ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠢ᠌ᠭᠤᠯᠤᠮᠵᠢ᠄
ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠤᠯᠤᠰ᠎ᠤᠨ ᠰᠤᠷᠭ᠋ᠠᠨ ᠬᠦᠮᠦᠵᠢᠯ᠎ᠤᠨ ᠦᠨᠳᠦᠰᠦᠨ ᠲᠦᠷᠢᠮ ᠪᠤᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠲᠤᠬᠠᠢ ᠪᠦᠬᠦ ᠲᠠᠯ᠎ᠠ᠎ᠪᠠᠷ ᠪᠠᠢ᠌ᠷᠢᠯᠠᠭᠤᠯᠤᠯᠳᠠ ᠬᠢᠭᠰᠡᠨ ᠪᠦᠭᠡᠳ ᠡᠨᠡ ᠵᠢᠯ᠎ᠤᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠳᠤ ᠴᠤ᠌ ᠲᠤᠳᠤᠷᠬᠠᠢ ᠱᠠᠭ᠋ᠠᠷᠳᠠᠯᠭ᠎ᠠ ᠲᠤᠷᠠᠳᠤᠭᠰᠠᠨ ᠪᠢᠯᠡ᠃ ᠦᠭᠡᠷᠡᠴᠢᠯᠡᠯᠳᠡ ᠨᠡᠭᠡᠭᠡᠯᠳᠡ ᠬᠢᠭᠰᠡᠨ 30 ᠭᠠᠷᠤᠢ ᠵᠢᠯ᠎ᠤᠨ ᠲᠤᠷᠰᠢ᠂ ᠮᠠᠨ᠎ᠤ ᠤᠯᠤᠰ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠲᠠᠰᠤᠷᠠᠯᠳᠠ ᠦᠭᠡᠢ ᠦᠭᠡᠷᠡᠴᠢᠯᠡᠨ ᠲᠡᠬᠦᠯᠳᠡᠷᠵᠢᠬᠦᠯᠦᠭᠡᠳ ᠰᠢᠯᠭ᠋ᠠᠯᠳᠠ ᠬᠢᠵᠤ ᠰᠤᠷᠤᠭᠴᠢ ᠡᠯᠰᠡᠬᠦ ᠲᠠᠯ᠎ᠠ᠎ᠪᠠᠷ ᠨᠡᠯᠢᠶᠡᠳ ᠲᠡᠬᠦᠯᠳᠡᠷᠵᠢᠭᠰᠡᠨ ᠰᠢᠰᠲᠸᠮ᠎ᠢ ᠠᠩᠬ᠎ᠠ ᠠᠯᠬᠤᠮ ᠪᠦᠷᠢᠯᠳᠤᠬᠦᠯᠵᠤ᠂ ᠰᠤᠷᠤᠭᠴᠢ ᠵᠢᠨ ᠦᠰᠦᠯᠳᠡ ᠪᠤᠢ᠌ᠵᠢᠯᠳᠠ᠂ ᠤᠯᠤᠰ᠎ᠠᠴᠠ ᠴᠢᠳᠠᠪᠤᠷᠢᠳᠠᠨ᠎ᠢ ᠰᠤᠩᠭᠤᠬᠤ ᠪᠠ ᠨᠡᠢ᠌ᠭᠡᠮ᠎ᠤᠨ ᠡᠷᠭᠡ ᠲᠡᠭᠰᠢ᠎ᠳᠤ ᠲᠡᠦᠭᠡᠳᠤ ᠴᠢᠨᠠᠷᠳᠠᠢ ᠬᠤᠪᠢ ᠨᠡᠮᠡᠷᠢ᠎ᠪᠠᠨ ᠦᠵᠡᠬᠦᠯᠦᠨ᠂ ᠲᠡᠭᠡᠳᠤ ᠵᠡᠷᠭᠡ ᠵᠢᠨ ᠰᠤᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠬᠦᠯᠬᠦ᠂ ᠠᠷᠠᠳ ᠢᠷᠭᠡᠳ᠎ᠤᠨ ᠬᠡᠪ ᠪᠤᠯᠪᠠᠰᠤᠷᠠᠯ᠎ᠢ ᠲᠡᠭᠡᠭᠰᠢᠯᠡᠬᠦᠯᠬᠦ᠂ ᠤᠯᠤᠰ᠎ᠤᠨ ᠤᠳᠤᠬᠢᠴᠢᠯᠠᠭᠰᠠᠨ ᠪᠦᠳᠦᠭᠡᠨ ᠪᠠᠢ᠌ᠭᠤᠯᠤᠯᠳᠠ᠎ᠳᠤ ᠦᠢ᠍ᠯᠡᠴᠢᠯᠡᠬᠦ᠎ᠳᠤ ᠤᠷᠤᠯᠠᠭᠤᠯᠵᠤ ᠪᠤᠯᠤᠰᠢ ᠦᠭᠡᠢ ᠴᠢᠬᠤᠯᠠ ᠦᠢ᠍ᠯᠡᠳᠦᠯ ᠦᠵᠡᠬᠦᠯᠦᠭᠰᠡᠨ ᠪᠠᠢ᠌ᠨ᠎ᠠ᠃ ᠡᠨᠡᠬᠦ ᠲᠦᠷᠢᠮ᠎ᠨᠢ ᠤᠯᠤᠰ᠎ᠤᠨ ᠪᠠᠢ᠌ᠳᠠᠯ᠎ᠲᠠᠢ ᠶᠡᠷᠦᠩᠭᠡᠢ᠎ᠳᠡᠭᠡᠨ ᠨᠡᠢ᠌ᠴᠡᠵᠤ᠂ ᠡᠷᠭᠡ ᠰᠦᠷᠳᠤ ᠴᠢᠨᠠᠷ ᠪᠤᠯᠤᠨ ᠡᠷᠭᠡ ᠲᠡᠭᠰᠢ ᠴᠢᠨᠠᠷ ᠵᠶ᠋ᠡᠷ ᠵᠶ᠋ᠡᠨ ᠨᠡᠢ᠌ᠭᠡᠮ ᠨᠡᠢ᠌ᠳᠡ᠎ᠳᠤ ᠮᠡᠳᠡᠷᠡᠭᠳᠡᠭᠰᠡᠨ ᠶᠤᠮ᠂ ᠬᠡᠪᠡᠴᠤ ᠪᠠᠰᠠ ᠵᠠᠷᠢᠮ ᠲᠠᠯ᠎ᠠ᠎ᠪᠠᠷ ᠨᠡᠢ᠌ᠭᠡᠮ᠎ᠤᠨ ᠲᠤᠰᠬᠠᠯ ᠵᠶ᠋ᠡᠷ ᠴᠢᠩᠭ᠎ᠠ ᠠᠰᠠᠭᠤᠳᠠᠯ ᠴᠤ᠌ ᠤᠷᠤᠰᠢᠵᠤ ᠪᠤᠢ᠂ ᠭᠤᠤᠯᠳᠠᠭᠤ ᠵᠦᠪᠬᠡᠨ ᠰᠢᠯᠭ᠋ᠠᠯᠳᠠ ᠵᠢᠨ ᠬᠤᠪᠢ᠎ᠪᠠᠷ ᠰᠤᠷᠤᠭᠴᠢ ᠵᠢᠨ ᠪᠦᠬᠦ ᠲᠠᠯ᠎ᠠ ᠵᠢᠨ ᠬᠦᠭᠵᠢᠯᠳᠡ ᠵᠢ ᠨᠦᠯᠦᠭᠡᠯᠡᠵᠤ ᠨᠢᠭᠡ ᠰᠢᠯᠭ᠋ᠠᠯᠳᠠ᠎ᠪᠠᠷ ᠨᠠᠰᠤᠨ ᠲᠤᠷᠰᠢᠬᠢ ᠵᠢ ᠲᠤᠭᠳᠠᠭ᠋ᠠᠬᠤ ᠪᠤᠯᠤᠭᠰᠠᠨ᠎ᠠᠴᠠ ᠰᠤᠷᠤᠭᠴᠢᠳ᠎ᠤᠨ ᠰᠤᠷᠤᠯᠭ᠎ᠠ ᠵᠢᠨ ᠲᠠᠷᠤᠭ᠋ᠠᠰᠤ ᠲᠡᠩᠳᠡᠬᠦᠦ ᠬᠦᠨᠳᠤ ᠪᠠᠢ᠌ᠬᠤ᠂ ᠤᠷᠤᠨ ᠪᠦᠰᠡ᠂ ᠬᠤᠳᠠ ᠬᠦᠳᠡᠭᠡ ᠵᠢᠨ ᠰᠤᠷᠤᠭᠴᠢ ᠵᠢᠨ ᠰᠤᠷᠭ᠋ᠠᠭᠤᠯᠢ᠎ᠳᠤ ᠤᠷᠤᠬᠤ ᠨᠦᠬᠦᠴᠡᠯ ᠲᠤᠬᠢᠶᠠᠯ ᠵᠦᠷᠢᠶ᠎ᠡ᠎ᠲᠠᠢ ᠪᠠᠢ᠌ᠬᠤ᠂ ᠲᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠰᠤᠷᠭ᠋ᠠᠭᠤᠯᠢ ᠰᠤᠩᠭᠤᠬᠤ ᠦᠵᠡᠭᠳᠡᠯ ᠲᠤᠪᠤᠢ᠌ᠮ᠎ᠠ ᠪᠠᠢ᠌ᠬᠤ᠂ ᠬᠤᠳᠠᠯ ᠬᠠᠭᠤᠷᠮᠠᠭ ᠵᠶ᠋ᠡᠷ ᠬᠤᠪᠢ ᠨᠡᠮᠡᠬᠦ᠂ ᠲᠦᠷᠢᠮ ᠲᠤᠭᠳᠠᠭ᠋ᠠᠯ᠎ᠢ ᠵᠦᠷᠢᠴᠡᠨ ᠰᠤᠷᠤᠭᠴᠢ ᠡᠯᠰᠡᠬᠦ ᠦᠵᠡᠭᠳᠡᠯ ᠴᠤ᠌ ᠬᠠᠶᠠ ᠭᠠᠷᠴᠤ ᠪᠠᠢ᠌ᠨ᠎ᠠ᠃ ᠨᠡᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠳᠤ ᠪᠠᠢ᠌ᠷᠢᠯᠠᠭᠤᠯᠤᠯᠳᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠦᠭᠡ᠂ ᠤᠳᠤ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠲᠤᠬᠠᠢ ᠲᠤᠤᠷᠠᠬᠢ ᠮᠡᠳᠤ ᠬᠡᠷᠡᠭᠵᠢᠬᠦᠯᠬᠦ ᠰᠠᠨᠠᠯ᠎ᠢ ᠨᠡᠢ᠌ᠳᠡᠯᠡᠪᠡ᠃
ᠨᠢᠭᠡ᠂ ᠶᠡᠷᠦᠩᠭᠡᠢ ᠱᠠᠭ᠋ᠠᠷᠳᠠᠯᠭ᠎ᠠ
(ᠨᠢᠭᠡ) ᠵᠢᠯᠤᠭᠤᠳᠬᠤ ᠦᠵᠡᠯ ᠰᠠᠨᠠᠭ᠎ᠠ
ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠤᠨ᠂ ᠳ᠋ᠸᠩ ᠰᠢᠶᠤᠤ ᠫᠢᠩ᠎ᠤᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠦᠭᠵᠢᠯᠳᠡ ᠵᠢᠨ ᠦᠵᠡᠯᠳᠡ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠰᠤᠷᠭ᠋ᠠᠨ ᠬᠦᠮᠦᠵᠢᠯ᠎ᠤᠨ ᠴᠢᠭᠯᠡᠯᠳᠡ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠶᠤᠰᠤ ᠰᠤᠷᠳᠠᠬᠤᠨ ᠵᠶ᠋ᠡᠷ ᠬᠦᠮᠦᠨ᠎ᠢ ᠬᠦᠮᠦᠵᠢᠬᠦᠯᠬᠦ ᠵᠢ ᠪᠠᠷᠢᠮᠳᠠᠯᠠᠵᠤ᠂ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠤᠯᠠᠨ ᠲᠠᠯ᠎ᠠ ᠵᠢᠨ ᠴᠢᠳᠠᠪᠤᠷᠢ᠎ᠲᠠᠢ ᠦᠨᠳᠦᠷ ᠬᠡᠪ ᠴᠢᠨᠠᠷ ᠪᠦᠬᠦᠢ ᠴᠢᠳᠠᠪᠤᠷᠢᠳᠠᠨ᠎ᠢ ᠬᠡᠷᠡᠭᠰᠡᠬᠦ ᠱᠠᠭ᠋ᠠᠷᠳᠠᠯᠭ᠎ᠠ᠎ᠳᠤ ᠵᠤᠬᠢᠴᠠᠭᠤᠯᠤᠨ᠂ ᠰᠤᠷᠤᠭᠴᠢ ᠵᠢᠨ ᠡᠷᠡᠬᠦᠯ ᠴᠢᠬᠢᠷᠠᠭ ᠬᠦᠭᠵᠢᠯᠳᠡ ᠵᠢ ᠠᠬᠢᠭᠤᠯᠬᠤ᠎ᠳᠤ ᠲᠤᠰᠠᠳᠠᠢ᠂ ᠡᠯ᠎ᠡ ᠲᠦᠷᠦᠯ᠎ᠤᠨ ᠴᠢᠳᠠᠪᠤᠷᠢᠳᠠᠨ᠎ᠢ ᠰᠢᠨᠵᠢᠯᠡᠬᠦ ᠤᠬᠠᠭ᠋ᠠᠨᠴᠢ᠎ᠪᠠᠷ ᠰᠤᠩᠭᠤᠨ ᠰᠢᠯᠭ᠋ᠠᠷᠠᠭᠤᠯᠬᠤ ᠪᠠ ᠨᠡᠢ᠌ᠭᠡᠮ᠎ᠤᠨ ᠡᠷᠭᠡ ᠲᠡᠭᠰᠢ ᠵᠢ ᠬᠠᠮᠠᠭ᠋ᠠᠯᠠᠬᠤ ᠡᠬᠦᠳᠡᠨ᠎ᠠᠴᠠ ᠭᠠᠷᠳᠠᠵᠤ᠂ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠨ᠂ ᠠᠰᠠᠭᠤᠳᠠᠯ᠎ᠢ ᠬᠦᠳᠦᠯᠦᠨ ᠵᠢᠯᠤᠭᠤᠳᠬᠤ ᠵᠢ ᠲᠤᠪᠤᠢ᠌ᠯᠭ᠋ᠠᠵᠤ᠂ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ᠂ ᠠᠷᠠᠳ ᠤᠯᠠᠨ᠎ᠤ ᠰᠡᠳᠬᠢᠯ᠎ᠳᠤ ᠬᠠᠨᠤᠮᠵᠢᠳᠠᠢ ᠰᠤᠷᠭ᠋ᠠᠨ ᠬᠦᠮᠦᠵᠢᠯ᠎ᠢ ᠰᠠᠢ᠌ᠳᠤᠷ ᠡᠷᠬᠢᠯᠡᠵᠤ᠂ ᠬᠦᠮᠦᠨ᠎ᠤ ᠬᠦᠴᠦᠨ᠎ᠤ ᠡᠬᠢ ᠪᠠᠶᠠᠯᠢᠭ ᠵᠶ᠋ᠡᠷ ᠬᠦᠴᠦᠷᠭᠡᠭ ᠤᠯᠤᠰ᠎ᠢ ᠪᠠᠢ᠌ᠭᠤᠯᠬᠤ᠎ᠳᠤ ᠬᠦᠴᠦᠨ ᠪᠦᠬᠦᠢ ᠪᠠᠳᠤᠯᠠᠭ᠎ᠠ ᠬᠠᠩᠭ᠋ᠠᠬᠤ ᠵᠢᠨ ᠲᠦᠯᠦᠭᠡ᠂ 《ᠬᠤᠶᠠᠷ ᠨᠢᠭᠡ ᠵᠠᠭᠤᠨ ᠵᠢᠯ》᠎ᠤᠨ ᠲᠡᠮᠡᠴᠡᠬᠦ ᠬᠠᠷᠠᠯᠳᠠ ᠪᠤᠯᠤᠨ ᠲᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠮᠠᠨᠳᠤᠯᠳᠠ ᠵᠢᠨ ᠲᠤᠮᠳᠠᠳᠤ ᠵᠢᠨ ᠵᠠᠬᠦᠳᠤ ᠵᠢ ᠲᠡᠷᠭᠡᠯᠰᠢᠬᠦᠯᠬᠦ᠎ᠳᠤ ᠬᠦᠴᠦᠨ ᠪᠦᠬᠦᠢ ᠴᠢᠳᠠᠪᠤᠷᠢᠳᠠᠨ᠎ᠤ ᠲᠡᠮᠵᠢᠯᠭᠡ ᠬᠠᠩᠭ᠋ᠠᠨ᠎ᠠ᠃
(ᠬᠤᠶᠠᠷ) ᠦᠨᠳᠦᠰᠦᠨ ᠵᠠᠷᠴᠢᠮ
