ᠢᠯᠡ ᠵᠠᠰᠠᠭ   -   ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠠᠤᠯᠢ
ᠨᠡᠶ᠋ᠢᠲᠡᠯᠡᠭᠰᠡᠨ ᠴᠠᠭ᠄ 2017-09-19

      ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠠᠤᠯᠢ

     (1986 ᠣᠨ᠎ᠤ 4 ᠳ᠋ᠦ᠍ᠭᠡᠷ ᠰᠠᠷ᠎ᠠ ᠵᠢᠨ 12᠎ᠤ ᠡᠳᠦᠷ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯᠳᠤᠭ᠋ᠠᠨ᠎ᠠᠴᠠ ᠪᠠᠳᠤᠯᠠᠵᠦ᠂ 2006 ᠤᠨ᠎ᠤ 6 ᠳ᠋ᠤᠭ᠋ᠠᠷ ᠰᠠᠷ᠎ᠡ ᠵᠢᠨ 29᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠨ ᠬᠤᠶᠠᠳᠤᠭ᠋ᠠᠷ ᠬᠤᠷᠠᠯᠳᠤᠭ᠋ᠠᠨ᠎ᠠᠴᠠ ᠵᠠᠰᠠᠪᠤᠷᠢ ᠤᠷᠤᠭᠤᠯᠪᠠ)

      ᠭᠠᠷᠴᠠᠭ

      ᠨᠢᠭᠡᠳᠦᠭᠡᠷ ᠪᠦᠯᠦᠭ
      ᠶᠡᠷᠦᠩᠭᠡᠢ ᠲᠦᠷᠢᠮ
      ᠬᠤᠶᠠᠳᠤᠭ᠋ᠠᠷ ᠪᠦᠯᠦᠭ ᠰᠣᠷᠣᠭᠴᠢ
      ᠭᠤᠷᠪᠠᠳᠤᠭ᠋ᠠᠷ ᠪᠦᠯᠦᠭ ᠰᠣᠷᠭ᠋ᠠᠭᠤᠯᠢ
      ᠳᠦᠷᠪᠡᠳᠦᠭᠡᠷ ᠪᠦᠯᠦᠭ ᠪᠠᠭᠰᠢ
      ᠲᠠᠪᠤᠳᠤᠭ᠋ᠠᠷ ᠪᠦᠯᠦᠭ ᠰᠣᠷᠭ᠋ᠠᠨ ᠬᠦᠮᠦᠵᠢᠬᠦᠯᠬᠦ ᠪᠠ ᠵᠢᠭ᠋ᠠᠨ ᠰᠣᠷᠭ᠋ᠠᠬᠤ
      ᠵᠢᠷᠭᠤᠳᠤᠭ᠋ᠠᠷ ᠪᠦᠯᠦᠭ ᠵᠠᠷᠤᠳᠠᠯ᠎ᠤᠨ ᠪᠠᠳᠤᠯᠠᠭ᠎ᠠ
      ᠲᠤᠯᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
      ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ


      ᠨᠢᠭᠡᠳᠦᠭᠡᠷ ᠪᠦᠯᠦᠭ ᠶᠡᠷᠦᠩᠭᠡᠢ ᠲᠦᠷᠢᠮ

      ᠨᠢᠭᠡᠳᠦᠭᠡᠷ ᠵᠦᠢ᠍ᠯ ᠰᠣᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠡᠷᠭᠡ ᠵᠢ ᠪᠠᠳᠤᠯᠠᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠵᠢ ᠪᠠᠳᠤᠯᠠᠵᠦ᠂ ᠪᠦᠬᠦ ᠦᠨᠳᠦᠰᠦᠳᠡᠨ᠎ᠤ ᠬᠡᠪ ᠴᠢᠨᠠᠷ᠎ᠢ ᠲᠡᠭᠡᠭᠰᠢᠯᠡᠬᠦᠯᠬᠦ ᠵᠢᠨ ᠲᠦᠯᠦᠭᠡ ᠦᠨᠳᠦᠰᠤᠨ ᠬᠠᠤᠯᠢ ᠪᠠ ᠰᠤᠷᠭ᠋ᠠᠨ ᠬᠦᠮᠦᠵᠢᠯ᠎ᠤᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠤᠭᠳᠠᠭ᠋ᠠᠪᠠ᠃
      ᠬᠤᠶᠠᠳᠤᠭ᠋ᠠᠷ ᠵᠦᠢ᠍ᠯ ᠤᠯᠤᠰ᠎ᠠᠴᠠ ᠶᠢᠰᠦᠨ ᠵᠢᠯ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠲᠦᠷᠢᠮ᠎ᠢ ᠬᠡᠷᠡᠭᠵᠢᠬᠦᠯᠦᠨ᠎ᠡ᠃
      ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠪᠤᠯ ᠤᠯᠤᠰ᠎ᠠᠴᠠ ᠨᠢᠭᠡᠳᠦᠯᠲᠠᠢ ᠬᠡᠷᠡᠭᠵᠢᠬᠦᠯᠵᠦ ᠪᠠᠶ᠋ᠢᠭ᠎ᠠ ᠪᠤᠢ ᠪᠦᠬᠦᠢ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠡᠷᠭᠡᠪᠰᠢ ᠬᠦᠷᠳᠡᠭᠦ ᠬᠡᠷᠡᠭᠲᠠᠢ ᠰᠤᠷᠭ᠋ᠠᠨ ᠬᠦᠮᠦᠵᠢᠯ ᠮᠦᠨ᠂ ᠤᠯᠤᠰ᠎ᠠᠴᠠ ᠡᠷᠭᠡᠪᠰᠢ ᠪᠠᠳᠤᠯᠠᠬᠤ ᠬᠡᠷᠡᠭᠲᠠᠢ ᠨᠡᠶ᠋ᠢᠳᠡ ᠵᠢᠨ ᠠᠰᠠᠷᠠᠮᠵᠢ ᠵᠢᠨ ᠴᠢᠨᠠᠷᠲᠠᠢ ᠦᠢ᠍ᠯᠡᠰ ᠮᠦᠨ᠃
      ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠬᠦ᠎ᠳᠤ ᠰᠤᠷᠤᠯᠭ᠎ᠠ ᠵᠢᠨ ᠵᠠᠷᠤᠳᠠᠯ ᠪᠠ ᠰᠤᠯᠠ ᠵᠠᠷᠤᠳᠠᠯ ᠬᠤᠷᠢᠶᠠᠬᠤ ᠦᠭᠡᠢ᠃
      ᠤᠯᠤᠰ᠎ᠠᠴᠠ ᠠᠯᠪᠠᠨ ᠵᠢᠷᠦᠮ᠎ᠤᠨ ᠰᠣᠷᠭ᠋ᠠᠨ ᠬᠦᠮᠦᠵᠢᠯ᠎ᠤᠨ ᠵᠠᠷᠤᠳᠠᠯ᠎ᠤᠨ ᠪᠠᠳᠤᠯᠠᠭ᠎ᠠ ᠵᠢᠨ ᠲᠤᠭᠳᠠᠴᠠ ᠵᠢ ᠪᠠᠶ᠋ᠢᠭᠤᠯᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠲᠦᠷᠢᠮ᠎ᠤᠨ ᠬᠡᠷᠡᠭᠵᠢᠬᠦᠯᠦᠭᠳᠡᠬᠦ ᠵᠢ ᠪᠠᠳᠤᠯᠠᠨ᠎ᠠ᠃
      ᠭᠤᠷᠪᠠᠳᠤᠭ᠋ᠠᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠡᠷᠭᠡᠪᠰᠢ ᠤᠯᠤᠰ᠎ᠤᠨ ᠰᠤᠷᠭ᠋ᠠᠨ ᠬᠦᠮᠦᠵᠢᠯ᠎ᠤᠨ ᠴᠢᠭᠯᠡᠯᠳᠡ ᠵᠢ ᠲᠤᠤᠱᠯᠠᠭᠤᠯᠤᠨ᠂ ᠭᠡᠪ ᠴᠢᠨᠠᠷ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠵᠦ᠂ ᠰᠤᠷᠭ᠋ᠠᠨ ᠬᠦᠮᠦᠵᠢᠯ᠎ᠤᠨ ᠶᠠᠰᠤ ᠴᠢᠨᠠᠷ᠎ᠢ ᠲᠡᠭᠡᠭᠰᠢᠯᠡᠬᠦᠯᠦᠨ᠂ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠵᠠᠩ ᠮᠤᠷᠠᠯ᠂ ᠤᠶᠤᠨ ᠮᠡᠳᠡᠯᠭᠡ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ᠎ᠪᠠᠷ ᠬᠦᠭᠵᠢᠬᠦᠯᠵᠦ᠂ ᠬᠦᠰᠡᠯᠡᠩ᠎ᠲᠠᠢ᠂ ᠶᠤᠰᠤ ᠮᠤᠷᠠᠯ᠎ᠲᠠᠢ᠂ ᠰᠤᠶᠤᠯ ᠪᠤᠯᠪᠠᠰᠤᠷᠠᠯ᠎ᠲᠠᠢ᠂ ᠰᠠᠬᠢᠯᠭ᠎ᠠ ᠪᠠᠳᠤ᠎ᠲᠠᠢ ᠨᠡᠶ᠋ᠢᠭᠡᠮ ᠵᠢᠷᠦᠮ᠎ᠤᠨ ᠪᠦᠳᠦᠭᠡᠨ ᠪᠠᠶ᠋ᠢᠭᠤᠯᠤᠭᠴᠢᠳ ᠪᠠ ᠵᠠᠯᠭ᠋ᠠᠮᠵᠢᠯᠠᠭᠴᠢᠳ᠎ᠢ ᠬᠦᠮᠦᠵᠢᠬᠦᠯᠬᠦ᠎ᠳᠤ ᠰᠠᠭᠤᠷᠢ ᠲᠠᠯᠪᠢᠵᠦ ᠦᠭᠬᠦ ᠬᠡᠷᠡᠭᠲᠠᠢ᠃
      ᠲᠦᠷᠪᠡᠳᠦᠭᠡᠷ ᠵᠦᠢ᠍ᠯ ᠪᠦᠬᠦᠳᠡ ᠨᠠᠶ᠋ᠢᠷᠠᠮᠳᠠᠬᠤ ᠲᠤᠮᠳᠠᠳᠦ ᠠᠷᠠᠳ ᠤᠯᠤᠰ᠎ᠤᠨ ᠬᠠᠷᠢᠶ᠎ᠠ᠎ᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ ᠪᠦᠬᠦᠨ ᠬᠦᠢ᠍ᠰᠦ᠂ ᠦᠨᠳᠦᠰᠦᠳᠡᠨ᠂ ᠠᠷᠠᠰᠤᠳᠠᠨ᠂ ᠭᠡᠷ ᠪᠦᠯᠢ ᠵᠢᠨ ᠡᠳ᠋ ᠬᠦᠷᠦᠩᠭᠡ ᠵᠢᠨ ᠪᠠᠶ᠋ᠢᠳᠠᠯ᠂ ᠱᠠᠰᠢᠨ ᠰᠢᠳᠦᠯᠭᠡ ᠵᠡᠷᠭᠡ ᠵᠢᠨ ᠢᠯᠭ᠋ᠠᠯ ᠦᠭᠡᠢ᠎ᠪᠠᠷ ᠬᠠᠤᠯᠢ ᠶᠤᠰᠤᠭ᠋ᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠡᠷᠭᠡ ᠲᠡᠭᠰᠢ᠎ᠪᠠᠷ ᠬᠦᠷᠳᠡᠬᠦ ᠡᠷᠭᠡ᠎ᠲᠠᠢ ᠪᠦᠭᠡᠳ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠦᠷᠳᠡᠬᠦ ᠡᠬᠦᠷᠭᠡ᠎ᠪᠠᠨ ᠬᠦᠢ᠍ᠴᠡᠳᠭᠡᠨ᠎ᠡ᠃
      ᠲᠠᠪᠣᠳᠤᠭ᠋ᠠᠷ ᠵᠦᠢ᠍ᠯ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠲᠤᠰ ᠬᠠᠤᠯᠢ᠎ᠳᠤ ᠲᠤᠭᠳᠠᠭ᠋ᠠᠭᠰᠠᠨ ᠡᠯ᠎ᠡ ᠵᠦᠢ᠍ᠯ᠎ᠤᠨ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠵᠦ᠂ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠡᠷᠭᠡ ᠵᠢ ᠪᠠᠳᠤᠯᠠᠬᠤ ᠬᠡᠷᠡᠭᠲᠠᠢ᠃
      ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠡᠴᠢᠭᠡ ᠡᠭᠡ ᠪᠤᠶᠤ ᠬᠠᠤᠯᠢ᠎ᠪᠠᠷ ᠲᠤᠭᠳᠠᠭ᠋ᠠᠭᠰᠠᠨ ᠪᠤᠰᠤᠳ ᠬᠢᠨᠠᠨ ᠬᠠᠮᠠᠭ᠋ᠠᠯᠠᠭᠴᠢ᠎ᠠᠴᠠ ᠲᠡᠳᠡ ᠨᠠᠷ᠎ᠤᠨ ᠴᠠᠭ ᠬᠤᠭᠤᠴᠠᠭ᠋ᠠᠨ᠎ᠳᠠᠭᠠᠨ ᠰᠤᠷᠭ᠋ᠠᠭᠤᠯᠢ᠎ᠳᠤ ᠤᠷᠤᠵᠦ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠪᠠ ᠲᠡᠬᠦᠰᠭᠡᠬᠦ ᠵᠢ ᠬᠠᠤᠯᠢ ᠶᠤᠰᠤᠭ᠋ᠠᠷ ᠪᠠᠳᠤᠯᠠᠬᠤ ᠬᠡᠷᠡᠭᠲᠠᠢ᠃
      ᠬᠠᠤᠯᠢ ᠶᠤᠰᠤᠭ᠋ᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠵᠦ ᠪᠠᠶ᠋ᠢᠭ᠎ᠠ ᠰᠤᠷᠭ᠋ᠠᠭᠤᠯᠢ ᠲᠤᠭᠳᠠᠭᠰᠠᠨ ᠪᠠᠷᠢᠮᠵᠢᠶ᠎ᠡ ᠶᠤᠰᠤᠭ᠋ᠠᠷ ᠰᠤᠷᠭ᠋ᠠᠨ ᠬᠦᠮᠦᠵᠢᠬᠦᠯᠬᠦ᠂ ᠵᠢᠭ᠋ᠠᠨ ᠰᠤᠷᠭ᠋ᠠᠬᠤ ᠡᠬᠦᠷᠭᠡ᠎ᠪᠠᠨ ᠪᠡᠶᠡᠯᠡᠬᠦᠯᠵᠦ᠂ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠶᠠᠰᠤ ᠴᠢᠨᠠᠷ᠎ᠢ ᠪᠠᠳᠤᠯᠠᠬᠤ ᠬᠡᠷᠡᠭᠲᠠᠢ᠃
      ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠪᠠ ᠬᠤᠪᠢ ᠬᠦᠮᠦᠨ᠎ᠠᠴᠠ ᠰᠤᠷᠭ᠋ᠠᠭᠤᠯᠢ ᠵᠢ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ᠎ᠳᠤ ᠰᠠᠶ᠋ᠢᠨ ᠰᠠᠶ᠋ᠢᠬᠠᠨ ᠤᠷᠴᠢᠨ ᠨᠦᠬᠦᠴᠡᠯ᠎ᠢ ᠪᠦᠷᠢᠯᠳᠦᠬᠦᠯᠵᠦ ᠦᠭᠬᠦ ᠬᠡᠷᠡᠭᠲᠠᠢ᠃
      ᠵᠢᠷᠭᠤᠳᠦᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠡ ᠪᠤᠯᠤᠨ ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠢ ᠵᠦᠢ ᠵᠤᠬᠢᠰᠲᠠᠢ ᠲᠤᠬᠢᠷᠠᠭᠤᠯᠵᠦ᠂ ᠠᠯᠪᠠᠨ ᠵᠢᠷᠦᠮ᠎ᠤᠨ ᠰᠣᠷᠭ᠋ᠠᠨ ᠬᠦᠮᠦᠵᠢᠯ᠎ᠤᠨ ᠲᠡᠩᠴᠡᠬᠦᠷᠢᠲᠠᠢ ᠬᠦᠭᠵᠢᠯᠳᠡ ᠵᠢ ᠠᠬᠢᠭᠤᠯᠵᠦ᠂ ᠪᠠᠭᠤᠷᠠᠢ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠦᠬᠦᠴᠡᠯ᠎ᠢ ᠰᠠᠶ᠋ᠢᠵᠢᠷᠠᠭᠤᠯᠬᠤ ᠪᠦᠭᠡᠳ ᠠᠷᠭ᠎ᠠ ᠬᠡᠮᠵᠢᠶ᠎ᠡ ᠠᠪᠴᠦ ᠪᠠᠶ᠋ᠢᠭ᠋ᠠᠳ ᠬᠦᠳᠡᠭᠡ ᠲᠤᠰᠬᠤᠨ᠎ᠤ ᠭᠠᠵᠠᠷ ᠤᠷᠤᠨ᠂ ᠦᠨᠳᠦᠰᠦᠳᠡᠨ᠎ᠤ ᠭᠠᠵᠠᠷ ᠤᠷᠤᠨ᠎ᠳᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠵᠢ ᠪᠠᠳᠤᠯᠠᠵᠦ᠂ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠷ ᠪᠦᠯᠢ ᠵᠢᠨ ᠠᠵᠦ ᠠᠬᠤᠢ᠎ᠨᠢ ᠬᠦᠴᠢᠷᠳᠡᠯᠲᠠᠢ ᠪᠠ ᠵᠡᠮᠳᠡᠭ ᠭᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠵᠢ ᠪᠠᠳᠤᠯᠠᠬᠤ ᠬᠡᠷᠡᠭᠲᠠᠢ᠃
      ᠠᠵᠦ ᠠᠬᠤᠢ ᠬᠦᠭᠵᠢᠭᠰᠡᠨ ᠭᠠᠵᠠᠷ ᠤᠷᠤᠨ᠎ᠠᠴᠠ ᠠᠵᠦ ᠠᠬᠤᠢ ᠲᠡᠮᠡᠢ ᠬᠦᠭᠵᠢᠭᠡᠳᠦᠢ ᠭᠠᠵᠠᠷ ᠤᠷᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠵᠢ ᠲᠠᠮᠵᠢᠨ ᠲᠤᠰᠠᠯᠠᠬᠤ ᠵᠢ ᠤᠯᠤᠰ᠎ᠠᠴᠠ ᠵᠤᠬᠢᠶᠠᠨ ᠪᠠᠶ᠋ᠢᠭᠤᠯᠤᠨ ᠵᠤᠷᠢᠭᠵᠢᠭᠤᠯᠤᠨ᠎ᠠ᠃
      ᠲᠤᠯᠤᠳᠤᠭ᠋ᠠᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠤ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠤᠳᠤᠷᠢᠳᠤᠭᠰᠠᠨ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠨᠢᠭᠡᠳᠦᠯᠲᠠᠢ ᠲᠦᠯᠦᠪᠵᠢᠬᠦᠯᠵᠦ ᠬᠡᠷᠡᠭᠵᠢᠬᠦᠯᠦᠭᠰᠡᠨ᠂ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠡᠷᠬᠢᠯᠡᠨ ᠬᠠᠮᠢᠶᠠᠷᠤᠭᠤᠯᠤᠭᠰᠠᠨ ᠲᠦᠷᠢᠮ᠎ᠢ ᠬᠡᠷᠡᠭᠵᠢᠬᠦᠯᠦᠨ᠎ᠡ᠃
      ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠠᠵᠢᠯ᠎ᠢ ᠪᠤᠳᠠᠲᠠᠢ ᠬᠠᠷᠢᠭᠤᠴᠠᠨ᠎ᠠ; ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠠᠵᠢᠯ᠎ᠢ ᠬᠠᠷᠢᠭᠤᠴᠠᠨ᠎ᠠ᠃
      ᠨᠠᠢ᠍ᠮᠠᠳᠤᠭ᠋ᠠᠷ ᠵᠦᠢ᠍ᠯ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠢ ᠬᠢᠨᠠᠨ ᠵᠢᠯᠤᠭᠤᠳᠬᠤ ᠪᠠᠶ᠋ᠢᠭᠤᠯᠤᠮᠵᠢ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠠᠵᠢᠯ᠎ᠤᠨ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠢ ᠬᠡᠷᠡᠭᠵᠢᠬᠦᠯᠵᠦ ᠪᠠᠶ᠋ᠢᠭ᠎ᠠ ᠪᠠᠶ᠋ᠢᠳᠠᠯ᠂ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠶᠠᠰᠤ ᠴᠢᠨᠠᠷ ᠵᠢᠴᠢ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠲᠡᠩᠴᠡᠬᠦᠷᠢᠲᠠᠢ ᠬᠦᠭᠵᠢᠯᠳᠡ ᠵᠢᠨ ᠪᠠᠶ᠋ᠢᠳᠠᠯ ᠵᠡᠷᠭᠡ ᠵᠢ ᠬᠢᠨᠠᠨ ᠵᠢᠯᠤᠭᠤᠳᠴᠦ᠂ ᠬᠢᠨᠠᠨ ᠵᠢᠯᠤᠭᠤᠳᠤᠭᠰᠠᠨ ᠮᠡᠳᠡᠬᠦᠯᠦᠯᠳᠡ᠎ᠪᠠᠨ ᠨᠡᠶ᠋ᠢᠭᠡᠮ᠎ᠳᠤ ᠨᠡᠶ᠋ᠢᠳᠡᠯᠡᠨ᠎ᠡ᠃
      ᠶᠢᠰᠦᠳᠦᠭᠡᠷ ᠵᠦᠢ᠍ᠯ ᠶᠠᠮᠠᠷᠪᠠ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠪᠤᠶᠤ ᠬᠤᠪᠢ ᠬᠦᠮᠦᠨ ᠲᠤᠰ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠬᠤᠯᠪᠤᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠎ᠳᠤ ᠢᠯᠡᠴᠢᠯᠡᠬᠦ ᠪᠤᠶᠤ ᠵᠠᠭ᠋ᠠᠯᠳᠤᠬᠤ ᠡᠷᠭᠡ᠎ᠲᠠᠢ᠃
      ᠲᠤᠰ ᠬᠠᠤᠯᠢ ᠵᠢ ᠵᠦᠷᠢᠴᠡᠭᠰᠡᠨ ᠬᠦᠨᠳᠦ ᠶᠡᠭᠡ ᠬᠡᠷᠡᠭ ᠶᠠᠪᠤᠳᠠᠯ ᠡᠬᠦᠰᠦᠭᠡᠳ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠵᠢᠬᠦᠯᠦᠭᠳᠡᠬᠦ ᠵᠢ ᠬᠠᠷᠰᠢᠯᠠᠵᠦ᠂ ᠨᠡᠶ᠋ᠢᠭᠡᠮ᠎ᠳᠤ ᠬᠦᠨᠳᠦ ᠶᠡᠭᠡ ᠨᠦᠯᠦᠭᠡ ᠤᠴᠠᠷᠠᠭᠤᠯᠤᠭᠰᠠᠨ ᠪᠠᠶ᠋ᠢᠪᠠᠯ᠂ ᠤᠳᠤᠷᠢᠳᠬᠤ ᠬᠠᠷᠢᠭᠤᠴᠠᠯᠭ᠎ᠠ᠎ᠲᠠᠢ ᠠᠷᠠᠳ᠎ᠤᠨ ᠵᠠᠰᠠᠭ᠎ᠤᠨ ᠤᠷᠳᠤᠨ ᠪᠤᠶᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠠᠯᠳᠠᠭ᠎ᠠ ᠪᠤᠷᠤᠭᠤ᠎ᠪᠠᠨ ᠬᠦᠯᠢᠶᠡᠵᠦ ᠲᠤᠰᠢᠶᠠᠯ᠎ᠠᠴᠠ᠎ᠪᠠᠨ ᠪᠠᠭᠤᠬᠤ ᠬᠡᠷᠡᠭᠲᠠᠢ᠃
      ᠠᠷᠪᠠᠳᠤᠭ᠋ᠠᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠬᠦᠯᠬᠦ ᠠᠵᠢᠯ᠎ᠤᠨ ᠲᠤᠮᠳᠠ ᠲᠤᠪᠤᠶ᠋ᠢᠮ᠎ᠡ ᠬᠤᠪᠢ ᠨᠡᠮᠡᠷᠢ ᠦᠵᠡᠬᠦᠯᠦᠭᠰᠡᠨ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠪᠠ ᠬᠤᠪᠢ ᠬᠦᠮᠦᠨ᠎ᠢ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠦᠬᠢᠬᠦᠯᠦᠨ ᠱᠠᠩᠨᠠᠨ᠎ᠠ᠃

