ᠢᠯᠡ ᠵᠠᠰᠠᠭ   -   ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ
ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ
ᠨᠡᠶ᠋ᠢᠲᠡᠯᠡᠭᠰᠡᠨ ᠴᠠᠭ᠄ 2015-02-13

      (1986 ᠤᠨ᠎ᠤ 6 ᠰᠠᠷ᠎ᠠ ᠵᠢᠨ 25 ᠡᠳᠦᠷ᠎ᠤᠨ ᠵᠢᠷᠭᠤᠳᠣᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠨ ᠵᠢᠷᠭᠤᠳᠤᠭ᠋ᠠᠷ ᠬᠤᠷᠠᠯᠳᠣᠭ᠋ᠠᠨ᠎ᠠᠴᠠ ᠪᠠᠳᠣᠯᠠᠪᠠ᠂ 1988 ᠤᠨ᠎ᠤ 12 ᠰᠠᠷ᠎ᠡ ᠵᠢᠨ 29᠎ᠤ ᠡᠳᠦᠷ᠎ᠤᠨ ᠲᠤᠯᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠲᠠᠪᠤᠳᠤᠭ᠋ᠠᠷ ᠬᠤᠷᠠᠯᠳᠤᠭ᠋ᠠᠨ᠎ᠤ  《〈ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ〉᠎ᠳᠤ ᠵᠠᠰᠠᠪᠤᠷᠢ ᠤᠷᠤᠭᠤᠯᠬᠤ ᠲᠤᠭᠳᠠᠭ᠋ᠠᠯ》᠎ᠢ ᠦᠨᠳᠦᠰᠦᠯᠡᠵᠦ ᠠᠩᠬ᠎ᠠ ᠤᠳᠠᠭ᠎ᠠ ᠵᠠᠰᠠᠪᠠ᠂ 1998 ᠤᠨ᠎ᠤ 8 ᠰᠠᠷ᠎ᠡ ᠵᠢᠨ 29᠎ᠤ ᠡᠳᠦᠷ ᠶᠢᠰᠦᠳᠦᠭᠡᠷ ᠬᠤᠭᠤᠴᠭ᠋ᠠᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠲᠦᠷᠪᠡᠳᠦᠭᠡᠷ ᠬᠤᠷᠠᠯᠳᠤᠭ᠋ᠠᠨ᠎ᠠᠴᠠ ᠵᠠᠰᠠᠪᠤᠷᠢ ᠤᠷᠤᠭᠤᠯᠪᠠ᠂ 2004 ᠤᠨ᠎ᠤ 8 ᠰᠠᠷ᠎ᠡ ᠵᠢᠨ 28᠎ᠤ ᠡᠳᠦᠷ᠎ᠤᠨ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠠᠷᠪᠠᠨ ᠨᠢᠭᠡᠳᠦᠭᠡᠷ ᠬᠤᠷᠠᠯᠳᠤᠭ᠋ᠠᠨ᠎ᠤ 《〈ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ〉᠎ᠳᠤ ᠵᠠᠰᠠᠪᠤᠷᠢ ᠤᠷᠤᠭᠤᠯᠬᠤ ᠲᠤᠭᠳᠠᠭ᠋ᠠᠯ  》᠎ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠠ)


      ᠭᠠᠷᠴᠠᠭ  
      ᠨᠢᠭᠡᠳᠦᠭᠡᠷ ᠪᠦᠯᠦᠭ   ᠶᠠᠷᠦᠩᠭᠡᠢ ᠲᠦᠷᠢᠮ
      ᠬᠤᠶᠠᠳᠣᠭ᠋ᠠᠷ ᠪᠦᠯᠦᠭ   ᠭᠠᠵᠠᠷ ᠰᠢᠷᠦᠢ ᠵᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ
      ᠭᠤᠷᠪᠠᠳᠤᠭ᠋ᠠᠷ ᠪᠦᠯᠦᠭ   ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ
      ᠲᠦᠷᠪᠡᠳᠦᠭᠡᠷ ᠪᠦᠯᠦᠭ   ᠲᠠᠷᠢᠶᠠᠨ ᠭᠠᠵᠠᠷ᠎ᠢ ᠬᠠᠮᠠᠭ᠋ᠠᠯᠠᠬᠤ
      ᠲᠠᠪᠤᠳᠤᠭ᠋ᠠᠷ ᠪᠦᠯᠦᠭ   ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ
      ᠵᠢᠷᠭᠤᠳᠤᠭ᠋ᠠᠷ ᠪᠦᠯᠦᠭ   ᠬᠢᠨᠠᠯᠳᠠ ᠲᠠᠯᠪᠢᠵᠦ ᠪᠠᠢ᠌ᠴᠠᠭ᠋ᠠᠬᠤ
      ᠲᠤᠯᠤᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
      ᠨᠠᠢ᠍ᠮᠠᠳᠤᠭ᠋ᠠᠷ ᠪᠦᠯᠦᠭ   ᠲᠠᠭ᠋ᠠᠯᠳᠣᠭᠣᠯᠣᠭᠰᠠᠨ ᠲᠦᠷᠢᠮ


    ᠨᠢᠭᠡᠳᠦᠭᠡᠷ ᠪᠦᠯᠦᠭ     ᠶᠠᠷᠦᠩᠭᠡᠢ ᠲᠦᠷᠢᠮ  
      ᠨᠢᠭᠡᠳᠦᠭᠡᠷ ᠵᠦᠢ᠍ᠯ   ᠭᠠᠵᠠᠷ ᠰᠢᠷᠦᠢ ᠵᠢᠨ ᠬᠠᠮᠢᠶᠠᠷᠤᠯᠳᠠ ᠵᠢ ᠴᠢᠩᠭ᠋ᠠᠳᠬᠠᠵᠦ᠂ ᠭᠠᠵᠠᠷ ᠰᠢᠷᠦᠢ ᠵᠢᠨ ᠨᠡᠢ᠌ᠭᠡᠮ ᠵᠢᠷᠦᠮ᠎ᠤᠨ ᠨᠡᠢ᠌ᠳᠡ ᠵᠢᠨ ᠦᠮᠴᠢᠯᠡᠯ᠎ᠢ ᠬᠠᠮᠠᠭ᠋ᠠᠯᠠᠨ᠂ ᠭᠠᠵᠠᠷ ᠰᠢᠷᠦᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠨᠡᠭᠡᠭᠡᠨ ᠠᠰᠢᠭᠯᠠᠵᠦ᠂ ᠭᠠᠵᠠᠷ ᠰᠢᠷᠦᠢ ᠵᠢ ᠵᠦᠢ ᠵᠤᠬᠢᠰᠲᠠᠢ᠎ᠪᠠᠷ ᠠᠰᠢᠭᠯᠠᠨ᠂ ᠲᠠᠷᠢᠶᠠᠨ ᠭᠠᠵᠠᠷ᠎ᠢ ᠦᠨᠡᠨ ᠬᠦ᠌ ᠬᠠᠮᠠᠭ᠋ᠠᠯᠠᠵᠦ᠂ ᠨᠡᠢ᠌ᠭᠡᠮ ᠠᠵᠦ ᠠᠬᠤᠢ ᠵᠢᠨ ᠦᠷᠬᠦᠯᠵᠢᠯᠡᠬᠦ ᠬᠦᠭᠵᠢᠯᠳᠡ ᠵᠢ ᠠᠬᠢᠭᠤᠯᠬᠤ ᠵᠢᠨ ᠲᠦᠯᠦᠭᠡ᠂ ᠦᠨᠳᠦᠰᠦᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠤᠭᠳᠠᠭ᠋ᠠᠪᠠ᠃  
      ᠬᠤᠶᠠᠳᠣᠭ᠋ᠠᠷ ᠵᠦᠢ᠍ᠯ   ᠪᠦᠬᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠵᠢᠨ ᠨᠡᠢ᠌ᠭᠡᠮ ᠵᠢᠷᠦᠮ᠎ᠤᠨ ᠨᠡᠢ᠌ᠳᠡ ᠵᠢᠨ ᠦᠮᠴᠢᠯᠡᠯ᠂ ᠲᠤᠬᠠᠢ᠌ᠯᠠᠪᠠᠯ ᠠᠷᠠᠳ ᠨᠡᠢ᠌ᠳᠡ ᠵᠢᠨ ᠦᠮᠴᠢᠯᠡᠯ ᠪᠠ ᠬᠦᠳᠡᠯᠮᠦᠷᠢᠴᠢᠨ ᠲᠦᠮᠡᠨ᠎ᠤ ᠬᠠᠮᠳᠦ ᠵᠢᠨ ᠦᠮᠴᠢᠯᠡᠯ᠎ᠢ ᠬᠡᠷᠡᠭᠵᠢᠬᠦᠯᠦᠨ᠎ᠡ᠃
      ᠠᠷᠠᠳ ᠨᠡᠢ᠌ᠳᠡ ᠵᠢᠨ ᠦᠮᠴᠢᠯᠡᠯ᠂ ᠲᠤᠬᠠᠢ᠌ᠯᠠᠪᠠᠯ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢᠨ ᠦᠮᠴᠢᠯᠡᠯ᠎ᠤᠨ ᠡᠷᠭᠡ ᠵᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠤᠯᠤᠰ᠎ᠢ ᠲᠦᠯᠦᠭᠡᠯᠡᠨ ᠬᠡᠷᠡᠭᠵᠢᠬᠦᠯᠦᠨ᠎ᠡ᠃
      ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠵᠢ ᠡᠵᠡᠯᠡᠵᠦ᠂ ᠮᠠᠢ᠌ᠮᠠᠢ᠌ᠯᠠᠬᠤ ᠪᠤᠶᠤ ᠪᠤᠰᠤᠳ ᠬᠡᠯᠪᠡᠷᠢ᠎ᠪᠠᠷ ᠬᠠᠣᠯᠢ ᠪᠣᠰᠣ᠎ᠪᠠᠷ ᠰᠢᠯᠵᠢᠬᠦᠯᠦᠪ ᠦᠭᠴᠦ ᠪᠤᠯᠬᠤ ᠦᠭᠡᠢ᠃ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠬᠠᠤᠯᠢ ᠶᠤᠰᠤᠭ᠋ᠠᠷ ᠰᠢᠯᠵᠢᠬᠦᠯᠦᠨ ᠦᠭᠴᠦ ᠪᠤᠯᠤᠨ᠎ᠠ᠃
      ᠤᠯᠤᠰ᠎ᠠᠴᠠ ᠤᠯᠠᠨ ᠨᠡᠢ᠌ᠳᠡ ᠵᠢᠨ ᠠᠰᠢᠭ ᠲᠤᠰᠠ ᠵᠢᠨ ᠬᠡᠷᠡᠭᠴᠡᠭᠡ ᠵᠢᠨ ᠲᠦᠯᠦᠭᠡ ᠭᠠᠵᠠᠷ ᠰᠢᠷᠦᠢ ᠵᠢ ᠬᠠᠤᠯᠢ ᠶᠤᠰᠤᠭ᠋ᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃
      ᠤᠯᠤᠰ᠎ᠠᠴᠠ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠦᠨ᠎ᠡ ᠲᠦᠯᠦᠪᠤᠷᠢ᠎ᠲᠠᠢ᠎ᠪᠠᠷ ᠬᠡᠷᠡᠭᠯᠡᠬᠦ ᠲᠦᠷᠢᠮ᠎ᠢ ᠬᠠᠤᠯᠢ ᠶᠤᠰᠤᠭ᠋ᠠᠷ ᠬᠡᠷᠡᠭᠵᠢᠬᠦᠯᠦᠨ᠎ᠡ᠃ ᠭᠡᠪᠡᠴᠦ ᠤᠯᠤᠰ᠎ᠠᠴᠠ ᠬᠠᠤᠯᠢ ᠴᠠᠭ᠋ᠠᠵᠠ᠎ᠳᠤ ᠲᠤᠭᠳᠠᠭ᠋ᠠᠭᠰᠠᠨ ᠬᠡᠪᠴᠢᠶᠠᠨ ᠲᠤᠳᠤᠷ᠎ᠡ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠰᠢᠯᠵᠢᠬᠦᠯᠦᠨ ᠤᠯᠭᠤᠭᠰᠠᠨ ᠪᠠᠢ᠌ᠪᠠᠯ ᠡᠬᠦᠨ᠎ᠳᠤ ᠪᠠᠭᠳᠠᠬᠤ ᠦᠭᠡᠢ᠃  
      ᠭᠤᠷᠪᠠᠳᠤᠭ᠋ᠠᠷ ᠵᠦᠢ᠍ᠯ   ᠭᠠᠵᠠᠷ ᠰᠢᠷᠦᠢ ᠵᠢ ᠲᠦᠢ᠍ᠯ ᠵᠶ᠋ᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ ᠲᠠᠷᠢᠶᠠᠨ ᠭᠠᠵᠠᠷ᠎ᠢ ᠦᠨᠡᠨ ᠬᠦ᠌ ᠬᠠᠮᠠᠭ᠋ᠠᠯᠠᠬᠤ ᠪᠤᠯ ᠮᠠᠨ᠎ᠤ ᠤᠯᠤᠰ᠎ᠤᠨ ᠦᠨᠳᠦᠰᠦᠨ ᠪᠤᠳᠤᠯᠭ᠎ᠠ ᠮᠦᠨ᠃ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠠᠷᠭ᠎ᠠ ᠬᠡᠮᠵᠢᠶ᠎ᠡ ᠠᠪᠴᠦ ᠪᠠᠢ᠌ᠭ᠋ᠠᠳ ᠪᠦᠬᠦ ᠲᠠᠯ᠎ᠠ᠎ᠪᠠᠷ ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠵᠢᠨ ᠡᠬᠢ ᠪᠠᠶᠠᠯᠢᠭ᠎ᠢ ᠬᠠᠮᠠᠭ᠋ᠠᠯᠠᠨ᠂ ᠨᠡᠭᠡᠭᠡᠨ ᠠᠰᠢᠭᠯᠠᠵᠦ᠂ ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ ᠠᠵᠢᠯᠯᠠᠭ᠎ᠠ ᠵᠢ ᠬᠤᠷᠢᠭᠯᠠᠨ ᠵᠤᠭᠰᠤᠭ᠋ᠠᠬᠤ ᠬᠡᠷᠡᠭᠲᠠᠢ᠃  
      ᠲᠦᠷᠪᠡᠳᠦᠭᠡᠷ ᠵᠦᠢ᠍ᠯ   ᠤᠯᠤᠰ᠎ᠠᠴᠠ ᠭᠠᠵᠠᠷ ᠰᠢᠷᠦᠢ ᠵᠢᠨ ᠬᠡᠷᠡᠭᠯᠡᠯᠳᠡ ᠵᠢ ᠵᠠᠬᠢᠷᠤᠨ ᠬᠠᠮᠢᠶᠠᠷᠬᠤ ᠲᠦᠷᠢᠮ᠎ᠢ ᠬᠡᠷᠡᠭᠵᠢᠬᠦᠯᠦᠨ᠎ᠡ᠃
      ᠤᠯᠤᠰ᠎ᠠᠴᠠ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠵᠦ᠂ ᠭᠠᠵᠠᠷ ᠰᠢᠷᠦᠢ ᠵᠢᠨ ᠬᠡᠷᠡᠭᠯᠡᠯᠳᠡ ᠵᠢ ᠲᠤᠭᠳᠠᠭ᠋ᠠᠵᠦ᠂ ᠭᠠᠵᠠᠷ ᠰᠢᠷᠦᠢ ᠵᠢ ᠲᠡᠷᠢᠶᠠᠯᠠᠩ᠎ᠳᠤ ᠬᠡᠷᠡᠭᠯᠡᠬᠦ ᠭᠠᠵᠠᠷ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠠ ᠠᠰᠢᠭᠯᠠᠭ᠋ᠠᠳᠤᠢ ᠭᠠᠵᠠᠷ ᠭᠡᠵᠦ ᠬᠤᠪᠢᠶᠠᠨ᠎ᠠ᠃ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠨ ᠬᠤᠪᠢᠷᠠᠭ᠋ᠠᠬᠤ ᠵᠢ ᠴᠢᠩᠭ᠎ᠠ ᠬᠢᠵᠠᠭ᠋ᠠᠷᠯᠠᠵᠦ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠶᠡᠷᠦᠩᠭᠡᠢ ᠬᠡᠮᠵᠢᠶ᠎ᠡ ᠵᠢ ᠬᠢᠵᠠᠭ᠋ᠠᠷᠯᠠᠵᠦ᠂ ᠲᠠᠷᠢᠶᠠᠨ ᠭᠠᠵᠠᠷ᠎ᠲᠤ ᠤᠨᠴᠠᠭ᠋ᠠᠢ ᠬᠠᠮᠠᠭ᠋ᠠᠯᠠᠯᠳᠠ ᠶᠠᠪᠤᠭᠤᠯᠤᠨ᠎ᠠ᠃
    ᠡᠮᠦᠨᠡᠬᠢ ᠪᠠᠳᠠᠭ᠎ᠲᠤ ᠭᠡᠯᠡᠵᠦ ᠪᠠᠢ᠌ᠭ᠎ᠠ ᠲᠠᠷᠢᠶᠠᠯᠠᠩ᠎ᠳᠤ ᠬᠡᠷᠡᠭᠯᠡᠬᠦ ᠭᠠᠵᠠᠷ ᠭᠡᠳᠡᠭ᠎ᠨᠢ ᠲᠠᠷᠢᠶᠠᠨ ᠭᠠᠵᠠᠷ᠂ ᠰᠢᠭᠤᠢ᠌ᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ᠎ᠤᠨ ᠤᠰᠤᠨ ᠠᠰᠢᠭᠯᠠᠯᠳᠠ᠎ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠬᠦᠯᠬᠦ ᠤᠰᠤᠨ᠎ᠤ ᠭᠠᠳᠠᠷᠭᠤ ᠵᠡᠷᠭᠡ ᠵᠢ ᠪᠠᠭᠳᠠᠭ᠋ᠠᠭᠰᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠰᠢᠭᠤᠳ ᠬᠡᠷᠡᠭᠯᠡᠬᠦ ᠭᠠᠵᠠᠷ ᠰᠢᠷᠦᠢ ᠵᠢ ᠵᠢᠭ᠋ᠠᠵᠦ ᠪᠠᠢ᠌ᠨ᠎ᠠ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠬᠡᠳᠡᠭ᠎ᠨᠢ ᠬᠤᠳᠠ ᠬᠦᠳᠡᠭᠡ ᠵᠢᠨ ᠤᠷᠤᠨ ᠰᠠᠭᠤᠴᠠ ᠪᠠ ᠨᠠᠢ᠌ᠳᠡ ᠵᠢᠨ ᠬᠡᠷᠡᠭᠯᠡᠬᠡᠨ᠎ᠤ ᠲᠦᠬᠦᠭᠡᠷᠦᠮᠵᠢ᠎ᠳᠤ ᠬᠡᠷᠡᠭᠯᠡᠬᠦ ᠭᠠᠵᠠᠷ᠂ ᠦᠢ᠍ᠯᠡᠳᠪᠦᠷᠢ ᠠᠭᠤᠷᠬᠠᠢ᠎ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠵᠢᠨ ᠲᠦᠬᠦᠭᠡᠷᠦᠮᠵᠢ᠎ᠳᠤ ᠬᠡᠷᠡᠭᠯᠡᠬᠦ ᠭᠠᠵᠠᠷ᠂ ᠵᠤᠭ᠋ᠠᠴᠠᠯ᠎ᠳᠤ ᠬᠡᠷᠡᠭᠯᠡᠬᠦ ᠭᠠᠵᠠᠷ᠂ ᠵᠤᠭ᠋ᠠᠴᠠᠯ᠎ᠳᠤ ᠬᠡᠷᠡᠭᠯᠡᠬᠦ ᠭᠠᠵᠠᠷ᠂ ᠴᠡᠷᠢᠭ᠎ᠤᠨ ᠶᠠᠪᠤᠳᠠᠯ᠎ᠤᠨ ᠲᠦᠬᠦᠭᠡᠷᠦᠮᠵᠢ᠎ᠳᠤ ᠬᠡᠷᠡᠭᠯᠡᠬᠦ ᠭᠠᠵᠠᠷ ᠵᠡᠷᠭᠡ ᠵᠢ ᠪᠠᠭᠳᠠᠭ᠋ᠠᠭᠰᠠᠨ ᠪᠠᠷᠢᠯᠭ᠎ᠠ᠂ ᠪᠠᠷᠢᠯᠭ᠎ᠠ ᠵᠢᠨ ᠡᠳ᠋᠎ᠢ ᠪᠠᠢ᠌ᠭᠤᠯᠬᠤ᠎ᠳᠤ ᠬᠡᠷᠡᠭᠯᠡᠬᠦ ᠭᠠᠵᠠᠷ ᠰᠢᠷᠦᠢ ᠵᠢ ᠵᠢᠭ᠋ᠠᠵᠦ ᠪᠠᠢ᠌ᠨ᠎ᠠ; ᠠᠰᠢᠭᠯᠠᠭ᠋ᠠᠳᠦᠢ ᠭᠠᠵᠠᠷ ᠭᠡᠳᠡᠭ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠠᠴᠠ ᠪᠤᠰᠤᠳ ᠭᠠᠵᠠᠷ ᠰᠢᠷᠦᠢ ᠵᠢ ᠵᠢᠭ᠋ᠠᠵᠦ ᠪᠠᠢ᠌ᠨ᠎ᠠ᠃
      ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠡᠷᠡᠭᠯᠡᠯᠳᠡ ᠵᠢ ᠴᠢᠩᠭ᠎ᠠ ᠵᠢᠷᠦᠮᠯᠠᠨ ᠭᠠᠵᠠᠷ ᠰᠢᠷᠦᠢ ᠵᠢ ᠬᠡᠷᠡᠭᠯᠡᠬᠦ ᠬᠡᠷᠡᠭᠲᠠᠢ᠃
      ᠲᠠᠪᠤᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠪᠦᠬᠦ ᠤᠯᠤᠰ᠎ᠤᠨ ᠭᠠᠵᠠᠷ ᠰᠢᠷᠦᠢ ᠵᠢ ᠬᠠᠮᠢᠶᠠᠷᠴᠦ ᠬᠢᠨᠠᠬᠤ ᠠᠵᠢᠯ᠎ᠢ ᠨᠢᠭᠡᠳᠦᠯᠲᠠᠢ ᠬᠠᠷᠢᠭᠤᠴᠠᠨ᠎ᠠ᠃
      ᠰᠢᠶᠠᠨ᠎ᠤ ᠱᠠᠳᠤᠨ᠎ᠠᠴᠠ ᠲᠡᠭᠡᠭᠰᠢᠬᠢ ᠣᠷᠣᠨ ᠨᠤᠳᠤᠭ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠢ ᠪᠠᠢ᠌ᠭᠤᠯᠬᠤ ᠵᠢᠴᠢ ᠲᠠᠬᠦᠨ᠎ᠤ ᠲᠤᠰᠢᠶᠠᠯ ᠬᠠᠷᠢᠭᠤᠴᠠᠯᠭ᠎ᠠ ᠵᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠲᠤᠭᠳᠠᠭ᠋ᠠᠯ᠎ᠢ ᠦᠨᠳᠦᠰᠦᠯᠡᠨ ᠲᠤᠭᠳᠠᠭ᠋ᠠᠨ᠎ᠠ᠃  
      ᠵᠢᠷᠭᠤᠳᠤᠭ᠋ᠠᠷ ᠵᠦᠢ᠍ᠯ   ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ ᠴᠠᠭ᠋ᠠᠵᠠ᠂ ᠬᠠᠤᠯᠢ ᠲᠦᠷᠢᠮ᠎ᠢ ᠵᠢᠷᠦᠮᠯᠠᠨ ᠰᠠᠬᠢᠬᠤ ᠡᠬᠦᠷᠭᠡ᠎ᠲᠠᠢ ᠪᠦᠭᠡᠳ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠠᠴᠠ ᠵᠦᠷᠢᠴᠡᠭᠰᠡᠨ ᠠᠵᠢᠯᠯᠠᠭ᠎ᠠ ᠵᠢ ᠢᠯᠡᠴᠢᠯᠡᠨ ᠵᠠᠭ᠋ᠠᠯᠳᠤᠬᠤ ᠡᠷᠭᠡ᠎ᠲᠠᠢ᠃
      ᠲᠤᠯᠤᠳᠤᠭ᠋ᠠᠷ ᠵᠦᠢ᠍ᠯ   ᠭᠠᠵᠠᠷ ᠰᠢᠷᠦᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠨᠡᠭᠡᠭᠡᠨ ᠠᠰᠢᠭᠯᠠᠬᠤ᠂ ᠭᠠᠵᠠᠷ ᠰᠢᠷᠦᠢ ᠵᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠣᠳᠣᠯᠭ᠋ᠠᠨ ᠬᠢᠬᠦ ᠵᠡᠷᠭᠡ ᠲᠠᠯ᠎ᠠ᠎ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ᠎ᠢ ᠠᠷᠠᠳ᠎ᠤᠨ ᠵᠠᠰᠠᠭ᠎ᠤᠨ ᠤᠷᠳᠤᠨ᠎ᠠᠴᠠ ᠬᠦᠬᠢᠬᠦᠯᠦᠨ ᠱᠠᠩᠨᠠᠨ᠎ᠠ᠃
    ᠬᠤᠶᠠᠳᠣᠭ᠋ᠠᠷ ᠪᠦᠯᠦᠭ   ᠭᠠᠵᠠᠷ ᠰᠢᠷᠦᠢ ᠵᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ
      ᠨᠠᠢ᠍ᠮᠠᠳᠣᠭ᠋ᠠᠷ ᠵᠦᠢ᠍ᠯ   ᠬᠤᠳᠠ ᠵᠢᠨ ᠲᠤᠭᠤᠷᠢᠭ᠎ᠤᠨ ᠭᠠᠵᠠᠷ ᠰᠢᠷᠦᠢ ᠪᠤᠯ ᠤᠯᠤᠰ᠎ᠤᠨ ᠦᠮᠴᠢᠯᠡᠯ᠎ᠳᠤ ᠬᠠᠷᠢᠶᠠᠯᠠᠭᠳᠠᠨ᠎ᠠ᠃
      ᠬᠦᠳᠡᠭᠡ ᠲᠤᠰᠬᠤᠨ ᠪᠠ ᠬᠤᠳᠠ ᠵᠢᠨ ᠲᠡᠬᠦᠷᠭᠡ ᠵᠢᠨ ᠭᠠᠵᠠᠷ ᠰᠢᠷᠦᠢ ᠵᠢᠨ ᠤᠯᠤᠰ᠎ᠤᠨ ᠦᠮᠴᠢᠯᠡᠯ᠎ᠳᠤ ᠬᠠᠷᠢᠶᠠᠯᠠᠭᠳᠠᠨ᠎ᠠ ᠭᠡᠵᠦ ᠬᠠᠤᠯᠢ ᠴᠠᠭ᠋ᠠᠵᠠ᠎ᠳᠤ ᠲᠤᠭᠳᠠᠭ᠋ᠠᠭᠰᠠᠨ᠎ᠠᠴᠠ ᠪᠤᠰᠣᠳ᠎ᠨᠢ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠬᠠᠷᠢᠶᠠᠯᠠᠭᠳᠠᠨ᠎ᠠ; ᠤᠷᠤᠨ ᠰᠠᠭᠤᠴᠠ ᠵᠢᠨ ᠭᠠᠵᠠᠷ ᠪᠠ ᠬᠤᠪᠢᠨ᠎ᠳᠠᠭᠠᠨ ᠦᠯᠡᠳᠡᠭᠡᠭᠰᠡᠨ ᠲᠡᠷᠢᠶ᠎ᠡ᠂ ᠬᠤᠪᠢᠨ᠎ᠳᠠᠭᠠᠨ ᠦᠯᠡᠳᠡᠭᠡᠭᠰᠡᠨ ᠠᠭᠤᠯᠠ᠎ᠨᠢ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠬᠠᠷᠢᠶᠠᠯᠠᠭᠳᠠᠨ᠎ᠠ᠃  
      ᠶᠢᠰᠦᠳᠦᠭᠡᠷ ᠵᠦᠢ᠍ᠯ   ᠣᠯᠣᠰ᠎ᠤᠨ ᠦᠮᠴᠢᠯᠡᠯ᠎ᠤᠨ ᠭᠠᠵᠠᠷ ᠰᠢᠷᠦᠢ ᠪᠠ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠬᠠᠤᠯᠢ ᠶᠤᠰᠤᠭ᠋ᠠᠷ ᠨᠢᠭᠡᠴᠢ ᠪᠤᠶᠤ ᠬᠤᠪᠢ ᠬᠦᠮᠦᠨ᠎ᠳᠤ ᠦᠭᠴᠦ ᠬᠡᠷᠡᠭᠯᠡᠬᠦᠯᠬᠦ᠎ᠪᠠᠷ ᠲᠤᠭᠳᠠᠭ᠋ᠠᠵᠦ ᠪᠤᠯᠤᠨ᠎ᠠ᠃ ᠭᠠᠵᠠᠷ ᠰᠢᠷᠦᠢ ᠵᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠵᠢ ᠬᠠᠮᠠᠭ᠋ᠠᠯᠠᠬᠤ᠂ ᠬᠠᠮᠢᠶᠠᠷᠬᠤ ᠪᠠ ᠵᠦᠢ ᠵᠤᠬᠢᠰᠲᠠᠢ᠎ᠪᠠᠷ ᠠᠰᠢᠭᠯᠠᠬᠤ ᠡᠬᠦᠷᠭᠡ᠎ᠲᠠᠢ᠃  
      ᠠᠷᠪᠠᠳᠣᠭ᠋ᠠᠷ ᠵᠦᠢ᠍ᠯ   ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ᠎ᠨᠢ ᠬᠠᠤᠯᠢ ᠶᠤᠰᠤᠭ᠋ᠠᠷ ᠭᠠᠴᠠᠭ᠋ᠠᠨ᠎ᠤ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠬᠠᠷᠢᠶᠠᠯᠠᠭᠳᠠᠵᠦ ᠪᠠᠢ᠌ᠪᠠᠯ᠂ ᠭᠠᠴᠠᠭ᠎ᠠ ᠵᠢᠨ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠪᠤᠶᠤ ᠭᠠᠴᠠᠭ᠋ᠠᠨ᠎ᠤ ᠠᠷᠠᠳ᠎ᠤᠨ ᠵᠦᠪᠯᠡᠯ᠎ᠠᠴᠠ ᠡᠵᠡᠩᠨᠡᠵᠦ ᠬᠠᠮᠢᠶᠠᠷᠤᠨ᠎ᠠ; ᠨᠢᠭᠡᠨᠳᠡ ᠭᠠᠴᠠᠭ᠎ᠠ ᠵᠢᠨ ᠲᠤᠳᠤᠷᠠᠬᠢ ᠬᠤᠶᠠᠷ᠎ᠠᠴᠠ ᠲᠡᠭᠡᠰᠢᠬᠢ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠲᠤᠰ ᠲᠤᠰ ᠬᠠᠷᠢᠶᠠᠯᠠᠭᠳᠠᠵᠦ ᠪᠠᠢ᠌ᠪᠠᠯ᠂ ᠭᠠᠴᠠᠭ᠎ᠠ ᠵᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠪᠤᠶᠤ ᠭᠠᠴᠠᠭ᠋ᠠᠨ᠎ᠤ ᠠᠷᠠᠳ᠎ᠤᠨ ᠲᠤᠭᠤᠢ᠌ᠯᠠᠩ᠎ᠠᠴᠠ ᠡᠵᠡᠩᠨᠡᠵᠦ ᠬᠠᠮᠢᠶᠠᠷᠤᠨ᠎ᠠ; ᠨᠢᠭᠡᠨᠳᠡ ᠰᠤᠮᠤ (ᠪᠠᠯᠭ᠋ᠠᠰᠦ) ᠵᠢᠨ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠬᠠᠷᠢᠶᠠᠯᠠᠭᠳᠠᠵᠦ ᠪᠠᠢ᠌ᠪᠠᠯ᠂ ᠰᠤᠮᠤ (ᠪᠠᠯᠭ᠋ᠠᠰᠦ) ᠵᠢᠨ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠠᠴᠠ ᠡᠵᠡᠩᠨᠡᠵᠦ ᠬᠠᠮᠢᠶᠠᠷᠤᠨ᠎ᠠ᠃
      ᠠᠷᠪᠠᠨ ᠨᠢᠭᠡᠳᠦᠭᠡᠷ ᠵᠦᠢ᠍ᠯ   ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤ ᠭᠠᠵᠠᠷ ᠰᠢᠷᠦᠢ ᠵᠢ ᠰᠢᠶᠠᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭ᠋ᠠᠳ ᠦᠨᠡᠮᠯᠡᠯ ᠤᠯᠭᠤᠨ᠂ ᠦᠮᠴᠢᠯᠡᠯ᠎ᠤᠨ ᠡᠷᠭᠡ ᠵᠢ᠎ᠨᠢ ᠨᠤᠳᠠᠯᠠᠨ ᠲᠤᠭᠳᠠᠭ᠋ᠠᠨ᠎ᠠ᠃
      ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠬᠠᠤᠯᠢ ᠶᠤᠰᠤᠭ᠋ᠠᠷ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ᠎ᠳᠤ ᠬᠦᠷᠪᠡᠯ᠂ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭ᠋ᠠᠳ ᠦᠨᠡᠮᠯᠡᠯ ᠤᠯᠭᠤᠨ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠭᠡ ᠵᠢ᠎ᠨᠢ ᠨᠤᠳᠠᠯᠠᠨ ᠲᠤᠭᠳᠠᠭ᠋ᠠᠨ᠎ᠠ᠃
      ᠨᠢᠭᠡᠴᠢ ᠪᠠ ᠬᠤᠪᠢ ᠬᠦᠮᠦᠨ ᠬᠠᠤᠯᠢ ᠶᠤᠰᠤᠭ᠋ᠠᠷ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠳᠤ ᠬᠦᠷᠪᠡᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠲᠠᠩᠰᠠᠯᠠᠨ ᠲᠡᠮᠳᠡᠭᠯᠡᠵᠦ᠂ ᠬᠢᠨᠠᠨ ᠬᠠᠷᠭᠤᠭᠤᠯᠤᠭ᠋ᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠵᠢ᠎ᠨᠢ ᠨᠤᠳᠠᠯᠠᠨ ᠲᠤᠭᠳᠠᠭ᠋ᠠᠨ᠎ᠠ; ᠡᠬᠦᠨ᠎ᠤ ᠲᠤᠳᠤᠷ᠎ᠡ᠂ ᠲᠦᠪ᠎ᠤᠨ ᠲᠦᠷᠦ ᠵᠢᠨ ᠪᠠᠢ᠌ᠭᠤᠯᠭ᠎ᠠ ᠵᠢᠨ ᠬᠡᠷᠡᠭᠯᠡᠬᠦ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠪᠤᠳᠠᠳᠠᠢ᠎ᠪᠠᠷ ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠢ᠌ᠭᠤᠯᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠲᠤᠭᠳᠠᠭ᠋ᠠᠨ᠎ᠠ᠃