ᠬᠦᠮᠦᠨ᠎ᠢ ᠬᠦᠮᠦᠵᠢᠬᠦᠯᠬᠦ᠎ᠪᠠᠷ ᠦᠨᠳᠦᠰᠦ ᠪᠤᠯᠭ᠋ᠠᠬᠤ ᠵᠢ ᠪᠠᠷᠢᠮᠳᠠᠯᠠᠨ᠂ ᠰᠤᠷᠭ᠋ᠠᠨ ᠬᠦᠮᠦᠵᠢᠯ᠎ᠤᠨ ᠵᠢᠮ᠎ᠡ ᠬᠠᠤᠯᠢ ᠵᠢ ᠵᠢᠷᠤᠮᠯᠠᠨ᠎ᠠ᠃ ᠰᠤᠷᠤᠭᠴᠢ ᠵᠢᠨ ᠡᠷᠡᠬᠦᠯ ᠴᠢᠬᠢᠷᠠᠭ ᠵᠶ᠋ᠡᠷ ᠦᠰᠦᠨ ᠪᠤᠢ᠌ᠵᠢᠬᠤ ᠵᠢ ᠠᠬᠢᠭᠤᠯᠬᠤ᠎ᠪᠠᠷ ᠦᠭᠡᠷᠡᠴᠢᠯᠡᠯᠳᠡ ᠵᠢᠨ ᠬᠠᠷᠠᠭ᠎ᠠ ᠪᠠ ᠵᠤᠭᠰᠤᠴᠠ ᠪᠤᠯᠭ᠋ᠠᠵᠤ᠂ ᠬᠡᠰᠡᠭ ᠲᠠᠯ᠎ᠠ ᠵᠢ ᠬᠦᠭᠡᠭᠡᠴᠡᠯᠳᠦᠭᠰᠡᠨ ᠰᠢᠯᠭ᠋ᠠᠯᠳᠠ ᠵᠢ ᠠᠷᠭ᠋ᠠᠴᠠᠬᠤ ᠰᠤᠷᠭ᠋ᠠᠨ ᠬᠦᠮᠦᠵᠢᠯ᠎ᠤᠨ ᠬᠠᠨᠳᠤᠰᠢ ᠵᠢ ᠬᠤᠪᠢᠷᠠᠭᠤᠯᠤᠨ᠂ ᠬᠦᠮᠦᠨ ᠬᠦᠮᠦᠵᠢᠬᠦᠯᠬᠦ ᠵᠦᠪ ᠤᠨᠤᠪᠴᠢᠳᠠᠢ ᠬᠦᠳᠦᠯᠤᠮᠵᠢ ᠵᠢ ᠪᠠᠷᠢᠮᠳᠠᠯᠠᠵᠤ᠂ ᠨᠡᠢ᠌ᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ ᠵᠢ ᠦᠢ᠍ᠯᠡᠳᠦᠯᠭᠡᠵᠢᠬᠦᠯᠦᠨ᠂ ᠬᠡᠪ ᠴᠢᠨᠠᠷ᠎ᠤᠨ ᠰᠤᠷᠭ᠋ᠠᠨ ᠬᠦᠮᠦᠵᠢᠯ᠎ᠢ ᠬᠦᠨᠵᠡᠭᠡᠢ ᠠᠬᠢᠭᠤᠯᠵᠤ᠂ ᠶᠤᠰᠤ ᠰᠤᠷᠳᠠᠬᠤᠨ᠂ ᠤᠶᠤᠨ ᠤᠬᠠᠭ᠋ᠠᠨ᠂ ᠪᠡᠶ᠎ᠡ ᠮᠠᠬᠠᠪᠤᠳ᠂ ᠭᠤᠸ᠎ᠠ ᠰᠠᠢ᠌ᠬᠠᠨ ᠵᠡᠷᠭᠡ ᠪᠦᠬᠦ ᠲᠠᠯ᠎ᠠ᠎ᠪᠠᠷ ᠬᠦᠭᠵᠢᠭᠰᠡᠨ ᠨᠡᠢ᠌ᠭᠡᠮ ᠵᠢᠷᠦᠮ᠎ᠤᠨ ᠪᠦᠳᠦᠭᠡᠨ ᠪᠠᠢ᠌ᠭᠤᠯᠤᠭᠴᠢᠳ ᠪᠤᠯᠤᠨ ᠵᠠᠯᠭ᠋ᠠᠮᠵᠢᠯᠠᠭᠴᠢᠳᠢ ᠬᠦᠮᠦᠵᠢᠬᠦᠯᠦᠨ᠎ᠡ᠃
ᠲᠦᠷᠢᠮ ᠲᠤᠭᠳᠠᠭ᠋ᠠᠯ᠎ᠢ ᠲᠡᠬᠦᠯᠳᠡᠷᠵᠢᠬᠦᠯᠦᠨ᠂ ᠡᠷᠭᠡ ᠲᠡᠭᠰᠢ ᠲᠦᠪ ᠭᠤᠤᠯᠴᠢ ᠵᠢ ᠪᠠᠳᠤᠯᠠᠬᠤ ᠲᠡᠭᠡᠷ᠎ᠡ ᠬᠦᠴᠦ᠎ᠪᠠᠨ ᠲᠠᠯᠪᠢᠨ᠎ᠠ᠃ ᠡᠷᠭᠡ ᠲᠡᠭᠰᠢ ᠲᠦᠪ ᠭᠤᠤᠯᠴᠢ ᠵᠢ ᠠᠬᠢᠭᠤᠯᠬᠤ᠎ᠪᠠᠷ ᠦᠭᠡᠷᠡᠴᠢᠯᠡᠯᠳᠡ ᠵᠢᠨ ᠦᠨᠳᠦᠰᠦᠨ ᠦᠷᠳᠡᠭ᠎ᠤᠨ ᠴᠢᠭᠯᠡᠯ ᠪᠤᠯᠭ᠋ᠠᠨ᠂ ᠬᠤᠷᠸ᠎ᠠ ᠲᠤᠬᠢᠷᠠᠭᠤᠯᠭ᠎ᠠ ᠵᠢ ᠴᠢᠩᠭ᠋ᠠᠳᠬᠠᠵᠤ᠂ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠢ ᠲᠡᠬᠦᠯᠳᠡᠷᠵᠢᠬᠦᠯᠦᠨ᠂ ᠪᠠᠢ᠌ᠭᠤᠯᠤᠮᠵᠢ ᠵᠢᠨ ᠲᠤᠭᠳᠠᠴᠠ ᠵᠢ ᠲᠡᠬᠦᠯᠳᠡᠷᠵᠢᠬᠦᠯᠵᠤ᠂ ᠰᠢᠯᠭ᠋ᠠᠯᠳᠠ ᠬᠢᠵᠤ ᠰᠤᠷᠤᠭᠴᠢ ᠡᠯᠰᠡᠬᠦ ᠠᠵᠠ ᠲᠤᠬᠢᠶᠠᠯ᠎ᠨᠢ ᠡᠷᠭᠡ ᠲᠡᠭᠰᠢ᠂ ᠲᠡᠰ ᠲᠠᠷᠠᠭ᠋ᠠᠯᠠᠯ᠎ᠨᠢ ᠢᠯᠡ ᠲᠤᠳᠤ᠂ ᠦᠷ᠎ᠡ ᠳ᠋ᠦᠩ᠎ᠨᠢ ᠲᠦᠪ ᠭᠤᠤᠯᠴᠢ ᠪᠠᠢ᠌ᠬᠤ ᠵᠢ ᠦᠨᠡᠨᠬᠦ ᠪᠠᠳᠤᠯᠠᠨ᠎ᠠ᠃
ᠰᠢᠨᠵᠢᠯᠡᠬᠦ ᠤᠬᠠᠭ᠋ᠠᠨᠴᠢ ᠪᠦᠭᠡᠳ ᠦᠨᠳᠦᠷ ᠪᠦᠳᠦᠮᠵᠢᠳᠡᠢ ᠪᠠᠢ᠌ᠬᠤ ᠵᠢ ᠢᠯᠡᠷᠡᠬᠦᠯᠦᠨ᠂ ᠰᠤᠩᠭᠤᠨ ᠰᠢᠯᠭ᠋ᠠᠷᠠᠭᠤᠯᠬᠤ ᠲᠦᠪᠰᠢᠨ᠎ᠢ ᠲᠡᠭᠡᠭᠰᠢᠯᠡᠬᠦᠯᠦᠨ᠎ᠡ᠃ ᠰᠤᠷᠤᠭᠴᠢ ᠵᠢᠨ ᠰᠤᠩᠭᠤᠯᠳᠠ ᠬᠢᠬᠦ ᠡᠷᠭᠡ ᠵᠢ ᠨᠡᠮᠡᠭᠳᠡᠬᠦᠯᠦᠨ᠂ ᠰᠢᠨᠵᠢᠯᠡᠬᠦ ᠤᠬᠠᠭ᠋ᠠᠨᠴᠢ᠎ᠪᠠᠷ ᠴᠢᠳᠠᠪᠤᠷᠢᠳᠠᠨ᠎ᠢ ᠰᠤᠩᠭᠤᠬᠤ ᠵᠢ ᠠᠬᠢᠭᠤᠯᠵᠤ᠂ ᠵᠠᠰᠠᠭ᠎ᠤᠨ ᠤᠷᠳᠤᠨ᠎ᠤ ᠬᠢᠨᠠᠯᠳᠠ ᠲᠠᠯᠪᠢᠬᠤ ᠲᠤᠭᠳᠠᠴᠠ ᠵᠢ ᠲᠡᠬᠦᠯᠳᠡᠷᠵᠢᠬᠦᠯᠦᠨ᠂ ᠰᠢᠯᠭ᠋ᠠᠯᠳᠠ ᠬᠢᠵᠤ ᠰᠤᠷᠤᠭᠴᠢ ᠡᠯᠰᠡᠬᠦ ᠠᠵᠢᠯ᠎ᠤᠨ ᠦᠨᠳᠦᠷ ᠦᠷ᠎ᠡ ᠪᠦᠳᠦᠮᠵᠢᠳᠠᠢ᠂ ᠡᠮᠬᠢ ᠲᠠᠷᠠᠭ᠎ᠠ᠎ᠲᠠᠢ ᠶᠠᠪᠤᠭᠳᠠᠬᠤ ᠵᠢ ᠪᠠᠳᠤᠯᠠᠨ᠎ᠠ᠃
ᠨᠢᠭᠡᠳᠦᠯᠳᠡᠢ ᠲᠦᠯᠦᠪᠵᠢᠬᠦᠯᠬᠦ ᠵᠢ ᠴᠢᠩᠭ᠋ᠠᠳᠬᠠᠨ᠂ ᠢᠳᠡᠪᠬᠢᠳᠡᠢ ᠪᠦᠭᠡᠳ ᠯᠠᠪᠳᠠᠭᠤᠨ ᠵᠶ᠋ᠡᠷ ᠠᠬᠢᠭᠤᠯᠤᠨ᠎ᠠ᠃ ᠰᠠᠭᠤᠷᠢ ᠰᠤᠷᠭ᠋ᠠᠨ ᠬᠦᠮᠦᠵᠢᠯ᠎ᠠᠴᠠ ᠠᠪᠤᠭ᠋ᠠᠳ ᠲᠡᠭᠡᠳᠤ ᠵᠡᠷᠭᠡ ᠵᠢᠨ ᠰᠤᠷᠭ᠋ᠠᠨ ᠬᠦᠮᠦᠵᠢᠯ ᠬᠦᠷᠳᠡᠯ᠎ᠡ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢ ᠵᠢᠷᠤᠭᠯᠠᠨ ᠲᠦᠯᠦᠪᠯᠡᠵᠤ᠂ ᠡᠩ᠎ᠤᠨ ᠰᠤᠷᠭ᠋ᠠᠨ ᠬᠦᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠂ ᠦᠷᠬᠦᠯᠵᠢᠯᠡᠭᠰᠡᠨ ᠰᠤᠷᠭ᠋ᠠᠨ ᠬᠦᠮᠦᠵᠢᠯ ᠬᠤᠭᠤᠷᠤᠨᠳᠤ᠎ᠪᠠᠨ ᠵᠠᠯᠭ᠋ᠠᠯᠳᠤᠨ ᠠᠭᠤᠰᠤᠯᠴᠠᠬᠤ ᠵᠢ ᠠᠬᠢᠭᠤᠯᠤᠨ᠂ ᠰᠢᠯᠭ᠋ᠠᠯᠳᠠ ᠬᠢᠬᠦ᠂ ᠰᠤᠷᠤᠭᠴᠢ ᠡᠯᠰᠡᠬᠦ ᠪᠠ ᠬᠠᠮᠢᠶᠠᠷᠤᠯᠳᠠ ᠵᠢᠨ ᠲᠦᠷᠢᠮ᠎ᠤᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠤᠷᠢᠳᠠᠪᠡᠷ ᠲᠤᠷᠰᠢᠯᠳᠡ ᠵᠢᠨ ᠠᠵᠢᠯ᠎ᠢ ᠶᠠᠪᠤᠭᠳᠠᠭᠤᠯᠤᠨ ᠲᠠᠷᠠᠭ᠎ᠠ᠎ᠨᠢ ᠠᠯᠭᠤᠷ ᠵᠶ᠋ᠡᠷ ᠠᠬᠢᠭᠤᠯᠤᠨ᠎ᠠ᠃
(ᠭᠤᠷᠪᠠ) ᠶᠡᠷᠦᠩᠭᠡᠢ ᠬᠠᠷᠠᠯᠳᠠ
2014 ᠤᠨ᠎ᠳᠤ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ ᠵᠢᠨ ᠲᠤᠷᠰᠢᠯᠳᠠ ᠵᠢᠨ ᠴᠢᠭ᠋᠎ᠤᠨ ᠠᠵᠢᠯ᠎ᠢ ᠬᠢᠵᠤ᠂ 2017 ᠤᠨ ᠪᠤᠯᠬᠤ᠎ᠳᠤ ᠪᠦᠬᠦ ᠲᠠᠯ᠎ᠠ᠎ᠪᠠᠷ ᠠᠬᠢᠭᠤᠯᠤᠨ᠂ 2020 ᠤᠨ ᠪᠤᠯᠬᠤ᠎ᠳᠤ ᠲᠤᠮᠳᠠᠳᠤ ᠤᠯᠤᠰ᠎ᠤᠨ ᠤᠨᠴᠠᠯᠢᠭ᠎ᠲᠠᠢ ᠤᠳᠤ ᠦᠶ᠎ᠡ ᠵᠢᠨ ᠰᠤᠷᠭ᠋ᠠᠨ ᠬᠦᠮᠦᠵᠢᠯ᠎ᠤᠨ ᠰᠢᠯᠭ᠋ᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠦᠨᠳᠦᠰᠦᠨ᠎ᠳᠡᠭᠡᠨ ᠪᠠᠢ᠌ᠭᠤᠯᠵᠤ᠂ ᠲᠦᠷᠦᠯ ᠬᠤᠪᠢᠶᠠᠨ ᠰᠢᠯᠭ᠋ᠠᠬᠤ᠂ ᠶᠡᠷᠦᠩᠭᠡᠢ᠌ᠯᠡᠨ ᠦᠨᠡᠯᠡᠬᠦ᠂ ᠤᠯᠠᠨ ᠠᠷᠭ᠎ᠠ ᠬᠡᠯᠪᠡᠷᠢ᠎ᠪᠠᠷ ᠰᠤᠷᠤᠭᠴᠢ ᠡᠯᠰᠡᠬᠦ ᠵᠠᠭᠪᠤᠷ᠎ᠢ ᠪᠤᠢ ᠪᠤᠯᠭ᠋ᠠᠨ᠂ ᠡᠷᠭᠡ ᠲᠡᠭᠰᠢ ᠵᠢ ᠠᠬᠢᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠴᠢᠳᠠᠪᠤᠷᠢᠳᠠᠨ᠎ᠢ ᠰᠤᠩᠭᠤᠵᠤ᠂ ᠡᠷᠴᠢᠮᠯᠢᠭ ᠬᠢᠨᠠᠯᠳᠠ ᠲᠠᠯᠪᠢᠭᠰᠠᠨ ᠪᠠᠢ᠌ᠭᠤᠯᠤᠮᠵᠢ ᠵᠢᠨ ᠲᠤᠭᠳᠠᠴᠠ ᠵᠢ ᠲᠡᠬᠦᠯᠳᠡᠷᠵᠢᠬᠦᠯᠦᠨ᠂ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠭ᠋ᠠᠨ ᠬᠦᠮᠦᠵᠢᠯ ᠬᠠᠷᠢᠯᠴᠠᠨ ᠵᠠᠯᠭ᠋ᠠᠯᠳᠤᠨ ᠤᠶᠠᠯᠳᠤᠵᠤ᠂ ᠰᠤᠷᠤᠯᠴᠠᠭᠰᠠᠨ ᠬᠢᠷᠢ ᠪᠦᠳᠦᠮᠵᠢ ᠵᠢ ᠮᠡᠳᠡᠷᠡᠭᠰᠡᠨ ᠨᠠᠰᠤᠨ ᠲᠤᠷᠰᠢᠳᠠ ᠰᠤᠷᠤᠯᠴᠠᠬᠤ ᠡᠯ᠎ᠡ ᠵᠦᠢ᠍ᠯ᠎ᠤᠨ 《ᠵᠦᠷᠢᠯᠢᠭ ᠬᠦᠬᠦᠷᠭᠡ》 ᠵᠢ ᠪᠠᠢ᠌ᠭᠤᠯᠤᠨ᠎ᠠ᠃
ᠬᠤᠶᠠᠷ᠂ ᠭᠤᠤᠯ ᠡᠬᠦᠷᠭᠡ ᠪᠠ ᠠᠷᠭ᠎ᠠ ᠪᠠᠷᠢᠯ
(ᠨᠢᠭᠡ) ᠰᠤᠷᠤᠭᠴᠢ ᠡᠯᠰᠡᠬᠦ ᠲᠦᠯᠦᠪᠯᠡᠭᠡ ᠵᠢ ᠬᠤᠪᠢᠶᠠᠷᠢᠯᠠᠬᠤ ᠠᠷᠭ᠎ᠠ ᠵᠢ ᠬᠠᠯᠠᠨ ᠰᠠᠢ᠌ᠵᠢᠷᠠᠭᠤᠯᠤᠨ᠎ᠠ᠃
1. ᠲᠤᠮᠳᠠᠳᠤ ᠪᠠᠷᠠᠭᠤᠨ ᠬᠡᠰᠡᠭ᠎ᠤᠨ ᠭᠠᠵᠠᠷ ᠤᠷᠤᠨ ᠪᠤᠯᠤᠨ ᠬᠦᠮᠦᠨ ᠠᠮᠠ᠎ᠪᠠᠷ ᠤᠯᠠᠨ ᠮᠤᠵᠢ ᠵᠢᠨ ᠨᠢᠭᠡᠳᠦᠯᠳᠡᠢ ᠰᠢᠯᠭ᠋ᠠᠯᠳᠠ ᠵᠢᠨ ᠰᠤᠷᠤᠭᠴᠢ ᠡᠯᠰᠡᠬᠦ ᠨᠤᠷᠮ᠎ᠠ ᠵᠢ ᠲᠡᠭᠡᠭᠰᠢᠯᠡᠬᠦᠯᠦᠨ᠎ᠡ᠃ ᠰᠤᠷᠤᠭᠴᠢ ᠵᠢᠨ ᠢᠷᠡᠯᠳᠡ ᠠᠷᠪᠢᠨ ᠪᠠ ᠰᠤᠷᠭ᠋ᠠᠭᠤᠯᠢ ᠡᠷᠬᠢᠯᠡᠬᠦ ᠨᠦᠬᠦᠴᠡᠯ᠂ ᠲᠡᠬᠦᠰᠦᠭᠰᠡᠨ ᠰᠤᠷᠤᠭᠴᠢ ᠵᠢᠨ ᠠᠵᠢᠯ ᠤᠯᠬᠤ ᠪᠠᠢ᠌ᠳᠠᠯ ᠵᠡᠷᠭᠡ ᠡᠯᠸᠮᠸᠨ᠋ᠲ᠎ᠢ ᠶᠡᠷᠦᠩᠭᠡᠢ᠌ᠯᠡᠨ ᠪᠤᠳᠤᠯᠬᠢᠯᠠᠵᠤ᠂ ᠤᠯᠤᠰ᠎ᠤᠨ ᠰᠤᠷᠤᠭᠴᠢ ᠡᠯᠰᠡᠬᠦ ᠲᠦᠯᠦᠪᠯᠡᠭᠡ ᠵᠢ ᠲᠤᠭᠳᠠᠭ᠋ᠠᠬᠤ ᠠᠷᠭ᠎ᠠ ᠪᠠᠷᠢᠯ᠎ᠢ ᠲᠡᠬᠦᠯᠳᠡᠷᠵᠢᠬᠦᠯᠦᠨ᠂ ᠲᠡᠭᠡᠳᠤ ᠵᠡᠷᠭᠡ ᠵᠢᠨ ᠰᠤᠷᠭ᠋ᠠᠭᠤᠯᠢ ᠵᠢ ᠱᠠᠯᠠᠪᠳᠠᠭᠤᠯᠤᠨ ᠰᠤᠷᠤᠭᠴᠢ ᠡᠯᠰᠡᠬᠦ ᠲᠦᠯᠦᠪᠯᠡᠭᠡ ᠵᠢ ᠡᠷᠡᠰ ᠵᠶ᠋ᠡᠷ ᠬᠡᠷᠡᠭᠵᠢᠬᠦᠯᠬᠦ ᠱᠠᠭ᠋ᠠᠷᠳᠠᠨ᠎ᠠ᠃ ᠲᠤᠮᠳᠠ ᠪᠠᠷᠠᠭᠤᠨ ᠬᠡᠰᠡᠭ᠎ᠤᠨ ᠭᠠᠵᠠᠷ ᠤᠷᠤᠨ᠎ᠤ ᠰᠤᠷᠤᠭᠴᠢ ᠡᠯᠰᠡᠬᠦ ᠵᠢ ᠲᠡᠮᠵᠢᠬᠦ ᠬᠠᠮᠵᠢᠯᠴᠠᠭ᠎ᠠ ᠵᠢᠨ ᠲᠦᠯᠦᠪᠯᠡᠭᠡ ᠵᠢ ᠦᠷᠬᠦᠯᠵᠢᠯᠡᠨ ᠬᠡᠷᠡᠭᠵᠢᠬᠦᠯᠵᠤ᠂ ᠵᠠᠬᠦᠨ ᠭᠡᠰᠡᠭ᠎ᠤᠨ ᠭᠠᠵᠠᠷ ᠤᠷᠤᠨ᠎ᠤ ᠲᠡᠭᠡᠳᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠲᠦᠯᠦᠪᠯᠡᠭᠡ᠎ᠳᠤ ᠲᠤᠮᠳᠠᠳᠤ ᠪᠠᠷᠠᠭᠤᠨ ᠭᠡᠰᠡᠭ᠎ᠤᠨ ᠭᠠᠵᠠᠷ ᠤᠷᠤᠨ᠎ᠠᠴᠠ ᠰᠤᠷᠤᠭᠴᠢ ᠡᠯᠰᠡᠬᠦ ᠲᠤᠭ᠎ᠠ ᠵᠢ ᠲᠤᠰᠬᠠᠢ ᠲᠤᠬᠢᠷᠠᠭᠤᠯᠤᠨ᠎ᠠ᠃ ᠰᠤᠷᠭ᠋ᠠᠨ ᠬᠦᠮᠦᠵᠢᠯ᠎ᠤᠨ ᠶᠠᠮᠤᠨ᠎ᠳᠤ ᠬᠠᠷᠢᠶᠠᠯᠠᠭᠳᠠᠵᠤ ᠪᠠᠢ᠌ᠭ᠎ᠠ ᠲᠡᠭᠡᠳᠤ ᠵᠡᠷᠭᠡ ᠵᠢᠨ ᠰᠤᠷᠭ᠋ᠠᠭᠤᠯᠢ ᠢᠯᠡ᠎ᠪᠠᠷ ᠰᠤᠷᠤᠭᠴᠢ ᠡᠯᠰᠡᠬᠦ ᠲᠤᠭ᠎ᠠ ᠵᠢ ᠬᠤᠪᠢᠶᠠᠷᠢᠯᠠᠬᠤ ᠵᠠᠷᠴᠢᠮ ᠪᠠ ᠠᠷᠭ᠎ᠠ᠎ᠪᠠᠷ ᠮᠤᠵᠢ ᠬᠤᠪᠶᠠᠨ ᠰᠤᠷᠤᠭᠴᠢ ᠡᠯᠰᠡᠬᠦ ᠲᠦᠯᠦᠪᠯᠡᠭᠡ᠎ᠪᠠᠨ ᠵᠤᠬᠢᠰᠳᠠᠢ ᠲᠤᠭᠳᠠᠭ᠋ᠠᠵᠤ᠂ ᠬᠠᠷᠢᠶᠠᠯᠠᠭᠳᠠᠬᠤ ᠭᠠᠵᠠᠷ ᠤᠷᠤᠨ᠎ᠤ ᠰᠤᠷᠤᠭᠴᠢ ᠵᠢ ᠡᠯᠰᠡᠬᠦ ᠲᠤᠭ᠎ᠠ ᠵᠢ ᠡᠷᠡᠰ ᠬᠢᠵᠠᠭ᠋ᠠᠷᠯᠠᠨ᠎ᠠ᠃ 2017 ᠤᠨ ᠪᠤᠯᠬᠤ᠎ᠳᠤ ᠰᠤᠷᠤᠭᠴᠢ ᠡᠯᠰᠡᠬᠦ ᠨᠤᠷᠮ᠎ᠠ᠎ᠪᠠᠷ ᠬᠠᠮᠤᠭ᠎ᠤᠨ ᠲᠤᠤᠷ᠎ᠠ ᠮᠤᠵᠢ ᠵᠢ ᠪᠦᠬᠦ ᠤᠯᠤᠰ᠎ᠤᠨ ᠲᠡᠭᠰᠢᠳᠭᠡᠭᠰᠡᠨ ᠲᠦᠪᠰᠢᠨ᠎ᠤ ᠵᠦᠷᠢᠶ᠎ᠡ᠎ᠠᠴᠠ 2013 ᠤᠨ᠎ᠳᠤ ᠵᠠᠭᠤᠨ᠎ᠤ ᠬᠠᠷᠢᠴᠠᠯ ᠵᠶ᠋ᠡᠷ 6 ᠬᠤᠪᠢ ᠪᠠᠢ᠌ᠭᠰᠠᠨ᠎ᠢ ᠵᠠᠭᠤᠨ᠎ᠤ ᠬᠠᠷᠢᠴᠠᠯ ᠵᠶ᠋ᠡᠷ 4 ᠬᠤᠪᠢ ᠪᠤᠯᠭ᠋ᠠᠨ᠎ᠠ᠃
2. ᠬᠦᠳᠡᠭᠡ ᠲᠤᠰᠬᠤᠨ᠎ᠤ ᠰᠤᠷᠤᠭᠴᠢ ᠵᠢᠨ ᠭᠤᠤᠯᠳᠠᠯᠭ᠎ᠠ᠎ᠲᠠᠢ ᠶᠡᠭᠡ ᠰᠤᠷᠭ᠋ᠠᠭᠤᠯᠢ᠎ᠳᠤ ᠤᠷᠤᠬᠤ ᠲᠤᠭ᠎ᠠ ᠵᠢ ᠨᠡᠮᠡᠭᠳᠡᠬᠦᠯᠦᠨ᠎ᠡ᠃ ᠤᠯᠤᠰ᠎ᠠᠴᠠ ᠬᠦᠳᠡᠭᠡ ᠲᠤᠰᠬᠤᠨ᠎ᠤ ᠶᠠᠳᠠᠭᠤ ᠬᠦᠴᠢᠷᠳᠠᠢ ᠭᠠᠵᠠᠷ ᠤᠷᠤᠨ᠎ᠳᠤ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠬᠦ ᠲᠤᠰᠬᠠᠢ ᠲᠦᠯᠦᠪᠯᠡᠭᠡ ᠵᠢ ᠦᠷᠬᠦᠯᠵᠢᠯᠡᠨ ᠬᠡᠷᠡᠭᠵᠢᠬᠦᠯᠵᠤ᠂ ᠭᠤᠤᠯᠳᠠᠯᠭ᠎ᠠ᠎ᠲᠠᠢ ᠶᠡᠭᠡ ᠰᠤᠷᠭ᠋ᠠᠭᠤᠯᠢ᠎ᠨᠤᠭᠤᠳ ᠶᠠᠳᠠᠭᠤ ᠬᠦᠴᠢᠷᠳᠡᠢ ᠭᠠᠵᠠᠷ ᠤᠷᠤᠨ᠎ᠳᠤ ᠬᠠᠨᠳᠤᠭᠤᠯᠤᠨ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠨ᠎ᠡ᠃ ᠰᠤᠷᠭ᠋ᠠᠨ ᠬᠦᠮᠦᠵᠢᠯ᠎ᠤᠨ ᠶᠠᠮᠤᠨ᠎ᠳᠤ ᠬᠠᠷᠢᠶᠠᠯᠠᠭᠳᠠᠵᠤ ᠪᠠᠢ᠌ᠭ᠎ᠠ ᠲᠡᠭᠡᠳᠤ ᠵᠡᠷᠭᠡ ᠵᠢᠨ ᠰᠤᠷᠭ᠋ᠠᠭᠤᠯᠢ᠂ ᠮᠤᠵᠢ᠎ᠳᠤ ᠬᠠᠷᠢᠶᠠᠯᠠᠭᠳᠠᠵᠤ ᠪᠠᠢ᠌ᠭ᠎ᠠ ᠭᠤᠤᠯᠳᠠᠯᠭ᠎ᠠ᠎ᠲᠠᠢ ᠲᠡᠭᠡᠳᠤ ᠵᠡᠷᠭᠡ ᠵᠢᠨ ᠰᠤᠷᠭ᠋ᠠᠭᠤᠯᠢ ᠵᠤᠬᠢᠬᠤ ᠬᠠᠷᠢᠴᠠᠯ ᠪᠦᠬᠦᠢ ᠰᠤᠷᠤᠭᠴᠢ ᠡᠯᠰᠡᠬᠦ ᠤᠷᠤᠨ ᠲᠤᠭ᠎ᠠ ᠭᠠᠷᠭ᠋ᠠᠵᠤ ᠪᠤᠢ᠌ᠳᠠ ᠪᠦᠭᠯᠡᠬᠦᠦ᠂ ᠶᠠᠳᠠᠭᠤ ᠬᠦᠴᠢᠷᠳᠠᠢ᠂ ᠦᠨᠳᠦᠰᠦᠳᠡᠨ᠎ᠤ ᠭᠠᠵᠠᠷ ᠤᠷᠤᠨ᠎ᠤ ᠬᠦᠳᠡᠭᠡ ᠲᠤᠰᠬᠤᠨ᠎ᠤ ᠰᠢᠯᠢᠳᠡᠭ ᠰᠤᠷᠤᠭᠴᠢ ᠵᠢ ᠡᠯᠰᠡᠨ᠎ᠡ᠃ 2017 ᠤᠨ ᠪᠤᠯᠬᠤ᠎ᠳᠤ ᠶᠠᠳᠠᠭᠤ ᠬᠦᠴᠢᠷᠳᠡᠢ ᠭᠠᠵᠠᠷ ᠤᠷᠤᠨ᠎ᠤ ᠬᠦᠳᠡᠭᠡ ᠲᠤᠰᠬᠤᠨ᠎ᠤ ᠰᠤᠷᠤᠭᠴᠢ ᠵᠢᠨ ᠭᠤᠤᠯᠳᠠᠯᠭ᠎ᠠ᠎ᠲᠠᠢ ᠲᠡᠭᠡᠳᠤ ᠵᠡᠷᠭᠡ ᠵᠢᠨ ᠰᠤᠷᠭ᠋ᠠᠭᠤᠯᠢ᠎ᠳᠤ ᠤᠷᠤᠬᠤ ᠲᠤᠭ᠎ᠠ ᠵᠢ ᠮᠡᠳᠡᠭᠳᠡᠮ᠎ᠡ ᠨᠡᠮᠡᠭᠳᠡᠬᠦᠯᠦᠨ᠂ ᠬᠦᠳᠡᠭᠡ ᠲᠤᠰᠬᠤᠨ᠎ᠤ ᠰᠤᠷᠤᠭᠴᠢ ᠵᠢᠨ ᠭᠤᠤᠯᠳᠠᠯᠭ᠎ᠠ᠎ᠲᠠᠢ ᠲᠡᠭᠡᠳᠤ ᠵᠡᠷᠭᠡ ᠵᠢᠨ ᠰᠤᠷᠭ᠋ᠠᠭᠤᠯᠢ᠎ᠳᠤ ᠤᠷᠤᠬᠤ ᠵᠢ ᠪᠠᠳᠤᠯᠠᠬᠤ ᠤᠷᠳᠤ ᠬᠤᠭᠤᠴᠠᠭ᠋ᠠᠳᠤ ᠲᠤᠭᠳᠠᠴᠠ ᠵᠢ ᠪᠤᠢ ᠪᠤᠯᠭ᠋ᠠᠨ᠎ᠠ᠃
3. ᠲᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠡᠯᠰᠡᠬᠦ ᠠᠷᠭ᠎ᠠ ᠵᠢ ᠲᠡᠬᠦᠯᠳᠡᠷᠵᠢᠬᠦᠯᠦᠨ᠂ ᠰᠤᠷᠭ᠋ᠠᠭᠤᠯᠢ ᠰᠤᠩᠭᠤᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠲᠡᠩᠴᠡᠬᠦᠷᠢᠲᠠᠢ ᠬᠦᠭᠵᠢᠯᠳᠡ ᠵᠢ ᠠᠬᠢᠭᠤᠯᠤᠨ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠬᠦᠷᠳᠡᠬᠦ ᠰᠤᠷᠤᠭᠴᠢ ᠵᠢ ᠰᠢᠯᠭ᠋ᠠᠬᠤ ᠦᠭᠡᠢ᠎ᠪᠠᠷ ᠰᠤᠷᠭ᠋ᠠᠭᠤᠯᠢ᠎ᠳᠤ ᠤᠷᠤᠭᠤᠯᠬᠤ ᠪᠤᠳᠠᠳᠠᠢ ᠠᠷᠭ᠎ᠠ ᠵᠢ ᠲᠡᠬᠦᠯᠳᠡᠷᠵᠢᠬᠦᠯᠦᠨ᠂ ᠰᠤᠷᠬᠤ ᠲᠤᠭᠤᠷᠢᠭ᠎ᠤᠨ ᠲᠦᠷᠢᠮ ᠪᠤᠯᠤᠨ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠢᠵᠢᠯ ᠲᠦᠷᠦᠯ ᠵᠶ᠋ᠡᠷ ᠰᠤᠷᠤᠭᠴᠢ ᠡᠯᠰᠡᠬᠦ ᠲᠦᠷᠢᠮ᠎ᠢ ᠬᠡᠷᠡᠭᠵᠢᠬᠦᠯᠦᠨ᠎ᠡ᠃ ᠦᠨᠳᠦᠷ ᠲᠤᠮᠳᠠᠳᠤ ᠵᠢᠨ ᠱᠠᠳᠤᠨ᠎ᠤ ᠰᠤᠷᠭ᠋ᠠᠭᠤᠯᠢ ᠵᠢᠨ ᠰᠢᠯᠭ᠋ᠠᠯᠳᠠ ᠬᠢᠵᠤ ᠰᠤᠷᠤᠭᠴᠢ ᠡᠯᠰᠡᠬᠦ ᠠᠷᠭ᠎ᠠ ᠵᠢ ᠬᠠᠯᠠᠨ ᠰᠠᠢ᠌ᠵᠢᠷᠠᠭᠤᠯᠤᠨ᠎ᠠ᠃ ᠡᠩ᠎ᠤᠨ ᠰᠢᠯᠢᠳᠡᠭ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠪᠤᠯᠤᠨ ᠲᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠲᠤᠭ᠎ᠠ ᠵᠢ ᠤᠷᠤᠨ ᠲᠤᠭᠤᠷᠢᠭ᠎ᠤᠨ ᠠᠩᠬ᠎ᠠ ᠵᠡᠷᠭᠡ ᠵᠢᠨ ᠲᠤᠮᠳᠠᠳᠤ ᠰᠤᠷᠭ᠋ᠠᠭᠤᠯᠢ᠎ᠨᠤᠭᠤᠳ᠎ᠲᠤ ᠵᠤᠬᠢᠰᠳᠠᠢ ᠬᠤᠪᠢᠶᠠᠷᠢᠯᠠᠨ ᠦᠭᠬᠦ ᠠᠷᠭ᠎ᠠ ᠵᠢ ᠬᠡᠷᠡᠭᠵᠢᠬᠦᠯᠦᠨ᠎ᠡ᠃ ᠬᠤᠳᠠ ᠤᠷᠤᠭᠰᠠᠨ ᠬᠦᠯᠦᠰᠦᠨ ᠠᠵᠢᠯᠴᠢᠨ᠎ᠤ ᠲᠠᠭ᠋ᠠᠵᠤ ᠢᠷᠡᠭᠰᠡᠨ ᠦᠷ᠎ᠡ ᠬᠡᠦᠭᠡᠳ᠎ᠤᠨ ᠰᠤᠷᠭ᠋ᠠᠭᠤᠯᠢ᠎ᠳᠤ ᠤᠷᠤᠬᠤ ᠪᠠ ᠰᠤᠷᠭ᠋ᠠᠭᠤᠯᠢ ᠲᠡᠪᠰᠢᠬᠦ ᠰᠢᠯᠭ᠋ᠠᠯᠳᠠ ᠵᠢᠨ ᠲᠦᠷᠦ ᠵᠢᠨ ᠪᠤᠳᠤᠯᠭ᠎ᠠ ᠪᠠ ᠠᠷᠭ᠎ᠠ ᠪᠠᠷᠢᠯ᠎ᠢ ᠴᠢᠨᠠᠭᠰᠢᠳᠠ ᠲᠡᠬᠦᠯᠳᠡᠷᠵᠢᠬᠦᠯᠵᠤ ᠬᠡᠷᠡᠭᠵᠢᠬᠦᠯᠦᠨ᠎ᠡ᠃
(ᠬᠤᠶᠠᠷ) ᠰᠢᠯᠭ᠋ᠠᠯᠳᠠ ᠵᠢᠨ ᠬᠡᠯᠪᠡᠷᠢ ᠪᠤᠯᠤᠨ ᠠᠭᠤᠯᠭ᠎ᠠ ᠵᠢ ᠦᠭᠡᠷᠡᠴᠢᠯᠡᠨ᠎ᠡ
1. ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢ ᠲᠡᠬᠦᠯᠳᠡᠷᠵᠢᠬᠦᠯᠦᠨ᠎ᠡ᠃ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠪᠤᠯ ᠭᠤᠤᠯᠳᠠᠭᠤ ᠰᠤᠷᠤᠭᠴᠢ ᠵᠢᠨ ᠰᠤᠷᠤᠯᠴᠠᠭᠰᠠᠨ ᠬᠢᠷᠢ ᠬᠡᠮᠵᠢᠶ᠎ᠡ ᠵᠢ ᠰᠢᠯᠭ᠋ᠠᠭᠰᠠᠨ ᠪᠠᠢ᠌ᠴᠠᠭ᠋ᠠᠯᠳᠠ ᠪᠤᠯᠤᠨ᠎ᠠ᠂ ᠡᠨᠡ᠎ᠨᠢ ᠰᠤᠷᠤᠭᠴᠢ ᠵᠢᠨ ᠲᠡᠬᠦᠰᠬᠦ ᠪᠠ ᠰᠤᠷᠭ᠋ᠠᠭᠤᠯᠢ ᠲᠡᠪᠰᠢᠬᠦ᠎ᠳᠤ ᠴᠢᠬᠤᠯᠠ ᠬᠡᠷᠡᠴᠢ ᠪᠠᠷᠢᠮᠳᠠ ᠪᠤᠯᠬᠤ ᠶᠤᠮ᠃ ᠰᠢᠯᠭ᠋ᠠᠯᠳᠠ ᠵᠢᠨ ᠬᠦᠷᠢᠶ᠎ᠡ ᠬᠡᠪᠴᠢᠶ᠎ᠡ᠎ᠨᠢ ᠤᠯᠤᠰ᠎ᠤᠨ ᠲᠤᠭᠳᠠᠭ᠋ᠠᠭᠰᠠᠨ ᠪᠤᠢ ᠪᠦᠬᠦᠢ ᠰᠤᠷᠤᠯᠴᠠᠬᠤ ᠬᠢᠴᠢᠶᠠᠯ ᠲᠦᠷᠦᠯ᠎ᠢ ᠪᠠᠭᠳᠠᠭ᠋ᠠᠵᠤ᠂ ᠰᠤᠷᠤᠭᠴᠢᠳ᠎ᠢ ᠬᠦᠳᠦᠯᠦᠨ ᠵᠢᠯᠤᠭᠤᠳᠴᠤ ᠬᠢᠴᠢᠶᠠᠯ ᠪᠦᠬᠦᠨ᠎ᠢ ᠬᠢᠨᠠᠮᠠᠭ᠋ᠠᠢ ᠰᠤᠷᠤᠯᠴᠠᠭᠤᠯᠤᠨ᠂ ᠬᠦᠨᠳᠤ ᠨᠤᠴᠢᠳᠠᠢ᠎ᠪᠠᠷ ᠬᠢᠴᠢᠶᠠᠯ ᠭᠤᠯᠤᠬᠤ᠎ᠠᠴᠠ ᠵᠠᠢ᠌ᠯᠠᠰᠬᠢᠯᠭᠡᠨᠡ᠃ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢ ᠮᠤᠵᠢ ᠵᠢᠨ ᠱᠠᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ᠎ᠠᠴᠠ ᠤᠯᠤᠰ᠎ᠤᠨ ᠬᠢᠴᠢᠶᠡᠯᠡᠯᠭᠡ ᠵᠢᠨ ᠪᠠᠷᠢᠮᠵᠢᠶ᠎ᠠ ᠪᠤᠯᠤᠨ ᠰᠢᠯᠭ᠋ᠠᠯᠳᠠ ᠵᠢᠨ ᠱᠠᠭ᠋ᠠᠷᠳᠠᠯᠭ᠎ᠠ᠎ᠪᠠᠷ ᠵᠤᠬᠢᠶᠠᠨ ᠪᠠᠢ᠌ᠭᠤᠯᠵᠤ ᠶᠠᠪᠤᠭᠳᠠᠭᠤᠯᠤᠨ᠂ ᠰᠢᠯᠭ᠋ᠠᠯᠳᠠ᠎ᠨᠢ ᠠᠮᠤᠷ ᠲᠦᠪᠰᠢᠨ ᠪᠦᠭᠡᠳ ᠡᠮᠬᠢ ᠲᠠᠷᠠᠭ᠎ᠠ᠎ᠲᠠᠢ᠂ ᠬᠢᠷᠢ ᠪᠦᠳᠦᠮᠵᠢ᠎ᠨᠢ ᠦᠨᠡᠨ ᠪᠤᠳᠠᠳᠠᠢ ᠢᠳᠡᠭᠡᠮᠵᠢᠳᠡᠢ ᠪᠠᠢ᠌ᠬᠤ ᠵᠢ ᠪᠠᠳᠤᠯᠠᠨ᠎ᠠ᠃ ᠡᠯ᠎ᠡ ᠭᠠᠵᠠᠷ ᠤᠷᠤᠨ ᠡᠷᠬᠡᠪᠰᠢ ᠬᠢᠴᠢᠶᠡᠯᠡᠯᠭᠡ ᠵᠢᠨ ᠠᠬᠢᠴᠠ ᠪᠤᠯᠤᠨ ᠰᠢᠯᠭ᠋ᠠᠯᠳᠠ ᠵᠢᠨ ᠴᠠᠭ ᠵᠶ᠋ᠡᠨ ᠵᠦᠢ ᠵᠤᠬᠢᠰᠳᠠᠢ ᠲᠤᠬᠢᠷᠠᠭᠤᠯᠵᠤ᠂ ᠠᠳᠠᠯᠢ ᠨᠢᠭᠡ ᠬᠢᠴᠢᠶᠡᠯ ᠲᠦᠷᠦᠯ᠎ᠤᠨ ᠰᠢᠯᠭ᠋ᠠᠯᠳᠠ ᠵᠢ ᠬᠤᠶᠠᠷ ᠤᠳᠠᠭ᠎ᠠ ᠤᠷᠤᠯᠴᠠᠵᠤ ᠪᠤᠯᠬᠤ ᠰᠤᠷᠤᠭᠴᠢ᠎ᠳᠤ ᠦᠨᠡᠨᠬᠦ ᠨᠦᠬᠦᠴᠡᠯ ᠪᠦᠷᠢᠯᠳᠤᠬᠦᠯᠵᠤ ᠪᠠᠢ᠌ᠭ᠋ᠠᠳ ᠠᠵᠠ ᠲᠤᠬᠢᠶᠠᠯ ᠬᠠᠩᠭ᠋ᠠᠨ ᠦᠭᠬᠦ ᠬᠡᠷᠡᠭᠳᠡᠢ᠃ 2014 ᠤᠨ᠎ᠳᠤ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢ ᠲᠡᠬᠦᠯᠳᠡᠷᠵᠢᠬᠦᠯᠬᠦ ᠲᠤᠬᠠᠢ ᠵᠢᠯᠤᠭᠤᠳᠬᠤ ᠰᠠᠨᠠᠯ᠎ᠢ ᠨᠡᠢ᠌ᠳᠡᠯᠡᠨ᠎ᠡ᠃
2. ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠶᠡᠷᠦᠩᠭᠡᠢ ᠬᠡᠪ ᠴᠢᠨᠠᠷ᠎ᠤᠨ ᠦᠨᠡᠯᠡᠯᠳᠡ ᠵᠢ ᠲᠦᠷᠢᠮᠵᠢᠬᠦᠯᠦᠨ᠎ᠡ᠃ ᠶᠡᠷᠦᠩᠭᠡᠢ ᠬᠡᠪ ᠴᠢᠨᠠᠷ᠎ᠤᠨ ᠦᠨᠡᠯᠡᠯᠳᠡ᠎ᠨᠢ ᠭᠤᠤᠯᠳᠠᠭᠤ ᠰᠤᠷᠤᠭᠴᠢ ᠵᠢᠨ ᠶᠤᠰᠤ ᠰᠤᠷᠳᠠᠬᠤᠨ᠂ ᠤᠶᠦᠨ ᠤᠬᠠᠭ᠋ᠠᠨ᠂ ᠪᠡᠶ᠎ᠡ ᠮᠠᠬᠠᠪᠤᠳ᠂ ᠭᠤᠸ᠎ᠠ ᠰᠠᠢ᠌ᠬᠠᠨ ᠵᠡᠷᠭᠡ ᠪᠦᠬᠦ ᠲᠠᠯ᠎ᠠ ᠵᠢᠨ ᠬᠦᠭᠵᠢᠯᠳᠡ ᠵᠢᠨ ᠪᠠᠢ᠌ᠳᠠᠯ᠎ᠢ ᠲᠤᠰᠬᠠᠵᠤ᠂ ᠰᠤᠷᠤᠭᠴᠢ ᠵᠢᠨ ᠲᠡᠬᠦᠰᠬᠦ ᠪᠠ ᠰᠤᠷᠭ᠋ᠠᠭᠤᠯᠢ ᠲᠡᠪᠰᠢᠬᠦ᠎ᠳᠤ ᠴᠢᠬᠤᠯᠠ ᠯᠠᠪᠯᠠᠯᠳᠠ ᠪᠤᠯᠬᠤ ᠶᠤᠮ᠃ ᠰᠤᠷᠤᠭᠴᠢ ᠵᠢᠨ ᠶᠡᠷᠦᠩᠭᠡᠢ ᠬᠡᠪ ᠴᠢᠨᠠᠷ᠎ᠤᠨ ᠲᠦᠷᠢᠮᠵᠢᠭᠰᠡᠨ ᠲᠡᠩᠰᠠ ᠡᠪᠬᠡᠮᠡᠯ᠎ᠢ ᠪᠠᠢ᠌ᠭᠤᠯᠵᠤ᠂ ᠰᠤᠷᠤᠭᠴᠢ ᠵᠢᠨ ᠦᠰᠦᠯᠳᠡ ᠪᠤᠢ᠌ᠵᠢᠯᠳᠡ ᠵᠢᠨ ᠶᠠᠪᠤᠴᠠ᠎ᠳᠠᠬᠢ ᠲᠤᠪᠤᠢ᠌ᠮ᠎ᠠ ᠢᠯᠡᠷᠡᠯ᠎ᠢ ᠪᠤᠰᠤᠳᠴᠢ᠎ᠪᠠᠷ ᠲᠡᠮᠳᠡᠭᠯᠡᠨ᠂ ᠨᠡᠢ᠌ᠭᠡᠮ᠎ᠤᠨ ᠬᠠᠷᠢᠭᠤᠴᠠᠯᠭ᠋ᠠᠳᠤ ᠰᠡᠳᠬᠢᠯᠭᠡ᠂ ᠪᠦᠳᠦᠭᠡᠯᠴᠢ ᠵᠤᠷᠢᠭ ᠰᠠᠨᠠᠭ᠎ᠠ ᠪᠤᠯᠤᠨ ᠦᠢ᠍ᠯᠡᠳᠦᠯᠭᠡ ᠵᠢᠨ ᠴᠢᠳᠠᠪᠤᠷᠢ ᠵᠢ ᠴᠢᠬᠤᠯᠠᠴᠢᠯᠠᠨ᠎ᠠ᠃ ᠡᠬᠦᠨ᠎ᠳᠤ ᠭᠤᠤᠯᠳᠠᠭᠤ ᠰᠤᠷᠤᠭᠴᠢ ᠵᠢᠨ ᠦᠵᠡᠯ ᠰᠠᠨᠠᠭ᠎ᠠ ᠶᠤᠰᠤ ᠰᠤᠷᠳᠠᠬᠤᠨ᠂ ᠰᠤᠷᠤᠯᠭ᠎ᠠ ᠵᠢᠨ ᠲᠦᠪᠰᠢᠨ᠂ ᠪᠡᠶ᠎ᠡ ᠰᠡᠳᠬᠢᠴᠡ ᠵᠢᠨ ᠡᠷᠡᠬᠦᠯ ᠴᠢᠬᠢᠷᠠᠭ᠂ ᠲᠤᠷ᠎ᠠ ᠪᠠᠬ᠎ᠠ ᠦᠪᠡᠷᠮᠢᠴᠡ ᠴᠢᠳᠠᠪᠤᠷᠢ᠂ ᠨᠡᠢ᠌ᠭᠡᠮ᠎ᠤᠨ ᠦᠢ᠍ᠯᠡᠳᠦᠯᠭᠡ ᠵᠡᠷᠭᠡ ᠠᠭᠤᠯᠭ᠎ᠠ ᠵᠢ ᠪᠠᠭᠳᠠᠭ᠋ᠠᠨ᠎ᠠ᠃ ᠲᠡᠰ ᠲᠠᠷᠠᠭ᠋ᠠᠯᠠᠯ᠎ᠢ ᠴᠢᠩᠳᠠᠯᠠᠨ᠂ ᠬᠢᠨᠠᠯᠳᠠ ᠲᠠᠯᠪᠢᠬᠤ ᠵᠢ ᠴᠢᠩᠭ᠋ᠠᠳᠬᠠᠵᠤ ᠂ ᠢᠯᠡ ᠲᠤᠳᠤ ᠵᠢ ᠪᠠᠳᠤᠯᠠᠨ᠂ ᠠᠭᠤᠯᠭ᠎ᠠ᠎ᠨᠢ ᠦᠨᠡᠨ ᠪᠤᠳᠠᠳᠠᠢ ᠵᠦᠪ ᠤᠨᠤᠪᠴᠢᠳᠠᠢ ᠪᠠᠢ᠌ᠬᠤ ᠵᠢ ᠪᠠᠳᠤᠯᠠᠨ᠎ᠠ᠃ 2014 ᠤᠨ᠎ᠳᠤ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠶᠡᠷᠦᠩᠭᠡᠢ ᠬᠡᠪ ᠴᠢᠨᠠᠷ᠎ᠢ ᠦᠨᠡᠯᠡᠬᠦ ᠵᠢ ᠲᠦᠷᠢᠮᠵᠢᠬᠦᠯᠬᠦ ᠲᠤᠬᠠᠢ ᠵᠢᠯᠤᠭᠤᠳᠬᠤ ᠰᠠᠨᠠᠯ᠎ᠢ ᠨᠡᠢ᠌ᠳᠡᠯᠡᠨ᠎ᠡ᠃ ᠡᠯ᠎ᠡ ᠮᠤᠵᠢ (ᠦᠪᠡᠷᠳᠡᠭᠡᠨ ᠵᠠᠰᠠᠬᠤ ᠤᠷᠤᠨ᠂ ᠬᠤᠳᠠ) ᠶᠡᠷᠦᠩᠭᠡᠢ ᠬᠡᠪ ᠴᠢᠨᠠᠷ᠎ᠢ ᠦᠨᠡᠯᠡᠬᠦ ᠦᠨᠳᠦᠰᠦᠨ ᠱᠠᠭ᠋ᠠᠷᠳᠠᠯᠭ᠎ᠠ ᠵᠢ ᠲᠤᠭᠳᠠᠭ᠋ᠠᠭᠰᠠᠨ᠎ᠤ ᠲᠠᠷᠠᠭ᠎ᠠ ᠰᠤᠷᠭ᠋ᠠᠭᠤᠯᠢ ᠵᠢ ᠵᠤᠬᠢᠶᠠᠨ ᠪᠠᠢ᠌ᠭᠤᠯᠵᠤ ᠬᠡᠷᠡᠭᠵᠢᠬᠦᠯᠦᠨ᠎ᠡ᠃
3. ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠲᠦᠷᠦᠯ ᠬᠤᠪᠢᠶᠠᠨ ᠰᠢᠯᠭ᠋ᠠᠯᠳᠠ ᠬᠢᠬᠦ ᠵᠢ ᠲᠦᠷᠭᠡᠳᠭᠡᠨ ᠠᠬᠢᠭᠤᠯᠤᠨ᠎ᠠ᠃ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠰᠢᠯᠭ᠋ᠠᠯᠳᠠ ᠬᠢᠵᠤ ᠰᠤᠷᠤᠭᠴᠢ ᠡᠯᠰᠡᠬᠦ ᠵᠢ ᠡᠩ᠎ᠤᠨ ᠲᠡᠭᠡᠳᠤ ᠵᠡᠷᠭᠡ ᠵᠢᠨ ᠰᠤᠷᠭ᠋ᠠᠭᠤᠯᠢ᠎ᠠᠴᠠ ᠬᠠᠷᠢᠴᠠᠩᠭᠤᠢ᠎ᠪᠠᠷ ᠰᠠᠯᠭ᠋ᠠᠵᠤ᠂ 《ᠰᠤᠶᠤᠯ᠎ᠤᠨ ᠬᠡᠪ ᠴᠢᠨᠠᠷ + ᠮᠡᠷᠭᠡᠵᠢᠯ ᠴᠢᠳᠠᠪᠤᠷᠢ》 ᠵᠢ ᠦᠨᠡᠯᠡᠬᠦ ᠠᠷᠭ᠎ᠠ ᠵᠢ ᠬᠡᠷᠡᠭᠵᠢᠬᠦᠯᠦᠨ᠎ᠡ ᠃ ᠲᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ᠎ᠳᠤ ᠤᠷᠤᠬᠤ᠎ᠳᠤ ᠰᠤᠶᠤᠯ᠎ᠤᠨ ᠰᠠᠭᠤᠷᠢ ᠮᠡᠳᠡᠯᠭᠡ ᠪᠤᠯᠤᠨ ᠮᠡᠷᠭᠡᠵᠢᠯ ᠴᠢᠳᠠᠪᠤᠷᠢ ᠵᠢ ᠤᠶᠠᠯᠳᠤᠭᠤᠯᠤᠭᠰᠠᠨ ᠬᠢᠨᠠᠨ ᠰᠢᠯᠭ᠋ᠠᠯᠳᠠ᠎ᠳᠤ ᠤᠷᠤᠯᠴᠠᠨ᠎ᠠ᠃ ᠡᠩ᠎ᠤᠨ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ᠎ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠲᠡᠭᠡᠳᠤ ᠰᠤᠷᠭ᠋ᠠᠭᠤᠯᠢ᠎ᠳᠤ ᠤᠷᠤᠬᠤ᠎ᠳᠤ ᠮᠡᠷᠭᠡᠵᠢᠯ ᠴᠢᠳᠠᠪᠤᠷᠢ ᠵᠢᠨ ᠬᠢᠨᠠᠨ ᠰᠢᠯᠭ᠋ᠠᠯᠳᠠ᠎ᠳᠤ ᠤᠷᠤᠯᠴᠠᠵᠤ᠂ ᠰᠤᠶᠤᠯ᠎ᠤᠨ ᠬᠡᠪ ᠴᠢᠨᠠᠷ᠎ᠤᠨ ᠬᠢᠷᠢ ᠪᠦᠳᠦᠮᠵᠢ ᠵᠢ ᠦᠨᠳᠦᠷ ᠵᠡᠷᠭᠡ ᠵᠢᠨ ᠲᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠳᠠ ᠵᠢᠨ ᠬᠢᠷᠢ ᠪᠦᠳᠦᠮᠵᠢ᠎ᠪᠠᠷ ᠤᠷᠤᠯᠠᠭᠤᠯᠤᠨ᠂ ᠶᠡᠷᠦᠩᠭᠡᠢ ᠬᠡᠪ ᠴᠢᠨᠠᠷ᠎ᠤᠨ ᠦᠨᠡᠯᠡᠯᠳᠡ ᠵᠢᠨ ᠬᠢᠨᠠᠨ ᠰᠢᠯᠭ᠋ᠠᠯᠳᠠ᠎ᠳᠤ ᠤᠷᠤᠯᠴᠠᠨ᠎ᠠ᠃ ᠰᠤᠷᠤᠭᠴᠢᠳ ᠨᠢᠭᠡᠳᠦᠯᠳᠡᠢ ᠰᠢᠯᠭ᠋ᠠᠯᠳᠠ᠎ᠪᠠᠷ ᠲᠠᠮᠵᠢᠨ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠴᠤ᠌ ᠤᠷᠤᠵᠤ ᠪᠤᠯᠤᠨ᠎ᠠ᠃ 2015 ᠤᠨ ᠪᠤᠯᠬᠤ᠎ᠳᠤ ᠲᠦᠷᠦᠯ ᠬᠤᠪᠢᠶᠠᠭᠰᠠᠨ ᠰᠢᠯᠭ᠋ᠠᠯᠳᠠ᠎ᠪᠠᠷ ᠲᠠᠮᠵᠢᠨ ᠡᠯᠰᠡᠳᠡᠭᠰᠡᠨ ᠰᠤᠷᠤᠭᠴᠢ ᠵᠢᠨ ᠲᠤᠭ᠎ᠠ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠵᠢᠨ ᠶᠡᠷᠦᠩᠭᠡᠢ ᠲᠤᠭ᠋ᠠᠨ᠎ᠤ ᠬᠠᠭ᠋ᠠᠰ ᠤᠷᠴᠢᠮ᠎ᠢ ᠡᠵᠡᠯᠡᠨ᠎ᠡ᠂ 2017 ᠤᠨ ᠪᠤᠯᠬᠤ᠎ᠳᠤ ᠡᠨᠡ᠎ᠨᠢ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠭᠤᠤᠯ ᠠᠷᠭ᠎ᠠ ᠵᠠᠮ ᠪᠤᠯᠤᠨ᠎ᠠ᠃
4. ᠲᠡᠭᠡᠳᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠨᠢᠭᠡᠳᠦᠯᠳᠡᠢ ᠰᠢᠯᠭ᠋ᠠᠯᠳᠠ ᠵᠢᠨ ᠠᠭᠤᠯᠭ᠎ᠠ ᠵᠢᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨᠡ᠃ ᠲᠡᠭᠡᠳᠤ ᠵᠡᠷᠭᠡ ᠵᠢᠨ ᠰᠤᠷᠭ᠋ᠠᠭᠤᠯᠢ ᠵᠢᠨ ᠴᠢᠳᠠᠪᠤᠷᠢᠳᠠᠨ᠎ᠢ ᠰᠤᠩᠭᠤᠨ ᠰᠢᠯᠭ᠋ᠠᠷᠠᠭᠤᠯᠬᠤ ᠱᠠᠭ᠋ᠠᠷᠳᠠᠯᠭ᠎ᠠ ᠪᠤᠯᠤᠨ ᠤᠯᠤᠰ᠎ᠤᠨ ᠬᠢᠴᠢᠶᠡᠯᠡᠯᠭᠡ ᠵᠢᠨ ᠪᠠᠷᠢᠮᠵᠢᠶ᠎ᠡ ᠵᠢ ᠦᠨᠳᠦᠰᠦᠯᠡᠨ᠂ ᠰᠡᠳᠦᠪ ᠭᠠᠷᠭ᠋ᠠᠬᠤ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠢᠷᠤᠭᠯᠠᠨ ᠲᠦᠯᠦᠪᠯᠡᠵᠤ᠂ ᠰᠠᠭᠤᠷᠢ ᠮᠡᠳᠡᠯᠭᠡ ᠵᠢᠨ ᠴᠢᠨᠠᠷᠳᠠᠢ᠂ ᠶᠡᠷᠦᠩᠭᠡᠢ᠌ᠯᠡᠭᠰᠡᠨ ᠴᠢᠨᠠᠷᠳᠠᠢ᠂ ᠶᠡᠷᠦᠩᠭᠡᠢ᠌ᠯᠡᠭᠰᠡᠨ ᠴᠢᠨᠠᠷᠳᠠᠢ ᠠᠭᠤᠯᠭ᠎ᠠ ᠵᠢ ᠨᠡᠮᠡᠭᠳᠡᠬᠦᠯᠦᠨ᠂ ᠰᠤᠷᠤᠭᠴᠢ ᠵᠢᠨ ᠪᠡᠶ᠎ᠡ᠎ᠪᠠᠨ ᠲᠠᠭ᠋ᠠᠭ᠋ᠠᠵᠤ ᠰᠡᠳᠬᠢᠬᠦ ᠪᠠ ᠰᠤᠷᠤᠭᠰᠠᠨ ᠮᠡᠳᠡᠯᠭᠡ᠎ᠪᠠᠨ ᠠᠰᠢᠭᠯᠠᠨ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠰᠢᠢ᠍ᠳᠪᠦᠷᠢᠯᠡᠬᠦ ᠲᠡᠭᠡᠷ᠎ᠡ ᠬᠡᠷᠡᠭᠯᠡᠬᠦ ᠴᠢᠳᠠᠪᠤᠷᠢ ᠵᠢ ᠰᠢᠯᠭ᠋ᠠᠨ ᠪᠠᠢ᠌ᠴᠠᠭ᠋ᠠᠬᠤ ᠵᠢ ᠴᠢᠬᠤᠯᠠᠴᠢᠯᠠᠨ᠎ᠠ᠃ ᠬᠤᠪᠢ ᠦᠨᠡᠯᠡᠨ ᠦᠭᠬᠦ ᠠᠷᠭ᠎ᠠ ᠵᠢ ᠬᠠᠯᠠᠨ ᠰᠠᠢ᠌ᠵᠢᠷᠠᠭᠤᠯᠵᠤ᠂ ᠰᠢᠯᠭ᠋ᠠᠯᠳᠠ ᠵᠢᠨ ᠬᠠᠭᠤᠳᠠᠰᠤ ᠬᠢᠨᠠᠬᠤ ᠬᠠᠮᠢᠶᠠᠷᠤᠯᠳᠠ ᠵᠢ ᠴᠢᠩᠭ᠋ᠠᠳᠬᠠᠨ᠂ ᠬᠢᠷᠢ ᠪᠦᠳᠦᠮᠵᠢ ᠵᠢᠨ ᠮᠡᠳᠡᠬᠦᠯᠦᠯᠳᠡ ᠵᠢ ᠲᠡᠬᠦᠯᠳᠡᠷᠵᠢᠬᠦᠯᠦᠨ᠎ᠡ᠃ ᠤᠯᠤᠰ᠎ᠤᠨ ᠰᠤᠷᠭ᠋ᠠᠨ ᠬᠦᠮᠦᠵᠢᠯ᠎ᠤᠨ ᠰᠢᠯᠭ᠋ᠠᠯᠳᠠ ᠵᠢᠨ ᠪᠠᠢ᠌ᠭᠤᠯᠤᠮᠵᠢ᠂ ᠤᠯᠤᠰ᠎ᠤᠨ ᠰᠢᠯᠭ᠋ᠠᠯᠳᠠ ᠵᠢᠨ ᠬᠦᠮᠦᠷᠭᠡ ᠪᠤᠯᠤᠨ ᠭᠠᠳᠠᠭ᠋ᠠᠳᠤ ᠬᠡᠯᠡᠨ᠎ᠤ ᠴᠢᠳᠠᠪᠤᠷᠢ ᠵᠢ ᠬᠢᠨᠠᠨ ᠰᠢᠯᠭ᠋ᠠᠬᠤ ᠰᠢᠰᠲᠸᠮ᠎ᠤᠨ ᠪᠠᠢ᠌ᠭᠤᠯᠤᠯᠳᠠ ᠵᠢ ᠴᠢᠩᠭ᠋ᠠᠳᠬᠠᠨ᠎ᠠ᠃ 2015 ᠤᠨ᠎ᠠᠴᠠ ᠡᠬᠢᠯᠡᠨ ᠪᠦᠬᠦ ᠤᠯᠤᠰ᠎ᠤᠨ ᠭᠠᠷᠭ᠋ᠠᠭᠰᠠᠨ ᠨᠢᠭᠡᠳᠦᠯᠳᠡᠢ ᠰᠢᠯᠭ᠋ᠠᠯᠳᠠ ᠵᠢᠨ ᠬᠠᠭᠤᠳᠠᠰᠤ ᠵᠢ ᠬᠡᠷᠡᠭᠯᠡᠬᠦ ᠮᠤᠵᠢ ᠵᠢᠨ ᠬᠦᠷᠢᠶ᠎ᠡ ᠬᠡᠪᠴᠢᠶ᠎ᠡ ᠵᠢ ᠨᠡᠮᠡᠭᠳᠡᠬᠦᠯᠦᠨ᠎ᠡ᠃
(ᠭᠤᠷᠪᠠ) ᠰᠤᠷᠤᠭᠴᠢ ᠡᠯᠰᠡᠬᠦ ᠲᠤᠭᠲᠠᠴᠠ ᠵᠢ ᠦᠭᠡᠷᠡᠴᠢᠯᠡᠨ᠎ᠡ
1. ᠰᠢᠯᠭ᠋ᠠᠯᠲᠠ᠎ᠳᠤ ᠬᠤᠪᠢ ᠨᠡᠮᠡᠬᠦ ᠵᠢ ᠴᠦᠭᠡᠳᠭᠡᠨ ᠳᠦᠷᠢᠮᠵᠢᠭᠦᠯᠦᠨ᠎ᠡ᠃ ᠰᠢᠯᠭ᠋ᠠᠯᠲᠠ᠎ᠳᠤ ᠬᠤᠪᠢ ᠨᠡᠮᠡᠬᠦ ᠲᠦᠷᠦᠯ ᠵᠦᠢ᠍ᠯ᠎ᠢ ᠶᠡᠬᠡᠪᠡᠷ ᠴᠦᠭᠡᠳᠭᠡᠵᠤ ᠡᠷᠡᠰ ᠬᠢᠵᠠᠭ᠋ᠠᠷᠯᠠᠨ᠂ 2015 ᠤᠨ᠎ᠠᠴᠠ ᠡᠬᠢᠯᠡᠨ ᠪᠡᠶ᠎ᠡ ᠵᠢᠨ ᠲᠠᠮᠢᠷ᠂ ᠤᠷᠠᠯᠢᠭ᠎ᠤᠨ ᠤᠨᠴᠠ ᠴᠢᠳᠠᠪᠤᠷᠢ ᠵᠢᠨ ᠰᠤᠷᠤᠭᠴᠢ᠎ᠳᠤ ᠬᠤᠪᠢ ᠨᠡᠮᠡᠬᠦ ᠲᠦᠷᠦᠯ ᠵᠦᠢ᠍ᠯ᠎ᠢ ᠦᠭᠡᠢ᠌ᠰᠬᠡᠨ᠎ᠡ᠃ ᠦᠨᠡᠨᠬᠦ ᠦᠯᠡᠳᠡᠭᠡᠬᠦ ᠴᠢᠬᠤᠯᠠᠲᠠᠢ ᠨᠡᠮᠡᠬᠦ ᠬᠤᠪᠢ ᠵᠢᠨ ᠲᠦᠷᠦᠯ ᠵᠦᠢ᠍ᠯ᠎ᠳᠤ ᠨᠡᠮᠡᠬᠦ ᠬᠤᠪᠢ ᠵᠢᠨ ᠦᠷᠲᠡᠭ᠎ᠢ ᠵᠤᠬᠢᠰᠲᠠᠢ ᠲᠤᠬᠢᠷᠠᠭᠤᠯᠤᠨ᠎ᠠ᠃ ᠬᠢᠯᠢ ᠬᠢᠵᠠᠭ᠋ᠠᠷ ᠤᠷᠤᠨ᠎ᠤ ᠦᠨᠳᠦᠰᠦᠲᠡᠨ᠎ᠤ ᠤᠨᠴᠠ ᠶᠠᠳᠠᠭᠤ ᠬᠦᠴᠢᠷ᠎ᠲᠠᠢ ᠭᠠᠵᠠᠷ ᠤᠷᠤᠨ᠎ᠤ ᠬᠤᠪᠢ ᠨᠡᠮᠡᠬᠦ ᠲᠦᠷᠦ ᠵᠢᠨ ᠪᠤᠳᠤᠯᠭ᠎ᠠ ᠵᠢ ᠰᠦᠪᠡᠭᠴᠢᠯᠡᠵᠤ ᠲᠡᠭᠦᠯᠳᠡᠷᠵᠢᠭᠦᠯᠦᠨ᠎ᠡ᠃ ᠤᠷᠤᠨ ᠨᠤᠲᠤᠭ᠎ᠤᠨ ᠴᠢᠨᠠᠷᠲᠠᠢ ᠨᠢᠭᠡᠳᠦᠯᠲᠠᠢ ᠰᠢᠯᠭ᠋ᠠᠯᠲᠠ᠎ᠳᠤ ᠬᠤᠪᠢ ᠨᠡᠮᠡᠬᠦ ᠲᠦᠷᠦᠯ ᠵᠦᠢ᠍ᠯ᠎ᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠭᠲᠠᠭ᠋ᠠᠬᠤ ᠵᠢᠨ ᠬᠠᠮᠲᠤ ᠰᠤᠷᠭ᠋ᠠᠨ ᠬᠦᠮᠦᠵᠢᠯ᠎ᠤᠨ ᠶᠠᠮᠤᠨ᠎ᠳᠤ ᠮᠡᠳᠡᠭᠦᠯᠵᠤ ᠳᠠᠩᠰᠠᠯᠠᠭᠤᠯᠤᠨ᠂ ᠵᠠᠷᠴᠢᠮ ᠳᠡᠭᠡᠷ᠎ᠡ᠎ᠪᠠᠨ ᠵᠦᠪᠬᠡᠨ ᠲᠤᠰ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ)᠎ᠳᠤ ᠬᠠᠷᠢᠶᠠᠯᠠᠭᠳᠠᠬᠤ ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠲᠤᠰ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ)᠎ᠠᠴᠠ ᠰᠤᠷᠤᠭᠴᠢ ᠡᠯᠰᠡᠬᠦ᠎ᠳᠤ ᠵᠤᠬᠢᠴᠠᠭᠰᠠᠨ ᠪᠠᠢ᠌ᠬᠤ ᠬᠡᠷᠡᠭᠲᠠᠢ᠃ ᠰᠢᠯᠭ᠋ᠠᠭᠤᠯᠤᠭᠰᠠᠳ᠎ᠲᠤ ᠬᠤᠪᠢ ᠨᠡᠮᠡᠬᠦ ᠬᠢᠷᠢ ᠬᠡᠮ᠎ᠤᠨ ᠬᠢᠨᠠᠨ ᠵᠦᠪᠰᠢᠶᠡᠷᠡᠬᠦ ᠠᠵᠢᠯ᠎ᠢ ᠴᠢᠩᠭ᠋ᠠᠳᠬᠠᠵᠤ᠂ ᠦᠨᠡᠯᠡᠨ ᠲᠤᠭᠲᠠᠭ᠋ᠠᠬᠤ ᠳᠡᠰ ᠳᠠᠷᠠᠭ᠋ᠠᠯᠠᠯ᠎ᠢ ᠴᠢᠩᠭ᠋ᠠᠷᠠᠭᠤᠯᠤᠨ᠂ ᠨᠡᠢ᠌ᠭᠡᠮ ᠨᠡᠢ᠌ᠲᠡ᠎ᠳᠤ ᠢᠯᠡ᠎ᠪᠠᠷ ᠨᠡᠢ᠌ᠲᠡᠯᠡᠬᠦ ᠠᠵᠢᠯ᠎ᠢ ᠰᠠᠢ᠌ᠲᠤᠷ ᠬᠢᠵᠤ᠂ ᠬᠢᠨᠠᠯᠲᠠ ᠲᠠᠯᠪᠢᠬᠤ ᠬᠠᠮᠢᠶᠠᠷᠤᠯᠲᠠ ᠵᠢ ᠴᠢᠩᠭ᠋ᠠᠳᠬᠠᠨ᠎ᠠ᠃ 2014 ᠤᠨ᠎ᠤ ᠵᠢᠯ᠎ᠤᠨ ᠡᠴᠦᠰ᠎ᠲᠤ ᠨᠢᠭᠡᠳᠤᠯᠲᠠᠢ ᠰᠢᠯᠭ᠋ᠠᠯᠲᠠ᠎ᠳᠤ ᠬᠤᠪᠢ ᠨᠡᠮᠡᠬᠦ ᠲᠦᠷᠦᠯ ᠵᠦᠢ᠍ᠯ ᠪᠤᠯᠤᠨ ᠬᠤᠪᠢ ᠵᠢᠨ ᠦᠷᠲᠡᠭ᠎ᠢ ᠴᠢᠨᠠᠭᠰᠢᠳᠠ ᠴᠦᠭᠡᠳᠭᠡᠨ ᠲᠦᠷᠢᠮᠵᠢᠭᠦᠯᠬᠦ ᠲᠤᠬᠠᠢ ᠰᠠᠨᠠᠯ᠎ᠢ ᠨᠡᠢ᠌ᠲᠡᠯᠡᠨ᠎ᠡ᠃
2. ᠦᠪᠡᠷ ᠵᠶ᠋ᠠᠨ ᠡᠵᠡᠨ ᠮᠡᠳᠡᠵᠤ ᠰᠤᠷᠤᠭᠴᠢ ᠡᠯᠰᠡᠬᠦ ᠵᠢ ᠲᠡᠭᠦᠯᠳᠡᠷᠵᠢᠭᠦᠯᠦᠨ ᠳᠦᠷᠢᠮᠵᠢᠭᠦᠯᠦᠨ᠎ᠡ᠃ ᠦᠪᠡᠷ ᠵᠶ᠋ᠠᠨ ᠡᠵᠡᠨ ᠮᠡᠳᠡᠵᠤ ᠰᠤᠷᠤᠭᠴᠢ ᠡᠯᠰᠡᠬᠦ᠎ᠨᠢ ᠭᠤᠤᠯᠳᠠᠭᠤ ᠰᠢᠨᠵᠢᠯᠡᠭᠡᠨ᠎ᠤ ᠰᠠᠯᠠᠭ᠋ᠠᠨ᠎ᠤ ᠲᠠᠯ᠎ᠠ᠎ᠪᠠᠷ ᠤᠨᠴᠠ ᠴᠢᠳᠠᠪᠤᠷᠢ᠎ᠲᠠᠢ ᠪᠠ ᠪᠦᠲᠦᠭᠡᠯᠴᠢ ᠴᠢᠳᠠᠪᠤᠷᠢ ᠵᠢᠨ ᠲᠠᠯ᠎ᠠ᠎ᠪᠠᠷ ᠳᠠᠯᠳᠠ ᠬᠦᠴᠦᠨ᠎ᠲᠠᠢ ᠰᠢᠯᠢᠳᠡᠭ ᠰᠤᠷᠤᠭᠴᠢ ᠵᠢ ᠰᠢᠯᠭ᠋ᠠᠷᠠᠭᠤᠯᠬᠤ ᠪᠤᠯᠤᠨ᠎ᠠ᠃ ᠭᠤᠶᠤᠴᠢᠯᠠᠭᠰᠠᠨ ᠰᠤᠷᠤᠭᠴᠢᠳ ᠪᠦᠬᠦ ᠤᠯᠤᠰ᠎ᠤᠨ ᠨᠢᠭᠡᠳᠦᠯᠲᠠᠢ ᠰᠢᠯᠭ᠋ᠠᠯᠲᠠ᠎ᠳᠤ ᠤᠷᠤᠯᠴᠠᠭ᠋ᠠᠳ ᠵᠤᠬᠢᠬᠤ ᠱᠠᠭ᠋ᠠᠷᠳᠠᠯᠭ᠎ᠠ᠎ᠳᠤ ᠨᠡᠢ᠌ᠴᠡᠪᠡᠯ ᠰᠠᠶᠢ ᠨᠡᠷ᠎ᠡ ᠮᠡᠳᠡᠭᠦᠯᠵᠤ ᠰᠢᠯᠭ᠋ᠠᠭᠤᠯᠤᠭᠰᠠᠨ ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠬᠢᠨᠠᠨ ᠰᠢᠯᠭ᠋ᠠᠯᠲᠠ ᠵᠢ ᠬᠦᠯᠢᠶᠡᠨ᠎ᠡ᠃ ᠲᠤᠷᠰᠢᠯᠲᠠ ᠵᠢᠨ ᠴᠢᠭ᠋᠎ᠢ ᠬᠡᠷᠡᠭᠵᠢᠬᠦᠯᠬᠦ ᠬᠡᠵᠤ ᠪᠠᠢ᠌ᠭ᠎ᠠ ᠳᠡᠭᠡᠲᠤ ᠵᠡᠷᠭᠡ ᠵᠢᠨ ᠰᠤᠷᠭ᠋ᠠᠭᠤᠯᠢ ᠡᠷᠬᠡᠪᠰᠢ ᠬᠢᠨᠠᠨ ᠰᠢᠯᠭ᠋ᠠᠬᠤ ᠠᠭᠤᠯᠭ᠎ᠠ᠎ᠪᠠᠨ ᠵᠦᠢ ᠵᠤᠬᠢᠰᠲᠠᠢ ᠲᠤᠭᠲᠠᠭ᠋ᠠᠵᠤ᠂ ᠬᠠᠮᠲᠤᠷᠠᠨ ᠰᠢᠯᠭ᠋ᠠᠬᠤ ᠠᠷᠭ᠎ᠠ ᠪᠠ ᠲᠤᠰᠬᠠᠢ ᠪᠤᠯᠪᠠᠰᠤᠷᠠᠯ ᠬᠦᠷᠲᠡᠭᠡᠬᠦ ᠵᠢ ᠵᠤᠬᠢᠶᠠᠨ ᠪᠠᠢ᠌ᠭᠤᠯᠵᠤ ᠪᠤᠯᠬᠤ ᠦᠭᠡᠢ᠃ ᠦᠪᠡᠷ ᠵᠶ᠋ᠠᠨ ᠡᠵᠡᠨ ᠮᠡᠳᠡᠵᠤ ᠰᠤᠷᠤᠭᠴᠢ ᠡᠯᠰᠡᠬᠦ ᠠᠷᠭ᠎ᠠ᠂ ᠬᠢᠨᠠᠨ ᠰᠢᠯᠭ᠋ᠠᠬᠤ ᠠᠯᠬᠤᠮ ᠳᠠᠷᠠᠭ᠎ᠠ ᠪᠠ ᠡᠯᠰᠡᠬᠦ ᠦᠷ᠎ᠡ ᠳ᠋ᠦᠩ᠎ᠢ ᠨᠡᠢ᠌ᠲᠡᠯᠡᠬᠦ ᠵᠢ ᠳᠦᠷᠢᠮᠵᠢᠭᠦᠯᠦᠨ᠎ᠡ᠃ ᠦᠪᠡᠷ ᠵᠶ᠋ᠠᠨ ᠡᠵᠡᠨ ᠮᠡᠳᠡᠵᠤ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠵᠢ ᠡᠷᠡᠰ ᠬᠢᠵᠠᠭ᠋ᠠᠷᠯᠠᠨ᠎ᠠ᠃ 2015 ᠤᠨ᠎ᠠᠴᠠ ᠡᠬᠢᠯᠡᠨ ᠦᠪᠡᠷ ᠵᠶ᠋ᠠᠨ ᠡᠵᠡᠨ ᠮᠡᠳᠡᠵᠤ ᠰᠤᠷᠤᠭᠴᠢ ᠡᠯᠰᠡᠬᠦ ᠵᠢ ᠪᠦᠬᠦ ᠤᠯᠤᠰ᠎ᠤᠨ ᠨᠢᠭᠡᠳᠦᠯᠲᠠᠢ ᠰᠢᠯᠭ᠋ᠠᠯᠲᠠ ᠵᠢᠨ ᠳᠠᠷᠠᠭ᠎ᠠ ᠲᠤᠬᠢᠷᠠᠭᠤᠯᠵᠤ ᠶᠠᠪᠤᠭᠳᠠᠭᠤᠯᠬᠤ ᠵᠢ ᠠᠬᠢᠭᠤᠯᠤᠨ᠎ᠠ᠃
3. ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠵᠤ ᠰᠤᠩᠭᠤᠨ ᠰᠢᠯᠭ᠋ᠠᠷᠠᠭᠤᠯᠬᠤ ᠲᠤᠭᠲᠠᠴᠠ ᠵᠢ ᠲᠡᠬᠦᠯᠳᠡᠷᠵᠢᠭᠦᠯᠦᠨᠡ᠃ ᠳᠡᠭᠡᠲᠤ ᠵᠡᠷᠭᠡ ᠵᠢᠨ ᠰᠤᠷᠭ᠋ᠠᠭᠤᠯᠢ᠎ᠨᠤᠭᠤᠳ ᠰᠢᠯᠭ᠋ᠠᠯᠲᠠ ᠬᠢᠵᠤ ᠰᠤᠷᠤᠭᠴᠢ ᠡᠯᠰᠡᠬᠦ᠎ᠲᠠᠢ ᠬᠤᠯᠪᠤᠭᠳᠠᠭᠰᠠᠨ ᠲᠦᠷᠦᠯ ᠵᠦᠢ᠍ᠯ᠂ ᠪᠠᠷᠢᠮᠵᠢᠶ᠎ᠠ᠂ ᠨᠦᠬᠦᠴᠡᠯ ᠪᠤᠯᠤᠨ ᠳᠡᠰ ᠳᠠᠷᠠᠭ᠎ᠠ ᠵᠡᠷᠭᠡ ᠠᠭᠤᠯᠭ᠎ᠠ ᠵᠢ ᠰᠤᠷᠤᠭᠴᠢ ᠡᠯᠰᠡᠬᠦ ᠳᠦᠷᠢᠮ᠎ᠳᠡᠭᠡᠨ ᠨᠠᠷᠢᠨ ᠲᠤᠲᠤᠷᠬᠠᠢ ᠪᠢᠴᠢᠵᠤ ᠤᠷᠤᠭᠤᠯᠤᠨ ᠨᠡᠢ᠌ᠭᠡᠮ ᠳᠡᠭᠡᠷ᠎ᠡ ᠤᠷᠢᠳᠴᠢᠯᠠᠨ ᠨᠡᠢ᠌ᠲᠡᠯᠡᠬᠦ ᠬᠡᠷᠡᠭᠲᠠᠢ᠃ ᠰᠤᠷᠭ᠋ᠠᠭᠤᠯᠢ ᠵᠢᠨ ᠰᠤᠷᠤᠭᠴᠢ ᠡᠯᠰᠡᠬᠦ ᠵᠦᠪᠯᠡᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠰᠤᠷᠤᠭᠴᠢ ᠡᠯᠰᠡᠬᠦ ᠲᠦᠯᠦᠪᠯᠡᠭᠡ ᠵᠢ ᠲᠤᠭᠲᠠᠭ᠋ᠠᠬᠤ᠂ ᠰᠤᠷᠤᠭᠴᠢ ᠡᠯᠰᠡᠬᠦ ᠲᠦᠷᠦ ᠵᠢᠨ ᠪᠤᠳᠤᠯᠭ᠎ᠠ ᠪᠤᠯᠤᠨ ᠲᠤᠭᠲᠠᠭ᠋ᠠᠯ᠎ᠢ ᠲᠤᠭᠲᠠᠭ᠋ᠠᠬᠤ᠂ ᠰᠤᠷᠤᠭᠴᠢ ᠡᠯᠰᠡᠬᠦ ᠴᠢᠬᠤᠯᠠ ᠶᠡᠭᠡ ᠤᠴᠢᠷ ᠶᠠᠪᠤᠳᠠᠯ᠎ᠢ ᠲᠤᠭᠲᠠᠭ᠋ᠠᠬᠤ ᠵᠡᠷᠭᠡ ᠲᠠᠯ᠎ᠠ᠎ᠪᠠᠷ ᠰᠤᠷᠤᠭᠴᠢ ᠡᠯᠰᠡᠬᠦ ᠵᠦᠪᠯᠡᠯ᠎ᠤᠨ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠎ᠠ᠃ ᠳᠡᠭᠡᠲᠤ ᠵᠡᠷᠭᠡ ᠵᠢᠨ ᠰᠤᠷᠭ᠋ᠠᠭᠤᠯᠢ᠎ᠨᠤᠭᠤᠳ ᠨᠡᠢ᠌ᠭᠡᠮ ᠳᠡᠭᠡᠷ᠎ᠡ᠎ᠠᠴᠠ ᠬᠢᠨᠠᠯᠲᠠ ᠲᠠᠯᠪᠢᠭᠴᠢ ᠵᠢ ᠤᠷᠢᠬᠤ ᠠᠷᠭ᠎ᠠ᠎ᠪᠠᠷ ᠰᠤᠷᠭ᠋ᠠᠭᠤᠯᠢ ᠵᠢᠨ ᠬᠢᠨᠠᠨ ᠰᠢᠯᠭ᠋ᠠᠯᠲᠠ᠂ ᠰᠤᠷᠤᠭᠴᠢ ᠡᠯᠰᠡᠬᠦ ᠠᠬᠤᠢ ᠲᠠᠯᠠᠪᠠᠢ ᠵᠢ ᠲᠤᠭᠤᠷᠢᠨ ᠪᠠᠢ᠌ᠴᠠᠭ᠋ᠠᠯᠭ᠋ᠠᠬᠤ ᠵᠡᠷᠭᠡ ᠠᠷᠭ᠎ᠠ᠎ᠪᠠᠷ ᠰᠤᠷᠤᠭᠴᠢ ᠡᠯᠰᠡᠬᠦ ᠠᠵᠢᠯ᠎ᠳᠤ ᠭᠤᠷᠪᠠᠳᠤᠭ᠋ᠠᠷ ᠡᠲᠡᠭᠡᠳ᠎ᠤᠨ ᠬᠢᠨᠠᠯᠲᠠ ᠵᠢ ᠲᠠᠯᠪᠢᠭᠤᠯᠵᠤ ᠪᠤᠯᠤᠨ᠎ᠠ᠃ ᠰᠢᠯᠭ᠋ᠠᠯᠲᠠ ᠬᠢᠵᠤ ᠰᠤᠷᠤᠭᠴᠢ ᠡᠯᠰᠡᠬᠦ᠎ᠳᠤ ᠭᠤᠮᠤᠳᠠᠯ ᠲᠤᠭ᠋ᠠᠴᠢᠬᠤ ᠲᠤᠭᠲᠠᠴᠠ ᠵᠢ ᠪᠠᠢ᠌ᠭᠤᠯᠵᠤ᠂ ᠡᠯ᠎ᠡ ᠵᠦᠢ᠍ᠯ᠎ᠤᠨ ᠠᠰᠠᠭᠤᠳᠠᠯ᠎ᠢ ᠰᠢᠢ᠍ᠳᠪᠦᠷᠢᠯᠡᠭᠰᠡᠨ ᠵᠶ᠋ᠠᠨ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠠᠢ᠃ ᠰᠤᠷᠤᠭᠴᠢ ᠡᠯᠰᠡᠬᠦ ᠠᠵᠢᠯ᠎ᠤᠨ ᠬᠠᠷᠢᠭᠤᠴᠠᠯᠭ᠎ᠠ ᠵᠢ ᠨᠡᠬᠡᠮᠵᠢᠯᠡᠬᠦ ᠳᠦᠷᠢᠮ᠎ᠢ ᠪᠠᠢ᠌ᠭᠤᠯᠵᠤ᠂ 2015 ᠤᠨ᠎ᠠᠴᠠ ᠡᠬᠢᠯᠡᠨ ᠰᠤᠷᠭ᠋ᠠᠭᠤᠯᠢ ᠵᠢᠨ ᠵᠠᠬᠢᠷᠤᠯ᠎ᠤᠨ ᠭᠠᠷᠤᠨ ᠦᠰᠦᠭ ᠵᠢᠷᠤᠭᠰᠠᠨ ᠰᠤᠷᠭ᠋ᠠᠭᠤᠯᠢ᠎ᠳᠤ ᠤᠷᠤᠬᠤ ᠮᠡᠳᠡᠭᠳᠡᠯ᠎ᠤᠨ ᠪᠢᠴᠢᠭ᠎ᠢ ᠬᠡᠷᠡᠭᠵᠢᠭᠦᠯᠵᠤ᠂ ᠰᠤᠷᠤᠭᠴᠢ ᠡᠯᠰᠡᠭᠰᠡᠨ ᠦᠷ᠎ᠡ ᠳ᠋ᠦᠩ᠎ᠳᠤ ᠬᠠᠷᠢᠭᠤᠴᠠᠯᠭ᠎ᠠ ᠡᠭᠦᠷᠭᠡᠯᠡᠭᠦᠯᠦᠨ᠎ᠡ᠃
4. ᠰᠤᠷᠤᠭᠴᠢ ᠡᠯᠰᠡᠬᠦ ᠠᠷᠭ᠎ᠠ ᠵᠢ ᠬᠠᠯᠠᠨ ᠰᠠᠢ᠌ᠵᠢᠷᠠᠭᠤᠯᠤᠨ᠎ᠠ᠃ ᠨᠢᠭᠡᠳᠦᠯᠲᠠᠢ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠢ᠌ᠲᠡᠯᠡᠭᠰᠡᠨ᠎ᠤ ᠳᠠᠷᠠᠭ᠎ᠠ ᠰᠤᠷᠭ᠋ᠠᠭᠤᠯᠢ᠎ᠳᠤ ᠤᠷᠤᠬᠤ ᠡᠷᠡᠮᠡᠯᠵᠡᠯ ᠲᠠᠭᠯᠠᠬᠤ ᠠᠷᠭ᠎ᠠ ᠵᠢ ᠬᠡᠷᠡᠭᠵᠢᠭᠦᠯᠦᠨ᠎ᠡ᠃ ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠪᠦᠯᠦᠭ ᠤᠳᠠᠭ᠎ᠠ ᠵᠢ ᠨᠦᠬᠦᠴᠡᠯ ᠪᠦᠷᠢᠯᠳᠦᠭᠦᠯᠵᠤ ᠪᠠᠢ᠌ᠭ᠋ᠠᠳ ᠢᠳᠡᠭ ᠢᠳᠡᠭ ᠵᠶ᠋ᠠᠷ ᠦᠭᠡᠢ᠌ᠰᠭᠡᠨᠡ᠃ ᠳᠠᠩᠰᠠ ᠡᠪᠬᠡᠮᠡᠯ᠎ᠢ ᠭᠠᠷᠭ᠋ᠠᠨ ᠦᠭᠴᠦ ᠰᠤᠷᠤᠭᠴᠢ ᠡᠯᠰᠡᠬᠦ ᠵᠠᠭᠪᠤᠷ᠎ᠢ ᠬᠠᠯᠠᠨ ᠦᠭᠡᠷᠡᠴᠢᠯᠡᠵᠤ᠂ ᠡᠷᠡᠮᠡᠯᠵᠡᠯ ᠲᠠᠭᠯᠠᠬᠤ ᠪᠠ ᠳᠠᠩᠰᠠ ᠡᠪᠬᠡᠮᠡᠯ᠎ᠢ ᠵᠡᠷᠭᠡ᠎ᠪᠡᠷ ᠭᠠᠷᠭ᠋ᠠᠵᠤ ᠦᠭᠬᠦ ᠠᠷᠭ᠎ᠠ ᠵᠢ ᠲᠡᠭᠦᠯᠳᠡᠷᠵᠢᠭᠦᠯᠦᠨ ᠠᠬᠢᠭᠤᠯᠵᠤ᠂ ᠳᠡᠭᠡᠲᠤ ᠵᠡᠷᠭᠡ ᠵᠢᠨ ᠰᠤᠷᠭ᠋ᠠᠭᠤᠯᠢ ᠪᠤᠯᠤᠨ ᠰᠤᠷᠤᠭᠴᠢ ᠵᠢᠨ ᠬᠤᠶᠠᠷ ᠲᠠᠯ᠎ᠠ᠎ᠪᠠᠷ ᠵᠶ᠋ᠠᠨ ᠰᠤᠩᠭᠤᠯᠲᠠ ᠬᠢᠬᠦ ᠠᠵᠠ ᠲᠤᠬᠢᠶᠠᠯ᠎ᠢ ᠨᠡᠮᠡᠭᠳᠡᠭᠦᠯᠦᠨ᠎ᠡ᠃ 2015 ᠤᠨ᠎ᠠᠴᠠ ᠡᠬᠢᠯᠡᠨ ᠨᠦᠬᠦᠴᠡᠯ᠎ᠲᠠᠢ ᠮᠤᠵᠢ ᠵᠢᠨ ᠰᠤᠷᠤᠭᠴᠢ ᠡᠯᠰᠡᠬᠦ ᠪᠦᠯᠦᠭ ᠤᠳᠠᠭ᠎ᠠ᠎ᠳᠤ ᠦᠭᠡᠷᠡᠴᠢᠯᠡᠯᠲᠡ ᠬᠢᠬᠦ ᠲᠤᠷᠰᠢᠯᠲᠠ ᠵᠢ ᠶᠠᠪᠤᠭᠳᠠᠭᠤᠯᠤᠨ᠎ᠠ᠃
5. ᠨᠡᠢ᠌ᠭᠡᠮ᠎ᠤᠨ ᠬᠦᠮᠦᠰ᠎ᠤᠨ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ᠎ᠢ ᠦᠷᠭᠡᠳᠭᠡᠨ᠎ᠡ᠃ ᠨᠡᠢ᠌ᠭᠡᠮ᠎ᠤᠨ ᠬᠦᠮᠦᠰ᠎ᠤᠨ ᠤᠯᠠᠨ ᠡᠰᠢᠴᠢᠯᠡᠭᠰᠡᠨ ᠰᠤᠷᠭ᠋ᠠᠨ ᠬᠦᠮᠦᠵᠢᠯ ᠬᠦᠷᠲᠡᠬᠦ ᠠᠵᠠ ᠲᠤᠬᠢᠶᠠᠯ᠎ᠢ ᠦᠷᠭᠡᠳᠭᠡᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠠᠩᠰᠠᠯᠠᠵᠤ ᠰᠤᠷᠭ᠋ᠠᠭᠤᠯᠢ᠎ᠳᠤ ᠤᠷᠤᠬᠤ ᠵᠢ ᠬᠡᠷᠡᠭᠵᠢᠭᠦᠯᠵᠤ᠂ ᠨᠠᠰᠤᠨ᠎ᠳᠤ ᠬᠦᠷᠦᠭᠰᠡᠳ᠎ᠤᠨ ᠳᠡᠭᠡᠲᠤ ᠵᠡᠷᠭᠡ ᠵᠢᠨ ᠰᠤᠷᠤᠯᠭ᠎ᠠ ᠵᠢᠨ ᠨᠠᠮᠳᠠᠷ᠎ᠤᠨ ᠰᠤᠷᠭ᠋ᠠᠨ ᠬᠦᠮᠦᠵᠢᠯ᠎ᠳᠤ ᠬᠠᠷᠢᠮᠠᠬᠠᠢ ᠰᠤᠷᠤᠯᠭ᠎ᠠ ᠵᠢᠨ ᠳᠦᠷᠢᠮ᠎ᠢ ᠬᠡᠷᠡᠭᠵᠢᠭᠦᠯᠦᠨ᠂ ᠰᠤᠷᠭ᠋ᠠᠭᠤᠯᠢ᠎ᠳᠤ ᠤᠷᠤᠬᠤ ᠨᠦᠬᠦᠴᠡᠯ᠎ᠢ ᠠᠭᠤᠵᠢᠭᠤ ᠲᠠᠯᠪᠢᠵᠤ ᠰᠤᠷᠭ᠋ᠠᠭᠤᠯᠢ᠎ᠠᠴᠠ ᠲᠡᠭᠦᠰᠬᠦ ᠨᠦᠬᠦᠴᠡᠯ᠎ᠢ ᠦᠨᠳᠦᠷ ᠪᠤᠯᠭ᠋ᠠᠨ᠎ᠠ᠃ ᠵᠡᠮᠳᠡᠭᠴᠤᠤᠳ ᠵᠡᠷᠭᠡ ᠤᠨᠴᠠᠭ᠋ᠠᠢ ᠬᠦᠮᠦᠰ᠎ᠤᠨ ᠨᠢᠭᠡᠳᠦᠯᠲᠠᠢ ᠰᠢᠯᠭ᠋ᠠᠯᠲᠠ ᠵᠢ ᠤᠷᠤᠯᠴᠠᠬᠤ᠎ᠳᠤ ᠦᠢ᠍ᠯᠡᠴᠢᠯᠡᠭᠡ ᠬᠠᠩᠭ᠋ᠠᠨ᠎ᠠ᠃ ᠤᠯᠠᠨ ᠬᠡᠯᠪᠡᠷᠢ ᠮᠠᠶᠢᠭ ᠵᠶ᠋ᠠᠷ ᠰᠤᠷᠤᠯᠴᠠᠭᠰᠠᠨ ᠰᠤᠷᠤᠯᠭ᠎ᠠ ᠵᠢᠨ ᠬᠢᠷᠢ ᠪᠦᠲᠦᠮᠵᠢ ᠵᠢ ᠦᠨᠡᠯᠡᠨ ᠲᠤᠭᠲᠠᠭ᠋ᠠᠵᠤ ᠬᠤᠪᠢᠷᠠᠭᠤᠯᠬᠤ ᠳᠦᠷᠢᠮ᠎ᠢ ᠰᠦᠪᠡᠭᠴᠢᠯᠡᠨ ᠪᠠᠢ᠌ᠭᠤᠯᠵᠤ᠂ ᠡᠩ᠎ᠤᠨ ᠳᠡᠭᠡᠲᠤ ᠵᠡᠷᠭᠡ ᠵᠢᠨ ᠰᠤᠷᠭ᠋ᠠᠭᠤᠯᠢ᠂ ᠳᠡᠭᠡᠲᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠨᠠᠰᠤᠨ᠎ᠳᠤ ᠬᠦᠷᠦᠭᠰᠡᠳ᠎ᠤᠨ ᠳᠡᠭᠡᠲᠤ ᠵᠡᠷᠭᠡ ᠵᠢᠨ ᠰᠤᠷᠭ᠋ᠠᠭᠤᠯᠢ ᠬᠤᠭᠤᠷᠤᠨᠳᠤ᠎ᠪᠠᠨ ᠰᠤᠷᠤᠯᠭ᠎ᠠ ᠵᠢᠨ ᠬᠤᠪᠢ ᠵᠢ ᠮᠡᠳᠡᠷᠡᠯᠴᠡᠬᠦ ᠠᠷᠭ᠎ᠠ ᠵᠢ ᠬᠡᠷᠡᠭᠵᠢᠭᠦᠯᠦᠨ᠂ ᠤᠯᠠᠨ ᠵᠦᠢ᠍ᠯ᠎ᠤᠨ ᠰᠤᠷᠤᠯᠴᠠᠬᠤ ᠠᠷᠭ᠎ᠠ ᠵᠠᠮ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠬᠤ ᠶᠠᠪᠤᠴᠠ ᠵᠢ ᠬᠠᠷᠢᠯᠴᠠᠨ ᠵᠠᠯᠭ᠋ᠠᠭᠤᠯᠤᠨ ᠤᠶᠠᠯᠳᠤᠭᠤᠯᠬᠤ ᠵᠢ ᠪᠡᠶᠡᠯᠡᠬᠦᠯᠵᠤ᠂ ᠴᠢᠳᠠᠪᠤᠷᠢᠲᠠᠨ᠎ᠤ ᠦᠰᠦᠯᠲᠡ ᠪᠤᠢ᠌ᠵᠢᠯᠲᠠᠳᠤ《ᠵᠦᠷᠢᠯᠢᠭ ᠬᠦᠬᠦᠷᠭᠡ》 ᠳᠡᠪᠢᠰᠴᠤ ᠦᠭᠬᠦᠨ᠎ᠡ᠃ 2015 ᠤᠨ᠎ᠳᠤ ᠰᠤᠷᠤᠯᠭ᠎ᠠ ᠵᠢᠨ ᠬᠤᠪᠢ ᠵᠢ ᠬᠠᠷᠢᠯᠴᠠᠨ ᠵᠦᠪᠰᠢᠶᠡᠷᠡᠬᠦ ᠪᠠ ᠬᠠᠷᠢᠯᠴᠠᠨ ᠮᠡᠳᠡᠷᠡᠯᠴᠡᠬᠦ ᠲᠤᠬᠠᠢ ᠰᠠᠨᠠᠯ᠎ᠢ ᠰᠤᠳᠤᠯᠵᠤ ᠨᠡᠢ᠌ᠲᠡᠯᠡᠨ᠎ᠡ᠃
(ᠳᠦᠷᠪᠡ) ᠬᠢᠨᠠᠯᠲᠠ ᠲᠠᠯᠪᠢᠬᠤ ᠬᠠᠮᠢᠶᠠᠷᠤᠯᠲᠠ ᠵᠢᠨ ᠲᠤᠭᠲᠠᠴᠠ ᠵᠢ ᠬᠠᠯᠠᠨ ᠦᠭᠡᠷᠡᠴᠢᠯᠡᠨ᠎ᠡ ᠃