      ᠬᠤᠶᠠᠳᠤᠭ᠋ᠠᠷ ᠪᠦᠯᠦᠭ ᠰᠣᠷᠣᠭᠴᠢ

      ᠠᠷᠪᠠᠨ ᠨᠢᠭᠡᠳᠦᠭᠡᠷ ᠵᠦᠢ᠍ᠯ ᠪᠦᠬᠦᠯᠢ ᠵᠢᠷᠭᠤᠭ᠋ᠠᠨ ᠨᠠᠰᠤ ᠬᠦᠷᠦᠭᠰᠡᠨ ᠬᠡᠤᠭᠡᠳ᠎ᠢ ᠡᠴᠢᠭᠡ ᠡᠭᠡ᠎ᠨᠢ ᠪᠤᠶᠤ ᠬᠠᠤᠯᠢ᠎ᠪᠠᠷ ᠲᠤᠭᠳᠠᠭ᠋ᠠᠭᠰᠠᠨ ᠪᠤᠰᠤᠳ ᠬᠢᠨᠠᠨ ᠬᠠᠮᠠᠭ᠋ᠠᠯᠠᠭᠴᠢ᠎ᠨᠢ ᠰᠤᠷᠭ᠋ᠠᠭᠤᠯᠢ᠎ᠳᠤ ᠤᠷᠤᠭᠤᠯᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠦᠷᠳᠡᠭᠡᠵᠦ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠲᠡᠬᠦᠰᠭᠡᠬᠦ ᠬᠡᠷᠡᠭᠲᠠᠢ; ᠨᠦᠬᠦᠴᠡᠯ ᠪᠦᠷᠢᠯᠳᠦᠭᠡᠳᠦᠢ ᠭᠠᠵᠠᠷ ᠤᠷᠤᠨ᠎ᠤ ᠬᠡᠤᠭᠡᠳ᠎ᠢ ᠪᠦᠬᠦᠯᠢ ᠲᠤᠯᠤᠭ᠋ᠠᠨ ᠨᠠᠰᠤ ᠬᠦᠷᠦᠭᠰᠡᠨ᠎ᠤ ᠲᠠᠷᠠᠭ᠎ᠠ ᠰᠤᠷᠭ᠋ᠠᠭᠤᠯᠢ᠎ᠳᠤ ᠤᠷᠤᠭᠤᠯᠵᠦ ᠪᠤᠯᠤᠨ᠎ᠠ᠃
      ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ ᠪᠡᠶ᠎ᠡ ᠮᠠᠬᠠᠪᠤᠳ᠎ᠤᠨ ᠰᠢᠯᠳᠠᠭ᠋ᠠᠨ᠎ᠠᠴᠠ ᠪᠤᠯᠵᠦ᠂ ᠰᠤᠷᠭ᠋ᠠᠭᠤᠯᠢ᠎ᠳᠤ ᠤᠷᠤᠬᠤ ᠵᠢ ᠬᠤᠶ᠋ᠢᠰᠢᠯᠠᠭᠤᠯᠬᠤ ᠪᠤᠶᠤ ᠰᠤᠷᠤᠯᠭ᠎ᠠ᠎ᠠᠴᠠ᠎ᠪᠠᠨ ᠲᠦᠷ ᠵᠤᠭᠰᠤᠬᠤ ᠦᠶ᠎ᠡ᠎ᠳᠤ᠂ ᠲᠡᠬᠦᠨ᠎ᠤ ᠡᠴᠢᠭᠡ ᠡᠭᠡ᠎ᠨᠢ ᠪᠤᠶᠤ ᠬᠠᠤᠯᠢ᠎ᠪᠠᠷ ᠲᠤᠭᠳᠠᠭ᠋ᠠᠭᠰᠠᠨ ᠪᠤᠰᠤᠳ ᠬᠢᠨᠠᠨ ᠬᠠᠮᠠᠭ᠋ᠠᠯᠠᠭᠴᠢ᠎ᠨᠢ ᠭᠤᠶᠤᠴᠢᠯᠠᠯ ᠭᠠᠷᠭ᠋ᠠᠵᠦ᠂ ᠲᠤᠬᠠᠢ ᠵᠢᠨ ᠭᠠᠵᠠᠷ᠎ᠤᠨ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠵᠶ᠋ᠠᠷ ᠵᠦᠪᠰᠢᠶᠡᠷᠡᠬᠦᠯᠬᠦ ᠬᠡᠷᠡᠭᠲᠠᠢ᠃
      ᠠᠷᠪᠠᠨ ᠬᠤᠶᠠᠳᠤᠭ᠋ᠠᠷ ᠵᠦᠢ᠍ᠯ ᠰᠣᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠢ ᠰᠢᠯᠭ᠋ᠠᠯᠳᠠ ᠬᠢᠬᠦ ᠦᠭᠡᠢ᠎ᠪᠠᠷ ᠰᠤᠷᠭ᠋ᠠᠭᠤᠯᠢ᠎ᠳᠤ ᠤᠷᠤᠭᠤᠯᠤᠨ᠎ᠠ᠃ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠰᠣᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠢ ᠡᠷᠦᠭᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠬᠡᠷ᠎ᠠᠴᠠ᠎ᠨᠢ ᠤᠶ᠋ᠢᠷᠠᠯᠴᠠᠭ᠎ᠠ ᠰᠤᠷᠭ᠋ᠠᠭᠤᠯᠢ᠎ᠳᠤ ᠤᠷᠤᠭᠤᠯᠬᠤ ᠵᠢ ᠪᠠᠳᠤᠯᠠᠬᠤ ᠬᠡᠷᠡᠭᠲᠠᠢ᠃
      ᠡᠴᠢᠭᠡ ᠡᠭᠡ᠎ᠨᠢ ᠪᠤᠶᠤ ᠬᠠᠤᠯᠢ᠎ᠪᠠᠷ ᠲᠤᠭᠳᠠᠭ᠋ᠠᠭᠰᠠᠨ ᠪᠤᠰᠤᠳ ᠬᠢᠨᠠᠨ ᠬᠠᠮᠠᠭ᠋ᠠᠯᠠᠭᠴᠢ᠎ᠨᠢ ᠡᠷᠦᠭᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠠᠭᠠᠨ ᠠᠵᠢᠯᠯᠠᠬᠤ ᠪᠤᠶᠤ ᠰᠠᠭᠤᠵᠦ ᠪᠠᠶ᠋ᠢᠬᠤ ᠦᠭᠡᠢ ᠪᠠᠶ᠋ᠢᠳᠠᠯ ᠲᠤᠤᠷ᠎ᠡ᠂ ᠲᠡᠳᠡ ᠨᠠᠷ᠎ᠤᠨ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠨᠢ ᠡᠴᠢᠭᠡ ᠡᠭᠡ ᠪᠤᠶᠤ ᠪᠤᠰᠤᠳ ᠬᠠᠤᠯᠢ᠎ᠪᠠᠷ ᠲᠤᠭᠳᠠᠭ᠋ᠠᠭᠰᠠᠨ ᠬᠢᠨᠠᠨ ᠬᠠᠮᠠᠭ᠋ᠠᠯᠠᠭᠴᠢ ᠵᠢᠨ ᠠᠵᠢᠯᠯᠠᠵᠦ ᠪᠠᠶ᠋ᠢᠭ᠎ᠠ ᠪᠤᠶᠤ ᠰᠠᠭᠤᠵᠦ ᠪᠠᠶ᠋ᠢᠭ᠎ᠠ ᠭᠠᠵᠠᠷ᠎ᠲᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠦᠷᠳᠡᠬᠦ ᠭᠡᠪᠡᠯ᠂ ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠲᠡᠳᠡ ᠨᠠᠷ᠎ᠲᠤ ᠡᠷᠭᠡ ᠲᠡᠭᠰᠢ᠎ᠪᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠨᠦᠬᠦᠴᠡᠯ ᠬᠠᠩᠭ᠋ᠠᠵᠦ ᠦᠭᠬᠦ ᠬᠡᠷᠡᠭᠲᠠᠢ᠃ ᠪᠤᠳᠠᠲᠠᠢ ᠠᠷᠭ᠎ᠠ ᠵᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ᠎ᠠᠴᠠ ᠲᠤᠭᠳᠠᠭ᠋ᠠᠨ᠎ᠠ᠃
      ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠴᠡᠷᠢᠭ ᠬᠦᠮᠦᠨ᠎ᠤ ᠦᠷ᠎ᠡ ᠬᠡᠤᠭᠡᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠵᠢ ᠪᠠᠳᠤᠯᠠᠨ᠎ᠠ᠃
      ᠠᠷᠪᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠪᠤᠯᠤᠨ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠤᠬᠢᠶᠠᠨ ᠪᠠᠶ᠋ᠢᠭᠤᠯᠤᠨ ᠰᠢᠪᠠᠳᠠᠵᠦ ᠪᠠᠶ᠋ᠢᠭ᠋ᠠᠳ᠂ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠰᠤᠷᠭ᠋ᠠᠭᠤᠯᠢ᠎ᠳᠤ ᠤᠷᠤᠭᠤᠯᠵᠦ᠂ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠬᠦᠴᠢᠷᠳᠠᠯ᠎ᠢ᠎ᠨᠢ ᠬᠠᠪᠰᠤᠷᠤᠨ ᠰᠢᠢ᠍ᠳᠪᠤᠷᠢᠯᠡᠵᠦ᠂ ᠠᠷᠭ᠎ᠠ ᠭᠡᠮᠵᠢᠶ᠎ᠡ ᠠᠪᠴᠦ ᠪᠠᠶ᠋ᠢᠭ᠋ᠠᠳ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠤᠨ ᠰᠤᠷᠤᠯᠭ᠎ᠠ᠎ᠪᠠᠨ ᠲᠤᠷᠭᠤᠨ ᠵᠤᠭᠰᠤᠬᠤ ᠵᠢ ᠬᠤᠷᠢᠭᠯᠠᠨ᠎ᠠ᠃
      ᠰᠠᠭᠤᠭ᠋ᠠᠯᠢ ᠠᠷᠠᠳ᠎ᠤᠨ ᠵᠦᠪᠯᠡᠯ ᠪᠤᠯᠤᠨ ᠭᠠᠴᠠᠭ᠋ᠠᠨ᠎ᠤ ᠠᠷᠠᠳ᠎ᠤᠨ ᠵᠦᠪᠯᠡᠯ᠎ᠨᠢ ᠵᠠᠰᠠᠭ᠎ᠤᠨ ᠤᠷᠳᠤᠨ᠎ᠳᠤ ᠬᠠᠮᠵᠢᠨ ᠠᠵᠢᠯ᠎ᠢ ᠰᠠᠶ᠋ᠢᠳᠤᠷ ᠬᠢᠵᠦ᠂ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠰᠢᠪᠠᠳᠠᠵᠦ ᠪᠠᠶ᠋ᠢᠭ᠋ᠠᠳ ᠰᠤᠷᠭ᠋ᠠᠭᠤᠯᠢ᠎ᠳᠤ ᠤᠷᠤᠭᠤᠯᠤᠨ᠎ᠠ᠃
      ᠠᠷᠪᠠᠨ ᠲᠦᠷᠪᠡᠳᠦᠭᠡᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠶᠤᠰᠤᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠠᠵᠢᠯᠳᠠᠨ ᠬᠡᠷᠡᠭᠯᠡᠬᠦ ᠨᠢᠭᠡᠴᠡ ᠡᠯᠰᠡᠵᠦ ᠬᠡᠷᠡᠭᠯᠡᠬᠦ ᠵᠢ ᠬᠤᠷᠢᠭᠯᠠᠨ᠎ᠠ᠃
      ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ᠎ᠢ ᠦᠨᠳᠦᠰᠦᠯᠡᠨ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠣᠳ᠎ᠢ ᠡᠯᠰᠡᠵᠦ ᠤᠷᠠᠯᠢᠭ᠂ ᠪᠡᠶ᠎ᠡ ᠵᠢᠨ ᠲᠠᠮᠢᠷ ᠵᠡᠷᠭᠡ ᠲᠤᠰᠬᠠᠢ ᠮᠡᠷᠭᠡᠵᠢᠯ᠎ᠤᠨ ᠪᠤᠯᠪᠠᠰᠤᠷᠠᠯ ᠬᠢᠯᠭᠡᠬᠦ᠎ᠪᠠᠷ ᠵᠦᠪᠰᠢᠶᠡᠷᠡᠬᠦᠯᠦᠭᠰᠡᠨ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ᠎ᠨᠢ ᠡᠯᠰᠡᠵᠦ ᠠᠪᠤᠭᠰᠠᠨ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠵᠢ ᠪᠠᠳᠤᠯᠠᠬᠤ ᠬᠡᠷᠡᠭᠲᠠᠢ; ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠦᠪᠡᠷᠳᠡᠭᠡᠨ ᠬᠡᠷᠡᠭᠵᠢᠬᠦᠯᠬᠦ᠎ᠳᠤ ᠬᠦᠷᠪᠡᠯ᠂ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠵᠶ᠋ᠠᠷ ᠵᠦᠪᠰᠢᠶᠡᠷᠡᠬᠦᠯᠬᠦ ᠬᠡᠷᠡᠭᠲᠠᠢ᠃