ᠰᠢᠭᠤᠢ᠌ᠳᠦ ᠭᠠᠵᠠᠷ᠂ ᠨᠤᠳᠤᠭ ᠪᠡᠯᠴᠢᠭᠡᠷ᠎ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠵᠢ ᠨᠤᠳᠠᠯᠠᠨ ᠲᠤᠭᠳᠠᠭ᠋ᠠᠬᠤ᠂ ᠤᠰᠤᠨ᠎ᠤ ᠭᠠᠳᠠᠷᠭᠤ᠂ ᠲᠠᠯᠠᠢ ᠵᠢᠨ ᠲᠠᠩ᠎ᠢ ᠠᠰᠢᠭᠯᠠᠨ ᠲᠡᠵᠢᠭᠡᠨ ᠦᠷᠡᠵᠢᠬᠦᠯᠬᠦ ᠠᠵᠢᠯ᠎ᠳᠤ ᠬᠡᠷᠡᠭᠯᠡᠬᠦ ᠡᠷᠭᠡ ᠵᠢ ᠨᠤᠳᠠᠯᠠᠨ ᠲᠤᠭᠳᠠᠭ᠋ᠠᠬᠤ᠎ᠳᠤ《ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠤᠢ ᠰᠢᠭᠤᠢ ᠵᠢᠨ ᠬᠠᠤᠯᠢ》᠂《ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠨᠤᠳᠤᠭ ᠪᠡᠯᠴᠢᠭᠡᠷ᠎ᠤᠨ ᠬᠠᠤᠯᠢ》ᠪᠤᠯᠤᠨ《ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠵᠢᠭ᠋ᠠᠰᠤᠨ ᠠᠵᠦ ᠠᠬᠤᠢ ᠵᠢᠨ ᠬᠠᠤᠯᠢ》ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠲᠤᠰ ᠲᠤᠰ ᠰᠢᠢ᠍ᠳᠪᠦᠷᠢᠯᠡᠨ᠎ᠡ᠃
      ᠠᠷᠪᠠᠨ ᠬᠤᠶᠠᠳᠦᠭ᠋ᠠᠷ ᠵᠦᠢ᠍ᠯ   ᠭᠠᠵᠠᠷ ᠰᠢᠷᠦᠢ ᠵᠢᠨ ᠡᠷᠭᠡ ᠵᠢᠨ ᠬᠠᠷᠢᠶᠠᠯᠠᠯ ᠪᠠ ᠬᠡᠷᠡᠭᠯᠡᠯᠳᠡ ᠵᠢ ᠬᠠᠤᠯᠢ ᠶᠤᠰᠤᠭ᠋ᠠᠷ ᠬᠤᠪᠢᠷᠠᠭ᠋ᠠᠬᠤ᠎ᠳᠤ ᠬᠦᠷᠪᠡᠯ᠂ ᠭᠠᠵᠠᠷ ᠰᠢᠷᠦᠢ ᠵᠢᠨ ᠡᠷᠭᠡ ᠵᠢᠨ ᠬᠠᠷᠢᠶᠠᠯᠠᠯ᠂ ᠬᠡᠷᠡᠭᠯᠡᠯᠳᠡ ᠵᠢ ᠬᠤᠪᠢᠷᠠᠭ᠋ᠠᠬᠤ ᠲᠠᠩᠰᠠᠯᠠᠯᠳᠠ ᠵᠢᠨ ᠭᠠᠷ ᠬᠦᠢ᠍ᠴᠡᠳᠭᠡᠯ ᠬᠢᠬᠦ ᠬᠡᠷᠡᠭᠲᠠᠢ᠃
      ᠠᠷᠪᠠᠨ ᠭᠤᠷᠪᠠᠳᠦᠭ᠋ᠠᠷ ᠵᠦᠢ᠍ᠯ   ᠬᠠᠤᠯᠢ ᠶᠤᠰᠤᠭ᠋ᠠᠷ ᠲᠠᠩᠰᠠᠯᠠᠭᠤᠯᠤᠭᠰᠠᠨ ᠭᠠᠵᠠᠷ ᠰᠢᠷᠦᠢ ᠵᠢᠨ ᠦᠮᠴᠢᠯᠡᠬᠦ ᠡᠷᠬᠡ ᠪᠠ ᠬᠡᠷᠡᠭᠯᠡᠬᠦ ᠡᠷᠭᠡ ᠵᠢ ᠬᠠᠤᠯᠢ᠎ᠪᠠᠷ ᠬᠠᠮᠠᠭ᠋ᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ ᠪᠤᠯᠬᠤ ᠦᠭᠡᠢ᠃  
      ᠠᠷᠪᠠᠨ ᠲᠦᠷᠪᠡᠳᠦᠭᠡᠷ ᠵᠦᠢ᠍ᠯ   ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠲᠤᠰ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠪᠦᠷᠢᠯᠳᠦᠬᠦᠨ ᠨᠠᠷ ᠲᠠᠭ᠋ᠠᠭ᠋ᠠᠴᠢᠯᠠᠨ ᠡᠵᠡᠩᠨᠡᠵᠦ᠂ ᠲᠠᠷᠢᠮᠠᠯ᠎ᠤᠨ ᠦᠢ᠍ᠯᠡᠰ᠂ ᠤᠢ ᠰᠢᠭᠤᠢ ᠵᠢᠨ ᠠᠵᠦ ᠠᠬᠤᠢ᠂ ᠮᠠᠯ ᠠᠵᠦ ᠠᠬᠤᠢ᠂ ᠵᠢᠭ᠋ᠠᠰᠤᠨ ᠠᠵᠦ ᠠᠬᠤᠢ ᠵᠢᠨ ᠦᠢ᠍ᠯᠡᠳᠪᠦᠷᠢᠯᠡᠯ ᠬᠢᠨ᠎ᠡ᠃ ᠭᠠᠵᠠᠷ ᠰᠢᠷᠦᠢ ᠵᠢ ᠲᠠᠭ᠋ᠠᠭ᠋ᠠᠴᠢᠯᠠᠨ ᠡᠵᠡᠩᠨᠡᠬᠦ ᠬᠤᠭᠤᠴᠠᠭ᠎ᠠ᠎ᠨᠢ ᠭᠤᠴᠢᠨ ᠵᠢᠯ ᠪᠤᠯᠤᠨ᠎ᠠ᠃ ᠲᠠᠭ᠋ᠠᠭ᠋ᠠᠴᠢᠯᠠᠭᠤᠯᠬᠤ ᠡᠳᠡᠭᠡᠳ ᠪᠠ ᠲᠠᠭ᠋ᠠᠭ᠋ᠠᠴᠢᠯᠠᠬᠤ ᠡᠳᠡᠭᠡᠳ ᠬᠤᠭᠤᠷᠤᠨᠳᠦ᠎ᠪᠠᠨ ᠲᠠᠭ᠋ᠠᠭ᠋ᠠᠴᠢᠯᠠᠯᠳᠠ ᠵᠢᠨ ᠬᠡᠷ᠎ᠡ ᠲᠤᠭᠳᠠᠭ᠋ᠠᠵᠦ᠂ ᠬᠤᠶᠠᠷ ᠡᠳᠡᠭᠡᠳ᠎ᠤᠨ ᠡᠷᠭᠡ ᠪᠠ ᠡᠬᠦᠷᠭᠡ ᠵᠢ ᠪᠤᠯᠵᠤᠨ ᠲᠤᠭᠳᠠᠭ᠋ᠠᠬᠤ ᠬᠡᠷᠡᠭᠲᠠᠢ᠃ ᠭᠠᠵᠠᠷ ᠰᠢᠷᠦᠢ ᠵᠢ ᠲᠠᠭ᠋ᠠᠭ᠋ᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠵᠢ ᠬᠠᠮᠠᠭ᠋ᠠᠯᠠᠬᠤ᠂ ᠭᠠᠵᠠᠷ ᠰᠢᠷᠦᠢ ᠵᠢᠨ ᠲᠠᠭ᠋ᠠᠭ᠋ᠠᠴᠢᠯᠠᠯᠳᠠ ᠵᠢᠨ ᠭᠡᠷ᠎ᠡ᠎ᠳᠤ ᠪᠤᠯᠵᠤᠨ ᠲᠤᠭᠳᠠᠭ᠋ᠠᠭᠰᠠᠨ ᠬᠡᠷᠡᠭᠯᠡᠯᠳᠡ ᠶᠤᠰᠤᠭ᠋ᠠᠷ ᠭᠠᠵᠠᠷ ᠰᠢᠷᠦᠢ ᠵᠢ ᠵᠦᠢ ᠵᠤᠬᠢᠰᠲᠠᠢ ᠠᠰᠢᠭᠯᠠᠬᠤ ᠡᠬᠦᠷᠭᠡ᠎ᠲᠠᠢ᠃ ᠲᠠᠷᠢᠶᠠᠴᠢᠳ᠎ᠤᠨ ᠭᠠᠵᠷ ᠰᠢᠷᠦᠢ ᠲᠠᠭ᠋ᠠᠭ᠋ᠠᠴᠢᠯᠠᠨ ᠡᠵᠡᠩᠨᠡᠬᠦ ᠡᠷᠭᠡ ᠵᠢ ᠬᠠᠤᠯᠢ᠎ᠪᠠᠷ ᠬᠠᠮᠠᠭ᠋ᠠᠯᠠᠨ᠎ᠠ᠃
      ᠭᠠᠵᠠᠷ ᠰᠢᠷᠦᠢ ᠵᠢ ᠲᠠᠭ᠋ᠠᠭ᠋ᠠᠴᠢᠯᠠᠨ ᠡᠵᠡᠩᠨᠡᠬᠦ ᠬᠤᠭᠤᠴᠠᠭ᠋ᠠᠨ᠎ᠳᠤ ᠤᠨᠴᠠ ᠵᠠᠷᠢᠮ ᠲᠠᠭ᠋ᠠᠭ᠋ᠠᠴᠢᠯᠠᠨ ᠡᠵᠡᠩᠨᠡᠭᠴᠢᠳ᠎ᠤᠨ ᠬᠤᠭᠤᠷᠤᠨᠳᠤᠬᠢ ᠲᠠᠭ᠋ᠠᠭ᠋ᠠᠴᠢᠯᠠᠭᠰᠠᠨ ᠭᠠᠵᠠᠷ ᠰᠢᠷᠦᠢ᠎ᠳᠤ ᠵᠤᠬᠢᠰᠲᠠᠢ ᠲᠤᠬᠢᠷᠠᠭᠤᠯᠤᠯᠳᠠ ᠬᠢᠬᠦ᠎ᠳᠤ ᠬᠦᠷᠪᠡᠯ᠂ ᠡᠷᠭᠡᠪᠰᠢ ᠭᠠᠴᠠᠭ᠋ᠠᠨ᠎ᠤ ᠠᠷᠠᠳ᠎ᠤᠨ ᠬᠤᠷᠠᠯ᠎ᠤᠨ ᠭᠤᠷᠪᠠᠨ᠎ᠤ ᠬᠤᠶᠠᠷ ᠬᠤᠪᠢ᠎ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ᠎ᠤ ᠬᠤᠶᠠᠷ ᠬᠤᠪᠢ᠎ᠠᠴᠠ ᠲᠡᠭᠡᠭᠰᠢᠬᠢ ᠭᠠᠴᠠᠭ᠋ᠠᠨ᠎ᠤ ᠠᠷᠠᠳ᠎ᠤᠨ ᠲᠦᠯᠦᠭᠡᠯᠡᠭᠴᠢᠳ ᠵᠶ᠋ᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ᠎ᠠᠴᠠ (ᠪᠠᠯᠭ᠋ᠠᠰᠦ) ᠵᠢᠨ ᠠᠷᠠᠳ᠎ᠤᠨ ᠵᠠᠰᠠᠭ᠎ᠤᠨ ᠤᠷᠳᠤᠨ ᠪᠠ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃
      ᠠᠷᠪᠠᠨ ᠲᠠᠪᠤᠳᠤᠭ᠋ᠠᠷ ᠵᠦᠢ᠍ᠯ   ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠨᠢᠭᠡᠴᠢ ᠪᠤᠶᠤ ᠬᠤᠪᠢ ᠬᠦᠮᠦᠨ ᠲᠠᠭ᠋ᠠᠭ᠋ᠠᠴᠢᠯᠠᠨ ᠡᠵᠡᠩᠨᠡᠵᠦ᠂ ᠲᠠᠷᠢᠮᠠᠯ᠎ᠤᠨ ᠦᠢ᠍ᠯᠡᠰ᠂ ᠤᠢ ᠰᠢᠭᠤᠢ ᠵᠢᠨ ᠠᠵᠦ ᠠᠬᠤᠢ᠂ ᠮᠠᠯ ᠠᠵᠦ ᠠᠬᠤᠢ᠂ ᠵᠢᠭ᠋ᠠᠰᠤᠨ ᠠᠵᠦ ᠠᠬᠤᠢ ᠵᠢᠨ ᠦᠢ᠍ᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠲᠤᠰ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭ᠋ᠠᠭ᠋ᠠᠴᠢᠯᠠᠨ ᠡᠵᠡᠩᠨᠡᠵᠦ᠂ ᠲᠠᠷᠢᠮᠠᠯ᠎ᠤᠨ ᠦᠢ᠍ᠯᠡᠰ᠂ ᠤᠢ ᠰᠢᠭᠤᠢ ᠵᠢᠨ ᠠᠵᠦ ᠠᠬᠤᠢ᠂ ᠮᠠᠯ ᠠᠵᠦ ᠠᠬᠤᠢ᠂ ᠵᠢᠭ᠋ᠠᠰᠣᠨ ᠠᠵᠦ ᠠᠬᠤᠢ ᠵᠢᠨ ᠦᠢ᠍ᠯᠡᠳᠪᠦᠷᠢᠯᠡᠯ ᠬᠢᠵᠦ ᠪᠤᠯᠤᠨ᠎ᠠ᠃ ᠲᠠᠭ᠋ᠠᠭ᠋ᠠᠴᠢᠯᠠᠭᠤᠯᠬᠤ ᠡᠳᠡᠭᠡᠳ ᠪᠠ ᠲᠠᠭ᠋ᠠᠭ᠋ᠠᠴᠢᠯᠠᠬᠤ ᠡᠳᠡᠭᠡᠳ ᠬᠤᠭᠤᠷᠤᠨᠳᠦ᠎ᠪᠠᠨ ᠲᠠᠭ᠋ᠠᠭ᠋ᠠᠴᠢᠯᠠᠯᠳᠠ ᠵᠢᠨ ᠭᠡᠷ᠎ᠡ ᠲᠤᠭᠳᠠᠭ᠋ᠠᠵᠦ᠂ ᠬᠤᠶᠠᠷ ᠡᠳᠡᠭᠡᠳ᠎ᠤᠨ ᠡᠷᠭᠡ ᠪᠠ ᠡᠬᠦᠷᠭᠡ ᠵᠢ ᠪᠤᠯᠵᠤᠨ ᠲᠤᠭᠳᠠᠭ᠋ᠠᠬᠤ ᠬᠡᠷᠡᠭᠲᠠᠢ᠃ ᠭᠠᠵᠠᠷ ᠰᠢᠷᠦᠢ ᠵᠢ ᠲᠠᠭ᠋ᠠᠭ᠋ᠠᠴᠢᠯᠠᠨ ᠡᠵᠡᠩᠨᠡᠬᠦ ᠬᠤᠭᠤᠴᠠᠭ᠎ᠠ ᠵᠢ ᠲᠠᠭ᠋ᠠᠭ᠋ᠠᠴᠢᠯᠠᠯᠳᠠ ᠵᠢᠨ ᠬᠡᠷ᠎ᠡ᠎ᠳᠤ ᠪᠤᠯᠵᠤᠨ ᠲᠤᠭᠳᠠᠭ᠋ᠠᠨ᠎ᠠ; ᠭᠠᠵᠠᠷ ᠰᠢᠷᠦᠢ ᠵᠢ ᠲᠠᠭ᠋ᠠᠭ᠋ᠠᠴᠢᠯᠠᠨ ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠵᠢ ᠬᠠᠮᠠᠭ᠋ᠠᠯᠠᠬᠤ ᠪᠠ ᠭᠠᠵᠠᠷ ᠰᠢᠷᠦᠢ ᠵᠢᠨ ᠲᠠᠭ᠋ᠠᠭ᠋ᠠᠴᠢᠯᠠᠯᠳᠠ ᠵᠢᠨ ᠬᠡᠷ᠎ᠡ᠎ᠳᠤ ᠪᠤᠯᠵᠤᠨ ᠲᠤᠭᠳᠠᠭ᠋ᠠᠭᠰᠠᠨ ᠬᠡᠷᠡᠭᠯᠡᠯᠳᠡ ᠶᠤᠰᠤᠭ᠋ᠠᠷ ᠵᠦᠢ ᠵᠤᠬᠢᠰᠲᠠᠢ ᠠᠰᠢᠭᠯᠠᠬᠤ ᠡᠬᠦᠷᠭᠡ᠎ᠲᠠᠢ᠃
      ᠲᠠᠷᠢᠶᠡᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠲᠤᠰ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭ᠋ᠠᠭ᠋ᠠᠴᠢᠯᠠᠨ ᠡᠵᠡᠩᠨᠡᠬᠦ᠎ᠳᠤ ᠬᠦᠷᠪᠡᠯ᠂ ᠡᠷᠭᠡᠪᠰᠢ ᠭᠠᠴᠠᠭ᠋ᠠᠨ᠎ᠤ ᠠᠷᠠᠳ᠎ᠤᠨ ᠬᠤᠷᠠᠯ᠎ᠤᠨ ᠭᠤᠷᠪᠠᠨ᠎ᠤ ᠬᠤᠶᠠᠷ ᠬᠤᠪᠢ᠎ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ᠎ᠤ ᠬᠤᠶᠠᠷ ᠬᠤᠪᠢ᠎ᠠᠴᠠ ᠲᠡᠭᠡᠭᠰᠢᠬᠢ ᠭᠠᠴᠠᠭ᠋ᠠᠨ᠎ᠤ ᠠᠷᠠᠳ᠎ᠤᠨ ᠲᠦᠯᠦᠭᠡᠯᠡᠭᠴᠢᠳ ᠵᠶ᠋ᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ (ᠪᠠᠯᠭ᠋ᠠᠰᠦ) ᠵᠢᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃
      ᠠᠷᠪᠠᠨ ᠵᠢᠷᠭᠤᠳᠤᠭ᠋ᠠᠷ ᠵᠦᠢ᠍ᠯ   ᠭᠠᠵᠠᠷ ᠰᠢᠷᠦᠢ ᠵᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠵᠢᠨ ᠲᠤᠬᠠᠢ ᠮᠠᠷᠭᠤᠯᠳᠤᠭ᠋ᠠᠨ᠎ᠢ ᠲᠤᠬᠠᠢ ᠵᠢᠨ ᠬᠦᠮᠦᠰ᠎ᠨᠢ ᠵᠦᠪᠳᠡᠯᠴᠡᠵᠦ ᠪᠠᠢ᠌ᠭ᠋ᠠᠳ ᠰᠢᠢ᠍ᠳᠪᠦᠷᠢᠯᠡᠨ᠎ᠡ; ᠵᠦᠪᠳᠡᠯᠴᠡᠭᠡᠳ ᠪᠦᠳᠦᠬᠦ ᠦᠭᠡᠢ ᠪᠤᠯ ᠠᠷᠠᠳ᠎ᠤᠨ ᠵᠠᠰᠠᠭ᠎ᠤᠨ ᠤᠷᠳᠤᠨ᠎ᠠᠴᠠ ᠰᠢᠢ᠍ᠳᠪᠦᠷᠢᠯᠡᠨ᠎ᠡ᠃
      ᠨᠢᠭᠡᠴᠢ ᠵᠢᠨ ᠬᠤᠭᠤᠷᠤᠨᠳᠦᠬᠢ ᠮᠠᠷᠭᠤᠯᠳᠤᠭ᠋ᠠᠨ᠎ᠢ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠰᠢᠢ᠍ᠳᠪᠦᠷᠢᠯᠡᠨ᠎ᠡ; ᠬᠤᠪᠢ ᠬᠦᠮᠦᠨ᠎ᠤ ᠬᠤᠭᠤᠷᠤᠨᠳᠦᠬᠢ᠂ ᠬᠤᠪᠢ ᠬᠦᠮᠦᠨ ᠪᠤᠯᠤᠨ ᠨᠢᠭᠡᠴᠢ ᠵᠢᠨ ᠬᠤᠭᠤᠷᠤᠨᠳᠤᠬᠢ ᠮᠠᠷᠭᠤᠯᠳᠤᠭ᠋ᠠᠨ᠎ᠢ ᠰᠤᠮᠤᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠤᠨ ᠰᠢᠢ᠍ᠳᠪᠦᠷᠢᠯᠡᠨ᠎ᠡ᠃
      ᠲᠤᠬᠠᠢ ᠵᠢᠨ ᠬᠦᠮᠦᠨ᠎ᠨᠢ ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠎ᠤ ᠰᠢᠢ᠍ᠳᠪᠦᠷᠢᠯᠡᠭᠰᠡᠨ ᠲᠤᠭᠳᠠᠭ᠋ᠠᠯ᠎ᠢ ᠬᠦᠯᠢᠶᠡᠭᠦ ᠦᠭᠡᠢ ᠪᠤᠯ ᠰᠢᠢ᠍ᠳᠪᠦᠷᠢᠯᠡᠭᠰᠡᠨ ᠲᠤᠭᠳᠠᠭ᠋ᠠᠯ᠎ᠤᠨ ᠮᠡᠳᠡᠭᠳᠡᠯ᠎ᠢ ᠤᠯᠤᠭᠰᠠᠨ ᠡᠳᠦᠷ᠎ᠠᠴᠠ ᠡᠬᠢᠯᠡᠵᠦ ᠭᠤᠴᠢᠨ ᠡᠳᠦᠷ᠎ᠤᠨ ᠲᠤᠳᠤᠷ᠎ᠡ ᠠᠷᠠᠳ᠎ᠤᠨ ᠰᠢᠬᠦᠬᠦ ᠬᠤᠷᠢᠶᠠᠨ᠎ᠳᠤ ᠵᠠᠭ᠋ᠠᠯᠳᠤᠵᠦ ᠪᠤᠯᠤᠨ᠎ᠠ᠃
      ᠭᠠᠵᠠᠷ ᠰᠢᠷᠦᠢ ᠵᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠵᠢᠨ ᠲᠤᠬᠠᠢ ᠮᠠᠷᠭᠤᠯᠳᠤᠭ᠋ᠠᠨ᠎ᠢ ᠰᠢᠢ᠍ᠳᠪᠦᠷᠢᠯᠡᠬᠦ᠎ᠠᠴᠠ ᠡᠮᠦᠨ᠎ᠡ᠂ ᠠᠯᠢ ᠡᠳᠡᠭᠡᠳ᠎ᠨᠢ ᠴᠦ᠍ ᠭᠡᠳ ᠭᠠᠵᠠᠷ ᠰᠢᠷᠦᠢ ᠵᠢ ᠠᠰᠢᠭᠯᠠᠵᠦ ᠪᠠᠢ᠌ᠭ᠎ᠠ ᠤᠳᠤᠬᠢ ᠪᠠᠢ᠌ᠳᠠᠯ᠎ᠢ ᠬᠤᠪᠢᠷᠠᠭᠤᠯᠵᠦ ᠪᠤᠯᠬᠤ ᠦᠭᠡᠢ᠃
    ᠭᠤᠷᠪᠠᠳᠤᠭ᠋ᠠᠷ ᠪᠦᠯᠦᠭ   ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ
      ᠠᠷᠪᠠᠨ ᠲᠤᠯᠤᠳᠤᠭ᠋ᠠᠷ ᠵᠦᠢ᠍ᠯ   ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠤᠨ᠎ᠨᠤᠭᠤᠳ ᠤᠯᠤᠰ ᠠᠷᠠᠳ᠎ᠤᠨ ᠠᠵᠦ ᠠᠬᠤᠢ ᠪᠠ ᠨᠡᠢ᠌ᠭᠡᠮ᠎ᠤᠨ ᠬᠦᠭᠵᠢᠯᠳᠡ ᠵᠢᠨ ᠲᠦᠯᠦᠪᠵᠢᠬᠦᠯᠭᠡ᠂ ᠤᠯᠤᠰ᠎ᠤᠨ ᠭᠠᠵᠠᠷ ᠰᠢᠷᠦᠢ ᠵᠢ ᠵᠠᠰᠠᠬᠤ ᠪᠠ ᠡᠬᠢ ᠪᠠᠶᠠᠯᠢᠭ᠂ ᠤᠷᠴᠢᠨ ᠠᠬᠤᠢ ᠵᠢ ᠬᠠᠮᠠᠭ᠋ᠠᠯᠠᠬᠤ ᠱᠠᠭ᠋ᠠᠷᠳᠠᠯᠭ᠎ᠠ᠂ ᠭᠠᠵᠠᠷ ᠰᠢᠷᠦᠢ ᠵᠢᠨ ᠬᠠᠩᠭ᠋ᠠᠯᠳᠠ ᠵᠢᠨ ᠴᠢᠳᠠᠪᠤᠷᠢ ᠵᠢᠴᠢ ᠡᠯ᠎ᠡ ᠵᠦᠢ᠍ᠯ᠎ᠤᠨ ᠪᠦᠳᠦᠭᠡᠨ ᠪᠠᠢ᠌ᠭᠤᠯᠤᠯᠳᠠ᠎ᠳᠤ ᠭᠠᠵᠠᠷ ᠰᠢᠷᠦᠢ ᠬᠡᠷᠡᠭᠰᠡᠬᠦ ᠱᠠᠭ᠋ᠠᠷᠳᠠᠯᠭ᠎ᠠ ᠵᠢ ᠦᠨᠳᠦᠰᠦᠯᠡᠨ᠂ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ ᠠᠵᠢᠯ᠎ᠢ ᠵᠤᠬᠢᠶᠠᠨ ᠪᠠᠢ᠌ᠭᠤᠯᠬᠤ ᠬᠡᠷᠡᠭᠲᠠᠢ᠃
      ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠨ ᠲᠦᠯᠦᠪᠵᠢᠬᠦᠯᠬᠦ ᠬᠤᠭᠤᠴᠠᠭ᠎ᠠ ᠬᠢᠵᠠᠭ᠋ᠠᠷ᠎ᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠲᠤᠭᠳᠠᠭ᠋ᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ   ᠲᠤᠤᠷᠠᠳᠦ ᠱᠠᠳᠣᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠪᠠᠨ ᠲᠡᠭᠡᠷ᠎ᠡ ᠨᠢᠭᠡ ᠱᠠᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠦᠨᠳᠦᠰᠦᠯᠡᠨ ᠨᠠᠢ᠌ᠷᠠᠭᠤᠯᠵᠦ ᠵᠤᠬᠢᠶᠠᠬᠤ ᠬᠡᠷᠡᠭᠲᠠᠢ᠃
      ᠣᠷᠣᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠠᠢ᠌ᠷᠠᠭᠤᠯᠤᠨ ᠵᠤᠬᠢᠶᠠᠭᠰᠠᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠨ ᠲᠤᠳᠤᠷᠡᠬᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠶᠡᠷᠦᠩᠭᠡᠢ ᠬᠡᠮᠵᠢᠶ᠎ᠡ᠎ᠨᠢ ᠲᠡᠭᠡᠷ᠎ᠡ ᠨᠢᠭᠡ ᠱᠠᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠢᠵᠠᠭ᠋ᠠᠷᠯᠠᠬᠤ ᠬᠦᠢ᠍ᠴᠡᠳᠭᠡᠯ ᠲᠤᠭ᠎ᠠ᠎ᠠᠴᠠ ᠬᠡᠳᠦᠷᠡᠵᠦ ᠪᠤᠯᠬᠤ ᠦᠭᠡᠢ᠂ ᠦᠯᠡᠳᠡᠭᠡᠬᠦ ᠲᠠᠷᠢᠶᠠᠨ ᠭᠠᠵᠠᠷ᠎ᠤᠨ ᠬᠡᠮᠵᠢᠶ᠎ᠡ᠎ᠨᠢ ᠲᠡᠭᠡᠷ᠎ᠡ ᠨᠢᠭᠡ ᠱᠠᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠢᠵᠠᠭ᠋ᠠᠷᠯᠠᠬᠤ ᠬᠦᠢ᠍ᠴᠡᠳᠭᠡᠯ ᠲᠤᠭ᠎ᠠ᠎ᠠᠴᠠ ᠲᠤᠳᠠᠭᠤ ᠪᠠᠢ᠌ᠵᠦ ᠪᠤᠯᠬᠤ ᠦᠭᠡᠢ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠨᠠᠢ᠌ᠷᠠᠭᠤᠯᠤᠨ ᠵᠤᠬᠢᠶᠠᠭᠰᠠᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠬᠡ᠎ᠨᠢ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠲᠤᠳᠤᠷᠠᠬᠢ ᠲᠠᠷᠢᠶᠠᠨ ᠭᠠᠵᠠᠷ᠎ᠤᠨ ᠪᠦᠬᠦ ᠬᠡᠮᠵᠢᠶ᠎ᠡ ᠬᠠᠰᠣᠭᠳᠠᠬᠤ ᠦᠭᠡᠢ ᠪᠠᠢ᠌ᠬᠤ ᠵᠢ ᠦᠨᠡᠨ ᠬᠦ᠌ ᠪᠠᠳᠤᠯᠠᠬᠤ ᠬᠡᠷᠡᠭᠲᠠᠢ᠃
      ᠠᠷᠪᠠ ᠶᠢᠰᠦᠳᠦᠭᠡᠷ ᠵᠦᠢ᠍ᠯ   ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠲᠤᠤᠷ᠎ᠡ ᠵᠢᠭᠰᠠᠭ᠋ᠠᠭᠰᠠᠨ ᠵᠠᠷᠴᠢᠮ ᠶᠤᠰᠤᠭ᠋ᠠᠷ ᠨᠠᠢ᠌ᠷᠠᠭᠤᠯᠤᠨ ᠵᠤᠬᠢᠶᠠᠨ᠎ᠠ᠄
     (ᠨᠢᠭᠡ) ᠦᠨᠳᠦᠰᠦᠨ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠨ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠵᠢ ᠬᠢᠵᠠᠭ᠋ᠠᠷᠯᠠᠨ᠎ᠠ;
     (ᠬᠤᠶᠠᠷ) ᠭᠠᠵᠠᠷ ᠰᠢᠷᠦᠢ ᠵᠢᠨ ᠠᠰᠢᠭᠯᠠᠯᠳᠠ ᠵᠢᠨ ᠨᠤᠷᠮ᠎ᠠ ᠵᠢ ᠲᠡᠭᠡᠭᠰᠢᠯᠡᠬᠦᠯᠦᠨ᠎ᠡ;
     (ᠭᠤᠷᠪᠠ) ᠡᠯ᠎ᠡ ᠲᠦᠷᠦᠯ᠎ᠤᠨ᠂ ᠡᠯ᠎ᠡ ᠤᠷᠤᠨ ᠲᠤᠭᠤᠷᠢᠭ᠎ᠤᠨ ᠬᠡᠷᠡᠭᠯᠡᠬᠦ ᠭᠠᠵᠠᠷ᠎ᠢ ᠨᠢᠭᠡᠳᠦᠯᠲᠠᠢ ᠲᠦᠯᠦᠪᠯᠡᠨ ᠲᠤᠬᠢᠷᠠᠭᠤᠯᠤᠨ᠎ᠠ;
     (ᠲᠦᠷᠪᠡ) ᠠᠮᠢ ᠠᠬᠤᠢ ᠵᠢᠨ ᠤᠷᠴᠢᠨ ᠠᠬᠤᠢ ᠵᠢ ᠬᠠᠮᠠᠭ᠋ᠠᠯᠠᠨ ᠰᠠᠢ᠌ᠵᠢᠷᠠᠭᠤᠯᠵᠦ᠂ ᠭᠠᠵᠠᠷ ᠰᠢᠷᠦᠢ ᠵᠢᠨ ᠦᠷᠬᠦᠯᠵᠢᠯᠡᠬᠦ ᠠᠰᠢᠭᠯᠠᠯᠳᠠ ᠵᠢ ᠪᠠᠳᠤᠯᠠᠨ᠎ᠠ;
     (ᠲᠠᠪᠤ) ᠲᠠᠷᠢᠶᠠᠨ ᠭᠠᠵᠠᠷ᠎ᠢ ᠡᠵᠡᠯᠡᠵᠦ ᠬᠡᠷᠡᠭᠯᠡᠬᠦ ᠬᠡᠮᠵᠢᠶ᠎ᠡ ᠵᠢ ᠲᠠᠷᠢᠶᠠᠨ ᠭᠠᠵᠠᠷ᠎ᠢ ᠨᠡᠭᠡᠭᠡᠨ ᠠᠰᠢᠭᠯᠠᠵᠦ ᠰᠡᠷᠬᠦᠭᠡᠨ ᠬᠠᠭ᠋ᠠᠯᠪᠤᠷᠢᠯᠠᠬᠤ ᠬᠡᠮᠵᠢᠶ᠎ᠡ᠎ᠲᠠᠢ ᠲᠡᠩᠴᠡᠬᠦᠷᠢᠲᠠᠢ ᠪᠠᠢ᠌ᠯᠭ᠋ᠠᠨ᠎ᠠ᠃
      ᠬᠤᠷᠢᠳᠤᠭ᠋ᠠᠷ ᠵᠦᠢ᠍ᠯ   ᠰᠢᠶᠠᠨ ᠱᠠᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠭᠠᠵᠠᠷ ᠰᠢᠷᠦᠢ ᠵᠢᠨ ᠠᠰᠢᠭᠯᠠᠯᠳᠠ ᠵᠢᠨ ᠲᠤᠭᠤᠷᠢᠭ᠎ᠢ ᠵᠠᠭ᠋ᠠᠭᠯᠠᠨ ᠬᠤᠪᠢᠶᠠᠷᠢᠯᠠᠵᠦ᠂ ᠭᠠᠵᠠᠷ ᠰᠢᠷᠦᠢ ᠵᠢᠨ ᠬᠡᠷᠡᠭᠯᠡᠯᠳᠡ ᠵᠢ ᠲᠤᠳᠤᠷᠬᠠᠢ ᠪᠤᠯᠭ᠋ᠠᠬᠤ ᠬᠡᠷᠡᠭᠲᠠᠢ᠃
      ᠰᠤᠮᠤ (ᠪᠠᠯᠭ᠋ᠠᠰᠤ) ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠭᠠᠵᠠᠷ ᠰᠢᠷᠦᠢ ᠵᠢᠨ ᠠᠰᠢᠭᠯᠠᠯᠳᠠ ᠵᠢᠨ ᠲᠤᠭᠤᠷᠢᠭ᠎ᠢ ᠵᠠᠭ᠋ᠠᠭᠯᠠᠨ ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ᠎ᠢ ᠦᠨᠳᠦᠰᠦᠯᠡᠨ ᠬᠡᠰᠡᠭ ᠭᠠᠵᠠᠷ ᠰᠢᠷᠦᠢ ᠨᠢᠭᠡᠪᠦᠷᠢ ᠵᠢᠨ ᠬᠡᠷᠡᠭᠯᠡᠯᠳᠡ ᠵᠢ ᠲᠤᠳᠤᠷᠬᠠᠢ ᠲᠤᠭᠳᠠᠭ᠋ᠠᠭ᠋ᠠᠳ ᠢᠯᠡ᠎ᠪᠠᠷ ᠵᠠᠷᠯᠠᠨ ᠨᠡᠢ᠌ᠳᠡᠯᠡᠬᠦ ᠬᠡᠷᠡᠭᠲᠠᠢ᠃
      ᠬᠤᠷᠢᠨ ᠨᠢᠭᠡᠳᠦᠭᠡᠷ ᠵᠦᠢ᠍ᠯ   ᠭᠠᠵᠠᠷ ᠰᠢᠷᠦᠢ ᠵᠢ ᠠᠰᠢᠭᠯᠠᠬᠤ ᠲᠦᠯᠦᠪᠵᠢᠬᠦᠯᠭᠡ ᠵᠢ ᠱᠠᠳᠤ ᠬᠤᠪᠢᠶᠠᠵᠦ ᠬᠢᠨᠠᠨ ᠵᠦᠪᠰᠢᠶᠡᠷᠡᠨ᠎ᠡ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠵᠦ ᠵᠦᠪᠰᠢᠶᠡᠷᠡᠬᠦᠯᠦᠨ᠎ᠡ᠃
      ᠮᠤᠵᠢ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠪᠠᠢ᠌ᠭ᠎ᠠ ᠬᠤᠳᠠ᠂ ᠵᠠᠭᠤᠨ ᠲᠦᠮᠡ᠎ᠠᠴᠠ ᠲᠡᠭᠡᠭᠰᠢᠬᠢ ᠬᠦᠮᠦᠨ ᠠᠮᠠ᠎ᠲᠠᠢ ᠬᠤᠳᠠ ᠵᠢᠴᠢ ᠲᠦᠷᠦ ᠵᠢᠨ ᠶᠠᠪᠤᠳᠠᠯ᠎ᠤᠨ ᠬᠤᠷᠢᠶᠠᠨ᠎ᠠᠴᠠ ᠵᠢᠭ᠋ᠠᠨ ᠲᠤᠭᠳᠠᠭ᠋ᠠᠭᠰᠠᠨ ᠬᠤᠳᠠ ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠮᠤᠵᠢ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠢᠨᠠᠨ ᠪᠠᠢ᠌ᠴᠠᠭ᠋ᠠᠯᠭ᠋ᠠᠵᠦ ᠵᠦᠪᠰᠢᠶᠡᠷᠡᠬᠦᠯᠦᠭᠰᠡᠨ᠎ᠤ ᠲᠠᠷᠠᠭ᠎ᠠ ᠲᠦᠷᠦ ᠵᠢᠨ ᠶᠠᠪᠤᠳᠠᠯ᠎ᠤ ᠬᠤᠷᠢᠶᠠᠨ᠎ᠳᠤ ᠮᠡᠳᠡᠬᠦᠯᠵᠦ ᠵᠦᠪᠰᠢᠶᠡᠷᠡᠬᠦᠯᠦᠨ᠎ᠡ᠃
      ᠲᠤᠰ ᠵᠦᠢ᠍ᠯ᠎ᠤᠨ ᠬᠤᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠲᠤ ᠲᠤᠭᠳᠠᠭ᠋ᠠᠭᠰᠠᠨ᠎ᠠᠴᠠ ᠭᠠᠳᠠᠨᠠᠬᠢ ᠭᠠᠵᠠᠷ ᠰᠢᠷᠦᠢ ᠵᠢ ᠠᠰᠢᠭᠯᠠᠵᠦ ᠶᠡᠷᠦᠩᠭᠡᠢ ᠲᠦᠯᠦᠪᠵᠢᠬᠦᠯᠭᠡ ᠵᠢ ᠲᠡᠭᠡᠭᠰᠢ᠎ᠪᠠᠨ ᠱᠠᠳᠣ ᠲᠠᠷᠠᠭ᠋ᠠᠯᠠᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠭᠦᠯᠦᠨ᠎ᠡ; ᠡᠬᠦᠨ᠎ᠤ ᠲᠤᠳᠤᠷ᠎ᠡ᠂ ᠰᠤᠮᠤ (ᠪᠠᠯᠭ᠋ᠠᠰᠦ) ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠡᠷᠭᠡ ᠤᠯᠭᠤᠭᠰᠠᠨ ᠲᠤᠭᠤᠷᠢᠭ᠎ᠲᠠᠢ ᠬᠤᠳᠠ᠂ ᠦᠪᠡᠷᠳᠡᠭᠡᠨ ᠵᠠᠰᠠᠬᠤ ᠵᠸᠤ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠵᠦᠪᠰᠢᠶᠡᠷᠡᠵᠦ ᠪᠤᠯᠤᠨ᠎ᠠ᠃
      ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠵᠦᠪᠰᠢᠶᠡᠷᠡᠬᠦᠯᠦᠭᠰᠡᠨ᠎ᠤ ᠲᠠᠷᠠᠭ᠎ᠠ ᠡᠷᠭᠡᠪᠰᠢ ᠴᠢᠩᠭ᠎ᠠ ᠬᠡᠷᠡᠭᠵᠢᠬᠦᠯᠬᠦ ᠬᠡᠷᠡᠭᠲᠠᠢ᠃  
      ᠬᠤᠷᠢᠨ ᠬᠤᠶᠠᠳᠤᠭ᠋ᠠᠷ ᠵᠦᠢ᠍ᠯ   ᠬᠤᠳᠠ ᠵᠢᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ᠎ᠨᠢ ᠤᠯᠤᠰ᠎ᠠᠴᠠ ᠲᠤᠭᠳᠠᠭ᠋ᠠᠭᠰᠠᠨ ᠪᠡᠷᠢᠮᠵᠢᠶ᠎ᠠ᠎ᠳᠤ ᠨᠡᠢ᠌ᠴᠡᠭᠰᠡᠨ ᠪᠠᠢ᠌ᠵᠦ᠂ ᠤᠳᠤ ᠪᠠᠢ᠌ᠭ᠎ᠠ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠬᠦᠢ᠍ᠴᠡᠳ ᠠᠰᠢᠭᠯᠠᠨ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠬᠦ ᠦᠭᠡᠢ ᠪᠤᠶᠤ ᠠᠯᠢ ᠴᠢᠳᠠᠬᠤ᠎ᠪᠠᠷ ᠪᠠᠭ᠎ᠠ ᠡᠵᠡᠯᠡᠬᠦ ᠬᠡᠷᠡᠭᠲᠠᠢ᠃
      ᠬᠤᠳᠠ ᠵᠢᠨ ᠶᠡᠷᠦᠩᠭᠡᠢ ᠲᠦᠯᠦᠪᠵᠢᠬᠦᠯᠭᠡ᠂ ᠠᠢ᠌ᠯ ᠲᠤᠰᠬᠤᠨ ᠪᠠ ᠪᠠᠯᠭ᠋ᠠᠰᠦ ᠵᠢᠨ ᠲᠦᠯᠦᠪᠵᠢᠬᠦᠯᠭᠡ᠎ᠨᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠲᠠᠢ ᠠᠪᠴᠠᠯᠳᠤᠭᠰᠠᠨ ᠪᠠᠢ᠌ᠬᠤ ᠬᠡᠷᠡᠭᠲᠠᠢ᠂ ᠬᠤᠳᠠ ᠵᠢᠨ ᠶᠡᠷᠦᠩᠭᠡᠢ ᠲᠦᠯᠦᠪᠵᠢᠬᠦᠯᠭᠡ᠂ ᠠᠢ᠌ᠯ ᠲᠤᠰᠬᠤᠨ ᠪᠠ ᠪᠠᠯᠭ᠋ᠠᠰᠦ ᠵᠢᠨ ᠲᠦᠯᠦᠪᠵᠢᠬᠦᠯᠭᠡ ᠲᠤᠳᠤᠷᠠᠬᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠭᠡᠪᠴᠢᠶ᠎ᠡ᠎ᠨᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠤᠳᠠ ᠪᠠ ᠠᠢ᠌ᠯ ᠲᠤᠰᠬᠤᠨ᠂ ᠪᠠᠯᠭ᠋ᠠᠰᠦ ᠵᠢᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ᠎ᠠᠴᠠ ᠬᠡᠳᠦᠷᠡᠵᠦ ᠪᠤᠯᠬᠤ ᠦᠭᠡᠢ᠃
      ᠬᠤᠳᠠ ᠵᠢᠨ ᠲᠦᠯᠦᠪᠵᠢᠬᠦᠯᠭᠡ ᠵᠢᠨ ᠲᠤᠭᠤᠷᠢᠭ᠎ᠤᠨ ᠲᠤᠳᠤᠷ᠎ᠡ᠂ ᠠᠢ᠌ᠯ ᠲᠤᠰᠬᠤᠨ ᠪᠠ ᠪᠠᠯᠭ᠋ᠠᠰᠦ ᠵᠢᠨ ᠲᠦᠯᠦᠪᠵᠢᠬᠦᠯᠭᠡ ᠵᠢᠨ ᠲᠤᠭᠤᠷᠢᠭ᠎ᠤᠨ ᠲᠤᠳᠤᠷ᠎ᠡ᠂ ᠬᠤᠳᠠ ᠪᠤᠯᠤᠨ ᠠᠢ᠌ᠯ ᠲᠤᠰᠬᠤᠨ᠂ ᠪᠠᠯᠭ᠋ᠠᠰᠦ ᠵᠢᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠨᠢ ᠬᠤᠳᠠ ᠵᠢᠨ ᠲᠦᠯᠦᠪᠵᠢᠬᠦᠯᠭᠡ᠂ ᠠᠢ᠌ᠯ ᠲᠤᠰᠬᠤᠨ ᠪᠠ ᠪᠠᠯᠭ᠋ᠠᠰᠦ ᠵᠢᠨ ᠲᠦᠯᠦᠪᠵᠢᠬᠦᠯᠭᠡ᠎ᠳᠤ ᠨᠡᠢ᠌ᠴᠡᠭᠰᠡᠨ ᠪᠠᠢ᠌ᠬᠤ ᠬᠡᠷᠡᠭᠲᠠᠢ᠃
      ᠬᠤᠷᠢᠨ ᠭᠤᠷᠪᠠᠳᠦᠭ᠋ᠠᠷ ᠵᠦᠢ᠍ᠯ   ᠭᠤᠤᠯ ᠮᠦᠷᠡᠨ᠂ ᠨᠠᠭᠤᠷ ᠲᠤᠭᠤᠷᠢᠮ᠎ᠢ ᠶᠡᠷᠦᠩᠭᠡᠢ᠌ᠯᠡᠨ ᠵᠠᠰᠠᠬᠤ ᠪᠠ ᠨᠡᠭᠡᠭᠡᠨ ᠠᠰᠢᠭᠯᠠᠬᠤ ᠲᠦᠯᠦᠪᠵᠢᠬᠦᠯᠭᠡ᠎ᠨᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠲᠠᠢ ᠠᠪᠴᠠᠯᠳᠤᠭᠰᠠᠨ ᠪᠠᠢ᠌ᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ ᠴᠦᠬᠦᠷᠦᠮ᠎ᠤᠨ ᠬᠠᠮᠢᠶᠠᠷᠤᠯᠳᠠ ᠪᠠ ᠬᠠᠮᠠᠭ᠋ᠠᠯᠠᠯᠳᠠ ᠵᠢᠨ ᠬᠡᠪᠴᠢᠶᠡᠨ ᠲᠤᠳᠤᠷ᠎ᠡ ᠵᠢᠴᠢ ᠦᠶᠡᠷ᠎ᠢ ᠲᠤᠭᠳᠠᠭ᠋ᠠᠨ ᠬᠤᠷᠠᠭᠤᠯᠬᠤ ᠤᠷᠤᠨ᠎ᠤ ᠲᠤᠳᠤᠷᠠᠬᠢ ᠭᠠᠵᠠᠷ ᠰᠢᠷᠦᠢ ᠵᠢᠨ ᠠᠰᠢᠭᠯᠠᠯᠳᠠ᠎ᠨᠢ ᠭᠤᠤᠯ ᠮᠦᠷᠡᠨ᠂ ᠨᠠᠭᠤᠷ ᠲᠤᠭᠤᠷᠢᠮ᠎ᠢ ᠶᠡᠷᠦᠩᠭᠡᠢ᠌ᠯᠡᠨ ᠵᠠᠰᠠᠬᠤ ᠪᠠ ᠨᠡᠭᠡᠭᠡᠨ ᠠᠰᠢᠭᠯᠠᠬᠤ ᠲᠦᠯᠦᠪᠵᠢᠬᠦᠯᠭᠡ᠎ᠲᠠᠢ ᠨᠡᠢ᠌ᠴᠡᠵᠦ᠂ ᠭᠤᠤᠯ᠎ᠤᠨ ᠵᠠᠮ᠂ ᠨᠠᠭᠤᠷ ᠲᠤᠭᠤᠷᠢᠮ᠎ᠤᠨ ᠦᠶᠡᠷ᠎ᠢ ᠤᠷᠤᠰᠬᠠᠨ ᠦᠩᠭᠡᠷᠡᠬᠦᠯᠬᠦ᠂ ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭ᠋ᠠᠷᠳᠠᠯᠭ᠎ᠠ᠎ᠲᠠᠢ ᠨᠡᠢ᠌ᠴᠡᠭᠰᠡᠨ ᠪᠠᠢ᠌ᠬᠤ ᠬᠡᠷᠡᠭᠲᠠᠢ᠃
      ᠬᠤᠷᠢᠨ ᠲᠦᠷᠪᠡᠳᠦᠭᠡᠷ ᠵᠦᠢ᠍ᠯ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠭᠠᠵᠠᠷ ᠰᠢᠷᠦᠢ ᠵᠢᠨ ᠠᠰᠢᠭᠯᠠᠯᠳᠠ ᠵᠢᠨ ᠲᠤᠬᠠᠢ ᠲᠦᠯᠦᠪᠯᠡᠭᠡᠳᠦ ᠬᠠᠮᠢᠶᠠᠷᠤᠯᠳᠠ᠎ᠪᠠᠨ ᠴᠢᠩᠭ᠋ᠠᠳᠬᠠᠵᠦ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠶᠡᠷᠦᠩᠭᠡᠢ ᠬᠡᠮᠵᠢᠶ᠎ᠡ ᠵᠢ ᠬᠢᠵᠠᠭ᠋ᠠᠷᠯᠠᠬᠤ ᠬᠡᠷᠡᠭᠲᠠᠢ᠃
      ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠯᠡᠭᠡ ᠵᠢ ᠤᠯᠤᠰ ᠠᠷᠠᠳ᠎ᠤᠨ ᠠᠵᠦ ᠠᠬᠤᠢ ᠪᠠ ᠨᠡᠢ᠌ᠭᠡᠮ᠎ᠤᠨ ᠬᠦᠭᠵᠢᠯᠳᠡ ᠵᠢᠨ ᠲᠦᠯᠦᠪᠯᠡᠭᠡ᠂ ᠤᠯᠤᠰ᠎ᠤᠨ ᠠᠵᠦ ᠦᠢ᠍ᠯᠡᠰ᠎ᠤᠨ ᠲᠦᠷᠦ ᠵᠢᠨ ᠪᠤᠳᠤᠯᠭ᠎ᠠ᠂ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠤᠨ ᠭᠠᠵᠠᠷ ᠰᠢᠷᠦᠢ ᠵᠢᠨ ᠠᠰᠢᠭᠯᠠᠯᠳᠠ ᠵᠢᠨ ᠪᠤᠳᠠᠳᠦ ᠪᠠᠢ᠌ᠳᠠᠯ᠎ᠢ ᠦᠨᠳᠦᠰᠦᠯᠡᠵᠦ ᠨᠠᠢ᠌ᠷᠠᠭᠤᠯᠤᠨ ᠵᠤᠬᠢᠶᠠᠨ᠎ᠠ᠃ ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠯᠡᠭᠡ ᠵᠢ ᠨᠠᠢ᠌ᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ᠎ᠨᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ᠎ᠲᠠᠢ ᠠᠳᠠᠯᠢ᠂ ᠬᠢᠨᠠᠨ ᠵᠦᠪᠰᠢᠶᠡᠷᠡᠵᠦ ᠪᠠᠭᠤᠯᠭ᠋ᠠᠭᠰᠠᠨ᠎ᠤ ᠲᠠᠷᠠᠭ᠎ᠠ ᠡᠷᠭᠡᠪᠰᠢ ᠴᠢᠩᠭ᠎ᠠ ᠵᠢᠷᠦᠮᠯᠠᠨ ᠬᠡᠷᠡᠭᠵᠢᠬᠦᠯᠬᠦ ᠬᠡᠷᠡᠭᠲᠠᠢ᠃
      ᠬᠤᠷᠢᠨ ᠲᠠᠪᠤᠳᠤᠭ᠋ᠠᠷ ᠵᠦᠢ᠍ᠯ   ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠣᠷᠳᠤᠨ᠎ᠨᠤᠭᠤᠳ ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠵᠢᠬᠦᠯᠭᠡ ᠵᠢ ᠬᠡᠷᠡᠭᠵᠢᠬᠦᠯᠦᠭᠰᠡᠨ ᠪᠠᠢ᠌ᠳᠠᠯ᠎ᠢ ᠤᠯᠤᠰ ᠠᠷᠠᠳ᠎ᠤᠨ ᠠᠵᠦ ᠠᠬᠤᠢ ᠪᠠ ᠨᠡᠢ᠌ᠭᠡᠮ᠎ᠤᠨ ᠬᠦᠭᠵᠢᠯᠳᠡ ᠵᠢᠨ ᠲᠦᠯᠦᠪᠯᠡᠭᠡ ᠵᠢ ᠬᠡᠷᠡᠭᠵᠢᠬᠦᠯᠦᠭᠰᠡᠨ ᠪᠠᠢ᠌ᠳᠠᠯ᠎ᠤᠨ ᠵᠶ᠋ᠠᠨ ᠠᠭᠤᠯᠭ᠎ᠠ ᠪᠤᠯᠭ᠋ᠠᠭ᠋ᠠᠳ ᠠᠳᠠᠯᠢ ᠱᠠᠳᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠳᠤ ᠮᠡᠳᠡᠬᠦᠯᠬᠦ ᠬᠡᠷᠡᠭᠲᠠᠢ᠃
      ᠬᠤᠷᠢᠨ ᠵᠢᠷᠭᠤᠳᠤᠭ᠋ᠠᠷ ᠵᠦᠢ᠍ᠯ   ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠵᠠᠰᠠᠪᠤᠷᠢ ᠤᠷᠤᠭᠤᠯᠬᠤ᠎ᠳᠤ ᠬᠦᠷᠪᠡᠯ ᠡᠷᠭᠡᠪᠰᠢ ᠤᠤᠯ᠎ᠤᠨ ᠵᠦᠪᠰᠢᠶᠡᠷᠡᠭᠰᠡᠨ ᠪᠠᠢ᠌ᠭᠤᠯᠭ᠎ᠠ᠎ᠪᠠᠷ ᠵᠦᠪᠰᠢᠶᠡᠷᠡᠬᠦᠯᠬᠦ ᠬᠡᠷᠡᠭᠲᠠᠢ; ᠵᠦᠪᠰᠢᠶᠡᠷᠡᠬᠦᠯᠦᠭᠰᠡᠨ ᠦᠭᠡᠢ ᠪᠤᠯ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠭᠠᠵᠠᠷ ᠰᠢᠷᠦᠢ ᠵᠢᠨ ᠬᠡᠷᠡᠭᠯᠡᠯᠳᠡ ᠵᠢ ᠬᠤᠪᠢᠷᠠᠭᠤᠯᠵᠦ ᠪᠤᠯᠬᠤ ᠦᠭᠡᠢ᠃
      ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠦᠪᠰᠢᠶᠡᠷᠡᠭᠰᠡᠨ ᠡᠨ᠋ᠸᠷᠬᠢ ᠵᠢᠨ ᠰᠣᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠲᠤᠮᠤ ᠬᠡᠯᠪᠡᠷᠢ ᠵᠢᠨ ᠰᠠᠭᠤᠷᠢ ᠲᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠎ᠳᠤ ᠭᠠᠵᠠᠷ ᠬᠡᠷᠡᠭᠯᠡᠬᠦ᠎ᠠᠴᠠ ᠪᠤᠯᠵᠦ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠬᠤᠪᠢᠷᠠᠭᠤᠯᠬᠤ ᠴᠢᠬᠤᠯᠠ᠎ᠲᠠᠢ ᠪᠤᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠦᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠵᠠᠰᠠᠪᠤᠷᠢ ᠤᠷᠤᠭᠤᠯᠤᠨ᠎ᠠ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠵᠦᠪᠰᠢᠶᠡᠷᠡᠭᠰᠡᠨ ᠡᠨ᠋ᠸᠷᠬᠢ ᠵᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠎ᠳᠤ ᠭᠠᠵᠠᠷ ᠬᠡᠷᠡᠭᠯᠡᠬᠦ᠎ᠠᠴᠠ ᠪᠤᠯᠵᠦ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠬᠤᠪᠢᠷᠠᠭᠤᠯᠬᠤ ᠴᠢᠬᠤᠯᠠ᠎ᠲᠠᠢ ᠪᠤᠯ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠵᠦᠪᠰᠢᠶᠡᠷᠡᠬᠦ ᠡᠷᠭᠡ ᠵᠢᠨ ᠬᠡᠪᠴᠢᠶᠡᠨ᠎ᠳᠤ ᠬᠠᠷᠢᠶᠠᠯᠠᠭᠳᠠᠵᠦ ᠪᠠᠢ᠌ᠪᠠᠯ᠂ ᠮᠤᠵᠢ ᠵᠢᠨ ᠱᠠᠳᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠵᠦᠪᠰᠢᠶᠡᠷᠡᠭᠰᠡᠨ ᠪᠢᠴᠢᠭ ᠮᠠᠲᠸᠷᠢᠶᠠᠯ᠎ᠢ ᠦᠨᠳᠦᠰᠦᠯᠡᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠵᠠᠰᠠᠪᠤᠷᠢ ᠤᠷᠤᠭᠤᠯᠤᠨ᠎ᠠ᠃
      ᠬᠤᠷᠢᠨ ᠲᠤᠯᠤᠳᠤᠭ᠋ᠠᠷ ᠵᠦᠢ᠍ᠯ   ᠤᠯᠤᠰ᠎ᠠᠴᠠ ᠭᠠᠵᠠᠷ ᠰᠢᠷᠦᠢ ᠵᠢᠨ ᠪᠠᠢ᠌ᠴᠠᠭ᠋ᠠᠯᠳᠠ ᠬᠢᠬᠦ ᠲᠦᠷᠢᠮ᠎ᠢ ᠪᠠᠢ᠌ᠭᠤᠯᠤᠨ᠎ᠠ᠃
      ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ᠎ᠤ᠎ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠭᠠᠵᠠᠷ ᠰᠢᠷᠦᠢ ᠵᠢᠨ ᠪᠠᠢ᠌ᠴᠠᠭ᠋ᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ᠎ᠨᠢ ᠪᠠᠢ᠌ᠴᠠᠭ᠋ᠠᠯᠳᠠ᠎ᠳᠤ ᠬᠠᠮᠵᠢᠯᠴᠠᠬᠤ ᠵᠢᠨ ᠬᠠᠮᠳᠦ ᠬᠤᠯᠪᠤᠭᠳᠠᠯ ᠪᠦᠬᠦᠢ ᠮᠠᠲᠸᠷᠢᠶᠠᠯ᠎ᠢ ᠬᠠᠩᠭ᠋ᠠᠵᠦ ᠦᠭᠬᠦ ᠬᠡᠷᠡᠭᠲᠠᠢ᠃
      ᠬᠤᠷᠢᠨ ᠨᠠᠢ᠍ᠮᠠᠳᠦᠭ᠋ᠠᠷ ᠵᠦᠢ᠍ᠯ   ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ᠎ᠤ᠎ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠣᠷᠠᠵᠦ᠂ ᠭᠠᠵᠠᠷ ᠰᠢᠷᠦᠢ ᠵᠢ ᠪᠠᠢ᠌ᠴᠠᠭ᠋ᠠᠭᠰᠠᠨ ᠦᠷ᠎ᠡ ᠪᠦᠳᠦᠭᠡᠯ᠂ ᠲᠦᠯᠦᠪᠵᠢᠬᠦᠯᠦᠭᠰᠡᠨ ᠭᠠᠵᠠᠷ ᠰᠢᠷᠦᠢ ᠵᠢᠨ ᠬᠡᠷᠡᠭᠯᠡᠯᠳᠡ ᠪᠠ ᠤᠯᠤᠰ᠎ᠠᠴᠠ ᠲᠤᠭᠳᠠᠭ᠋ᠠᠭᠰᠠᠨ ᠨᠢᠭᠡᠳᠦᠯᠲᠠᠢ ᠪᠠᠷᠢᠮᠵᠢᠶ᠎ᠡ ᠵᠢ ᠦᠨᠳᠦᠰᠦᠯᠡᠵᠦ ᠪᠠᠢ᠌ᠭ᠋ᠠᠳ ᠭᠠᠵᠷ ᠰᠢᠷᠦᠢ ᠵᠢᠨ ᠵᠡᠷᠭᠡ ᠲᠡᠰ᠎ᠢ ᠦᠨᠡᠯᠡᠨ ᠲᠤᠭᠳᠠᠭ᠋ᠠᠨ᠎ᠠ᠃
      ᠬᠤᠷᠢ ᠶᠢᠰᠦᠳᠦᠭᠡᠷ ᠵᠦᠢ᠍ᠯ   ᠣᠯᠣᠰ᠎ᠠᠴᠠ ᠭᠠᠵᠠᠷ ᠰᠢᠷᠦᠢ ᠵᠢᠨ ᠲᠤᠭ᠎ᠠ ᠪᠦᠷᠢᠳᠭᠡᠯ᠎ᠤᠨ ᠲᠦᠷᠢᠮ᠎ᠢ ᠪᠠᠢ᠌ᠭᠤᠯᠤᠨ᠎ᠠ᠃
      ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠤᠨ᠎ᠤ ᠲᠤᠭ᠎ᠠ ᠪᠦᠷᠢᠳᠭᠡᠯ᠎ᠤᠨ ᠰᠠᠯᠠᠭ᠎ᠠ ᠮᠦᠴᠢᠷ ᠲᠤᠭ᠎ᠠ ᠪᠦᠷᠢᠳᠭᠡᠯ᠎ᠤᠨ ᠪᠠᠢ᠌ᠴᠠᠭ᠋ᠠᠯᠳᠠ ᠬᠢᠬᠦ ᠲᠦᠰᠦᠯ᠎ᠢ ᠬᠠᠮᠳᠦ᠎ᠪᠠᠷ ᠲᠤᠭᠳᠠᠭ᠋ᠠᠭ᠋ᠠᠳ ᠭᠠᠵᠠᠷ ᠰᠢᠷᠦᠢ ᠵᠢᠨ ᠲᠤᠭ᠎ᠠ ᠪᠦᠷᠢᠳᠭᠡᠯ᠎ᠢ ᠬᠠᠤᠯᠢ ᠶᠤᠰᠤᠭ᠋ᠠᠷ ᠬᠢᠵᠦ᠂ ᠭᠠᠵᠷ ᠰᠢᠷᠦᠢ ᠵᠢᠨ ᠲᠤᠭ᠎ᠠ ᠪᠦᠷᠢᠳᠭᠡᠯ᠎ᠤᠨ ᠮᠠᠲᠸᠷᠢᠶᠠᠯ᠎ᠢ ᠲᠤᠭᠳᠠᠮᠠᠯ ᠬᠤᠭᠤᠴᠠᠭ᠎ᠠ᠎ᠲᠠᠢ᠎ᠪᠠᠷ ᠨᠡᠢ᠌ᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ ᠪᠦᠬᠦᠢ ᠮᠠᠲᠸᠷᠢᠶᠠᠯ᠎ᠢ ᠬᠠᠩᠭ᠋ᠠᠵᠦ ᠦᠭᠬᠦ ᠬᠡᠷᠡᠭᠲᠠᠢ᠂ ᠬᠤᠳᠠᠯ ᠮᠡᠳᠡᠬᠦᠯᠵᠦ᠂ ᠲᠠᠷᠤᠭ᠋ᠠᠳ ᠮᠡᠳᠡᠬᠦᠯᠬᠦ ᠦᠭᠡᠢ ᠪᠠᠢ᠌ᠵᠦ᠂ ᠮᠡᠳᠡᠬᠦᠯᠬᠦ ᠵᠢ ᠲᠡᠪᠴᠢᠵᠦ᠂ ᠤᠳᠠᠭ᠋ᠠᠰᠢᠷᠠᠭᠤᠯᠤᠨ ᠮᠡᠳᠡᠬᠦᠯᠵᠦ ᠪᠤᠯᠬᠤ ᠦᠭᠡᠢ᠃
      ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ ᠪᠦᠷᠢᠳᠭᠡᠯ᠎ᠤᠨ ᠰᠠᠯᠠᠭ᠎ᠠ ᠮᠦᠴᠢᠷ᠎ᠤᠨ ᠬᠠᠮᠳᠦᠪᠡᠷ ᠨᠡᠢ᠌ᠳᠡᠯᠡᠭᠰᠡᠨ ᠭᠠᠵᠠᠷ ᠰᠢᠷᠦᠢ ᠵᠢᠨ ᠲᠠᠯᠠᠪᠠᠢ ᠵᠢᠨ ᠲᠤᠭ᠎ᠠ ᠪᠦᠷᠢᠳᠭᠡᠯ᠎ᠤᠨ ᠮᠠᠲᠸᠷᠢᠶᠠᠯ ᠪᠤᠯ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠨᠠᠢ᠌ᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃
      ᠭᠤᠴᠢᠳᠤᠭ᠋ᠠᠷ ᠵᠦᠢ᠍ᠯ   ᠤᠯᠤᠰ᠎ᠠᠴᠠ ᠪᠦᠬᠦ ᠤᠯᠤᠰ᠎ᠤᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠮᠡᠳᠡᠭᠡ ᠵᠠᠩᠬᠢ ᠵᠢᠨ ᠰᠢᠰᠲᠸᠮ᠎ᠢ ᠪᠠᠢ᠌ᠭᠤᠯᠵᠦ᠂ ᠭᠠᠵᠠᠷ ᠰᠢᠷᠦᠢ ᠠᠰᠢᠭᠯᠠᠵᠦ ᠪᠠᠢ᠌ᠭ᠎ᠠ ᠪᠠᠢ᠌ᠳᠠᠯ᠎ᠢ ᠬᠦᠳᠡᠯᠦᠩᠬᠦᠢ᠎ᠪᠠᠷ ᠬᠢᠨᠠᠵᠦ ᠬᠡᠮᠵᠢᠨ᠎ᠡ᠃
    ᠲᠦᠷᠪᠡᠳᠦᠭᠡᠷ ᠪᠦᠯᠦᠭ   ᠲᠠᠷᠢᠶᠠᠨ ᠭᠠᠵᠠᠷ᠎ᠢ ᠬᠠᠮᠠᠭ᠋ᠠᠯᠠᠬᠤ
      ᠭᠤᠴᠢᠨ ᠨᠢᠭᠡᠳᠦᠭᠡᠷ ᠵᠦᠢ᠍ᠯ ᠣᠯᠣᠰ᠎ᠠᠴᠠ ᠲᠠᠷᠢᠶᠠᠨ ᠭᠠᠵᠠᠷ᠎ᠢ ᠬᠠᠮᠠᠭ᠋ᠠᠯᠠᠵᠦ᠂ ᠲᠠᠷᠢᠶᠠᠨ ᠭᠠᠵᠠᠷ᠎ᠢ ᠲᠠᠷᠢᠶᠠᠨ ᠭᠠᠵᠠᠷ ᠪᠤᠰᠤ ᠪᠤᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠨ᠎ᠠ᠃
      ᠣᠯᠣᠰ᠎ᠠᠴᠠ ᠲᠠᠷᠢᠶᠠᠨ ᠭᠠᠵᠠᠷ᠎ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ᠎ᠢ ᠬᠡᠷᠡᠭᠵᠢᠬᠦᠯᠦᠨ᠎ᠡ᠃ ᠵᠦᠪᠰᠢᠶᠡᠷᠡᠯ ᠵᠶ᠋ᠠᠷ ᠲᠠᠮᠵᠢᠨ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠲᠠᠷᠢᠶᠠᠨ ᠭᠠᠵᠠᠷ᠎ᠢ ᠡᠵᠡᠯᠡᠵᠦ ᠬᠡᠷᠡᠭᠯᠡᠭᠰᠡᠨ ᠪᠠᠢ᠌ᠪᠠᠯ᠂《ᠬᠡᠳᠦᠢ ᠡᠵᠡᠯᠡᠪᠡᠯ ᠤᠷᠤᠨ᠎ᠳᠤᠨᠢ ᠲᠡᠳᠦᠢ ᠭᠠᠵᠠᠷ ᠬᠠᠭ᠋ᠠᠯᠪᠤᠷᠢᠯᠠᠬᠤ》ᠵᠠᠷᠴᠢᠮ᠎ᠤᠨ ᠶᠤᠰᠤᠭ᠋ᠠᠷ᠂ ᠲᠠᠷᠢᠶᠠᠨ ᠭᠠᠵᠠᠷ᠎ᠢ ᠡᠵᠡᠯᠡᠵᠦ ᠬᠡᠷᠡᠭᠯᠡᠭᠰᠡᠨ ᠨᠢᠭᠡᠴᠢ᠎ᠠᠴᠠ ᠬᠠᠷᠢᠭᠤᠴᠠᠵᠦ ᠪᠠᠢ᠌ᠭ᠋ᠠᠳ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠎ᠲᠠᠢ ᠲᠡᠩᠴᠡᠬᠦ ᠲᠠᠷᠢᠶᠠᠨ ᠭᠠᠵᠠᠷ᠎ᠢ ᠬᠠᠭ᠋ᠠᠯᠪᠤᠷᠢᠯᠠᠬᠤ ᠬᠡᠷᠡᠭᠲᠠᠢ; ᠬᠠᠭ᠋ᠠᠯᠪᠤᠷᠢᠯᠠᠬᠤ ᠨᠦᠬᠦᠴᠡᠯ ᠦᠭᠡᠢ ᠪᠤᠶᠤ ᠬᠠᠭ᠋ᠠᠯᠪᠤᠷᠢᠯᠠᠭᠰᠠᠨ ᠲᠠᠷᠢᠶᠠᠨ ᠭᠠᠵᠠᠷ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠠᠢ᠌ᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠯ ᠶᠤᠰᠤᠭ᠋ᠠᠷ ᠲᠠᠷᠢᠶᠠᠨ ᠭᠠᠵᠠᠷ ᠬᠠᠭ᠋ᠠᠯᠪᠤᠷᠢᠯᠠᠬᠤ ᠰᠦᠢ᠍ᠳᠭᠡᠯ ᠲᠤᠰᠢᠶᠠᠬᠤ ᠬᠡᠷᠡᠭᠲᠠᠢ᠂ ᠲᠤᠰ ᠰᠦᠢ᠍ᠳᠭᠡᠯ᠎ᠤᠨ ᠵᠤᠭᠤᠰ᠎ᠢ ᠰᠢᠨ᠎ᠡ ᠲᠠᠷᠢᠶᠠᠨ ᠭᠠᠵᠠᠷ ᠬᠠᠭ᠋ᠠᠯᠪᠤᠷᠢᠯᠠᠬᠤ᠎ᠳᠤ ᠲᠤᠰᠬᠠᠢ ᠬᠡᠷᠡᠭᠯᠡᠨ᠎ᠡ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠨᠤᠭᠤᠳ ᠲᠠᠷᠢᠶᠠᠨ ᠭᠠᠵᠠᠷ ᠬᠠᠭ᠋ᠠᠯᠪᠤᠷᠢᠯᠠᠬᠤ ᠲᠦᠯᠦᠪᠯᠡᠭᠡ ᠲᠤᠭᠳᠠᠭ᠋ᠠᠵᠦ᠂ ᠲᠠᠷᠢᠶᠠᠨ ᠭᠠᠵᠠᠷ᠎ᠢ ᠡᠵᠡᠯᠡᠵᠦ ᠬᠡᠷᠡᠭᠯᠡᠭᠰᠡᠨ ᠨᠢᠭᠡᠴᠢ ᠵᠢᠨ ᠲᠦᠯᠦᠪᠯᠡᠭᠡ ᠶᠤᠰᠤᠭ᠋ᠠᠷ ᠲᠠᠷᠢᠶᠠᠨ ᠭᠠᠵᠠᠷ ᠬᠠᠭ᠋ᠠᠯᠪᠤᠷᠢᠯᠠᠬᠤ ᠪᠤᠶᠤ ᠲᠦᠯᠦᠪᠯᠡᠭᠡ ᠶᠤᠰᠤᠭ᠋ᠠᠷ ᠲᠠᠷᠢᠶᠠᠨ ᠭᠠᠵᠠᠷ ᠬᠠᠭ᠋ᠠᠯᠪᠤᠷᠢᠯᠠᠬᠤ ᠠᠵᠢᠯ᠎ᠢ ᠵᠤᠬᠢᠶᠠᠨ ᠪᠠᠢ᠌ᠭᠤᠯᠬᠤ᠎ᠳᠤᠨᠢ ᠬᠢᠨᠠᠯᠳᠠ ᠲᠠᠯᠪᠢᠬᠤ ᠵᠢᠨ ᠬᠠᠮᠳᠦ ᠲᠠᠬᠦᠨ᠎ᠢ᠎ᠨᠢ ᠰᠢᠯᠭ᠋ᠠᠨ ᠠᠪᠬᠤ ᠬᠡᠷᠡᠭᠲᠠᠢ᠃  
      ᠭᠤᠴᠢᠨ ᠬᠤᠶᠠᠳᠣᠭ᠋ᠠᠷ ᠵᠦᠢ᠍ᠯ   ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠲᠠᠷᠢᠶᠠᠨ ᠭᠠᠵᠠᠷ᠎ᠢ ᠡᠵᠡᠯᠡᠵᠦ ᠬᠡᠷᠡᠭᠯᠡᠭᠰᠡᠨ ᠨᠢᠭᠡᠴᠢ᠎ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠲᠠᠷᠢᠯᠠᠭ᠎ᠠ ᠵᠢᠨ ᠬᠦᠷᠦᠰᠦ ᠰᠢᠷᠦᠢ ᠵᠢ ᠰᠢᠨ᠎ᠡ ᠬᠠᠭ᠋ᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ᠎ᠲᠤ ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ᠎ᠤᠨ ᠬᠦᠷᠦᠰᠦ ᠰᠢᠷᠦᠢ ᠵᠢ ᠰᠠᠢ᠌ᠵᠢᠷᠠᠭᠤᠯᠬᠤ᠎ᠳᠤ ᠬᠡᠷᠡᠭᠯᠡᠬᠦᠯᠬᠦ᠎ᠪᠠᠷ ᠱᠠᠭ᠋ᠠᠷᠳᠠᠯᠭ᠎ᠠ ᠲᠠᠯᠪᠢᠵᠦ ᠪᠤᠯᠤᠨ᠎ᠠ᠃