1. ᠮᠡᠳᠡᠭᠡ ᠵᠠᠩᠬᠢ ᠵᠢ ᠢᠯᠡ ᠨᠡᠢ᠌ᠲᠡᠯᠡᠬᠦ ᠵᠢ ᠴᠢᠩᠭ᠋ᠠᠳᠬᠠᠨ᠎ᠠ᠃ ᠳᠡᠭᠡᠲᠤ ᠵᠡᠷᠭᠡ ᠵᠢᠨ ᠰᠤᠷᠭ᠋ᠠᠭᠤᠯᠢ ᠵᠢᠨ《ᠢᠯᠡ᠎ᠪᠠᠷ ᠰᠤᠷᠤᠭᠴᠢ ᠡᠯᠰᠡᠬᠦ ᠢᠨᠵᠸᠨ᠋ᠸᠷᠢᠩ》᠎ᠢ ᠬᠦᠨᠵᠡᠭᠡᠢ ᠨᠠᠢ᠌ᠳᠠᠪᠤᠷᠢᠵᠢᠭᠤᠯᠵᠤ᠂ ᠱᠠᠲᠤᠨ ᠬᠤᠪᠢᠶᠠᠨ ᠬᠠᠷᠢᠭᠤᠴᠠᠬᠤ ᠪᠠ ᠮᠡᠳᠡᠭᠡ ᠵᠠᠩᠭᠢ ᠵᠢ ᠢᠯᠡ ᠨᠡᠢ᠌ᠲᠡᠯᠡᠬᠦ ᠳᠦᠷᠢᠮ᠎ᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠵᠢ ᠢᠯᠡ ᠪᠤᠯᠭ᠋ᠠᠬᠤ ᠠᠭᠤᠯᠭ᠎ᠠ ᠵᠢ ᠴᠢᠨᠠᠭᠰᠢᠲᠠ ᠦᠷᠭᠡᠳᠭᠡᠵᠤ᠂ ᠰᠤᠷᠤᠭᠴᠢ ᠡᠯᠰᠡᠬᠦ ᠲᠦᠷᠦ ᠵᠢᠨ ᠪᠤᠳᠤᠯᠭ᠎ᠠ᠂ ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠳᠦᠷᠢᠮ᠂ ᠰᠤᠷᠤᠭᠴᠢ ᠡᠯᠰᠡᠬᠦ ᠲᠦᠯᠦᠪᠯᠡᠭᠡ᠂ ᠰᠤᠷᠤᠭᠴᠢ ᠡᠯᠰᠡᠬᠦ ᠶᠠᠪᠤᠴᠠ᠂ ᠰᠤᠷᠤᠭᠴᠢ ᠡᠯᠰᠡᠭᠰᠡᠨ ᠦᠷ᠎ᠡ ᠳ᠋ᠦᠩ ᠵᠢᠴᠢ ᠯᠠᠪᠯᠠᠨ ᠪᠠᠢ᠌ᠴᠠᠭ᠋ᠠᠬᠤ ᠪᠠ ᠭᠤᠮᠤᠳᠠᠯ ᠲᠤᠭ᠋ᠠᠴᠢᠬᠤ ᠠᠷᠭ᠎ᠠ ᠵᠠᠮ᠂ ᠳᠦᠷᠢᠮ ᠲᠤᠭᠲᠠᠭ᠋ᠠᠯ᠎ᠢ ᠵᠦᠷᠢᠴᠡᠭᠰᠡᠨ ᠴᠢᠬᠤᠯᠠ ᠶᠡᠬᠡ ᠤᠴᠢᠷ ᠶᠠᠪᠤᠳᠠᠯ᠎ᠢ ᠰᠢᠢ᠍ᠳᠪᠦᠷᠢᠯᠡᠭᠰᠡᠨ ᠦᠷ᠎ᠡ ᠳ᠋ᠦᠩ᠂ ᠡᠯᠰᠡᠭᠰᠡᠨ ᠰᠢᠨ᠎ᠡ ᠰᠤᠷᠤᠭᠴᠢ ᠵᠢ ᠳᠠᠬᠢᠨ ᠪᠠᠢ᠌ᠴᠠᠭ᠋ᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠴᠠᠭ ᠲᠤᠬᠠᠢᠳᠤᠨᠢ ᠢᠯᠡ ᠨᠡᠢ᠌ᠲᠡᠯᠡᠨ᠎ᠡ᠃ ᠮᠡᠳᠡᠭᠡ ᠵᠠᠩᠭᠢ ᠵᠢ ᠢᠯᠡ ᠨᠡᠢ᠌ᠲᠡᠯᠡᠬᠦ ᠬᠦᠷᠢᠶ᠎ᠡ ᠬᠡᠪᠴᠢᠶ᠎ᠡ ᠵᠢ ᠴᠢᠨᠠᠭᠰᠢᠲᠠ ᠦᠷᠭᠡᠳᠭᠡᠵᠤ᠂ ᠰᠢᠯᠭ᠋ᠠᠭᠤᠯᠤᠭᠰᠠᠳ᠂ ᠰᠤᠷᠭ᠋ᠠᠭᠤᠯᠢ ᠪᠤᠯᠤᠨ ᠬᠡᠷ᠎ᠤᠨ ᠠᠬᠠᠮᠠᠳ᠎ᠤᠨ ᠬᠢᠨᠠᠯᠲᠠ ᠵᠢ ᠬᠦᠯᠢᠶᠡᠨ᠎ᠡ᠃
2. ᠪᠠᠲᠤᠯᠠᠭ᠎ᠠ ᠵᠢᠨ ᠳᠦᠷᠢᠮ᠎ᠢ ᠴᠢᠩᠭ᠋ᠠᠳᠬᠠᠨ᠎ᠠ᠃ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠤᠭᠤᠷᠤᠨᠳᠤᠬᠢ ᠬᠠᠮᠲᠤᠷᠠᠯᠴᠠᠬᠤ ᠲᠤᠭᠲᠠᠴᠠ ᠵᠢ ᠪᠠᠢ᠌ᠭᠤᠯᠵᠤ ᠲᠡᠭᠦᠯᠳᠡᠷᠵᠢᠭᠦᠯᠦᠨ᠂ ᠰᠤᠷᠭ᠋ᠠᠨ ᠬᠦᠮᠦᠵᠢᠯ᠎ᠤᠨ ᠰᠢᠭ᠋ᠠᠯᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠴᠢᠯᠠᠭᠰᠠᠨ᠂ ᠳᠦᠷᠢᠮᠵᠢᠭᠰᠡᠨ᠂ ᠡᠷᠡᠰ ᠴᠢᠩᠭ᠎ᠠ ᠬᠠᠮᠢᠶᠠᠷᠤᠯᠲᠠ ᠪᠦᠬᠦᠢ ᠰᠤᠷᠭ᠋ᠠᠨ ᠬᠦᠮᠦᠵᠢᠯ᠎ᠤᠨ ᠰᠢᠯᠭ᠋ᠠᠯᠲᠠ ᠵᠢᠨ ᠠᠮᠤᠷ ᠲᠦᠪᠰᠢᠨ᠎ᠤ ᠰᠢᠰᠲᠸᠮ᠎ᠢ ᠪᠠᠢ᠌ᠭᠤᠯᠤᠨ᠎ᠠ᠃ ᠢᠲᠡᠭᠡᠮᠵᠢᠲᠤ ᠳᠦᠷᠢᠮ᠎ᠢ ᠲᠡᠭᠦᠯᠳᠡᠷᠵᠢᠭᠦᠯᠦᠨ᠂ ᠰᠢᠯᠭ᠋ᠠᠭᠤᠯᠤᠭᠰᠠᠳ᠎ᠤᠨ ᠢᠲᠡᠭᠡᠮᠵᠢᠲᠤ ᠬᠦᠮᠦᠵᠢᠯ ᠪᠤᠯᠤᠨ ᠢᠲᠡᠭᠡᠮᠵᠢᠲᠤ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠤᠷᠭ᠋ᠠᠨ ᠬᠦᠮᠦᠵᠢᠯ᠎ᠤᠨ ᠰᠢᠯᠭ᠋ᠠᠯᠲᠠ ᠬᠢᠵᠤ ᠰᠤᠷᠤᠭᠴᠢ ᠡᠯᠰᠡᠬᠦ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠢ ᠲᠡᠭᠦᠯᠳᠡᠷᠵᠢᠭᠦᠯᠦᠨ᠂ ᠰᠢᠯᠭ᠋ᠠᠯᠲᠠ ᠬᠢᠵᠤ ᠰᠤᠷᠤᠭᠴᠢ ᠡᠯᠰᠡᠬᠦ ᠬᠠᠤᠯᠢᠵᠢᠭᠰᠠᠨ ᠲᠦᠪᠰᠢᠨ᠎ᠢ ᠳᠡᠭᠡᠭᠰᠢᠯᠡᠬᠦᠯᠦᠨ᠎ᠡ᠃
3. ᠳᠦᠷᠢᠮ ᠲᠤᠭᠲᠠᠭ᠋ᠠᠯ᠎ᠢ ᠵᠦᠷᠢᠴᠡᠭᠰᠡᠳ᠎ᠢ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠰᠢᠯᠭ᠋ᠠᠯᠲᠠ ᠬᠢᠵᠤ ᠰᠤᠷᠤᠭᠴᠢ ᠡᠯᠰᠡᠬᠦ ᠪᠦᠬᠦ ᠶᠠᠪᠤᠴᠠ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃ ᠬᠠᠤᠯᠢ ᠳᠦᠷᠢᠮ᠎ᠢ ᠵᠦᠷᠢᠴᠡᠭᠰᠡᠨ ᠠᠵᠢᠯᠯᠠᠭ᠎ᠠ ᠵᠢ ᠡᠷᠡᠰ ᠴᠢᠩᠭ᠎ᠠ ᠪᠠᠢ᠌ᠴᠠᠭ᠋ᠠᠵᠤ᠂ ᠲᠤᠬᠠᠢ ᠵᠢᠨ ᠬᠦᠮᠦᠨ ᠪᠤᠯᠤᠨ ᠬᠤᠯᠪᠤᠭᠳᠠᠯ ᠪᠦᠬᠦᠢ ᠬᠦᠮᠦᠨ᠎ᠤ ᠬᠠᠷᠢᠭᠤᠴᠠᠯᠭ᠎ᠠ ᠵᠢ ᠨᠡᠬᠡᠮᠵᠢᠯᠡᠨ᠂ ᠪᠠᠢ᠌ᠴᠠᠭ᠋ᠠᠵᠤ ᠰᠢᠢ᠍ᠳᠪᠦᠷᠢᠯᠡᠭᠰᠡᠨ ᠦᠷ᠎ᠡ ᠳ᠋ᠦᠩ᠎ᠢ ᠴᠠᠭ ᠲᠤᠬᠠᠢᠳᠤᠨᠢ ᠢᠯᠡ ᠨᠡᠢ᠌ᠲᠡᠯᠡᠨ᠎ᠡ᠃ ᠶᠠᠯ᠎ᠠ ᠬᠢᠭᠰᠡᠨ ᠬᠡᠮᠵᠢᠶᠡᠨ᠎ᠳᠤ ᠬᠦᠷᠦᠭᠰᠡᠨ ᠪᠤᠯ ᠬᠠᠤᠯᠢ ᠴᠠᠭ᠋ᠠᠵᠠ ᠵᠢᠨ ᠪᠠᠢ᠌ᠭᠤᠯᠤᠯᠭ᠎ᠠ᠎ᠠᠴᠠ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
(ᠲᠠᠪᠤ) ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠨᠢᠭᠡᠳᠤᠯᠲᠠᠢ ᠰᠢᠯᠭ᠋ᠠᠯᠲᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠠᠵᠢᠯ᠎ᠢ ᠡᠬᠢᠯᠡᠵᠤ ᠦᠷᠨᠢᠭᠦᠯᠦᠨ᠎ᠡ᠃
1. ᠰᠢᠯᠭ᠋ᠠᠯᠲᠠ ᠬᠢᠬᠦ ᠬᠢᠴᠢᠶᠡᠯ ᠲᠦᠷᠦᠯ᠎ᠤᠨ ᠲᠤᠬᠢᠷᠠᠭᠤᠯᠤᠯᠲᠠ ᠵᠢ ᠦᠭᠡᠷᠡᠴᠢᠯᠡᠨ᠎ᠡ᠃ ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠰᠤᠷᠤᠭᠴᠢ ᠡᠯᠰᠡᠬᠦ ᠨᠢᠭᠡᠳᠤᠯᠲᠠᠢ ᠰᠢᠯᠭ᠋ᠠᠯᠲᠠ ᠪᠠ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠤᠯᠴᠠᠯᠭ᠎ᠠ ᠵᠢᠨ ᠬᠠᠷᠢᠯᠴᠠᠨ ᠬᠤᠯᠪᠤᠯᠳᠤᠬᠤ ᠡᠷᠴᠢᠮ᠎ᠢ ᠴᠢᠩᠭ᠋ᠠᠷᠠᠭᠤᠯᠵᠤ᠂ ᠰᠢᠯᠭ᠋ᠠᠭᠤᠯᠤᠭᠰᠠᠳ᠎ᠤᠨ ᠶᠡᠷᠦᠩᠭᠡᠢ ᠬᠢᠷᠢ ᠪᠦᠲᠦᠮᠵᠢ᠎ᠳᠤ ᠨᠢᠭᠡᠳᠦᠯᠲᠠᠢ ᠰᠢᠯᠭ᠋ᠠᠯᠲᠠ ᠵᠢᠨ ᠬᠡᠯᠡ ᠪᠢᠴᠢᠭ᠂ ᠲᠤᠭ᠋ᠠᠨ᠎ᠤ ᠤᠬᠠᠭ᠋ᠠᠨ᠂ ᠭᠠᠳᠠᠭ᠋ᠠᠲᠤ ᠬᠡᠯᠡ ᠵᠡᠷᠭᠡ ᠭᠤᠷᠪᠠᠨ ᠬᠢᠴᠢᠶᠡᠯ ᠲᠦᠷᠦᠯ᠎ᠤᠨ ᠬᠢᠷᠢ ᠪᠦᠲᠦᠮᠵᠢ ᠪᠤᠯᠤᠨ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠲᠠ ᠵᠢᠨ 3 ᠬᠢᠴᠢᠶᠡᠯ ᠲᠦᠷᠦᠯ᠎ᠤᠨ ᠬᠢᠷᠢ ᠪᠦᠲᠦᠮᠵᠢ ᠵᠢ ᠪᠤᠳᠤᠵᠤ ᠤᠷᠤᠭᠤᠯᠤᠨ᠎ᠠ᠃ ᠨᠢᠭᠡᠳᠤᠯᠲᠠᠢ ᠰᠢᠯᠭ᠋ᠠᠯᠲᠠ ᠵᠢᠨ ᠰᠢᠯᠭ᠋ᠠᠬᠤ ᠲᠦᠷᠦᠯ ᠵᠦᠢ᠍ᠯ᠎ᠳᠤ ᠬᠡᠯᠡ ᠪᠢᠴᠢᠭ᠂ ᠲᠤᠭ᠋ᠠᠨ᠎ᠤ ᠤᠬᠠᠭ᠋ᠠᠨ᠂ ᠭᠠᠳᠠᠭ᠋ᠠᠲᠤ ᠬᠡᠯᠡ᠎ᠨᠢ ᠬᠤᠪᠢᠷᠠᠬᠤ ᠦᠭᠡᠢ᠂ ᠬᠤᠪᠢ ᠵᠢᠨ ᠦᠷᠲᠡᠭ ᠴᠤ᠌ ᠬᠤᠪᠢᠷᠠᠬᠤ ᠦᠭᠡᠢ᠃ ᠨᠡᠢ᠌ᠭᠡᠮ᠎ᠤᠨ ᠪᠠ ᠪᠠᠢ᠌ᠭ᠋ᠠᠯᠢ ᠵᠢᠨ ᠰᠢᠨᠵᠢᠯᠡᠭᠡᠨ᠎ᠤ ᠲᠦᠷᠦᠯ ᠵᠦᠢ᠍ᠯ ᠬᠡᠵᠤ ᠬᠤᠪᠢᠶᠠᠬᠤ ᠦᠭᠡᠢ᠂ ᠭᠠᠳᠠᠭ᠋ᠠᠲᠤ ᠬᠡᠯᠡᠨ᠎ᠤ ᠬᠢᠴᠢᠶᠡᠯ᠎ᠤᠨ ᠰᠢᠯᠭ᠋ᠠᠯᠲᠠ᠎ᠳᠤ ᠬᠤᠶᠠᠷ ᠤᠳᠠᠭ᠎ᠠ ᠤᠷᠤᠯᠴᠠᠵᠤ ᠪᠤᠯᠬᠤ ᠠᠵᠠ ᠲᠤᠬᠢᠶᠠᠯ ᠤᠯᠭᠤᠨ᠎ᠠ᠃ ᠶᠡᠷᠦᠩᠭᠡᠢ ᠬᠢᠷᠢ ᠪᠦᠲᠦᠮᠵᠢ᠎ᠳᠤ ᠪᠤᠳᠤᠵᠤ ᠤᠷᠤᠭᠤᠯᠬᠤ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠲᠠ ᠵᠢᠨ ᠬᠢᠴᠢᠶᠡᠯ ᠲᠦᠷᠦᠯ᠎ᠳᠤ ᠰᠢᠯᠭ᠋ᠠᠭᠤᠯᠤᠭᠰᠠᠳ ᠨᠡᠷ᠎ᠡ ᠮᠡᠳᠡᠭᠦᠯᠵᠤ ᠰᠢᠯᠭ᠋ᠠᠭᠤᠯᠤᠭᠰᠠᠨ ᠳᠡᠭᠡᠲᠤ ᠵᠡᠷᠭᠡ ᠵᠢᠨ ᠰᠤᠷᠭ᠋ᠠᠭᠤᠯᠢ ᠵᠢᠨ ᠱᠠᠭ᠋ᠠᠷᠳᠠᠯᠭ᠎ᠠ ᠪᠤᠯᠤᠨ ᠦᠪᠡᠷ᠎ᠤᠨ ᠦᠪᠡᠷᠮᠢᠴᠡ ᠤᠴᠠᠯᠢᠭ ᠵᠶ᠋ᠠᠨ ᠦᠨᠳᠦᠰᠦᠯᠡᠨ᠂ ᠦᠵᠡᠯ ᠰᠠᠨᠠᠭ᠎ᠠ ᠤᠯᠤᠰ ᠲᠦᠷᠦ᠂ ᠲᠡᠤᠭᠡ᠂ ᠭᠠᠵᠠᠷ ᠵᠦᠢ᠂ ᠬᠢᠮᠢ᠂ ᠹᠢᠽᠢᠺ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠳᠤᠲᠤᠷ᠎ᠠ᠎ᠠᠴᠠ ᠦᠪᠡᠷ ᠵᠶ᠋ᠠᠨ ᠰᠤᠩᠭᠤᠯᠲᠠ ᠬᠢᠨ᠎ᠠ᠃