      ᠭᠤᠷᠪᠠᠳᠤᠭ᠋ᠠᠷ ᠪᠦᠯᠦᠭ ᠰᠣᠷᠭ᠋ᠠᠭᠤᠯᠢ

      ᠠᠷᠪᠠᠨ ᠲᠠᠪᠤᠳᠤᠭ᠋ᠠᠷ ᠵᠦᠢ᠍ᠯ ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠤᠨ ᠲᠤᠭ᠎ᠠ ᠭᠡᠮᠵᠢᠶ᠎ᠡ ᠪᠠ ᠲᠠᠷᠬᠠᠯᠳᠠ ᠵᠢᠨ ᠪᠠᠶ᠋ᠢᠳᠠᠯ ᠵᠡᠷᠭᠡ ᠡᠯᠧᠮᠧᠨ᠋ᠲ᠎ᠢ ᠦᠨᠳᠦᠰᠦᠯᠡᠨ᠂ ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ᠎ᠢ ᠦᠨᠳᠦᠰᠦᠯᠡᠵᠦ ᠪᠠᠶ᠋ᠢᠭ᠋ᠠᠳ ᠰᠤᠷᠭ᠋ᠠᠭᠤᠯᠢ ᠪᠠᠶ᠋ᠢᠭᠤᠯᠬᠤ ᠲᠦᠯᠦᠪᠵᠢᠬᠦᠯᠭᠡ᠎ᠪᠠᠨ ᠲᠤᠭᠳᠠᠭ᠋ᠠᠨ ᠲᠤᠬᠢᠷᠠᠭᠤᠯᠤᠨ᠎ᠠ᠃ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠠᠷᠠᠳ᠎ᠤᠨ ᠲᠤᠭᠤᠷᠢᠭ᠎ᠲᠤ ᠰᠤᠷᠭ᠋ᠠᠭᠤᠯᠢ ᠪᠠᠶ᠋ᠢᠭᠤᠯᠬᠤ ᠬᠡᠷᠡᠭᠴᠡᠭᠡ᠎ᠲᠠᠢ ᠪᠠᠶ᠋ᠢᠪᠠᠯ᠂ ᠲᠡᠬᠦᠨ᠎ᠢ ᠰᠠᠭᠤᠭ᠋ᠠᠯᠢ ᠠᠷᠠᠳ᠎ᠤᠨ ᠲᠤᠭᠤᠷᠢᠭ᠎ᠤᠨ ᠪᠦᠳᠦᠭᠡᠨ ᠪᠠᠶ᠋ᠢᠭᠤᠯᠤᠯᠳᠠ᠎ᠯᠤᠭ᠎ᠠ ᠵᠡᠷᠭᠡᠪᠡᠷ ᠶᠠᠪᠤᠭᠳᠠᠭᠤᠯᠬᠤ ᠬᠡᠷᠡᠭᠲᠠᠢ᠃
      ᠠᠷᠪᠠᠨ ᠵᠢᠷᠭᠤᠳᠤᠭ᠋ᠠᠷ ᠵᠦᠢ᠍ᠯ ᠰᠣᠷᠭ᠋ᠠᠭᠤᠯᠢ ᠵᠢ ᠪᠦᠳᠦᠭᠡᠨ ᠪᠠᠶ᠋ᠢᠭᠤᠯᠬᠤ᠎ᠳᠠᠭᠠᠨ ᠤᠯᠤᠰ᠎ᠤᠨ ᠲᠤᠭᠳᠠᠭ᠋ᠠᠭᠰᠠᠨ ᠰᠤᠷᠭ᠋ᠠᠭᠤᠯᠢ ᠡᠷᠬᠢᠯᠡᠬᠦ ᠪᠠᠷᠢᠮᠵᠢᠶ᠎ᠡ᠎ᠳᠤ ᠨᠡᠶ᠋ᠢᠴᠡᠬᠦᠯᠵᠦ᠂ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠬᠡᠷᠡᠭᠴᠡᠭᠡ᠎ᠳᠤ ᠵᠤᠬᠢᠴᠠᠭᠤᠯᠬᠤ ᠬᠡᠷᠡᠭᠲᠠᠢ; ᠤᠯᠤᠰ᠎ᠤᠨ ᠲᠤᠭᠳᠠᠭ᠋ᠠᠭᠰᠠᠨ ᠭᠠᠵᠠᠷ ᠰᠤᠩᠭᠤᠬᠤ ᠱᠠᠭ᠋ᠠᠷᠳᠠᠯᠭ᠎ᠠ ᠪᠠ ᠪᠦᠳᠦᠭᠡᠨ ᠪᠠᠶ᠋ᠢᠭᠤᠯᠬᠤ ᠪᠠᠷᠢᠮᠵᠢᠶ᠎ᠡ᠎ᠳᠤ ᠨᠡᠶ᠋ᠢᠴᠡᠬᠦᠯᠵᠦ᠂ ᠰᠤᠷᠤᠭᠴᠢ ᠪᠠ ᠪᠠᠭᠰᠢ ᠠᠵᠢᠯᠳᠠᠳ᠎ᠤᠨ ᠠᠮᠤᠷ ᠲᠦᠪᠰᠢᠨ᠎ᠢ ᠦᠨᠡᠨ ᠬᠦ᠌ ᠪᠠᠳᠤᠯᠠᠬᠤ ᠬᠡᠷᠡᠭᠲᠠᠢ᠃
      ᠠᠷᠪᠠᠨ ᠲᠤᠯᠤᠳᠤᠭ᠋ᠠᠷ ᠵᠦᠢ᠍ᠯ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠬᠡᠷᠡᠭᠴᠡᠭᠡ᠎ᠪᠠᠨ ᠦᠨᠳᠦᠰᠦᠯᠡᠨ ᠪᠠᠶ᠋ᠢᠷᠢ᠎ᠳᠤ ᠰᠠᠭᠤᠬᠤ ᠲᠦᠷᠢᠮᠳᠦ ᠰᠤᠷᠭ᠋ᠠᠭᠤᠯᠢ ᠪᠠᠶ᠋ᠢᠭᠤᠯᠵᠦ᠂ ᠲᠠᠷᠠᠬᠠᠢ ᠪᠤᠳᠠᠷᠬᠠᠢ ᠰᠠᠭᠤᠵᠦ ᠪᠠᠶ᠋ᠢᠭ᠎ᠠ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠤᠨ ᠰᠤᠷᠭ᠋ᠠᠭᠤᠯᠢ᠎ᠳᠤ ᠤᠷᠤᠵᠦ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠭᠦ ᠵᠢ ᠪᠠᠳᠤᠯᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠬᠡᠷᠡᠭᠴᠡᠭᠡ᠎ᠪᠠᠨ ᠦᠨᠳᠦᠰᠦᠯᠡᠵᠦ ᠪᠠᠶ᠋ᠢᠭ᠋ᠠᠳ ᠠᠵᠦ ᠠᠬᠤᠢ ᠬᠦᠭᠵᠢᠭᠰᠡᠨ ᠭᠠᠵᠠᠷ ᠤᠷᠤᠨ᠎ᠳᠤ ᠴᠦᠭᠡᠨ ᠲᠤᠭ᠋ᠠᠳᠦ ᠦᠨᠳᠦᠰᠦᠳᠡᠨ᠎ᠤ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠬᠦᠯᠢᠶᠡᠨ ᠠᠪᠬᠤ ᠰᠤᠷᠭ᠋ᠠᠭᠤᠯᠢ (ᠠᠩᠬᠢ) ᠭᠠᠷᠭ᠋ᠠᠨ᠎ᠠ᠃
      ᠠᠷᠪᠠ ᠶᠢᠰᠦᠳᠦᠭᠡᠷ ᠵᠦᠢ᠍ᠯ ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠬᠡᠷᠡᠭᠴᠡᠭᠡ᠎ᠪᠠᠨ ᠦᠨᠳᠦᠰᠦᠯᠡᠨ ᠤᠨᠴᠠᠭ᠋ᠠᠢ ᠰᠤᠷᠭ᠋ᠠᠨ ᠬᠦᠮᠦᠵᠢᠯ᠎ᠢ ᠬᠡᠷᠡᠭᠵᠢᠬᠦᠯᠬᠦ ᠵᠤᠬᠢᠴᠠᠩᠭᠤᠢ ᠰᠤᠷᠭ᠋ᠠᠭᠤᠯᠢ (ᠠᠩᠬᠢ) ᠭᠠᠷᠭ᠋ᠠᠵᠦ᠂ ᠬᠠᠷᠠᠭ᠎ᠠ ᠵᠡᠮᠳᠡᠭ᠂ ᠰᠤᠨᠤᠷ ᠪᠠ ᠦᠭᠡ ᠬᠡᠯᠡ᠎ᠨᠢ ᠵᠡᠮᠳᠡᠭ ᠪᠤᠯᠤᠨ ᠤᠶᠤᠨ ᠤᠬᠠᠭ᠋ᠠᠨ᠎ᠨᠢ ᠵᠡᠮᠳᠡᠭ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠲᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠭᠡᠨ᠎ᠡ᠃ ᠤᠨᠴᠠᠭ᠋ᠠᠢ ᠰᠤᠷᠭ᠋ᠠᠨ ᠬᠦᠮᠦᠵᠢᠯ᠎ᠤᠨ ᠰᠤᠷᠭ᠋ᠠᠭᠤᠯᠢ (ᠠᠩᠬᠢ)᠎ᠨᠢ ᠵᠡᠮᠳᠡᠭ ᠬᠡᠤᠭᠡᠳ᠂ ᠪᠠᠭ᠋ᠠᠴᠤᠳ᠎ᠤᠨ ᠰᠣᠷᠤᠯᠴᠠᠬᠤ᠂ ᠡᠷᠡᠬᠦᠯᠵᠢᠬᠦ᠂ ᠠᠮᠢᠳᠤᠷᠠᠯ᠎ᠤᠨ ᠤᠨᠴᠠᠯᠢᠭ᠎ᠲᠤ ᠲᠤᠬᠢᠷᠠᠭᠰᠠᠨ ᠲᠠᠯᠠᠪᠤᠷ ᠭᠠᠵᠠᠷ ᠪᠠ ᠲᠤᠨᠤᠭ ᠲᠦᠬᠦᠭᠡᠷᠦᠮᠵᠢ ᠵᠢ ᠪᠦᠷᠢᠯᠳᠦᠬᠦᠯᠬᠦ ᠬᠡᠷᠡᠭᠲᠠᠢ᠃
      ᠡᠩ᠎ᠤᠨ ᠰᠤᠷᠭ᠋ᠠᠭᠤᠯᠢ᠎ᠨᠢ ᠡᠩ᠎ᠤᠨ ᠰᠤᠷᠭ᠋ᠠᠨ ᠬᠦᠮᠦᠵᠢᠯ᠎ᠢ ᠬᠦᠷᠳᠡᠬᠦ ᠴᠢᠳᠠᠪᠤᠷᠢ᠎ᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠵᠡᠮᠳᠡᠭ ᠬᠡᠤᠭᠡᠳ᠂ ᠪᠠᠭ᠋ᠠᠴᠣᠳ᠎ᠤᠨ ᠠᠩᠬᠢ ᠲᠠᠭ᠋ᠠᠵᠦ ᠰᠤᠷᠤᠯᠴᠠᠬᠤ ᠵᠢ ᠬᠦᠯᠢᠶᠡᠵᠦ ᠠᠪᠬᠤ ᠬᠡᠷᠡᠭᠲᠠᠢ ᠪᠦᠭᠡᠳ ᠲᠡᠳᠡ ᠨᠠᠷ᠎ᠤᠨ ᠰᠣᠷᠤᠯᠴᠠᠬᠤ᠂ ᠡᠷᠡᠬᠦᠯᠵᠢᠬᠦ᠎ᠳᠤ ᠲᠡᠮᠵᠢᠯᠭᠡ ᠦᠵᠡᠬᠦᠯᠬᠦ ᠬᠡᠷᠡᠭᠲᠠᠢ᠃
      ᠬᠤᠷᠢᠳᠤᠭ᠋ᠠᠷ ᠵᠦᠢ᠍ᠯ ᠰᠢᠶᠠᠨ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠬᠡᠷᠡᠭᠴᠡᠭᠡ᠎ᠪᠠᠨ ᠦᠨᠳᠦᠰᠦᠯᠡᠨ᠂ ᠨᠠᠰᠣᠨ᠎ᠳᠤ ᠦᠯᠦ ᠬᠦᠷᠦᠭᠰᠡᠳ᠎ᠤᠨ ᠶᠠᠯ᠎ᠠ ᠬᠢᠬᠦ ᠵᠢ ᠤᠷᠢᠳᠴᠢᠯᠠᠨ ᠰᠡᠷᠭᠡᠶ᠋ᠢᠯᠡᠬᠦ ᠬᠠᠤᠯᠢ᠎ᠳᠤ ᠲᠤᠭᠳᠠᠭ᠋ᠠᠭᠰᠠᠨ ᠬᠦᠨᠳᠦ ᠨᠤᠴᠢᠲᠠᠢ ᠮᠠᠭᠤ ᠦᠢ᠍ᠯᠡ ᠠᠵᠢᠯᠯᠠᠭ᠎ᠠ ᠪᠦᠬᠦᠢ ᠰᠤᠷᠭ᠋ᠠᠭᠤᠯᠢ᠎ᠳᠤ ᠤᠷᠤᠬᠤ ᠨᠠᠰᠤᠨ᠎ᠤ ᠪᠠᠭ᠋ᠠᠴᠤᠳ᠎ᠲᠤ ᠲᠤᠰᠬᠠᠢ ᠰᠤᠷᠭ᠋ᠠᠭᠤᠯᠢ ᠪᠠᠶ᠋ᠢᠭᠤᠯᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠬᠦᠯᠦᠨ᠎ᠡ᠃
      ᠬᠤᠷᠢᠨ ᠨᠢᠭᠡᠳᠦᠭᠡᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠲᠡᠬᠦᠰᠭᠡᠭᠰᠡᠨ ᠦᠭᠡᠢ ᠨᠠᠰᠤᠨ᠎ᠳᠤ ᠦᠯᠦ ᠬᠦᠷᠦᠭᠰᠡᠨ ᠶᠠᠯᠠᠳᠠᠨ ᠪᠠ ᠠᠯᠪᠠᠳᠠᠯᠭ᠎ᠠ ᠵᠢᠨ ᠴᠢᠨᠠᠷᠲᠠᠢ ᠰᠤᠷᠭ᠋ᠠᠨ ᠬᠦᠮᠦᠵᠢᠬᠦᠯᠬᠦ ᠠᠷᠭ᠎ᠠ ᠠᠪᠤᠭᠤᠯᠵᠦ ᠪᠠᠶ᠋ᠢᠭ᠎ᠠ ᠨᠠᠰᠤᠨ᠎ᠳᠤ ᠦᠯᠦ ᠬᠦᠷᠦᠭᠰᠡᠳ᠎ᠲᠤ ᠠᠯᠪᠠᠨ ᠵᠢᠷᠦᠮ᠎ᠤᠨ ᠰᠣᠷᠭ᠋ᠠᠨ ᠬᠦᠮᠦᠵᠢᠯ᠎ᠢ ᠬᠦᠷᠳᠡᠭᠡᠬᠦ ᠬᠡᠷᠡᠭᠲᠠᠢ᠂ ᠬᠡᠷᠡᠭᠰᠡᠬᠦ ᠵᠠᠷᠤᠳᠠᠯ᠎ᠢ᠎ᠨᠢ ᠠᠷᠠᠳ᠎ᠤᠨ ᠵᠠᠰᠠᠭ᠎ᠤᠨ ᠤᠷᠳᠤᠨ᠎ᠠᠴᠠ ᠪᠠᠳᠤᠯᠠᠨ᠎ᠠ᠃
      ᠬᠤᠷᠢᠨ ᠬᠤᠶᠠᠳᠤᠭ᠋ᠠᠷ ᠵᠦᠢ᠍ᠯ ᠰᠢᠶᠠᠨ᠎ᠤᠨ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠲᠡᠬᠦᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠰᠤᠷᠭ᠋ᠠᠭᠤᠯᠢ ᠵᠢᠨ ᠲᠡᠩᠴᠡᠬᠦᠷᠢᠲᠠᠢ ᠬᠦᠭᠵᠢᠯᠳᠡ ᠵᠢ ᠠᠬᠢᠭᠤᠯᠵᠦ᠂ ᠰᠣᠷᠭ᠋ᠠᠭᠤᠯᠢ᠎ᠨᠤᠭᠤᠳ᠎ᠤᠨ ᠬᠤᠭᠤᠷᠤᠨᠳᠤᠬᠢ ᠰᠣᠷᠭ᠋ᠠᠭᠤᠯᠢ ᠡᠷᠬᠢᠯᠡᠬᠦ ᠨᠦᠬᠦᠴᠡᠯ᠎ᠤᠨ ᠵᠦᠷᠢᠶ᠎ᠡ ᠵᠢ ᠪᠠᠭ᠋ᠠᠰᠬᠠᠬᠤ ᠬᠡᠷᠡᠭᠲᠠᠢ᠂ ᠰᠤᠷᠭ᠋ᠠᠭᠤᠯᠢ ᠵᠢ ᠭᠤᠤᠯᠳᠠᠯᠭ᠋ᠠᠳᠦ ᠰᠤᠷᠭ᠋ᠠᠭᠤᠯᠢ ᠪᠠ ᠭᠤᠤᠯᠳᠠᠯᠭ᠋ᠠᠳᠦ ᠪᠤᠰᠤ ᠰᠤᠷᠭ᠋ᠠᠭᠤᠯᠢ ᠭᠡᠵᠦ ᠬᠤᠪᠢᠶᠠᠵᠦ ᠪᠤᠯᠬᠤ ᠦᠭᠡᠢ᠃ ᠰᠤᠷᠭ᠋ᠠᠭᠤᠯᠢ᠎ᠨᠢ ᠭᠤᠤᠯᠳᠠᠯᠭ᠋ᠠᠳᠦ ᠠᠩᠬᠢ ᠪᠠ ᠭᠤᠤᠯᠳᠠᠯᠭ᠋ᠠᠳᠦ ᠪᠤᠰᠤ ᠠᠩᠬᠢ ᠭᠡᠵᠦ ᠬᠤᠪᠢᠶᠠᠵᠦ ᠪᠤᠯᠬᠤ ᠦᠭᠡᠢ᠃
      ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠢᠨᠵᠢ ᠴᠢᠨᠠᠷ᠎ᠢ ᠶᠠᠮᠠᠷᠪᠠ ᠨᠡᠷ᠎ᠡ᠎ᠪᠠᠷ ᠬᠤᠪᠢᠷᠠᠭᠤᠯᠬᠤ ᠪᠤᠶᠤ ᠬᠡᠯᠪᠡᠷᠢ ᠵᠢ᠎ᠨᠢ ᠦᠭᠡᠷᠡᠳᠦᠬᠦᠯᠦᠨ ᠬᠤᠪᠢᠷᠠᠭᠤᠯᠵᠦ ᠪᠤᠯᠬᠤ ᠦᠭᠡᠢ᠃
      ᠬᠤᠷᠢᠨ ᠭᠤᠷᠪᠠᠳᠤᠭ᠋ᠠᠷ ᠵᠦᠢ᠍ᠯ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠰᠤᠷᠭ᠋ᠠᠭᠤᠯᠢ ᠵᠢᠨ ᠡᠷᠬᠢᠨ ᠲᠤᠭᠤᠷᠢᠨ᠎ᠤ ᠡᠮᠬᠢ ᠵᠢᠷᠦᠮ᠎ᠢ ᠬᠠᠮᠠᠭ᠋ᠠᠯᠠᠵᠦ᠂ ᠰᠤᠷᠤᠭᠴᠢ᠂ ᠪᠠᠭᠰᠢ᠂ ᠰᠤᠷᠭ᠋ᠠᠭᠤᠯᠢ ᠵᠢᠨ ᠬᠠᠤᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠵᠦ᠂ ᠰᠤᠷᠭ᠋ᠠᠭᠤᠯᠢ᠎ᠳᠤ ᠠᠮᠤᠷ ᠲᠦᠪᠰᠢᠨ᠎ᠤ ᠪᠠᠳᠤᠯᠠᠭ᠎ᠠ ᠵᠢ ᠬᠠᠩᠭ᠋ᠠᠨ᠎ᠠ᠃
      ᠬᠤᠷᠢᠨ ᠲᠦᠷᠪᠡᠳᠦᠭᠡᠷ ᠵᠦᠢ᠍ᠯ ᠰᠤᠷᠭ᠋ᠠᠭᠤᠯᠢ᠎ᠠᠴᠠ ᠠᠶᠤᠯᠬᠦᠢ ᠵᠢᠨ ᠲᠦᠷᠢᠮ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠤᠭᠳᠠᠴᠠ ᠵᠢ ᠪᠠᠶ᠋ᠢᠭᠤᠯᠤᠨ ᠲᠡᠬᠦᠯᠳᠡᠷᠵᠢᠬᠦᠯᠵᠦ᠂ ᠰᠤᠷᠤᠭᠴᠢᠳ᠎ᠲᠤ ᠠᠶᠤᠯᠬᠦᠢ ᠵᠢᠨ ᠲᠤᠬᠠᠢ ᠬᠦᠮᠦᠵᠢᠯ ᠬᠢᠵᠦ᠂ ᠬᠠᠮᠢᠶᠠᠷᠤᠯᠳᠠ᠎ᠪᠠᠨ ᠴᠢᠩᠭ᠋ᠠᠳᠬᠠᠵᠦ᠂ ᠲᠠᠯᠳᠠ ᠭᠡᠮ᠎ᠢ ᠴᠠᠭ ᠲᠤᠬᠠᠢ᠎ᠳᠤᠨᠢ ᠠᠷᠢᠯᠭ᠋ᠠᠵᠦ᠂ ᠠᠳᠡᠯ ᠭᠠᠷᠬᠤ ᠵᠢ ᠤᠷᠢᠳᠴᠢᠯᠠᠨ ᠰᠡᠷᠭᠡᠶ᠋ᠢᠯᠡᠬᠦ ᠬᠡᠷᠡᠭᠲᠠᠢ᠃
      ᠰᠢᠶᠠᠨ᠎ᠤ ᠱᠠᠳᠣᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠰᠤᠷᠭ᠋ᠠᠭᠤᠯᠢ ᠵᠢᠨ ᠪᠠᠶ᠋ᠢᠷᠢ ᠵᠢᠨ ᠠᠶᠤᠯᠬᠦᠢ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ᠎ᠠ; ᠰᠡᠯᠪᠢᠨ ᠵᠠᠰᠠᠵᠦ᠂ ᠦᠭᠡᠷᠡᠴᠢᠯᠡᠬᠦ ᠴᠢᠬᠤᠯᠠᠲᠠᠢ ᠪᠠᠶ᠋ᠢᠪᠠᠯ ᠴᠠᠭ ᠲᠤᠬᠠᠢ᠎ᠳᠤᠨᠢ ᠰᠡᠯᠪᠢᠨ ᠵᠠᠰᠠᠵᠦ᠂ ᠦᠭᠡᠷᠡᠴᠢᠯᠡᠬᠦ ᠬᠡᠷᠡᠭᠲᠠᠢ᠃
      ᠰᠣᠷᠭ᠋ᠠᠭᠤᠯᠢ᠎ᠨᠢ ᠵᠤᠷᠢᠭᠤᠳᠠ ᠶᠠᠯ᠎ᠠ ᠬᠢᠵᠦ ᠬᠠᠤᠯᠢ ᠶᠤᠰᠤᠭ᠋ᠠᠷ ᠤᠯᠤᠰ ᠲᠦᠷᠦ ᠵᠢᠨ ᠡᠷᠭᠡ᠎ᠪᠠᠨ ᠬᠠᠰᠤᠭᠤᠯᠤᠭᠰᠠᠨ ᠬᠦᠮᠦᠨ ᠪᠤᠶᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠠᠵᠢᠯ᠎ᠢ ᠬᠢᠬᠦ᠎ᠳᠤ ᠲᠤᠬᠢᠷᠠᠬᠤ ᠦᠭᠡᠢ ᠪᠤᠰᠤᠳ ᠬᠦᠮᠦᠨ᠎ᠢ ᠤᠷᠢᠨ ᠬᠡᠷᠡᠭᠯᠡᠵᠦ ᠰᠤᠷᠭ᠋ᠠᠭᠤᠯᠢ ᠵᠢᠨ ᠠᠵᠢᠯᠳᠠᠨ ᠪᠤᠯᠭ᠋ᠠᠵᠦ ᠪᠤᠯᠬᠤ ᠦᠭᠡᠢ᠃
      ᠬᠤᠷᠢᠨ ᠲᠠᠪᠤᠳᠤᠭ᠋ᠠᠷ ᠵᠦᠢ᠍ᠯ ᠰᠣᠷᠭ᠋ᠠᠭᠤᠯᠢ᠎ᠨᠢ ᠤᠯᠤᠰ᠎ᠤᠨ ᠲᠤᠭᠳᠠᠭ᠋ᠠᠯ᠎ᠢ ᠵᠦᠷᠢᠴᠡᠵᠦ ᠰᠦᠢ᠍ᠳᠭᠡᠯ ᠬᠤᠷᠢᠶᠠᠵᠦ ᠪᠤᠯᠬᠤ ᠦᠭᠡᠢ᠂ ᠰᠤᠷᠤᠭᠴᠢᠳ᠎ᠲᠤ ᠲᠠᠸᠡᠷ᠂ ᠦᠢ᠍ᠯᠡᠴᠢᠯᠡᠭᠡ ᠵᠢ ᠪᠤᠷᠤᠯᠠᠭᠤᠯᠬᠤ ᠪᠤᠶᠤ ᠬᠡᠯᠪᠡᠷᠢ ᠵᠢ᠎ᠨᠢ ᠦᠭᠡᠷᠡᠳᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ᠎ᠪᠠᠷ ᠠᠰᠢᠭ ᠲᠤᠰᠠ ᠤᠯᠵᠦ ᠪᠤᠯᠬᠤ ᠦᠭᠡᠢ᠃
      ᠬᠤᠷᠢᠨ ᠵᠢᠷᠭᠤᠳᠤᠭ᠋ᠠᠷ ᠵᠦᠢ᠍ᠯ ᠰᠣᠷᠭ᠋ᠠᠭᠤᠯᠢ᠎ᠨᠢ ᠰᠤᠷᠭ᠋ᠠᠭᠤᠯᠢ ᠵᠢᠨ ᠲᠠᠷᠤᠭ᠎ᠠ ᠵᠢᠨ ᠬᠠᠷᠢᠭᠤᠴᠠᠬᠤ ᠲᠦᠷᠢᠮ᠎ᠢ ᠬᠡᠷᠡᠭᠵᠢᠬᠦᠯᠦᠨ᠎ᠡ᠃ ᠰᠤᠷᠭ᠋ᠠᠭᠤᠯᠢ ᠵᠢᠨ ᠲᠠᠷᠤᠭ᠎ᠠ᠎ᠨᠢ ᠤᠯᠤᠰ᠎ᠤᠨ ᠲᠤᠭᠳᠠᠭ᠋ᠠᠭᠰᠠᠨ ᠲᠤᠰᠢᠶᠠᠯ ᠡᠬᠦᠷᠭᠡᠯᠡᠬᠦ ᠨᠦᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠠᠢ᠃ ᠰᠣᠷᠭ᠋ᠠᠭᠤᠯᠢ ᠵᠢᠨ ᠲᠠᠷᠤᠭ᠎ᠠ ᠵᠢ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠤᠷᠢᠨ ᠲᠤᠮᠢᠯᠠᠨ᠎ᠠ᠃
      ᠬᠤᠷᠢᠨ ᠲᠤᠯᠤᠳᠤᠭ᠋ᠠᠷ ᠵᠦᠢ᠍ᠯ ᠰᠣᠷᠭ᠋ᠠᠭᠤᠯᠢ ᠵᠢᠨ ᠬᠠᠮᠢᠶᠠᠷᠤᠯᠳᠠ ᠵᠢᠨ ᠲᠦᠷᠢᠮ᠎ᠢ ᠵᠦᠷᠢᠴᠡᠭᠰᠡᠨ ᠰᠤᠷᠤᠭᠴᠢᠳ᠎ᠢ ᠰᠤᠷᠭ᠋ᠠᠭᠤᠯᠢ᠎ᠠᠴᠠ ᠰᠢᠬᠦᠮᠵᠢᠯᠡᠨ ᠰᠤᠷᠭ᠋ᠠᠬᠤ ᠬᠡᠷᠡᠭᠲᠠᠢ᠂ ᠰᠤᠷᠭ᠋ᠠᠭᠤᠯᠢ᠎ᠠᠴᠠ ᠬᠦᠭᠡᠭᠡᠵᠦ ᠪᠤᠯᠬᠤ ᠦᠭᠡᠢ᠃