      ᠭᠤᠴᠢᠨ ᠭᠤᠷᠪᠠᠳᠤᠭ᠋ᠠᠷ ᠵᠦᠢ᠍ᠯ   ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠨᠤᠭᠤᠳ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠯᠡᠭᠡ ᠵᠢ ᠴᠢᠩᠭ᠎ᠠ ᠬᠡᠷᠡᠭᠵᠢᠬᠦᠯᠵᠦ᠂ ᠠᠷᠭ᠎ᠠ ᠬᠡᠮᠵᠢᠶ᠎ᠡ ᠠᠪᠴᠦ ᠪᠠᠢ᠌ᠭ᠋ᠠᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠤᠳᠤᠷᠠᠬᠢ ᠲᠠᠷᠢᠶᠠᠨ ᠭᠠᠵᠠᠷ᠎ᠤᠨ ᠪᠦᠬᠦ ᠬᠡᠮᠵᠢᠶ᠎ᠡ ᠬᠠᠰᠣᠭᠳᠠᠬᠤ ᠦᠭᠡᠢ ᠪᠠᠢ᠌ᠬᠤ ᠵᠢ ᠦᠨᠡᠨ ᠬᠦ᠌ ᠪᠠᠳᠤᠯᠠᠬᠤ ᠬᠡᠷᠡᠭᠲᠠᠢ; ᠲᠠᠷᠢᠶᠠᠨ ᠭᠠᠵᠠᠷ᠎ᠤᠨ ᠪᠦᠬᠦ ᠬᠡᠮᠵᠢᠶ᠎ᠡ᠎ᠨᠢ ᠬᠠᠰᠣᠭᠳᠠᠭᠰᠠᠨ ᠪᠠᠢ᠌ᠪᠠᠯ᠂ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠵᠠᠷᠯᠢᠭᠳᠠᠵᠦ ᠪᠠᠢ᠌ᠭ᠋ᠠᠳ ᠬᠠᠰᠣᠭᠳᠠᠭᠰᠠᠨ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ ᠪᠠ ᠶᠠᠰᠣ ᠴᠢᠨᠠᠷ᠎ᠯᠤᠭ᠎ᠠ ᠠᠳᠠᠯᠢᠬᠠᠨ ᠲᠠᠷᠢᠶᠠᠨ ᠭᠠᠵᠠᠷ᠎ᠢ ᠲᠤᠭᠳᠠᠭᠰᠠᠨ ᠬᠤᠭᠤᠴᠠᠭ᠋ᠠᠨ᠎ᠤ ᠲᠤᠳᠤᠷ᠎ᠡ ᠵᠤᠬᠢᠶᠠᠨ ᠪᠠᠢ᠌ᠭᠤᠯᠵᠦ ᠬᠠᠭ᠋ᠠᠯᠪᠤᠷᠢᠯᠠᠭᠤᠯᠬᠤ ᠪᠦᠭᠡᠳ ᠲᠦᠷᠦ ᠵᠢᠨ ᠶᠠᠪᠤᠳᠠᠯ᠎ᠤᠨ ᠬᠤᠷᠢᠶᠡᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠣᠷᠠᠨ ᠰᠢᠯᠭ᠋ᠠᠵᠦ ᠠᠪᠤᠨ᠎ᠠ᠃ ᠤᠨᠴᠠ ᠵᠠᠷᠢᠮ ᠮᠤᠵᠢ᠂ ᠰᠢᠭᠤᠳ ᠬᠠᠷᠢᠶ᠎ᠠ ᠬᠤᠳᠠ ᠵᠢᠨ ᠭᠠᠵᠠᠷ ᠰᠢᠷᠦᠢ ᠵᠢᠨ ᠪᠡᠯᠡᠳᠭᠡᠯ ᠡᠬᠢ ᠰᠣᠷᠪᠤᠯᠵᠢ᠎ᠨᠢ ᠦᠨᠡᠭᠡᠷ ᠲᠤᠳᠠᠮᠠᠭ ᠪᠠᠢ᠌ᠵᠦ᠂ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠰᠢᠨ᠎ᠡ᠎ᠪᠠᠷ ᠨᠡᠮᠡᠭᠳᠡᠬᠦᠯᠦᠭᠰᠡᠨ᠎ᠤ ᠲᠠᠷᠠᠭ᠎ᠠ᠂ ᠰᠢᠨ᠎ᠡ᠎ᠪᠠᠷ ᠬᠠᠭ᠋ᠠᠯᠪᠤᠷᠢᠯᠠᠭᠰᠠᠨ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠨᠢ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ ᠵᠢ ᠨᠦᠬᠦᠵᠦ ᠬᠦᠷᠬᠦ ᠦᠭᠡᠢ ᠪᠠᠢ᠌ᠪᠠᠯ᠂ ᠡᠷᠭᠡᠪᠰᠢ ᠲᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭ᠋ᠠᠨ᠎ᠤ ᠤᠷᠤᠨ᠎ᠤ᠎ᠪᠠᠨ ᠲᠤᠳᠤᠷᠠᠬᠢ ᠬᠠᠭ᠋ᠠᠯᠪᠤᠷᠢᠯᠠᠬᠤ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠪᠠᠨ ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ᠎ᠲᠤ ᠣᠴᠢᠵᠦ ᠬᠠᠭ᠋ᠠᠯᠪᠤᠷᠢᠯᠠᠬᠤ ᠬᠡᠷᠡᠭᠲᠠᠢ᠃  
      ᠭᠤᠴᠢᠨ ᠲᠦᠷᠪᠡᠳᠦᠭᠡᠷ ᠵᠦᠢ᠍ᠯ ᠣᠯᠣᠰ᠎ᠠᠴᠠ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠲᠦᠷᠢᠮ᠎ᠢ ᠬᠡᠷᠡᠭᠵᠢᠬᠦᠯᠦᠨ᠎ᠡ᠃ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠦᠨᠳᠦᠰᠦᠯᠡᠨ ᠲᠤᠤᠷ᠎ᠡ ᠵᠢᠭᠰᠠᠭ᠋ᠠᠭᠰᠠᠨ ᠲᠠᠷᠢᠶᠠᠨ ᠭᠠᠵᠠᠷ᠎ᠤᠳ᠎ᠢ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠳᠠ ᠵᠢᠨ ᠤᠷᠤᠨ᠎ᠳᠤ ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄
     (ᠨᠢᠭᠡ) ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠰᠢᠶᠠᠨ᠎ᠤ ᠱᠠᠳᠣᠨ᠎ᠠᠴᠠ ᠲᠡᠭᠡᠭᠰᠢᠬᠢ ᠣᠷᠣᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠬᠦᠯᠵᠦ ᠲᠤᠭᠳᠠᠭ᠋ᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ ᠲᠠᠷᠢᠮᠠᠯ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠲᠤᠳᠤᠷᠠᠬᠢ ᠲᠠᠷᠢᠶᠠᠨ ᠭᠠᠵᠠᠷ;
     (ᠬᠤᠶᠠᠷ) ᠤᠰᠤᠨ ᠠᠰᠢᠭᠯᠠᠯᠳᠠ ᠵᠢᠨ ᠪᠠ ᠬᠦᠷᠦᠰᠦ ᠰᠢᠷᠦᠢ ᠵᠢᠨ ᠬᠠᠮᠠᠭ᠋ᠠᠯᠠᠯᠳᠠ ᠵᠢᠨ ᠲᠤᠬᠢᠲᠠᠢ ᠰᠠᠢ᠌ᠨ ᠲᠦᠬᠦᠭᠡᠷᠦᠮᠵᠢ᠎ᠲᠠᠢ ᠲᠠᠷᠢᠶᠠᠨ ᠭᠠᠵᠠᠷ᠂ ᠤᠳᠤ ᠶᠠᠭ ᠰᠠᠢ᠌ᠵᠢᠷᠠᠭᠤᠯᠬᠤ ᠲᠦᠯᠦᠪᠯᠡᠭᠡ ᠵᠢ ᠬᠡᠷᠡᠭᠵᠢᠬᠦᠯᠵᠦ ᠪᠠᠢ᠌ᠬᠤ ᠪᠠ ᠰᠠᠢ᠌ᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ᠎ᠲᠠᠢ ᠲᠠᠷᠢᠶᠠᠨ ᠭᠠᠵᠠᠷ;
     (ᠭᠤᠷᠪᠠ) ᠢᠳᠡᠰᠢᠨ ᠨᠤᠭᠤᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ;
     (ᠲᠦᠷᠪᠡ) ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠣᠳᠣᠯᠭ᠋ᠠᠨ ᠬᠢᠬᠦ᠂ ᠵᠢᠭ᠋ᠠᠨ ᠰᠤᠷᠭ᠋ᠠᠬᠤ ᠲᠤᠷᠰᠢᠯᠳᠠ ᠬᠢᠬᠦ ᠲᠠᠷᠢᠶᠠᠨ ᠭᠠᠵᠠᠷ;
     (ᠲᠠᠪᠤ) ᠲᠦᠷᠦ ᠵᠢᠨ ᠶᠠᠪᠤᠳᠠᠯ᠎ᠤᠨ ᠬᠤᠷᠢᠶᠠᠨ᠎ᠠᠴᠠ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠳᠠ ᠵᠢᠨ ᠤᠷᠤᠨ᠎ᠳᠤ ᠤᠷᠤᠭᠤᠯᠬᠤ ᠶᠤᠰᠤᠲᠠᠢ ᠭᠡᠵᠦ ᠲᠤᠭᠳᠠᠭ᠋ᠠᠭᠰᠠᠨ ᠪᠤᠰᠤᠳ ᠲᠠᠷᠢᠶᠠᠨ ᠭᠠᠵᠠᠷ᠃
      ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠵᠠᠭ᠋ᠠᠭᠯᠠᠨ ᠲᠤᠭᠳᠠᠭ᠋ᠠᠭᠰᠠᠨ ᠦᠨᠳᠦᠰᠦᠨ ᠲᠠᠷᠢᠶᠠᠨ ᠭᠠᠵᠠᠷ᠎ᠨᠢ ᠲᠤᠰ ᠵᠠᠰᠠᠭ ᠵᠠᠬᠢᠷᠭ᠋ᠠᠨ᠎ᠤ ᠤᠷᠤᠨ᠎ᠤ ᠲᠤᠳᠤᠷᠠᠬᠢ ᠲᠠᠷᠢᠶᠠᠨ ᠭᠠᠵᠠᠷ᠎ᠤᠨ80 %᠎ᠠᠴᠠ ᠲᠡᠭᠡᠭᠰᠢᠬᠢ ᠵᠢ ᠡᠵᠡᠯᠡᠭᠰᠡᠨ ᠪᠠᠢ᠌ᠬᠤ ᠬᠡᠷᠡᠭᠲᠠᠢ᠃
      ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠳᠠ ᠵᠢᠨ ᠤᠷᠤᠨ᠎ᠢ ᠰᠤᠮᠤ (ᠪᠠᠯᠭ᠋ᠠᠰᠦ)᠎ᠪᠠᠷ ᠨᠢᠭᠡᠴᠢ ᠪᠤᠯᠭ᠋ᠠᠨ ᠵᠠᠭ᠋ᠠᠭᠯᠠᠨ ᠲᠤᠭᠳᠠᠭ᠋ᠠᠵᠦ᠂ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠠᠳᠠᠯᠢ ᠱᠠᠳᠤᠨ᠎ᠤ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠨ ᠵᠤᠬᠢᠶᠠᠨ ᠪᠠᠢ᠌ᠭᠤᠯᠵᠦ ᠬᠡᠷᠡᠭᠵᠢᠬᠦᠯᠦᠨ᠎ᠡ᠃  
      ᠭᠤᠴᠢᠨ ᠲᠠᠪᠤᠳᠤᠭ᠋ᠠᠷ ᠵᠦᠢ᠍ᠯ   ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠠᠷᠭ᠎ᠠ ᠬᠡᠮᠵᠢᠶ᠎ᠡ ᠠᠪᠴᠦ ᠪᠠᠢ᠌ᠭ᠋ᠠᠳ ᠤᠰᠤ ᠵᠠᠯᠠᠬᠤ ᠪᠠᠷᠢᠯᠭ᠎ᠠ ᠵᠢᠨ ᠲᠦᠬᠦᠭᠡᠷᠦᠮᠵᠢ ᠵᠢ ᠬᠠᠮᠠᠭ᠋ᠠᠯᠠᠵᠦ᠂ ᠬᠦᠷᠦᠰᠦ ᠰᠢᠷᠦᠢ ᠵᠢ ᠰᠠᠢ᠌ᠵᠢᠷᠠᠭᠤᠯᠤᠨ᠂ ᠭᠠᠵᠠᠷ᠎ᠤᠨ ᠰᠢᠮ᠎ᠡ ᠵᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠵᠢ ᠰᠡᠷᠭᠡᠢ᠌ᠯᠡᠨ ᠬᠤᠷᠢᠭᠯᠠᠬᠤ ᠬᠡᠷᠡᠭᠲᠠᠢ᠃  
      ᠭᠤᠴᠢᠨ ᠵᠢᠷᠭᠤᠳᠤᠭ᠋ᠠᠷ ᠵᠦᠢ᠍ᠯ   ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ ᠬᠢᠬᠦ᠎ᠳᠡᠭᠡᠨ ᠡᠷᠭᠡᠪᠰᠢ ᠭᠠᠵᠠᠷ ᠰᠢᠷᠦᠢ ᠵᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ᠎ᠢ ᠠᠰᠢᠭᠯᠠᠵᠦ ᠪᠤᠯᠬᠤ᠎ᠳᠤ ᠬᠦᠷᠪᠡᠯ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠤᠯᠬᠤ ᠦᠭᠡᠢ; ᠮᠠᠭᠤ ᠭᠠᠵᠠᠷ᠎ᠢ ᠠᠰᠢᠭᠯᠠᠵᠦ ᠪᠤᠯᠬᠤ᠎ᠳᠤ ᠬᠦᠷᠪᠡᠯ ᠰᠠᠢ᠌ᠨ ᠭᠠᠵᠠᠷ᠎ᠢ ᠡᠵᠡᠯᠡᠨ ᠬᠡᠷᠡᠭᠯᠡᠵᠦ ᠪᠤᠯᠬᠤ ᠦᠭᠡᠢ᠃  
      ᠲᠠᠷᠢᠶᠠᠨ ᠭᠠᠵᠠᠷ᠎ᠢ ᠡᠵᠡᠯᠡᠨ ᠶᠤᠤ ᠭᠠᠷᠭ᠋ᠠᠬᠤ᠂ ᠪᠤᠯᠠᠰᠢᠨ ᠭᠠᠵᠠᠷ ᠭᠠᠷᠭ᠋ᠠᠬᠤ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ᠎ᠪᠠᠷ ᠵᠶ᠋ᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭ᠋ᠠᠬᠤ᠂ ᠠᠭᠤᠷᠬᠠᠢ ᠮᠠᠯᠳᠠᠬᠤ᠂ ᠰᠢᠷᠦᠢ ᠠᠪᠬᠤ ᠵᠢ ᠴᠠᠭ᠋ᠠᠵᠠᠯᠠᠨ᠎ᠠ᠃
      ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠤᠢ ᠵᠢᠮᠢᠰ᠎ᠤᠨ ᠦᠢ᠍ᠯᠡᠰ᠎ᠢ ᠬᠦᠭᠵᠢᠬᠦᠯᠬᠦ ᠪᠡ ᠨᠠᠭᠤᠷ ᠮᠠᠯᠳᠠᠵᠦ ᠵᠢᠭ᠋ᠠᠰᠣ ᠲᠡᠵᠢᠭᠡᠬᠦ ᠵᠢ ᠴᠠᠭ᠋ᠠᠵᠠᠯᠠᠨ᠎ᠠ᠃
      ᠭᠤᠴᠢᠨ ᠲᠤᠯᠤᠳᠤᠭ᠋ᠠᠷ ᠵᠦᠢ᠍ᠯ   ᠶᠠᠮᠠᠷᠪᠠ ᠨᠢᠭᠡᠴᠢ ᠪᠤᠯᠤᠨ ᠬᠤᠪᠢ ᠬᠦᠮᠦᠨ᠎ᠤ ᠲᠠᠷᠢᠶᠠᠨ ᠭᠠᠵᠠᠷ᠎ᠢ ᠰᠣᠯᠠ ᠪᠠᠢ᠌ᠯᠭ᠋ᠠᠬᠤ᠂ ᠠᠳᠠᠷᠰᠢᠭᠤᠯᠬᠤ ᠵᠢ ᠴᠠᠭ᠋ᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠭᠰᠡᠨ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ᠎ᠢ ᠨᠢᠭᠡ ᠵᠢᠯ᠎ᠤᠨ ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ᠎ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠢ᠌ᠪᠠᠯ᠂ ᠤᠤᠯ᠎ᠤᠨ ᠡᠨᠡ ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠢ᠌ᠭᠰᠠᠨ ᠬᠠᠮᠳᠦ ᠨᠡᠢ᠌ᠳᠡ ᠪᠤᠶᠤ ᠬᠤᠪᠢ ᠬᠦᠮᠦᠨ ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ᠎ᠠᠴᠠ ᠵᠤᠬᠢᠶᠠᠨ ᠪᠠᠢ᠌ᠭᠤᠯᠵᠦ ᠪᠠᠢ᠌ᠭ᠋ᠠᠳ ᠲᠠᠷᠢᠵᠦ ᠴᠦ᠍ ᠪᠤᠯᠤᠨ᠎ᠠ; ᠨᠢᠭᠡ ᠵᠢᠯ ᠭᠠᠷᠦᠢ ᠪᠤᠯᠤᠭ᠋ᠠᠳ ᠪᠦᠳᠦᠭᠡᠨ ᠪᠠᠢ᠌ᠭᠤᠯᠤᠯᠳᠠ ᠵᠢᠨ ᠠᠵᠢᠯ ᠵᠶ᠋ᠠᠨ ᠡᠬᠢᠯᠡᠬᠦᠯᠦᠭᠰᠡᠨ ᠦᠭᠡᠢ ᠪᠠᠢ᠌ᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠯ ᠶᠤᠰᠤᠭ᠋ᠠᠷ ᠭᠠᠵᠠᠷ ᠰᠢᠷᠦᠢ ᠵᠢ ᠰᠣᠯᠠ ᠪᠠᠢ᠌ᠯᠭ᠋ᠠᠭᠰᠠᠨ ᠰᠦᠢ᠍ᠳᠭᠡᠯ ᠲᠤᠰᠢᠶᠠᠬᠤ ᠬᠡᠷᠡᠭᠲᠠᠢ; ᠬᠤᠶᠠᠷ ᠵᠢᠯ ᠲᠠᠷᠠᠭ᠋ᠠᠯᠠᠨ ᠬᠡᠷᠡᠭᠯᠡᠭᠰᠡᠨ ᠦᠭᠡᠢ ᠪᠠᠢ᠌ᠪᠠᠯ᠂ ᠤᠤᠯ᠎ᠤᠨ ᠵᠦᠪᠰᠢᠶᠡᠷᠡᠭᠰᠡᠨ ᠪᠠᠢ᠌ᠭᠤᠯᠭ᠎ᠠ᠎ᠪᠠᠷ᠎ᠨᠢ ᠵᠦᠪᠰᠢᠶᠡᠷᠡᠬᠦᠯᠦᠭᠡᠳ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠣᠨ᠎ᠠᠴᠠ ᠭᠠᠵᠠᠷ ᠬᠡᠷᠡᠭᠯᠡᠬᠦ ᠨᠢᠭᠡᠴᠢ ᠵᠢᠨ ᠭᠠᠵᠠᠷ ᠰᠢᠷᠦᠢ ᠬᠡᠷᠡᠭᠯᠡᠬᠦ ᠡᠷᠭᠡ ᠵᠢ᠎ᠨᠢ ᠦᠨ᠎ᠡ ᠲᠦᠯᠦᠪᠤᠷᠢ ᠦᠭᠡᠢ᠎ᠪᠠᠷ ᠬᠤᠷᠢᠶᠠᠨ ᠠᠪᠤᠨ᠎ᠠ; ᠡᠨᠡ ᠭᠠᠵᠠᠷ ᠰᠢᠷᠦᠢ ᠤᠤᠯ᠎ᠨᠢ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ᠎ᠬᠢ ᠪᠠᠢ᠌ᠭᠰᠠᠨ ᠪᠤᠯ ᠤᠤᠯ᠎ᠤᠨ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠳᠤ ᠲᠤᠰᠢᠶᠠᠨ ᠦᠭᠴᠦ ᠲᠠᠷᠢᠶᠠᠯᠠᠯᠭ᠎ᠠ ᠵᠢ᠎ᠨᠢ ᠰᠡᠷᠬᠦᠭᠡᠬᠦ ᠬᠡᠷᠡᠭᠲᠠᠢ᠃
      ᠬᠤᠳᠠ ᠵᠢᠨ ᠲᠦᠯᠦᠪᠵᠢᠬᠦᠯᠭᠡ ᠵᠢᠨ ᠲᠤᠭᠤᠷᠢᠭ᠎ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ ᠬᠡᠯᠪᠡᠷᠢ᠎ᠪᠠᠷ ᠭᠠᠵᠠᠷ ᠰᠢᠷᠦᠢ ᠬᠡᠷᠡᠭᠯᠡᠬᠦ ᠡᠷᠭᠡ ᠵᠢ ᠤᠯᠤᠭ᠋ᠠᠳ ᠬᠡᠷ ᠪᠠᠢ᠌ᠰᠢᠩ ᠭᠠᠵᠠᠷ ᠰᠢᠷᠦᠢ ᠵᠢᠨ ᠬᠦᠷᠦᠩᠭᠡ ᠵᠢ ᠨᠡᠭᠡᠭᠡᠨ ᠬᠦᠭᠵᠢᠬᠦᠯᠬᠦ᠎ᠪᠠᠷ ᠪᠠᠢ᠌ᠭ᠎ᠠ ᠰᠣᠯᠠ ᠪᠠᠢ᠌ᠯᠭ᠋ᠠᠭᠰᠠᠨ ᠭᠠᠵᠠᠷ ᠰᠢᠷᠦᠢ ᠵᠢ ᠪᠤᠯ《ᠪᠦᠬᠦᠳᠡ ᠨᠠᠢ᠌ᠷᠠᠮᠳᠠᠬᠤ ᠲᠤᠮᠳᠠᠳᠦ ᠠᠷᠠᠳ ᠤᠯᠤᠰ᠎ᠤᠨ ᠬᠤᠳᠠ ᠵᠢᠨ ᠬᠡᠷ ᠪᠠᠢ᠌ᠰᠢᠩ ᠭᠠᠵᠠᠷ ᠰᠢᠷᠦᠢ ᠵᠢᠨ ᠬᠦᠷᠦᠩᠭᠡ ᠵᠢᠨ ᠬᠠᠮᠢᠶᠠᠷᠤᠯᠳᠠ ᠵᠢᠨ ᠬᠠᠤᠯᠢ》ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠰᠢᠢ᠍ᠳᠪᠦᠷᠢᠯᠡᠨ᠎ᠡ᠃
      ᠲᠠᠷᠢᠶᠠᠨ ᠭᠠᠵᠠᠷ᠎ᠢ ᠲᠠᠭ᠋ᠠᠭ᠋ᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭ᠋ᠠᠯᠠᠨ ᠲᠠᠷᠢᠶᠠᠯᠠᠬᠤ ᠦᠭᠡᠢ᠎ᠪᠠᠷ ᠲᠠᠷᠢᠶᠠᠨ ᠭᠠᠵᠠᠷ᠎ᠢ ᠠᠳᠠᠷᠰᠢᠭᠤᠯᠤᠭᠰᠠᠨ ᠪᠠᠢ᠌ᠪᠠᠯ᠂ ᠤᠤᠯ᠎ᠤᠨ ᠲᠠᠭ᠋ᠠᠭ᠋ᠠᠴᠢᠯᠠᠭᠤᠯᠤᠭᠰᠠᠨ ᠨᠢᠭᠡᠴᠢ᠎ᠨᠢ ᠲᠠᠭ᠋ᠠᠭ᠋ᠠᠴᠢᠯᠠᠯᠳᠠ ᠵᠢᠨ ᠬᠡᠷ᠎ᠡ᠎ᠪᠠᠨ ᠲᠠᠭᠤᠰᠬᠠᠵᠦ᠂ ᠲᠠᠭ᠋ᠠᠭ᠋ᠠᠴᠢᠯᠠᠭᠤᠯᠤᠭᠰᠠᠨ ᠲᠠᠷᠢᠶᠠᠨ ᠭᠠᠵᠠᠷ ᠵᠶ᠋ᠠᠨ ᠬᠤᠷᠢᠶᠠᠨ ᠠᠪᠬᠤ ᠬᠡᠷᠡᠭᠲᠠᠢ᠃
      ᠭᠤᠴᠢᠨ ᠨᠠᠢ᠍ᠮᠠᠳᠣᠭ᠋ᠠᠷ ᠵᠦᠢ᠍ᠯ   ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭ᠋ᠠᠷ᠂ ᠠᠮᠢ ᠠᠬᠤᠢ ᠵᠢᠨ ᠤᠷᠴᠢᠨ ᠲᠤᠭᠤᠷᠢᠨ᠎ᠢ ᠬᠠᠮᠠᠭ᠋ᠠᠯᠠᠨ ᠰᠠᠢ᠌ᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠡᠯᠡᠰᠦᠵᠢᠬᠦ ᠵᠢ ᠰᠡᠷᠭᠡᠢ᠌ᠯᠡᠨ ᠵᠤᠭᠰᠤᠭ᠋ᠠᠬᠤ ᠤᠷᠢᠳᠠᠯ ᠲᠤᠤᠷ᠎ᠡ᠂ ᠠᠰᠢᠭᠯᠠᠭ᠋ᠠᠳᠦᠢ ᠭᠠᠵᠠᠷ ᠰᠢᠷᠦᠢ ᠵᠢ ᠨᠢᠭᠡᠴᠢ ᠪᠠ ᠬᠤᠪᠢ ᠬᠦᠮᠦᠨ᠎ᠤ ᠨᠡᠭᠡᠭᠡᠨ ᠠᠰᠢᠭᠯᠠᠬᠤ ᠵᠢ ᠤᠯᠤᠰ᠎ᠠᠴᠠ ᠵᠤᠷᠢᠭᠵᠢᠭᠤᠯᠤᠨ᠎ᠠ; ᠲᠠᠷᠢᠶᠠᠯᠠᠩ᠎ᠳᠤ ᠬᠡᠷᠡᠭᠯᠡᠬᠦ ᠭᠠᠵᠠᠷ ᠪᠤᠯᠭ᠋ᠠᠵᠦ ᠨᠡᠭᠡᠭᠡᠨ ᠠᠰᠢᠭᠯᠠᠬᠤ᠎ᠳᠤ ᠲᠤᠬᠢᠷᠠᠮᠵᠢᠲᠠᠢ ᠪᠠᠢ᠌ᠪᠠᠯ ᠡᠩ ᠲᠠᠷᠢᠬᠦᠨ᠎ᠳᠤ ᠲᠠᠷᠢᠶᠠᠯᠠᠩ᠎ᠳᠤ ᠬᠡᠷᠡᠭᠯᠡᠬᠦ ᠭᠠᠵᠠᠷ ᠪᠤᠯᠭ᠋ᠠᠨ ᠨᠡᠭᠡᠭᠡᠨ ᠠᠰᠢᠭᠯᠠᠬᠤ ᠬᠡᠷᠡᠭᠲᠠᠢ᠃
      ᠤᠯᠤᠰ᠎ᠠᠴᠠ ᠨᠡᠭᠡᠭᠡᠨ ᠠᠰᠢᠭᠯᠠᠭᠴᠢᠳ᠎ᠤᠨ ᠬᠠᠤᠯᠢ ᠶᠤᠰᠤᠨ᠎ᠤ ᠡᠷᠭᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠨ᠎ᠠ᠃  
      ᠭᠤᠴᠢ ᠶᠢᠰᠦᠳᠦᠭᠡᠷ ᠵᠦᠢ᠍ᠯ   ᠠᠰᠢᠭᠯᠠᠭ᠋ᠠᠳᠦᠢ ᠭᠠᠵᠠᠷ ᠰᠢᠷᠦᠢ ᠵᠢ ᠬᠠᠭ᠋ᠠᠯᠪᠤᠷᠢᠯᠠᠬᠤ᠎ᠳᠤ ᠡᠷᠭᠡᠪᠰᠢ ᠰᠢᠨᠵᠢᠯᠡᠬᠦ ᠤᠬᠠᠭ᠋ᠠᠨᠴᠢ ᠨᠤᠳᠠᠯᠠᠯᠳᠠ ᠪᠠ ᠦᠨᠡᠯᠡᠨ ᠵᠢᠱ᠌ᠢᠯᠳᠠ ᠬᠢᠵᠦ᠂ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠵᠠᠭ᠋ᠠᠭᠯᠠᠨ ᠲᠤᠭᠳᠠᠭ᠋ᠠᠭᠰᠠᠨ ᠬᠠᠭ᠋ᠠᠯᠪᠤᠷᠢᠯᠠᠵᠦ ᠪᠤᠯᠬᠤ ᠤᠷᠤᠨ᠎ᠤ ᠲᠤᠳᠤᠷ᠎ᠡ᠂ ᠬᠠᠤᠯᠢ ᠶᠤᠰᠤᠭ᠋ᠠᠷ ᠵᠦᠪᠰᠢᠶᠡᠷᠡᠬᠦᠯᠦᠭᠰᠡᠨ᠎ᠤ ᠲᠠᠷᠠᠭ᠎ᠠ ᠬᠠᠭ᠋ᠠᠯᠪᠤᠷᠢᠯᠠᠬᠤ ᠬᠡᠷᠡᠭᠲᠠᠢ᠃ ᠣᠢ ᠰᠢᠭᠣᠢ᠂ ᠡᠪᠡᠰᠦ ᠪᠡᠯᠴᠢᠭᠡᠷ᠎ᠢ ᠡᠪᠳᠡᠵᠦ ᠲᠠᠷᠢᠶᠠᠨ ᠭᠠᠵᠠᠷ ᠪᠤᠯᠭ᠋ᠠᠨ ᠬᠠᠭ᠋ᠠᠯᠪᠤᠷᠢᠯᠠᠬᠤ ᠵᠢ ᠴᠠᠭ᠋ᠠᠵᠠᠯᠠᠨ᠎ᠠ᠂ ᠨᠠᠭᠤᠷ᠎ᠢ ᠬᠦᠷᠢᠶᠡᠯᠡᠨ ᠲᠠᠷᠢᠶᠠᠨ ᠭᠠᠵᠠᠷ ᠭᠠᠷᠭ᠋ᠠᠬᠤ ᠪᠠ ᠭᠤᠤᠯ ᠮᠦᠷᠡᠨ᠎ᠤ ᠲᠠᠩ ᠭᠠᠵᠠᠷ᠎ᠢ ᠡᠵᠡᠯᠡᠬᠦ ᠵᠢ ᠴᠠᠭ᠋ᠠᠵᠠᠯᠠᠨ᠎ᠠ᠃
      ᠠᠮᠢ ᠠᠬᠤᠢ ᠵᠢᠨ ᠤᠷᠴᠢᠨ ᠲᠤᠭᠤᠷᠢᠨ᠎ᠢ ᠡᠪᠳᠡᠨ ᠬᠠᠭ᠋ᠠᠯᠪᠤᠷᠢᠯᠠᠭᠰᠠᠨ ᠪᠠ ᠬᠦᠷᠢᠶᠡᠯᠡᠨ ᠬᠠᠭ᠋ᠠᠯᠪᠤᠷᠢᠯᠠᠭᠰᠠᠨ ᠭᠠᠵᠠᠷ ᠰᠢᠷᠦᠢ ᠵᠢ ᠪᠤᠯ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠦᠨᠳᠦᠰᠦᠯᠡᠨ᠂ ᠲᠦᠯᠦᠪᠯᠡᠭᠡ᠎ᠲᠠᠢ ᠠᠯᠬᠤᠮ ᠲᠠᠷᠠᠭ᠎ᠠ᠎ᠲᠠᠢ᠎ᠪᠠᠷ ᠲᠠᠷᠢᠶᠠᠯᠠᠬᠤ ᠵᠢ᠎ᠨᠢ ᠵᠤᠭᠰᠤᠭ᠋ᠠᠨ᠂ ᠲᠠᠬᠢᠨ ᠤᠢ ᠰᠢᠭᠤᠢ᠂ ᠡᠪᠡᠰᠦ ᠪᠡᠯᠴᠢᠭᠡᠷ ᠨᠠᠭᠤᠷ ᠲᠤᠭᠤᠷᠢᠮ ᠪᠤᠯᠭ᠋ᠠᠬᠤ ᠬᠡᠷᠡᠭᠲᠠᠢ᠃  
      ᠲᠦᠴᠢᠳᠦᠭᠡᠷ ᠵᠦᠢ᠍ᠯ   ᠬᠡᠷᠡᠭᠯᠡᠬᠦ ᠡᠷᠭᠡ ᠵᠢ᠎ᠨᠢ ᠲᠤᠳᠤᠷᠬᠠᠢ ᠲᠤᠭᠳᠠᠭ᠋ᠠᠭᠰᠠᠨ ᠦᠭᠡᠢ ᠤᠯᠤᠰ᠎ᠤᠨ ᠦᠮᠴᠢᠯᠡᠯ᠎ᠤᠨ ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ᠎ᠢ ᠨᠡᠭᠡᠭᠡᠨ ᠠᠰᠢᠭᠯᠠᠭ᠋ᠠᠳ ᠲᠠᠷᠢᠮᠠᠯ᠎ᠤᠨ ᠦᠢ᠍ᠯᠡᠰ᠂ ᠤᠢ ᠰᠢᠭᠤᠢ ᠵᠢᠨ ᠠᠵᠦ ᠠᠬᠤᠢ᠂ ᠮᠠᠯ ᠠᠵᠦ ᠠᠬᠤᠢ᠂ ᠵᠢᠭ᠋ᠠᠰᠤᠨ ᠠᠵᠦ ᠠᠬᠤᠢ ᠵᠢᠨ ᠦᠢ᠍ᠯᠡᠳᠪᠦᠷᠢᠯᠡᠯ ᠬᠢᠬᠦ᠎ᠳᠤ ᠬᠦᠷᠪᠡᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠠᠤᠯᠢ ᠶᠤᠰᠤᠭ᠋ᠠᠷ ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ᠎ᠳᠤ ᠦᠭᠴᠦ ᠤᠷᠳᠦ ᠬᠤᠭᠤᠴᠠᠭ᠎ᠠ ᠬᠡᠷᠡᠭᠯᠡᠬᠦᠯᠬᠦ᠎ᠪᠠᠷ ᠲᠤᠭᠳᠠᠭ᠋ᠠᠵᠦ ᠪᠤᠯᠤᠨ᠎ᠠ᠃  
      ᠲᠦᠴᠢᠨ ᠨᠢᠭᠡᠳᠦᠭᠡᠷ ᠵᠦᠢ᠍ᠯ   ᠤᠯᠤᠰ᠎ᠠᠴᠠ ᠭᠠᠵᠠᠷ ᠰᠢᠷᠦᠢ ᠵᠢ ᠵᠠᠰᠠᠵᠦ ᠰᠠᠢ᠌ᠵᠢᠷᠠᠭᠤᠯᠬᠤ ᠵᠢ ᠵᠤᠷᠢᠭᠵᠢᠭᠤᠯᠤᠨ᠎ᠠ᠃ ᠰᠢᠶᠠᠨ᠂ ᠰᠤᠮᠤ (ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ᠎ᠨᠤᠭᠤᠳ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠵᠢ ᠵᠤᠬᠢᠶᠠᠨ ᠪᠠᠢ᠌ᠭᠤᠯᠵᠦ ᠪᠠᠢ᠌ᠭ᠋ᠠᠳ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭ᠋ᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ᠎ᠢ ᠶᠡᠷᠦᠩᠭᠡᠢ᠌ᠯᠡᠨ ᠵᠠᠰᠠᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠠᠢ᠌ᠵᠢᠷᠠᠭᠤᠯᠤᠨ᠂ ᠦᠷ᠎ᠡ ᠠᠰᠢᠭ᠎ᠲᠠᠢ ᠲᠠᠷᠢᠶᠠᠨ ᠭᠠᠵᠠᠷ᠎ᠤᠨ ᠲᠠᠯᠠᠪᠠᠢ ᠵᠢ ᠨᠡᠮᠡᠭᠳᠡᠬᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠨᠦᠬᠦᠴᠡᠯ ᠪᠠ ᠠᠮᠢ ᠠᠬᠤᠢ ᠵᠢᠨ ᠤᠷᠴᠢᠨ ᠲᠤᠭᠤᠷᠢᠨ᠎ᠢ ᠰᠠᠢ᠌ᠵᠢᠷᠠᠭᠤᠯᠬᠤ ᠬᠡᠷᠡᠭᠲᠠᠢ᠃
      ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠦ ᠪᠠᠢ᠌ᠭ᠋ᠠᠳ ᠲᠤᠮᠳᠠ᠂ ᠲᠤᠤᠷ᠎ᠡ ᠤᠨᠠᠯᠳᠠ᠎ᠲᠠᠢ ᠲᠠᠷᠢᠶᠠᠨ ᠭᠠᠵᠠᠷ᠎ᠢ ᠦᠭᠡᠷᠡᠴᠢᠯᠠᠨ ᠰᠠᠢ᠌ᠵᠢᠷᠠᠭᠤᠯᠵᠦ᠂ ᠰᠣᠯᠠ ᠭᠠᠵᠠᠷ ᠪᠠ ᠬᠠᠶᠠᠭᠳᠠᠮᠠᠯ ᠭᠠᠵᠠᠷ᠎ᠢ ᠵᠠᠰᠠᠬᠤ ᠬᠡᠷᠡᠭᠲᠠᠢ᠃
      ᠲᠦᠴᠢᠨ ᠬᠤᠶᠠᠳᠤᠭ᠋ᠠᠷ ᠵᠦᠢ᠍ᠯ   ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ ᠵᠡᠷᠭᠡ᠎ᠠᠴᠠ ᠪᠤᠯᠵᠦ ᠭᠠᠵᠠᠷ ᠰᠢᠷᠦᠢ᠎ᠳᠤ ᠡᠪᠳᠡᠯᠡᠬᠡ ᠤᠴᠠᠷᠠᠭᠤᠯᠤᠭᠰᠠᠨ ᠪᠠᠢ᠌ᠪᠠᠯ᠂ ᠭᠠᠵᠠᠷ ᠬᠡᠷᠡᠭᠯᠡᠭᠰᠡᠨ ᠨᠢᠭᠡᠴᠢ ᠪᠠ ᠬᠤᠪᠢ ᠬᠦᠮᠦᠨ ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠰᠡᠷᠬᠦᠭᠡᠨ ᠬᠠᠭ᠋ᠠᠯᠪᠤᠷᠢᠯᠠᠬᠤ ᠠᠵᠢᠯ᠎ᠢ ᠬᠠᠷᠢᠭᠤᠴᠠᠬᠤ ᠬᠡᠷᠡᠭᠲᠠᠢ; ᠰᠡᠷᠭᠦᠭᠡᠨ ᠬᠠᠭ᠋ᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭ᠋ᠠᠯᠪᠤᠷᠢᠯᠠᠭᠰᠠᠨ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠠᠢ᠌ᠪᠠᠯ᠂ ᠭᠠᠵᠠᠷ ᠰᠢᠷᠦᠢ ᠵᠢ ᠰᠡᠷᠬᠦᠭᠡᠨ ᠬᠠᠭ᠋ᠠᠯᠪᠤᠷᠢᠯᠠᠬᠤ ᠰᠦᠢ᠍ᠳᠭᠡᠯ ᠲᠤᠰᠢᠶᠠᠵᠦ᠂ ᠲᠤᠰ ᠰᠦᠢ᠍ᠳᠭᠡᠯ᠎ᠢ ᠭᠠᠵᠠᠷ ᠰᠢᠷᠦᠢ ᠵᠢ ᠰᠡᠷᠬᠦᠭᠡᠨ ᠬᠠᠭ᠋ᠠᠯᠪᠤᠷᠢᠯᠠᠬᠤ᠎ᠳᠤ ᠲᠤᠰᠬᠠᠢ ᠬᠡᠷᠡᠭᠯᠡᠬᠦ ᠬᠡᠷᠡᠭᠲᠠᠢ᠃ ᠰᠡᠷᠬᠦᠭᠡᠨ ᠬᠠᠭ᠋ᠠᠯᠪᠤᠷᠢᠯᠠᠭᠰᠠᠨ ᠭᠠᠵᠠᠷ᠎ᠢ ᠡᠩ ᠲᠠᠷᠢᠬᠦᠨ᠎ᠳᠤ ᠲᠠᠷᠢᠶᠠᠯᠠᠩ᠎ᠳᠤ ᠬᠡᠷᠡᠭᠯᠡᠬᠦ ᠬᠡᠷᠡᠭᠲᠠᠢ᠃
