦ ᠂ ᠲᠡᠳᠡᠨ᠎ᠳᠤ ᠤᠬᠠᠭ᠋ᠠᠨ ᠪᠣᠳᠣᠯᠭ᠎ᠠ ᠭᠠᠷᠭ᠋ᠠᠵᠤ ᠥᠭᠭᠦᠨ᠎ᠡ ᠂ ᠡᠭᠦᠨ᠎ᠤ ᠳᠠᠭ᠋ᠠᠤ᠎ᠳᠤ ᠲᠦᠷᠦ ᠵᠢᠨ ᠪᠣᠳᠣᠯᠭ᠎ᠠ ᠪᠠ ᠲᠦᠷᠦᠯ ᠵᠦᠢ᠍ᠯ ᠣᠯᠬᠤ᠎ᠪᠠᠷ ᠨᠢᠭᠡᠳᠦᠯᠲᠡᠢ᠎ᠪᠠᠷ ᠬᠠᠮᠲᠤ᠎ᠳᠤ᠎ᠪᠠᠨ ᠴᠢᠷᠮᠠᠢ᠌ᠬᠤ ᠂ ᠬᠤᠳᠠᠯᠳᠤᠭ᠋ᠠᠴᠢᠨ᠎ᠢ ᠤᠷᠢᠬᠤ᠎ᠪᠠᠷ ᠨᠢᠭᠡᠳᠦᠯᠲᠡᠢ᠎ᠪᠠᠷ ᠬᠠᠮᠲᠤ᠎ᠳᠤ᠎ᠪᠠᠨ ᠮᠡᠷᠡᠢ᠌ᠬᠦ ᠮᠥᠷᠲᠡᠭᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠨ ᠠᠰᠠᠭᠤᠳᠠᠯ᠎ᠢ ᠠᠳᠬᠤᠵᠤ ᠂ ᠲᠦᠪᠡᠭᠲᠡᠢ ᠰᠡᠳᠦᠪ᠎ᠲᠤ ᠰᠢᠪᠲᠤᠯᠤᠯᠲᠠ ᠭᠠᠷᠭ᠋ᠠᠨ ᠂ ᠬᠦᠴᠢᠷᠲᠡᠢ ᠵᠦᠢ᠍ᠯ᠎ᠢ᠎ᠨᠢ ᠰᠢᠢ᠍ᠳᠪᠦᠷᠢᠯᠡᠵᠦ ᠥᠭᠭᠦᠨ᠎ᠡ ; ᠲᠢᠩᠬᠢᠮ ᠲᠣᠪᠴᠢᠶ᠎ᠠ ᠰᠠᠯᠠᠭ᠎ᠠ ᠮᠥᠴᠢᠷ᠎ᠤᠳ ᠪᠦᠭᠦ ᠲᠠᠯ᠎ᠠ ᠵᠢᠨ ᠵᠣᠭᠰᠣᠴᠠ᠎ᠠᠴᠠ ᠦᠢ᠍ᠯᠡᠴᠢᠯᠡᠭᠡᠨ᠎ᠤ ᠤᠬᠠᠮᠰᠠᠷ ᠂ ᠠᠵᠢᠭᠯᠠᠵᠤ ᠰᠡᠳᠬᠢᠨ ᠰᠢᠢ᠍ᠳᠪᠦᠷᠢᠯᠡᠬᠦ ᠰᠡᠳᠬᠢᠬᠦᠢ᠎ᠪᠠᠨ ᠴᠢᠩᠭ᠋ᠠᠷᠠᠭᠤᠯᠵᠤ ᠂ ᠬᠢᠨᠠᠭᠤᠯᠵᠤ ᠵᠥᠪᠰᠢᠶᠡᠷᠡᠭᠦᠯᠬᠦ᠎ᠪᠠᠷ ᠢᠷᠡᠭᠦᠯᠦᠭᠰᠡᠨ ᠲᠦᠷᠦᠯ ᠵᠦᠢ᠍ᠯ᠎ᠤᠨ ᠵᠥᠪᠰᠢᠶᠡᠷᠡᠵᠦ ᠪᠣᠯᠬᠤ ᠵᠢ᠎ᠨᠢ ᠲᠦᠷᠭᠡᠨ ᠬᠢᠨᠠᠨ ᠵᠥᠪᠰᠢᠶᠡᠷᠡᠵᠦ ᠂ ᠲᠤᠰᠢᠶᠠᠨ ᠭᠦᠢ᠍ᠴᠡᠳᠬᠡᠯᠭᠡᠬᠦ᠎ᠪᠠᠷ ᠢᠷᠡᠭᠦᠯᠦᠭᠰᠡᠨ ᠵᠦᠢ᠍ᠯᠡᠰ᠎ᠤᠨ ᠭᠦᠢ᠍ᠴᠡᠳᠬᠡᠵᠦ ᠪᠣᠯᠬᠤ ᠵᠢ᠎ᠨᠢ ᠭᠦᠢ᠍ᠴᠡᠳ ᠭᠦᠢ᠍ᠴᠡᠳᠬᠡᠵᠦ ᠂ ᠬᠤᠪᠢᠳᠠᠵᠤ ᠥᠭᠭᠦᠭᠰᠡᠨ ᠡᠭᠦᠷᠭᠡ ᠵᠢ᠎ᠨᠢ ᠱᠠᠯᠠᠪᠳᠠᠵᠤ ᠪᠠᠢ᠌ᠭ᠋ᠠᠳ ᠭᠦᠢ᠍ᠴᠡᠳᠬᠡᠯᠭᠡᠬᠦ ᠵᠢᠨ ᠳᠠᠭ᠋ᠠᠤ᠎ᠳᠤ ᠪᠠᠰᠠ ᠬᠠᠪᠰᠤᠷᠤᠨ ᠭᠦᠢ᠍ᠴᠡᠳᠬᠡᠵᠦ ᠥᠭᠭᠦᠨ᠎ᠡ ; ᠠᠢ᠌ᠮᠠᠭ ᠬᠤᠳᠠ ᠬᠣᠰᠢᠭᠤ ᠰᠢᠶᠠᠨ᠎ᠨᠤᠭᠤᠳ ᠪᠦᠭᠦ ᠣᠷᠣᠨ ᠵᠢᠡᠷ ᠵᠢᠡᠨ 《 ᠨᠢᠭᠡ ᠬᠥᠯᠭᠡ ᠰᠢᠲᠠᠷ᠎ᠠ》 ᠠᠳᠠᠯᠢ ᠪᠠᠢ᠌ᠬᠤ ᠵᠢ ᠪᠠᠷᠢᠮᠲᠠᠯᠠᠨ ᠂ ᠪᠦᠭᠦ ᠲᠠᠯ᠎ᠠ ᠵᠢᠨ ᠪᠠᠢ᠌ᠷᠢ ᠲᠣᠭᠲᠠᠭ᠋ᠠᠯᠲᠠ ᠵᠢ ᠣᠨᠣᠴᠠᠲᠠᠢ ᠣᠯᠵᠤ ᠂ ᠣᠨᠴᠠᠯᠢᠭ ᠳᠠᠪᠠᠭᠤᠯᠢᠭ᠎ᠲᠤ᠎ᠪᠠᠨ ᠰᠠᠭᠤᠷᠢᠯᠠᠨ ᠂ ᠭᠣᠣᠯᠯᠠᠨ ᠰᠢᠪᠲᠤᠯᠬᠤ ᠴᠢᠭᠯᠡᠯ ᠵᠶ᠋ᠠᠨ ᠲᠣᠳᠣᠷᠬᠠᠢ ᠲᠣᠭᠲᠠᠭ᠋ᠠᠵᠤ ᠂ ᠡᠷᠴᠢ ᠵᠣᠷᠢᠭ ᠵᠶ᠋ᠠᠨ ᠭᠦᠢ᠍ᠴᠡᠳ ᠪᠠᠳᠠᠷᠠᠭᠤᠯᠵᠤ ᠪᠠᠢ᠌ᠭ᠋ᠠᠳ ᠲᠦᠷᠭᠡᠨ ᠬᠥᠭᠵᠢᠯᠲᠡ᠎ᠪᠠᠨ ᠤᠯᠠᠮ᠎ᠠᠴᠠ ᠲᠦᠷᠭᠡᠳᠬᠡᠨ᠎ᠡ ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠎ᠠ ᠃ ᠪᠠᠢ᠌ᠭᠤᠯᠤᠮᠵᠢ ᠂ ᠡᠭᠦᠷᠭᠡ ᠴᠢᠳᠠᠪᠤᠷᠢ ᠂ ᠡᠷᠬᠡ ᠮᠡᠳᠡᠯ ᠂ ᠲᠡᠰ ᠳᠠᠷᠠᠭ᠋ᠠᠯᠠᠯ ᠂ ᠬᠠᠷᠢᠭᠤᠴᠠᠯᠭ᠎ᠠ ᠵᠢᠨ ᠬᠠᠤᠯᠢ ᠶᠣᠰᠣᠨ᠎ᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂ ᠬᠠᠤᠯᠢᠵᠢᠯ᠎ᠤᠨ ᠰᠡᠳᠬᠢᠬᠦᠢ ᠪᠠ ᠬᠠᠤᠯᠢᠵᠢᠯ᠎ᠤᠨ ᠵᠢᠷᠤᠮᠯᠠᠯ ᠵᠶ᠋ᠠᠷ ᠠᠰᠠᠭᠤᠳᠠᠯ᠎ᠢ ᠪᠣᠳᠣᠯᠬᠢᠯᠠᠬᠤ ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠂ ᠠᠵᠢᠯ ᠶᠠᠪᠤᠳᠠᠯ ᠬᠢᠬᠦ᠎ᠳᠤ᠎ᠪᠠᠨ ᠴᠢᠳᠠᠮᠠᠭ᠋ᠠᠢ ᠪᠠᠢ᠌ᠵᠤ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠴᠢᠨᠠᠷ ᠴᠢᠨᠰᠠᠭ᠎ᠠ ᠦᠷ᠎ᠡ ᠠᠰᠢᠭ᠎ᠢ ᠳᠡᠬᠡᠭᠰᠢᠯᠡᠬᠦᠯᠵᠦ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠢ ᠵᠢᠷᠤᠮᠵᠢᠭᠤᠯᠤᠨ ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠯᠠᠮ ᠢᠯᠡᠭᠦᠦ ᠤᠬᠠᠮᠰᠠᠷ᠎ᠠᠴᠠ᠎ᠪᠠᠨ ᠬᠦᠯᠢᠶᠡᠵᠦ ᠂ ᠵᠠᠰᠠᠭ᠎ᠤᠨ ᠣᠷᠳᠣᠨ᠎ᠤ ᠠᠵᠢᠯᠯᠠᠭ᠋ᠠᠨ᠎ᠢ ᠪᠦᠭᠦ ᠲᠠᠯ᠎ᠠ᠎ᠪᠠᠷ ᠬᠠᠤᠯᠢᠵᠢᠯ᠎ᠤᠨ ᠵᠠᠮ ᠮᠥᠷ᠎ᠲᠤ ᠣᠷᠣᠭᠤᠯᠤᠨ ᠂ ᠵᠠᠰᠠᠭ ᠵᠠᠬᠢᠷᠭ᠋ᠠᠨ᠎ᠤ ᠦᠷ᠎ᠡ ᠠᠰᠢᠭᠯᠠᠮᠵᠢ ᠪᠠ ᠨᠡᠢ᠍ᠢ᠍ᠲᠡ᠎ᠳᠤ ᠢᠲᠡᠭᠡᠭᠦᠯᠬᠦ ᠬᠦᠴᠦᠨ᠎ᠢ᠎ᠨᠢ ᠲᠡᠬᠡᠭᠰᠢᠯᠡᠬᠦᠯᠦᠨ᠎ᠡ ᠃ ᠰᠤᠷᠲᠠᠯ᠎ᠢ ᠴᠡᠭᠴᠡᠯᠡᠨ ᠰᠠᠬᠢᠯᠭ᠎ᠠ ᠵᠢ ᠴᠢᠩᠳᠠᠯᠠᠬᠤ᠎ᠪᠠᠨ ᠴᠢᠩᠭ᠋ᠠᠳᠬᠠᠨ᠎ᠠ ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠡᠬᠢᠵᠢᠭᠦᠯᠦᠨ ᠪᠣᠳᠠᠲᠠᠢ᠌ᠵᠢᠭᠤᠯᠵᠤ ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠤᠢ᠌ᠪᠢᠰᠢ ᠦᠭᠡᠢ ᠨᠠᠢ᠌ᠳᠠᠪᠤᠷᠢᠵᠢᠭᠤᠯᠤᠨ ᠂ 《ᠲᠦᠷᠪᠡᠨ ᠰᠤᠷᠲᠠᠯ》᠎ᠤᠨ ᠠᠰᠠᠭᠤᠳᠠᠯ ᠢᠯᠠᠩᠭᠤᠶ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ᠎ᠢ ᠦᠷᠭᠦᠯᠵᠢᠯᠡᠨ ᠵᠠᠰᠠᠨ ᠵᠠᠯᠠᠷᠠᠭᠤᠯᠵᠤ ᠂ 《ᠭᠤᠷᠪᠠᠨ ᠤᠯᠠᠨ ᠂ ᠭᠤᠷᠪᠠᠨ ᠴᠥᠭᠡᠨ ᠂ ᠭᠤᠷᠪᠠᠨ ᠤᠳᠠᠭ᠋ᠠᠨ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂ ᠡᠷᠬᠡ ᠲᠥᠪᠯᠡᠷᠡᠩᠭᠦᠢ ᠂ ᠪᠡᠯᠡ ᠮᠥᠩᠭᠥ ᠣᠯᠠᠨ᠎ᠲᠠᠢ ᠂ ᠡᠬᠢ ᠪᠠᠶᠠᠯᠢᠭ ᠦᠯᠡᠮᠵᠢ ᠬᠦᠷᠢᠶᠡᠨ᠎ᠳᠠᠬᠢ ᠬᠢᠨᠠᠯᠲᠠ ᠲᠠᠯᠪᠢᠯᠲᠠ ᠪᠠ ᠬᠢᠵᠠᠭ᠋ᠠᠷᠯᠠᠯ᠎ᠢ ᠴᠢᠩᠭ᠋ᠠᠷᠠᠭᠤᠯᠵᠤ ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ᠌ᠷᠡᠭᠦᠯᠦᠨ ᠠᠬᠢᠭᠤᠯᠤᠨ᠎ᠠ ᠃ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠨ᠎ᠠ ᠃ ᠠᠵᠢᠯ ᠵᠶ᠋ᠠᠨ ᠲᠣᠳᠣᠷᠬᠠᠢ᠌ᠯᠠᠬᠤ ᠤᠬᠠᠮᠰᠠᠷ ᠂ ᠡᠭᠦᠷᠭᠡ᠎ᠪᠠᠨ ᠪᠡᠶᠡᠯᠡᠭᠦᠯᠬᠦ ᠤᠬᠠᠮᠰᠠᠷ ᠂ ᠦᠷ᠎ᠡ ᠪᠦᠳᠦᠮᠵᠢ ᠭᠠᠷᠭ᠋ᠠᠬᠤ ᠤᠬᠠᠮᠰᠠᠷ᠎ᠢ ᠴᠢᠩᠭ᠋ᠠᠷᠠᠭᠤᠯᠤᠨ ᠂ ᠬᠠᠷᠠᠯᠲᠠ᠎ᠳᠤ᠎ᠪᠠᠨ ᠴᠢᠭᠯᠡᠭᠦᠯᠵᠦ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠬᠢᠵᠠᠭ᠋ᠠᠷᠯᠠᠯ ᠬᠦᠯᠢᠶᠡᠰᠦᠯᠡᠯ᠎ᠠᠴᠠ᠎ᠨᠢ ᠴᠢᠯᠦᠭᠡᠯᠡᠵᠦ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠬᠤᠷᠳᠤᠴᠠ ᠪᠠ ᠦᠷ᠎ᠡ ᠪᠦᠳᠦᠮᠵᠢ᠎ᠪᠠᠨ ᠳᠡᠭᠡᠭᠰᠢᠯᠡᠭᠦᠯᠦᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠰᠡᠳᠦᠵᠦ ᠲᠥᠯᠥᠪᠯᠡᠭᠰᠡᠨ ᠠᠵᠢᠯ ᠶᠠᠪᠤᠳᠠᠯ ᠵᠶ᠋ᠠᠨ ᠤᠷᠢᠳᠴᠢᠯᠠᠭ᠋ᠠᠳ ᠲᠦᠷᠦᠭᠦᠯᠡᠨ ᠬᠢᠵᠦ ᠂ ᠡᠷᠲᠡᠬᠡᠨ ᠮᠥᠷᠲᠡᠭᠡᠨ ᠪᠤᠰᠢᠭᠤ ᠬᠥᠳᠡᠯᠦᠯᠴᠡᠨ ᠂ ᠲᠣᠭᠲᠠᠭᠰᠠᠨ ᠠᠵᠢᠯ ᠶᠠᠪᠤᠳᠠᠯ ᠵᠶ᠋ᠠᠨ ᠴᠢᠩᠭ᠎ᠠ ᠠᠳᠬᠤᠨ ᠲᠦᠷᠭᠡᠨ ᠭᠦᠢ᠍ᠴᠡᠳᠬᠡᠵᠦ ᠂ ᠦᠷ᠎ᠡ ᠪᠦᠳᠦᠮᠵᠢ ᠭᠠᠷᠭ᠋ᠠᠵᠤ ᠦᠷ᠎ᠡ ᠳ᠋ᠦᠩ᠎ᠲᠠᠢ ᠪᠤᠯᠭ᠋ᠠᠵᠦ ᠂ 《ᠬᠢᠭᠰᠡᠨ ᠬᠤᠷᠠᠯ ᠵᠶ᠋ᠠᠨ ᠦᠪᠡᠰᠦᠪᠡᠨ ᠲᠤᠭᠤᠰᠢᠯᠠᠭᠤᠯᠬᠤ ᠂ ᠭᠠᠷᠭ᠋ᠠᠭᠰᠠᠨ ᠴᠣᠬᠣᠯᠠᠪᠤᠷᠢ᠎ᠪᠠᠨ ᠦᠪᠡᠰᠦᠪᠡᠨ ᠨᠠᠢ᠌ᠳᠠᠪᠤᠷᠢᠵᠢᠭᠤᠯᠬᠤ ᠂ ᠲᠣᠭᠲᠠᠭ᠋ᠠᠭᠰᠠᠨ ᠲᠦᠷᠦ ᠵᠢᠨ ᠪᠣᠳᠣᠯᠭ᠎ᠠ᠎ᠪᠠᠨ ᠦᠪᠡᠰᠦᠪᠡᠨ ᠪᠣᠳᠠᠲᠠᠢ᠌ᠵᠢᠭᠤᠯᠬᠤ》 ᠵᠢ ᠦᠨᠡᠨ ᠬᠦ᠌ ᠪᠡᠶᠡᠯᠡᠭᠦᠯᠦᠨ᠎ᠡ ᠃