2. ᠰᠤᠷᠤᠭᠴᠢ ᠡᠯᠰᠡᠬᠦ ᠲᠤᠭᠲᠠᠴᠠ ᠵᠢ ᠦᠭᠡᠷᠡᠴᠯᠡᠨᠡ᠃ ᠨᠢᠭᠡᠳᠤᠯᠲᠠᠢ ᠰᠢᠯᠭ᠋ᠠᠯᠲᠠ ᠪᠤᠯᠤᠨ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠲᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠬᠢᠷᠢ ᠪᠦᠲᠦᠮᠵᠢ᠎ᠳᠤ ᠰᠠᠭᠤᠷᠢᠯᠠᠵᠤ᠂ ᠶᠡᠷᠦᠩᠭᠡᠢ ᠬᠡᠪ ᠴᠢᠨᠠᠷ᠎ᠤᠨ ᠦᠨᠡᠯᠡᠯᠲᠡ᠎ᠪᠠᠷ ᠯᠠᠪᠯᠠᠯᠲᠠ ᠪᠤᠯᠭ᠋ᠠᠭᠰᠠᠨ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠲᠤᠭᠲᠠᠴᠠ ᠵᠢ ᠰᠦᠪᠡᠭᠴᠢᠯᠡᠨ᠎ᠡ᠃ ᠳᠡᠭᠡᠲᠤ ᠵᠡᠷᠭᠡ ᠵᠢᠨ ᠰᠤᠷᠭ᠋ᠠᠭᠤᠯᠢ᠎ᠨᠤᠭᠤᠳ ᠰᠤᠷᠭ᠋ᠠᠭᠤᠯᠢ ᠡᠷᠬᠢᠯᠡᠬᠦ ᠪᠠᠢ᠌ᠷᠢ ᠲᠤᠭᠲᠠᠭ᠋ᠠᠯᠲᠠ ᠪᠤᠯᠤᠨ ᠲᠤᠰᠬᠠᠢ ᠮᠡᠷᠭᠡᠵᠢᠯ᠎ᠤᠨ ᠬᠦᠮᠦᠨ ᠬᠦᠮᠦᠵᠢᠬᠦᠯᠬᠦ ᠬᠠᠷᠠᠯᠲᠠ᠎ᠪᠠᠨ ᠦᠳᠦᠰᠦᠯᠡᠨ᠂ ᠰᠢᠯᠭ᠋ᠠᠭᠤᠯᠤᠭᠰᠠᠳ᠎ᠤᠨ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠢᠯᠭ᠋ᠠᠯᠲᠠ ᠵᠢᠨ ᠬᠢᠴᠢᠶᠡᠯ ᠲᠦᠷᠦᠯ ᠵᠶ᠋ᠠᠨ ᠦᠨᠳᠦᠰᠦᠯᠡᠨ ᠨᠡᠷ᠎ᠡ ᠮᠡᠳᠡᠭᠦᠯᠵᠤ ᠰᠢᠯᠭ᠋ᠠᠭᠤᠯᠤᠭᠰᠠᠨ ᠱᠠᠭ᠋ᠠᠷᠳᠠᠯᠭ᠎ᠠ ᠪᠤᠯᠤᠨ ᠶᠡᠷᠦᠩᠭᠡᠢ ᠬᠡᠪ ᠴᠢᠨᠠᠷ᠎ᠤᠨ ᠦᠨᠡᠯᠡᠯᠲᠡ ᠵᠢ ᠶᠠᠭ᠋ᠠᠬᠢᠵᠤ ᠡᠰᠢᠯᠡᠵᠤ ᠠᠰᠢᠭᠯᠠᠬᠤ ᠲᠤᠬᠠᠢ ᠠᠷᠭ᠎ᠠ ᠵᠢ ᠰᠤᠳᠤᠯᠤᠨ ᠲᠤᠭᠲᠠᠭ᠋ᠠᠵᠤ ᠨᠡᠢ᠌ᠭᠡᠮ᠎ᠳᠤ ᠤᠷᠢᠳᠴᠢᠯᠠᠨ ᠢᠯᠡ ᠨᠡᠢ᠌ᠲᠡᠯᠡᠨ᠎ᠡ᠃
3. ᠦᠭᠡᠷᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠠᠵᠢᠯ᠎ᠢ ᠦᠷᠨᠢᠭᠦᠯᠦᠨ᠎ᠡ᠃ ᠨᠢᠭᠡᠳᠦᠯᠲᠠᠢ ᠲᠦᠯᠦᠪᠵᠢᠬᠦᠯᠬᠦ᠂ ᠲᠤᠷᠰᠢᠯᠲᠠ ᠵᠢᠨ ᠠᠵᠢᠯ᠎ᠢ ᠤᠷᠢᠳᠠᠪᠡᠷ ᠶᠠᠪᠤᠭᠳᠠᠭᠤᠯᠬᠤ᠂ ᠠᠯᠬᠤᠮ ᠬᠤᠪᠢᠶᠠᠨ ᠬᠡᠷᠡᠭᠵᠢᠬᠦᠯᠬᠦ᠂ ᠳᠡᠰ ᠳᠠᠷᠠᠭ᠎ᠠ᠎ᠲᠠᠢ᠎ᠪᠠᠷ ᠠᠬᠢᠭᠤᠯᠬᠤ ᠵᠠᠷᠴᠢᠮ ᠵᠶ᠋ᠠᠷ᠂ ᠨᠦᠬᠦᠴᠡᠯ᠎ᠲᠠᠢ ᠮᠤᠵᠢ (ᠬᠤᠲᠠ) ᠵᠢ ᠰᠤᠩᠭᠤᠵᠤ ᠨᠢᠭᠡᠳᠦᠯᠲᠠᠢ ᠰᠢᠯᠭ᠋ᠠᠯᠲᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠦᠷᠨᠢᠭᠦᠯᠦᠨ᠎ᠡ᠃ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠴᠠᠭ ᠲᠤᠬᠠᠢᠳᠤᠨᠢ ᠲᠡᠭᠦᠯᠳᠡᠷᠵᠢᠭᠦᠯᠤᠨ ᠳ᠋ᠦᠩᠨᠡᠵᠤ᠂ ᠶᠡᠷᠦᠩᠭᠡᠢ᠌ᠯᠡᠭᠰᠡᠨ ᠦᠭᠡᠷᠡᠴᠢᠯᠡᠯᠲᠡ᠎ᠪᠠᠷ ᠳᠠᠮᠵᠢᠨ᠂ ᠨᠠᠮ᠎ᠤᠨ ᠰᠤᠷᠭ᠋ᠠᠨ ᠬᠦᠮᠦᠵᠢᠯ᠎ᠤᠨ ᠴᠢᠭᠯᠡᠯᠲᠡ ᠵᠢ ᠨᠡᠩ ᠰᠠᠢ᠌ᠲᠤᠷ ᠲᠤᠤᠱᠯᠠᠭᠤᠯᠵᠤ᠂ ᠬᠡᠪ ᠴᠢᠨᠠᠷ᠎ᠤᠨ ᠰᠤᠷᠭ᠋ᠠᠨ ᠬᠦᠮᠦᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠰᠤᠷᠤᠭᠴᠢ ᠵᠢᠨ ᠰᠤᠩᠭᠤᠯᠲᠠ ᠬᠢᠬᠦ ᠵᠢ ᠨᠡᠮᠡᠭᠳᠡᠬᠦᠯᠵᠤ᠂ ᠰᠤᠷᠤᠭᠴᠢ ᠵᠢᠨ ᠰᠢᠯᠭ᠋ᠠᠯᠲᠠ ᠵᠢᠨ ᠳᠠᠷᠤᠭ᠋ᠠᠰᠤ ᠵᠢ ᠦᠨᠡᠨᠬᠦ ᠬᠦᠩᠭᠡᠷᠡᠭᠦᠯᠦᠨ᠂ ᠰᠤᠷᠤᠭᠴᠢ ᠵᠢ ᠪᠦᠬᠦ ᠲᠠᠯ᠎ᠠ᠎ᠪᠠᠷ ᠬᠦᠭᠵᠢᠭᠦᠯᠬᠦ ᠮᠦᠷᠲᠡᠭᠡᠨ ᠪᠠᠰᠠ ᠦᠪᠡᠷᠮᠢᠴᠡ ᠴᠢᠳᠠᠪᠤᠷᠢ᠎ᠲᠠᠢ ᠪᠤᠯᠭ᠋ᠠᠨ ᠬᠦᠮᠦᠵᠢᠭᠦᠯᠬᠦ ᠵᠢ ᠠᠬᠢᠭᠤᠯᠤᠨ᠎ᠠ᠃ 2014 ᠤᠨ᠎ᠳᠤ ᠱᠠᠩᠬᠠᠢ ᠬᠤᠲᠠ᠂ ᠵᠸᠵᠢᠶᠠᠩ ᠮᠤᠵᠢ ᠲᠤᠰ ᠪᠦᠷᠢ ᠨᠢᠭᠡᠳᠦᠯᠲᠠᠢ ᠰᠢᠯᠭ᠋ᠠᠯᠲᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠲᠦᠰᠦᠯ᠎ᠢ ᠲᠤᠭᠲᠠᠭ᠋ᠠᠵᠤ᠂ 2014 ᠤᠨ᠎ᠤ ᠨᠠᠮᠤᠷ᠎ᠤᠨ ᠤᠯᠠᠷᠢᠯ᠎ᠤᠨ ᠰᠢᠨ᠎ᠡ ᠤᠷᠤᠯᠭ᠎ᠠ ᠵᠢᠨ ᠬᠤᠭᠤᠴᠠᠭ᠋ᠠᠨ᠎ᠤ ᠦᠨᠳᠦᠷ ᠵᠡᠷᠭᠡ ᠵᠢᠨ ᠳᠤᠮᠳᠠᠲᠤ ᠰᠤᠷᠭ᠋ᠠᠭᠤᠯᠢ ᠵᠢᠨ ᠨᠢᠭᠡᠳᠦᠭᠡᠷ ᠤᠨ᠎ᠤ ᠰᠤᠷᠤᠭᠴᠢ᠎ᠠᠴᠠ ᠡᠬᠢᠯᠡᠵᠤ ᠬᠡᠷᠡᠭᠵᠢᠬᠦᠯᠦᠨ᠎ᠡ᠃ ᠲᠤᠷᠰᠢᠯᠲᠠ ᠵᠢᠨ ᠴᠢᠭ᠋ ᠵᠶ᠋ᠠᠷ ᠪᠤᠰᠤᠳ ᠮᠤᠵᠢ (ᠦᠪᠡᠷᠲᠡᠭᠡᠨ ᠵᠠᠰᠠᠬᠤ ᠤᠷᠤᠨ᠂ ᠬᠤᠳᠠ) ᠵᠢᠨ᠎ᠬᠢᠨ᠎ᠤ ᠨᠢᠭᠡᠳᠦᠯᠲᠠᠢ ᠰᠢᠯᠭ᠋ᠠᠯᠲᠠ ᠵᠢᠨ ᠦᠭᠡᠷᠡᠴᠢᠯᠡᠯᠲᠡ ᠵᠢ ᠬᠢᠬᠦ᠎ᠳᠤ ᠬᠡᠷᠡᠴᠢ ᠪᠠᠷᠢᠮᠲᠠ ᠪᠤᠯᠭ᠋ᠠᠨ᠎ᠠ᠃
ᠭᠤᠷᠪᠠ᠂ ᠵᠤᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ
(ᠨᠢᠬᠡ) ᠬᠡᠷᠡᠭᠵᠢᠬᠦᠯᠬᠦ ᠲᠦᠰᠦᠯ᠎ᠢ ᠨᠡᠷᠢᠯᠢᠭ᠍ᠵᠢᠭᠤᠯᠤᠨᠠ᠃ ᠡᠯ᠎ᠡ ᠭᠠᠵᠠᠷ ᠤᠷᠤᠨ᠎ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠯᠭ᠋ᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ ᠵᠢ ᠴᠢᠬᠤᠯᠠᠴᠢᠯᠠᠨ᠂ ᠤᠳᠦᠷᠢᠳᠤᠯᠭ᠎ᠠ᠎ᠪᠠᠨ ᠦᠨᠡᠨᠬᠦ ᠴᠢᠩᠭ᠋ᠠᠳᠬᠠᠨ᠎ᠠ᠃ ᠰᠤᠷᠭ᠋ᠠᠨ ᠬᠦᠮᠦᠵᠢᠯ᠎ᠤᠨ ᠶᠠᠮᠤᠨ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠦᠭᠦᠷᠵᠢᠭᠰᠡᠨ ᠪᠢᠴᠢᠭ ᠮᠠᠲᠸᠷᠢᠶᠠᠯ᠎ᠢ ᠳᠠᠷᠤᠢ᠌ᠬᠠᠨ ᠰᠤᠳᠤᠯᠤᠨ ᠲᠤᠭᠲᠠᠭ᠋ᠠᠨ᠎ᠠ᠃ ᠡᠯ᠎ᠡ ᠮᠤᠵᠢ (ᠦᠪᠡᠷᠲᠡᠭᠡᠨ ᠵᠠᠰᠠᠬᠤ ᠤᠷᠤᠨ᠂ ᠬᠤᠲᠠ) ᠲᠤᠰ ᠭᠠᠵᠠᠷ ᠤᠷᠤᠨ᠎ᠤ᠎ᠪᠠᠨ ᠪᠤᠳᠠᠲᠤ ᠪᠠᠢ᠌ᠳᠠᠯ᠎ᠲᠠᠢ ᠤᠶᠠᠯᠳᠤᠭᠤᠯᠤᠨ᠂ ᠰᠢᠯᠭ᠋ᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ ᠵᠢ ᠬᠡᠷᠡᠭᠵᠢᠬᠦᠯᠬᠦ ᠲᠦᠰᠦᠯ᠎ᠢ ᠲᠤᠭᠲᠠᠭ᠋ᠠᠵᠤ᠂ ᠰᠤᠷᠭ᠋ᠠᠨ ᠬᠦᠮᠦᠵᠢᠯ᠎ᠤᠨ ᠶᠠᠮᠤᠨ᠎ᠳᠤ ᠮᠡᠳᠡᠭᠦᠯᠦᠭᠰᠡᠨ᠎ᠤ ᠳᠠᠷᠠᠭ᠎ᠠ ᠨᠡᠢ᠌ᠭᠡᠮ᠎ᠳᠤ ᠨᠡᠢ᠌ᠲᠡᠯᠡᠨ᠎ᠡ᠃
(ᠬᠤᠶᠠᠷ) ᠡᠮᠬᠢ ᠳᠠᠷᠠᠭ᠎ᠠ᠎ᠲᠠᠢ᠎ᠪᠠᠷ ᠠᠬᠢᠭᠤᠯᠵᠤ ᠬᠡᠷᠡᠭᠵᠢᠬᠦᠯᠦᠨ᠎ᠡ᠃ ᠰᠤᠷᠭ᠋ᠠᠨ ᠬᠦᠮᠦᠵᠢᠯ᠎ᠤᠨ ᠦᠶᠡᠯᠡᠯ᠎ᠤᠨ ᠬᠤᠭᠤᠴᠠᠭ᠎ᠠ ᠵᠢ ᠭᠦᠢ᠍ᠴᠡᠳ ᠪᠤᠳᠤᠯᠬᠢᠯᠠᠵᠤ᠂ ᠰᠢᠯᠭ᠋ᠠᠯᠲᠠ ᠬᠢᠵᠤ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ ᠵᠢ ᠬᠡᠷᠡᠭᠵᠢᠬᠦᠯᠬᠦ ᠲᠦᠰᠦᠯ ᠵᠶ᠋ᠠᠨ ᠤᠷᠢᠳᠴᠢᠯᠠᠨ ᠨᠡᠢ᠌ᠲᠡᠯᠡᠵᠤ᠂ ᠰᠢᠯᠭ᠋ᠠᠭᠤᠯᠤᠭᠰᠠᠳ ᠪᠤᠯᠤᠨ ᠨᠡᠢ᠌ᠭᠡᠮ ᠨᠡᠢ᠌ᠲᠡ᠎ᠳᠤ ᠲᠤᠲᠤᠷᠬᠠᠢ ᠪᠦᠭᠡᠳ ᠲᠤᠭᠲᠠᠩᠭᠤᠢ ᠵᠢᠱ᠌ᠢᠯᠲᠡ ᠦᠭᠭᠦᠨ᠎ᠡ᠃ ᠦᠭᠡᠷᠡᠴᠢᠯᠡᠯᠲᠡ ᠵᠢᠨ ᠳᠤᠮᠳᠠ ᠲᠤᠬᠢᠶᠠᠯᠳᠤᠭᠰᠠᠨ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠵᠢ ᠴᠠᠭ ᠲᠤᠬᠠᠢᠳᠤᠨᠢ ᠰᠤᠳᠤᠯᠤᠨ ᠲᠤᠭᠲᠠᠭ᠋ᠠᠵᠤ᠂ ᠲᠤᠷᠰᠢᠯᠭ᠎ᠠ᠎ᠪᠠᠨ ᠲᠠᠰᠤᠷᠠᠯᠲᠠ ᠦᠭᠡᠢ ᠳ᠋ᠦᠩᠨᠡᠵᠤ ᠠᠷᠭ᠎ᠠ ᠪᠠᠷᠢᠯ ᠵᠶ᠋ᠠᠨ ᠲᠡᠭᠦᠯᠳᠡᠷᠵᠢᠭᠦᠯᠦᠨ ᠲᠤᠬᠢᠷᠠᠭᠤᠯᠤᠨ᠎ᠠ᠃
(ᠭᠤᠷᠪᠠ) ᠤᠬᠠᠭᠤᠯᠵᠤ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠦᠭᠡᠷᠡᠴᠢᠯᠡᠯᠲᠡ ᠵᠢᠨ ᠲᠦᠰᠦᠯ ᠪᠤᠯᠤᠨ ᠲᠦᠷᠦ ᠵᠢᠨ ᠪᠤᠳᠤᠯᠭ᠎ᠠ ᠵᠢ ᠤᠬᠠᠭᠤᠯᠬᠤ ᠪᠠ ᠲᠠᠢ᠌ᠯᠪᠤᠷᠢᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠡᠢ᠌ᠭᠡᠮ ᠨᠡᠢ᠌ᠲᠡ ᠵᠢᠨ ᠠᠩᠬᠠᠷᠤᠯ ᠲᠦᠪᠯᠡᠷᠡᠯ᠎ᠳᠤ ᠬᠠᠷᠢᠭᠤ ᠲᠤᠰᠬᠠᠯ ᠦᠭᠴᠦ᠂ ᠲᠦᠭᠡᠷᠢᠭᠳᠡᠯᠢ ᠠᠷᠢᠯᠭ᠋ᠠᠨ ᠮᠠᠳᠠᠭ᠎ᠢ ᠲᠠᠢ᠌ᠯᠪᠤᠷᠢᠯᠠᠵᠤ᠂ ᠬᠠᠮᠲᠤ ᠵᠢᠨ ᠲᠠᠨᠢᠯᠲᠠ᠎ᠪᠠᠨ ᠨᠢᠭᠡᠳᠭᠡᠵᠤ᠂ ᠦᠭᠡᠷᠡᠴᠢᠯᠡᠯᠲᠡ ᠵᠢᠨ ᠤᠷᠤᠭᠰᠢᠲᠠᠢ ᠶᠠᠪᠤᠭᠳᠠᠬᠤ᠎ᠳᠤ ᠰᠠᠢ᠌ᠨ ᠰᠠᠢ᠌ᠬᠠᠨ ᠤᠷᠴᠢᠨ ᠲᠤᠭᠤᠷᠢᠨ᠎ᠢ ᠪᠦᠷᠢᠯᠳᠦᠬᠦᠯᠦᠨ᠎ᠡ᠃
ᠲᠦᠷᠦ ᠵᠢᠨ ᠶᠠᠪᠤᠳᠠᠯ᠎ᠤᠨ ᠬᠤᠷᠢᠶ᠎ᠠ
2014 ᠤᠨ 9 ᠰᠠᠷ᠎ᠠ ᠵᠢᠨ 3᠎ᠤ ᠡᠳᠦᠷ