    ᠲᠠᠪᠤᠳᠤᠭ᠋ᠠᠷ ᠪᠦᠯᠦᠭ   ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ
      ᠲᠦᠴᠢᠨ ᠭᠤᠷᠪᠠᠳᠣᠭ᠋ᠠᠷ ᠵᠦᠢ᠍ᠯ   ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠢ᠌ᠭᠤᠯᠤᠯᠳᠠ᠎ᠳᠤ ᠭᠠᠵᠠᠷ ᠰᠢᠷᠦᠢ ᠬᠡᠷᠡᠭᠯᠡᠬᠦ ᠴᠢᠬᠤᠯᠠ᠎ᠲᠠᠢ ᠪᠤᠯᠪᠠᠯ᠂ ᠡᠷᠭᠡᠪᠰᠢ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠪᠠᠷ ᠬᠠᠤᠯᠢ ᠶᠤᠰᠤᠭ᠋ᠠᠷ ᠭᠤᠶᠤᠴᠢᠯᠠᠬᠤ ᠬᠡᠷᠡᠭᠲᠠᠢ; ᠭᠡᠪᠡᠴᠦ ᠰᠣᠮᠤ ᠪᠠᠯᠭ᠋ᠠᠰᠤᠨ᠎ᠤ ᠠᠵᠦ ᠠᠬᠤᠢ᠌ᠯᠠᠯ ᠡᠷᠬᠢᠯᠡᠬᠦ ᠪᠠ ᠭᠠᠴᠠᠭ᠋ᠠᠨ᠎ᠤ ᠠᠷᠠᠳ᠎ᠤᠨ ᠤᠷᠤᠨ ᠰᠠᠭᠤᠴᠠ ᠪᠠᠷᠢᠬᠤ᠎ᠳᠤ ᠲᠤᠰ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠪᠠᠷ ᠬᠠᠤᠯᠢ ᠶᠤᠰᠤᠭ᠋ᠠᠷ ᠵᠦᠪᠰᠢᠶᠡᠷᠡᠬᠦᠯᠦᠭᠰᠡᠨ ᠪᠠᠢ᠌ᠪᠠᠯ᠂ ᠡᠰᠡᠬᠦᠯ᠎ᠡ ᠰᠤᠮᠤ (ᠪᠠᠯᠭ᠋ᠠᠰᠤ) ᠭᠠᠴᠠᠭ᠎ᠠ ᠵᠢᠨ ᠨᠠᠢ᠌ᠳᠡ ᠵᠢᠨ ᠬᠡᠷᠡᠭᠯᠡᠭᠡᠨ᠎ᠤ ᠲᠦᠬᠦᠭᠡᠷᠦᠮᠵᠢ ᠪᠠ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠪᠦᠳᠦᠭᠡᠨ ᠪᠠᠢ᠌ᠭᠤᠯᠤᠯᠳᠠ᠎ᠳᠤ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠪᠠᠷ ᠬᠠᠤᠯᠢ ᠶᠤᠰᠤᠭ᠋ᠠᠷ ᠵᠦᠪᠰᠢᠶᠡᠷᠡᠬᠦᠯᠦᠭᠰᠡᠨ ᠪᠠᠢ᠌ᠪᠠᠯ ᠡᠬᠦᠨ᠎ᠳᠤ ᠪᠠᠭᠳᠠᠬᠤ ᠦᠭᠡᠢ᠃
      ᠡᠮᠦᠨᠡᠬᠢ ᠪᠠᠳᠠᠭ᠎ᠲᠤ ᠲᠤᠷᠠᠳᠤᠭᠰᠠᠨ ᠬᠡᠷᠡᠭᠯᠡᠬᠦ᠎ᠪᠠᠷ ᠬᠠᠤᠯᠢ ᠶᠤᠰᠤᠭ᠋ᠠᠷ ᠭᠤᠶᠤᠴᠢᠯᠠᠭᠰᠠᠨ ᠤᠯᠤᠰ᠎ᠤᠨ ᠦᠮᠴᠢᠯᠡᠯ᠎ᠤᠨ ᠭᠠᠵᠠᠷ ᠰᠢᠷᠦᠢ᠎ᠳᠤ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠪᠤᠯᠤᠨ ᠤᠯᠤᠰ᠎ᠠᠴᠠ ᠲᠠᠳᠠᠪᠤᠷᠢᠯᠠᠭᠰᠠᠨ ᠤᠤᠯ᠎ᠨᠢ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠳᠤ ᠪᠠᠢ᠌ᠭᠰᠠᠨ ᠭᠠᠵᠠᠷ ᠰᠢᠷᠦᠢ ᠪᠠᠭᠳᠠᠨ᠎ᠠ᠃       ᠲᠦᠴᠢᠨ ᠲᠦᠷᠪᠡᠳᠦᠭᠡᠷ ᠵᠦᠢ᠍ᠯ   ᠪᠦᠳᠦᠭᠡᠨ ᠪᠠᠢ᠌ᠭᠤᠯᠤᠯᠳᠠ᠎ᠳᠤ ᠡᠵᠡᠯᠡᠨ ᠬᠡᠷᠡᠭᠯᠡᠬᠦ ᠭᠠᠵᠠᠷ ᠰᠢᠷᠦᠢ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠵᠦ ᠬᠤᠪᠢᠷᠠᠭ᠋ᠠᠬᠤ ᠶᠠᠪᠤᠳᠠᠯ᠎ᠳᠤ ᠬᠤᠯᠪᠤᠭᠳᠠᠪᠠᠯ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠳ ᠬᠡᠷᠡᠭᠯᠡᠬᠦ᠎ᠪᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠬᠦ ᠬᠡᠷᠡᠭᠲᠠᠢ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠵᠢᠨ ᠪᠠᠷᠢᠯᠭ᠎ᠠ ᠪᠠ ᠲᠤᠮᠤ ᠬᠡᠯᠪᠡᠷᠢ ᠵᠢᠨ ᠰᠠᠭᠤᠷᠢ ᠲᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠂ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠵᠦᠪᠰᠢᠶᠡᠷᠡᠭᠰᠡᠨ ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠎ᠤᠨ ᠡᠵᠡᠯᠡᠨ ᠬᠡᠷᠡᠭᠯᠡᠬᠦ ᠭᠠᠵᠠᠷ ᠰᠢᠷᠦᠢ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠵᠦ ᠬᠤᠪᠢᠷᠠᠭ᠋ᠠᠬᠤ ᠶᠠᠪᠤᠳᠠᠯ᠎ᠳᠤ ᠬᠤᠯᠪᠤᠭᠳᠠᠬᠤ ᠲᠦᠷᠦ ᠵᠢᠨ ᠶᠠᠪᠤᠳᠠᠯ᠎ᠤᠨ ᠬᠤᠷᠢᠶ᠎ᠡ᠎ᠪᠠᠷ ᠵᠦᠪᠰᠢᠶᠡᠷᠡᠬᠦᠯᠦᠨ᠎ᠡ᠃
      ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠳᠠᠭ᠋ᠠᠭᠰᠠᠨ ᠬᠤᠳᠠ ᠪᠠ ᠠᠢ᠌ᠯ ᠲᠤᠰᠬᠤᠨ᠂ ᠪᠠᠯᠭ᠋ᠠᠰᠣᠨ᠎ᠤ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠬᠡᠪᠴᠢᠶ᠎ᠡ ᠬᠦᠷᠢᠶᠠᠨ᠎ᠤ ᠲᠤᠳᠤᠷ᠎ᠡ᠂ ᠲᠤᠰ ᠲᠦᠯᠦᠪᠵᠢᠬᠦᠯᠭᠡ ᠵᠢ ᠬᠡᠷᠡᠭᠵᠢᠬᠦᠯᠬᠦ ᠵᠢᠨ ᠲᠤᠰᠠᠳᠠ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠪᠤᠯᠭ᠋ᠠᠵᠦ ᠬᠤᠪᠢᠷᠠᠭ᠋ᠠᠬᠤ᠎ᠳᠤ ᠬᠦᠷᠪᠡᠯ᠂ ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠯᠡᠭᠡ ᠵᠢᠨ ᠶᠤᠰᠤᠭ᠋ᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠵᠦᠪᠰᠢᠶᠡᠷᠡᠭᠰᠡᠨ ᠤᠤᠯ᠎ᠤᠨ ᠪᠠᠢ᠌ᠭᠤᠯᠭ᠎ᠠ᠎ᠪᠠᠷ᠎ᠨᠢ ᠵᠦᠪᠰᠢᠶᠡᠷᠡᠬᠦᠯᠦᠨ᠎ᠡ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭ᠋ᠠᠨ ᠬᠡᠷᠡᠭᠯᠡᠬᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠲᠤᠳᠤᠷᠠᠬᠢ ᠪᠤᠳᠠᠳᠠᠢ ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠎ᠲᠤ ᠬᠡᠷᠡᠭᠯᠡᠬᠦ ᠭᠠᠵᠠᠷ᠎ᠢ ᠬᠤᠳᠠ᠂ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠬᠦᠯᠵᠦ ᠪᠤᠯᠤᠨ᠎ᠠ᠃
      ᠲᠤᠰ ᠵᠦᠢ᠍ᠯ᠎ᠤᠨ ᠬᠤᠶᠠᠳᠤᠭ᠋ᠠᠷ ᠪᠠᠳᠠᠭ᠂ ᠭᠤᠷᠪᠠᠳᠣᠭ᠋ᠠᠷ ᠪᠠᠳᠠᠭ᠎ᠤᠨ ᠲᠤᠭᠳᠠᠭ᠋ᠠᠯ᠎ᠠᠴᠠ ᠪᠤᠰᠤᠳ ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠎ᠤᠨ ᠡᠵᠡᠯᠡᠨ ᠬᠡᠷᠡᠭᠯᠡᠬᠦ ᠭᠠᠵᠠᠷ ᠰᠢᠷᠦᠢ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠨ ᠬᠤᠪᠢᠷᠠᠭ᠋ᠠᠬᠤ ᠶᠠᠪᠤᠳᠠᠯ᠎ᠳᠤ ᠬᠤᠯᠪᠤᠭᠳᠠᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠵᠢᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠬᠦᠯᠦᠨ᠎ᠡ᠃  
      ᠲᠦᠴᠢᠨ ᠲᠠᠪᠤᠳᠤᠭ᠋ᠠᠷ ᠵᠦᠢ᠍ᠯ   ᠲᠤᠤᠷ᠎ᠡ ᠵᠢᠭᠰᠠᠭ᠋ᠠᠭᠰᠠᠨ ᠭᠠᠵᠠᠷ ᠰᠢᠷᠦᠢ ᠵᠢ ᠲᠠᠳᠠᠪᠤᠷᠢᠯᠠᠬᠤ᠎ᠳᠤ ᠬᠦᠷᠪᠡᠯ᠂ ᠲᠦᠷᠦ ᠵᠢᠨ ᠶᠠᠪᠤᠳᠠᠯ᠎ᠤᠨ ᠬᠤᠷᠢᠶ᠎ᠡ᠎ᠪᠠᠷ ᠵᠦᠪᠰᠢᠶᠡᠷᠡᠬᠦᠯᠦᠨ᠎ᠡ᠄
     (ᠨᠢᠭᠡ) ᠦᠨᠳᠦᠰᠦᠨ ᠲᠠᠷᠢᠶᠠᠨ ᠭᠠᠵᠠᠷ;
     (ᠬᠤᠶᠠᠷ) ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ 35 ᠡᠾᠸᠺᠲ᠋ᠠᠷ᠎ᠠᠴᠠ ᠬᠡᠳᠤᠷᠡᠭᠰᠡᠨ ᠲᠠᠷᠢᠶᠠᠨ ᠭᠠᠵᠠᠷ;
     (ᠭᠤᠷᠪᠠ) 70 ᠡᠾᠸᠺᠲ᠋ᠠᠷ᠎ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃
      ᠡᠮᠦᠨᠡᠬᠢ ᠪᠠᠳᠠᠭ᠎ᠤᠨ ᠲᠤᠭᠳᠠᠭ᠋ᠠᠯ᠎ᠳᠠᠬᠢ ᠭᠠᠵᠠᠷ ᠰᠢᠷᠦᠢ᠎ᠠᠴᠠ ᠭᠠᠳᠠᠨᠠᠬᠢ ᠭᠠᠵᠠᠷ ᠰᠢᠷᠦᠢ ᠵᠢ ᠲᠠᠳᠠᠪᠤᠷᠢᠯᠠᠬᠤ᠎ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠬᠦᠯᠬᠦ ᠵᠢᠨ ᠬᠠᠮᠳᠦ ᠲᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠵᠦ ᠲᠠᠩᠰᠠᠯᠠᠭᠤᠯᠤᠨ᠎ᠠ᠃
      ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠠᠳᠠᠪᠤᠷᠢᠯᠠᠬᠤ᠎ᠳᠤ ᠬᠦᠷᠪᠡᠯ᠂ ᠲᠤᠰ ᠬᠠᠤᠯᠢ ᠵᠢᠨ ᠲᠦᠴᠢᠨ ᠲᠦᠷᠪᠡᠳᠦᠭᠡᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠲᠡᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ᠎ᠪᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ᠎ᠢ ᠣᠷᠢᠳᠠᠪᠡᠷ ᠬᠢᠬᠦ ᠬᠡᠷᠡᠭᠲᠠᠢ᠃ ᠡᠬᠦᠨ᠎ᠤ ᠲᠤᠳᠤᠷ᠎ᠡ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ᠎ᠪᠠᠷ ᠲᠦᠷᠦ ᠵᠢᠨ ᠶᠠᠪᠤᠳᠠᠯ᠎ᠤᠨ ᠬᠤᠷᠢᠶ᠎ᠡ᠎ᠪᠠᠷ ᠵᠦᠪᠰᠢᠶᠡᠷᠡᠬᠦᠯᠦᠭᠰᠡᠨ ᠪᠠᠢ᠌ᠪᠠᠯ᠂ ᠭᠠᠵᠠᠷ ᠲᠠᠳᠠᠪᠤᠷᠢᠯᠠᠬᠤ ᠵᠢ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ᠎ᠢ ᠵᠡᠷᠭᠡ᠎ᠳᠤᠨᠢ ᠬᠢᠵᠦ᠂ ᠭᠠᠵᠠᠷ ᠲᠠᠳᠠᠪᠤᠷᠢᠯᠠᠬᠤ ᠵᠢ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ᠎ᠢ ᠠᠰ᠎ᠲᠤᠨᠢ ᠲᠠᠬᠢᠵᠦ ᠬᠢᠬᠦ ᠦᠭᠡᠢ; ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠭᠠᠵᠠᠷ ᠲᠠᠳᠠᠪᠤᠷᠢᠯᠠᠬᠤ ᠵᠢ ᠵᠦᠪᠰᠢᠶᠡᠷᠡᠬᠦ ᠡᠷᠭᠡ ᠮᠡᠳᠡᠯ᠎ᠤᠨ ᠬᠡᠪᠴᠢᠶᠡᠨ ᠲᠤᠳᠤᠷ᠎ᠡ᠎ᠪᠠᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ ᠵᠢ ᠵᠦᠪᠰᠢᠶᠡᠷᠡᠭᠰᠡᠨ ᠪᠠᠢ᠌ᠪᠠᠯ᠂ ᠭᠠᠵᠠᠷ ᠲᠠᠳᠠᠪᠤᠷᠢᠯᠠᠬᠤ ᠵᠢ ᠬᠢᠨᠠᠨ ᠵᠦᠪᠰᠢᠶᠡᠷᠡᠬᠦ ᠭᠠᠷ ᠬᠦᠢ᠍ᠴᠡᠳᠭᠡᠯ᠎ᠢ ᠵᠡᠷᠭᠡ᠎ᠳᠤᠨᠢ ᠬᠢᠵᠦ᠂ ᠭᠠᠵᠠᠷ ᠲᠠᠳᠠᠪᠤᠷᠢᠯᠠᠬᠤ ᠵᠢ ᠬᠢᠨᠠᠨ ᠵᠦᠪᠰᠢᠶᠡᠷᠡᠬᠦ ᠭᠠᠷ ᠬᠦᠢ᠍ᠴᠡᠳᠭᠡᠯ᠎ᠢ ᠠᠰ᠎ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠵᠢ ᠵᠦᠪᠰᠢᠶᠡᠷᠡᠬᠦ ᠡᠷᠭᠡ ᠮᠡᠳᠡᠯ᠎ᠤᠨ ᠬᠡᠪᠴᠢᠶᠡᠨ᠎ᠠᠴᠠ ᠲᠠᠪᠠᠭᠰᠠᠨ ᠪᠠᠢ᠌ᠪᠠᠯ᠂ ᠲᠤᠰ ᠵᠦᠢ᠍ᠯ᠎ᠤᠨ ᠨᠢᠭᠡᠳᠦᠭᠡᠷ ᠪᠠᠳᠠᠭ᠎ᠤᠨ ᠲᠤᠭᠳᠠᠭ᠋ᠠᠯ ᠶᠤᠰᠤᠭ᠋ᠠᠷ ᠭᠠᠵᠠᠷ ᠲᠠᠳᠠᠪᠤᠷᠢᠯᠠᠬᠤ ᠵᠢ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ᠎ᠢ ᠠᠰ᠎ᠲᠤᠨᠢ ᠬᠢᠬᠦ ᠬᠡᠷᠡᠭᠲᠠᠢ᠃
      ᠲᠦᠴᠢᠨ ᠵᠢᠷᠭᠤᠳᠤᠭ᠋ᠠᠷ ᠵᠦᠢ᠍ᠯ   ᠤᠯᠤᠰ᠎ᠠᠴᠠ ᠭᠠᠵᠠᠷ ᠰᠢᠷᠦᠢ ᠵᠢ ᠲᠠᠳᠠᠪᠤᠷᠢᠯᠠᠬᠤ᠎ᠳᠤ ᠬᠦᠷᠪᠡᠯ᠂ ᠬᠠᠤᠯᠢ᠎ᠳᠤ ᠲᠤᠭᠳᠠᠭ᠋ᠠᠭᠰᠠᠨ ᠵᠢᠷᠦᠮ ᠶᠤᠰᠤᠭ᠋ᠠᠷ ᠵᠦᠪᠰᠢᠶᠡᠷᠡᠬᠦᠯᠦᠭᠰᠡᠨ᠎ᠤ ᠲᠠᠷᠠᠭ᠎ᠠ᠂ ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠠᠯᠪᠠᠨ ᠵᠠᠷ ᠨᠡᠢ᠌ᠳᠡᠯᠡᠬᠦ ᠵᠢᠨ ᠬᠠᠮᠳᠦ ᠵᠤᠬᠢᠶᠠᠨ ᠪᠠᠢ᠌ᠭᠤᠯᠵᠦ ᠬᠡᠷᠡᠭᠵᠢᠬᠦᠯᠦᠨ᠎ᠡ᠃
      ᠭᠠᠵᠠᠷ ᠰᠢᠷᠦᠢ᠎ᠪᠠᠨ ᠲᠠᠳᠠᠪᠤᠷᠢᠯᠠᠭᠳᠠᠭᠰᠠᠨ ᠦᠮᠴᠢᠯᠡᠯ᠎ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ ᠬᠦᠮᠦᠨ ᠠᠯᠪᠠᠨ ᠵᠠᠷ᠎ᠲᠤ ᠲᠤᠭᠳᠠᠭ᠋ᠠᠭᠰᠠᠨ ᠬᠤᠭᠤᠴᠠᠭ᠋ᠠᠨ᠎ᠤ ᠲᠤᠳᠤᠷ᠎ᠡ ᠭᠠᠵᠠᠷ ᠰᠢᠷᠦᠢ ᠵᠢᠨ ᠡᠷᠭᠡ ᠵᠢᠨ ᠬᠠᠷᠢᠶᠠᠯᠠᠯ᠎ᠤᠨ ᠦᠨᠡᠮᠯᠡᠯ ᠵᠶ᠋ᠠᠨ ᠠᠪᠴᠦ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠬᠦᠷᠴᠦ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠦᠷᠢ ᠠᠪᠬᠤ ᠲᠠᠩᠰᠠᠯᠠᠯᠳᠠ ᠬᠢᠯᠭᠡᠬᠦ ᠬᠡᠷᠡᠭᠲᠠᠢ᠃
      ᠲᠦᠴᠢᠨ ᠲᠤᠯᠤᠳᠤᠭ᠋ᠠᠷ ᠵᠦᠢ᠍ᠯ   ᠭᠠᠵᠠᠷ ᠰᠢᠷᠦᠢ ᠵᠢ ᠲᠠᠳᠠᠪᠤᠷᠢᠯᠠᠭᠰᠠᠨ ᠪᠠᠢ᠌ᠪᠠᠯ᠂ ᠲᠠᠳᠠᠪᠤᠷᠢᠯᠠᠨ ᠠᠪᠤᠭᠰᠠᠨ ᠭᠠᠵᠠᠷ ᠰᠢᠷᠦᠢ ᠵᠢᠨ ᠤᠤᠯ ᠬᠡᠷᠡᠭᠯᠡᠯᠳᠡ ᠶᠤᠰᠤᠭ᠋ᠠᠷ ᠲᠦᠯᠦᠪᠤᠷᠢ ᠦᠭᠬᠦ ᠬᠡᠷᠡᠭᠲᠠᠢ᠃
      ᠲᠠᠷᠢᠶᠠᠨ ᠭᠠᠵᠠᠷ᠎ᠢ ᠲᠠᠳᠠᠪᠤᠷᠢᠯᠠᠭᠰᠠᠨ ᠲᠦᠯᠦᠪᠤᠷᠢ ᠰᠦᠢ᠍ᠳᠭᠡᠯ᠎ᠳᠤ ᠭᠠᠵᠠᠷ ᠰᠢᠷᠦᠢ ᠵᠢᠨ ᠲᠦᠯᠦᠪᠤᠷᠢ᠂ ᠲᠦᠪᠬᠢᠨᠡᠬᠦᠯᠬᠦ ᠨᠦᠬᠦᠪᠦᠷᠢ ᠰᠦᠢ᠍ᠳᠭᠡᠯ ᠵᠢᠴᠢ ᠭᠠᠵᠠᠷ ᠲᠡᠭᠡᠷᠡᠬᠢ ᠲᠠᠭ᠋ᠠᠯᠳᠠ ᠶᠠᠭᠤᠮ᠎ᠠ ᠪᠠ ᠲᠠᠷᠢᠶᠠᠨ ᠴᠢᠬᠢ ᠵᠢᠨ ᠲᠦᠯᠦᠪᠤᠷᠢ ᠰᠦᠢ᠍ᠳᠭᠡᠯ ᠪᠠᠭᠳᠠᠨ᠎ᠠ᠃ ᠲᠠᠷᠢᠶᠠᠨ ᠭᠠᠵᠠᠷ᠎ᠢ ᠲᠠᠳᠠᠪᠤᠷᠢᠯᠠᠭᠰᠠᠨ ᠲᠦᠯᠦᠪᠤᠷᠢ ᠰᠦᠢ᠍ᠳᠭᠡᠯ᠎ᠤᠨ ᠬᠡᠮᠵᠢᠶ᠎ᠡ᠎ᠨᠢ ᠲᠤᠰ ᠲᠠᠷᠢᠶᠠᠨ ᠭᠠᠵᠠᠷ᠎ᠢ ᠲᠠᠳᠠᠪᠤᠷᠢᠯᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠮᠳᠠᠴᠢ ᠵᠢᠯ᠎ᠤᠨ ᠦᠢ᠍ᠯᠡᠳᠬᠦᠨ᠎ᠤ ᠦᠷᠳᠡᠭ᠎ᠤ ᠬᠢᠨᠢ ᠵᠢᠷᠭᠤᠭ᠋ᠠᠨ ᠲᠠᠬᠢᠨ᠎ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ᠎ᠢ ᠲᠠᠳᠠᠪᠤᠷᠢᠯᠠᠭᠰᠠᠨ᠎ᠤ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠢ ᠲᠦᠪᠬᠢᠨᠡᠬᠦᠯᠬᠦ ᠴᠢᠬᠤᠯᠠ᠎ᠲᠠᠢ ᠲᠠᠷᠢᠶᠠᠯᠠᠩ᠎ᠤᠨ ᠬᠦᠮᠦᠨ ᠠᠮᠠ ᠵᠢᠨ ᠲᠤᠭ᠎ᠠ᠎ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ᠎ᠲᠠᠢ ᠬᠦᠮᠦᠨ ᠠᠮᠠ ᠵᠢᠨ ᠲᠤᠭ᠎ᠠ ᠵᠢ ᠪᠤᠯ ᠲᠠᠳᠠᠪᠤᠷᠢᠯᠠᠬᠤ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ ᠵᠢ ᠲᠠᠷᠢᠶᠠᠨ ᠭᠠᠵᠠᠷ᠎ᠪᠠᠨ ᠲᠠᠳᠠᠪᠤᠷᠢᠯᠠᠭᠳᠠᠭᠰᠠᠨ ᠨᠢᠭᠡᠴᠢ ᠵᠢᠨ ᠲᠠᠷᠢᠶᠠᠨ ᠭᠠᠵᠠᠷ ᠵᠶ᠋ᠠᠨ ᠲᠠᠳᠠᠪᠤᠷᠢᠯᠠᠭᠳᠠᠬᠤ᠎ᠠᠴᠠ ᠡᠮᠦᠨᠡᠬᠢ ᠬᠦᠮᠦᠨ ᠪᠦᠷᠢ᠎ᠳᠤ ᠨᠤᠭᠳᠠᠵᠦ ᠪᠠᠢ᠌ᠭᠰᠠᠨ ᠲᠤᠮᠳᠠᠴᠢ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠪᠠᠷ ᠬᠤᠪᠢᠶᠠᠭ᠋ᠠᠳ ᠪᠤᠳᠤᠵᠦ ᠭᠠᠷᠭ᠋ᠠᠨ᠎ᠠ᠃ ᠲᠦᠪᠬᠢᠨᠡᠬᠦᠯᠬᠦ ᠴᠢᠬᠤᠯᠠ᠎ᠲᠠᠢ ᠲᠠᠷᠢᠶᠠᠯᠠᠩ᠎ᠤᠨ ᠬᠦᠮᠦᠨ ᠠᠮᠠ ᠨᠢᠭᠡᠪᠤᠷᠢ ᠵᠢᠨ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠡ᠎ᠨᠢ ᠲᠤᠰ ᠲᠠᠷᠢᠶᠠᠨ ᠭᠠᠵᠠᠷ᠎ᠤᠨ ᠲᠠᠳᠠᠪᠤᠷᠢᠯᠠᠭᠳᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠮᠳᠠᠴᠢ ᠵᠢᠯ᠎ᠤᠨ ᠦᠢ᠍ᠯᠡᠳᠬᠦᠨ᠎ᠤ ᠦᠷᠳᠡᠭ᠎ᠤᠨ ᠬᠢᠨᠢ ᠲᠦᠷᠪᠡ᠎ᠠᠴᠠ ᠵᠢᠷᠭᠤᠭ᠋ᠠᠨ ᠲᠠᠬᠢᠨ ᠪᠤᠯᠤᠨ᠎ᠠ᠃ ᠭᠡᠪᠡᠴᠦ ᠲᠠᠳᠠᠪᠤᠷᠢᠯᠠᠭᠳᠠᠰᠠᠨ ᠲᠠᠷᠢᠶᠠᠨ ᠭᠠᠵᠠᠷ᠎ᠤᠨ ᠡᠾᠸᠺᠲ᠋ᠠᠷ ᠪᠦᠷᠢ ᠵᠢᠨ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠬᠠᠮᠤᠭ ᠦᠨᠳᠦᠷ ᠬᠡᠮᠵᠢᠶ᠎ᠡ᠎ᠨᠢ ᠲᠠᠳᠠᠪᠤᠷᠢᠯᠠᠭᠳᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠮᠳᠠᠴᠢ ᠵᠢᠯ᠎ᠤᠨ ᠦᠢ᠍ᠯᠡᠳᠬᠦᠨ᠎ᠤ ᠦᠷᠳᠡᠭ᠎ᠤᠨ ᠠᠷᠪᠠᠨ ᠲᠠᠪᠤᠨ ᠲᠠᠬᠢᠨ᠎ᠠᠴᠠ ᠭᠡᠳᠦᠷᠡᠵᠦ ᠪᠤᠯᠬᠤ ᠦᠭᠡᠢ᠃
      ᠪᠤᠰᠤᠳ ᠭᠠᠵᠠᠷ ᠰᠢᠷᠦᠢ ᠵᠢ ᠲᠠᠳᠠᠪᠤᠷᠢᠯᠠᠬᠤ ᠵᠢᠨ ᠭᠠᠵᠠᠷ ᠰᠢᠷᠦᠢ ᠵᠢᠨ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠡ ᠵᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠎ᠠᠴᠠ ᠲᠠᠷᠢᠶᠠᠨ ᠭᠠᠵᠠᠷ᠎ᠢ ᠲᠠᠳᠠᠪᠤᠷᠢᠯᠠᠬᠤ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠠ᠎ᠪᠠᠷ ᠯᠠᠪᠯᠠᠯᠳᠠ ᠪᠤᠯᠭ᠋ᠠᠵᠦ ᠲᠤᠭᠳᠠᠭ᠋ᠠᠨ᠎ᠠ᠃
      ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭ᠋ᠠᠯᠳᠠ ᠶᠠᠭᠤᠮ᠎ᠠ ᠪᠠ ᠲᠠᠷᠢᠶᠠᠨ ᠴᠢᠬᠢ ᠵᠢᠨ ᠲᠦᠯᠦᠪᠤᠷᠢ ᠵᠢᠨ ᠪᠠᠷᠢᠮᠵᠢᠶ᠎ᠡ ᠵᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠎ᠠᠴᠠ ᠲᠤᠭᠳᠠᠭ᠋ᠠᠨ᠎ᠠ᠃
      ᠬᠤᠳᠠ ᠵᠢᠨ ᠲᠡᠬᠦᠷᠭᠡ ᠵᠢᠨ ᠢᠳᠡᠰᠢᠨ ᠨᠤᠭᠤᠭ᠋ᠠᠨ᠎ᠤ ᠭᠠᠵᠠᠷ᠎ᠢ ᠲᠠᠳᠠᠪᠤᠷᠢᠯᠠᠬᠤ᠎ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ᠎ᠨᠢ ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠰᠢᠨ᠎ᠡ ᠢᠳᠡᠰᠢᠨ ᠨᠤᠭᠤᠭ᠋ᠠᠨ᠎ᠤ ᠭᠠᠵᠠᠷ ᠭᠠᠷᠭ᠋ᠠᠬᠤ ᠪᠦᠳᠦᠭᠡᠨ ᠪᠠᠢ᠌ᠭᠤᠯᠤᠯᠳᠠ ᠵᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃
      ᠲᠤᠰ ᠵᠦᠢ᠍ᠯ᠎ᠤᠨ ᠬᠤᠶᠠᠳᠤᠭ᠋ᠠᠷ ᠪᠠᠳᠠᠭ᠎ᠤᠨ ᠲᠤᠭᠳᠠᠭ᠋ᠠᠯ ᠶᠤᠰᠤᠭ᠋ᠠᠷ ᠭᠠᠵᠠᠷ ᠰᠢᠷᠦᠢ ᠵᠢᠨ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠢ ᠦᠭᠬᠦᠭᠰᠡᠨ ᠪᠠᠢ᠌ᠳᠠᠯ᠎ᠠ ᠲᠦᠪᠬᠢᠨᠡᠬᠦᠯᠬᠦ ᠴᠢᠬᠤᠯᠠ᠎ᠲᠠᠢ ᠲᠠᠷᠢᠶᠠᠴᠢᠳ᠎ᠤᠨ ᠤᠤᠯ᠎ᠤᠨ ᠠᠮᠢᠳᠣᠷᠠᠯ᠎ᠤᠨ ᠬᠢᠷᠢ ᠬᠡᠮᠵᠢᠶ᠎ᠡ ᠵᠢ ᠪᠠᠰᠠ ᠪᠠᠳᠤᠯᠠᠵᠦ ᠴᠢᠳᠠᠬᠤ ᠦᠭᠡᠢ ᠪᠠᠢ᠌ᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠬᠦᠯᠦᠭᠡᠳ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ ᠰᠢᠷᠦᠢ ᠵᠢᠨ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠨᠡᠢ᠌ᠯᠡᠪᠤᠷᠢ᠎ᠨᠢ ᠭᠠᠵᠠᠷ ᠰᠢᠷᠦᠢ ᠵᠢᠨ ᠲᠠᠳᠠᠪᠤᠷᠢᠯᠠᠭᠳᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠮᠳᠠᠴᠢ ᠵᠢᠯ᠎ᠤᠨ ᠦᠢ᠍ᠯᠡᠳᠬᠦᠨ᠎ᠤ ᠦᠷᠳᠡᠭ᠎ᠤᠨ ᠬᠢᠨᠢ ᠭᠤᠴᠢᠨ ᠲᠠᠬᠢᠨ᠎ᠠᠴᠠ ᠬᠡᠳᠦᠷᠡᠵᠦ ᠪᠤᠯᠬᠤ ᠦᠭᠡᠢ᠃