      ᠳᠦᠷᠪᠡᠳᠦᠭᠡᠷ ᠪᠦᠯᠦᠭ ᠪᠠᠭᠰᠢ

      ᠬᠤᠷᠢᠨ ᠨᠠᠢ᠍ᠮᠠᠳᠤᠭ᠋ᠠᠷ ᠵᠦᠢ᠍ᠯ ᠪᠠᠭᠰᠢ ᠬᠠᠤᠯᠢ᠎ᠳᠤ ᠲᠤᠭᠳᠠᠭ᠋ᠠᠭᠰᠠᠨ ᠡᠷᠭᠡ ᠵᠢ ᠡᠳ᠋ᠯᠡᠬᠦ ᠪᠦᠭᠡᠳ ᠬᠠᠤᠯᠢ᠎ᠳᠤ ᠲᠤᠭᠳᠠᠭ᠋ᠠᠭᠰᠠᠨ ᠡᠬᠦᠷᠭᠡ᠎ᠪᠠᠨ ᠬᠦᠢ᠍ᠴᠡᠳᠭᠡᠵᠦ᠂ ᠬᠦᠮᠦᠨ᠎ᠳᠤ ᠬᠡᠪ ᠲᠦᠷᠢᠮ ᠪᠤᠯᠵᠦ᠂ ᠠᠷᠠᠳ᠎ᠤᠨ ᠰᠤᠷᠭ᠋ᠠᠨ ᠬᠦᠮᠦᠵᠢᠯ᠎ᠤᠨ ᠦᠢ᠍ᠯᠡᠰ᠎ᠲᠤ ᠦᠨᠡᠨᠴᠢ ᠰᠢᠳᠤᠷᠭᠤ ᠪᠠᠶ᠋ᠢᠬᠤ ᠬᠡᠷᠡᠭᠲᠠᠢ᠃
      ᠨᠡᠶ᠋ᠢᠭᠡᠮ ᠲᠠᠶᠠᠭ᠋ᠠᠷ ᠵᠶ᠋ᠠᠨ ᠪᠠᠭᠰᠢ ᠵᠢ ᠬᠦᠨᠳᠦᠳᠭᠡᠬᠦ ᠬᠡᠷᠡᠭᠲᠠᠢ᠃
      ᠬᠤᠷᠢ ᠶᠢᠰᠦᠳᠦᠭᠡᠷ ᠵᠦᠢ᠍ᠯ ᠪᠠᠭᠰᠢ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠲᠤᠮᠳᠠ᠎ᠪᠠᠨ ᠰᠤᠷᠤᠭᠴᠢᠳ᠎ᠲᠤ ᠡᠷᠭᠡ ᠲᠡᠭᠰᠢ᠎ᠪᠠᠷ ᠬᠠᠨᠳᠤᠵᠦ᠂ ᠰᠤᠷᠤᠭᠴᠢ ᠵᠢᠨ ᠪᠤᠳᠠᠭ᠋ᠠᠯᠢ ᠪᠡᠶ᠎ᠡ ᠵᠢᠨ ᠵᠦᠷᠢᠶ᠎ᠡ ᠵᠢ ᠠᠩᠬᠠᠷᠴᠦ᠂ ᠪᠠᠶ᠋ᠢᠳᠠᠯ᠎ᠳᠤᠨᠢ ᠲᠤᠬᠢᠷᠠᠭᠤᠯᠤᠨ ᠵᠢᠭ᠋ᠠᠵᠦ᠂ ᠰᠤᠷᠤᠭᠴᠢ ᠵᠢᠨ ᠪᠦᠷᠢᠨ ᠬᠦᠢ᠍ᠴᠡᠳ ᠬᠦᠭᠵᠢᠯᠳᠡ ᠵᠢ ᠠᠬᠢᠭᠤᠯᠬᠤ ᠬᠡᠷᠡᠭᠲᠠᠢ᠃
      ᠪᠠᠭᠰᠢ᠎ᠨᠢ ᠰᠤᠷᠤᠭᠴᠢᠳ᠎ᠤᠨ ᠬᠦᠮᠦᠨ᠎ᠤ ᠨᠡᠷ᠎ᠡ ᠲᠦᠷᠦ ᠵᠢ ᠬᠦᠨᠳᠦᠳᠭᠡᠬᠦ ᠬᠡᠷᠡᠭᠲᠠᠢ᠂ ᠰᠤᠷᠤᠭᠴᠢ ᠵᠢ ᠭᠠᠳᠠᠭᠤᠷᠴᠢᠯᠠᠵᠦ ᠪᠤᠯᠬᠤ ᠦᠭᠡᠢ᠂ ᠰᠤᠷᠤᠭᠴᠢ ᠵᠢ ᠲᠠᠮᠤᠯᠠᠬᠤ᠂ ᠬᠡᠯᠪᠡᠷᠢ ᠵᠢ᠎ᠨᠢ ᠦᠭᠡᠷᠡᠳᠦᠬᠦᠯᠦᠨ ᠲᠠᠮᠤᠯᠠᠬᠤ ᠪᠤᠶᠤ ᠬᠦᠮᠦᠨ᠎ᠤ ᠨᠡᠷ᠎ᠡ ᠲᠦᠷᠦ ᠵᠢ ᠭᠤᠳᠤᠭ᠋ᠠᠭᠰᠠᠨ ᠪᠤᠰᠤᠳ ᠠᠵᠢᠯᠯᠠᠭ᠎ᠠ ᠵᠢ ᠬᠢᠵᠦ ᠪᠤᠯᠬᠤ ᠦᠭᠡᠢ᠂ ᠰᠤᠷᠤᠭᠴᠢᠳ᠎ᠤᠨ ᠬᠠᠤᠯᠢ ᠶᠤᠰᠤᠨ᠎ᠤ ᠡᠷᠭᠡ ᠠᠰᠢᠭ᠎ᠲᠤ ᠬᠠᠯᠳᠠᠵᠦ ᠪᠤᠯᠬᠤ ᠦᠭᠡᠢ᠃
      ᠭᠤᠴᠢᠳᠤᠭ᠋ᠠᠷ ᠵᠦᠢ᠍ᠯ ᠪᠠᠭᠰᠢ ᠡᠷᠭᠡᠪᠰᠢ ᠤᠯᠤᠰ᠎ᠠᠴᠠ ᠲᠤᠭᠳᠠᠭ᠋ᠠᠭᠰᠠᠨ ᠪᠠᠭᠰᠢ ᠵᠢᠨ ᠬᠢᠷᠢ ᠭᠡᠮ᠎ᠢ ᠤᠯᠤᠭᠰᠠᠨ ᠪᠠᠶ᠋ᠢᠬᠤ ᠬᠡᠷᠡᠭᠲᠠᠢ᠃
      ᠤᠯᠤᠰ᠎ᠠᠴᠠ ᠨᠢᠭᠡᠳᠦᠯᠲᠠᠢ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠪᠠᠭᠰᠢ ᠵᠢᠨ ᠲᠤᠰᠢᠶᠠᠯ᠎ᠤᠨ ᠲᠦᠷᠢᠮ᠎ᠢ ᠪᠠᠶ᠋ᠢᠭᠤᠯᠤᠨ᠎ᠠ᠃ ᠪᠠᠭᠰᠢ ᠵᠢᠨ ᠲᠤᠰᠢᠶᠠᠯ᠎ᠢ ᠠᠩᠬ᠎ᠠ ᠵᠡᠷᠭᠡ ᠵᠢᠨ ᠲᠤᠰᠢᠶᠠᠯ᠂ ᠲᠤᠮᠳᠠ ᠵᠡᠷᠭᠡ ᠵᠢᠨ ᠲᠤᠰᠢᠶᠠᠯ ᠪᠤᠯᠤᠨ ᠲᠡᠭᠡᠳᠦ ᠵᠡᠷᠭᠡ ᠵᠢᠨ ᠲᠤᠰᠢᠶᠠᠯ ᠭᠡᠵᠦ ᠬᠤᠪᠢᠶᠠᠨ᠎ᠠ᠃
      ᠭᠤᠴᠢᠨ ᠨᠢᠭᠡᠳᠦᠭᠡᠷ ᠵᠦᠢ᠍ᠯ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠪᠠᠭᠰᠢ ᠵᠢᠨ ᠴᠠᠯᠢᠩ ᠠᠰᠠᠷᠠᠮᠵᠢ ᠪᠤᠯᠤᠨ ᠨᠡᠶ᠋ᠢᠭᠡᠮ᠎ᠤᠨ ᠲᠠᠭ᠋ᠠᠳᠬᠠᠯ᠎ᠤᠨ ᠬᠠᠷᠠᠭ᠋ᠠᠯᠵᠠᠯ᠎ᠢ ᠪᠠᠳᠤᠯᠠᠵᠦ᠂ ᠪᠠᠭᠰᠢ ᠵᠢᠨ ᠠᠵᠢᠯ ᠪᠠ ᠠᠮᠢᠳᠤᠷᠠᠯ᠎ᠤᠨ ᠨᠦᠬᠦᠴᠡᠯ᠎ᠢ᠎ᠨᠢ ᠰᠠᠶ᠋ᠢᠵᠢᠷᠠᠭᠤᠯᠤᠨ᠎ᠠ; ᠬᠦᠳᠡᠭᠡ ᠲᠤᠰᠬᠤᠨ᠎ᠤ ᠪᠠᠭᠰᠢ ᠵᠢᠨ ᠴᠠᠯᠢᠩ ᠵᠠᠷᠤᠳᠠᠯ᠎ᠤᠨ ᠪᠠᠳᠤᠯᠠᠭ᠎ᠠ ᠵᠢᠨ ᠲᠤᠭᠳᠠᠴᠠ ᠵᠢ ᠲᠡᠬᠦᠯᠳᠡᠷᠵᠢᠬᠦᠯᠦᠨ᠎ᠡ᠃
      ᠪᠠᠭᠰᠢ ᠵᠢᠨ ᠲᠤᠮᠳᠠᠴᠢ ᠴᠠᠯᠢᠩ᠎ᠤᠨ ᠬᠡᠮᠵᠢᠶ᠎ᠡ ᠵᠢ ᠲᠤᠬᠠᠢ ᠵᠢᠨ ᠭᠠᠵᠠᠷ᠎ᠤᠨ ᠠᠯᠪᠠᠳᠠᠨ᠎ᠤ ᠲᠤᠮᠳᠠᠴᠢ ᠴᠠᠯᠢᠩ᠎ᠤᠨ ᠬᠡᠮᠵᠢᠶ᠎ᠡ᠎ᠠᠴᠠ ᠲᠤᠤᠷ᠎ᠡ ᠪᠤᠰᠤ ᠪᠠᠶ᠋ᠢᠯᠭ᠋ᠠᠬᠤ ᠬᠡᠷᠡᠭᠲᠠᠢ᠃
      ᠤᠨᠴᠠᠭ᠋ᠠᠢ ᠰᠤᠷᠭ᠋ᠠᠨ ᠬᠦᠮᠦᠵᠢᠯ᠎ᠤᠨ ᠪᠠᠭᠰᠢ᠎ᠳᠤ ᠤᠨᠴᠠᠭ᠋ᠠᠢ ᠠᠵᠢᠯ᠎ᠤᠨ ᠪᠠᠶ᠋ᠢᠷᠢ ᠵᠢᠨ ᠲᠤᠰᠠᠯᠠᠮᠵᠢ ᠵᠢᠨ ᠨᠦᠬᠦᠪᠤᠷᠢ ᠵᠤᠭᠤᠰ ᠤᠯᠭᠤᠨ᠎ᠠ᠃ ᠦᠨᠳᠦᠰᠦᠳᠡᠨ᠎ᠤ ᠭᠠᠵᠠᠷ ᠤᠷᠤᠨ ᠪᠤᠶᠤ ᠵᠠᠬ᠎ᠠ ᠬᠢᠵᠠᠭ᠋ᠠᠷ᠎ᠤᠨ ᠶᠠᠳᠠᠭᠤ ᠬᠦᠴᠢᠷᠳᠡᠯᠲᠠᠢ ᠭᠠᠵᠠᠷ ᠤᠷᠤᠨ᠎ᠳᠤ ᠠᠵᠢᠯᠯᠠᠵᠦ ᠪᠠᠶ᠋ᠢᠭ᠎ᠠ ᠪᠠᠭᠰᠢ᠎ᠳᠤ ᠬᠠᠳᠠᠭᠤ ᠪᠡᠷᠭᠡ ᠶᠠᠳᠠᠭᠤ ᠬᠦᠴᠢᠷᠳᠡᠯᠲᠠᠢ ᠭᠠᠵᠠᠷ ᠤᠷᠤᠨ᠎ᠤ ᠲᠤᠰᠠᠯᠠᠮᠵᠢ ᠵᠢᠨ ᠨᠦᠬᠦᠪᠤᠷᠢ ᠵᠤᠭᠤᠰ ᠤᠯᠭᠤᠨ᠎ᠠ᠃
      ᠭᠤᠴᠢᠨ ᠬᠤᠶᠠᠳᠤᠭ᠋ᠠᠷ ᠵᠦᠢ᠍ᠯ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠪᠠᠭᠰᠢ ᠨᠠᠷ᠎ᠢ ᠬᠦᠮᠦᠵᠢᠬᠦᠯᠬᠦ ᠵᠢ ᠴᠢᠩᠭ᠋ᠠᠳᠬᠠᠵᠦ᠂ ᠠᠷᠭ᠎ᠠ ᠬᠡᠮᠵᠢᠶ᠎ᠡ ᠠᠪᠴᠦ ᠪᠠᠶ᠋ᠢᠭ᠋ᠠᠳ ᠪᠠᠭᠰᠢ ᠵᠢᠨ ᠰᠤᠷᠭ᠋ᠠᠨ ᠬᠦᠮᠦᠵᠢᠯ᠎ᠢ ᠬᠦᠭᠵᠢᠬᠦᠯᠬᠦ ᠬᠡᠷᠡᠭᠲᠠᠢ᠃
      ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠰᠤᠷᠭ᠋ᠠᠭᠤᠯᠢ ᠵᠢᠨ ᠪᠠᠭᠰᠢ ᠵᠢᠨ ᠬᠦᠴᠦᠨ᠎ᠢ ᠲᠡᠩᠴᠡᠬᠦᠷᠢᠲᠠᠢ ᠲᠤᠬᠢᠷᠠᠭᠤᠯᠵᠦ᠂ ᠰᠣᠷᠭ᠋ᠠᠭᠤᠯᠢ ᠵᠢᠨ ᠲᠠᠷᠤᠭ᠎ᠠ᠂ ᠪᠠᠭᠰᠢ ᠨᠠᠷ᠎ᠤᠨ ᠪᠤᠯᠪᠠᠰᠣᠷᠠᠭᠤᠯᠤᠯ ᠪᠠ ᠰᠢᠯᠵᠢᠯᠳᠠ ᠵᠢ ᠵᠤᠬᠢᠶᠠᠨ ᠪᠠᠶ᠋ᠢᠭᠤᠯᠵᠦ᠂ ᠪᠠᠭᠤᠷᠠᠢ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠬᠤ ᠬᠡᠷᠡᠭᠲᠠᠢ᠃
      ᠭᠤᠴᠢᠨ ᠭᠤᠷᠪᠠᠳᠤᠭ᠋ᠠᠷ ᠵᠦᠢ᠍ᠯ ᠬᠤᠳᠠ ᠵᠢᠨ ᠰᠣᠷᠭ᠋ᠠᠭᠤᠯᠢ ᠵᠢᠨ ᠪᠠᠭᠰᠢ ᠨᠠᠷ ᠪᠠ ᠲᠡᠭᠡᠳᠦ ᠰᠤᠷᠭ᠋ᠠᠭᠤᠯᠢ ᠲᠡᠬᠦᠰᠦᠭᠰᠡᠨ ᠰᠤᠷᠤᠭᠴᠢᠳ᠎ᠤᠨ ᠬᠦᠳᠡᠭᠡ ᠲᠤᠰᠬᠤᠨ᠎ᠤ ᠭᠠᠵᠠᠷ ᠤᠷᠤᠨ᠂ ᠦᠨᠳᠦᠰᠦᠳᠡᠨ᠎ᠤ ᠭᠠᠵᠠᠷ ᠤᠷᠤᠨ᠎ᠳᠤ ᠤᠴᠢᠵᠦ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠠᠵᠢᠯ ᠬᠢᠬᠦ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠪᠤᠯᠤᠨ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠤᠷᠢᠭᠵᠢᠭᠤᠯᠤᠨ ᠲᠡᠮᠵᠢᠨ᠎ᠡ᠃
      ᠲᠡᠭᠡᠳᠦ ᠰᠣᠷᠭ᠋ᠠᠭᠤᠯᠢ ᠲᠡᠬᠦᠰᠦᠭᠰᠡᠨ ᠰᠤᠷᠤᠭᠴᠢᠳ᠎ᠤᠨ ᠰᠠᠶ᠋ᠢᠨ ᠲᠤᠷ᠎ᠡ᠎ᠠᠴᠠ᠎ᠪᠠᠨ ᠤᠷᠤᠯᠴᠠᠭᠴᠢ ᠵᠢᠨ ᠬᠡᠯᠪᠡᠷᠢ᠎ᠪᠠᠷ ᠬᠦᠳᠡᠭᠡ ᠲᠤᠰᠬᠤᠨ᠎ᠤ ᠭᠠᠵᠠᠷ ᠤᠷᠤᠨ᠂ ᠦᠨᠳᠦᠰᠦᠳᠡᠨ᠎ᠤ ᠭᠠᠵᠠᠷ ᠤᠷᠤᠨ᠎ᠤ ᠪᠠᠭᠰᠢ ᠲᠤᠳᠠᠭᠳᠠᠵᠦ ᠪᠠᠶ᠋ᠢᠭ᠎ᠠ ᠰᠤᠷᠭ᠋ᠠᠭᠤᠯᠢ᠎ᠳᠤ ᠤᠴᠢᠵᠦ ᠪᠠᠭᠰᠢᠯᠠᠬᠤ ᠵᠢ ᠤᠯᠤᠰ᠎ᠠᠴᠠ ᠵᠤᠷᠢᠭᠵᠢᠭᠤᠯᠤᠨ᠎ᠠ᠃ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠣᠷᠭ᠋ᠠᠨ ᠬᠦᠮᠦᠵᠢᠯ ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠡᠳᠡ ᠨᠠᠷ᠎ᠤᠨ ᠪᠠᠭᠰᠢ ᠵᠢᠨ ᠬᠢᠷᠢ ᠭᠡᠮ᠎ᠢ ᠬᠠᠤᠯᠢ ᠶᠤᠰᠤᠭ᠋ᠠᠷ ᠮᠠᠭ᠋ᠠᠳᠯᠠᠨ ᠲᠤᠭᠳᠠᠭ᠋ᠠᠵᠦ᠂ ᠪᠠᠭᠰᠢᠯᠠᠭᠰᠠᠨ ᠴᠠᠭ ᠬᠤᠭᠤᠴᠠᠭ᠎ᠠ ᠵᠢ᠎ᠨᠢ ᠠᠵᠢᠯᠯᠠᠭᠰᠠᠨ ᠵᠢᠯ᠎ᠳᠤ ᠪᠤᠳᠤᠵᠦ ᠤᠷᠤᠭᠤᠯᠤᠨ᠎ᠠ᠃

      ᠲᠠᠪᠤᠳᠤᠭ᠋ᠠᠷ ᠪᠦᠯᠦᠭ ᠰᠣᠷᠭ᠋ᠠᠨ ᠬᠦᠮᠦᠵᠢᠬᠦᠯᠬᠦ ᠪᠠ ᠵᠢᠭ᠋ᠠᠨ ᠰᠣᠷᠭ᠋ᠠᠬᠤ

      ᠭᠤᠴᠢᠨ ᠳᠦᠷᠪᠡᠳᠦᠭᠡᠷ ᠵᠦᠢ᠍ᠯ ᠰᠣᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠵᠢᠯ᠎ᠢ ᠰᠤᠷᠭ᠋ᠠᠨ ᠬᠦᠮᠦᠵᠢᠯ᠎ᠤᠨ ᠵᠢᠮ᠎ᠡ ᠶᠤᠰᠤ ᠪᠤᠯᠤᠨ ᠰᠤᠷᠤᠭᠴᠢᠳ᠎ᠤᠨ ᠪᠡᠶ᠎ᠡ ᠰᠡᠳᠬᠢᠯ᠎ᠤᠨ ᠪᠤᠶ᠋ᠢᠵᠢᠯᠳᠠ ᠬᠦᠭᠵᠢᠯᠳᠡ ᠵᠢᠨ ᠤᠨᠴᠠᠯᠢᠭ᠎ᠲᠠᠢ ᠨᠡᠶ᠋ᠢᠴᠡᠬᠦᠯᠵᠦ᠂ ᠪᠦᠬᠦ ᠰᠤᠷᠤᠭᠴᠢᠳ᠎ᠲᠤ ᠴᠢᠭᠯᠡᠬᠦᠯᠵᠦ᠂ ᠪᠢᠴᠢᠭ ᠵᠢᠭ᠋ᠠᠵᠦ ᠬᠦᠮᠦᠨ᠎ᠢ ᠬᠦᠮᠦᠵᠢᠬᠦᠯᠵᠦ᠂ ᠶᠤᠰᠤ ᠮᠤᠷᠠᠯ᠎ᠤᠨ ᠬᠦᠮᠦᠵᠢᠯ᠂ ᠤᠶᠤᠨ ᠤᠬᠠᠭ᠋ᠠᠨ ᠎ᠤ ᠬᠦᠮᠦᠵᠢᠯ᠂ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠦᠮᠦᠵᠢᠯ ᠵᠡᠷᠭᠡ ᠵᠢ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠵᠢᠯᠯᠠᠭ᠎ᠠ ᠵᠢᠨ ᠲᠤᠮᠳᠠ ᠤᠷᠭ᠋ᠠᠨᠢᠭ ᠵᠶ᠋ᠠᠷ ᠨᠢᠭᠡᠳᠭᠡᠵᠦ᠂ ᠰᠤᠷᠤᠭᠴᠢᠳ᠎ᠤᠨ ᠪᠡᠶ᠎ᠡ᠎ᠪᠠᠨ ᠲᠠᠭ᠋ᠠᠭ᠋ᠠᠵᠦ ᠰᠢᠳᠬᠢᠬᠦ ᠴᠢᠳᠠᠪᠤᠷᠢ᠂ ᠰᠢᠨ᠎ᠡ ᠵᠢ ᠡᠬᠦᠳᠬᠦ ᠴᠢᠳᠠᠪᠤᠷᠢ ᠪᠠ ᠦᠢ᠍ᠯᠡᠳᠦᠯᠭᠡ ᠬᠢᠬᠦ ᠴᠢᠳᠠᠪᠤᠷᠢ ᠵᠢ ᠴᠢᠬᠤᠯᠠᠴᠢᠯᠠᠨ ᠬᠦᠮᠦᠵᠢᠬᠦᠯᠵᠦ᠂ ᠰᠤᠷᠤᠭᠴᠢᠳ᠎ᠤᠨ ᠪᠦᠬᠦ ᠲᠠᠯ᠎ᠠ ᠵᠢᠨ ᠬᠦᠭᠵᠢᠯᠳᠡ ᠵᠢ ᠠᠬᠢᠭᠤᠯᠬᠤ ᠬᠡᠷᠡᠭᠲᠠᠢ᠃
      ᠭᠤᠴᠢᠨ ᠲᠠᠪᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠰᠣᠷᠭ᠋ᠠᠭᠤᠯᠢ᠎ᠳᠤ ᠤᠷᠤᠬᠤ ᠨᠠᠰᠤᠨ᠎ᠤ ᠭᠡᠣᠭᠡᠳ᠂ ᠪᠠᠭ᠋ᠠᠴᠤᠳ᠎ᠤᠨ ᠪᠡᠶ᠎ᠡ ᠰᠡᠳᠬᠢᠯ᠎ᠤᠨ ᠪᠤᠶ᠋ᠢᠵᠢᠯᠳᠠ ᠬᠦᠭᠵᠢᠯᠳᠡ ᠵᠢᠨ ᠪᠠᠶ᠋ᠢᠳᠠᠯ ᠪᠠ ᠪᠤᠳᠠᠲᠠᠢ ᠪᠠᠶ᠋ᠢᠳᠠᠯ᠎ᠢ ᠦᠨᠳᠦᠰᠦᠯᠡᠵᠦ᠂ ᠵᠢᠭ᠋ᠠᠨ ᠰᠣᠷᠭ᠋ᠠᠬᠤ ᠲᠦᠷᠢᠮ᠂ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠭᠤᠯᠭ᠎ᠠ ᠪᠤᠯᠤᠨ ᠬᠢᠴᠢᠶᠡᠯ᠎ᠤᠨ ᠪᠠᠶ᠋ᠢᠷᠢᠯᠠᠭᠤᠯᠤᠯᠳᠠ ᠵᠢ ᠲᠤᠭᠳᠠᠭ᠋ᠠᠵᠦ᠂ ᠰᠢᠯᠭ᠋ᠠᠯᠳᠠ ᠵᠢᠨ ᠲᠦᠷᠢᠮ᠎ᠢ ᠦᠭᠡᠷᠡᠴᠢᠯᠡᠬᠦ ᠵᠢᠨ ᠬᠠᠮᠳᠦ ᠦᠨᠳᠦᠷ ᠵᠡᠷᠭᠡ ᠵᠢᠨ ᠲᠤᠮᠳᠠᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠠᠷᠭ᠎ᠠ ᠵᠢ ᠰᠠᠶ᠋ᠢᠵᠢᠷᠠᠭᠤᠯᠵᠦ᠂ ᠭᠡᠪ ᠴᠢᠨᠠᠷ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠬᠦ ᠵᠢ ᠲᠦᠯᠬᠢᠨ ᠠᠬᠢᠭᠤᠯᠤᠨ᠎ᠠ᠃
      ᠰᠣᠷᠭ᠋ᠠᠭᠤᠯᠢ ᠪᠤᠯᠤᠨ ᠪᠠᠭᠰᠢ ᠨᠠᠷ ᠲᠤᠭᠳᠠᠭ᠋ᠠᠭᠰᠠᠨ ᠰᠣᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠭᠤᠯᠭ᠎ᠠ ᠪᠤᠯᠤᠨ ᠬᠢᠴᠢᠶᠡᠯ᠎ᠤᠨ ᠪᠠᠶ᠋ᠢᠷᠢᠯᠠᠭᠤᠯᠤᠯᠳᠠ ᠶᠤᠰᠤᠭ᠋ᠠᠷ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠵᠢᠯ ᠵᠶ᠋ᠠᠨ ᠦᠷᠨᠢᠬᠦᠯᠵᠦ᠂ ᠤᠯᠤᠰ᠎ᠤᠨ ᠲᠤᠭᠳᠠᠭ᠋ᠠᠭᠰᠠᠨ ᠦᠨᠳᠦᠰᠦᠨ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠬᠦᠷᠭᠡᠬᠦ ᠵᠢ ᠪᠠᠳᠤᠯᠠᠨ᠎ᠠ᠃
      ᠰᠣᠷᠭ᠋ᠠᠭᠤᠯᠢ ᠪᠤᠯᠤᠨ ᠪᠠᠭᠰᠢ ᠨᠠᠷ᠎ᠤᠨ ᠰᠡᠩᠭᠡᠷᠡᠬᠦᠯᠬᠦ ᠮᠠᠶᠢᠭ᠎ᠤᠨ ᠰᠤᠷᠭ᠋ᠠᠨ ᠬᠦᠮᠦᠵᠢᠯ ᠵᠡᠷᠭᠡ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠷᠭ᠎ᠠ᠎ᠪᠠᠷ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠶᠠᠰᠤ ᠴᠢᠨᠠᠷ ᠵᠶ᠋ᠠᠨ ᠲᠡᠭᠡᠭᠰᠢᠯᠡᠬᠦᠯᠬᠦ ᠵᠢ ᠤᠯᠤᠰ᠎ᠠᠴᠠ ᠵᠤᠷᠢᠭᠵᠢᠭᠤᠯᠤᠨ᠎ᠠ᠃
      ᠭᠤᠴᠢᠨ ᠵᠢᠷᠭᠤᠳᠤᠭ᠋ᠠᠷ ᠵᠦᠢ᠍ᠯ ᠰᠤᠷᠭ᠋ᠠᠭᠤᠯᠢ᠎ᠠᠴᠠ ᠶᠤᠰᠤ ᠮᠤᠷᠠᠯ᠎ᠤᠨ ᠬᠦᠮᠦᠵᠢᠯ᠎ᠢ ᠲᠡᠷᠢᠬᠦᠨ ᠪᠠᠶ᠋ᠢᠷᠢᠨ᠎ᠳᠤ ᠲᠠᠯᠪᠢᠵᠦ᠂ ᠶᠤᠰᠤ ᠮᠤᠷᠠᠯ᠎ᠤᠨ ᠬᠦᠮᠦᠵᠢᠯ᠎ᠢ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠠᠵᠢᠯ᠎ᠳᠤ ᠠᠭᠤᠯᠵᠦ᠂ ᠰᠤᠷᠤᠭᠴᠢᠳ᠎ᠤᠨ ᠨᠠᠰᠤ ᠵᠢᠯ᠎ᠲᠠᠢ ᠲᠤᠬᠢᠷᠠᠭᠰᠠᠨ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠦᠷᠨᠢᠬᠦᠯᠵᠦ᠂ ᠰᠤᠷᠭ᠋ᠠᠭᠤᠯᠢ᠂ ᠭᠡᠷ ᠪᠦᠯᠢ᠂ ᠨᠡᠶ᠋ᠢᠭᠡᠮ ᠵᠶ᠋ᠠᠷ ᠵᠶ᠋ᠠᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠤᠰᠤ ᠮᠤᠷᠠᠯ᠎ᠤᠨ ᠰᠣᠷᠭ᠋ᠠᠨ ᠬᠦᠮᠦᠵᠢᠯ᠎ᠤᠨ ᠰᠢᠰᠲ᠋ᠧᠮ᠎ᠢ ᠪᠦᠷᠢᠯᠳᠦᠬᠦᠯᠵᠦ᠂ ᠰᠤᠷᠤᠭᠴᠢᠳ᠎ᠤᠨ ᠰᠠᠶ᠋ᠢᠨ ᠰᠠᠶ᠋ᠢᠬᠠᠨ ᠦᠵᠡᠯ ᠰᠠᠨᠠᠭ᠎ᠠ ᠶᠤᠰᠤ ᠮᠤᠷᠠᠯ ᠪᠠ ᠦᠢ᠍ᠯᠡ ᠠᠵᠢᠯᠯᠠᠭ᠎ᠠ ᠵᠢᠨ ᠵᠠᠩ ᠲᠠᠳᠬᠠᠯ᠎ᠲᠠᠢ ᠪᠤᠯᠬᠤ ᠵᠢ ᠠᠬᠢᠭᠤᠯᠬᠤ ᠬᠡᠷᠡᠭᠲᠠᠢ᠃
      ᠭᠤᠴᠢᠨ ᠲᠤᠯᠤᠳᠤᠭ᠋ᠠᠷ ᠵᠦᠢ᠍ᠯ ᠰᠣᠷᠭ᠋ᠠᠭᠤᠯᠢ᠎ᠠᠴᠠ ᠰᠤᠷᠤᠭᠴᠢᠳ᠎ᠤᠨ ᠬᠢᠴᠢᠶᠠᠯ᠎ᠤᠨ ᠭᠠᠳᠠᠭᠤᠷᠬᠢ ᠬᠦᠳᠡᠯᠭᠡᠭᠡᠨ᠎ᠤ ᠴᠠᠭ᠎ᠢ ᠪᠠᠳᠤᠯᠠᠵᠦ᠂ ᠰᠤᠶᠤᠯ ᠴᠠᠩᠭᠡᠯ ᠵᠡᠷᠭᠡ ᠬᠢᠴᠢᠶᠠᠯ᠎ᠤᠨ ᠭᠠᠳᠠᠭᠤᠷᠬᠢ ᠬᠦᠳᠡᠯᠭᠡᠭᠡᠨ᠎ᠢ ᠵᠤᠬᠢᠶᠠᠨ ᠪᠠᠶ᠋ᠢᠭᠤᠯᠤᠨ ᠦᠷᠨᠢᠬᠦᠯᠬᠦ ᠬᠡᠷᠡᠭᠲᠠᠢ᠃ ᠨᠡᠶ᠋ᠢᠭᠡᠮ᠎ᠤᠨ ᠤᠯᠠᠨ ᠨᠡᠶ᠋ᠢᠳᠡ ᠵᠢᠨ ᠰᠤᠶᠤᠯ ᠪᠡᠶ᠎ᠡ ᠵᠢᠨ ᠲᠠᠮᠢᠷ᠎ᠤᠨ ᠲᠦᠬᠦᠭᠡᠷᠦᠮᠵᠢ᠎ᠨᠢ ᠰᠤᠷᠭ᠋ᠠᠭᠤᠯᠢ ᠵᠢᠨ ᠬᠢᠴᠢᠶᠠᠯ᠎ᠤᠨ ᠭᠠᠳᠠᠭᠤᠷᠬᠢ ᠬᠦᠳᠡᠯᠭᠡᠭᠡᠨ᠎ᠢ ᠦᠷᠨᠢᠬᠦᠯᠬᠦ᠎ᠳᠤ ᠲᠦᠬᠦᠮ ᠦᠵᠡᠬᠦᠯᠬᠦ ᠬᠡᠷᠡᠭᠲᠠᠢ᠃
      ᠭᠤᠴᠢᠨ ᠨᠠᠢ᠍ᠮᠠᠳᠤᠭ᠋ᠠᠷ ᠵᠦᠢ᠍ᠯ ᠰᠣᠷᠬᠤ ᠪᠢᠴᠢᠭ᠎ᠢ ᠤᠯᠤᠰ᠎ᠤᠨ ᠰᠤᠷᠭ᠋ᠠᠨ ᠬᠦᠮᠦᠵᠢᠯ᠎ᠤᠨ ᠴᠢᠭᠯᠡᠯᠳᠡ ᠪᠠ ᠬᠢᠴᠢᠶᠡᠯ᠎ᠤᠨ ᠪᠠᠷᠢᠮᠵᠢᠶ᠎ᠡ ᠵᠢ ᠦᠨᠳᠦᠰᠦᠯᠡᠵᠦ ᠨᠠᠶ᠋ᠢᠷᠠᠭᠤᠯᠤᠨ ᠪᠢᠴᠢᠵᠦ᠂ ᠠᠭᠤᠯᠭ᠎ᠠ ᠵᠢ᠎ᠨᠢ ᠠᠯᠢ ᠪᠤᠯᠬᠤ᠎ᠪᠠᠷ ᠨᠠᠷᠢᠯᠢᠭ ᠠᠪᠰᠠᠷᠬᠠᠨ ᠪᠠᠶ᠋ᠢᠯᠭ᠋ᠠᠵᠦ᠂ ᠵᠠᠪᠠᠯ ᠱᠠᠭ᠋ᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠡ ᠴᠢᠳᠠᠪᠤᠷᠢ ᠵᠢ ᠰᠢᠯᠢᠨ ᠰᠤᠩᠭᠤᠵᠦ᠂ ᠬᠢᠮᠳᠠᠬᠠᠨ ᠪᠦᠭᠡᠳ ᠪᠤᠳᠠᠳᠦ ᠬᠡᠷᠡᠭᠴᠡᠭᠡ᠎ᠲᠠᠢ ᠪᠠᠶ᠋ᠢᠯᠭ᠋ᠠᠵᠦ᠂ ᠶᠠᠰᠤ ᠴᠢᠨᠠᠷ᠎ᠢ ᠪᠠᠳᠤᠯᠠᠨ᠎ᠠ᠃
      ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ ᠪᠤᠯᠤᠨ ᠬᠢᠴᠢᠶᠠᠯ᠎ᠤᠨ ᠪᠢᠴᠢᠭ᠎ᠢ ᠬᠢᠨᠠᠨ ᠪᠠᠶ᠋ᠢᠴᠠᠭ᠋ᠠᠬᠤ ᠬᠦᠮᠦᠰ ᠬᠢᠴᠢᠶᠠᠯ᠎ᠤᠨ ᠪᠢᠴᠢᠭ᠎ᠢ ᠨᠠᠶ᠋ᠢᠷᠠᠭᠤᠯᠤᠨ ᠪᠢᠴᠢᠬᠦ ᠠᠵᠢᠯ᠎ᠳᠤ ᠤᠷᠤᠯᠴᠠᠬᠤ ᠪᠤᠶᠤ ᠬᠡᠯᠪᠡᠷᠢ ᠵᠢ᠎ᠨᠢ ᠦᠭᠡᠷᠡᠳᠦᠬᠦᠯᠦᠨ ᠤᠷᠤᠯᠴᠠᠵᠦ ᠪᠤᠯᠬᠤ ᠦᠭᠡᠢ᠃
      ᠭᠤᠴᠢ ᠶᠢᠰᠦᠳᠦᠭᠡᠷ ᠵᠦᠢ᠍ᠯ ᠤᠯᠤᠰ᠎ᠠᠴᠠ ᠬᠢᠴᠢᠶᠠᠯ᠎ᠤᠨ ᠪᠢᠴᠢᠭ᠎ᠢ ᠬᠢᠨᠠᠨ ᠲᠤᠭᠳᠠᠭ᠋ᠠᠬᠤ ᠲᠦᠷᠢᠮ᠎ᠢ ᠬᠡᠷᠡᠭᠵᠢᠬᠦᠯᠦᠨ᠎ᠡ᠃ ᠬᠢᠴᠢᠶᠠᠯ᠎ᠤᠨ ᠪᠢᠴᠢᠭ᠎ᠢ ᠬᠢᠨᠠᠨ ᠲᠤᠭᠳᠠᠭ᠋ᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
      ᠬᠢᠨᠠᠨ ᠲᠤᠭᠳᠠᠭ᠋ᠠᠭᠰᠠᠨ ᠦᠭᠡᠢ ᠬᠢᠴᠢᠶᠠᠯ᠎ᠤᠨ ᠪᠢᠴᠢᠭ᠎ᠢ ᠬᠡᠪᠯᠡᠬᠦ ᠪᠤᠶᠤ ᠰᠤᠩᠭᠤᠨ ᠬᠡᠷᠡᠭᠯᠡᠵᠦ ᠪᠤᠯᠬᠤ     ᠦᠭᠡᠢ᠃
      ᠳᠦᠴᠢᠳᠦᠭᠡᠷ ᠵᠦᠢ᠍ᠯ ᠬᠢᠴᠢᠶᠠᠯ᠎ᠤᠨ ᠪᠢᠴᠢᠭ᠎ᠲᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠨ᠎ᠡ ᠬᠠᠩᠰᠢ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠡᠪᠯᠡᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠬᠠᠮᠳᠤᠷᠠᠨ ᠵᠢᠭ᠋ᠠᠬᠠᠨ ᠠᠰᠢᠭ ᠬᠤᠨᠵᠢᠪᠤᠷᠢ᠎ᠲᠠᠢ ᠪᠠᠶ᠋ᠢᠯᠭ᠋ᠠᠬᠤ ᠵᠠᠷᠴᠢᠮ ᠵᠶ᠋ᠠᠷ ᠰᠠᠭᠤᠷᠢ ᠪᠠᠷᠢᠮᠵᠢᠶᠠᠳᠦ ᠦᠨ᠎ᠡ ᠲᠤᠭᠳᠠᠭ᠋ᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠦᠨ᠎ᠡ ᠬᠠᠩᠰᠢ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠡᠪᠯᠡᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠬᠠᠮᠳᠤᠷᠠᠨ ᠰᠠᠭᠤᠷᠢ ᠪᠠᠷᠢᠮᠵᠢᠶᠠᠳᠦ ᠦᠨ᠎ᠡ ᠵᠢ ᠦᠨᠳᠦᠰᠦᠯᠡᠵᠦ ᠵᠢᠵᠢᠭᠯᠡᠨ ᠬᠤᠳᠠᠯᠳᠤᠬᠤ ᠦᠨ᠎ᠡ ᠵᠢ ᠲᠤᠭᠳᠠᠭ᠋ᠠᠨ᠎ᠠ᠃
      ᠲᠦᠴᠢᠨ ᠨᠢᠭᠡᠳᠦᠭᠡᠷ ᠵᠦᠢ᠍ᠯ ᠬᠢᠴᠢᠶᠠᠯ᠎ᠤᠨ ᠪᠢᠴᠢᠭ᠎ᠢ ᠡᠬᠡᠯᠵᠢᠯᠡᠨ ᠬᠡᠷᠡᠭᠯᠡᠬᠦ ᠵᠢ ᠤᠯᠤᠰ᠎ᠠᠴᠠ ᠵᠤᠷᠢᠭᠵᠢᠭᠤᠯᠤᠨ᠎ᠠ᠃

      ᠵᠢᠷᠭᠤᠳᠤᠭ᠋ᠠᠷ ᠪᠦᠯᠦᠭ ᠵᠠᠷᠤᠳᠠᠯ᠎ᠤᠨ ᠪᠠᠳᠤᠯᠠᠭ᠎ᠠ

      ᠲᠦᠴᠢᠨ ᠬᠤᠶᠠᠳᠤᠭ᠋ᠠᠷ ᠵᠦᠢ᠍ᠯ ᠤᠯᠤᠰ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠡᠳ᠋᠎ᠤᠨ ᠵᠠᠰᠠᠭ᠎ᠤᠨ ᠪᠠᠳᠤᠯᠠᠬᠤ ᠬᠡᠪᠴᠢᠶᠠᠨ᠎ᠳᠤ ᠪᠦᠬᠦ ᠲᠠᠯ᠎ᠠ᠎ᠪᠠᠷ ᠤᠷᠤᠭᠤᠯᠤᠨ᠎ᠠ᠂ ᠠᠯᠪᠠᠨ ᠵᠢᠷᠦᠮ᠎ᠤᠨ ᠰᠣᠷᠭ᠋ᠠᠨ ᠬᠦᠮᠦᠵᠢᠯ᠎ᠤᠨ ᠵᠠᠷᠤᠳᠠᠯ᠎ᠢ ᠲᠦᠷᠦ ᠵᠢᠨ ᠶᠠᠪᠤᠳᠠᠯ ᠎ᠤᠨ ᠬᠤᠷᠢᠶ᠎ᠡ ᠪᠤᠯᠤᠨ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠪᠠᠳᠤᠯᠠᠨ᠎ᠠ᠃
      ᠲᠦᠷᠦ ᠵᠢᠨ ᠶᠠᠪᠤᠳᠠᠯ᠎ᠤᠨ ᠬᠤᠷᠢᠶ᠎ᠠ ᠪᠤᠯᠤᠨ ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠡᠳ᠋᠎ᠤᠨ ᠵᠠᠰᠠᠭ᠎ᠤᠨ ᠲᠦᠰᠦᠪ᠎ᠲᠡᠭᠡᠨ ᠤᠷᠤᠭᠤᠯᠵᠦ᠂ ᠪᠠᠭᠰᠢ ᠠᠵᠢᠯᠳᠠᠳ᠎ᠤᠨ ᠤᠷᠤᠨ ᠲᠤᠭ᠋ᠠᠨ᠎ᠤ ᠪᠡᠷᠢᠮᠵᠢᠶ᠎ᠡ᠂ ᠴᠠᠯᠢᠩ᠎ᠤᠨ ᠪᠠᠷᠢᠮᠵᠢᠶ᠎ᠡ ᠪᠤᠯᠤᠨ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠳᠠ ᠵᠢᠨ ᠪᠠᠷᠢᠮᠵᠢᠶ᠎ᠡ᠂ ᠰᠤᠷᠤᠭᠴᠢᠳ᠎ᠤᠨ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠡ ᠵᠡᠷᠭᠡ ᠵᠢ ᠦᠨᠳᠦᠰᠦᠯᠡᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠴᠠᠭ ᠲᠤᠬᠠᠢ᠎ᠳᠤᠨᠢ ᠲᠤᠭ᠎ᠠ ᠶᠤᠰᠤᠭ᠋ᠠᠷ ᠰᠢᠯᠵᠢᠬᠦᠯᠦᠨ ᠦᠭᠴᠦ᠂ ᠰᠤᠷᠭ᠋ᠠᠭᠤᠯᠢ ᠵᠢᠨ ᠭᠡᠪ᠎ᠤᠨ ᠠᠵᠢᠯᠯᠠᠭ᠎ᠠ ᠪᠠ ᠰᠤᠷᠭ᠋ᠠᠭᠤᠯᠢ ᠵᠢᠨ ᠪᠠᠶ᠋ᠢᠷᠢ ᠵᠢᠨ ᠠᠶᠤᠯᠬᠦᠢ ᠪᠠᠶ᠋ᠢᠬᠤ ᠵᠢ ᠪᠠᠳᠤᠯᠠᠵᠦ᠂ ᠪᠠᠭᠰᠢ ᠠᠵᠢᠯᠳᠠᠳ᠎ᠤᠨ ᠴᠠᠯᠢᠩ᠎ᠢ ᠲᠤᠭᠳᠠᠭ᠋ᠠᠯ ᠶᠤᠰᠤᠭ᠋ᠠᠷ ᠦᠭᠬᠦ ᠵᠢ ᠦᠨᠡᠨ ᠬᠦ᠌ ᠪᠠᠳᠤᠯᠠᠨ᠎ᠠ᠃
      ᠲᠦᠷᠦ ᠵᠢᠨ ᠶᠠᠪᠤᠳᠠᠯ᠎ᠤᠨ ᠬᠤᠷᠢᠶ᠎ᠡ ᠪᠤᠯᠤᠨ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠬᠦ ᠵᠢ ᠬᠡᠷᠡᠭᠰᠡᠬᠦ ᠡᠳ᠋᠎ᠤᠨ ᠵᠠᠰᠠᠭ᠎ᠠᠴᠠ ᠰᠢᠯᠵᠢᠬᠦᠯᠦᠨ ᠦᠭᠬᠦ ᠵᠤᠭᠤᠰ᠎ᠤᠨ ᠨᠡᠮᠡᠭᠳᠡᠯ᠎ᠤᠨ ᠬᠠᠷᠢᠴᠠᠯ᠎ᠢ ᠡᠳ᠋᠎ᠤᠨ ᠵᠠᠰᠠᠭ᠎ᠤᠨ ᠪᠠᠶ᠋ᠢᠩᠭᠤ ᠵᠢᠨ ᠴᠢᠨᠠᠷᠲᠠᠢ ᠤᠷᠤᠯᠭ᠎ᠠ ᠵᠢᠨ ᠨᠡᠮᠡᠭᠳᠡᠯ᠎ᠤᠨ ᠬᠠᠷᠢᠴᠠᠯ᠎ᠠᠴᠠ ᠦᠨᠳᠦᠷ ᠪᠠᠶ᠋ᠢᠯᠭ᠋ᠠᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠲᠤᠭ᠎ᠠ᠎ᠪᠠᠷ ᠲᠡᠭᠰᠢᠳᠭᠡᠭᠰᠡᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠠᠯᠬᠤᠮ ᠠᠯᠬᠤᠮ ᠵᠶ᠋ᠠᠷ ᠨᠡᠮᠡᠭᠳᠡᠬᠦᠯᠬᠦ ᠵᠢ ᠪᠠᠳᠤᠯᠠᠵᠦ᠂ ᠪᠠᠭᠰᠢ ᠠᠵᠢᠯᠳᠠᠳ᠎ᠤᠨ ᠴᠠᠯᠢᠩ ᠪᠠ ᠰᠤᠷᠤᠭᠴᠢᠳ᠎ᠲᠤ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠢ ᠠᠯᠬᠤᠮ ᠠᠯᠬᠤᠮ ᠵᠶ᠋ᠠᠷ ᠨᠡᠮᠡᠭᠳᠡᠬᠦᠯᠬᠦ ᠵᠢ ᠪᠠᠳᠤᠯᠠᠬᠤ ᠬᠡᠷᠡᠭᠲᠠᠢ᠃
      ᠲᠦᠴᠢᠨ ᠭᠤᠷᠪᠠᠳᠤᠭ᠋ᠠᠷ ᠵᠦᠢ᠍ᠯ ᠰᠤᠷᠭ᠋ᠠᠭᠤᠯᠢ ᠵᠢᠨ ᠰᠤᠷᠤᠭᠴᠢᠳ᠎ᠲᠤ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠦᠨᠳᠦᠰᠦᠨ ᠪᠠᠷᠢᠮᠵᠢᠶ᠎ᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠬᠤ ᠪᠦᠭᠡᠳ ᠠᠵᠦ ᠠᠬᠤᠢ ᠪᠠ ᠨᠡᠶ᠋ᠢᠭᠡᠮ᠎ᠤᠨ ᠬᠦᠭᠵᠢᠯᠳᠡ ᠵᠢᠨ ᠪᠠᠶ᠋ᠢᠳᠠᠯ᠎ᠢ ᠦᠨᠳᠦᠰᠦᠯᠡᠵᠦ ᠴᠠᠭ ᠲᠤᠬᠠᠢ᠎ᠳᠤᠨᠢ ᠲᠡᠬᠦᠨ᠎ᠳᠤ ᠲᠤᠬᠢᠷᠠᠭᠤᠯᠤᠯᠳᠠ ᠬᠢᠨ᠎ᠡ᠃ ᠰᠤᠷᠤᠭᠴᠢᠳ᠎ᠲᠤ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠦᠨᠳᠦᠰᠦᠨ ᠪᠠᠷᠢᠮᠵᠢᠶ᠎ᠡ ᠵᠢ ᠲᠤᠭᠳᠠᠭ᠋ᠠᠨ ᠲᠤᠬᠢᠷᠠᠭᠤᠯᠬᠤ᠎ᠳᠠᠭᠠᠨ ᠰᠤᠷᠭ᠋ᠠᠨ ᠬᠦᠮᠦᠵᠢᠬᠦᠯᠬᠦ ᠪᠠ ᠵᠢᠭ᠋ᠠᠨ ᠰᠤᠷᠭ᠋ᠠᠬᠤ ᠦᠨᠳᠦᠰᠦᠨ ᠬᠡᠷᠡᠭᠴᠡᠭᠡ ᠵᠢ ᠬᠠᠩᠭ᠋ᠠᠬᠤ ᠬᠡᠷᠡᠭᠲᠠᠢ᠃
      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠪᠤᠳᠠᠳᠦ ᠪᠠᠶ᠋ᠢᠳᠠᠯ ᠵᠶ᠋ᠠᠨ ᠦᠨᠳᠦᠰᠦᠯᠡᠵᠦ᠂ ᠤᠯᠤᠰ᠎ᠤᠨ ᠪᠠᠷᠢᠮᠵᠢᠶ᠎ᠡ᠎ᠠᠴᠠ ᠲᠤᠤᠷ᠎ᠡ ᠦᠭᠡᠢ ᠪᠠᠶ᠋ᠢᠬᠤ ᠰᠤᠷᠭ᠋ᠠᠭᠤᠯᠢ ᠵᠢᠨ ᠰᠤᠷᠤᠭᠴᠢᠳ᠎ᠲᠤ ᠲᠡᠭᠰᠢᠳᠭᠡᠭᠰᠡᠨ ᠨᠠᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠡ ᠵᠢ ᠲᠤᠭᠳᠠᠭ᠋ᠠᠵᠦ ᠪᠤᠯᠤᠨ᠎ᠠ᠃
      ᠤᠨᠴᠠᠭ᠋ᠠᠢ ᠰᠤᠷᠭ᠋ᠠᠨ ᠬᠦᠮᠦᠵᠢᠯ᠎ᠤᠨ ᠰᠤᠷᠭ᠋ᠠᠭᠤᠯᠢ (ᠠᠩᠬᠢ) ᠵᠢᠨ ᠰᠤᠷᠤᠭᠴᠢᠳ᠎ᠲᠤ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠡ ᠵᠢ ᠡᠩ᠎ᠤᠨ ᠰᠤᠷᠭ᠋ᠠᠭᠤᠯᠢ ᠵᠢᠨ ᠰᠤᠷᠤᠭᠴᠢᠳ᠎ᠲᠤ ᠲᠡᠭᠰᠢᠳᠭᠡᠭᠰᠡᠨ ᠨᠡᠶ᠋ᠢᠳᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠷᠢᠮᠵᠢᠶ᠎ᠡ᠎ᠠᠴᠠ ᠦᠨᠳᠦᠷ ᠪᠠᠶ᠋ᠢᠯᠭ᠋ᠠᠬᠤ ᠬᠡᠷᠡᠭᠲᠠᠢ᠃
      ᠲᠦᠴᠢᠨ ᠲᠦᠷᠪᠡᠳᠦᠭᠡᠷ ᠵᠦᠢ᠍ᠯ ᠠᠯᠪᠠᠨ ᠵᠢᠷᠦᠮ᠎ᠤᠨ ᠰᠣᠷᠭ᠋ᠠᠨ ᠬᠦᠮᠦᠵᠢᠯ᠎ᠤᠨ ᠵᠠᠷᠤᠳᠠᠯ᠎ᠤᠨ ᠤᠷᠤᠭᠤᠯᠤᠯᠳᠠ ᠵᠢᠨ ᠲᠠᠯ᠎ᠠ᠎ᠪᠠᠷ ᠲᠦᠷᠦ ᠵᠢᠨ ᠶᠠᠪᠤᠳᠠᠯ᠎ᠤᠨ ᠬᠤᠷᠢᠶ᠎ᠡ ᠪᠤᠯᠤᠨ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠬᠠᠮᠳᠦ᠎ᠪᠠᠷ ᠡᠬᠦᠷᠭᠡᠯᠡᠵᠦ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠬᠠᠷᠢᠭᠤᠴᠠᠨ ᠨᠢᠭᠡᠳᠦᠯᠲᠠᠢ ᠲᠦᠯᠦᠪᠯᠡᠵᠦ ᠨᠠᠶ᠋ᠢᠳᠠᠪᠤᠷᠢᠵᠢᠭᠤᠯᠬᠤ ᠲᠦᠷᠢᠮ᠎ᠢ ᠬᠡᠷᠡᠭᠵᠢᠬᠦᠯᠦᠨ᠎ᠡ᠃ ᠬᠦᠳᠡᠭᠡ ᠲᠤᠰᠬᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠬᠡᠷᠡᠭᠰᠡᠬᠦ ᠵᠠᠷᠤᠳᠠᠯ᠎ᠢ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠤᠭᠳᠠᠭ᠋ᠠᠯ᠎ᠢ ᠦᠨᠳᠦᠰᠦᠯᠡᠵᠦ᠂ ᠵᠦᠢ᠍ᠯ ᠬᠤᠪᠢᠶᠠᠨ᠂ ᠬᠠᠷᠢᠴᠠᠯ ᠶᠤᠰᠤᠭ᠋ᠠᠷ ᠬᠤᠪᠢᠶᠠᠨ ᠡᠬᠦᠷᠭᠡᠯᠡᠨ᠎ᠡ᠃  
      ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠬᠡᠷ᠎ᠤᠨ ᠠᠮᠢᠳᠤᠷᠠᠯ᠎ᠨᠢ ᠬᠦᠴᠢᠷᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠲᠤ ᠬᠢᠴᠢᠶᠠᠯ᠎ᠤᠨ ᠪᠢᠴᠢᠭ᠎ᠢ ᠰᠦᠢ᠍ᠳᠭᠡᠯ ᠠᠪᠬᠤ ᠦᠭᠡᠢ᠎ᠪᠠᠷ ᠬᠠᠩᠭ᠋ᠠᠬᠤ ᠮᠦᠷᠳᠡᠭᠡᠨ ᠪᠠᠶ᠋ᠢᠷᠢ᠎ᠳᠤ ᠰᠠᠭᠤᠬᠤ ᠰᠤᠷᠤᠭᠴᠢᠳ᠎ᠲᠤ ᠠᠮᠢᠳᠤᠷᠠᠯ᠎ᠤᠨ ᠰᠦᠢ᠍ᠳᠭᠡᠯ᠎ᠤᠨ ᠨᠦᠬᠦᠪᠤᠷᠢ ᠤᠯᠭᠤᠨ᠎ᠠ᠃
      ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠤᠨ ᠪᠠᠳᠤᠯᠠᠭ᠎ᠠ ᠵᠢᠨ ᠪᠤᠳᠠᠲᠠᠢ ᠠᠷᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠲᠤᠭᠳᠠᠭ᠋ᠠᠨ᠎ᠠ᠃
      ᠲᠦᠴᠢᠨ ᠲᠠᠪᠤᠳᠤᠭ᠋ᠠᠷ ᠵᠦᠢ᠍ᠯ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ ᠡᠳ᠋᠎ᠤᠨ ᠵᠠᠰᠠᠭ᠎ᠤᠨ ᠲᠦᠰᠦᠪ᠎ᠲᠡᠭᠡᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠠᠰ᠎ᠲᠤᠨᠢ ᠵᠢᠭᠰᠠᠭ᠋ᠠᠨ᠎ᠠ᠃
      ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠦᠰᠦᠪ᠎ᠢ ᠨᠠᠶ᠋ᠢᠷᠠᠭᠤᠯᠤᠨ ᠵᠤᠬᠢᠶᠠᠬᠤ᠎ᠳᠠᠭᠠᠨ᠂ ᠬᠦᠳᠡᠭᠡ ᠲᠤᠰᠬᠤᠨ᠎ᠤ ᠭᠠᠵᠠᠷ ᠤᠷᠤᠨ᠎ᠤ ᠰᠤᠷᠭ᠋ᠠᠭᠤᠯᠢ ᠪᠤᠯᠤᠨ ᠪᠠᠭᠤᠷᠠᠢ ᠰᠤᠷᠭ᠋ᠠᠭᠤᠯᠢ ᠲᠡᠰᠢ ᠬᠡᠯᠪᠡᠶ᠋ᠢᠯᠭᠡᠬᠦ᠎ᠠᠴᠠ ᠭᠠᠳᠠᠨ᠎ᠠ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠲᠡᠩᠴᠡᠬᠦᠷᠢᠲᠠᠢ ᠲᠤᠬᠢᠷᠠᠭᠤᠯᠬᠤ ᠬᠡᠷᠡᠭᠲᠠᠢ᠃
      ᠳᠦᠴᠢᠨ ᠵᠢᠷᠭᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠡ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠡᠳ᠋᠎ᠤᠨ ᠵᠠᠰᠠᠭ᠎ᠤᠨ ᠰᠢᠯᠵᠢᠬᠦᠯᠦᠨ ᠦᠭᠬᠦ ᠲᠦᠷᠢᠮ᠎ᠢ ᠵᠢᠷᠦᠮᠵᠢᠭᠤᠯᠵᠦ᠂ ᠡᠩ᠎ᠤᠨ ᠴᠢᠨᠠᠷᠲᠠᠢ ᠰᠢᠯᠵᠢᠬᠦᠯᠦᠨ ᠦᠭᠬᠦ ᠬᠡᠪᠴᠢᠶ᠎ᠡ ᠵᠢ ᠦᠷᠭᠡᠳᠭᠡᠬᠦ ᠪᠦᠭᠡᠳ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠠᠬᠢ ᠲᠤᠰᠬᠠᠢ ᠵᠦᠢ᠍ᠯ᠎ᠤᠨ ᠰᠢᠯᠵᠢᠬᠦᠯᠦᠨ ᠦᠭᠬᠦ ᠶᠠᠪᠤᠳᠠᠯ᠎ᠢ ᠵᠢᠷᠦᠮᠵᠢᠭᠤᠯᠵᠦ᠂ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠠᠬᠢ ᠤᠷᠤᠭᠤᠯᠤᠯᠳᠠ᠎ᠪᠠᠨ ᠨᠡᠮᠡᠭᠳᠡᠬᠦᠯᠬᠦ ᠵᠢ ᠲᠠᠮᠵᠢᠵᠦ ᠬᠦᠳᠦᠯᠦᠨ ᠵᠢᠯᠤᠭᠤᠳᠤᠨ᠎ᠠ᠃ ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠤ ᠰᠢᠯᠵᠢᠬᠦᠯᠦᠨ ᠦᠭᠬᠦᠭᠰᠡᠨ ᠪᠡᠯᠡ ᠮᠦᠩᠬᠦ ᠵᠢ ᠲᠤᠭᠳᠠᠭ᠋ᠠᠯ ᠶᠤᠰᠤᠭ᠋ᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠤ ᠬᠡᠷᠡᠭᠯᠡᠬᠦ ᠵᠢ ᠦᠨᠡᠨ ᠬᠦ᠌ ᠪᠠᠳᠤᠯᠠᠨ᠎ᠠ᠃
      ᠲᠦᠴᠢᠨ ᠲᠤᠯᠤᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠡ ᠪᠤᠯᠤᠨ ᠰᠢᠶᠠᠨ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠪᠤᠳᠠᠳᠦ ᠬᠡᠷᠡᠭᠴᠡᠭᠡ᠎ᠪᠠᠨ ᠦᠨᠳᠦᠰᠦᠯᠡᠨ ᠲᠤᠰᠬᠠᠢ ᠵᠦᠢ᠍ᠯ᠎ᠪᠠᠨ ᠪᠡᠯᠡ ᠮᠦᠩᠬᠦ ᠪᠠᠶ᠋ᠢᠭᠤᠯᠵᠦ᠂ ᠬᠦᠳᠡᠭᠡ ᠲᠤᠰᠬᠤᠨ᠎ᠤ ᠭᠠᠵᠠᠷ ᠤᠷᠤᠨ᠂ ᠦᠨᠳᠦᠰᠦᠳᠡᠨ᠎ᠤ ᠭᠠᠵᠠᠷ ᠤᠷᠤᠨ᠎ᠤ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠬᠦ ᠵᠢ ᠲᠡᠳᠭᠦᠨ ᠲᠡᠮᠵᠢᠨ᠎ᠡ᠃
      ᠲᠦᠴᠢᠨ ᠨᠠᠢ᠍ᠮᠠᠳᠤᠭ᠋ᠠᠷ ᠵᠦᠢ᠍ᠯ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠪᠤᠯᠤᠨ ᠬᠤᠪᠢ ᠬᠦᠮᠦᠨ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠤ ᠪᠡᠯᠡᠭᠯᠡᠨ ᠬᠦᠷᠭᠡᠬᠦ ᠵᠢ ᠤᠯᠤᠰ᠎ᠠᠴᠠ ᠵᠤᠷᠢᠭᠵᠢᠭᠤᠯᠤᠨ᠎ᠠ᠂ ᠤᠯᠤᠰ᠎ᠤᠨ ᠰᠠᠭᠤᠷᠢ ᠮᠦᠩᠬᠦᠨ᠎ᠤ ᠨᠡᠶ᠋ᠢᠭᠡᠮᠯᠢᠭ᠎ᠤᠨ ᠬᠠᠮᠢᠶᠠᠷᠤᠯᠳᠠ ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠰᠠᠭᠤᠷᠢ ᠮᠦᠩᠬᠦ ᠪᠠᠶ᠋ᠢᠭᠤᠯᠬᠤ ᠵᠢ ᠤᠯᠤᠰ᠎ᠠᠴᠠ ᠵᠤᠷᠢᠭᠵᠢᠭᠤᠯᠤᠨ᠎ᠠ᠃
      ᠲᠦᠴᠢ ᠶᠢᠰᠦᠳᠦᠭᠡᠷ ᠵᠦᠢ᠍ᠯ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠲᠦᠰᠦᠪ᠎ᠤᠨ ᠲᠤᠭᠳᠠᠭ᠋ᠠᠯ᠎ᠢ ᠴᠢᠩᠭ᠎ᠠ ᠵᠢᠷᠦᠮᠯᠠᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠳᠤ ᠬᠡᠷᠡᠭᠯᠡᠨ᠎ᠡ; ᠶᠠᠮᠠᠷᠪᠠ ᠵᠤᠬᠢᠶᠠᠨ ᠪᠠᠶ᠋ᠢᠭᠤᠯᠤᠯᠳᠠ ᠪᠤᠯᠤᠨ ᠬᠤᠪᠢ ᠬᠦᠮᠦᠨ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠡᠵᠡᠯᠡᠬᠦ ᠪᠠ ᠨᠡᠬᠦᠯᠭᠡᠨ ᠬᠡᠷᠡᠭᠯᠡᠵᠦ ᠪᠤᠯᠬᠤ ᠦᠭᠡᠢ᠂ ᠰᠤᠷᠭ᠋ᠠᠭᠤᠯᠢ᠎ᠠᠴᠠ ᠬᠠᠤᠯᠢ ᠪᠤᠰᠤ᠎ᠪᠠᠷ ᠰᠦᠢ᠍ᠳᠭᠡᠯ ᠬᠤᠷᠢᠶᠠᠬᠤ ᠪᠤᠶᠤ ᠲᠡᠰᠭᠡᠨ ᠲᠠᠭ᠋ᠠᠭ᠋ᠠᠯᠭ᠋ᠠᠵᠦ ᠪᠤᠯᠬᠤ ᠦᠭᠡᠢ᠃
      ᠲᠠᠪᠢᠳᠤᠭ᠋ᠠᠷ ᠵᠦᠢ᠍ᠯ ᠰᠢᠶᠠᠨ᠎ᠤᠨ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠤᠨ ᠬᠢᠨᠠᠨ ᠪᠤᠳᠤᠬᠤ ᠬᠢᠨᠠᠯᠳᠠ ᠲᠠᠯᠪᠢᠬᠤ ᠲᠦᠷᠢᠮ ᠪᠠ ᠪᠦᠷᠢᠳᠭᠡᠵᠦ ᠵᠠᠷᠯᠠᠬᠤ ᠲᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠦᠨ᠎ᠡ᠃

      ᠲᠤᠯᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ

      ᠲᠠᠪᠢᠨ ᠨᠢᠭᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶ᠎ᠡ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠷᠤᠨ ᠨᠤᠳᠤᠭ᠎ᠤᠨ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠲᠤᠰ ᠬᠠᠤᠯᠢ ᠵᠢᠨ ᠵᠢᠷᠭᠤᠳᠤᠭ᠋ᠠᠷ ᠪᠦᠯᠦᠭ᠎ᠤᠨ ᠲᠤᠭᠳᠠᠭ᠋ᠠᠯ᠎ᠢ ᠵᠦᠷᠢᠴᠡᠵᠦ᠂ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠪᠠᠳᠤᠯᠠᠬᠤ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ ᠦᠭᠡᠢ ᠪᠠᠶ᠋ᠢᠪᠠᠯ᠂ ᠲᠦᠷᠦ ᠵᠢᠨ ᠶᠠᠪᠤᠳᠠᠯ᠎ᠤᠨ ᠬᠤᠷᠢᠶ᠎ᠡ ᠪᠤᠶᠤ ᠲᠡᠭᠡᠳᠦ ᠱᠠᠳᠣᠨ᠎ᠤ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠠᠴᠠ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠲᠠᠢ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ᠃
      ᠲᠠᠪᠢᠨ ᠬᠤᠶᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠲᠡᠭᠡᠭᠰᠢᠬᠢ ᠤᠷᠤᠨ ᠨᠤᠳᠤᠭ᠎ᠤᠨ ᠠᠷᠠᠳ᠎ᠤᠨ ᠵᠠᠰᠠᠭ᠎ᠤᠨ ᠤᠷᠳᠤᠨ᠎ᠳᠤ ᠲᠤᠤᠷ᠎ᠡ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠲᠠᠢ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ᠄
     (ᠨᠢᠭᠡ) ᠰᠤᠷᠭ᠋ᠠᠭᠤᠯᠢ ᠵᠢᠨ ᠪᠠᠶ᠋ᠢᠷᠢᠯᠠᠭᠤᠯᠬᠤ ᠲᠦᠯᠦᠪᠵᠢᠬᠦᠯᠭᠡ ᠵᠢ ᠤᠯᠤᠰ᠎ᠤᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠲᠤᠭᠳᠠᠭ᠋ᠠᠵᠦ᠂ ᠲᠤᠬᠢᠷᠠᠭᠤᠯᠤᠭᠰᠠᠨ ᠦᠭᠡᠢ ᠪᠠᠶ᠋ᠢᠬᠤ;
     (ᠬᠤᠶᠠᠷ) ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠳᠠ᠎ᠨᠢ ᠤᠯᠤᠰ᠎ᠤᠨ ᠲᠤᠭᠳᠠᠭ᠋ᠠᠭᠰᠠᠨ ᠰᠤᠷᠭ᠋ᠠᠭᠤᠯᠢ ᠡᠷᠬᠢᠯᠡᠬᠦ ᠪᠠᠷᠢᠮᠵᠢᠶ᠎ᠡ᠂ ᠭᠠᠵᠠᠷ ᠰᠤᠩᠭᠤᠬᠤ ᠱᠠᠭ᠋ᠠᠷᠳᠠᠯᠭ᠎ᠠ ᠪᠤᠯᠤᠨ ᠪᠦᠳᠦᠭᠡᠨ ᠪᠠᠶ᠋ᠢᠭᠤᠯᠤᠯᠳᠠ ᠵᠢᠨ ᠪᠠᠷᠢᠮᠵᠢᠶ᠎ᠡ᠎ᠳᠤ ᠦᠯᠦ ᠨᠡᠶ᠋ᠢᠴᠡᠭᠰᠡᠨ ᠪᠠᠶ᠋ᠢᠬᠤ;
     (ᠭᠤᠷᠪᠠ) ᠰᠤᠷᠭ᠋ᠠᠭᠤᠯᠢ ᠵᠢᠨ ᠪᠠᠶ᠋ᠢᠷᠢ ᠵᠢᠨ ᠠᠶᠤᠯ ᠦᠭᠡᠢ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠭᠰᠠᠨ ᠦᠭᠡᠢ ᠪᠦᠭᠡᠳ ᠴᠠᠭ ᠲᠤᠬᠠᠢ᠎ᠳᠤᠨᠢ ᠰᠡᠯᠪᠢᠨ ᠵᠠᠰᠠᠵᠦ᠂ ᠦᠭᠡᠷᠡᠴᠢᠯᠡᠭᠰᠡᠨ ᠦᠭᠡᠢ ᠪᠠᠶ᠋ᠢᠬᠤ;
     (ᠲᠦᠷᠪᠡ) ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠲᠡᠩᠴᠡᠬᠦᠷᠢᠲᠠᠢ ᠲᠤᠬᠢᠷᠠᠭᠤᠯᠤᠭᠰᠠᠨ ᠦᠭᠡᠢ ᠪᠠᠶ᠋ᠢᠬᠤ᠃
      ᠲᠠᠪᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠪᠤᠶᠤ ᠲᠡᠬᠦᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠤ ᠲᠤᠤᠷ᠎ᠡ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠲᠡᠬᠦᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠵᠦ᠂ ᠵᠠᠷᠯᠠᠨ ᠰᠢᠬᠦᠮᠵᠢᠯᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠤᠴᠢᠲᠠᠢ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ᠄
     (ᠨᠢᠭᠡ) ᠰᠤᠷᠭ᠋ᠠᠭᠤᠯᠢ ᠵᠢ ᠭᠤᠤᠯᠳᠠᠯᠭ᠋ᠠᠳᠦ ᠰᠤᠷᠭ᠋ᠠᠭᠤᠯᠢ ᠪᠤᠯᠤᠨ ᠭᠤᠤᠯᠳᠠᠯᠭ᠋ᠠᠳᠦ ᠪᠤᠰᠤ ᠰᠤᠷᠭ᠋ᠠᠭᠤᠯᠢ ᠭᠡᠵᠦ ᠬᠤᠪᠢᠶᠠᠭᠰᠠᠨ;
     (ᠬᠤᠶᠠᠷ) ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠢᠨᠵᠢ ᠴᠢᠨᠠᠷ᠎ᠢ ᠬᠤᠪᠢᠷᠠᠭᠤᠯᠤᠭᠰᠠᠨ ᠪᠤᠶᠤ ᠬᠡᠯᠪᠡᠷᠢ ᠵᠢ᠎ᠨᠢ ᠦᠭᠡᠷᠡᠳᠦᠬᠦᠯᠦᠨ ᠬᠤᠪᠢᠷᠠᠭᠤᠯᠤᠭᠰᠠᠨ᠃
      ᠰᠢᠶᠠᠨ᠎ᠤᠨ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠪᠤᠶᠤ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠠᠷᠭ᠎ᠠ ᠬᠡᠮᠵᠢᠶ᠎ᠡ ᠠᠪᠴᠦ ᠪᠠᠶ᠋ᠢᠭ᠋ᠠᠳ ᠰᠤᠷᠭ᠋ᠠᠭᠤᠯᠢ᠎ᠳᠤ ᠤᠷᠤᠬᠤ ᠨᠠᠰᠤᠨ᠎ᠤ ᠬᠡᠤᠭᠡᠳ᠂ ᠪᠠᠭ᠋ᠠᠴᠤᠳ᠎ᠤᠨ ᠰᠤᠷᠭ᠋ᠠᠭᠤᠯᠢ᠎ᠳᠤ ᠤᠷᠤᠬᠤ ᠵᠢ ᠵᠤᠬᠢᠶᠠᠨ ᠪᠠᠶ᠋ᠢᠭᠤᠯᠤᠭᠰᠠᠨ ᠦᠭᠡᠢ ᠪᠤᠶᠤ ᠰᠤᠷᠤᠯᠭ᠎ᠠ᠎ᠪᠠᠨ ᠲᠤᠷᠭᠤᠨ ᠵᠤᠭᠰᠤᠬᠤ ᠵᠢ ᠬᠤᠷᠢᠭᠯᠠᠭᠰᠠᠨ ᠦᠭᠡᠢ ᠪᠠᠶ᠋ᠢᠪᠠᠯ᠂ ᠡᠮᠦᠨᠡᠬᠢ ᠪᠠᠳᠠᠭ᠎ᠤᠨ ᠲᠤᠭᠳᠠᠭ᠋ᠠᠯ ᠶᠤᠰᠤᠭ᠋ᠠᠷ ᠬᠠᠤᠯᠢ ᠵᠢᠨ ᠬᠠᠷᠢᠭᠤᠴᠠᠯᠭ᠎ᠠ ᠨᠡᠭᠡᠮᠵᠢᠯᠡᠨ᠎ᠡ᠃
      ᠲᠠᠪᠢᠨ ᠲᠦᠷᠪᠡᠲᠦᠭᠡᠷ ᠵᠦᠢ᠍ᠯ ᠲᠤᠤᠷ᠎ᠡ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠲᠡᠭᠡᠳᠦ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠂ ᠦᠨ᠎ᠡ ᠬᠠᠩᠰᠢ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠪᠤᠯᠤᠨ ᠬᠢᠨᠠᠨ ᠪᠤᠳᠤᠬᠤ ᠪᠠᠶ᠋ᠢᠭᠤᠯᠭ᠎ᠠ᠎ᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠲᠠᠢ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠳᠭᠡᠯ ᠦᠭᠬᠦᠨ᠎ᠡ᠄
     (ᠨᠢᠭᠡ) ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠵᠠᠷᠤᠳᠠᠯ᠎ᠢ ᠡᠵᠡᠯᠡᠭᠰᠡᠨ ᠪᠤᠶᠤ ᠨᠡᠬᠦᠯᠭᠡᠨ ᠬᠡᠷᠡᠭᠯᠡᠭᠰᠡᠨ;
     (ᠬᠤᠶᠠᠷ) ᠰᠤᠷᠭ᠋ᠠᠭᠤᠯᠢ᠎ᠠᠴᠠ ᠬᠠᠤᠯᠢ ᠪᠤᠰᠤ᠎ᠪᠠᠷ ᠰᠦᠢ᠍ᠳᠭᠡᠯ ᠬᠤᠷᠢᠶᠠᠭᠰᠠᠨ ᠪᠤᠶᠤ ᠵᠠᠷᠤᠳᠠᠯ᠎ᠢ ᠲᠡᠰᠭᠡᠭᠰᠡᠨ᠃
      ᠲᠠᠪᠢᠨ ᠲᠠᠪᠤᠳᠤᠭ᠋ᠠᠷ ᠵᠦᠢ᠍ᠯ ᠰᠣᠷᠭ᠋ᠠᠭᠤᠯᠢ ᠪᠤᠶᠤ ᠪᠠᠭᠰᠢ ᠨᠠᠷ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠤᠨ ᠠᠵᠢᠯ᠎ᠤᠨ ᠲᠤᠮᠳᠠ᠎ᠪᠠᠨ ᠰᠤᠷᠭ᠋ᠠᠨ ᠬᠦᠮᠦᠵᠢᠯ᠎ᠤᠨ ᠬᠠᠤᠯᠢ᠂ ᠪᠠᠭᠰᠢ ᠵᠢᠨ ᠬᠠᠤᠯᠢ ᠵᠢᠨ ᠲᠤᠭᠳᠠᠭ᠋ᠠᠯ᠎ᠠᠴᠠ ᠵᠦᠷᠢᠴᠡᠭᠰᠡᠨ ᠪᠠᠶ᠋ᠢᠪᠠᠯ᠂ ᠰᠤᠷᠭ᠋ᠠᠨ ᠬᠦᠮᠦᠵᠢᠯ᠎ᠤᠨ ᠬᠠᠤᠯᠢ᠂ ᠪᠠᠭᠰᠢ ᠵᠢᠨ ᠬᠠᠤᠯᠢ ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠰᠢᠳᠭᠡᠨ᠎ᠡ᠃
      ᠲᠠᠪᠢᠨ ᠵᠢᠷᠭᠤᠳᠤᠭ᠋ᠠᠷ ᠵᠦᠢ᠍ᠯ ᠰᠤᠷᠭ᠋ᠠᠭᠤᠯᠢ᠎ᠨᠢ ᠤᠯᠤᠰ᠎ᠤᠨ ᠲᠤᠭᠳᠠᠭ᠋ᠠᠯ᠎ᠢ ᠵᠦᠷᠢᠴᠡᠵᠦ ᠰᠦᠢ᠍ᠳᠭᠡᠯ ᠬᠤᠷᠢᠶᠠᠭᠰᠠᠨ ᠪᠠᠶ᠋ᠢᠪᠠᠯ᠂ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠶ᠋ᠢᠭ᠋ᠠᠳ ᠬᠤᠷᠢᠶᠠᠭᠰᠠᠨ ᠰᠦᠢ᠍ᠳᠭᠡᠯ᠎ᠢ ᠪᠤᠴᠠᠭ᠋ᠠᠯᠭ᠋ᠠᠨ᠎ᠠ; ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠳᠭᠡᠯ ᠦᠭᠬᠦᠨ᠎ᠡ᠃
      ᠰᠤᠷᠭ᠋ᠠᠭᠤᠯᠢ᠎ᠨᠢ ᠰᠤᠷᠤᠭᠴᠢᠳ᠎ᠲᠤ ᠲᠠᠸᠡᠷ᠂ ᠦᠢ᠍ᠯᠡᠴᠢᠯᠡᠭᠡ ᠵᠢ ᠪᠤᠷᠤᠯᠠᠭᠤᠯᠬᠤ ᠪᠤᠶᠤ ᠬᠡᠯᠪᠡᠷᠢ ᠵᠢ᠎ᠨᠢ ᠦᠭᠡᠷᠡᠲᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ᠎ᠪᠠᠷ ᠠᠰᠢᠭ ᠲᠤᠰᠠ ᠤᠯᠤᠭᠰᠠᠨ ᠪᠠᠶ᠋ᠢᠪᠠᠯ᠂ ᠰᠢᠶᠠᠨ᠎ᠤᠨ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠠᠷᠯᠠᠨ ᠰᠢᠬᠦᠮᠵᠢᠯᠡᠨ᠎ᠡ; ᠬᠠᠤᠯᠢ ᠵᠢ ᠵᠦᠷᠢᠴᠡᠵᠦ ᠤᠯᠤᠭᠰᠠᠨ ᠠᠰᠢᠭ ᠤᠯᠵᠠᠪᠤᠷᠢ᠎ᠲᠠᠢ ᠪᠠᠶ᠋ᠢᠪᠠᠯ᠂ ᠬᠠᠤᠯᠢ ᠵᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠵᠢ᠎ᠨᠢ ᠬᠤᠷᠢᠶᠠᠨ ᠠᠪᠤᠨ᠎ᠠ; ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠳᠭᠡᠯ ᠦᠭᠬᠦᠨ᠎ᠡ᠃
      ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ ᠪᠤᠯᠤᠨ ᠬᠢᠴᠢᠶᠠᠯ᠎ᠤᠨ ᠪᠢᠴᠢᠭ᠎ᠢ ᠬᠢᠨᠠᠨ ᠪᠠᠶ᠋ᠢᠴᠠᠭ᠋ᠠᠬᠤ ᠬᠦᠮᠦᠰ ᠬᠢᠴᠢᠶᠠᠯ᠎ᠤᠨ ᠪᠢᠴᠢᠭ᠎ᠢ ᠨᠠᠶ᠋ᠢᠷᠠᠭᠤᠯᠤᠨ ᠪᠢᠴᠢᠬᠦ ᠠᠵᠢᠯ᠎ᠳᠤ ᠤᠷᠤᠯᠴᠠᠭᠰᠠᠨ ᠪᠤᠶᠤ ᠬᠡᠯᠪᠡᠷᠢ ᠵᠢ᠎ᠨᠢ ᠦᠭᠡᠷᠡᠳᠦᠬᠦᠯᠦᠨ ᠤᠷᠤᠯᠴᠠᠭᠰᠠᠨ ᠪᠠᠶ᠋ᠢᠪᠠᠯ᠂ ᠰᠢᠶᠠᠨ᠎ᠤ ᠱᠠᠳᠣᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠪᠤᠶᠤ ᠲᠡᠬᠦᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠰᠢᠶᠠᠯ ᠬᠠᠷᠢᠭᠤᠴᠠᠯᠭ᠎ᠠ ᠵᠢᠨ ᠡᠷᠭᠡ ᠵᠢᠨ ᠭᠡᠪᠴᠢᠶ᠎ᠡ᠎ᠪᠠᠨ ᠦᠨᠳᠦᠰᠦᠯᠡᠨ ᠵᠠᠷᠯᠢᠭᠳᠠᠵᠦ ᠪᠠᠶ᠋ᠢᠭ᠋ᠠᠳ ᠬᠤᠭᠤᠴᠠᠭ᠋ᠠᠨ ᠲᠤᠭᠳᠠᠭ᠋ᠠᠨ ᠵᠠᠯᠠᠷᠠᠭᠤᠯᠤᠭᠤᠯᠵᠦ᠂ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠦᠭᠬᠦᠨ᠎ᠡ; ᠬᠠᠤᠯᠢ ᠵᠢ ᠵᠦᠷᠢᠴᠡᠵᠦ ᠤᠯᠤᠭᠰᠠᠨ ᠠᠰᠢᠭ ᠤᠯᠵᠠᠪᠤᠷᠢ᠎ᠲᠠᠢ ᠪᠠᠶ᠋ᠢᠪᠠᠯ᠂ ᠬᠠᠤᠯᠢ ᠵᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠵᠢ᠎ᠨᠢ ᠬᠤᠷᠢᠶᠠᠨ ᠠᠪᠤᠨ᠎ᠠ᠃
      ᠲᠠᠪᠢᠨ ᠲᠤᠯᠤᠳᠤᠭ᠋ᠠᠷ ᠵᠦᠢ᠍ᠯ ᠰᠤᠷᠭ᠋ᠠᠭᠤᠯᠢ᠎ᠳᠤ ᠲᠤᠤᠷ᠎ᠡ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠤᠴᠢᠲᠠᠢ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠳᠤ ᠬᠠᠤᠯᠢ ᠶᠤᠰᠤᠭ᠋ᠠᠷ ᠰᠢᠳᠭᠡᠯ ᠦᠭᠬᠦᠨ᠎ᠡ᠄
     (ᠨᠢᠭᠡ) ᠡᠩ᠎ᠤᠨ ᠰᠤᠷᠭ᠋ᠠᠨ ᠬᠦᠮᠦᠵᠢᠯ ᠬᠦᠷᠳᠡᠬᠦ ᠴᠢᠳᠠᠪᠤᠷᠢ᠎ᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠵᠡᠮᠳᠡᠭ ᠭᠡᠤᠭᠡᠳ᠂ ᠪᠠᠭ᠋ᠠᠴᠤᠳ᠎ᠤᠨ ᠠᠩᠬᠢ ᠲᠠᠭ᠋ᠠᠵᠦ ᠰᠤᠷᠤᠯᠴᠠᠬᠤ ᠵᠢ ᠬᠦᠯᠢᠶᠡᠵᠦ ᠠᠪᠤᠭᠰᠠᠨ ᠦᠭᠡᠢ;
     (ᠬᠤᠶᠠᠷ) ᠭᠤᠤᠯᠳᠠᠯᠭ᠋ᠠᠳᠦ ᠠᠩᠬᠢ ᠪᠠ ᠭᠤᠤᠯᠳᠠᠯᠭ᠋ᠠᠳᠦ ᠪᠤᠰᠤ ᠠᠩᠬᠢ ᠭᠡᠵᠦ ᠬᠤᠪᠢᠶᠠᠭᠰᠠᠨ;
     (ᠭᠤᠷᠪᠠ) ᠲᠤᠰ ᠬᠠᠤᠯᠢ ᠵᠢᠨ ᠲᠤᠭᠳᠠᠭ᠋ᠠᠯ᠎ᠠᠴᠠ ᠵᠦᠷᠢᠴᠡᠵᠦ ᠰᠤᠷᠤᠭᠴᠢ ᠵᠢ ᠰᠤᠷᠭ᠋ᠠᠭᠤᠯᠢ᠎ᠠᠴᠠ ᠬᠦᠭᠡᠭᠡᠭᠰᠡᠨ;
     (ᠲᠦᠷᠪᠡ) ᠬᠢᠨᠠᠨ ᠲᠤᠭᠳᠠᠭ᠋ᠠᠯᠳᠠ ᠬᠢᠭᠰᠡᠨ ᠦᠭᠡᠢ ᠬᠢᠴᠢᠶᠠᠯ᠎ᠤᠨ ᠪᠢᠴᠢᠭ᠎ᠢ ᠰᠤᠩᠭᠤᠨ ᠬᠡᠷᠡᠭᠯᠡᠭᠰᠡᠨ᠃
      ᠲᠠᠪᠢᠨ ᠨᠠᠢ᠍ᠮᠠᠳᠣᠭ᠋ᠠᠷ ᠵᠦᠢ᠍ᠯ ᠰᠤᠷᠭ᠋ᠠᠭᠤᠯᠢ ᠵᠢ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠤᠨ ᠡᠴᠢᠭᠡ ᠡᠭᠡ ᠪᠤᠶᠤ ᠬᠠᠤᠯᠢ᠎ᠪᠠᠷ ᠲᠤᠭᠳᠠᠭ᠋ᠠᠭᠰᠠᠨ ᠪᠤᠰᠤᠳ ᠬᠢᠨᠠᠨ ᠬᠠᠮᠠᠭ᠋ᠠᠯᠠᠭᠴᠢ᠎ᠨᠢ ᠵᠦᠢ ᠵᠤᠬᠢᠰᠲᠠᠢ ᠰᠢᠯᠳᠠᠭ᠋ᠠᠨ ᠦᠭᠡᠢ᠎ᠪᠠᠷ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠲᠤᠰ ᠬᠠᠤᠯᠢ ᠵᠢᠨ ᠲᠤᠭᠳᠠᠭ᠋ᠠᠯ ᠶᠤᠰᠤᠭ᠋ᠠᠷ ᠰᠤᠷᠭ᠋ᠠᠭᠤᠯᠢ᠎ᠳᠤ ᠤᠷᠤᠭᠤᠯᠵᠦ ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠭᠡᠭᠰᠡᠨ ᠦᠭᠡᠢ ᠪᠠᠶ᠋ᠢᠪᠠᠯ᠂ ᠲᠤᠬᠠᠢ ᠵᠢᠨ ᠭᠠᠵᠠᠷ᠎ᠤᠨ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠪᠤᠶᠤ ᠰᠢᠶᠠᠨ᠎ᠤ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠷᠭ᠋ᠠᠨ ᠬᠦᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠰᠢᠬᠦᠮᠵᠢᠯᠡᠨ ᠰᠤᠷᠭ᠋ᠠᠵᠦ᠂ ᠵᠠᠷᠯᠢᠭᠳᠠᠵᠦ ᠪᠠᠶ᠋ᠢᠭ᠋ᠠᠳ ᠬᠤᠭᠤᠴᠠᠭ᠎ᠠ ᠲᠤᠭᠳᠠᠭ᠋ᠠᠨ ᠵᠠᠯᠠᠷᠠᠭᠤᠯᠤᠭᠤᠯᠤᠨ᠎ᠠ᠃
      ᠲᠠᠪᠢ ᠶᠢᠰᠦᠳᠤᠭᠡᠷ ᠵᠦᠢ᠍ᠯ ᠲᠤᠤᠷ᠎ᠡ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠠᠶ᠋ᠢᠪᠠᠯ᠂ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠦᠷᠢᠮ᠎ᠤᠨ ᠲᠤᠭᠳᠠᠭ᠋ᠠᠯ ᠶᠤᠰᠤᠭ᠋ᠠᠷ ᠰᠢᠳᠭᠡᠨ᠎ᠡ᠄
     (ᠨᠢᠭᠡ) ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠶᠤᠰᠤᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠣᠳ᠎ᠢ ᠠᠯᠪᠠᠳᠠᠨ ᠰᠦᠷᠳᠡᠬᠦᠯᠬᠦ ᠪᠤᠶᠤ ᠬᠠᠭᠤᠷᠤᠨ ᠮᠡᠭᠡᠯᠡᠵᠦ ᠪᠠᠶ᠋ᠢᠭ᠎ᠠ ᠰᠤᠷᠤᠯᠭ᠎ᠠ ᠵᠢ᠎ᠨᠢ ᠠᠯᠳᠠᠭᠤᠯᠤᠭᠰᠠᠨ ᠡᠰᠡᠬᠦᠯ᠎ᠡ ᠰᠤᠷᠤᠯᠭ᠎ᠠ ᠵᠢ᠎ᠨᠢ ᠲᠤᠷᠭᠤᠨ ᠵᠤᠭᠰᠤᠭ᠋ᠠᠭᠰᠠᠨ;
     (ᠬᠤᠶᠠᠷ) ᠠᠯᠪᠠᠨ ᠵᠢᠷᠦᠮ᠎ᠤᠨ ᠰᠤᠷᠭ᠋ᠠᠨ ᠬᠦᠮᠦᠵᠢᠯ ᠬᠦᠷᠳᠡᠬᠦ ᠶᠤᠰᠤᠲᠠᠢ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠤᠳ᠎ᠢ ᠬᠠᠤᠯᠢ ᠪᠤᠰᠤ᠎ᠪᠠᠷ ᠡᠯᠰᠡᠨ ᠬᠡᠷᠡᠭᠯᠡᠭᠰᠡᠨ;
     (ᠭᠤᠷᠪᠠ) ᠬᠠᠤᠯᠢ ᠶᠤᠰᠤᠭ᠋ᠠᠷ ᠬᠢᠨᠠᠨ ᠲᠤᠭᠳᠠᠭ᠋ᠠᠯᠳᠠ ᠬᠢᠯᠭᠡᠭᠰᠡᠨ ᠦᠭᠡᠢ ᠬᠢᠴᠢᠶᠠᠯ᠎ᠤᠨ ᠪᠢᠴᠢᠭ᠎ᠢ ᠬᠡᠪᠯᠡᠬᠦᠯᠦᠭᠰᠡᠨ᠃
      ᠵᠢᠷᠠᠳᠤᠭ᠋ᠠᠷ ᠵᠦᠢ᠍ᠯ ᠲᠤᠰ ᠬᠠᠤᠯᠢ ᠵᠢᠨ ᠲᠤᠭᠳᠠᠭ᠋ᠠᠯ᠎ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠤᠰᠤᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ᠃

      ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ

      ᠵᠢᠷᠠᠨ ᠨᠢᠭᠡᠳᠦᠭᠡᠷ ᠵᠦᠢ᠍ᠯ ᠠᠯᠪᠠᠨ ᠵᠢᠷᠦᠮ᠎ᠤᠨ ᠰᠣᠷᠭ᠋ᠠᠨ ᠬᠦᠮᠦᠵᠢᠯ ᠬᠦᠷᠳᠡᠬᠦ ᠰᠤᠷᠭ᠋ᠠᠭᠤᠯᠢ᠎ᠳᠤ ᠤᠷᠤᠬᠤ ᠨᠠᠰᠤᠨ᠎ᠤ ᠭᠡᠤᠭᠡᠳ᠂ ᠪᠠᠭ᠋ᠠᠴᠣᠳ᠎ᠠᠴᠠ ᠰᠤᠯᠠ ᠵᠠᠷᠤᠳᠠᠯ ᠦᠯᠦ ᠬᠤᠷᠢᠶᠡᠬᠤ ᠲᠦᠷᠢᠮ᠎ᠢ ᠬᠡᠷᠡᠭᠵᠢᠬᠦᠯᠬᠦ ᠠᠯᠬᠤᠮ ᠲᠠᠷᠠᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠡ᠎ᠠᠴᠠ ᠲᠤᠭᠳᠠᠭ᠋ᠠᠨ᠎ᠠ᠃
      ᠵᠢᠷᠠᠨ ᠬᠤᠶᠠᠳᠤᠭ᠋ᠠᠷ ᠵᠦᠢ᠍ᠯ ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠪᠤᠶᠤ ᠬᠤᠪᠢ ᠬᠦᠮᠦᠨ᠎ᠤ ᠬᠠᠤᠯᠢ ᠶᠤᠰᠤᠭ᠋ᠠᠷ ᠡᠷᠬᠢᠯᠡᠭᠰᠡᠨ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠠᠯᠪᠠᠨ ᠵᠢᠷᠦᠮ᠎ᠤᠨ ᠰᠤᠷᠭ᠋ᠠᠨ ᠬᠦᠮᠦᠵᠢᠯ᠎ᠢ ᠬᠡᠷᠡᠭᠵᠢᠬᠦᠯᠵᠦ ᠪᠠᠶ᠋ᠢᠪᠠᠯ᠂ ᠠᠷᠠᠳ᠎ᠤᠨ ᠡᠷᠬᠢᠯᠡᠭᠰᠡᠨ ᠰᠤᠷᠭ᠋ᠠᠨ ᠬᠦᠮᠦᠵᠢᠯ᠎ᠢ ᠠᠬᠢᠭᠤᠯᠬᠤ ᠬᠠᠤᠯᠢ ᠵᠢᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠦᠢ᠍ᠴᠡᠳᠭᠡᠨ᠎ᠡ; ᠠᠷᠠᠳ᠎ᠠᠴᠠ ᠡᠷᠬᠢᠯᠡᠭᠰᠡᠨ ᠰᠤᠷᠭ᠋ᠠᠨ ᠬᠦᠮᠦᠵᠢᠯ᠎ᠢ ᠠᠬᠢᠭᠤᠯᠬᠤ ᠬᠠᠤᠯᠢ᠎ᠳᠤ ᠲᠤᠭᠳᠠᠭ᠋ᠠᠯ ᠭᠠᠷᠭ᠋ᠠᠭᠰᠠᠨ ᠦᠭᠡᠢ ᠪᠠᠶ᠋ᠢᠪᠠᠯ ᠲᠤᠰ ᠬᠠᠤᠯᠢ ᠵᠢ ᠬᠡᠷᠡᠭᠯᠡᠨ᠎ᠡ᠃
      ᠵᠢᠷᠠᠨ ᠭᠤᠷᠪᠠᠳᠤᠭ᠋ᠠᠷ ᠵᠦᠢ᠍ᠯ ᠲᠤᠰ ᠬᠠᠤᠯᠢ ᠵᠢ 2006 ᠤᠨ᠎ᠤ 9 ᠳ᠋ᠦ᠍ᠭᠡᠷ ᠰᠠᠷ᠎ᠡ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠦᠨ᠎ᠡ᠃

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