ᠲᠥᠯᠥᠭᠡᠯᠡᠭᠴᠢᠳ ᠠ᠋ ! ᠰᠢᠨ᠎ᠡ ᠠᠶᠠᠨ ᠵᠠᠮ᠎ᠤᠨ ᠰᠠᠷᠠᠭᠤᠯ ᠢᠷᠡᠭᠡᠳᠦᠢ ᠪᠢᠳᠡᠨ᠎ᠢ ᠬᠤᠷᠤᠢ᠌ᠯᠠᠵᠤ ᠂ ᠣᠳᠣᠬᠢᠴᠢᠯᠠᠯᠲᠠ ᠵᠢᠨ ᠠᠤᠭ᠎ᠠ ᠲᠥᠰᠥᠪ ᠪᠢᠳᠡᠨ᠎ᠤ ᠤᠷᠮ᠎ᠠ ᠵᠣᠷᠢᠭ᠎ᠢ ᠬᠥᠭᠵᠢᠭᠡᠵᠦ ᠪᠠᠢ᠌ᠨ᠎ᠠ ᠂ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠨᠨᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠠᠭ᠋ᠠᠭᠤᠯᠭ᠎ᠠ ᠳᠣᠣᠷ᠎ᠠ ᠂ ᠨᠢᠭᠡ ᠰᠡᠳᠬᠢᠯ ᠨᠢᠭᠡ ᠵᠣᠷᠢᠭ ᠵᠶ᠋ᠠᠷ ᠦᠨᠡᠨ ᠬᠦ᠌ ᠰᠢᠷᠭ᠋ᠠᠭᠤ ᠦᠨᠡᠨᠴᠢ᠎ᠪᠠᠷ ᠠᠵᠢᠯᠯᠠᠨ ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠦ ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠠᠢ᠌ᠭᠤᠯᠵᠤ ᠂ ᠲᠣᠮᠳᠠᠳᠣ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠣᠯᠳᠡ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ !
ᠳᠠᠭ᠋ᠠᠯᠳᠤᠭᠤᠯᠤᠯ ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ ᠳᠠᠬᠢ ᠠᠷᠠᠳ᠎ᠤᠨ ᠠᠮᠢᠳᠤᠷᠠᠯ᠎ᠤᠨ ᠪᠣᠳᠠᠲᠠᠢ ᠶᠠᠪᠤᠳᠠᠯ᠎ᠤᠨ 43 ᠲᠥᠷᠥᠯ ᠵᠦᠢ᠍ᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
2. 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠣᠯᠪᠣᠭᠳᠠᠯ ᠪᠦᠬᠦᠢ ᠨᠡᠷᠡᠰ ᠤᠨ ᠲᠠᠢ᠌ᠯᠪᠤᠷᠢ
ᠳᠠᠭ᠋ᠠᠯᠳᠤᠭᠤᠯᠤᠯ 1
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ 2023 ᠣᠨ᠎ᠳᠠᠬᠢ ᠠᠷᠠᠳ᠎ᠤᠨ ᠠᠮᠢᠳᠤᠷᠠᠯ᠎ᠤᠨ ᠪᠣᠳᠠᠲᠠᠢ ᠶᠠᠪᠤᠳᠠᠯ᠎ᠤᠨ 43 ᠲᠥᠷᠥᠯ ᠵᠦᠢ᠍ᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
ᠨᠢᠭᠡ ᠂ ᠣᠯᠠᠨ ᠲᠦᠮᠡᠨ᠎ᠤ ᠠᠵᠢᠯ ᠣᠯᠵᠤ ᠣᠷᠣᠯᠭ᠎ᠠ ᠨᠡᠮᠡᠭᠳᠡᠬᠦ ᠵᠢ᠎ᠨᠢ ᠠᠬᠢᠭᠤᠯᠬᠤ 7 ᠵᠦᠢ᠍ᠯ
1. ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠵᠦ ᠂ ᠵᠢᠯ᠎ᠤᠨ ᠰᠡᠭᠦᠯᠴᠢ ᠪᠣᠯᠬᠤ᠎ᠳᠤ ᠠᠵᠢᠯ ᠣᠯᠭᠣᠯᠲᠠ ᠵᠢᠨ ᠨᠣᠷᠮ᠎ᠠ᠎ᠪᠠᠨ 90%᠎ᠠᠴᠠ ᠳᠡᠭᠡᠭᠰᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ᠃
2. 《ᠭᠤᠷᠪᠠ ᠵᠢ ᠳᠡᠮᠵᠢᠵᠦ ᠨᠢᠭᠡ ᠵᠢ ᠲᠡᠳᠬᠦᠬᠦ 》 ᠪᠠ ᠨᠡᠢ᠌ᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠯᠥᠪᠯᠡᠭᠡ ᠵᠢ ᠬᠡᠷᠡᠭᠵᠢᠭᠦᠯᠵᠦ ᠂ ᠲᠥᠷᠥᠯ ᠵᠦᠢ᠍ᠯ᠎ᠤᠨ ᠠᠵᠢᠯᠲᠠᠨ᠎ᠢ 7500 ᠡᠯᠰᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ᠃
3.19.62 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠪᠤᠴᠠᠭ᠋ᠠᠳ ᠶᠠᠳᠠᠭᠤᠷᠠᠬᠤ ᠪᠠ ᠶᠠᠳᠠᠭᠤ ᠪᠠᠢ᠌ᠳᠠᠯ᠎ᠳᠤ ᠣᠷᠣᠬᠤ ᠵᠢ᠎ᠨᠢ ᠰᠡᠷᠭᠡᠢ᠌ᠯᠡᠨ ᠠᠵᠢᠭᠯᠠᠵᠤ ᠪᠠᠢ᠌ᠭᠰᠠᠨ ᠬᠡᠪᠴᠢᠶᠡᠨ᠎ᠳᠠᠬᠢ ᠬᠥᠮᠥᠰ᠎ᠤᠨ ᠬᠦᠴᠦ ᠶᠠᠪᠤᠵᠤ ᠠᠵᠢᠯ ᠣᠯᠬᠤ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠃
4. ᠬᠣᠰᠢᠭᠤ ᠰᠢᠶᠠᠨ (ᠬᠤᠲᠠ ᠂ ᠲᠣᠭᠣᠷᠢᠭ) ᠪᠣᠯᠭ᠋ᠠᠨ᠎ᠳᠤ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠢ ᠠᠳᠠᠭ᠎ᠲᠤ᠎ᠪᠠᠨ 1 ᠪᠠᠢ᠌ᠭᠤᠯᠵᠤ ᠂ ᠤᠶᠠᠨ ᠠᠮᠢᠳᠤᠯᠢᠭ ᠵᠶ᠋ᠠᠷ ᠠᠵᠢᠯᠯᠠᠬᠤ ᠬᠥᠮᠥᠰ᠎ᠲᠤ ᠠᠵᠢᠯ ᠣᠯᠭᠣᠬᠤ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ᠃
5. ᠵᠡᠮᠳᠡᠭᠴᠦᠳ᠎ᠲᠤ ᠠᠵᠢᠯ ᠣᠯᠭᠣᠬᠤ ᠭᠤᠷᠪᠠᠨ ᠵᠢᠯ᠎ᠤᠨ ᠠᠵᠢᠯᠯᠠᠭ᠋ᠠᠨ᠎ᠢ ᠬᠡᠷᠡᠭᠵᠢᠭᠦᠯᠵᠦ ᠂ ᠠᠵᠢᠯ ᠣᠯᠣᠭᠰᠠᠳ᠎ᠢ 8000 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ) ᠃
6. ᠵᠠᠰᠠᠭ᠎ᠤᠨ ᠣᠷᠳᠣᠨ᠎ᠤ ᠨᠥᠬᠥᠪᠦᠷᠢ ᠥᠭᠬᠦ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ 25 ᠲᠦᠮᠡᠨ ᠬᠥᠮᠥᠨ ᠤᠳᠠᠭ᠎ᠠ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ; ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠬᠥᠯᠥᠰᠦᠨ ᠲᠠᠷᠢᠶᠠᠴᠢᠨ ᠮᠠᠯᠴᠢᠳ ᠂ ᠠᠵᠢᠯ ᠣᠯᠬᠤ᠎ᠳᠤ ᠬᠦᠴᠢᠷᠲᠡᠢ ᠬᠥᠮᠥᠰ ᠂ ᠨᠢᠭᠡ᠎ᠨᠢ ᠴᠦ᠍ ᠠᠵᠢᠯ ᠣᠯᠣᠭᠰᠠᠨ ᠦᠭᠡᠢ ᠭᠡᠷ ᠪᠦᠯᠢ ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠵᠡᠷᠭᠡ ᠬᠥᠮᠥᠰ᠎ᠲᠤ ᠮᠡᠷᠭᠡᠵᠢᠯ ᠤᠷ᠎ᠠ ᠮᠡᠷᠭᠡᠰᠢᠯ᠎ᠤᠨ ᠲᠠᠯ᠎ᠠ᠎ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ) ; ᠥᠨᠳᠥᠷ ᠬᠡᠪ ᠴᠢᠨᠠᠷᠲᠠᠢ ᠲᠠᠷᠢᠶᠠᠴᠢᠨ ᠮᠠᠯᠴᠢᠨ᠎ᠢ 1.5 ᠲᠦᠮᠡ ᠭᠠᠷᠤᠢ ᠬᠥᠮᠥᠵᠢᠭᠦᠯᠦᠨ ᠪᠣᠢ᠌ᠵᠢᠭᠤᠯᠵᠤ ᠂ ᠬᠥᠳᠡᠭᠡ ᠲᠤᠰᠬᠤᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ 《ᠬᠣᠰᠢᠭᠤᠴᠢ ᠭᠠᠯᠠᠭᠤ 》 ᠪᠣᠯᠬᠤ 780 ᠬᠥᠮᠥᠨ᠎ᠢ ᠬᠥᠮᠥᠵᠢᠭᠦᠯᠦᠨ ᠪᠣᠢ᠌ᠵᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ) ᠃
7. ᠴᠠᠯᠢᠩ ᠥᠷᠢᠲᠦᠬᠦ ᠵᠢ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠵᠦ ᠂ ᠬᠥᠯᠥᠰᠦᠨ ᠲᠠᠷᠢᠶᠠᠴᠢᠨ ᠮᠠᠯᠴᠢᠳ᠎ᠤᠨ ᠴᠠᠯᠢᠩ ᠵᠶ᠋ᠠᠨ ᠴᠠᠭ᠎ᠲᠤ᠎ᠪᠠᠨ ᠲᠣᠭ᠎ᠠ ᠶᠣᠰᠣᠭ᠋ᠠᠷ ᠭᠠᠷᠳᠠᠬᠤ ᠵᠢ ᠦᠨᠡᠨ ᠬᠦ᠌ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ᠃
ᠬᠣᠶᠠᠷ ᠂ ᠨᠡᠢ᠌ᠭᠡᠮ᠎ᠤᠨ ᠪᠠᠲᠤᠯᠠᠭ᠎ᠠ ᠵᠢ ᠴᠢᠩᠭ᠋ᠠᠳᠬᠠᠬᠤ 10 ᠵᠦᠢ᠍ᠯ
8. ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠳ᠎ᠢ 50 ᠲᠦᠮᠡ ᠰᠢᠨ᠎ᠡ᠎ᠪᠠᠷ ᠨᠡᠮᠡᠭᠳᠡᠭᠦᠯᠵᠦ ᠂ ᠶᠡᠷᠦᠩᠬᠡᠢ᠎ᠳᠤ᠎ᠨᠢ 1733 ᠲᠦᠮᠡ᠎ᠳᠤ ᠬᠦᠷᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ) ᠃
9. ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ ᠂ ᠨᠡᠮᠡᠭᠳᠡᠯ᠎ᠤᠨ ᠬᠡᠮᠵᠢᠶ᠎ᠡ ᠵᠢ 5%᠎ᠠᠴᠠ ᠳᠣᠣᠷ᠎ᠠ ᠪᠠᠢ᠌ᠯᠭ᠋ᠠᠬᠤ ᠦᠭᠡᠢ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
10. ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ ᠂ ᠨᠡᠮᠡᠭᠳᠡᠯ᠎ᠤᠨ ᠬᠡᠮᠵᠢᠶ᠎ᠡ ᠵᠢ 8.3%᠎ᠠᠴᠠ ᠳᠣᠣᠷ᠎ᠠ ᠪᠠᠢ᠌ᠯᠭ᠋ᠠᠬᠤ ᠦᠭᠡᠢ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
11. ᠬᠤᠲᠠ ᠵᠢᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠣᠭᠣᠷᠢᠭ᠎ᠤᠨ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠴᠢᠳᠠᠮᠵᠢ ᠵᠢ ᠪᠠᠲᠤᠳᠬᠠᠨ ᠳᠡᠭᠡᠭᠰᠢᠯᠡᠭᠦᠯᠵᠦ ᠂ ᠣᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ 2.6 ᠲᠦᠮᠡᠨ ᠡᠷᠦᠬᠡ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ; ᠬᠤᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠤᠭᠰᠠᠨ ᠰᠠᠭᠤᠭ᠋ᠠᠯᠢ ᠲᠣᠭᠣᠷᠢᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨ ᠲᠣᠬᠢᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ) ᠃
12. ᠰᠢᠶᠠᠩ ᠪᠠᠯᠭ᠋ᠠᠰᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 350 ᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2000 ᠰᠢᠨ᠎ᠡ᠎ᠪᠠᠷ ᠪᠠᠢ᠌ᠭᠤᠯᠵᠤ ᠂ ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠠᠮᠤᠷ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
13. ᠨᠥᠬᠥᠴᠡᠯ᠎ᠳᠤ ᠨᠡᠢ᠌ᠴᠡᠭᠰᠡᠨ ᠠᠮᠢᠳᠤᠷᠠᠯ ᠵᠶ᠋ᠠᠨ ᠦᠪᠡᠰᠦᠪᠡᠨ ᠠᠷᠭ᠋ᠠᠴᠠᠭ᠋ᠠᠵᠤ ᠳᠡᠢ᠍ᠢ᠍ᠯᠬᠦ ᠦᠭᠡᠢ ᠭᠡᠵᠦ ᠮᠠᠭ᠋ᠠᠳᠯᠠᠨ ᠲᠣᠭᠲᠠᠭ᠋ᠠᠭᠳᠠᠭᠰᠠᠨ ᠠᠵᠤ ᠠᠬᠤᠢ᠎ᠨᠢ ᠬᠦᠴᠢᠷᠳᠡᠯᠲᠡᠢ ᠨᠠᠰᠤᠲᠠᠢ᠌ᠴᠤᠳ᠎ᠲᠤ ᠠᠰᠠᠷᠠᠨ ᠰᠤᠪᠢᠯᠠᠬᠤ ᠨᠥᠬᠥᠪᠦᠷᠢ ᠣᠯᠭᠣᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
14. ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 2 ᠲᠦᠮᠡ ᠰᠢᠨ᠎ᠡ᠎ᠪᠠᠷ ᠨᠡᠮᠡᠭᠳᠡᠭᠦᠯᠵᠦ ᠂ ᠬᠡᠦᠬᠡᠳ ᠰᠠᠭ᠋ᠠᠲᠠᠭᠤᠯᠵᠤ ᠬᠥᠮᠥᠵᠢᠭᠦᠯᠬᠦ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠵᠢᠷᠤᠮᠵᠢᠭᠤᠯᠤᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
15. ᠬᠣᠰᠢᠭᠤ ᠰᠢᠶᠠᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ 7 ᠲᠥᠪ᠎ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ ᠂ ᠰᠢᠶᠠᠩ ᠪᠠᠯᠭ᠋ᠠᠰᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ 150 ᠠᠵᠢᠯ᠎ᠤᠨ ᠥᠷᠲᠡᠭᠡ ᠵᠢ ᠰᠢᠨ᠎ᠡ᠎ᠪᠠᠷ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
16. ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢᠨ 6500 ᠡᠷᠦᠬᠡ᠎ᠳᠤ ᠰᠠᠭ᠋ᠠᠳ ᠦᠭᠡᠢ ᠲᠥᠬᠦᠭᠡᠷᠦᠮᠵᠢ ᠥᠭᠡᠷᠡᠴᠢᠯᠡᠨ ᠰᠢᠨᠡᠳᠬᠡᠬᠦ ᠵᠢ ᠬᠡᠷᠡᠭᠵᠢᠭᠦᠯᠵᠦ ᠂ ᠣᠶᠣᠨ ᠤᠬᠠᠭ᠋ᠠᠨ᠎ᠤ ᠂ ᠤᠶᠤᠨ ᠮᠡᠳᠡᠷᠡᠯ᠎ᠤᠨ ᠪᠠ ᠬᠦᠨᠳᠦ ᠳᠡᠰ᠎ᠤᠨ ᠦᠶ᠎ᠡ ᠮᠥᠴᠢ᠎ᠨᠢ ᠵᠡᠮᠳᠡᠭ 6500 ᠬᠥᠮᠥᠨ᠎ᠳᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠨ ᠂ 0 — 59 ᠨᠠᠰᠤᠨ᠎ᠤ 41.3 ᠲᠦᠮᠡᠨ ᠵᠡᠮᠳᠡᠭᠴᠦᠳ᠎ᠲᠤ ᠰᠠᠨᠠᠭ᠋ᠠᠨ᠎ᠳᠤ ᠦᠭᠡᠢ ᠰᠢᠷᠬᠠᠲᠤᠯ ᠭᠡᠮᠲᠦᠯ᠎ᠤᠨ ᠳᠠᠭ᠋ᠠᠳᠬᠠᠯ᠎ᠢ ᠬᠤᠳᠠᠯᠳᠤᠨ ᠠᠪᠴᠤ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ) ᠃
17. ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠭᠰᠡᠨ ᠭᠡᠷ ᠪᠦᠯᠢ ᠵᠢᠨ ᠵᠣᠬᠢᠬᠤ ᠨᠠᠰᠤᠨ᠎ᠤ ᠡᠮᠡᠭᠲᠡᠢ᠌ᠴᠦᠳ᠎ᠲᠤ 《ᠬᠣᠶᠠᠷ ᠵᠦᠢ᠍ᠯ᠎ᠤᠨ ᠦᠮᠠᠨ ᠡᠪᠡᠳᠴᠢᠨ 》᠎ᠢ᠎ᠨᠢ ᠰᠢᠭᠰᠢᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠂ ᠣᠨᠣᠰᠢᠯᠠᠭᠳᠠᠭᠰᠠᠨ ᠡᠪᠡᠳᠴᠢᠲᠡᠨ ᠪᠦᠷᠢ᠎ᠳᠤ ᠲᠤᠬᠠᠢ ᠵᠢᠨ ᠵᠢᠯ᠎ᠳᠤᠨᠢ ᠲᠦᠮᠡᠨ ᠲᠥᠭᠥᠷᠢᠭ᠎ᠤᠨ ᠲᠤᠰᠠᠯᠠᠮᠵᠢ ᠣᠯᠭᠣᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ) ᠃
ᠭᠤᠷᠪᠠ ᠂ ᠣᠯᠠᠨ ᠨᠡᠢ᠍ᠢ᠍ᠲᠡ ᠵᠢᠨ ᠦᠨᠳᠦᠰᠦᠨ ᠦᠢ᠍ᠯᠡᠴᠢᠯᠡᠭᠡᠨ᠎ᠤ 15 ᠵᠦᠢ᠍ᠯ᠎ᠢ ᠰᠢᠯᠢᠳᠡᠭᠵᠢᠭᠦᠯᠦᠨ᠎ᠡ
18. ᠬᠡᠦᠬᠡᠳ᠎ᠤᠨ ᠴᠡᠴᠡᠷᠯᠢᠭ᠎ᠢ 204 ᠂ ᠳᠤᠮᠳᠠᠲᠤ ᠪᠠᠭ᠎ᠠ ᠰᠤᠷᠭ᠋ᠠᠭᠤᠯᠢ ᠵᠢ 676 ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠢ᠌ᠭᠤᠯᠵᠤ ᠂ ᠬᠡᠦᠬᠡᠳ ᠪᠠ ᠰᠤᠷᠤᠭᠴᠢᠳ᠎ᠤᠨ ᠣᠷᠣ ᠵᠢ 6.6 ᠲᠦᠮᠡ ᠰᠢᠨ᠎ᠡ᠎ᠪᠠᠷ ᠨᠡᠮᠡᠭᠳᠡᠭᠦᠯᠵᠦ ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠨᠠᠢ᠌ᠳᠠᠨ ᠬᠠᠮᠢᠶᠠᠷᠬᠤ ᠦᠢ᠍ᠯᠡᠴᠢᠯᠡᠭᠡ ᠵᠢ ᠦᠷᠭᠦᠯᠵᠢᠯᠡᠨ ᠥᠷᠨᠢᠭᠦᠯᠦᠨ᠎ᠡ ; ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ 13 ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠢ᠌ᠭᠤᠯᠵᠤ ᠂ ᠬᠡᠦᠬᠡᠳ ᠪᠠ ᠰᠤᠷᠤᠭᠴᠢᠳ᠎ᠤᠨ ᠣᠷᠣ ᠵᠢ 3400 ᠰᠢᠨ᠎ᠡ᠎ᠪᠠᠷ ᠨᠡᠮᠡᠭᠳᠡᠭᠦᠯᠵᠦ ᠂ ᠵᠡᠮᠳᠡᠭ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠰᠠᠭᠤᠬᠤ ᠨᠣᠷᠮ᠎ᠠ ᠵᠢ 97%᠎ᠠᠴᠠ ᠳᠡᠭᠡᠭᠰᠢ᠎ᠳᠤ ᠬᠦᠷᠦᠭᠦᠯᠬᠦ᠎ᠪᠠᠨ ᠦᠨᠡᠨ ᠬᠦ᠌ ᠪᠠᠲᠤᠯᠠᠨ᠎ᠠ ; ᠬᠤᠲᠠ ᠵᠢᠨ 1000 ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠥᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠣᠨ ᠲᠣᠮᠢᠯᠠᠵᠤ ᠬᠣᠷᠰᠢᠯᠴᠠᠨ ᠬᠠᠪᠰᠤᠷᠤᠯᠴᠠᠵᠤ ᠲᠡᠳᠬᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ) ᠃
19. ᠤᠯᠤᠰ᠎ᠤᠨ ᠰᠤᠷᠭ᠋ᠠᠨ ᠬᠥᠮᠦᠵᠢᠯ᠎ᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠣᠶᠤᠨᠯᠢᠭ ᠲᠠᠪᠴᠠᠩ᠎ᠤᠨ ᠥᠪᠥᠷ ᠮᠣᠩᠭᠣᠯ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭ᠋ᠠᠵᠢᠭᠤᠯᠤᠭᠰᠠᠨ ᠪᠠᠷᠢᠮᠵᠢᠶᠠᠲᠤ ᠰᠢᠯᠭ᠋ᠠᠯᠲᠠ ᠵᠢᠨ 2 ᠲᠦᠮᠡᠨ ᠲᠠᠯᠠᠪᠤᠷ᠎ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ) ᠃
20. ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠋ᠠᠨ᠎ᠤ ᠡᠮᠨᠡᠯᠭᠡ ᠵᠢᠨ ᠬᠣᠷᠢᠶ᠎ᠠ ᠵᠢ 43 ᠪᠠᠢ᠌ᠭᠤᠯᠤᠨ ᠂ ᠨᠢᠭᠲᠠ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢ 20 ᠴᠣᠭᠴᠠᠯᠠᠨ ᠪᠠᠢ᠌ᠭᠤᠯᠵᠤ ᠂ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠬᠡᠬᠦ ᠪᠠ ᠣᠷᠣᠨ ᠪᠦᠰᠡ᠎ᠳᠤ ᠲᠡᠩᠴᠡᠭᠦᠷᠢᠲᠡᠢ ᠪᠠᠢ᠌ᠷᠢᠰᠢᠭᠤᠯᠬᠤ ᠵᠢ ᠠᠬᠢᠭᠤᠯᠵᠤ ᠂ ᠤᠯᠠᠨ ᠲᠦᠮᠡᠨ᠎ᠤ ᠡᠮᠨᠡᠭᠦᠯᠵᠦ ᠡᠮ ᠬᠤᠳᠠᠯᠳᠤᠨ ᠠᠪᠬᠤ ᠲᠠᠯ᠎ᠠ᠎ᠪᠠᠷ᠎ᠬᠢ ᠲᠦᠭᠦᠮ ᠳᠥᠲᠡ ᠪᠠᠢ᠌ᠯᠭ᠋ᠠᠬᠤ ᠴᠢᠨᠠᠷ ᠂ ᠥᠨᠳᠥᠷ ᠪᠦᠲᠦᠮᠵᠢᠲᠦ ᠴᠢᠨᠠᠷ ᠂ ᠠᠮᠤᠷ ᠲᠦᠪᠰᠢᠨ ᠴᠢᠨᠠᠷ᠎ᠢ ᠲᠡᠬᠡᠭᠰᠢᠯᠡᠬᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
21. ᠬᠣᠰᠢᠭᠤ ᠰᠢᠶᠠᠨ᠎ᠤ ᠬᠣᠶᠠᠳᠤᠭ᠋ᠠᠷ ᠳᠡᠰ᠎ᠤᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠣᠷᠢᠶ᠎ᠠ ᠵᠢ 77 ᠪᠠᠢ᠌ᠭᠤᠯᠵᠤ ᠂ ᠭᠤᠷᠪᠠᠳᠤᠭ᠋ᠠᠷ ᠳᠡᠰ᠎ᠤᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠣᠷᠢᠶ᠎ᠠ ᠵᠢ 33 ᠪᠠᠢ᠌ᠭᠤᠯᠵᠤ ᠂ ᠭᠤᠷᠪᠠᠳᠤᠭ᠋ᠠᠷ ᠳᠠᠰ᠎ᠤᠨ ᠬᠢᠲᠠᠳ (ᠮᠣᠩᠭᠣᠯ) ᠡᠮᠨᠡᠯᠭᠡ ᠵᠢᠨ ᠬᠣᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠣᠷᠢᠶ᠎ᠠ ᠵᠢ 30 ᠪᠠᠢ᠌ᠭᠤᠯᠵᠤ ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ ᠳᠦᠷᠪᠡᠨ ᠬᠤᠲᠠ ᠵᠢᠨ ᠪᠠᠢ᠌ᠴᠠᠭ᠋ᠠᠨ ᠰᠢᠯᠭ᠋ᠠᠭᠰᠠᠨ ᠦᠷ᠎ᠡ ᠳ᠋ᠦᠩ ᠵᠶ᠋ᠠᠨ ᠬᠠᠷᠢᠯᠴᠠᠨ ᠮᠡᠳᠡᠷᠡᠯᠴᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
22. ᠦᠨᠳᠦᠰᠦᠨ ᠱᠠᠲᠤᠨ᠎ᠤ ᠬᠢᠲᠠᠳ (ᠮᠣᠩᠭᠣᠯ) ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ ᠂ ᠬᠢᠲᠠᠳ (ᠮᠣᠩᠭᠣᠯ) ᠡᠮ ᠡᠮᠨᠡᠯᠭᠡ ᠵᠢᠨ ᠶᠡᠷᠦᠩᠬᠡᠢ ᠰᠠᠯᠠᠭ᠋ᠠᠨ᠎ᠤ ᠴᠢᠳᠠᠪᠤᠷᠢᠲᠠᠨ᠎ᠢ 120 ᠂ ᠬᠢᠲᠠᠳ (ᠮᠣᠩᠭᠣᠯ) ᠡᠮᠨᠡᠯᠭᠡ ᠵᠢᠨ ᠭᠠᠵᠠᠷ᠎ᠤᠨ ᠭᠣᠣᠯᠯᠠᠭᠴᠢ ᠪᠣᠯᠬᠤ ᠴᠢᠳᠠᠪᠤᠷᠢᠲᠠᠨ᠎ᠢ 320 ᠬᠥᠮᠥᠵᠢᠭᠦᠯᠦᠨ ᠪᠣᠢ᠌ᠵᠢᠭᠤᠯᠵᠤ ᠂ ᠬᠢᠲᠠᠳ (ᠮᠣᠩᠭᠣᠯ) ᠡᠮ ᠡᠮᠨᠡᠯᠭᠡ ᠵᠢᠨ ᠡᠪᠡᠳᠴᠢᠨ ᠰᠡᠷᠭᠡᠢ᠌ᠯᠡᠵᠦ ᠡᠮᠨᠡᠨ ᠵᠠᠰᠠᠬᠤ᠎ᠳᠤ ᠲᠣᠬᠢᠷᠠᠬᠤ ᠮᠡᠷᠭᠡᠵᠢᠯ᠎ᠢ 60 ᠵᠦᠢ᠍ᠯ ᠳᠡᠯᠭᠡᠷᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
23. ᠭᠡᠷ ᠪᠦᠯᠢ ᠵᠢᠨ ᠡᠮᠴᠢ᠎ᠯᠦᠭᠡ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠦ ᠂ ᠭᠣᠣᠯᠳᠠᠯᠭ᠎ᠠ ᠪᠣᠯᠬᠤ ᠬᠥᠮᠥᠰ᠎ᠢ ᠬᠠᠮᠤᠷᠤᠭᠰᠠᠨ ᠨᠣᠷᠮ᠎ᠠ᠎ᠪᠠᠨ 78%᠎ᠠᠴᠠ ᠳᠡᠭᠡᠭᠰᠢ ᠪᠣᠯᠭ᠋ᠠᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
24. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠤᠭᠴᠢᠳ᠎ᠤᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠵᠠᠰᠠᠬᠤ ᠠᠵᠢᠯ᠎ᠳᠤ ᠨᠡᠢ᠌ᠳᠡᠮ ᠰᠢᠭᠰᠢᠨ ᠪᠠᠢ᠌ᠴᠠᠭ᠋ᠠᠯᠲᠠ ᠬᠢᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ) ; ᠬᠦᠴᠢᠷᠳᠡᠯᠲᠡᠢ ᠭᠡᠷ ᠪᠦᠯᠢ ᠵᠢᠨ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠨᠢᠳᠦᠨ ᠰᠢᠯ ᠲᠠᠭ᠋ᠠᠷᠠᠭᠤᠯᠤᠨ ᠥᠭᠬᠦ ᠂ ᠰᠦᠢ᠍ᠳᠬᠡᠯ ᠬᠤᠷᠢᠶᠠᠬᠤ ᠦᠭᠡᠢ᠎ᠪᠠᠷ ᠬᠢᠯᠠᠷ ᠬᠠᠷᠠᠭ᠎ᠠ ᠰᠤᠯᠠ ᠬᠠᠷᠠᠭ᠎ᠠ ᠵᠢ᠎ᠨᠢ ᠵᠠᠰᠠᠵᠤ ᠥᠭᠬᠦ ᠪᠤᠶᠤ ᠮᠡᠰᠡ ᠵᠠᠰᠠᠯ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ) ᠃
25. ᠨᠡᠢ᠌ᠭᠡᠮ᠎ᠤᠨ 《ᠭᠡᠷᠡᠯ ᠭᠡᠭᠡ ᠵᠢᠨ ᠠᠶᠠᠯᠠᠯ 》᠎ᠤᠨ ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠥᠷᠨᠢᠭᠦᠯᠦᠨ ᠂ ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ ᠵᠢᠨ ᠴᠠᠭ᠋ᠠᠨ ᠬᠠᠷᠠᠩ᠎ᠲᠠᠢ 1000 ᠭᠠᠷᠤᠢ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠲᠠᠨ᠎ᠤ ᠨᠡᠢ᠌ᠭᠡᠮᠯᠢᠭ) ᠃
26. ᠬᠠᠮᠠᠷ᠎ᠤᠨ ᠬᠠᠷᠰᠢᠮᠠᠲᠠᠭ᠋ᠠᠢ ᠦᠷᠪᠢᠰᠦᠯ᠎ᠤᠨ ᠶᠡᠷᠦᠩᠬᠡᠢ᠎ᠳᠤ᠎ᠨᠢ ᠰᠡᠷᠭᠡᠢ᠌ᠯᠡᠨ ᠵᠠᠰᠠᠬᠤ ᠵᠢ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
27. 《ᠵᠠᠭᠤᠨ ᠪᠦᠯᠬᠦᠮ ᠮᠢᠩᠭ᠋ᠠᠨ ᠲᠠᠯᠠᠪᠤᠷ ᠲᠣᠨᠨᠯᠠᠯᠲᠠ ᠵᠢ ᠦᠨᠳᠦᠰᠦᠨ ᠱᠠᠲᠤᠨ᠎ᠳᠤ ᠬᠦᠷᠭᠡᠵᠦ 》 ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ ᠵᠢ ᠥᠷᠨᠢᠭᠦᠯᠦᠨ ᠂ ᠤᠯᠠᠭ᠋ᠠᠨᠮᠥ᠋ᠴᠢᠷ ᠪᠠ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠦᠨᠳᠦᠰᠦᠨ ᠱᠠᠲᠤᠨ᠎ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭ᠋ᠠᠬᠤ ᠵᠢ ᠵᠣᠬᠢᠶᠠᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ) ᠃
28. 35 ᠲᠥᠷᠥᠯ᠎ᠤᠨ ᠥᠨᠳᠥᠷ ᠳᠠᠪᠲᠠᠮᠵᠢᠲᠤ ᠡᠯᠧᠺᠲᠷᠣᠨ ᠭᠡᠷᠡᠴᠢ ᠦᠨᠡᠮᠯᠡᠯ᠎ᠢ ᠪᠦᠬᠦ ᠤᠯᠤᠰ᠎ᠲᠤ ᠬᠠᠷᠢᠯᠴᠠᠨ ᠮᠡᠳᠡᠷᠡᠬᠦ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 350 ᠵᠦᠢ᠍ᠯᠡᠰ᠎ᠲᠤ 《ᠭᠡᠷᠡᠴᠢ ᠦᠨᠡᠮᠯᠡᠯ ᠠᠪᠬᠤ ᠦᠭᠡᠢ᠎ᠪᠠᠷ ᠭᠦᠢ᠍ᠴᠡᠳᠬᠡᠬᠦ 》᠂ 115 ᠵᠦᠢ᠍ᠯᠡᠰ᠎ᠲᠤ 《ᠨᠢᠭᠡ ᠠᠵᠢᠯ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ 》 ᠵᠢ ᠪᠡᠶᠡᠯᠡᠭᠦᠯᠵᠦ ᠂ ᠲᠤᠰᠬᠤᠨ᠎ᠤ ᠱᠠᠲᠤᠨ᠎ᠤ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠲᠥᠪ᠎ᠤᠨ 《ᠬᠠᠪᠰᠤᠷᠴᠤ ᠣᠷᠣᠯᠠᠨ ᠭᠦᠢ᠍ᠴᠡᠳᠬᠡᠬᠦ 》 ᠵᠢ ᠭᠦᠨᠵᠡᠭᠡᠢ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ) ᠃
29. ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠡᠩ ᠣᠯᠠᠨ ᠵᠦᠢ᠍ᠯᠡᠰ᠎ᠲᠤ ᠴᠠᠭ ᠵᠶ᠋ᠠᠨ ᠤᠷᠲᠤᠳᠬᠠᠭᠰᠠᠨ ᠦᠢ᠍ᠯᠡᠴᠢᠯᠡᠭᠡ ᠬᠠᠩᠭ᠋ᠠᠬᠤ ᠵᠢ ᠠᠬᠢᠭᠤᠯᠤᠨ ᠂ ᠲᠦᠷ ᠴᠠᠭ᠎ᠤᠨ ᠪᠡᠶ᠎ᠡ ᠵᠢᠨ ᠦᠨᠡᠮᠯᠡᠯ ᠂ ᠨᠠᠰᠤᠵᠢᠯ᠎ᠤᠨ ᠳᠠᠭ᠋ᠠᠳᠬᠠᠯ ᠂ ᠣᠷᠣᠨ ᠰᠠᠭᠤᠴᠠ ᠵᠢᠨ ᠨᠡᠢ᠍ᠢ᠍ᠲᠡ ᠵᠢᠨ ᠬᠤᠷᠠᠮᠳᠤᠭᠤᠯᠭ᠎ᠠ ᠵᠢᠨ ᠮᠥᠩᠭᠥ ᠵᠡᠷᠭᠡ ᠵᠠᠰᠠᠭ᠎ᠤᠨ ᠶᠠᠪᠤᠳᠠᠯ᠎ᠤᠨ ᠥᠨᠳᠥᠷ ᠳᠠᠪᠲᠠᠮᠵᠢᠲᠤ ᠦᠢ᠍ᠯᠡᠴᠢᠯᠡᠭᠡᠨ᠎ᠤ ᠨᠡᠩ ᠣᠯᠠᠨ ᠵᠦᠢ᠍ᠯᠡᠰ᠎ᠤᠨ 《ᠪᠦᠭᠦ ᠣᠷᠣᠨ᠎ᠳᠤ ᠭᠦᠢ᠍ᠴᠡᠳᠬᠡᠵᠦ ᠪᠣᠯᠬᠤ 》 ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ) ᠃
30. ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ 《ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ 》 ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ 》 ᠦᠢ᠍ᠯᠡᠴᠢᠯᠡᠭᠡ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ) ᠃
31. ᠰᠤᠮᠤ ᠰᠢᠶᠠᠩ ᠪᠠᠯᠭ᠋ᠠᠰᠤᠨ (ᠵᠡᠭᠡᠯᠢ ᠭᠤᠳᠤᠮᠵᠢ)᠎ᠳᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠦᠷᠲᠡᠭᠡ ᠵᠢ 1025 ᠂ ᠭᠠᠴᠠᠭ᠎ᠠ ᠲᠤᠰᠬᠤᠨ (ᠨᠡᠢ᠌ᠭᠡᠮ ᠲᠣᠭᠣᠷᠢᠭ)᠎ᠳᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠡᠭ᠎ᠢ 3900 ᠪᠠᠢ᠌ᠭᠤᠯᠤᠨ ᠂ ᠠᠷᠠᠳ᠎ᠲᠤ ᠳᠦᠭᠦᠮ ᠦᠵᠡᠭᠦᠯᠬᠦ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ 15 ᠮᠢᠨᠦ᠋ᠲ᠎ᠤᠨ ᠬᠡᠪᠴᠢᠶᠡᠨ᠎ᠳᠤ ᠭᠦᠢ᠍ᠴᠡᠳᠬᠡᠬᠦ ᠪᠣᠯᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ) ᠃
32. ᠬᠣᠰᠢᠭᠤ ᠰᠢᠶᠠᠨ᠎ᠤ ᠱᠠᠲᠤᠨ᠎ᠳᠠᠬᠢ ᠣᠷᠣᠰᠢᠭᠤᠯᠭ᠎ᠠ ᠵᠢᠨ ᠭᠠᠵᠠᠷ᠎ᠢ 13 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ) ᠃
ᠳᠥᠷᠪᠡ ᠂ ᠣᠯᠠᠨ ᠲᠦᠮᠡᠨ᠎ᠤ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠰᠠᠢ᠌ᠵᠢᠷᠠᠭᠤᠯᠬᠤ 11 ᠵᠦᠢ᠍ᠯ
33. ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ 1602 ᠂ ᠲᠥᠭᠦᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ 1.5 ᠲᠦᠮᠡ ᠢᠵᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.1 ᠲᠦᠮᠡᠨ ᠢᠵᠢ ᠪᠠᠢ᠌ᠭᠤᠯᠤᠨ ᠂ ᠬᠤᠲᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ 2.6 ᠲᠦᠮᠡᠨ ᠭᠡᠷ ᠪᠦᠯᠢ᠎ᠳᠤ ᠲᠦᠷᠢᠶᠡᠰᠦᠨ ᠨᠥᠬᠥᠪᠦᠷᠢ ᠣᠯᠭᠣᠵᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠤ ᠦᠯᠡᠳᠡᠭᠳᠡᠵᠦ ᠪᠠᠢ᠌ᠭᠰᠠᠨ ᠠᠰᠠᠭᠤᠳᠠᠯ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ) ᠃
34. ᠰᠢᠲᠠᠮᠠᠬᠠᠢ ᠬᠡᠢ ᠂ ᠤᠰᠤ ᠬᠠᠩᠭ᠋ᠠᠬᠤ ᠂ ᠤᠰᠤ ᠵᠠᠯᠠᠬᠤ ᠂ ᠢᠯᠴᠢ ᠬᠠᠩᠭ᠋ᠠᠬᠤ ᠵᠡᠷᠭᠡ ᠬᠠᠭᠤᠴᠢᠷᠠᠭᠰᠠᠨ ᠬᠣᠭᠣᠯᠠᠢ ᠭᠤᠤᠷᠰᠤ ᠵᠢ 1500 ᠺᠢᠯᠣᠮᠧᠲᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ) ᠃
35. ᠬᠤᠲᠠ ᠵᠢᠨ 《ᠠᠯᠠᠭ᠋ᠠᠨ ᠴᠡᠴᠡᠷᠯᠢᠭ 》᠎ᠢ 150 ᠂ ᠬᠤᠲᠠ ᠵᠢᠨ ᠨᠣᠭᠣᠭ᠋ᠠᠨ ᠵᠠᠮ᠎ᠢ 120 ᠺᠢᠯᠣᠮᠧᠲᠷ ᠰᠢᠨ᠎ᠡ᠎ᠪᠠᠷ ᠪᠠᠢ᠌ᠭᠤᠯᠵᠤ ᠂ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠳᠡᠭ ᠵᠢᠱ᠌ᠢᠶ᠎ᠡ ᠦᠵᠡᠭᠦᠯᠬᠦ ᠬᠡᠰᠡᠭ᠎ᠤᠨ ᠲᠣᠭᠣᠷᠢᠭ᠎ᠢ 12 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ) ᠃
36. ᠪᠡᠶ᠎ᠡ ᠵᠢᠨ ᠲᠠᠮᠢᠷ᠎ᠤᠨ ᠴᠡᠴᠡᠷᠯᠢᠭ᠎ᠢ 36 ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ 32 ᠂ ᠲᠡᠰᠢᠯᠲᠡ ᠵᠢᠨ ᠲᠠᠯᠠᠪᠤᠷ᠎ᠢ 33 ᠂ ᠣᠯᠠᠨ ᠴᠢᠳᠠᠮᠵᠢᠲᠤ ᠲᠠᠮᠢᠷ᠎ᠤᠨ ᠬᠥᠳᠡᠯᠭᠡᠭᠡᠨ᠎ᠤ ᠲᠠᠯᠠᠪᠤᠷ᠎ᠢ 103 ᠪᠠ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ 335 ᠺᠢᠯᠣᠮᠧᠲᠷ ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ) ᠃
37. 21.2 ᠲᠦᠮᠡᠨ ᠡᠷᠦᠬᠡ ᠵᠢᠨ ᠴᠡᠪᠡᠷ ᠳᠤᠯᠠᠭ᠋ᠠᠯᠠᠭ᠎ᠠ ᠵᠢ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ) ᠃
38. ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ 3000 ᠭᠠᠷᠤᠢ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ) ᠃
39. ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠲᠷ ᠰᠢᠨ᠎ᠡ᠎ᠪᠠᠷ ᠳᠡᠪᠢᠰᠬᠦ ᠪᠠ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ) ᠃
40. ᠲᠠᠷᠢᠶᠠᠯᠠᠬᠤ ᠮᠠᠯᠵᠢᠬᠤ ᠣᠷᠣᠨ᠎ᠤ ᠡᠷᠦᠬᠡ ᠵᠢᠨ ᠵᠣᠷᠯᠤᠩ᠎ᠢ 6 ᠲᠦᠮᠡ ᠰᠢᠨ᠎ᠡ᠎ᠪᠠᠷ ᠪᠠᠢ᠍ᠢ᠍ᠭᠤᠯᠬᠤ ᠪᠠ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠃
41. ᠲᠠᠷᠢᠶᠠᠯᠠᠬᠤ ᠮᠠᠯᠵᠢᠬᠤ ᠣᠷᠣᠨ᠎ᠳᠤ ᠤᠰᠤ ᠲᠥᠪᠯᠡᠷᠡᠭᠦᠯᠵᠦ ᠬᠠᠩᠭ᠋ᠠᠬᠤ ᠪᠠᠷᠢᠯᠭ᠎ᠠ ᠵᠢ 500 ᠂ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠵᠢᠨ ᠴᠡᠭ᠎ᠤᠨ ᠢᠨᠵᠧᠨᠧᠷᠢᠩ᠎ᠢ 820 ᠰᠢᠨ᠎ᠡ᠎ᠪᠠᠷ ᠪᠠᠢ᠍ᠢ᠍ᠭᠤᠯᠬᠤ ᠪᠠ ᠥᠷᠭᠡᠳᠬᠡᠨ ᠪᠠᠢ᠌ᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ) ; 400 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠲᠠ ᠵᠢᠨ ᠡᠭᠦᠷᠭᠡ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ) ; ᠰᠢᠶᠠᠩ ᠪᠠᠯᠭ᠋ᠠᠰᠤᠨ (ᠰᠤᠮᠤ)᠎ᠤ ᠠᠮᠢᠳᠤᠷᠠᠯ᠎ᠤᠨ ᠤᠤᠭᠤᠬᠤ ᠤᠰᠤᠨ᠎ᠤ ᠠᠷᠢᠭᠤᠨ ᠴᠡᠪᠡᠷ᠎ᠤᠨ ᠰᠢᠨᠵᠢᠵᠦ ᠰᠢᠯᠭ᠋ᠠᠬᠤ ᠠᠵᠢᠯ᠎ᠢ ᠨᠡᠢ᠌ᠳᠡᠮ ᠪᠦᠷᠬᠦᠭᠦᠯᠵᠦ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ) ᠃
42. ᠭᠠᠴᠠᠭ᠎ᠠ ᠲᠤᠰᠬᠤᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ᠎ᠢ 3500 ᠰᠢᠨ᠎ᠡ᠎ᠪᠠᠷ ᠨᠡᠮᠡᠭᠳᠡᠭᠦᠯᠵᠦ ᠂ ᠲᠠᠷᠢᠶᠠᠯᠠᠬᠤ ᠮᠠᠯᠵᠢᠬᠤ ᠣᠷᠣᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡ ᠵᠢᠨ ᠪᠦᠷᠢᠨ ᠪᠦᠷᠬᠦᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ) ᠃
43. ᠬᠢᠯᠢ ᠬᠢᠵᠠᠭ᠋ᠠᠷ᠎ᠤᠨ 11 ᠬᠣᠰᠢᠭᠤ ᠰᠢᠶᠠᠨ᠎ᠤ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠲᠣᠣᠷ ᠰᠦᠯᠵᠢᠶ᠎ᠡ ᠵᠢᠨ ᠪᠦᠷᠬᠦᠬᠦ ᠴᠢᠳᠠᠪᠤᠷᠢ ᠵᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ ᠂ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠲᠤᠰᠬᠠᠢ ᠬᠡᠷᠡᠭᠯᠡᠭᠡᠨ᠎ᠤ ᠰᠣᠶᠣᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠲᠣᠪᠴᠢᠶ᠎ᠠ) ᠃
ᠳᠠᠭ᠋ᠠᠯᠳᠤᠭᠤᠯᠤᠯ 2
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠣᠯᠪᠣᠭᠳᠠᠯ ᠪᠦᠬᠦᠢ ᠨᠡᠷᠡᠰ ᠤᠨ ᠲᠠᠢ᠌ᠯᠪᠤᠷᠢ
1. 《ᠬᠣᠶᠠᠷ ᠵᠢᠷᠤᠭ ᠬᠣᠶᠠᠷ ᠬᠥᠮᠥᠷᠭᠡ ᠬᠣᠶᠠᠷ ᠬᠦᠰᠦᠨᠦᠭᠲᠦ》 ᠄ 《ᠬᠣᠶᠠᠷ ᠵᠢᠷᠤᠭ》 ᠭᠡᠳᠡᠭ᠎ᠨᠢ ᠠᠵᠤ ᠦᠢ᠍ᠯᠡᠰ᠎ᠤᠨ ᠬᠡᠯᠬᠢᠶᠡᠨ᠎ᠤ ᠪᠦᠬᠦ ᠴᠤᠪᠤᠷᠠᠯ᠎ᠤᠨ ᠵᠢᠷᠤᠭ ᠂ ᠬᠤᠳᠠᠯᠳᠤᠭ᠋ᠠᠴᠢᠨ ᠤᠷᠢᠬᠤ ᠠᠵᠢᠯ᠎ᠤᠨ ᠠᠯᠤᠰ᠎ᠤᠨ ᠲᠥᠯᠥᠪ᠎ᠤᠨ ᠵᠢᠷᠤᠭ ᠪᠣᠯᠣᠨ᠎ᠠ ; 《ᠬᠣᠶᠠᠷ ᠬᠥᠮᠥᠷᠭᠡ》 ᠭᠡᠳᠡᠭ᠎ᠨᠢ ᠠᠵᠤ ᠦᠢ᠍ᠯᠡᠰ᠎ᠤᠨ ᠬᠡᠯᠬᠢᠶᠡᠨ᠎ᠤ ᠭᠣᠣᠯᠳᠠᠯᠭ᠎ᠠ ᠪᠣᠯᠬᠤ ᠲᠥᠷᠥᠯ ᠵᠦᠢ᠍ᠯ᠎ᠤᠨ ᠬᠥᠮᠥᠷᠭᠡ ᠂ ᠬᠣᠯᠪᠣᠭᠳᠠᠬᠤ ᠬᠡᠷᠡᠭᠯᠡᠭᠴᠢ ᠵᠢᠨ ᠬᠥᠮᠥᠷᠭᠡ ᠪᠣᠯᠣᠨ᠎ᠠ ; 《ᠬᠣᠶᠠᠷ ᠬᠦᠰᠦᠨᠦᠭᠲᠦ》 ᠭᠡᠳᠡᠭ᠎ᠨᠢ ᠬᠥᠲᠥᠴᠢ ᠠᠵᠤ ᠠᠬᠤᠢ᠌ᠯᠠᠯ᠎ᠤᠨ ᠵᠢᠭᠰᠠᠭ᠋ᠠᠯᠲᠠ ᠵᠢᠨ ᠬᠦᠰᠦᠨᠦᠭᠲᠦ ᠂ ᠲᠥᠬᠥᠷ ᠠᠵᠤ ᠠᠬᠤᠢ᠌ᠯᠠᠯ᠎ᠤᠨ ᠵᠢᠭᠰᠠᠭ᠋ᠠᠯᠲᠠ ᠵᠢᠨ ᠬᠦᠰᠦᠨᠦᠭᠲᠦ ᠪᠣᠯᠣᠨ᠎ᠠ ᠃
2. 《ᠬᠣᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ ᠭᠡᠳᠡᠭ᠎ᠨᠢ 《ᠡᠭᠦᠷᠭᠡ ᠴᠢᠳᠠᠪᠤᠷᠢ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠂ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠵᠢᠭ᠋ᠠᠵᠤ ᠪᠣᠢ ᠂ ᠡᠭᠦᠨ᠎ᠳᠤ ᠡᠯ᠎ᠡ ᠵᠦᠢ᠍ᠯ᠎ᠤᠨ ᠠᠵᠢᠯ᠎ᠢ 《ᠵᠢᠷᠤᠮᠵᠢᠭᠤᠯᠬᠤ ᠂ ᠴᠣᠮᠬᠠᠳᠬᠠᠬᠤ ᠂ ᠲᠦᠷᠭᠡᠳᠬᠡᠬᠦ》᠎ᠪᠠᠨ ᠠᠬᠢᠭᠤᠯᠵᠤ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠠᠷᠠᠳ ᠣᠯᠠᠨ᠎ᠤ ᠬᠠᠨᠤᠮᠵᠢᠲᠠᠢ ᠪᠠᠢ᠌ᠬᠤ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ ᠪᠢᠯᠡ ᠃
3. 《ᠲᠥᠷᠪᠡᠨ ᠨᠢᠭᠡ ᠪᠦᠯᠦᠭ》᠎ᠤᠨ ᠠᠷᠭ᠎ᠠ ᠪᠠᠷᠢᠯ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠠᠴᠠ ᠨᠢᠭᠡ ᠪᠦᠯᠦᠭ᠎ᠢ᠎ᠨᠢ ᠬᠠᠰᠤᠬᠤ ᠂ ᠨᠢᠭᠡ ᠪᠦᠯᠦᠭ᠎ᠢ᠎ᠨᠢ ᠰᠣᠯᠢᠬᠤ ᠂ ᠨᠢᠭᠡ ᠪᠦᠯᠦᠭ᠎ᠢ᠎ᠨᠢ ᠳᠠᠮ ᠬᠦᠦ ᠥᠭᠬᠦ ᠂ ᠨᠢᠭᠡ ᠪᠦᠯᠦᠭ᠎ᠢ᠎ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠪᠠᠷᠢᠯ᠎ᠢ ᠠᠪᠴᠤ ᠪᠠᠢ᠌ᠭ᠋ᠠᠳ ᠦᠨᠳᠦᠰᠦᠨ ᠱᠠᠲᠤ ᠵᠢ ᠬᠠᠪᠰᠤᠷᠤᠨ ᠳᠡᠮᠵᠢᠵᠦ ᠵᠠᠰᠠᠭ᠎ᠤᠨ ᠣᠷᠳᠣᠨ᠎ᠤ ᠥᠷᠢ ᠥᠭᠴᠡᠭᠡ ᠵᠢ᠎ᠨᠢ ᠠᠷᠢᠯᠭ᠋ᠠᠬᠤ ᠵᠢ ᠵᠢᠭ᠋ᠠᠵᠤ ᠪᠣᠢ ᠃
4. 《ᠲᠠᠪᠤ ᠵᠢ ᠲᠤᠢ᠌ᠯᠪᠤᠷᠢᠲᠠᠢ ᠰᠢᠢ᠍ᠳᠪᠦᠷᠢᠯᠡᠬᠦ》 ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠵᠤ ᠥᠷᠨᠢᠭᠦᠯᠦᠭᠰᠡᠨ ᠵᠥᠪᠰᠢᠶᠡᠷᠡᠭᠦᠯᠬᠦ᠎ᠪᠠᠷ ᠪᠠᠢ᠌ᠭ᠎ᠠ ᠲᠥᠷᠥᠯ ᠵᠦᠢ᠍ᠯ ᠂ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠂ ᠲᠤᠨᠤᠮᠠᠯ ᠪᠡᠯᠡ ᠮᠥᠩᠭᠥ ᠂ 《ᠬᠠᠭ᠋ᠠᠰ ᠳᠤᠲᠠᠭᠤ ᠣᠷᠬᠢᠭᠰᠠᠨ》 ᠪᠠᠷᠢᠯᠭ᠎ᠠ ᠂ ᠨᠡᠭᠡᠭᠡᠯᠲᠡ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠲᠠᠪᠤᠨ ᠲᠠᠯ᠎ᠠ ᠵᠢᠨ ᠲᠤᠢ᠌ᠯᠪᠤᠷᠢᠲᠠᠢ ᠰᠢᠢ᠍ᠳᠪᠦᠷᠢᠯᠡᠬᠦ ᠠᠵᠢᠯᠯᠠᠭ᠋ᠠᠨ᠎ᠢ ᠵᠢᠭ᠋ᠠᠵᠤ ᠪᠣᠢ ᠂ ᠡᠭᠦᠨ᠎ᠳᠤ ᠠᠵᠤ ᠠᠬᠤᠢ ᠵᠢᠨ ᠬᠦᠷᠢᠶᠡᠨ᠎ᠳᠠᠬᠢ ᠤᠷᠲᠤ ᠬᠤᠭᠤᠴᠠᠭ᠎ᠠ᠎ᠪᠠᠷ ᠣᠷᠣᠰᠢᠵᠤ ᠪᠠᠢ᠌ᠭ᠎ᠠ ᠴᠢᠨᠠᠷ ᠮᠠᠭᠤᠲᠠᠢ ᠦᠷ᠎ᠡ ᠠᠰᠢᠭ ᠵᠶ᠋ᠠᠷ ᠳᠣᠣᠷ᠎ᠠ ᠂ ᠰᠤᠯᠠ ᠲᠠᠯᠪᠢᠵᠤ ᠪᠦᠷᠢᠯᠭᠡᠨ ᠰᠦᠢ᠍ᠳᠬᠡᠭᠰᠡᠨ ᠠᠰᠠᠭᠤᠳᠠᠯ᠎ᠤᠳ᠎ᠢ ᠰᠢᠢ᠍ᠳᠪᠦᠷᠢᠯᠡᠬᠦ ᠵᠢᠨ ᠲᠤᠰᠠᠳᠠ ᠪᠢᠯᠡ ᠃
5. ᠬᠤᠲᠠ ᠵᠢᠨ ᠲᠡᠭᠦᠷᠭᠡ ᠵᠢᠨ ᠲᠣᠮᠣ ᠬᠥᠮᠥᠷᠭᠡ ᠭᠡᠳᠡᠭ᠎ᠨᠢ ᠬᠤᠲᠠ ᠵᠢᠨ ᠬᠡᠷᠡᠭᠯᠡᠭᠡ ᠵᠢᠨ ᠵᠠᠬ᠎ᠠ ᠳᠡᠯᠭᠡᠭᠦᠷ᠎ᠲᠤ ᠰᠢᠭᠤᠳ ᠬᠠᠨᠳᠤᠭᠤᠯᠤᠭᠰᠠᠨ ᠂ ᠬᠤᠲᠠ ᠵᠢᠨ ᠣᠢ᠌ᠷ᠎ᠠ ᠲᠡᠭᠦᠷᠭᠡ᠎ᠳᠠᠬᠢ ᠬᠥᠮᠥᠷᠭᠡᠯᠡᠨ ᠬᠠᠳᠠᠭ᠋ᠠᠯᠠᠬᠤ ᠂ ᠬᠤᠪᠢᠶᠠᠵᠤ ᠢᠯᠭ᠋ᠠᠬᠤ ᠂ ᠡᠳ᠋ᠰᠢᠭᠦᠯᠵᠦ ᠪᠣᠯᠪᠠᠰᠤᠷᠠᠭᠤᠯᠬᠤ ᠂ ᠪᠣᠭᠣᠳᠠᠯᠯᠠᠵᠤ ᠪᠠᠭᠯᠠᠬᠤ ᠵᠡᠷᠭᠡ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠴᠢᠳᠠᠪᠤᠷᠢ᠎ᠲᠠᠢ ᠬᠥᠮᠥᠷᠭᠡᠯᠡᠨ ᠬᠠᠳᠠᠭ᠋ᠠᠯᠠᠬᠤ ᠠᠷᠠᠯᠵᠢᠶᠠᠨ᠎ᠤ ᠰᠠᠭᠤᠷᠢᠨ ᠭᠠᠵᠠᠷ᠎ᠢ ᠵᠢᠭ᠋ᠠᠵᠤ ᠪᠣᠢ ᠃
6. ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠤᠨ ᠳᠡᠯᠭᠡᠨ ᠦᠵᠡᠭᠦᠯᠬᠦ ᠳᠡᠯᠭᠡᠭᠦᠷ ᠄ ᠮᠠᠨᠵᠤᠤᠷ ᠂ ᠡᠷᠢᠶᠡᠨ ᠬᠤᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠲᠣᠭᠣᠷᠢᠭ᠎ᠨᠢ ᠡᠯ᠎ᠡ ᠠᠢ᠌ᠮᠠᠭ ᠬᠤᠳᠠ ᠵᠢᠨ ᠭᠣᠣᠯ ᠲᠥᠪ ᠪᠣᠯᠬᠤ ᠬᠤᠳᠠ ᠲᠣᠭᠣᠷᠢᠭ᠎ᠲᠤ ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠢ ᠳᠡᠯᠭᠡᠨ ᠦᠵᠡᠭᠦᠯᠬᠦ ᠳᠡᠯᠭᠡᠭᠦᠷ ᠪᠠᠢ᠌ᠭᠤᠯᠵᠤ ᠂ ᠮᠣᠩᠭᠣᠯ ᠤᠯᠤᠰ ᠂ ᠣᠷᠣᠰ ᠂ ᠶᠠᠫᠤᠨ ᠂ ᠺᠤᠷᠢᠶᠠ ᠵᠡᠷᠭᠡ 15 ᠤᠯᠤᠰ᠎ᠠᠴᠠ ᠣᠷᠣᠭᠤᠯᠤᠭᠰᠠᠨ ᠲᠠᠸᠠᠷ᠎ᠢ ᠢᠷᠡᠯᠲᠡ ᠵᠢᠨ ᠭᠠᠵᠠᠷ᠎ᠤᠨ ᠭᠠᠢ᠌ᠯᠢ᠎ᠠᠴᠠ ᠬᠡᠯᠲᠦᠷᠢᠭᠦᠯᠵᠦ ᠳᠡᠯᠭᠡᠨ ᠦᠵᠡᠭᠦᠯᠵᠦ ᠪᠣᠷᠣᠯᠠᠭᠤᠯᠤᠨ ᠬᠤᠳᠠᠯᠳᠤᠬᠤ ᠵᠢ᠎ᠨᠢ ᠠᠬᠢᠭᠤᠯᠬᠤ ᠪᠣᠯᠣᠨ᠎ᠠ ᠃
7. 《ᠬᠣᠶᠠᠷ᠎ᠢ ᠤᠷᠢᠳ ᠵᠶ᠋ᠠᠷ ᠴᠣᠭᠴᠠᠯᠠᠬᠤ》 ᠂ 《ᠬᠣᠶᠠᠷ᠎ᠢ ᠳᠠᠪᠠᠭᠤᠯᠬᠤ》 ᠭᠡᠳᠡᠭ᠎ᠨᠢ ᠪᠦᠬᠦ ᠤᠯᠤᠰ᠎ᠲᠤ ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠡᠨᠧᠷᠭᠢ ᠵᠢᠨ ᠬᠠᠩᠭ᠋ᠠᠯᠭ᠎ᠠ ᠵᠢᠨ ᠲᠣᠭᠲᠠᠯᠴᠠᠭ᠎ᠠ ᠵᠢ ᠤᠷᠢᠳ ᠵᠶ᠋ᠠᠷ ᠴᠣᠭᠴᠠᠯᠠᠬᠤ ᠪᠠ ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠤᠷᠢᠳ ᠵᠶ᠋ᠠᠷ ᠴᠣᠭᠴᠠᠯᠠᠨ ᠪᠠᠢ᠌ᠭᠤᠯᠵᠤ ᠂ 2025 ᠣᠨ ᠪᠣᠯᠬᠤ᠎ᠳᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠤᠨ ᠂ 2030 ᠣᠨ ᠪᠣᠯᠬᠤ᠎ᠳᠤ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ ᠵᠢ ᠢᠯᠴᠢ ᠵᠢᠨ ᠴᠠᠬᠢᠯᠭ᠋ᠠᠨ᠎ᠤ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ᠎ᠠᠴᠠ ᠳᠠᠪᠠᠭᠤᠯᠬᠤ ᠵᠢ ᠵᠢᠭ᠋ᠠᠵᠤ ᠪᠣᠢ ᠃
8. 《ᠲᠢᠶᠠᠨ ᠵᠢᠶᠦ᠋ᠨ ᠲᠥᠯᠥᠪᠯᠡᠭᠡ》 ᠭᠡᠳᠡᠭ᠎ᠨᠢ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ᠎ᠳᠤ ᠭᠠᠷᠬᠤ᠎ᠳᠤᠨᠢ ᠦᠢ᠍ᠯᠡᠴᠢᠯᠡᠬᠦ ᠲᠥᠯᠥᠪᠯᠡᠭᠡ ᠵᠢ ᠵᠢᠭ᠋ᠠᠵᠤ ᠪᠣᠢ ᠂ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠢ᠌ᠯᠠᠯ᠎ᠢ ᠬᠥᠳᠡᠯᠦᠩᠭᠦᠢ᠎ᠪᠠᠷ ᠠᠭᠤᠳᠠᠯᠤᠨ ᠰᠢᠯᠢᠬᠦ᠎ᠪᠠᠷ ᠳᠠᠮᠵᠢᠵᠤ ᠂ 《ᠠᠵᠤ ᠠᠬᠤᠢ᠌ᠯᠠᠯ ᠰᠠᠨᠠᠭ᠋ᠠᠴᠢᠯᠠᠭ᠎ᠠ᠎ᠠᠴᠠ᠎ᠪᠠᠨ ᠬᠢᠬᠦ ᠂ ᠵᠠᠰᠠᠭ᠎ᠤᠨ ᠣᠷᠳᠣᠨ ᠠᠬᠢᠭᠤᠯᠬᠤ ᠂ ᠪᠠᠢ᠌ᠭᠤᠯᠤᠮᠵᠢ᠎ᠠᠴᠠ ᠳᠠᠢ᠌ᠴᠢᠯᠠᠬᠤ ᠂ ᠨᠡᠢ᠌ᠭᠡᠮ ᠳᠠᠶᠠᠭ᠋ᠠᠷ ᠬᠣᠯᠪᠤᠭ᠋ᠠᠯᠠᠨ ᠬᠥᠳᠡᠯᠦᠯᠴᠡᠬᠦ》 ᠲᠣᠭᠲᠠᠴᠠ ᠵᠢ ᠬᠡᠷᠡᠭᠵᠢᠭᠦᠯᠵᠦ ᠂ 《ᠨᠢᠭᠡ ᠪᠦᠯᠦᠭ᠎ᠢ᠎ᠨᠢ ᠬᠥᠮᠥᠵᠢᠭᠦᠯᠦᠨ ᠪᠣᠢ᠌ᠵᠢᠭᠤᠯᠬᠤ ᠂ ᠨᠢᠭᠡ ᠪᠦᠯᠦᠭ᠎ᠢ᠎ᠨᠢ ᠬᠠᠪᠰᠤᠷᠤᠨ ᠵᠢᠯᠤᠭᠣᠳᠬᠤ ᠂ ᠨᠢᠭᠡ ᠪᠦᠯᠦᠭ᠎ᠢ᠎ᠨᠢ ᠭᠤᠶᠤᠴᠢᠯᠠᠨ ᠮᠡᠳᠡᠭᠦᠯᠬᠦ ᠂ ᠨᠢᠭᠡ ᠪᠦᠯᠦᠭ᠎ᠢ᠎ᠨᠢ ᠵᠠᠬ᠎ᠠ᠎ᠳᠤ ᠭᠠᠷᠭ᠋ᠠᠬᠤ》 ᠱᠠᠲᠤᠯᠠᠯᠢ ᠪᠦᠷᠢᠯᠳᠦᠭᠦᠯᠦᠨ ᠂ 《ᠰᠠᠢ᠌ᠨ ᠠᠵᠤ ᠠᠬᠤᠢ᠌ᠯᠠᠯ᠎ᠢ ᠴᠣᠭᠴᠠᠯᠠᠬᠤ ᠂ ᠰᠠᠢ᠌ᠨ ᠠᠵᠤ ᠠᠬᠤᠢ᠌ᠯᠠᠯ᠎ᠢ ᠰᠣᠩᠭᠣᠬᠤ ᠂ ᠰᠠᠢ᠌ᠨ ᠠᠵᠤ ᠠᠬᠤᠢ᠌ᠯᠠᠯ᠎ᠢ ᠪᠣᠢ᠌ᠵᠢᠭᠤᠯᠬᠤ ᠂ ᠰᠠᠢ᠌ᠨ ᠠᠵᠤ ᠠᠬᠤᠢ᠌ᠯᠠᠯ᠎ᠢ ᠭᠠᠳᠠᠭᠰᠢ ᠭᠠᠷᠭ᠋ᠠᠬᠤ》 ᠪᠠᠢ᠌ᠷᠢᠰᠢᠯ᠎ᠢ ᠴᠣᠭᠴᠠᠯᠠᠨ ᠪᠠᠢ᠌ᠭᠤᠯᠤᠨ᠎ᠠ ᠃
9. 《ᠣᠷᠣᠨ ᠪᠦᠰᠡ᠎ᠪᠠᠷ ᠦᠨᠡᠯᠡᠨ ᠵᠢᠱ᠌ᠢᠬᠦ + ᠪᠠᠷᠢᠮᠵᠢᠶᠠᠲᠤ ᠭᠠᠵᠠᠷ》᠎ᠤᠨ ᠵᠠᠭᠪᠤᠷ ᠭᠡᠳᠡᠭ᠎ᠨᠢ ᠬᠠᠤᠯᠢ ᠶᠣᠰᠣᠭ᠋ᠠᠷ ᠪᠠᠢ᠌ᠭᠤᠯᠤᠭᠰᠠᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ᠎ᠲᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢ᠌ᠭᠤᠯᠵᠤ ᠪᠠᠢ᠌ᠭ᠋ᠠᠳ ᠵᠣᠬᠢᠬᠤ ᠣᠷᠣᠨ ᠪᠦᠰᠡ ᠵᠢᠨ ᠳᠣᠲᠣᠷᠠᠬᠢ ᠳᠠᠷᠤᠭᠳᠠᠮᠠᠯ ᠴᠢᠬᠤᠯᠠ ᠠᠭᠤᠷᠬᠠᠢ ᠵᠢᠨ ᠡᠬᠢ ᠪᠠᠶᠠᠯᠢᠭ ᠂ ᠭᠠᠵᠠᠷ ᠬᠥᠷᠥᠰᠥᠨ᠎ᠤ ᠭᠠᠢ ᠭᠠᠮᠰᠢᠭ᠎ᠤᠨ ᠲᠥᠭᠰᠢᠭᠦᠷᠢᠲᠦ ᠴᠢᠨᠠᠷ᠎ᠢ ᠦᠨᠡᠯᠡᠨ ᠵᠢᠱ᠌ᠢᠬᠦ ᠂ ᠠᠭᠤᠷ ᠠᠮᠢᠰᠬᠤᠯ᠎ᠤᠨ ᠪᠣᠯᠣᠮᠵᠢᠲᠤ ᠨᠤᠲᠠᠯᠠᠯᠲᠠ ᠬᠢᠬᠦ ᠂ ᠭᠠᠵᠠᠷ ᠬᠥᠳᠡᠯᠦᠯᠲᠡ ᠵᠢᠨ ᠠᠶᠤᠯ ᠦᠭᠡᠢ ᠴᠢᠨᠠᠷ᠎ᠲᠤ ᠦᠨᠡᠯᠡᠯᠲᠡ ᠬᠢᠬᠦ ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢ ᠦᠨᠡᠯᠡᠨ ᠵᠢᠱ᠌ᠢᠬᠦ ᠂ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠂ ᠤᠰᠤᠨ ᠰᠣᠷᠪᠤᠯᠵᠢ᠎ᠳᠤ ᠨᠤᠲᠠᠯᠠᠯᠲᠠ ᠬᠢᠬᠦ ᠂ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢᠨ ᠲᠥᠰᠥᠯ᠎ᠳᠤ ᠨᠤᠲᠠᠯᠠᠯᠲᠠ ᠬᠢᠬᠦ ᠂ ᠦᠶᠡᠷ᠎ᠤᠨ ᠨᠥᠯᠥᠭᠡ ᠵᠢ ᠦᠨᠡᠯᠡᠬᠦ ᠂ ᠡᠨᠧᠷᠬᠢ ᠠᠷᠪᠢᠯᠠᠬᠤ ᠵᠢ ᠬᠢᠨᠠᠨ ᠪᠠᠢ᠌ᠴᠠᠭ᠋ᠠᠬᠤ ᠵᠡᠷᠭᠡ ᠵᠦᠢ᠍ᠯᠡᠰ᠎ᠢ ᠨᠢᠭᠡᠳᠦᠯᠲᠡᠢ ᠦᠨᠡᠯᠡᠨ ᠵᠢᠱ᠌ᠢᠯᠲᠡ ᠪᠠ ᠦᠨᠡᠯᠡᠯᠲᠡ ᠬᠢᠵᠦ ᠂ ᠪᠦᠲᠦᠭᠡᠨ ᠪᠠᠢ᠍ᠢ᠍ᠭᠤᠯᠬᠤ ᠲᠥᠷᠥᠯ ᠵᠦᠢ᠍ᠯ᠎ᠳᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠬᠤ ᠬᠦᠴᠦᠯᠡᠴᠡ ᠂ ᠮᠦ᠍ ᠪᠦᠷᠢ ᠵᠢᠨ ᠳᠤᠮᠳᠠᠴᠢ ᠭᠠᠢ᠌ᠯᠢ ᠲᠠᠲᠠᠪᠤᠷᠢ ᠂ ᠨᠢᠭᠡᠴᠢ ᠡᠨᠧᠷᠬᠢ ᠵᠢᠨ ᠬᠣᠷᠣᠭᠳᠠᠯ ᠂ ᠨᠢᠭᠡᠴᠢ ᠵᠢᠨ ᠭᠠᠳᠠᠭᠰᠢᠯᠠᠭᠤᠯᠤᠯ ᠵᠡᠷᠭᠡ ᠡᠵᠡᠮᠳᠡᠯ᠎ᠤᠨ ᠴᠢᠨᠠᠷᠲᠠᠢ ᠭᠦᠢ᠍ᠴᠡᠳᠬᠡᠯ ᠲᠣᠭ᠎ᠠ ᠵᠢ ᠲᠣᠳᠣᠷᠬᠠᠢ ᠲᠣᠭᠲᠠᠭ᠋ᠠᠵᠤ ᠂ ᠡᠭᠦᠨ ᠵᠶ᠋ᠠᠷ ᠪᠠᠷᠢᠮᠵᠢᠶ᠎ᠠ ᠪᠣᠯᠭ᠋ᠠᠨ ᠭᠠᠵᠠᠷ ᠰᠢᠷᠣᠢ᠎ᠪᠠᠨ ᠬᠢᠮᠳᠠ᠎ᠪᠠᠷ ᠬᠤᠳᠠᠯᠳᠤᠬᠤ ᠵᠢ ᠵᠢᠭ᠋ᠠᠵᠤ ᠪᠣᠢ ᠃
10. ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠴᠢᠨᠠᠷ᠎ᠢ ᠳᠡᠭᠡᠭᠰᠢᠯᠡᠭᠦᠯᠵᠦ ᠰᠢᠯᠢᠳᠡᠭ᠎ᠢ ᠬᠥᠮᠥᠵᠢᠭᠦᠯᠬᠦ》 ᠪᠠ 《ᠬᠣᠶᠠᠷ ᠥᠨᠳᠥᠷ ᠲᠦᠪᠰᠢᠨ ᠬᠣᠶᠠᠷ ᠴᠢᠨᠠᠷ ᠰᠢᠯᠢᠳᠡᠭ》 ᠄ 2022 ᠣᠨ᠎ᠤ 7 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠨᠡᠢ᠌ᠲᠡᠯᠡᠵᠦ ᠂ 《ᠴᠢᠨᠠᠷ᠎ᠢ ᠳᠡᠭᠡᠭᠰᠢᠯᠡᠭᠦᠯᠵᠦ ᠰᠢᠯᠢᠳᠡᠭ᠎ᠢ ᠬᠥᠮᠥᠵᠢᠭᠦᠯᠬᠦ》 ᠲᠥᠷᠪᠡᠨ ᠵᠦᠢ᠍ᠯ᠎ᠤᠨ ᠠᠷᠭ᠎ᠠ ᠪᠠᠷᠢᠯ᠎ᠢ ᠳᠤᠷᠠᠳᠤᠨ ᠭᠠᠷᠭ᠋ᠠᠪᠠ ᠂ ᠲᠤᠬᠠᠢ᠌ᠯᠠᠪᠠᠯ ᠡᠯ᠎ᠡ ᠠᠢ᠌ᠮᠠᠭ ᠬᠤᠲᠠ ᠵᠢᠨ 《ᠬᠡᠷᠡᠭᠯᠡᠭᠡᠨ᠎ᠤ ᠬᠡᠯᠪᠡᠷᠢ (ᠠᠵᠢᠯ ᠮᠡᠷᠭᠡᠵᠢᠯ ) ᠪᠦᠬᠦᠢ ᠵᠢᠩᠬᠢᠨᠢ ᠠᠩᠭᠢ ᠵᠢᠨ ᠶᠡᠬᠡ ᠳᠡᠭᠡᠳᠦ ᠰᠤᠷᠭ᠋ᠠᠭᠤᠯᠢ + ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ + ᠡᠳᠦᠢ ᠲᠡᠳᠦᠢ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ》 ᠵᠢᠨ ᠰᠤᠷᠭ᠋ᠠᠭᠤᠯᠢ ᠡᠷᠬᠢᠯᠡᠬᠦ ᠬᠤᠯᠪᠣᠭ᠎ᠠ ᠵᠣᠬᠢᠶᠠᠨ ᠪᠠᠢ᠍ᠢ᠍ᠭᠤᠯᠬᠤ ᠵᠢ ᠠᠬᠢᠭᠤᠯᠵᠤ ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠤᠨ 《 ᠳᠠᠭ᠋ᠠᠭᠤᠯᠤᠭᠴᠢ》 ᠵᠢᠨ ᠲᠥᠯᠥᠪᠯᠡᠭᠡ ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠴᠢᠨᠠᠷ᠎ᠢ ᠳᠡᠭᠡᠭᠰᠢᠯᠡᠭᠦᠯᠬᠦ》 ᠠᠵᠢᠯᠯᠠᠭ᠋ᠠᠨ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠰᠠᠭᠤᠷᠢ ᠵᠢ ᠪᠡᠬᠢᠵᠢᠭᠦᠯᠬᠦ》 ᠢᠨᠵᠧᠨᠧᠷᠢᠩ ᠬᠡᠷᠡᠭᠵᠢᠭᠦᠯᠬᠦ ᠵᠢ ᠵᠢᠭ᠋ᠠᠵᠤ ᠪᠣᠢ ᠃ 《ᠬᠣᠶᠠᠷ ᠥᠨᠳᠥᠷ ᠲᠦᠪᠰᠢᠨ ᠬᠣᠶᠠᠷ ᠴᠢᠨᠠᠷ ᠰᠢᠯᠢᠳᠡᠭ》 ᠬᠠᠷᠠᠯᠲᠠ ᠡᠭᠦᠷᠭᠡ ᠵᠢ ᠳᠤᠷᠠᠳᠤᠨ ᠭᠠᠷᠭ᠋ᠠᠪᠠ ᠂ ᠲᠤᠬᠠᠢ᠌ᠯᠠᠪᠠᠯ 2025 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ 8 ᠣᠷᠴᠢᠮ ᠪᠠ ᠥᠨᠳᠥᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ᠎ᠤᠨ ᠪᠦᠯᠦᠭᠵᠢᠯ᠎ᠢ 25 ᠣᠷᠴᠢᠮ ᠪᠠᠢ᠌ᠭᠤᠯᠵᠤ ᠂ ᠴᠢᠨᠠᠷ ᠰᠢᠯᠢᠳᠡᠭ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ 40 ᠣᠷᠴᠢᠮ ᠪᠠ ᠴᠢᠨᠠᠷ ᠰᠢᠯᠢᠳᠡᠭ ᠲᠤᠰᠬᠠᠢ ᠮᠡᠷᠭᠡᠵᠢᠯ᠎ᠢ 100 ᠣᠷᠴᠢᠮ ᠪᠠᠢ᠍ᠢ᠍ᠭᠤᠯᠬᠤ ᠵᠢ ᠵᠢᠭ᠋ᠠᠵᠤ ᠪᠣᠢ ᠃
11. 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠤᠷᠠᠨ ᠳᠠᠷᠬᠠᠨ᠎ᠤ ᠠᠩᠭᠢ》᠎ᠪᠠᠷ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ ᠵᠢ ᠵᠢᠭ᠋ᠠᠵᠤ ᠪᠣᠢ ᠂ ᠭᠣᠣᠯ ᠬᠠᠷᠠᠯᠲᠠ᠎ᠨᠢ ᠪᠣᠯ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠯᠦᠭᠡ ᠨᠢᠭᠲᠠ ᠵᠠᠯᠭ᠋ᠠᠯᠳᠤᠭᠤᠯᠵᠤ ᠂ ᠣᠷᠣᠨ ᠪᠦᠰᠡ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠨᠢᠭᠡ ᠪᠦᠯᠦᠭ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠴᠢᠨᠠᠷᠵᠢᠭᠤᠨ ᠪᠥᠭᠡᠳ ᠥᠨᠳᠥᠷ ᠪᠠᠷᠢᠮᠵᠢᠶ᠎ᠠ᠎ᠲᠠᠢ ᠬᠥᠮᠥᠵᠢᠭᠦᠯᠬᠦ ᠶᠠᠪᠤᠳᠠᠯ ᠪᠣᠯᠣᠨ᠎ᠠ ᠃
12. 《ᠨᠢᠭᠡ ᠵᠢ ᠲᠠᠯᠪᠢᠵᠤ ᠭᠤᠷᠪᠠ ᠵᠢ ᠪᠠᠭ᠋ᠠᠰᠬᠠᠬᠤ》 ᠄ ᠲᠤᠬᠠᠢ᠌ᠯᠠᠪᠠᠯ ᠡᠷᠬᠡ ᠵᠢᠨ ᠵᠦᠢ᠍ᠯᠡᠰ᠎ᠢ ᠳᠣᠷᠣᠭᠰᠢ ᠪᠠᠭᠤᠯᠭ᠋ᠠᠬᠤ ᠪᠠ ᠬᠦᠴᠦᠨ ᠦᠭᠡᠢ ᠪᠣᠯᠭ᠋ᠠᠬᠤ ᠂ ᠠᠵᠢᠯ ᠶᠠᠪᠤᠳᠠᠯ ᠭᠦᠢ᠍ᠴᠡᠳᠬᠡᠬᠦ ᠮᠠᠲ᠋ᠧᠷᠢᠶᠠᠯ ᠂ ᠠᠵᠢᠯ ᠶᠠᠪᠤᠳᠠᠯ ᠭᠦᠢ᠍ᠴᠡᠳᠬᠡᠬᠦ ᠳᠡᠰ ᠳᠠᠷᠠᠭ᠋ᠠᠯᠠᠯ ᠂ ᠠᠵᠢᠯ ᠶᠠᠪᠤᠳᠠᠯ ᠭᠦᠢ᠍ᠴᠡᠳᠬᠡᠬᠦ ᠴᠠᠭ᠎ᠤᠨ ᠬᠢᠵᠠᠭ᠋ᠠᠷ ᠵᠶ᠋ᠠᠨ ᠪᠠᠭ᠋ᠠᠰᠬᠠᠬᠤ ᠵᠢ ᠵᠢᠭ᠋ᠠᠵᠤ ᠪᠤᠢ ᠃
13. 《ᠲᠠᠷᠠᠬᠠᠢ ᠡᠷᠤᠬᠡ ᠵᠢ ᠵᠠᠬ᠎ᠠ ᠳᠡᠯᠭᠡᠭᠦᠷ᠎ᠲᠤ ᠣᠷᠣᠭᠤᠯᠬᠤ》 ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠬᠤ》 ᠂ 《ᠵᠢᠵᠢᠭ ᠪᠢᠴᠢᠯ ᠠᠵᠤ ᠠᠬᠤᠢ᠌ᠯᠠᠯ᠎ᠢ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ ᠪᠣᠯᠭ᠋ᠠᠬᠤ》 ᠄ ᠲᠤᠬᠠᠢ᠌ᠯᠠᠪᠠᠯ ᠲᠠᠷᠠᠬᠠᠢ ᠪᠤᠲᠠᠷᠬᠠᠢ ᠬᠤᠳᠠᠯᠳᠤᠭ᠋ᠠᠴᠢᠨ ᠡᠷᠦᠬᠡᠨᠦᠭᠦᠳᠢ ᠵᠠᠬ᠎ᠠ ᠳᠡᠯᠭᠡᠭᠦᠷ᠎ᠲᠤ ᠣᠷᠣᠭᠤᠯᠵᠤ ᠲᠥᠪᠯᠡᠷᠡᠭᠦᠯᠦᠨ ᠡᠵᠡᠩᠨᠡᠭᠦᠯᠬᠦ ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠵᠢ᠎ᠨᠢ ᠬᠤᠪᠢᠷᠠᠭ᠋ᠠᠨ ᠳᠡᠰ ᠳᠡᠪᠰᠢᠭᠦᠯᠵᠦ ᠠᠵᠤ ᠠᠬᠤᠢ᠌ᠯᠠᠯ ᠪᠣᠯᠭ᠋ᠠᠬᠤ ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠡᠯᠪᠡᠷᠢ ᠵᠢ᠎ᠨᠢ ᠬᠤᠪᠢᠷᠠᠭ᠋ᠠᠨ ᠳᠡᠰ ᠳᠡᠪᠰᠢᠭᠦᠯᠵᠦ ᠪᠠᠢ᠌ᠭ᠋ᠠᠳ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ ᠪᠣᠯᠭ᠋ᠠᠨ ᠠᠬᠢᠭᠤᠯᠬᠤ ᠵᠢ ᠵᠢᠭ᠋ᠠᠵᠤ ᠪᠤᠢ ᠃
14. 《ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ》 ᠂ 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ》 ᠭᠡᠳᠡᠭ᠎ᠨᠢ ᠲᠣᠭ᠋ᠠᠵᠢᠭᠤᠯᠤᠭᠰᠠᠨ ᠠᠷᠭ᠎ᠠ ᠠᠪᠴᠢᠯ᠎ᠢ ᠬᠡᠷᠡᠭᠯᠡᠵᠦ ᠪᠠᠢ᠌ᠭ᠋ᠠᠳ ᠰᠤᠷᠤᠭᠴᠢ ᠡᠯᠰᠡᠵᠦ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠳ᠋ᠠᠢ᠌ᠲ᠋ᠠ ᠵᠢᠨ ᠰᠠᠭ᠋ᠠᠳ ᠲᠣᠳᠬᠠᠷ᠎ᠢ ᠠᠷᠢᠯᠭ᠋ᠠᠵᠤ ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠦᠯᠵᠢᠶ᠎ᠡ᠎ᠪᠠᠷ ᠭᠦᠢ᠍ᠴᠡᠳᠬᠡᠬᠦ ᠬᠡᠯᠪᠡᠷᠢ》᠎ᠪᠠᠷ ᠬᠡᠦᠬᠡᠳ᠎ᠢ ᠴᠡᠴᠡᠷᠯᠢᠭ᠎ᠲᠤ ᠣᠷᠤᠭᠤᠯᠬᠤ ᠪᠠ ᠰᠤᠷᠭ᠋ᠠᠭᠤᠯᠢ᠎ᠳᠤ ᠰᠠᠭᠤᠯᠭ᠋ᠠᠬᠤ ᠵᠢ ᠪᠡᠶᠡᠯᠡᠭᠦᠯᠵᠦ ᠂ ᠪᠦᠬᠦ ᠶᠠᠪᠤᠴᠠ᠎ᠳᠤ 《ᠭᠡᠷᠡᠴᠢ ᠪᠠᠷᠢᠮᠲᠠ ᠠᠪᠬᠤ ᠦᠭᠡᠢ》 ᠂ 《ᠢᠯᠡᠭᠦᠦ ᠭᠦᠶᠦᠯᠭᠡᠬᠦ ᠦᠭᠡᠢ》᠎ᠪᠠᠷ ᠭᠦᠢ᠍ᠴᠡᠳᠬᠡᠬᠦ ᠵᠢ ᠵᠢᠭ᠋ᠠᠵᠤ ᠪᠤᠢ ᠃
15. 《ᠭᠤᠷᠪᠠ ᠵᠢ ᠢᠯᠭ᠋ᠠᠷᠠᠭᠤᠯᠵᠤ ᠨᠢᠭᠡ ᠵᠢ ᠨᠡᠬᠡᠮᠵᠢᠯᠡᠬᠦ》 ᠭᠡᠳᠡᠭ᠎ᠨᠢ ᠲᠦᠭᠰᠢᠭᠦᠷᠢ ᠶᠡᠬᠡᠲᠡᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠥᠷᠥᠩᠭᠡ᠎ᠪᠠᠨ ᠢᠯᠭ᠋ᠠᠷᠠᠭᠤᠯᠵᠤ ᠪᠡᠯᠡ ᠮᠥᠩᠭᠥ᠎ᠪᠠᠨ ᠬᠠᠷᠭᠤᠭᠤᠯᠤᠨ ᠪᠣᠳᠠᠲᠠᠢ᠌ᠵᠢᠭᠤᠯᠬᠤ ᠂ ᠪᠤᠴᠠᠭ᠋ᠠᠯ ᠦᠭᠡᠢ ᠬᠥᠷᠥᠩᠭᠡ ᠵᠢ ᠢᠯᠭ᠋ᠠᠷᠠᠭᠤᠯᠤᠨ ᠬᠤᠷᠢᠶᠠᠵᠤ ᠠᠪᠬᠤ᠎ᠪᠠᠨ ᠪᠣᠳᠠᠲᠠᠢ᠌ᠵᠢᠭᠤᠯᠬᠤ ᠂ ᠠᠰᠠᠭᠤᠳᠠᠯ᠎ᠲᠠᠢ ᠬᠤᠪᠢᠴᠠᠭ᠋ᠠᠲᠠᠨᠢ ᠢᠯᠭ᠋ᠠᠷᠠᠭᠤᠯᠤᠨ ᠪᠤᠴᠠᠭ᠋ᠠᠬᠤ᠎ᠪᠠᠨ ᠪᠣᠳᠠᠲᠠᠢ᠌ᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ᠎ᠪᠠᠨ ᠪᠣᠳᠠᠲᠠᠢ᠌ᠵᠢᠭᠤᠯᠬᠤ ᠵᠢ᠎ᠨᠢ ᠠᠬᠢᠭᠤᠯᠬᠤ ᠵᠢ ᠵᠢᠭ᠋ᠠᠵᠤ ᠪᠤᠢ ᠃