      ᠤᠨᠴᠠᠭ᠋ᠠᠢ ᠪᠠᠢ᠌ᠳᠠᠯ᠎ᠤᠨ ᠲᠤᠤᠷ᠎ᠡ᠂ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠨᠡᠢ᠌ᠭᠡᠮ᠂ ᠠᠵᠦ ᠠᠬᠤᠢ ᠵᠢᠨ ᠬᠦᠭᠵᠢᠯᠳᠡ ᠵᠢᠨ ᠬᠢᠷᠢ ᠬᠡᠮᠵᠢᠶ᠎ᠡ ᠵᠢ ᠦᠨᠳᠦᠰᠦᠯᠡᠨ ᠲᠠᠷᠢᠶᠠᠨ ᠭᠠᠵᠠᠷ᠎ᠢ ᠲᠠᠳᠠᠪᠤᠷᠢᠯᠠᠬᠤ ᠵᠢᠨ ᠭᠠᠵᠠᠷ ᠰᠢᠷᠦᠢ ᠵᠢᠨ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠡ ᠵᠢ ᠲᠡᠭᠡᠭᠰᠢᠯᠡᠬᠦᠯᠵᠦ ᠪᠤᠯᠤᠨ᠎ᠠ᠃  
      ᠲᠦᠴᠢᠨ ᠨᠠᠢ᠍ᠮᠠᠳᠣᠭ᠋ᠠᠷ ᠵᠦᠢ᠍ᠯ   ᠪᠤᠰᠤᠳ ᠭᠠᠵᠠᠷ ᠰᠢᠷᠦᠢ ᠵᠢ ᠲᠠᠳᠠᠪᠤᠷᠢᠯᠠᠬᠤ ᠵᠢᠨ ᠭᠠᠵᠠᠷ ᠰᠢᠷᠦᠢ ᠵᠢᠨ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠠ ᠵᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠎ᠠᠴᠠ ᠲᠠᠷᠢᠶᠠᠨ ᠭᠠᠵᠠᠷ᠎ᠢ ᠲᠠᠳᠠᠪᠤᠷᠢᠯᠠᠬᠤ ᠲᠦᠯᠦᠪᠤᠷᠢ ᠰᠦᠢ᠍ᠳᠭᠡᠯ ᠪᠠ ᠲᠦᠪᠬᠢᠨᠡᠬᠦᠯᠬᠦ ᠨᠦᠬᠦᠪᠦᠷᠢ ᠰᠦᠢ᠍ᠳᠭᠡᠯ᠎ᠤᠨ ᠪᠠᠷᠢᠮᠵᠢᠶ᠎ᠠ᠎ᠪᠠᠷ ᠯᠠᠪᠯᠠᠯᠳᠠ ᠪᠤᠯᠭ᠋ᠠᠵᠦ ᠲᠤᠭᠳᠠᠭ᠋ᠠᠨ᠎ᠠ᠃  
      ᠲᠦᠴᠢ ᠶᠢᠰᠦᠳᠦᠭᠡᠷ ᠵᠦᠢ᠍ᠯ   ᠭᠠᠵᠠᠷ ᠵᠶ᠋ᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢ᠍ᠳᠭᠡᠯ᠎ᠤᠨ ᠤᠷᠤᠯᠭ᠎ᠠ ᠵᠠᠷᠤᠯᠭ᠎ᠠ ᠵᠢᠨ ᠪᠠᠢ᠌ᠳᠠᠯ ᠵᠶ᠋ᠠᠨ ᠲᠤᠰ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠵᠢᠨ ᠪᠦᠷᠢᠯᠳᠦᠬᠦᠨ ᠨᠠᠷ᠎ᠲᠠᠭᠠᠨ ᠨᠡᠢ᠌ᠳᠡᠯᠡᠵᠦ᠂ ᠬᠢᠨᠠᠯᠳᠠ ᠵᠢ᠎ᠨᠢ ᠬᠦᠯᠢᠶᠡᠬᠦ ᠬᠡᠷᠡᠭᠲᠠᠢ᠃
      ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠵᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢ᠍ᠳᠭᠡᠯ ᠪᠠ ᠬᠤᠯᠪᠤᠭᠳᠠᠯ ᠪᠦᠬᠦᠢ ᠪᠤᠰᠤᠳ ᠰᠦᠢ᠍ᠳᠭᠡᠯ᠎ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠵᠢ ᠴᠠᠭ᠋ᠠᠵᠠᠯᠠᠨ᠎ᠠ᠃  
      ᠲᠠᠪᠢᠳᠣᠭ᠋ᠠᠷ ᠵᠦᠢ᠍ᠯ   ᠣᠷᠣᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠤᠭᠤᠳ ᠭᠠᠵᠠᠷ ᠵᠶ᠋ᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ ᠪᠠ ᠲᠠᠷᠢᠶᠠᠴᠢᠳ᠎ᠤᠨ ᠨᠡᠭᠡᠭᠡᠨ ᠡᠵᠡᠩᠨᠡᠬᠦ᠂ ᠠᠵᠦ ᠠᠬᠤᠢ᠌ᠯᠠᠯ ᠡᠷᠬᠢᠯᠡᠬᠦ ᠵᠢ ᠲᠡᠮᠵᠢᠬᠦ ᠬᠡᠷᠡᠭᠲᠠᠢ᠃
      ᠲᠠᠪᠢᠨ ᠨᠢᠭᠡᠳᠦᠭᠡᠷ   ᠵᠦᠢ᠍ᠯ ᠲᠤᠮᠤ ᠲᠤᠮᠳᠠ ᠬᠡᠯᠪᠡᠷᠢ ᠵᠢᠨ ᠤᠰᠤᠨ ᠠᠰᠢᠭᠯᠠᠯᠳᠠ᠂ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠪᠦᠳᠦᠭᠡᠨ ᠪᠠᠢ᠌ᠭᠤᠯᠤᠯᠳᠠ᠎ᠳᠤ ᠲᠠᠳᠠᠪᠤᠷᠢᠯᠠᠭᠰᠠᠨ ᠭᠠᠵᠠᠷ ᠰᠢᠷᠦᠢ᠎ᠳᠤ ᠦᠭᠬᠦ ᠲᠦᠯᠦᠪᠤᠷᠢ ᠰᠦᠢ᠍ᠳᠭᠡᠯ᠎ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ᠎ᠢ ᠲᠦᠪᠬᠢᠨᠡᠬᠦᠯᠬᠦ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠠᠰ᠎ᠲᠤᠨᠢ ᠲᠤᠭᠳᠠᠭ᠋ᠠᠨ᠎ᠠ᠃
      ᠲᠠᠪᠢᠨ ᠬᠤᠶᠠᠳᠣᠭ᠋ᠠᠷ ᠵᠦᠢ᠍ᠯ   ᠪᠦᠳᠦᠭᠡᠨ ᠪᠠᠢ᠌ᠭᠤᠯᠬᠤ ᠵᠦᠢ᠍ᠯᠡᠰ᠎ᠤᠨ ᠪᠤᠯᠤᠮᠵᠢ ᠵᠢᠨ ᠲᠤᠬᠠᠢ ᠰᠣᠳᠤᠯᠭ᠋ᠠᠨ᠎ᠤ ᠨᠤᠳᠠᠯᠠᠯᠳᠠ ᠬᠢᠬᠦ ᠦᠶ᠎ᠡ᠎ᠳᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠨᠢ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠵᠢᠨ ᠠᠰᠢᠭᠯᠠᠯᠳᠠ ᠵᠢᠨ ᠣᠨ᠎ᠤ ᠲᠦᠯᠦᠪᠯᠡᠭᠡ ᠪᠤᠯᠤᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠪᠠᠷᠢᠮᠵᠢᠶ᠎ᠡ ᠵᠢ ᠦᠨᠳᠦᠰᠦᠯᠡᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠲᠤᠬᠠᠢ ᠬᠤᠯᠪᠤᠭᠳᠠᠯ ᠪᠦᠬᠦᠢ ᠶᠠᠪᠤᠳᠠᠯ᠎ᠤᠳ᠎ᠢ ᠬᠢᠨᠠᠨ ᠪᠠᠢ᠌ᠴᠠᠭ᠋ᠠᠬᠤ ᠵᠢᠨ ᠬᠠᠮᠳᠦ ᠰᠠᠨᠠᠯ ᠵᠶ᠋ᠠᠨ ᠲᠤᠷᠠᠳᠴᠦ ᠪᠤᠯᠤᠨ᠎ᠠ᠃  
      ᠲᠠᠪᠢᠨ ᠭᠤᠷᠪᠠᠳᠣᠭ᠋ᠠᠷ ᠵᠦᠢ᠍ᠯ   ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠎ᠲᠤ ᠤᠯᠤᠰ᠎ᠤᠨ ᠦᠮᠴᠢᠯᠡᠯ᠎ᠤᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠴᠢᠬᠤᠯᠠ᠎ᠲᠠᠢ ᠪᠠᠢ᠌ᠪᠠᠯ᠂ ᠪᠦᠳᠦᠭᠡᠨ ᠪᠠᠢ᠌ᠭᠤᠯᠬᠤ ᠨᠢᠭᠡᠴᠢ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠦᠷᠢᠮ᠎ᠳᠤ ᠲᠤᠭᠳᠠᠭ᠋ᠠᠭᠰᠠᠨ ᠬᠤᠯᠪᠤᠭᠳᠠᠯ ᠪᠦᠬᠦᠢ ᠪᠢᠴᠢᠭ ᠮᠠᠲᠸᠷᠢᠶᠠᠯ᠎ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠬᠦᠷᠴᠦ ᠪᠦᠳᠦᠭᠡᠨ ᠪᠠᠢ᠌ᠭᠤᠯᠤᠯᠳᠠ᠎ᠳᠤ ᠭᠠᠵᠠᠷ ᠬᠡᠷᠡᠭᠯᠡᠬᠦ ᠭᠤᠶᠤᠴᠢᠯᠠᠯ ᠭᠠᠷᠭ᠋ᠠᠵᠦ᠂ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠬᠢᠨᠠᠨ ᠪᠠᠢ᠌ᠴᠠᠭ᠋ᠠᠯᠭ᠋ᠠᠭ᠋ᠠᠳ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ  ᠃                

      ᠲᠠᠪᠢᠨ ᠲᠦᠷᠪᠡᠳᠦᠭᠡᠷ ᠵᠦᠢ᠍ᠯ   ᠪᠦᠳᠦᠭᠡᠨ ᠪᠠᠢ᠌ᠭᠤᠯᠬᠤ ᠨᠢᠭᠡᠴᠢ᠎ᠨᠢ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ᠎ᠲᠠᠢ᠎ᠪᠠᠷ ᠬᠡᠷᠡᠭᠯᠡᠬᠦ ᠬᠡᠯᠪᠡᠷᠢ᠎ᠪᠠᠷ ᠭᠠᠵᠠᠷ ᠰᠢᠷᠦᠢ ᠵᠢ ᠤᠯᠬᠤ ᠬᠡᠷᠡᠭᠲᠠᠢ; ᠭᠡᠪᠡᠴᠦ ᠲᠤᠤᠷ᠎ᠡ ᠵᠢᠭᠰᠠᠭ᠋ᠠᠭᠰᠠᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠠᠤᠯᠢ ᠶᠤᠰᠤᠭ᠋ᠠᠷ ᠵᠦᠪᠰᠢᠶᠡᠷᠡᠬᠦᠯᠦᠭᠡᠳ ᠰᠢᠯᠵᠢᠬᠦᠯᠦᠨ ᠤᠯᠭᠤᠬᠤ ᠬᠡᠯᠪᠡᠷᠢ᠎ᠪᠠᠷ ᠤᠯᠵᠦ ᠪᠤᠯᠤᠨ᠎ᠠ᠄
     (ᠨᠢᠭᠡ) ᠲᠦᠷᠦ ᠵᠢᠨ ᠪᠠᠢ᠌ᠭᠤᠯᠭ᠎ᠠ ᠵᠢᠨ ᠬᠡᠷᠡᠭᠯᠡᠬᠦ ᠭᠠᠵᠠᠷ ᠪᠠ ᠴᠡᠷᠢᠭ᠎ᠤᠨ ᠶᠠᠪᠤᠳᠠᠯ᠎ᠳᠤ ᠬᠡᠷᠡᠭᠯᠡᠬᠦ ᠭᠠᠵᠠᠷ;       (ᠬᠤᠶᠠᠷ) ᠬᠤᠳᠠ ᠵᠢᠨ ᠰᠠᠭᠤᠷᠢ ᠲᠦᠬᠦᠭᠡᠷᠦᠮᠵᠢ᠎ᠳᠤ ᠬᠡᠷᠡᠭᠯᠡᠬᠦ ᠭᠠᠵᠠᠷ ᠪᠠ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠲᠤ ᠬᠡᠷᠡᠭᠯᠡᠬᠦ ᠭᠠᠵᠠᠷ;
     (ᠭᠤᠷᠪᠠ) ᠤᠯᠤᠰ᠎ᠠᠴᠠ ᠭᠤᠤᠯᠳᠠᠯᠭ᠎ᠠ᠎ᠲᠠᠢ᠎ᠪᠠᠷ ᠲᠡᠳᠬᠦᠨ ᠲᠡᠮᠵᠢᠵᠦ ᠪᠠᠢ᠌ᠭ᠎ᠠ ᠡᠨ᠋ᠸᠷᠬᠢ ᠵᠢᠨ ᠰᠣᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ᠎ᠳᠤ ᠬᠡᠷᠡᠭᠯᠡᠬᠦ ᠭᠠᠵᠠᠷ;
     (ᠲᠦᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠦᠷᠢᠮ᠎ᠳᠤ ᠲᠤᠭᠳᠠᠭ᠋ᠠᠭᠰᠠᠨ ᠪᠤᠰᠤᠳ ᠵᠦᠢ᠍ᠯ᠎ᠤᠨ ᠬᠡᠷᠡᠭᠯᠡᠬᠦ ᠭᠠᠵᠠᠷ᠃
      ᠲᠠᠪᠢᠨ ᠲᠠᠪᠤᠳᠤᠭ᠋ᠠᠷ ᠵᠦᠢ᠍ᠯ   ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ᠎ᠲᠠᠢ᠎ᠪᠠᠷ ᠬᠡᠷᠡᠭᠯᠡᠬᠦ ᠬᠡᠯᠪᠡᠷᠢ᠎ᠪᠠᠷ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ ᠡᠷᠭᠡ ᠵᠢ ᠤᠯᠤᠭᠰᠠᠨ ᠪᠦᠳᠦᠭᠡᠨ ᠪᠠᠢ᠌ᠭᠤᠯᠬᠤ ᠨᠢᠭᠡᠴᠢ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠭᠰᠠᠨ ᠪᠠᠷᠢᠮᠵᠢᠶ᠎ᠡ ᠪᠠ ᠠᠷᠭ᠎ᠠ ᠶᠤᠰᠤᠭ᠋ᠠᠷ ᠭᠠᠵᠷ ᠰᠢᠷᠦᠢ ᠬᠡᠷᠡᠭᠯᠡᠬᠦ ᠡᠷᠭᠡ ᠵᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠵᠢ ᠲᠦᠯᠦᠪᠤᠷᠢ᠎ᠲᠠᠢ᠎ᠪᠠᠷ ᠬᠡᠷᠡᠭᠯᠡᠬᠦ ᠰᠦᠢ᠍ᠳᠭᠡᠯ ᠪᠤᠯᠤᠨ ᠪᠤᠰᠤᠳ ᠰᠦᠢ᠍ᠳᠭᠡᠯ᠎ᠢ ᠲᠤᠰᠢᠶᠠᠭᠰᠠᠨ᠎ᠤ ᠲᠠᠷᠠᠭ᠎ᠠ ᠰᠠᠶᠢ ᠭᠠᠵᠠᠷ ᠰᠢᠷᠦᠢ ᠵᠢ ᠬᠡᠷᠡᠭᠯᠡᠵᠦ ᠪᠤᠯᠤᠨ᠎ᠠ᠃
      ᠲᠤᠰ ᠬᠠᠤᠯᠢ ᠵᠢ ᠬᠡᠷᠡᠭᠵᠢᠬᠦᠯᠦᠭᠰᠡᠨ ᠡᠳᠦᠷ᠎ᠠᠴᠠ ᠡᠬᠢᠯᠡᠵᠦ᠂ ᠰᠢᠨ᠎ᠡ᠎ᠪᠠᠷ ᠨᠡᠮᠡᠭᠳᠡᠭᠰᠡᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠤᠨ ᠭᠠᠵᠠᠷ ᠰᠢᠷᠦᠢ ᠵᠢ ᠲᠦᠯᠦᠪᠤᠷᠢ᠎ᠲᠠᠢ᠎ᠪᠠᠷ ᠬᠡᠷᠡᠭᠯᠡᠬᠦ ᠰᠦᠢ᠍ᠳᠭᠡᠯ᠎ᠤᠨ 30 % ᠬᠤᠪᠢ ᠵᠢ ᠲᠡᠭᠡᠭᠰᠢ ᠲᠦᠪ᠎ᠤᠨ ᠡᠳ᠋᠎ᠤᠨ ᠵᠠᠰᠠᠭ᠎ᠲᠤ ᠲᠤᠰᠢᠶᠠᠵᠦ᠂ 70 % ᠬᠤᠪᠢ ᠵᠢ ᠬᠤᠯᠪᠤᠭᠳᠠᠯ ᠪᠦᠬᠦᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠳᠤ ᠦᠯᠡᠳᠡᠭᠡᠨ ᠦᠭᠬᠦᠨ᠎ᠡ᠂ ᠡᠳᠡᠭᠡᠷ᠎ᠢ ᠴᠦᠮ ᠲᠠᠷᠢᠶᠠᠨ ᠭᠠᠵᠠᠷ᠎ᠢ ᠨᠡᠭᠡᠭᠡᠨ ᠠᠰᠢᠭᠯᠠᠬᠤ᠎ᠳᠤ ᠲᠤᠰᠬᠠᠢ ᠬᠡᠷᠡᠭᠯᠡᠨ᠎ᠡ᠃  
      ᠲᠠᠪᠢᠨ ᠵᠢᠷᠭᠤᠳᠤᠭ᠋ᠠᠷ ᠵᠦᠢ᠍ᠯ   ᠪᠦᠳᠦᠭᠡᠨ ᠪᠠᠢ᠌ᠭᠤᠯᠬᠤ ᠨᠢᠭᠡᠴᠢ᠎ᠨᠢ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ ᠵᠢ ᠬᠦᠷᠪᠡᠯ᠂ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ᠎ᠲᠠᠢ᠎ᠪᠠᠷ ᠬᠡᠷᠡᠭᠯᠡᠬᠦ ᠬᠡᠷ᠎ᠡ ᠵᠢᠨ ᠪᠤᠯᠵᠤᠯ ᠪᠤᠶᠤ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠰᠢᠯᠵᠢᠬᠦᠯᠦᠨ ᠤᠯᠭᠤᠬᠤ ᠵᠢ ᠵᠦᠪᠰᠢᠶᠡᠷᠡᠭᠰᠡᠨ ᠪᠢᠴᠢᠭ ᠮᠠᠲᠸᠷᠢᠶᠠᠯ᠎ᠤᠨ ᠲᠤᠭᠳᠠᠭ᠋ᠠᠯ ᠶᠤᠰᠤᠭ᠋ᠠᠷ ᠭᠠᠵᠠᠷ ᠰᠢᠷᠦᠢ ᠵᠢ ᠬᠡᠷᠡᠭᠯᠡᠬᠦ ᠬᠡᠷᠡᠭᠲᠠᠢ; ᠡᠨᠡ ᠭᠠᠵᠠᠷ ᠰᠢᠷᠦᠢ ᠵᠢᠨ ᠪᠦᠳᠦᠭᠡᠨ ᠪᠠᠢ᠌ᠭᠤᠯᠤᠯᠳᠠ ᠵᠢᠨ ᠬᠡᠷᠡᠭᠯᠡᠯᠳᠡ ᠵᠢ ᠦᠨᠡᠭᠡᠷ ᠬᠤᠪᠢᠷᠠᠭᠤᠯᠬᠤ ᠴᠢᠬᠤᠯᠠ᠎ᠲᠠᠢ   ᠪᠠᠢ᠌ᠪᠠᠯ᠂ ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠤᠯᠵᠦ᠂ ᠭᠠᠵᠠᠷ ᠬᠡᠷᠡᠭᠯᠡᠬᠦ ᠵᠢ ᠵᠦᠪᠰᠢᠶᠡᠷᠡᠭᠰᠡᠨ ᠤᠤᠯ᠎ᠤᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ ᠡᠬᠦᠨ᠎ᠳᠤ ᠬᠤᠳᠠ ᠵᠢᠨ ᠲᠦᠯᠦᠪᠵᠢᠬᠦᠯᠭᠡ ᠵᠢᠨ ᠲᠤᠭᠤᠷᠢᠭ᠎ᠤᠨ ᠲᠤᠳᠤᠷ᠎ᠡ ᠭᠠᠵᠠᠷ ᠰᠢᠷᠦᠢ ᠵᠢᠨ ᠬᠡᠷᠡᠭᠯᠡᠯᠳᠡ ᠵᠢ ᠬᠤᠪᠢᠷᠠᠭᠤᠯᠬᠤ᠎ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ᠎ᠠᠴᠠ᠎ᠪᠠᠨ ᠡᠮᠦᠨ᠎ᠡ ᠤᠷᠢᠳ ᠵᠶ᠋ᠠᠷ ᠬᠤᠯᠪᠤᠭᠳᠠᠯ ᠪᠦᠬᠦᠢ ᠬᠤᠳᠠ ᠵᠢᠨ ᠲᠦᠯᠦᠪᠵᠢᠬᠦᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠤᠯᠬᠤ ᠬᠡᠷᠡᠭᠲᠠᠢ᠃
      ᠲᠠᠪᠢᠨ ᠲᠤᠯᠤᠳᠦᠭ᠋ᠠᠷ ᠵᠦᠢ᠍ᠯ   ᠪᠦᠳᠦᠭᠡᠨ ᠪᠠᠢ᠌ᠭᠤᠯᠤᠯᠳᠠ ᠵᠢᠨ ᠵᠦᠢ᠍ᠯᠡᠰ᠎ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠳᠠ ᠬᠢᠬᠦ᠎ᠳᠤ ᠤᠯᠤᠰ᠎ᠤᠨ ᠦᠮᠴᠢᠯᠡᠯ᠎ᠤ ᠭᠠᠵᠠᠷ ᠰᠢᠷᠦᠢ ᠪᠤᠶᠤ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠲᠦᠷ ᠬᠡᠷᠡᠭᠯᠡᠬᠦ ᠴᠢᠬᠤᠯᠠ᠎ᠲᠠᠢ ᠪᠤᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠦᠪᠰᠢᠶᠡᠷᠡᠯ ᠤᠯᠭᠤᠨ᠎ᠠ᠃ ᠡᠬᠦᠨ᠎ᠳᠤ ᠬᠤᠳᠠ ᠵᠢᠨ ᠲᠦᠯᠦᠪᠵᠢᠬᠦᠯᠭᠡ ᠵᠢᠨ ᠲᠤᠭᠤᠷᠢᠭ ᠲᠤᠳᠤᠷᠠᠬᠢ ᠭᠠᠵᠠᠷ᠎ᠢ ᠲᠦᠷ ᠬᠡᠷᠡᠭᠯᠡᠬᠦ᠎ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ᠎ᠠᠴᠠ᠎ᠪᠠᠨ ᠡᠮᠦᠨ᠎ᠡ ᠤᠷᠢᠳᠠᠪᠡᠷ ᠬᠤᠯᠪᠤᠭᠳᠠᠯ ᠪᠦᠬᠦᠢ ᠬᠤᠳᠠ ᠵᠢᠨ ᠲᠦᠯᠦᠪᠵᠢᠬᠦᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠤᠯᠬᠤ ᠬᠡᠷᠡᠭᠲᠠᠢ᠃ ᠭᠠᠵᠠᠷ ᠰᠢᠷᠦᠢ ᠵᠢ ᠬᠡᠷᠡᠭᠯᠡᠭᠴᠢᠳ ᠭᠠᠵᠠᠷ ᠰᠢᠷᠦᠢ ᠵᠢᠨ ᠡᠷᠭᠡ ᠵᠢᠨ ᠬᠠᠷᠢᠶᠠᠯᠠᠯ᠎ᠢ ᠦᠨᠳᠦᠰᠦᠯᠡᠨ ᠬᠤᠯᠪᠤᠭᠳᠠᠯ ᠪᠦᠬᠦᠢ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠂ ᠭᠠᠴᠠᠭ᠋ᠠᠨ᠎ᠤ ᠠᠷᠠᠳ᠎ᠤᠨ ᠵᠦᠪᠯᠡᠯ᠎ᠯᠦᠭᠡ ᠭᠠᠵᠠᠷ ᠰᠢᠷᠦᠢ ᠵᠢ ᠲᠦᠷ ᠬᠡᠷᠡᠭᠯᠡᠬᠦ ᠬᠡᠷ᠎ᠡ ᠲᠤᠭᠳᠠᠭ᠋ᠠᠬᠤ ᠵᠢᠨ ᠬᠠᠮᠳᠦ ᠬᠡᠷ᠎ᠡ᠎ᠳᠤ ᠪᠤᠯᠵᠤᠨ ᠲᠤᠭᠳᠠᠭ᠋ᠠᠭᠰᠠᠨ ᠶᠤᠰᠤᠭ᠋ᠠᠷ ᠭᠠᠵᠠᠷ ᠰᠢᠷᠦᠢ ᠵᠢ ᠲᠦᠷ ᠬᠡᠷᠡᠭᠯᠡᠬᠦ ᠲᠦᠯᠦᠪᠤᠷᠢ ᠰᠦᠢ᠍ᠳᠭᠡᠯ ᠦᠭᠬᠦ ᠬᠡᠷᠡᠭᠲᠠᠢ᠃
      ᠭᠠᠵᠠᠷ ᠰᠢᠷᠦᠢ ᠵᠢ ᠲᠦᠷ ᠬᠡᠷᠡᠭᠯᠡᠭᠴᠢᠳ ᠭᠠᠵᠠᠷ ᠰᠢᠷᠦᠢ ᠵᠢ ᠲᠦᠷ ᠬᠡᠷᠡᠭᠯᠡᠬᠦ ᠬᠡᠷ᠎ᠡ᠎ᠳᠤ ᠪᠤᠯᠵᠤᠨ ᠲᠤᠭᠳᠠᠭ᠋ᠠᠭᠰᠠᠨ ᠬᠡᠷᠡᠭᠯᠡᠯᠳᠡ ᠶᠤᠰᠤᠭ᠋ᠠᠷ ᠭᠠᠵᠠᠷ ᠰᠢᠷᠦᠢ ᠵᠢ ᠬᠡᠷᠡᠭᠯᠡᠬᠦ ᠬᠡᠷᠡᠭᠲᠠᠢ᠂ ᠡᠬᠦᠷᠢᠳᠡ ᠵᠢᠨ ᠴᠢᠨᠠᠷᠲᠠᠢ ᠪᠠᠷᠢᠯᠭ᠎ᠠ ᠪᠠᠷᠢᠵᠦ ᠪᠤᠯᠬᠤ ᠦᠭᠡᠢ᠃
      ᠭᠠᠵᠠᠷ ᠰᠢᠷᠦᠢ ᠵᠢ ᠲᠦᠷ ᠬᠡᠷᠡᠭᠯᠡᠬᠦ ᠬᠤᠭᠤᠴᠠᠭ᠎ᠠ ᠵᠢ ᠡᠩ᠎ᠤᠨ ᠪᠠᠢ᠌ᠳᠠᠯ᠎ᠳᠤ ᠬᠤᠶᠠᠷ ᠵᠢᠯ᠎ᠠᠴᠠ ᠬᠡᠳᠦᠷᠡᠬᠦᠯᠬᠦ ᠦᠭᠡᠢ᠃
      ᠲᠠᠪᠢᠨ ᠨᠠᠢ᠍ᠮᠠᠳᠦᠭ᠋ᠠᠷ ᠵᠦᠢ᠍ᠯ   ᠲᠤᠤᠷ᠎ᠡ ᠵᠢᠭᠰᠠᠭ᠋ᠠᠭᠰᠠᠨ ᠦᠢ᠍ᠯᠡ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ᠂ ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠭᠠᠵᠠᠷ ᠬᠡᠷᠡᠭᠯᠡᠬᠦ ᠵᠢ ᠵᠦᠪᠰᠢᠶᠡᠷᠡᠭᠰᠡᠨ ᠤᠤᠯ᠎ᠤᠨ ᠠᠷᠠᠳ᠎ᠤᠨ ᠵᠠᠰᠠᠭ᠎ᠤᠨ ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠦᠭᠡᠳ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠪᠤᠴᠠᠭ᠋ᠠᠨ ᠠᠪᠴᠦ ᠪᠤᠯᠤᠨ᠎ᠠ᠄
     (ᠨᠢᠭᠡ) ᠨᠡᠢ᠌ᠳᠡ ᠵᠢᠨ ᠠᠰᠢᠭ ᠲᠤᠰᠠ ᠵᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ᠎ᠲᠠᠢ ᠪᠤᠯᠤᠭᠰᠠᠨ;
     (ᠬᠤᠶᠠᠷ) ᠬᠤᠳᠠ ᠵᠢᠨ ᠲᠦᠯᠦᠪᠵᠢᠬᠦᠯᠭᠡ ᠵᠢ ᠬᠡᠷᠡᠭᠵᠢᠬᠦᠯᠵᠦ ᠬᠤᠳᠠ ᠵᠢᠨ ᠬᠠᠭᠤᠴᠢᠨ ᠲᠤᠭᠤᠷᠢᠭ᠎ᠢ ᠦᠭᠡᠷᠡᠴᠢᠯᠡᠨ ᠪᠠᠢ᠌ᠭᠤᠯᠬᠤ ᠵᠢᠨ ᠲᠦᠯᠦᠭᠡ ᠭᠠᠵᠠᠷ ᠰᠢᠷᠦᠢ ᠵᠢ ᠲᠤᠬᠢᠷᠠᠭᠤᠯᠤᠨ ᠬᠡᠷᠡᠭᠯᠡᠬᠦ ᠴᠢᠬᠤᠯᠠ᠎ᠲᠠᠢ ᠪᠤᠯᠤᠭᠰᠠᠨ;
     (ᠭᠤᠷᠪᠠ) ᠭᠠᠵᠠᠷ ᠰᠢᠷᠦᠢ ᠵᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ᠎ᠲᠠᠢ᠎ᠪᠠᠷ ᠬᠡᠷᠡᠭᠯᠡᠬᠦ ᠬᠡᠷ᠎ᠡ᠎ᠳᠤ ᠪᠤᠯᠵᠤᠨ ᠲᠤᠭᠳᠠᠭ᠋ᠠᠭᠰᠠᠨ ᠬᠡᠷᠡᠭᠯᠡᠬᠦ ᠬᠤᠭᠤᠴᠠᠭ᠎ᠠ᠎ᠨᠢ ᠲᠦᠬᠦᠷᠦᠭᠰᠡᠨ ᠪᠠᠢ᠌ᠳᠠᠯ᠎ᠠ ᠭᠠᠵᠠᠷ ᠰᠢᠷᠦᠢ ᠬᠡᠷᠡᠭᠯᠡᠭᠴᠢ ᠬᠤᠭᠤᠴᠠᠭ᠎ᠠ ᠤᠷᠳᠤᠳᠬᠠᠬᠤ᠎ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ ᠤᠷᠳᠤᠳᠬᠠᠬᠤ ᠭᠤᠶᠤᠴᠢᠯᠠᠯ᠎ᠨᠢ ᠡᠰᠡ ᠵᠦᠪᠰᠢᠶᠡᠷᠡᠭᠳᠡᠭᠰᠡᠨ;
     (ᠲᠦᠷᠪᠡ) ᠨᠢᠭᠡᠴᠢ᠎ᠨᠢ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭ᠋ᠠᠨ᠎ᠠᠴᠠ ᠪᠤᠯᠵᠦ ᠤᠤᠯ᠎ᠤᠨ ᠬᠤᠪᠢᠶᠠᠷᠢᠯᠠᠨ ᠤᠯᠤᠭᠰᠠᠨ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠬᠡᠷᠡᠭᠯᠡᠬᠦ᠎ᠪᠠᠨ ᠪᠤᠯᠢᠭᠰᠠᠨ;
     (ᠲᠠᠪᠤ) ᠵᠠᠰᠠᠮᠠᠯ ᠵᠠᠮ᠂ ᠲᠠᠮᠦᠷ ᠵᠠᠮ᠂ ᠨᠢᠰᠭᠡᠯ᠎ᠤᠨ ᠪᠠᠭᠤᠳᠠᠯ᠂ ᠠᠭᠤᠷᠬᠠᠢ ᠵᠡᠷᠭᠡ ᠵᠢ ᠬᠢᠨᠠᠨ ᠵᠦᠪᠰᠢᠶᠡᠷᠡᠯ ᠵᠶ᠋ᠠᠷ ᠲᠠᠮᠵᠢᠭᠤᠯᠤᠭ᠋ᠠᠳ ᠬᠡᠷᠡᠭᠴᠡᠭᠡ᠎ᠠᠴᠠ ᠭᠠᠷᠭ᠋ᠠᠭᠰᠠᠨ᠃
      ᠡᠮᠦᠨᠡᠬᠢ ᠪᠠᠳᠠᠭ᠎ᠤᠨ (ᠨᠢᠭᠡ) ᠳ᠋ᠤᠭᠡᠷ ᠵᠤᠷᠪᠤᠰ᠂ (ᠬᠤᠶᠠᠷ) ᠳ᠋ᠤᠭ᠋ᠠᠷ ᠵᠤᠷᠪᠤᠰ᠎ᠤᠨ ᠲᠤᠭᠳᠠᠭ᠋ᠠᠯ ᠶᠤᠰᠤᠭ᠋ᠠᠷ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠪᠤᠴᠠᠭ᠋ᠠᠵᠦ ᠠᠪᠬᠤ᠎ᠳᠤ ᠬᠦᠷᠪᠡᠯ᠂ ᠭᠠᠵᠠᠷ ᠰᠢᠷᠦᠢ ᠵᠢᠨ ᠬᠡᠷᠡᠭᠯᠡᠬᠦ ᠡᠷᠭᠡ᠎ᠲᠠᠢ ᠬᠦᠮᠦᠨ᠎ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃  
      ᠲᠠᠪᠢ ᠶᠢᠰᠦᠳᠦᠭᠡᠷ ᠵᠦᠢ᠍ᠯ ᠰᠣᠮᠤ ᠪᠠᠯᠭ᠋ᠠᠰᠣᠨ᠎ᠤ ᠠᠵᠦ ᠠᠬᠤᠢ᠌ᠯᠠᠯ᠂ ᠰᠤᠮᠤ (ᠪᠠᠯᠭ᠋ᠠᠰᠣ) ᠭᠠᠴᠠᠭ᠎ᠠ ᠵᠢᠨ ᠤᠯᠠᠨ ᠨᠡᠢ᠌ᠳᠡ ᠵᠢᠨ ᠲᠦᠬᠦᠭᠡᠷᠦᠮᠵᠢ᠂ ᠨᠡᠢ᠌ᠳᠡ ᠵᠢᠨ ᠠᠰᠠᠷᠠᠮᠵᠢ ᠵᠢᠨ ᠦᠢ᠍ᠯᠡᠰ᠂ ᠬᠦᠳᠡᠭᠡ ᠲᠤᠰᠬᠤᠨ᠎ᠤ ᠠᠷᠠᠳ᠎ᠤᠨ ᠣᠷᠣᠨ ᠰᠠᠭᠤᠴᠠ ᠵᠡᠷᠭᠡ ᠰᠤᠮᠤ (ᠪᠠᠯᠭ᠋ᠠᠰᠣ) ᠭᠠᠴᠠᠭ᠎ᠠ ᠵᠢᠨ ᠪᠦᠳᠦᠭᠡᠨ ᠪᠠᠢ᠌ᠭᠤᠯᠤᠯᠳᠠ ᠬᠢᠬᠦ᠎ᠳᠡᠭᠡᠨ ᠠᠢ᠌ᠯ ᠲᠤᠰᠬᠤᠨ ᠪᠠ ᠪᠠᠯᠭ᠋ᠠᠰᠣᠨ᠎ᠤ ᠲᠦᠯᠦᠪᠵᠢᠬᠦᠯᠭᠡ ᠶᠤᠰᠤᠭ᠋ᠠᠷ ᠵᠦᠢ ᠵᠤᠬᠢᠰᠲᠠᠢ ᠪᠠᠢ᠌ᠷᠢᠰᠢᠭᠤᠯᠤᠨ᠂ ᠪᠦᠬᠦ ᠲᠠᠯ᠎ᠠ᠎ᠪᠠᠷ ᠨᠡᠭᠡᠭᠡᠨ ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠢ᠌ᠭᠤᠯᠬᠤ ᠬᠡᠷᠡᠭᠲᠠᠢ; ᠪᠦᠳᠦᠭᠡᠨ ᠪᠠᠢ᠌ᠭᠤᠯᠤᠯᠳᠠ᠎ᠳᠤ ᠭᠠᠵᠠᠷ ᠬᠡᠷᠡᠭᠯᠡᠬᠦ᠎ᠳᠡᠭᠡᠨ ᠰᠤᠮᠤ (ᠪᠠᠯᠭ᠋ᠠᠰᠣ) ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠤᠯᠤᠨ ᠭᠠᠵᠠᠷ ᠰᠢᠷᠦᠢ ᠵᠢᠨ ᠠᠰᠢᠭᠯᠠᠯᠳᠠ ᠵᠢᠨ ᠤᠨ᠎ᠤ ᠲᠦᠯᠦᠪᠯᠡᠭᠡ᠎ᠳᠤ ᠨᠡᠢ᠌ᠴᠡᠬᠦᠯᠬᠦ ᠬᠡᠷᠡᠭᠲᠠᠢ ᠪᠦᠭᠡᠳ ᠲᠤᠰ ᠬᠠᠤᠯᠢ ᠵᠢᠨ ᠲᠦᠴᠢᠨ ᠲᠦᠷᠪᠡᠳᠦᠭᠡᠷ ᠵᠦᠢ᠍ᠯ᠂ ᠵᠢᠷᠠᠳᠤᠭ᠋ᠠᠷ ᠵᠦᠢ᠍ᠯ᠂ ᠵᠢᠷᠠᠨ ᠨᠢᠭᠡᠳᠦᠭᠡᠷ ᠵᠦᠢ᠍ᠯ᠂ ᠵᠢᠷᠠᠨ ᠬᠤᠶᠠᠳᠤᠭ᠋ᠠᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠬᠦ ᠬᠡᠷᠡᠭᠲᠠᠢ᠃       ᠵᠢᠷᠠᠳᠤᠭ᠋ᠠᠷ ᠵᠦᠢ᠍ᠯ   ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠨᠤᠭᠤᠳ ᠰᠤᠮᠤ (ᠪᠠᠯᠭ᠋ᠠᠰᠣ) ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠠᠰᠢᠭᠯᠠᠨ ᠠᠵᠦ ᠠᠬᠤᠢ᠌ᠯᠠᠯ ᠡᠷᠬᠢᠯᠡᠬᠦ ᠪᠤᠶᠤ ᠭᠠᠵᠠᠷ ᠰᠢᠷᠦᠢ ᠵᠢᠨ ᠬᠡᠷᠡᠭᠯᠡᠬᠦ ᠡᠷᠭᠡ᠎ᠪᠠᠷ ᠵᠶ᠋ᠠᠨ ᠬᠤᠪᠢ ᠤᠷᠤᠬᠤ᠂ ᠬᠤᠯᠪᠤᠭ᠋ᠠᠯᠠᠨ ᠡᠵᠡᠩᠨᠡᠬᠦ ᠵᠡᠷᠭᠡ ᠬᠡᠯᠪᠡᠷᠢ᠎ᠪᠠᠷ ᠪᠤᠰᠤᠳ ᠨᠢᠭᠡᠴᠢ᠂ ᠬᠤᠪᠢ ᠬᠦᠮᠦᠨ᠎ᠲᠠᠢ ᠬᠠᠮᠳᠤᠷᠠᠨ ᠠᠵᠦ ᠠᠬᠤᠢ᠌ᠯᠠᠯ ᠡᠷᠬᠢᠯᠡᠬᠦ᠎ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲᠸᠷᠢᠶᠠᠯ᠎ᠢ ᠠᠪᠴᠦ᠂ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠠᠢ᠂ ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠣᠷᠳᠤᠨ᠎ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠭᠰᠠᠨ ᠵᠦᠪᠰᠢᠶᠡᠷᠡᠬᠦ ᠡᠷᠭᠡ ᠮᠡᠳᠡᠯ᠎ᠤᠨ ᠭᠡᠪᠴᠢᠶ᠎ᠡ ᠶᠤᠰᠤᠭ᠋ᠠᠷ ᠵᠦᠪᠰᠢᠶᠡᠷᠡᠯ ᠤᠯᠭᠤᠨ᠎ᠠ; ᠡᠬᠦᠨ᠎ᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠬᠦ᠎ᠲᠠᠢ ᠬᠤᠯᠪᠤᠭᠳᠠᠪᠠᠯ᠂ ᠲᠤᠰ ᠬᠠᠤᠯᠢ ᠵᠢᠨ ᠲᠦᠴᠢᠨ ᠲᠦᠷᠪᠡᠳᠦᠭᠡᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠬᠦ ᠬᠡᠷᠡᠭᠲᠠᠢ᠃
      ᠡᠮᠦᠨᠡᠬᠢ ᠪᠠᠳᠠᠭ᠎ᠤᠨ ᠲᠤᠭᠳᠠᠭ᠋ᠠᠯ ᠶᠤᠰᠤᠭ᠋ᠠᠷ ᠠᠵᠦ ᠠᠬᠤᠢ᠌ᠯᠠᠯ ᠡᠷᠬᠢᠯᠡᠬᠦ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠡᠷᠭᠡᠪᠰᠢ ᠴᠢᠩᠭ᠎ᠠ ᠬᠢᠵᠠᠭ᠋ᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠎ᠨᠤᠭᠤᠳ ᠰᠣᠮᠣ ᠪᠠᠯᠭ᠋ᠠᠰᠣᠨ᠎ᠤ ᠠᠵᠦ ᠠᠬᠤᠢ᠌ᠯᠠᠯ᠎ᠤᠨ ᠠᠳᠠᠯᠢ ᠪᠤᠰᠤ ᠠᠵᠢᠯ ᠲᠦᠷᠦᠯ ᠪᠤᠯᠤᠨ ᠡᠵᠡᠩᠨᠡᠬᠦ ᠬᠡᠪᠴᠢᠶ᠎ᠡ ᠵᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠵᠢ ᠲᠤᠰ ᠲᠤᠰ ᠲᠤᠭᠳᠠᠭ᠋ᠠᠵᠦ ᠪᠤᠯᠤᠨ᠎ᠠ᠃
      ᠵᠢᠷᠠᠨ ᠨᠢᠭᠡᠳᠦᠭᠡᠷ ᠵᠦᠢ᠍ᠯ   ᠰᠣᠮᠣ (ᠪᠠᠯᠭ᠋ᠠᠰᠣ) ᠭᠠᠴᠠᠭ᠎ᠠ ᠵᠢᠨ ᠤᠯᠠᠨ ᠨᠠᠢ᠌ᠳᠡ ᠵᠢᠨ ᠲᠦᠬᠦᠭᠡᠷᠦᠮᠵᠢ᠂ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠪᠦᠳᠦᠭᠡᠨ ᠪᠠᠢ᠌ᠭᠤᠯᠤᠯᠳᠠ᠎ᠳᠤ ᠭᠠᠵᠠᠷ ᠰᠢᠷᠦᠢ ᠬᠡᠷᠡᠭᠯᠡᠬᠦ ᠴᠢᠬᠤᠯᠠ᠎ᠲᠠᠢ ᠪᠠᠢ᠌ᠪᠠᠯ᠂ ᠰᠤᠮᠤ (ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠢᠨᠠᠨ ᠬᠠᠷᠭᠤᠭᠤᠯᠤᠭᠤᠯᠤᠭ᠋ᠠᠳ᠂ ᠰᠢᠶᠠᠨ᠎ᠤ ᠱᠠᠳᠣᠨ᠎ᠠᠴᠠ ᠲᠡᠭᠡᠭᠰᠢᠬᠢ ᠣᠷᠣᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠵᠦ᠂ ᠰᠢᠶᠠᠨ᠎ᠤ ᠱᠠᠳᠤᠨ᠎ᠠᠴᠠ ᠲᠡᠭᠡᠭᠰᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠭᠰᠠᠨ ᠵᠦᠪᠰᠢᠶᠡᠷᠡᠬᠦ ᠡᠷᠭᠡ ᠮᠡᠳᠡᠯ᠎ᠤᠨ ᠬᠡᠪᠴᠢᠶ᠎ᠡ ᠶᠤᠰᠤᠭ᠋ᠠᠷ ᠵᠦᠪᠰᠢᠶᠡᠷᠡᠯ ᠤᠯᠭᠤᠨ᠎ᠠ; ᠡᠬᠦᠨ᠎ᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠵᠦ ᠬᠡᠷᠡᠭᠯᠡᠬᠦ᠎ᠲᠠᠢ ᠬᠤᠯᠪᠤᠭᠳᠠᠪᠠᠯ᠂ ᠲᠤᠰ ᠬᠠᠤᠯᠢ ᠵᠢᠨ ᠲᠦᠴᠢᠨ ᠲᠦᠷᠪᠡᠳᠦᠭᠡᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠨ᠎ᠡ᠃  
      ᠵᠢᠷᠠᠨ ᠬᠤᠶᠠᠳᠦᠭ᠋ᠠᠷ ᠵᠦᠢ᠍ᠯ   ᠬᠦᠳᠡᠭᠡ ᠲᠤᠰᠬᠤᠨ᠎ᠤ ᠭᠠᠴᠠᠭ᠋ᠠᠨ᠎ᠤ ᠠᠷᠠᠳ᠎ᠤᠨ ᠨᠢᠭᠡ ᠡᠷᠦᠭᠡ᠎ᠳᠤ ᠨᠢᠭᠡ ᠯᠡ ᠤᠷᠤᠨ ᠰᠠᠭᠤᠴᠠ ᠵᠢᠨ ᠭᠠᠵᠠᠷ᠎ᠲᠠᠢ ᠪᠠᠢ᠌ᠵᠦ ᠪᠤᠯᠤᠨ᠎ᠠ᠂ ᠲᠠᠬᠦᠨ᠎ᠤ ᠤᠷᠤᠨ ᠰᠠᠭᠤᠴᠠ ᠵᠢᠨ ᠭᠠᠵᠠᠷ᠎ᠤᠨ ᠲᠠᠯᠠᠪᠠᠢ᠎ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠭᠰᠠᠨ ᠪᠠᠷᠢᠮᠵᠢᠶ᠎ᠡ᠎ᠠᠴᠠ ᠭᠡᠳᠦᠷᠡᠵᠦ ᠪᠤᠯᠬᠤ ᠦᠭᠡᠢ᠃
      ᠬᠦᠳᠡᠭᠡ ᠲᠤᠰᠬᠤᠨ᠎ᠤ ᠭᠠᠴᠠᠭ᠋ᠠᠨ᠎ᠤ ᠠᠷᠠᠳ ᠣᠷᠣᠨ ᠰᠠᠭᠤᠴᠠ ᠪᠠᠷᠢᠬᠤ᠎ᠳᠠᠭᠠᠨ ᠰᠤᠮᠤ (ᠪᠠᠯᠭ᠋ᠠᠰᠣ) ᠵᠢᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠨᠡᠢ᠌ᠴᠡᠬᠦᠯᠬᠦ ᠬᠡᠷᠡᠭᠲᠠᠢ ᠪᠦᠭᠡᠳ ᠠᠯᠢ ᠪᠤᠯᠬᠤ᠎ᠪᠠᠷ ᠤᠭ᠎ᠤᠨ ᠤᠷᠤᠨ ᠰᠠᠭᠤᠴᠠ ᠵᠢᠨ ᠭᠠᠵᠠᠷ ᠪᠤᠯᠤᠨ ᠲᠤᠰᠬᠤᠨ᠎ᠤ ᠲᠤᠳᠤᠷᠠᠬᠢ ᠰᠤᠯᠠ ᠭᠠᠵᠠᠷ᠎ᠢ ᠬᠡᠷᠡᠭᠯᠡᠬᠦ ᠬᠡᠷᠡᠭᠲᠠᠢ᠃
      ᠬᠦᠳᠡᠭᠡ ᠲᠤᠰᠬᠤᠨ᠎ᠤ ᠭᠠᠴᠠᠭ᠋ᠠᠨ᠎ᠤ ᠠᠷᠠᠳ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠢ ᠰᠤᠮᠤ (ᠪᠠᠯᠭ᠋ᠠᠰᠣ) ᠵᠢᠨ ᠠᠷᠠᠳ᠎ᠤᠨ ᠵᠠᠰᠠᠭ᠎ᠤᠨ ᠤᠷᠳᠤᠨ ᠵᠶ᠋ᠠᠷ ᠬᠢᠨᠠᠨ ᠬᠠᠷᠭᠤᠭᠤᠯᠤᠭ᠋ᠠᠳ᠂ ᠰᠢᠶᠠᠨ ᠱᠠᠳᠣᠨ᠎ᠤ ᠠᠷᠠᠳ᠎ᠤᠨ ᠵᠠᠰᠠᠭ᠎ᠤᠨ ᠣᠷᠳᠤᠨ ᠵᠶ᠋ᠠᠷ ᠵᠦᠪᠰᠢᠶᠡᠷᠡᠬᠦᠯᠦᠨ᠎ᠡ; ᠡᠬᠦᠨ᠎ᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠬᠦ᠎ᠳᠤ ᠬᠤᠯᠪᠤᠭᠳᠠᠪᠠᠯ᠂ ᠲᠤᠰ ᠬᠠᠤᠯᠢ ᠵᠢᠨ ᠲᠦᠴᠢᠨ ᠲᠦᠷᠪᠡᠳᠦᠭᠡᠷ ᠵᠦᠢ᠍ᠯ᠎ᠤᠨ ᠲᠤᠭᠳᠠᠭ᠋ᠠᠯ ᠶᠤᠰᠤᠭ᠋ᠠᠷ ᠬᠢᠨᠠᠨ ᠵᠦᠪᠰᠢᠶᠡᠷᠡᠬᠦᠯᠬᠦ ᠭᠠᠷ ᠬᠦᠢ᠍ᠴᠡᠳᠭᠡᠯ ᠬᠢᠨ᠎ᠡ᠃
      ᠬᠦᠳᠡᠭᠡ ᠲᠤᠰᠬᠤᠨ᠎ᠤ ᠭᠠᠴᠠᠭ᠋ᠠᠨ᠎ᠤ ᠠᠷᠠᠳ ᠣᠷᠣᠨ ᠰᠠᠭᠤᠴᠠ᠎ᠪᠠᠨ ᠬᠤᠳᠠᠯᠳᠤᠵᠦ᠂ ᠲᠦᠷᠢᠶᠡᠰᠦᠯᠡᠬᠦᠯᠦᠭᠰᠡᠨ᠎ᠤ ᠲᠠᠷᠠᠭ᠎ᠠ ᠲᠠᠬᠢᠨ ᠤᠷᠤᠨ ᠰᠠᠭᠤᠴᠠ ᠵᠢᠨ ᠭᠠᠵᠠᠷ ᠠᠪᠬᠤ᠎ᠪᠠᠷ ᠭᠤᠶᠤᠴᠢᠯᠠᠯ ᠭᠠᠷᠭ᠋ᠠᠪᠠᠯ ᠵᠦᠪᠰᠢᠶᠡᠷᠡᠬᠦ ᠦᠭᠡᠢ᠃  
      ᠵᠢᠷᠠᠨ ᠭᠤᠷᠪᠠᠳᠤᠭ᠋ᠠᠷ ᠵᠦᠢ᠍ᠯ   ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ; ᠭᠡᠪᠡᠴᠦ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠨᠡᠢ᠌ᠴᠡᠬᠦ ᠪᠦᠭᠡᠳ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠬᠠᠤᠯᠢ ᠶᠤᠰᠤᠭ᠋ᠠᠷ ᠤᠯᠤᠭᠰᠠᠨ ᠠᠵᠦ ᠠᠬᠤᠢ᠌ᠯᠠᠯ ᠲᠠᠮᠪᠠᠷᠠᠬᠤ᠂ ᠨᠡᠢ᠌ᠯᠡᠬᠦ ᠵᠡᠷᠭᠡ ᠪᠠᠢ᠌ᠳᠠᠯ᠎ᠠᠴᠠ ᠪᠤᠯᠵᠦ ᠭᠠᠵᠠᠷ ᠰᠢᠷᠦᠢ ᠵᠢᠨ ᠬᠡᠷᠡᠭᠯᠡᠬᠦ ᠡᠷᠭᠡ᠎ᠪᠠᠨ ᠬᠠᠤᠯᠢ ᠶᠤᠰᠤᠭ᠋ᠠᠷ ᠰᠢᠯᠵᠢᠬᠦᠯᠦᠭᠰᠡᠨ ᠪᠠᠢ᠌ᠪᠠᠯ ᠡᠬᠦᠨ᠎ᠳᠤ ᠪᠠᠭᠳᠠᠬᠤ ᠦᠭᠡᠢ᠃
      ᠵᠢᠷᠠᠨ ᠲᠦᠷᠪᠡᠳᠦᠭᠡᠷ ᠵᠦᠢ᠍ᠯ   ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢ ᠲᠤᠭᠳᠠᠭ᠋ᠠᠬᠤ᠎ᠠᠴᠠ ᠡᠮᠦᠨ᠎ᠡ ᠨᠢᠭᠡᠨᠳᠡ ᠪᠠᠢ᠌ᠭᠤᠯᠤᠭᠳᠠᠭᠰᠠᠨ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠡᠷᠡᠭᠯᠡᠯᠳᠡ᠎ᠳᠤ ᠦᠯᠦ ᠨᠡᠢ᠌ᠴᠡᠬᠦ ᠪᠠᠷᠢᠯᠭ᠎ᠠ᠂ ᠪᠠᠷᠢᠯᠭ᠎ᠠ ᠵᠢᠨ ᠡᠳ᠋᠎ᠢ ᠲᠠᠬᠢᠨ ᠪᠠᠢ᠌ᠭᠤᠯᠵᠦ᠂ ᠦᠷᠭᠡᠳᠭᠡᠨ ᠪᠠᠢ᠌ᠭᠤᠯᠵᠦ ᠪᠤᠯᠬᠤ ᠦᠭᠡᠢ᠃  
      ᠵᠢᠷᠠᠨ ᠲᠠᠪᠤᠳᠤᠭ᠋ᠠᠷ ᠵᠦᠢ᠍ᠯ   ᠲᠤᠤᠷ᠎ᠡ ᠵᠢᠭᠰᠠᠭ᠋ᠠᠭᠰᠠᠨ ᠦᠢ᠍ᠯᠡ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ᠂ ᠬᠦᠳᠡᠭᠡ ᠲᠤᠰᠬᠤᠨ᠎ᠤ ᠬᠠᠮᠳᠦ ᠵᠢᠨ ᠠᠵᠦ ᠠᠬᠤᠢ ᠵᠢᠨ ᠵᠤᠬᠢᠶᠠᠨ ᠪᠠᠢ᠌ᠭᠤᠯᠤᠯᠳᠠ᠎ᠠᠴᠠ ᠭᠠᠵᠠᠷ ᠬᠡᠷᠡᠭᠯᠡᠬᠦ ᠵᠢ ᠵᠦᠪᠰᠢᠶᠡᠷᠡᠭᠰᠡᠨ ᠤᠤᠯ᠎ᠤᠨ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠪᠤᠴᠠᠭ᠋ᠠᠨ ᠠᠪᠴᠦ ᠪᠤᠯᠤᠨ᠎ᠠ᠄
     (ᠨᠢᠭᠡ) ᠰᠤᠮᠤ (ᠪᠠᠯᠭ᠋ᠠᠰᠤ) ᠭᠠᠴᠠᠭ᠎ᠠ ᠵᠢᠨ ᠤᠯᠠᠨ ᠨᠡᠢ᠌ᠳᠡ ᠵᠢᠨ ᠲᠦᠬᠦᠭᠡᠷᠦᠮᠵᠢ ᠪᠠ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠪᠦᠳᠦᠭᠡᠨ ᠪᠠᠢ᠌ᠭᠤᠯᠤᠯᠳᠠ᠎ᠳᠤ ᠭᠠᠵᠠᠷ ᠰᠢᠷᠦᠢ ᠬᠡᠷᠡᠭᠯᠡᠬᠦ ᠴᠢᠬᠤᠯᠠ᠎ᠲᠠᠢ ᠪᠤᠯᠤᠭᠰᠠᠨ;       (ᠬᠤᠶᠠᠷ) ᠭᠠᠵᠠᠷ ᠰᠢᠷᠦᠢ ᠵᠢ ᠵᠦᠪᠰᠢᠶᠡᠷᠡᠭᠰᠡᠨ ᠬᠡᠷᠡᠭᠯᠡᠯᠳᠡ ᠵᠢᠨ ᠶᠤᠰᠤᠭ᠋ᠠᠷ ᠡᠰᠡ ᠬᠡᠷᠡᠭᠯᠡᠭᠰᠡᠨ;
     (ᠭᠤᠷᠪᠠ) ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭ᠋ᠠᠨ᠎ᠠᠴᠠ ᠪᠤᠯᠵᠦ ᠭᠠᠵᠠᠷ ᠰᠢᠷᠦᠢ ᠵᠢ ᠬᠡᠷᠡᠭᠯᠡᠬᠦ᠎ᠪᠠᠨ ᠪᠤᠯᠢᠭᠰᠠᠨ᠃
      ᠡᠮᠦᠨᠡᠬᠢ ᠪᠠᠳᠠᠭ᠎ᠤᠨ (ᠨᠢᠭᠡ) ᠳ᠋ᠤᠭᠡᠷ ᠵᠤᠷᠪᠤᠰ᠎ᠤᠨ ᠲᠤᠭᠳᠠᠭ᠋ᠠᠯ ᠶᠤᠰᠤᠭ᠋ᠠᠷ ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢ ᠪᠤᠴᠠᠭ᠋ᠠᠵᠦ ᠠᠪᠤᠭᠰᠠᠨ ᠪᠠᠢ᠌ᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ ᠬᠦᠮᠦᠨ᠎ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃  
      ᠵᠢᠷᠭᠤᠳᠤᠭ᠋ᠠᠷ ᠪᠦᠯᠦᠭ   ᠬᠢᠨᠠᠯᠳᠠ ᠲᠠᠯᠪᠢᠵᠦ ᠪᠠᠢ᠌ᠴᠠᠭ᠋ᠠᠬᠤ  
      ᠵᠢᠷᠠᠨ ᠵᠢᠷᠭᠤᠳᠤᠭ᠋ᠠᠷ ᠵᠦᠢ᠍ᠯ   ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ ᠴᠠᠭ᠋ᠠᠵᠠ᠂ ᠬᠠᠤᠯᠢ ᠲᠦᠷᠢᠮ᠎ᠢ ᠵᠦᠷᠢᠴᠡᠭᠰᠡᠨ ᠠᠵᠢᠯᠯᠠᠭ᠎ᠠ᠎ᠳᠤ ᠬᠢᠨᠠᠯᠳᠠ ᠲᠠᠯᠪᠢᠵᠦ ᠪᠠᠢ᠌ᠴᠠᠭ᠋ᠠᠯᠳᠠ ᠬᠢᠨ᠎ᠡ᠃  
ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠢᠨᠠᠯᠳᠠ ᠲᠠᠯᠪᠢᠵᠦ ᠪᠠᠢ᠌ᠴᠠᠭ᠋ᠠᠬᠤ ᠠᠵᠢᠯᠳᠠᠳ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ ᠴᠠᠭ᠋ᠠᠵᠠ᠂ ᠬᠠᠤᠯᠢ ᠲᠦᠷᠢᠮ᠎ᠢ ᠲᠤᠭᠤᠷᠠᠳᠠᠯ᠎ᠠ ᠮᠡᠳᠡᠵᠦ᠂ ᠡᠬᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ ᠪᠠᠢ᠌ᠵᠦ᠂ ᠬᠠᠤᠯᠢ ᠵᠢ ᠭᠤᠤᠯᠴᠢ᠎ᠪᠠᠷ ᠬᠡᠷᠡᠭᠵᠢᠬᠦᠯᠬᠦ ᠬᠡᠷᠡᠭᠲᠠᠢ᠃
      ᠵᠢᠷᠠᠨ ᠲᠣᠯᠣᠳᠣᠭ᠋ᠠᠷ ᠵᠦᠢ᠍ᠯ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠬᠢᠨᠠᠯᠳᠠ ᠲᠠᠯᠪᠢᠵᠦ ᠪᠠᠢ᠌ᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠬᠦ ᠦᠶ᠎ᠡ᠎ᠳᠤ ᠲᠤᠤᠷ᠎ᠡ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠭᠡ᠎ᠲᠠᠢ᠄
     (ᠨᠢᠭᠡ) ᠪᠠᠢ᠌ᠴᠠᠭ᠋ᠠᠭᠳᠠᠵᠦ ᠪᠠᠢ᠌ᠭ᠎ᠠ ᠨᠢᠭᠡᠴᠢ ᠪᠤᠶᠤ ᠬᠤᠪᠢ ᠬᠦᠮᠦᠨ᠎ᠳᠤ ᠭᠠᠵᠠᠷ ᠰᠢᠷᠦᠢ ᠵᠢᠨ ᠡᠷᠭᠡ ᠵᠢᠨ ᠲᠤᠬᠠᠢ ᠬᠤᠯᠪᠤᠭᠳᠠᠯ ᠪᠦᠬᠦᠢ ᠪᠢᠴᠢᠭ ᠮᠠᠲᠸᠷᠢᠶᠠᠯ ᠪᠠ ᠮᠠᠲᠸᠷᠢᠶᠠᠯ᠎ᠢ ᠬᠠᠩᠭ᠋ᠠᠯᠭ᠋ᠠᠬᠤ ᠱᠠᠭ᠋ᠠᠷᠳᠠᠯᠭ᠎ᠠ ᠲᠠᠯᠪᠢᠵᠦ᠂ ᠲᠠᠳᠡᠭᠡᠷ᠎ᠢ ᠪᠠᠢ᠌ᠴᠠᠭ᠋ᠠᠨ ᠦᠵᠡᠬᠦ ᠪᠤᠶᠤ ᠬᠠᠭᠤᠯᠪᠤᠷᠢᠯᠠᠵᠦ ᠠᠪᠬᠤ;
     (ᠬᠤᠶᠠᠷ) ᠪᠠᠢ᠌ᠴᠠᠭ᠋ᠠᠭᠳᠠᠵᠦ ᠪᠠᠢ᠌ᠭ᠎ᠠ ᠨᠢᠭᠡᠴᠢ ᠪᠤᠶᠤ ᠬᠤᠪᠢ ᠬᠦᠮᠦᠨ᠎ᠢ ᠭᠠᠵᠠᠷ ᠰᠢᠷᠦᠢ ᠵᠢᠨ ᠡᠷᠭᠡ ᠵᠢᠨ ᠬᠤᠯᠪᠤᠭᠳᠠᠯ ᠪᠦᠬᠦᠢ ᠠᠰᠠᠭᠤᠳᠠᠯ᠎ᠤᠨ ᠲᠠᠯ᠎ᠠ᠎ᠪᠠᠷ ᠲᠤᠳᠤᠷᠬᠠᠢ᠌ᠯᠠᠯᠳᠠ ᠬᠢᠯᠭᠡᠬᠦ᠎ᠪᠠᠷ ᠱᠠᠭ᠋ᠠᠷᠳᠠᠬᠤ;
     (ᠭᠣᠷᠪᠠ) ᠪᠠᠢ᠌ᠴᠠᠭ᠋ᠠᠭᠳᠠᠵᠦ ᠪᠠᠢ᠌ᠭ᠎ᠠ ᠨᠢᠭᠡᠴᠢ ᠪᠤᠶᠤ ᠬᠤᠪᠢ ᠬᠦᠮᠦᠨ᠎ᠤ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠵᠢᠨ ᠲᠤᠬᠠᠢ ᠵᠢᠨ ᠭᠠᠵᠠᠷ᠎ᠲᠤ ᠤᠴᠢᠵᠦ ᠬᠠᠢ᠌ᠨ ᠬᠡᠮᠵᠢᠬᠦ;
     (ᠲᠦᠷᠪᠡ) ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ ᠬᠦᠮᠦᠨ᠎ᠢ ᠵᠠᠷᠯᠢᠭᠳᠠᠵᠦ ᠪᠠᠢ᠌ᠭ᠋ᠠᠳ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠠᠤᠯᠢ ᠴᠠᠭ᠋ᠠᠵᠠ᠂ ᠬᠠᠤᠯᠢ ᠲᠦᠷᠢᠮ᠎ᠠᠴᠠ ᠵᠦᠷᠢᠴᠡᠭᠰᠡᠨ ᠠᠵᠢᠯᠯᠠᠭ᠎ᠠ ᠵᠢ᠎ᠨᠢ ᠵᠤᠭᠰᠤᠭ᠋ᠠᠬᠤ᠃  
      ᠵᠢᠷᠠᠨ ᠨᠠᠢ᠍ᠮᠠᠳᠦᠭ᠋ᠠᠷ ᠵᠦᠢ᠍ᠯ   ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠢᠨᠠᠯᠳᠠ ᠲᠠᠯᠪᠢᠵᠦ ᠪᠠᠢ᠌ᠴᠠᠭ᠋ᠠᠬᠤ ᠠᠵᠢᠯᠳᠠᠳ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠵᠦ᠂ ᠲᠤᠬᠠᠢ ᠵᠢᠨ ᠭᠠᠵᠠᠷ᠎ᠲᠤ ᠤᠴᠢᠵᠦ ᠬᠠᠢ᠌ᠨ ᠬᠡᠮᠵᠢᠬᠦ᠂ ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠵᠶ᠋ᠠᠷ ᠪᠢᠴᠢᠭ ᠮᠠᠲᠸᠷᠢᠶᠠᠯ᠂ ᠮᠠᠲᠸᠷᠢᠶᠠᠯ ᠬᠠᠩᠭ᠋ᠠᠯᠭ᠋ᠠᠬᠤ᠂ ᠲᠤᠳᠤᠷᠬᠠᠢ᠌ᠯᠠᠯᠳᠠ ᠬᠢᠯᠭᠡᠬᠦ᠎ᠪᠠᠷ ᠱᠠᠭ᠋ᠠᠷᠳᠠᠬᠤ ᠴᠢᠬᠤᠯᠠ᠎ᠲᠠᠢ ᠪᠤᠯ᠂ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠢᠨᠠᠯᠳᠠ ᠲᠠᠯᠪᠢᠵᠦ ᠪᠠᠢ᠌ᠴᠠᠭ᠋ᠠᠯᠳᠠ ᠬᠢᠬᠦ ᠬᠡᠷᠡᠴᠢ ᠲᠡᠮᠳᠡᠭ ᠵᠶ᠋ᠠᠨ ᠭᠠᠷᠭ᠋ᠠᠵᠦ ᠦᠵᠡᠬᠦᠯᠬᠦ ᠬᠡᠷᠡᠭᠲᠠᠢ᠃  
      ᠵᠢᠷᠨ ᠶᠢᠰᠦᠳᠦᠭᠡᠷ ᠵᠦᠢ᠍ᠯ   ᠭᠠᠵᠠᠷ ᠰᠢᠷᠦᠢ ᠵᠢᠨ ᠬᠠᠮᠢᠶᠠᠷᠤᠯᠳᠠ ᠵᠢᠨ ᠲᠠᠯ᠎ᠠ᠎ᠪᠠᠷ᠎ᠬᠢ ᠬᠠᠤᠯᠢ᠎ᠠᠴᠠ ᠵᠦᠷᠢᠴᠡᠭᠰᠡᠨ ᠠᠵᠢᠯᠯᠠᠭ᠎ᠠ᠎ᠳᠤ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠢᠨᠠᠯᠳᠠ ᠲᠠᠯᠪᠢᠵᠦ ᠪᠠᠢ᠌ᠴᠠᠭ᠋ᠠᠯᠳᠠ ᠬᠢᠬᠦ ᠦᠶ᠎ᠡ᠎ᠳᠤ ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ ᠠᠵᠢᠯ᠎ᠤᠨ ᠲᠠᠯ᠎ᠠ᠎ᠪᠠᠷ ᠲᠦᠬᠦᠮ ᠦᠵᠡᠬᠦᠯᠬᠦ ᠬᠡᠷᠡᠭᠲᠠᠢ᠂ ᠭᠠᠵᠠᠷ ᠰᠢᠷᠦᠢ ᠵᠢᠨ ᠬᠠᠮᠢᠶᠠᠷᠤᠯᠳᠠ ᠵᠢᠨ ᠬᠢᠨᠠᠯᠳᠠ ᠲᠠᠯᠪᠢᠵᠦ ᠪᠠᠢ᠌ᠴᠠᠭ᠋ᠠᠬᠤ ᠠᠵᠢᠯᠳᠠᠳ᠎ᠤᠨ ᠡᠬᠦᠷᠭᠡ ᠲᠤᠰᠢᠶᠠᠯ ᠵᠶ᠋ᠠᠨ ᠬᠠᠤᠯᠢ ᠶᠤᠰᠤᠭ᠋ᠠᠷ ᠬᠦᠢ᠍ᠴᠡᠳᠭᠡᠬᠦ ᠵᠢ ᠲᠡᠪᠴᠢᠬᠦ ᠪᠠ ᠬᠠᠷᠰᠢᠯᠠᠵᠦ ᠪᠤᠯᠬᠤ ᠦᠭᠡᠢ᠃
      ᠲᠠᠯᠠᠳᠤᠭ᠋ᠠᠷ ᠵᠦᠢ᠍ᠯ   ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠬᠢᠨᠠᠯᠳᠠ ᠲᠠᠯᠪᠢᠵᠦ ᠪᠠᠢ᠌ᠴᠠᠭ᠋ᠠᠬᠤ ᠠᠵᠢᠯ᠎ᠤᠨ ᠲᠤᠮᠳᠠ᠎ᠪᠠᠨ ᠲᠦᠷᠦ ᠵᠢᠨ ᠠᠵᠢᠯᠳᠠᠨ᠎ᠤ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠤᠯᠵᠦ ᠮᠡᠳᠡᠭᠡᠳ᠂ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠬᠡᠷᠡᠭᠲᠠᠢ ᠪᠠᠢ᠌ᠪᠠᠯ ᠬᠠᠤᠯᠢ ᠶᠤᠰᠤᠭ᠋ᠠᠷ ᠰᠢᠢ᠍ᠳᠪᠦᠷᠢᠯᠡᠬᠦ ᠬᠡᠷᠡᠭᠲᠠᠢ; ᠦᠪᠡᠷᠳᠡᠭᠡᠨ ᠰᠢᠢ᠍ᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ᠎ᠤ ᠪᠤᠶᠤ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠰᠠᠭ ᠵᠠᠬᠢᠷᠭ᠋ᠠᠨ᠎ᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠵᠠᠰᠠᠭ ᠵᠠᠬᠢᠷᠭ᠋ᠠᠨ᠎ᠤ ᠰᠢᠳᠭᠡᠯ ᠦᠭᠬᠦ ᠰᠠᠨᠠᠭᠤᠯᠭ᠎ᠠ ᠵᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠨᠢ ᠬᠠᠤᠯᠢ ᠶᠤᠰᠤᠭ᠋ᠠᠷ ᠰᠢᠢ᠍ᠳᠪᠦᠷᠢᠯᠡᠬᠦ ᠬᠡᠷᠡᠭᠲᠠᠢ᠃
      ᠲᠠᠯᠠᠨ ᠨᠢᠭᠡᠳᠦᠭᠡᠷ ᠵᠦᠢ᠍ᠯ   ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠳ ᠬᠢᠨᠠᠯᠳᠠ ᠲᠠᠯᠪᠢᠵᠦ ᠪᠠᠢ᠌ᠴᠠᠭ᠋ᠠᠬᠤ ᠠᠵᠢᠯ᠎ᠤᠨ ᠲᠤᠮᠳᠠ᠎ᠪᠠᠨ ᠭᠠᠵᠠᠷ ᠰᠢᠷᠦᠢ ᠵᠢᠨ ᠬᠠᠮᠢᠶᠠᠷᠤᠯᠳᠠ ᠵᠢᠨ ᠲᠠᠯ᠎ᠠ᠎ᠪᠠᠷ ᠬᠠᠤᠯᠢ᠎ᠠᠴᠠ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠠᠵᠢᠯᠯᠠᠭ᠎ᠠ ᠪᠠᠢ᠌ᠬᠤ ᠵᠢ ᠤᠯᠵᠦ ᠮᠡᠳᠡᠪᠡᠯ᠂ ᠤᠤᠯ᠎ᠤᠨ ᠬᠡᠷᠡᠭ᠎ᠢ ᠬᠤᠯᠪᠤᠭᠳᠠᠯ ᠪᠦᠬᠦᠢ ᠪᠠᠢ᠌ᠭᠤᠯᠭ᠎ᠠ᠎ᠳᠤ ᠰᠢᠯᠵᠢᠬᠦᠯᠦᠨ ᠦᠭᠴᠦ᠂ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠬᠦᠯᠬᠦ ᠬᠡᠷᠡᠭᠲᠠᠢ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠬᠡᠷᠡᠭᠲᠠᠢ᠃  
      ᠲᠠᠯᠠᠨ ᠬᠤᠶᠠᠳᠦᠭ᠋ᠠᠷ ᠵᠦᠢ᠍ᠯ   ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦ ᠶᠤᠰᠤᠲᠠᠢ ᠪᠠᠢ᠌ᠳᠠᠯ᠎ᠠ ᠬᠤᠯᠪᠤᠭᠳᠠᠯ ᠪᠦᠬᠦᠢ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠰᠠᠭ ᠵᠠᠬᠢᠷᠭ᠋ᠠᠨ᠎ᠤ ᠰᠢᠳᠭᠡᠯ ᠦᠭᠬᠦ ᠦᠭᠡᠢ ᠪᠠᠢ᠌ᠪᠠᠯ᠂ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠤᠯᠪᠤᠭᠳᠠᠯ ᠪᠦᠬᠦᠢ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠢ ᠵᠠᠷᠯᠢᠭᠳᠠᠵᠦ ᠪᠠᠢ᠌ᠭ᠋ᠠᠳ ᠵᠠᠰᠠᠭ ᠵᠠᠬᠢᠷᠭ᠋ᠠᠨ᠎ᠤ ᠰᠢᠳᠭᠡᠯ ᠦᠭᠬᠦ ᠲᠤᠭᠳᠠᠭ᠋ᠠᠯ ᠭᠠᠷᠭ᠋ᠠᠭᠤᠯᠬᠤ ᠪᠤᠶᠤ ᠰᠢᠭᠤᠳ ᠵᠠᠰᠠᠭ ᠵᠠᠬᠢᠷᠭ᠋ᠠᠨ᠎ᠤ ᠰᠢᠳᠭᠡᠯ ᠦᠭᠬᠦ ᠵᠢᠨ ᠬᠠᠮᠳᠦ ᠬᠤᠯᠪᠤᠭᠳᠠᠯ ᠪᠦᠬᠦᠢ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠳᠤ ᠵᠠᠰᠠᠭ ᠵᠠᠬᠢᠷᠭ᠋ᠠᠨ᠎ᠤ ᠰᠢᠳᠭᠡᠯ ᠦᠭᠬᠦ ᠡᠷᠭᠡ᠎ᠲᠠᠢ᠃
      ᠲᠤᠯᠤᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
      ᠲᠠᠯᠠᠨ ᠭᠤᠷᠪᠠᠳᠦᠭ᠋ᠠᠷ ᠵᠦᠢ᠍ᠯ   ᠭᠠᠵᠠᠷ ᠰᠢᠷᠦᠢ ᠵᠢ ᠮᠠᠢ᠌ᠮᠠᠢ᠌ᠯᠠᠬᠤ ᠪᠤᠶᠤ ᠪᠤᠰᠤᠳ ᠬᠡᠯᠪᠡᠷᠢ᠎ᠪᠠᠷ ᠬᠠᠤᠯᠢ ᠪᠤᠰᠤ᠎ᠪᠠᠷ ᠰᠢᠯᠵᠢᠬᠦᠯᠦᠨ ᠦᠭᠬᠦᠭᠰᠡᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠤᠯᠢ ᠵᠢ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠵᠦ ᠠᠪᠤᠨ᠎ᠠ; ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠠᠴᠠ ᠵᠦᠷᠢᠴᠡᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠤᠷ᠎ᠡ᠎ᠪᠠᠷ ᠵᠶ᠋ᠠᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠨ ᠬᠤᠪᠢᠷᠠᠭ᠋ᠠᠭᠰᠠᠨ ᠪᠠᠢ᠌ᠪᠠᠯ᠂ ᠬᠠᠤᠯᠢ ᠪᠤᠰᠤ᠎ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠵᠢ ᠬᠤᠭᠤᠴᠠᠭ᠎ᠠ ᠲᠤᠭᠳᠠᠭ᠋ᠠᠨ ᠨᠤᠷᠠᠭ᠋ᠠᠯᠭ᠋ᠠᠨ ᠠᠷᠢᠯᠠᠭ᠋ᠠᠭᠤᠯᠵᠦ᠂ ᠭᠠᠵᠠᠷ ᠰᠢᠷᠦᠢ ᠵᠢᠨ ᠤᠭ᠎ᠤᠨ ᠪᠠᠢ᠌ᠳᠠᠯ᠎ᠢ᠎ᠨᠢ ᠰᠡᠷᠬᠦᠭᠡᠯᠭᠡᠨ᠎ᠡ᠃ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠨᠡᠢ᠌ᠴᠡᠵᠦ ᠪᠠᠢ᠌ᠪᠠᠯ᠂ ᠬᠠᠤᠯᠢ ᠪᠤᠰᠤ᠎ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠵᠢ᠎ᠨᠢ ᠬᠤᠷᠢᠶᠠᠨ ᠠᠪᠤᠨ᠎ᠠ; ᠵᠤᠭᠤᠰ ᠵᠶ᠋ᠠᠷ ᠲᠤᠷᠭ᠋ᠠᠬᠤ᠎ᠪᠠᠷ ᠨᠡᠢ᠌ᠯᠡᠬᠦᠯᠦᠨ ᠰᠢᠳᠭᠡᠵᠦ ᠪᠤᠯᠤᠨ᠎ᠠ; ᠰᠢᠭᠤᠳ ᠬᠠᠷᠢᠭᠤᠴᠠᠵᠦ ᠪᠠᠢ᠌ᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃  
      ᠲᠠᠯᠠᠨ ᠳᠦᠷᠪᠡᠳᠦᠭᠡᠷ ᠵᠦᠢ᠍ᠯ   ᠲᠤᠰ ᠬᠠᠤᠯᠢ ᠵᠢᠨ ᠲᠤᠭᠳᠠᠭ᠋ᠠᠯ᠎ᠠᠴᠠ ᠵᠦᠷᠢᠴᠡᠵᠦ᠂ ᠲᠠᠷᠢᠶᠠᠨ ᠭᠠᠵᠠᠷ᠎ᠢ ᠡᠵᠡᠯᠡᠨ ᠶᠤᠤ ᠭᠠᠷᠭ᠋ᠠᠭᠰᠠᠨ᠂ ᠪᠤᠯᠠᠰᠢᠨ ᠭᠠᠵᠠᠷ ᠭᠠᠷᠭ᠋ᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ᠎ᠪᠠᠷ ᠵᠶ᠋ᠠᠨ ᠬᠡᠷ ᠪᠠᠷᠢᠭᠰᠠᠨ᠂ ᠡᠯᠡᠰᠦ ᠮᠠᠯᠳᠠᠭᠰᠠᠨ᠂ ᠴᠢᠯᠠᠭᠤ ᠭᠠᠷᠭ᠋ᠠᠭᠰᠠᠨ᠂ ᠠᠭᠤᠷᠬᠠᠢ ᠮᠠᠯᠳᠠᠭᠰᠠᠨ᠂ ᠰᠢᠷᠦᠢ ᠠᠪᠤᠭᠰᠠᠨ ᠵᠡᠷᠭᠡ᠎ᠠᠴᠠ ᠪᠤᠯᠵᠦ ᠲᠠᠷᠢᠶᠠᠯᠬᠤ ᠨᠦᠬᠦᠴᠡᠯ᠎ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠵᠢ ᠨᠡᠭᠡᠭᠡᠨ ᠠᠰᠢᠭᠯᠠᠭᠰᠠᠨ᠎ᠠᠴᠠ ᠪᠤᠯᠤᠭ᠋ᠠᠳ ᠭᠠᠵᠠᠷ ᠰᠢᠷᠦᠢ ᠵᠢ ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠬᠤ ᠪᠤᠶᠤ ᠵᠠᠰᠠᠭᠤᠯᠵᠦ᠂ ᠵᠤᠭᠤᠰ ᠵᠶ᠋ᠠᠷ ᠲᠣᠷᠭ᠋ᠠᠬᠤ᠎ᠪᠠᠷ ᠨᠡᠢ᠌ᠯᠡᠬᠦᠯᠦᠨ ᠰᠢᠳᠭᠡᠵᠦ ᠪᠤᠯᠤᠨ᠎ᠠ; ᠶᠠᠯ᠎ᠠ ᠪᠤᠯᠵᠦ ᠪᠦᠷᠢᠯᠳᠦᠭᠰᠡᠨ ᠪᠠᠢ᠌ᠠᠪᠯ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃  
      ᠲᠠᠯᠠᠨ ᠲᠠᠪᠤᠳᠦᠭ᠋ᠠᠷ ᠵᠦᠢ᠍ᠯ   ᠲᠤᠰ ᠬᠠᠤᠯᠢ ᠵᠢᠨ ᠲᠤᠭᠳᠠᠭ᠋ᠠᠯ᠎ᠠᠴᠠ ᠵᠦᠷᠢᠴᠡᠵᠦ᠂ ᠭᠠᠵᠠᠷ ᠰᠢᠷᠦᠢ ᠵᠢ ᠰᠡᠷᠬᠦᠭᠡᠨ ᠬᠠᠭ᠋ᠠᠯᠪᠤᠷᠢᠯᠠᠬᠤ ᠡᠬᠦᠷᠭᠡ᠎ᠪᠠᠨ ᠬᠦᠢ᠍ᠴᠡᠳᠭᠡᠬᠦ ᠵᠢ ᠲᠡᠪᠴᠢᠭᠰᠡᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠨ᠎ᠠ; ᠬᠤᠭᠤᠴᠠᠭ᠎ᠠ ᠬᠡᠳᠦᠷᠡᠭᠰᠡᠨ ᠪᠠᠢ᠌ᠳᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ ᠵᠠᠷᠯᠢᠭᠳᠠᠵᠦ ᠪᠠᠢ᠌ᠭ᠋ᠠᠳ ᠰᠡᠷᠬᠦᠭᠡᠨ ᠬᠠᠭ᠋ᠠᠯᠪᠤᠷᠢᠯᠠᠬᠤ ᠰᠦᠢ᠍ᠳᠭᠡᠯ ᠲᠤᠰᠢᠶᠠᠯᠭ᠋ᠠᠭ᠋ᠠᠳ᠂ ᠭᠠᠵᠠᠷ ᠰᠢᠷᠦᠢ ᠵᠢ ᠲᠠᠬᠢᠨ ᠬᠠᠭ᠋ᠠᠯᠪᠤᠷᠢᠯᠠᠬᠤ᠎ᠳᠤ ᠲᠤᠰᠬᠠᠢ ᠬᠡᠷᠡᠭᠯᠡᠨ᠎ᠡ ᠵᠤᠭᠤᠰ ᠵᠶ᠋ᠠᠷ ᠲᠤᠷᠭ᠋ᠠᠬᠤ᠎ᠪᠠᠷ ᠰᠢᠳᠭᠡᠵᠦ ᠪᠤᠯᠤᠨ᠎ᠠ᠃  
      ᠲᠠᠯᠠᠨ ᠵᠢᠷᠭᠤᠳᠤᠭ᠋ᠠᠷ ᠵᠦᠢ᠍ᠯ   ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ᠎ᠪᠠᠷ ᠵᠦᠪᠰᠢᠶᠡᠷᠡᠯ ᠤᠯᠤᠭ᠋ᠠᠳ ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠠᠤᠯᠢ ᠪᠤᠰᠤ᠎ᠪᠠᠷ ᠬᠡᠷᠡᠭᠯᠡᠭᠰᠡᠨ ᠭᠠᠵᠠᠷ ᠰᠢᠷᠦᠢ ᠵᠢ ᠪᠤᠴᠠᠭ᠋ᠠᠯᠭ᠋ᠠᠨ᠎ᠠ᠂ ᠭᠠᠵᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠠᠴᠠ ᠵᠦᠷᠢᠴᠡᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠤᠷ᠎ᠡ᠎ᠪᠠᠷ ᠵᠶ᠋ᠠᠨ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ ᠪᠤᠯᠭ᠋ᠠᠨ ᠬᠤᠪᠢᠷᠭ᠋ᠠᠭᠰᠠᠨ ᠪᠠᠢ᠌ᠪᠠᠯ᠂ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠵᠢ ᠬᠤᠭᠤᠴᠠᠭ᠎ᠠ ᠲᠤᠭᠳᠠᠭ᠋ᠠᠨ ᠨᠤᠷᠠᠭ᠋ᠠᠯᠭ᠋ᠠᠨ ᠠᠷᠢᠯᠠᠭ᠋ᠠᠭᠤᠯᠵᠦ᠂ ᠭᠠᠵᠠᠷ ᠰᠢᠷᠦᠢ ᠵᠢᠨ ᠤᠭ᠎ᠤᠨ ᠪᠠᠢ᠌ᠳᠠᠯ᠎ᠢ᠎ᠨᠢ ᠰᠡᠷᠬᠦᠭᠡᠯᠭᠡᠨ᠎ᠡ᠂ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠨᠡᠢ᠌ᠴᠡᠵᠦ ᠪᠠᠢ᠌ᠪᠠᠯ᠂ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠵᠢ᠎ᠨᠢ ᠬᠤᠷᠢᠶᠠᠨ ᠠᠪᠴᠦ᠂ ᠵᠤᠭᠤᠰ ᠵᠶ᠋ᠠᠷ ᠲᠤᠷᠭ᠋ᠠᠬᠤ᠎ᠪᠠᠷ ᠨᠡᠢ᠌ᠯᠡᠬᠦᠯᠦᠨ ᠰᠢᠳᠭᠡᠵᠦ ᠪᠤᠯᠤᠨ᠎ᠠ; ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠨᠢᠭᠡᠴᠢ ᠵᠢᠨ ᠰᠢᠭᠤᠳ ᠬᠠᠷᠢᠭᠤᠴᠠᠵᠦ ᠪᠠᠢ᠌ᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃
      ᠵᠦᠪᠰᠢᠶᠡᠷᠡᠭᠰᠡᠨ ᠲᠤᠭ᠎ᠠ ᠬᠡᠮᠵᠢᠶ᠎ᠡ᠎ᠠᠴᠠ ᠲᠠᠪᠠᠭᠤᠯᠤᠨ ᠭᠠᠵᠠᠷ ᠰᠢᠷᠦᠢ ᠵᠢ ᠡᠵᠡᠯᠡᠨ ᠬᠡᠷᠡᠭᠯᠡᠭᠰᠡᠨ ᠪᠠᠢ᠌ᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠵᠢ᠎ᠨᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ᠎ᠪᠠᠷ ᠲᠤᠭ᠋ᠠᠴᠠᠵᠦ ᠰᠢᠢ᠍ᠳᠪᠦᠷᠢᠯᠡᠨ᠎ᠡ᠃
      ᠲᠠᠯᠠᠨ ᠲᠤᠯᠤᠳᠦᠭ᠋ᠠᠷ ᠵᠦᠢ᠍ᠯ   ᠬᠦᠳᠡᠭᠡ ᠲᠤᠰᠬᠤᠨ᠎ᠤ ᠭᠠᠴᠠᠭ᠋ᠠᠨ᠎ᠤ ᠠᠷᠠᠳ ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ᠎ᠪᠠᠷ ᠵᠦᠪᠰᠢᠶᠡᠷᠡᠯ ᠤᠯᠤᠭ᠋ᠠᠳ ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠵᠦ ᠤᠷᠤᠨ ᠰᠠᠭᠤᠴᠠ ᠪᠠᠷᠢᠭᠰᠠᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠵᠢ ᠪᠤᠴᠠᠭ᠋ᠠᠯᠭ᠋ᠠᠵᠦ᠂ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠷᠢᠭᠰᠠᠨ ᠭᠡᠷ ᠪᠠᠢ᠌ᠰᠢᠩ᠎ᠢ᠎ᠨᠢ ᠬᠤᠭᠤᠴᠠᠭ᠎ᠠ ᠲᠤᠭᠳᠠᠭ᠋ᠠᠨ ᠨᠤᠷᠠᠭ᠋ᠠᠯᠭ᠋ᠠᠨ ᠠᠷᠢᠯᠠᠭ᠋ᠠᠭᠤᠯᠤᠨ᠎ᠠ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠲᠤᠭᠳᠠᠭ᠋ᠠᠭᠰᠠᠨ ᠪᠠᠷᠢᠮᠵᠢᠶ᠎ᠡ᠎ᠠᠴᠠ ᠭᠡᠳᠦᠷᠡᠭᠰᠡᠨ ᠪᠠᠢ᠌ᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠵᠢ᠎ᠨᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ᠎ᠪᠠᠷ ᠲᠤᠭ᠋ᠠᠴᠠᠵᠦ ᠰᠢᠢ᠍ᠳᠪᠦᠷᠢᠯᠡᠨ᠎ᠡ᠃  
      ᠲᠠᠯᠠᠨ ᠨᠠᠢ᠍ᠮᠠᠳᠦᠭ᠋ᠠᠷ ᠵᠦᠢ᠍ᠯ   ᠭᠠᠵᠠᠷ ᠰᠢᠷᠦᠢ ᠵᠢ ᠲᠠᠳᠠᠪᠤᠷᠢᠯᠠᠬᠤ᠂ ᠭᠠᠵᠠᠷ ᠰᠢᠷᠦᠢ ᠵᠢ ᠬᠡᠷᠡᠭᠯᠡᠬᠦ ᠵᠢ ᠵᠦᠪᠰᠢᠶᠡᠷᠡᠬᠦ ᠡᠷᠭᠡ ᠦᠭᠡᠢ ᠨᠢᠭᠡᠴᠢ ᠪᠤᠶᠤ ᠬᠤᠪᠢ ᠬᠦᠮᠦᠨ ᠭᠠᠵᠠᠷ ᠰᠢᠷᠦᠢ ᠵᠢᠨ ᠡᠵᠡᠯᠡᠨ ᠬᠡᠷᠡᠭᠯᠡᠬᠦ ᠵᠢ ᠬᠠᠤᠯᠢ ᠪᠤᠰᠤ᠎ᠪᠠᠷ ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ᠎ᠤᠨ ᠬᠡᠪᠴᠢᠶ᠎ᠡ᠎ᠠᠴᠠ᠎ᠪᠠᠨ ᠲᠠᠪᠠᠵᠦ᠂ ᠭᠠᠵᠠᠷ ᠰᠢᠷᠦᠢ ᠡᠵᠡᠯᠡᠨ ᠬᠡᠷᠡᠭᠯᠡᠬᠦ ᠵᠢ ᠬᠠᠤᠯᠢ ᠪᠤᠰᠤ᠎ᠪᠠᠷ ᠵᠦᠪᠰᠢᠶᠡᠷᠡᠭᠰᠡᠨ᠂ ᠭᠠᠵᠠᠷ ᠰᠢᠷᠦᠢ ᠵᠢ ᠠᠰᠢᠭᠯᠠᠬᠤ ᠶᠡᠷᠦᠩᠭᠡᠢ ᠲᠦᠯᠦᠪᠵᠢᠬᠦᠯᠭᠡ᠎ᠳᠤ ᠲᠤᠭᠳᠠᠭ᠋ᠠᠭᠰᠠᠨ ᠬᠡᠷᠡᠭᠯᠡᠯᠳᠡ᠎ᠠᠴᠠ ᠵᠦᠷᠢᠴᠡᠨ ᠭᠠᠵᠠᠷ ᠬᠡᠷᠡᠭᠯᠡᠬᠦ ᠵᠢ ᠵᠦᠪᠰᠢᠶᠡᠷᠡᠭᠰᠡᠨ᠂ ᠡᠰᠡᠬᠦᠯ᠎ᠡ ᠭᠠᠵᠠᠷ ᠰᠢᠷᠦᠢ ᠵᠢ ᠡᠵᠡᠯᠡᠨ ᠬᠡᠷᠡᠭᠯᠡᠬᠦ᠂ ᠲᠠᠳᠠᠪᠤᠷᠢᠯᠠᠬᠤ ᠵᠢ ᠬᠠᠤᠯᠢ᠎ᠳᠤ ᠲᠤᠭᠳᠠᠭ᠋ᠠᠭᠰᠠᠨ ᠵᠢᠷᠦᠮ᠎ᠠᠴᠠ ᠵᠦᠷᠢᠴᠡᠨ ᠵᠦᠪᠰᠢᠶᠡᠷᠡᠭᠰᠡᠨ ᠪᠠᠢ᠌ᠪᠠᠯ᠂ ᠵᠦᠪᠰᠢᠶᠡᠷᠡᠭᠰᠡᠨ ᠪᠢᠴᠢᠭ ᠮᠠᠲᠸᠷᠢᠶᠠᠯ᠎ᠨᠢ ᠬᠦᠴᠦᠨ ᠦᠭᠡᠢ ᠪᠤᠯᠤᠨ᠎ᠠ᠃ ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠵᠢ ᠬᠠᠤᠯᠢ ᠪᠤᠰᠤ᠎ᠪᠠᠷ ᠵᠦᠪᠰᠢᠶᠡᠷᠡᠭᠰᠡᠨ ᠰᠢᠭᠤᠳ ᠬᠠᠷᠢᠭᠤᠴᠠᠵᠦ ᠪᠠᠢ᠌ᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠰ᠎ᠲᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ᠎ᠪᠠᠷ ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ ᠰᠢᠷᠦᠢ ᠵᠢ᠎ᠨᠢ ᠪᠤᠴᠠᠭ᠋ᠠᠨ ᠠᠪᠬᠤ ᠬᠡᠷᠡᠭᠲᠠᠢ᠂ ᠬᠤᠯᠪᠤᠭᠳᠠᠯ ᠪᠦᠬᠦᠢ ᠲᠤᠬᠠᠢ ᠵᠢᠨ ᠬᠦᠮᠦᠨ᠎ᠨᠢ ᠪᠤᠴᠠᠭ᠋ᠠᠵᠦ ᠦᠭᠬᠦ ᠵᠢ ᠲᠡᠪᠴᠢᠪᠡᠯ᠂ ᠭᠠᠵᠠᠷ ᠰᠢᠷᠦᠢ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠵᠶ᠋ᠠᠷ ᠲᠤᠭ᠋ᠠᠴᠠᠵᠦ ᠰᠢᠢ᠍ᠳᠪᠦᠷᠢᠯᠡᠨ᠎ᠡ᠃  
      ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠵᠢ ᠬᠠᠤᠯᠢ ᠪᠤᠰᠤ᠎ᠪᠠᠷ ᠵᠦᠪᠰᠢᠶᠡᠷᠡᠭᠡᠳ ᠲᠤᠬᠠᠢ ᠵᠢᠨ ᠬᠦᠮᠦᠨ᠎ᠳᠤ ᠬᠤᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠤᠰᠤᠭ᠋ᠠᠷ ᠲᠦᠯᠦᠪᠤᠷᠢ ᠵᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃  
      ᠲᠠᠯᠨ ᠶᠢᠰᠦᠳᠦᠭᠡᠷ ᠵᠦᠢ᠍ᠯ   ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠵᠢᠨ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢ᠍ᠳᠭᠡᠯ ᠪᠠ ᠬᠤᠯᠪᠤᠭᠳᠠᠯ ᠪᠦᠬᠦᠢ ᠪᠤᠰᠤᠳ ᠰᠦᠢ᠍ᠳᠭᠡᠯ᠎ᠢ ᠡᠵᠡᠯᠡᠨ ᠬᠡᠷᠡᠭᠯᠡᠵᠦ᠂ ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ᠃  
      ᠨᠠᠶᠠᠳᠤᠭ᠋ᠠᠷ ᠵᠦᠢ᠍ᠯ   ᠣᠯᠣᠰ᠎ᠤᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠬᠠᠤᠯᠢ ᠶᠤᠰᠤᠭ᠋ᠠᠷ ᠪᠤᠴᠠᠭ᠋ᠠᠵᠦ ᠠᠪᠬᠤ᠎ᠳᠤ ᠲᠤᠬᠠᠢ ᠵᠢᠨ ᠬᠦᠮᠦᠨ᠎ᠨᠢ ᠭᠠᠵᠠᠷ ᠰᠢᠷᠦᠢ ᠲᠤᠰᠢᠶᠠᠬᠤ ᠵᠢ ᠲᠡᠪᠴᠢᠭᠰᠡᠨ᠂ ᠭᠠᠵᠠᠷ ᠰᠢᠷᠦᠢ ᠵᠢ ᠲᠦᠷ ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠢ᠌ᠳᠠᠯ᠎ᠠ ᠪᠤᠴᠠᠭ᠋ᠠᠵᠦ ᠦᠭᠬᠦ ᠵᠢ ᠲᠡᠪᠴᠢᠭᠰᠡᠨ᠂ ᠡᠰᠡᠬᠦᠯ᠎ᠡ ᠤᠯᠤᠰ᠎ᠤᠨ ᠦᠮᠴᠢᠯᠡᠯ᠎ᠤᠨ ᠭᠠᠵᠠᠷ ᠰᠢᠷᠦᠢ ᠵᠢ ᠵᠦᠪᠰᠢᠶᠡᠷᠡᠭᠰᠡᠨ ᠬᠡᠷᠡᠭᠯᠡᠯᠳᠡ ᠶᠤᠰᠤᠭ᠋ᠠᠷ ᠬᠡᠷᠡᠭᠯᠡᠭᠰᠡᠨ ᠦᠭᠡᠢ ᠪᠠᠢ᠌ᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠭᠠᠵᠠᠷ ᠰᠢᠷᠦᠢ ᠵᠢ᠎ᠨᠢ ᠪᠤᠴᠠᠭ᠋ᠠᠯᠭ᠋ᠠᠵᠦ᠂ ᠵᠤᠭᠤᠰ ᠵᠶ᠋ᠠᠷ ᠲᠤᠷᠭ᠋ᠠᠨ᠎ᠠ᠃  
      ᠨᠠᠶᠠᠨ ᠨᠢᠭᠡᠳᠦᠭᠡᠷ ᠵᠦᠢ᠍ᠯ   ᠲᠠᠷᠢᠶᠠᠴᠢᠳ᠎ᠤᠨ ᠬᠠᠮᠳᠦ ᠵᠢᠨ ᠦᠮᠴᠢᠯᠡᠯ᠎ᠤᠨ ᠭᠠᠵᠠᠷ ᠰᠢᠷᠦᠢ ᠵᠢᠨ ᠬᠡᠷᠡᠭᠯᠡᠬᠦ ᠡᠷᠭᠡ ᠵᠢ ᠲᠤᠷ᠎ᠡ᠎ᠪᠠᠷ ᠵᠶ᠋ᠠᠨ ᠰᠢᠯᠵᠢᠬᠦᠯᠦᠨ ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ ᠭᠠᠷᠭ᠋ᠠᠭ᠋ᠠᠳ ᠲᠠᠷᠢᠶᠠᠯᠠᠩ᠎ᠤᠨ ᠪᠤᠰᠤ ᠪᠦᠳᠦᠭᠡᠨ ᠪᠠᠢ᠌ᠭᠤᠯᠤᠯᠳᠠ᠎ᠳᠤ ᠬᠡᠷᠡᠭᠯᠡᠬᠦᠯᠦᠭᠰᠡᠨ ᠪᠠᠢ᠌ᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠵᠦ᠂ ᠬᠠᠤᠯᠢ᠎ᠠᠴᠠ ᠵᠦᠷᠢᠴᠡᠵᠦ ᠤᠯᠤᠭᠰᠠᠨ ᠤᠯᠵᠠ ᠠᠰᠢᠭ᠎ᠢ᠎ᠨᠢ ᠬᠤᠷᠢᠶᠠᠨ ᠠᠪᠴᠦ᠂ ᠵᠤᠭᠤᠰ ᠵᠶ᠋ᠠᠷ ᠲᠤᠷᠭ᠋ᠠᠬᠤ᠎ᠪᠠᠷ ᠨᠡᠢ᠌ᠯᠡᠬᠦᠯᠦᠨ ᠰᠢᠳᠭᠡᠨ᠎ᠡ᠃  
      ᠨᠠᠶᠠᠨ ᠬᠤᠶᠠᠳᠦᠭ᠋ᠠᠷ ᠵᠦᠢ᠍ᠯ   ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠭᠠᠵᠠᠷ ᠰᠢᠷᠦᠢ ᠵᠢᠨ ᠡᠷᠭᠡ ᠵᠢᠨ ᠬᠠᠷᠢᠶᠠᠯᠠᠯ ᠪᠠ ᠬᠡᠷᠡᠭᠯᠡᠯᠳᠡ ᠵᠢ ᠬᠤᠪᠢᠷᠠᠭ᠋ᠠᠬᠤ ᠲᠠᠩᠰᠠᠯᠠᠯᠳᠠ ᠬᠢᠯᠭᠡᠭᠰᠡᠨ ᠦᠭᠡᠢ ᠪᠠᠢ᠌ᠪᠠᠯ᠂ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠬᠢᠯᠭᠡᠨ᠎ᠡ᠃  
      ᠨᠠᠶᠠᠨ ᠭᠤᠷᠪᠠᠳᠦᠭ᠋ᠠᠷ ᠵᠦᠢ᠍ᠯ   ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠵᠢ ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠬᠤᠭᠤᠴᠠᠭ᠎ᠠ ᠲᠤᠭᠳᠠᠭ᠋ᠠᠨ ᠨᠤᠷᠭ᠋ᠠᠨ ᠠᠷᠢᠯᠭ᠋ᠠᠭᠤᠯᠬᠤ᠎ᠪᠠᠷ ᠵᠠᠷᠯᠢᠭᠳᠠᠭᠰᠠᠨ ᠪᠠᠢ᠌ᠪᠠᠯ᠂ ᠪᠦᠳᠦᠭᠡᠨ ᠪᠠᠢ᠌ᠭᠤᠯᠬᠤ ᠨᠢᠭᠡᠴᠢ ᠪᠤᠶᠤ ᠬᠤᠪᠢ ᠬᠦᠮᠦᠨ᠎ᠨᠢ ᠪᠠᠷᠢᠯᠭ᠎ᠠ ᠵᠢᠨ ᠠᠵᠢᠯ ᠵᠶ᠋ᠠᠨ ᠲᠡᠷᠡ ᠲᠤᠤᠷ᠎ᠡ᠎ᠨᠢ ᠵᠤᠭᠰᠤᠭ᠋ᠠᠵᠦ ᠦᠪᠡᠷᠳᠡᠭᠡᠨ ᠨᠤᠷᠭ᠋ᠠᠨ ᠠᠷᠢᠯᠭ᠋ᠠᠬᠤ ᠬᠡᠷᠡᠭᠲᠠᠢ; ᠪᠠᠷᠢᠯᠭ᠎ᠠ ᠵᠢᠨ ᠠᠵᠢᠯ ᠵᠶ᠋ᠠᠨ ᠦᠷᠬᠦᠯᠵᠢᠯᠡᠨ ᠬᠢᠵᠦ ᠪᠠᠢ᠌ᠪᠠᠯ᠂ ᠰᠢᠳᠭᠡᠬᠦ ᠲᠤᠭᠳᠠᠭ᠋ᠠᠯ ᠭᠠᠷᠭ᠋ᠠᠭᠰᠠᠨ ᠪᠠᠢ᠌ᠭᠤᠯᠭ᠎ᠠ ᠬᠤᠷᠢᠭᠯᠠᠨ ᠵᠤᠭᠰᠤᠭ᠋ᠠᠬᠤ ᠡᠷᠭᠡ᠎ᠲᠠᠢ᠃ ᠪᠦᠳᠦᠭᠡᠨ ᠪᠠᠢ᠌ᠭᠤᠯᠬᠤ ᠨᠢᠭᠡᠴᠢ ᠪᠤᠶᠤ ᠬᠤᠪᠢ ᠬᠦᠮᠦᠨ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠨᠤᠷᠭ᠋ᠠᠨ ᠠᠷᠢᠯᠭ᠋ᠠᠭᠤᠯᠬᠤ ᠵᠠᠰᠠᠭ ᠵᠠᠬᠢᠷᠭ᠋ᠠᠨ᠎ᠤ ᠰᠢᠳᠭᠡᠯ ᠦᠭᠬᠦ ᠲᠤᠭᠳᠠᠭ᠋ᠠᠯ᠎ᠢ ᠬᠦᠯᠢᠶᠡᠬᠦ ᠦᠭᠡᠢ ᠪᠤᠯ᠂ ᠵᠠᠷᠯᠢᠭᠳᠠᠵᠦ ᠪᠠᠢ᠌ᠭ᠋ᠠᠳ ᠬᠤᠭᠤᠴᠠᠭ᠎ᠠ ᠲᠤᠭᠳᠠᠭ᠋ᠠᠨ ᠨᠤᠷᠭ᠋ᠠᠨ ᠠᠷᠢᠯᠭ᠋ᠠᠭᠤᠯᠬᠤ ᠲᠤᠭᠳᠠᠭ᠋ᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠲᠤᠳᠤᠷ᠎ᠡ ᠠᠷᠠᠳ᠎ᠤᠨ ᠰᠢᠬᠦᠬᠦ ᠬᠤᠷᠢᠶᠠᠨ᠎ᠳᠤ ᠵᠠᠭ᠋ᠠᠯᠳᠤᠵᠦ ᠪᠤᠯᠤᠨ᠎ᠠ; ᠬᠤᠭᠤᠴᠠᠭ᠎ᠠ᠎ᠨᠢ ᠲᠦᠬᠦᠷᠦᠭᠰᠡᠨ ᠪᠠᠢ᠌ᠳᠠᠯ᠎ᠠ ᠵᠠᠭ᠋ᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭ᠋ᠠᠨ ᠠᠷᠢᠯᠭ᠋ᠠᠭᠰᠠᠨ ᠦᠭᠡᠢ ᠪᠠᠢ᠌ᠪᠠᠯ᠂ ᠰᠢᠳᠭᠡᠯ ᠦᠭᠬᠦ ᠲᠤᠭᠳᠠᠭ᠋ᠠᠯ ᠭᠠᠷᠭ᠋ᠠᠭᠰᠠᠨ ᠪᠠᠢ᠌ᠭᠤᠯᠭ᠎ᠠ᠎ᠨᠢ ᠬᠠᠤᠯᠢ ᠶᠤᠰᠤᠭ᠋ᠠᠷ ᠠᠷᠠᠳ᠎ᠤᠨ ᠰᠢᠬᠦᠬᠦ ᠬᠤᠷᠢᠶᠠᠨ᠎ᠳᠤ ᠭᠤᠶᠤᠴᠢᠯᠠᠯ ᠭᠠᠷᠭ᠋ᠠᠵᠦ ᠠᠯᠪᠠᠳᠠᠨ ᠬᠦᠢ᠍ᠴᠡᠳᠭᠡᠬᠦᠯᠦᠨ᠎ᠡ᠂ ᠵᠠᠷᠣᠳᠠᠯ ᠰᠦᠢ᠍ᠳᠭᠡᠯ᠎ᠢ᠎ᠨᠢ ᠬᠠᠤᠯᠢ᠎ᠠᠴᠠ ᠵᠦᠷᠢᠴᠡᠭᠰᠡᠳ ᠲᠠᠭ᠋ᠠᠭ᠋ᠠᠨ᠎ᠠ᠃         ᠨᠠᠶᠠᠨ ᠳᠦᠷᠪᠡᠳᠦᠭᠡᠷ ᠵᠦᠢ᠍ᠯ   ᠭᠠᠵᠠᠷ ᠰᠢᠷᠦᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠎ᠤᠨ ᠠᠵᠢᠯᠳᠠᠳ ᠡᠬᠦᠷᠭᠡ ᠲᠤᠰᠢᠶᠠᠯ᠎ᠳᠠᠭᠠᠨ ᠣᠰᠣᠯᠳᠠᠵᠦ᠂ ᠡᠷᠭᠡ ᠲᠤᠰᠢᠶᠠᠯ ᠵᠶ᠋ᠠᠨ ᠲᠤᠷ᠎ᠡ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠢ᠌ᠷ ᠬᠠᠷᠠᠵᠦ ᠭᠡᠮ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ᠃  
    ᠨᠠᠢ᠍ᠮᠠᠳᠤᠭ᠋ᠠᠷ ᠪᠦᠯᠦᠭ   ᠲᠠᠭ᠋ᠠᠯᠳᠣᠭᠣᠯᠣᠭᠰᠠᠨ ᠲᠦᠷᠢᠮ
      ᠨᠠᠶᠠᠨ ᠲᠠᠪᠤᠳᠦᠭ᠋ᠠᠷ ᠵᠦᠢ᠍ᠯ   ᠲᠤᠮᠳᠠᠳᠦ ᠭᠠᠳᠠᠭ᠋ᠠᠳᠦ ᠵᠢᠨ ᠪᠡᠯᠡ ᠨᠡᠢ᠌ᠯᠡᠬᠦᠯᠦᠨ ᠡᠵᠡᠩᠨᠡᠭᠰᠡᠨ ᠠᠵᠦ ᠠᠬᠤᠢ᠌ᠯᠠᠯ᠂ ᠲᠤᠮᠳᠠᠳᠦ ᠭᠠᠳᠠᠭ᠋ᠠᠳᠦ ᠵᠢᠨ ᠬᠤᠷᠰᠢᠨ ᠡᠵᠡᠩᠨᠡᠭᠰᠡᠨ ᠠᠵᠦ ᠠᠬᠤᠢ᠌ᠯᠠᠯ᠂ ᠭᠠᠳᠠᠭ᠋ᠠᠳᠦ ᠪᠡᠯᠡ ᠵᠢᠨ ᠠᠵᠦ ᠠᠬᠤᠢ᠌ᠯᠠᠯ᠎ᠤᠳ ᠭᠠᠵᠠᠷ ᠰᠢᠷᠦᠢ ᠬᠡᠷᠡᠭᠯᠡᠬᠦ᠎ᠳᠤ ᠲᠤᠰ ᠬᠠᠤᠯᠢ ᠵᠢ ᠬᠡᠷᠡᠭᠯᠡᠨ᠎ᠡ; ᠬᠠᠤᠯᠢ ᠴᠠᠭ᠋ᠠᠵᠠ᠎ᠳᠤ ᠠᠰᠳᠠᠭ᠋ᠠᠨ ᠲᠤᠭᠳᠠᠭ᠋ᠠᠯ᠎ᠲᠠᠢ ᠪᠠᠢ᠌ᠪᠠᠯ ᠲᠡᠷᠡ ᠲᠤᠭᠳᠠᠭ᠋ᠠᠯ᠎ᠢ ᠬᠡᠷᠡᠭᠵᠢᠬᠦᠯᠦᠨ᠎ᠡ᠃  
      ᠨᠠᠶᠠᠨ ᠵᠢᠷᠭᠤᠳᠦᠭ᠋ᠠᠷ ᠵᠦᠢ᠍ᠯ   ᠲᠤᠰ ᠬᠠᠤᠯᠢ ᠵᠢ 1999 ᠤᠨ᠎ᠤ 1 ᠰᠠᠷ᠎ᠡ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠦᠨ᠎ᠡ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