ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠣᠭ᠍ᠲᠠᠭᠠᠯ᠎ᠤᠳ》 (ᠳᠣᠷᠣᠭ᠍ᠰᠢ 《ᠲᠣᠭ᠍ᠲᠠᠭᠠᠯ᠎ᠤᠳ》 ᠭᠡᠵᠦ᠍ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ᠎ᠦᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠮᠡᠳᠡᠭ᠌ᠳᠡᠯ᠎ᠳᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠬᠠᠳᠠᠭᠤ ᠠᠷᠬᠠᠭ ᠭᠡᠮ ᠮᠥᠨ᠂ ᠡᠷᠬᠡᠪᠰᠢ ᠶᠡᠬᠡ ᠬᠦᠴᠦ᠍ ᠣᠷᠣᠭᠤᠯᠵᠤ ᠡᠷᠡᠰ ᠵᠠᠯᠠᠷᠠᠭᠤᠯᠬᠤ ᠬᠡᠷᠡᠭ᠌ᠲᠡᠢ᠃ ᠦᠨᠳᠦᠰᠦᠨ ᠱᠠᠳᠤ ᠪᠣᠯ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ 《ᠡᠴᠦᠰ᠎ᠦᠨ ᠨᠢᠭᠡ ᠺᠢᠯᠤᠮᠸᠲᠷ》 ᠮᠦᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠳᠤ ᠬᠦᠯᠢᠶᠡᠰᠦᠯᠡᠭ᠌ᠳᠡᠵᠦ᠍ ᠪᠣᠯᠬᠤ ᠦᠭᠡᠢ᠃ 《ᠲᠣᠭ᠍ᠲᠠᠭᠠᠯ᠎ᠤᠳ》᠎ᠢ ᠲᠣᠭ᠍ᠲᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠬᠦ ᠨᠢ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ ᠥᠷᠭᠡᠳᠭᠡᠵᠦ᠍ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠤ ᠵᠢᠭᠠᠵᠤ ᠭᠠᠷᠭᠠᠪᠠ᠃
ᠮᠡᠳᠡᠭ᠌ᠳᠡᠯ᠎ᠳᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠲᠣᠭ᠍ᠲᠠᠭᠠᠯ᠎ᠤᠳ》᠎ᠢ ᠴᠢᠩᠭ᠎ᠠ ᠬᠡᠷᠡᠭ᠌ᠵᠢᠭᠦᠯᠵᠦ᠍᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠪᠠ ᠬᠦᠴᠦᠨ ᠣᠯᠭᠣᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠦᠨᠳᠦᠰᠦᠨ ᠱᠠᠲᠤ᠎ᠶ᠋ᠢ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠬᠦᠯᠢᠶᠡᠰᠦᠯᠡᠯ᠎ᠡᠴᠡ ᠦᠨᠡᠨ ᠬᠦ᠌ ᠮᠤᠯᠲᠤᠷᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠠᠩ ᠣᠯᠠᠨ ᠣᠶᠤᠨ ᠴᠢᠳᠠᠯ᠎ᠢᠶᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠬᠡᠷᠡᠭ᠌ᠲᠡᠶ᠃ ᠲᠥᠪ᠎ᠦᠨ ᠲᠠᠪᠬᠤᠷᠭ᠎ᠠ᠎ᠶᠢᠨ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠳᠤᠰᠭᠠᠢ ᠠᠵᠢᠯ᠎ᠤᠨ ᠲᠣᠭ᠍ᠲᠠᠴᠠ᠎ᠠᠴᠠ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠱᠠᠯᠠᠪᠳᠠᠭᠤᠯᠤᠨ ᠪᠠᠢᠴᠠᠭᠠᠵᠤ᠂ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠡᠯ᠎ᠡ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠵᠢᠯ᠎ᠢᠶᠠᠨ ᠲᠣᠬᠢᠷᠠᠭᠤᠯᠤᠨ ᠪᠠᠢᠷᠢᠯᠠᠭᠤᠯᠬᠤ᠎ᠳᠠᠭᠠᠨ ᠦᠨᠡᠨ᠎ᠡᠴᠡ ᠵᠥᠪ᠎ᠢ ᠡᠷᠢᠵᠦ᠍᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠵᠤ ᠬᠡᠷᠡᠭ᠌ᠵᠢᠭᠦᠯᠬᠦ᠌᠎ᠪᠡᠨ ᠴᠢᠩᠭᠠᠳᠭᠠᠵᠤ᠂ 《ᠲᠣᠭ᠍ᠲᠠᠭᠠᠯ᠎ᠤᠳ》᠎ᠢ ᠪᠣᠳᠠᠲᠠᠶ ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠤ ᠱᠠᠭᠠᠷᠳᠠᠪᠠ᠃
《ᠲᠣᠭ᠍ᠲᠠᠭᠠᠯ᠎ᠤᠳ》᠎ᠤᠨ ᠪᠥᠬᠥ᠌ ᠠᠭᠤᠯᠭ᠎ᠠ᠎ᠨᠢ ᠳᠤᠤᠷᠠᠬᠢ ᠮᠡᠲᠦ᠍᠃
ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠣᠭ᠍ᠲᠠᠭᠠᠯ᠎ᠤᠳ
(2024 ᠣᠨ᠎ᠤ 7 ᠰᠠᠷ᠎ᠠ᠎ᠶ᠋ᠢᠨ 30 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠡᠴᠡ ᠬᠢᠨᠠᠨ ᠵᠦᠪᠯᠡᠵᠤ ᠵᠦᠪᠰᠢᠶᠡᠷᠡᠪᠡ 2024 ᠣᠨ᠎ᠤ 8 ᠰᠠᠷ᠎ᠠ᠎ᠶ᠋ᠢᠨ 6 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ ᠨᠡᠢᠲᠡᠯᠡᠪᠡ)
ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍ ᠦᠨᠳᠦᠰᠦᠨ ᠱᠠᠲᠤᠨ᠎ᠤ ᠳᠠᠷᠤᠭᠠᠰᠦ᠎ᠶ᠋ᠢ ᠬᠥᠩᠭᠡᠷᠡᠭᠦᠯᠵᠦ᠍᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠲᠥᠯᠥᠨ ᠵᠢᠯᠣᠭᠣᠳᠴᠤ᠌ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠠᠩ ᠶᠡᠭᠡ ᠭᠥᠴᠤ ᠭᠠᠷᠭᠠᠵᠤ ᠨᠠᠢᠳᠠᠪᠤᠷᠢᠵᠢᠭᠤᠯᠤᠯᠲᠠ᠎ᠶ᠋ᠢ ᠠᠳᠬᠤᠭᠤᠯᠬᠤ᠎ᠶ᠋ᠢᠨ ᠲᠥᠯᠥᠭᠡ ᠳᠤᠤᠷᠠᠬᠢ ᠲᠣᠭ᠍ᠲᠠᠭᠠᠯ᠎ᠢ ᠲᠣᠭ᠍ᠲᠠᠭᠠᠪᠠ᠃
ᠨᠢᠭᠡ᠂ ᠪᠢᠴᠢᠭ ᠮᠠᠲ᠋ᠧᠷᠢᠶᠠᠯ᠎ᠢ ᠦᠨᠡᠨ ᠬᠦ᠌ ᠴᠣᠮᠬᠠᠳᠭᠠᠬᠤ ᠬᠡᠷᠡᠭ᠌ᠲᠡᠶ
1. ᠪᠢᠴᠢᠭ ᠮᠠᠲ᠋ᠧᠷᠢᠶᠠᠯ᠎ᠤᠨ ᠲᠣᠭ᠎ᠠ ᠬᠡᠮᠵᠢᠶ᠎ᠡ᠎ᠶ᠋ᠢ ᠴᠢᠩᠭ᠎ᠠ ᠡᠵᠡᠮᠳᠡᠬᠦ᠌ ᠬᠡᠷᠡᠭ᠌ᠲᠡᠶ᠃ ᠣᠷᠣᠨ ᠨᠤᠲᠤᠭ ᠪᠠ ᠰᠠᠯᠠᠭ᠎ᠠ ᠮᠦᠴᠢᠷ᠎ᠦᠨ ᠬᠢᠨ ᠪᠢᠴᠢᠭ ᠮᠠᠲ᠋ᠧᠷᠢᠶᠠᠯ ᠪᠠᠭᠤᠯᠭᠠᠬᠤ᠎ᠳᠤ ᠲᠥᠯᠥᠪᠯᠡᠭᠡᠲᠦ ᠬᠠᠮᠢᠶᠠᠷᠤᠯᠲᠠ᠂ ᠶᠡᠷᠦᠩᠬᠡᠶ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠪᠠ ᠪᠢᠴᠢᠭ ᠮᠠᠲ᠋ᠧᠷᠢᠶᠠᠯ ᠪᠠᠭᠤᠯᠭᠠᠵᠤ ᠲᠥᠷᠥᠯ ᠵᠦᠶ᠋ᠯ ᠲᠣᠭ᠍ᠲᠠᠭᠠᠬᠤ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠲᠦᠷ ᠴᠠᠭ᠎ᠤᠨ ᠴᠢᠨᠠᠷᠲᠠᠶ᠂ ᠢᠵᠢ ᠪᠥᠷᠢᠳᠦᠭᠦᠯᠬᠦ᠌᠂ ᠠᠵᠢᠯ᠎ᠤᠨ ᠬᠤᠪᠢᠶᠠᠷᠢᠯᠠᠯ᠎ᠤᠨ ᠪᠢᠴᠢᠭ ᠮᠠᠲ᠋ᠧᠷᠢᠶᠠᠯ ᠪᠠᠭᠤᠯᠭᠠᠬᠤ᠎ᠶ᠋ᠢ ᠴᠢᠩᠭ᠎ᠠ ᠬᠢᠵᠠᠭᠠᠷᠯᠠᠬᠤ ᠬᠡᠷᠡᠭᠳᠠᠢ᠃ ᠣᠨ᠎ᠤ ᠪᠣᠳᠠᠲᠠᠶ ᠪᠠᠭᠤᠯᠭᠠᠬᠤ ᠪᠢᠴᠢᠭ ᠮᠠᠲ᠋ᠧᠷᠢᠶᠠᠯ᠎ᠤᠨ ᠲᠣᠭ᠎ᠠ ᠬᠡᠮᠵᠢᠶ᠎ᠡ᠎ᠶ᠋ᠢ ᠡᠩ᠎ᠦᠨ ᠪᠠᠢᠳᠠᠯ᠎ᠳᠤ ᠬᠠᠰᠤᠬᠤ᠎ᠠᠴᠠ ᠪᠢᠰᠢ ᠨᠡᠮᠡᠭ᠌ᠳᠡᠭᠦᠯᠬᠦ᠌ ᠦᠭᠡᠶ᠂ ᠳᠡᠭᠡᠷ᠎ᠡ ᠵᠢᠯ᠎ᠡᠴᠡ ᠬᠡᠲᠦᠷᠡᠭ᠌ᠰᠡᠨ ᠪᠣᠯ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ (ᠭᠡᠷ)᠎ᠳᠤ ᠪᠢᠴᠢᠭ᠎ᠢᠶᠡᠷ ᠲᠣᠳᠣᠷᠬᠠᠢᠯᠠᠬᠤ ᠬᠡᠷᠡᠭ᠌ᠲᠡᠶ᠃ ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ᠂ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠳᠣᠤᠷᠠᠳᠤ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠤᠷᠳᠣᠨ᠎ᠳᠤ ᠵᠢᠭᠠᠪᠤᠷᠢ᠎ᠶ᠋ᠢᠨ ᠴᠢᠨᠠᠷᠲᠠᠶ ᠠᠯᠪᠠᠨ ᠪᠢᠴᠢᠭ ᠨᠡᠢᠲᠡᠯᠡᠬᠦ᠌ ᠪᠤᠶᠤ ᠠᠯᠪᠠᠨ ᠪᠢᠴᠢᠭ᠎ᠲᠡᠬᠡᠨ ᠵᠢᠭᠠᠪᠤᠷᠢ᠎ᠶ᠋ᠢᠨ ᠴᠢᠨᠠᠷᠲᠠᠶ ᠱᠠᠭᠠᠷᠳᠠᠯᠭ᠎ᠠ ᠳᠤᠷᠠᠳᠴᠤ᠌ ᠪᠣᠯᠬᠤ ᠦᠭᠡᠶ᠃ ᠡᠳᠦᠷ ᠲᠤᠲᠤᠮ᠎ᠤᠨ ᠬᠥᠳᠡᠯᠦᠩᠭᠦᠶ ᠬᠢᠨᠠᠨ ᠬᠡᠮᠵᠢᠬᠦ᠌᠎ᠶ᠋ᠢ ᠴᠢᠩᠭᠠᠳᠭᠠᠵᠤ᠂ 《ᠤᠯᠠᠭᠠᠨ ᠲᠦᠷᠦᠭᠦᠲᠦ ᠠᠯᠪᠠᠨ ᠪᠢᠴᠢᠭ》᠎ᠢ 《ᠴᠠᠭᠠᠨ ᠲᠦᠷᠦᠭᠦᠲᠦ ᠠᠯᠪᠠᠨ ᠪᠢᠴᠢᠭ》 ᠪᠣᠯᠭᠠᠬᠤ᠂ ᠵᠢᠩᠬᠢᠨᠢ ᠠᠯᠪᠠᠨ ᠪᠢᠴᠢᠭ᠎ᠢ ᠵᠠᠬᠢᠳᠠᠯ᠎ᠤᠨ ᠴᠠᠭᠠᠰᠤ ᠪᠤᠯᠭᠠᠬᠤ᠂ ᠣᠯᠠᠨ ᠪᠢᠴᠢᠭ ᠮᠠᠲᠸᠷᠢᠶᠠᠯ᠎ᠢ ᠨᠢᠭᠡ ᠪᠤᠯᠭᠠᠵᠤ ᠨᠡᠢᠯᠡᠭᠦᠯᠬᠦ ᠵᠡᠷᠭᠡ ᠠᠷᠭ᠎ᠠ ᠮᠠᠶᠢᠭ᠎ᠢᠶᠠᠷ ᠪᠢᠴᠢᠭ ᠮᠠᠲᠸᠷᠢᠶᠠᠯ᠎ᠤᠨ ᠲᠣᠭ᠎ᠠ ᠬᠡᠮᠵᠢᠶ᠎ᠡ᠎ᠶ᠋ᠢᠨ ᠬᠠᠮᠢᠶᠠᠷᠤᠯᠲᠠ᠎ᠡᠴᠡ ᠵᠠᠢᠯᠠᠬᠤ᠎ᠶ᠋ᠢ ᠰᠡᠷᠭᠡᠢᠯᠡᠬᠦ ᠬᠡᠷᠡᠭᠳᠠᠢ᠃
2. ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ ᠬᠡᠷᠡᠭᠳᠠᠢ᠃ 《ᠣᠬᠣᠷ ᠪᠣᠳᠠᠲᠠᠶ ᠱᠢᠨ᠎ᠡ》 ᠪᠢᠴᠢᠭ ᠮᠠᠲᠸᠷᠢᠶᠠᠯ᠎ᠤᠨ ᠰᠤᠷᠲᠠᠯ᠎ᠢ ᠪᠠᠷᠢᠮᠲᠠᠯᠠᠵᠤ᠂ ᠶᠡᠷᠦᠩᠬᠡᠢᠯᠡᠭ᠌ᠰᠡᠨ ᠴᠢᠨᠠᠷᠲᠠᠶ ᠠᠵᠢᠯ᠎ᠢ ᠪᠠᠢᠷᠢᠯᠠᠭᠤᠯᠬᠤ᠎ᠠᠴᠠ ᠭᠠᠳᠠᠨ᠎ᠠ ᠣᠷᠣᠨ ᠨᠤᠲᠤᠭ ᠪᠠ ᠰᠠᠯᠠᠭ᠎ᠠ ᠮᠥᠴᠢᠷ᠎ᠦᠨ ᠪᠢᠴᠢᠭ ᠮᠠᠲ᠋ᠧᠷᠢᠶᠠᠯ᠎ᠢ ᠡᠩ᠎ᠦᠨ ᠪᠠᠢᠳᠠᠯ᠎ᠳᠤ 5000 ᠥᠰᠥᠭ᠎ᠡᠴᠡ ᠬᠡᠲᠦᠷᠡᠭᠦᠯᠵᠦ᠍ ᠪᠣᠯᠬᠤ ᠥᠬᠡᠶ᠂ ᠲᠤᠰᠭᠠᠶ ᠠᠵᠢᠯ ᠪᠤᠶᠤ ᠪᠣᠳᠠᠲᠠᠶ ᠡᠭᠦᠷᠭᠡ᠎ᠶ᠋ᠢ ᠪᠠᠢᠷᠢᠯᠠᠭᠤᠯᠬᠤ ᠪᠢᠴᠢᠭ ᠮᠠᠲ᠋ᠧᠷᠢᠶᠠᠯ᠎ᠢ ᠡᠩ᠎ᠦᠨ ᠪᠠᠢᠳᠠᠯ᠎ᠳᠤ 4000 ᠥᠰᠥᠭ᠎ᠡᠴᠡ ᠬᠡᠲᠦᠷᠡᠭᠦᠯᠵᠦ᠍ ᠪᠣᠯᠬᠤ ᠥᠬᠡᠶ᠃ ᠪᠢᠴᠢᠭ ᠮᠠᠲ᠋ᠧᠷᠢᠶᠠᠯ᠎ᠳᠤ ᠭᠤᠤᠯ ᠤᠴᠢᠷ᠎ᠢᠶᠠᠨ ᠰᠢᠭᠤᠳ ᠶᠠᠷᠢᠵᠤ᠂ ᠭᠤᠤᠯ ᠰᠡᠳᠦᠪ᠎ᠢᠶᠠᠨ ᠰᠢᠭᠤᠳ ᠳᠡᠯᠭᠡᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠭᠤᠤᠯᠴᠢᠯᠠᠨ ᠳᠤᠷᠠᠳᠴᠤ᠌᠂ ᠡᠩ᠎ᠦᠨ ᠪᠠᠢᠳᠠᠯ᠎ᠳᠤ ᠴᠠᠭ᠎ᠤᠨ ᠪᠠᠢᠳᠠᠯ᠂ ᠴᠢᠬᠤᠯᠠ ᠠᠴᠢ ᠬᠣᠯᠪᠣᠭ᠍ᠳᠠᠯ᠂ ᠭᠤᠤᠯ ᠵᠠᠷᠴᠢᠮ ᠵᠡᠷᠭᠡ ᠠᠭᠤᠯᠭ᠎ᠠ᠎ᠶ᠋ᠢ ᠲᠣᠳᠣᠷᠬᠠᠢᠯᠠᠨ ᠥᠭᠦᠯᠡᠬᠦ᠌ ᠴᠢᠬᠤᠯᠠ ᠥᠬᠡᠶ᠂ ᠦᠨᠡᠨ ᠬᠦ᠌ ᠲᠣᠳᠣᠷᠬᠠᠢᠯᠠᠨ ᠥᠭᠦᠯᠡᠬᠦ᠌ ᠴᠢᠬᠤᠯᠠᠲᠠᠶ ᠪᠣᠯ ᠲᠣᠪᠴᠢ ᠠᠪᠰᠠᠷᠬᠠᠨ ᠪᠠᠢᠯᠭᠠᠬᠤ ᠬᠡᠷᠡᠭ᠌ᠲᠡᠶ; ᠤᠳᠤᠷᠢᠳᠤᠯᠭ᠎ᠠ᠎ᠪᠠᠨ ᠴᠢᠩᠭᠠᠳᠭᠠᠬᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠵᠡᠷᠭᠡ ᠠᠭᠤᠯᠭ᠎ᠠ᠎ᠶ᠋ᠢ ᠨᠠᠷᠢᠯᠢᠭ᠍ᠵᠢᠭᠤᠯᠬᠤ ᠬᠡᠷᠡᠭ᠌ᠲᠡᠶ᠃ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠳᠤ ᠪᠣᠳᠠᠲᠠᠶ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠱᠢᠭᠤᠳ ᠳᠤᠷᠠᠳᠤᠨ᠎ᠠ᠂ ᠳᠡᠭᠡᠳᠦ ᠱᠠᠳᠤᠨ᠎ᠤ ᠪᠢᠴᠢᠭ ᠮᠠᠲ᠋ᠧᠷᠢᠶᠠᠯ᠎ᠢ ᠳᠥᠭᠥᠮᠬᠡᠨ᠎ᠢᠶᠡᠷ ᠲᠡᠷᠡ ᠬᠡᠪ᠎ᠢᠶᠡᠷ ᠨᠢ ᠬᠠᠭᠤᠯᠵᠤ ᠪᠣᠯᠬᠤ ᠥᠬᠡᠶ᠃
3. ᠦᠨᠡᠯᠡᠨ ᠵᠢᠱ᠌ᠢᠵᠦ᠍ ᠬᠢᠨᠠᠨ ᠪᠠᠢᠴᠠᠭᠠᠬᠤ᠎ᠪᠠᠨ ᠴᠢᠩᠭᠠᠳᠭᠠᠬᠤ ᠬᠡᠷᠡᠭ᠌ᠲᠡᠶ᠃ ᠣᠷᠣᠨ ᠨᠤᠲᠤᠭ ᠪᠠ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠣᠭ᠍ᠲᠠᠭᠠᠨ ᠲᠠᠷᠬᠠᠭᠠᠬᠤ᠎ᠳᠠᠭᠠᠨ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠯᠦ᠍ᠭᠡ ᠨᠢᠭᠡᠳᠦᠯᠲᠦ ᠴᠢᠨᠠᠷᠲᠠᠶ ᠦᠨᠡᠯᠡᠨ ᠵᠢᠱ᠌ᠢᠯᠲᠡ ᠬᠢᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ᠂ ᠬᠠᠤᠯᠢ ᠲᠣᠭ᠍ᠲᠠᠭᠠᠯ᠎ᠳᠤ ᠨᠡᠢᠴᠡᠬᠦ᠌ ᠴᠢᠨᠠᠷᠲᠠᠶ ᠬᠢᠨᠠᠨ ᠪᠠᠢᠴᠠᠭᠠᠯᠲᠠ᠎ᠶ᠋ᠢ ᠴᠢᠩᠭᠠᠳᠭᠠᠨ᠂ ᠡᠩ᠎ᠦᠨ ᠪᠠᠢᠳᠠᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢᠶᠠᠨ ᠮᠡᠳᠡᠭᠦᠯᠦᠨ ᠬᠦᠷᠭᠡᠬᠦ᠌᠂ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠲᠣᠭ᠍ᠲᠠᠭᠠᠬᠤ ᠱᠠᠭᠠᠷᠳᠠᠯᠭ᠎ᠠ᠎ᠶ᠋ᠢ ᠳᠤᠷᠠᠳᠴᠤ ᠪᠤᠯᠬᠤ ᠥᠬᠡᠶ; ᠲᠤᠰᠭᠠᠶ ᠪᠢᠴᠢᠭ ᠮᠠᠲ᠋ᠧᠷᠢᠶᠠᠯ᠎ᠠᠴᠠ ᠭᠠᠳᠠᠨ᠎ᠠ ᠪᠢᠴᠢᠭ ᠮᠠᠲ᠋ᠧᠷᠢᠶᠠᠯ᠎ᠳᠤ ᠵᠠᠷᠴᠢᠮ ᠳᠡᠭᠡᠷ᠎ᠡ᠎ᠪᠡᠨ ᠪᠠᠢᠭᠤᠯᠤᠮᠵᠢ᠎ᠶ᠋ᠢᠨ ᠣᠷᠣᠨ ᠲᠣᠭ᠎ᠠ᠂ ᠺᠠᠳ᠋ᠷ᠎ᠤᠨ ᠲᠣᠬᠢᠷᠠᠭᠤᠯᠤᠯᠲᠠ᠂ ᠴᠠᠯᠢᠩ ᠠᠰᠠᠷᠠᠮᠵᠢ ᠬᠠᠷᠠᠭᠠᠯᠵᠠᠯ᠂ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌᠂ ᠪᠠᠷᠢᠮᠵᠢᠶ᠎ᠠ᠎ᠳᠤ ᠬᠦᠷᠭᠡᠬᠦ᠌᠂ 《ᠨᠢᠭᠡ ᠪᠢᠯᠧᠲ᠎ᠢᠶᠡᠷ ᠦᠭᠡᠢᠰᠭᠡᠬᠦ᠌》 ᠪᠠ ᠬᠠᠷᠢᠭᠤᠴᠠᠯᠭ᠎ᠠ᠎ᠶ᠋ᠢᠨ ᠪᠢᠴᠢᠭ ᠲᠣᠭ᠍ᠲᠠᠭᠠᠬᠤ ᠵᠡᠷᠭᠡ ᠵᠦᠶ᠋ᠯᠡᠰ᠎ᠲᠦ ᠪᠣᠳᠠᠲᠠᠶ ᠱᠠᠭᠠᠷᠳᠠᠯᠭ᠎ᠠ ᠳᠤᠷᠠᠳᠴᠤ ᠪᠤᠯᠬᠤ ᠥᠬᠡᠶ᠃
ᠬᠣᠶᠠᠷ᠂ ᠬᠤᠷᠠᠯ᠎ᠢ ᠴᠢᠩᠭ᠎ᠠ ᠴᠣᠮᠬᠠᠳᠭᠠᠬᠤ ᠬᠡᠷᠡᠭ᠌ᠲᠡᠢ
4. ᠬᠤᠷᠠᠯ᠎ᠤᠨ ᠲᠣᠭ᠎ᠠ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠬᠤ ᠬᠡᠷᠡᠭᠳᠠᠢ᠃ ᠬᠤᠷᠠᠯ ᠬᠤᠷᠠᠯᠳᠤᠭᠤᠯᠬᠤ᠎ᠳᠦ ᠲᠥᠯᠥᠪᠯᠡᠭᠡᠲᠦ ᠬᠠᠮᠢᠶᠠᠷᠤᠯᠲᠠ᠎ᠶ᠋ᠢ ᠴᠢᠩᠭ᠎ᠠ ᠬᠡᠷᠡᠭ᠌ᠵᠢᠭᠦᠯᠬᠦ ᠬᠡᠷᠡᠭᠳᠠᠢ᠃ ᠬᠠᠤᠯᠢ᠎ᠪᠠᠷ ᠲᠣᠭ᠍ᠲᠠᠭᠠᠭ᠍ᠰᠠᠨ ᠴᠢᠨᠠᠷᠲᠠᠶ᠂ ᠳᠦᠷᠢᠮ᠎ᠦᠨ ᠴᠢᠨᠠᠷᠲᠠᠶ ᠬᠤᠷᠠᠯ᠎ᠢ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃ ᠲᠤᠰ ᠱᠢᠰᠲ᠋ᠧᠮ ᠲᠤᠰ ᠬᠦᠷᠢᠶ᠎ᠠ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠠᠵᠢᠯ᠎ᠤᠨ ᠬᠤᠷᠠᠯ᠎ᠢ ᠵᠠᠷᠴᠢᠮ ᠳᠡᠭᠡᠷ᠎ᠡ᠎ᠪᠡᠨ ᠵᠢᠯ ᠪᠦᠷᠢ 1 ᠤᠳᠠᠭ᠎ᠠ᠎ᠡᠴᠡ ᠬᠡᠲᠦᠷᠡᠭᠦᠯᠵᠦ᠍ ᠪᠣᠯᠬᠤ ᠦᠭᠡᠶ᠂ ᠡᠯ᠎ᠡ ᠱᠠᠲᠤᠨ᠎ᠤ ᠰᠠᠯᠠᠭ᠎ᠠ ᠮᠥᠴᠢᠷ᠎ᠦᠨ ᠲᠤᠬᠠᠢᠯᠠᠭ᠍ᠰᠠᠨ ᠠᠵᠢᠯ᠎ᠤᠨ ᠬᠤᠷᠠᠯ᠎ᠢ ᠨᠡᠢᠯᠡᠭᠦᠯᠵᠦ᠍ ᠪᠣᠯᠬᠤ᠎ᠶ᠋ᠢ ᠨᠢ ᠨᠡᠢᠯᠡᠭᠦᠯᠵᠦ᠍᠂ ᠴᠣᠮᠬᠠᠳᠭᠠᠵᠤ ᠪᠣᠯᠬᠤ᠎ᠶ᠋ᠢ ᠨᠢ ᠴᠣᠮᠬᠠᠳᠬᠠᠬᠤ ᠬᠡᠷᠡᠭᠳᠠᠢ᠃ ᠡᠯ᠎ᠡ ᠱᠠᠲᠤᠨ᠎ᠤ ᠡᠳᠦᠷ ᠲᠤᠲᠤᠮ᠎ᠤᠨ ᠴᠢᠨᠠᠷᠲᠠᠶ ᠬᠤᠷᠠᠯ ᠬᠤᠷᠠᠯᠳᠤᠭᠤᠯᠬᠤ᠎ᠳᠤ ᠱᠢᠯᠢᠳᠡᠭ᠌ᠵᠢᠭᠦᠯᠦᠨ ᠴᠣᠮᠬᠠᠳᠭᠠᠵᠤ ᠪᠣᠳᠠᠲᠠᠶ᠎ᠶ᠋ᠢ ᠡᠷᠬᠢᠮᠯᠡᠨ᠂ ᠲᠤᠭ᠎ᠠ ᠬᠡᠮᠵᠢᠶ᠎ᠠ᠎ᠶ᠋ᠢ ᠡᠵᠡᠮᠳᠡᠵᠦ᠍᠂ ᠨᠡᠢᠯᠡᠭᠦᠯᠦᠨ ᠰᠤᠳᠤᠯᠵᠤ ᠬᠢᠨᠠᠨ ᠵᠥᠪᠯᠡᠵᠦ᠍ ᠪᠣᠯᠬᠤ ᠵᠦᠶ᠋ᠯᠡᠰ᠎ᠢ ᠨᠡᠢᠯᠡᠭᠦᠯᠬᠦ᠌ ᠬᠡᠷᠡᠭ᠌ᠲᠡᠶ᠃ ᠳᠡᠭᠡᠳᠤ ᠱᠠᠲᠤᠨ᠎ᠤ ᠵᠣᠷᠢᠭ ᠰᠠᠨᠠᠭ᠎ᠠ᠎ᠶ᠋ᠢ ᠬᠤᠷᠠᠯ ᠬᠢᠵᠦ᠍ ᠤᠯᠠᠮᠵᠢᠯᠠᠬᠤ᠎ᠳᠠᠭᠠᠨ ᠰᠦᠨᠢ ᠠᠯᠤᠰᠯᠠᠵᠤ ᠪᠤᠯᠬᠤ ᠦᠭᠡᠢ ᠭᠡᠵᠦ ᠵᠤᠷᠢᠭᠤᠳᠠ ᠬᠢᠵᠤ ᠪᠤᠯᠬᠤ ᠦᠭᠡᠢ᠃ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶ᠋ᠢᠨ ᠭᠣᠣᠯ ᠬᠠᠷᠢᠭᠤᠴᠠᠯᠭᠠᠲᠠᠨ ᠨᠥᠬᠥᠳ᠎ᠢᠶᠡᠷ ᠵᠥᠪᠱᠢᠶᠡᠷᠡᠭᠦᠯᠦᠭ᠌ᠰᠡᠨ ᠦᠭᠡᠢ᠎ᠪᠡᠷ ᠦᠨᠳᠦᠰᠦᠨ ᠱᠠᠲᠤᠨ᠎ᠳᠤ ᠱᠢᠭᠤᠳ ᠬᠦᠷᠬᠦ᠌ ᠬᠤᠷᠠᠯ (ᠲᠧᠯᠸᠢᠰ ᠤᠲᠠᠰᠤ᠂ ᠰᠦᠯᠵᠢᠶᠡᠨ᠎ᠦ ᠸᠢᠳᠢᠣ᠋ ᠬᠤᠷᠠᠯ ᠪᠠᠭ᠍ᠲᠠᠨ᠎ᠠ)᠎ᠢ ᠳᠤᠷ᠎ᠠ᠎ᠪᠠᠷ᠎ᠢᠶᠠᠨ ᠬᠢᠵᠤ ᠪᠣᠯᠬᠤ ᠦᠭᠡᠢ᠂ ᠨᠢᠭᠡᠨᠲᠡ ᠦᠨᠳᠦᠰᠦᠨ ᠱᠠᠲᠤᠨ᠎ᠳᠤ ᠬᠦᠷᠳᠡᠯ᠎ᠠ ᠱᠢᠭᠤᠳ ᠬᠤᠷᠠᠯᠳᠤᠭᠤᠯᠤᠭ᠍ᠰᠠᠨ ᠪᠠᠢᠪᠠᠯ᠂ ᠱᠠᠳᠤ ᠱᠠᠳᠤ᠎ᠪᠠᠷ ᠬᠤᠷᠠᠯᠳᠤᠭᠤᠯᠬᠤ ᠦᠭᠡᠢ᠃ ᠲᠤᠬᠠᠶ᠎ᠶ᠋ᠢᠨ ᠲᠠᠯᠠᠪᠠᠶ᠎ᠶ᠋ᠢᠨ ᠲᠤᠭᠤᠷᠢᠨ ᠦᠵᠡᠬᠦ ᠬᠤᠷᠠᠯ᠂ ᠠᠬᠢᠭᠤᠯᠬᠤ ᠬᠤᠷᠠᠯ ᠵᠡᠷᠭᠡ᠎ᠶ᠋ᠢᠨ ᠲᠣᠭ᠎ᠠ ᠬᠡᠮᠵᠢᠶ᠎ᠡ᠎ᠶ᠋ᠢ ᠪᠠᠭᠠᠰᠬᠠᠬᠤ ᠬᠡᠷᠡᠭᠳᠠᠢ᠃ ᠨᠢᠭᠡᠨᠲᠡ ᠪᠢᠴᠢᠭ ᠮᠠᠲ᠋ᠧᠷᠢᠶᠠᠯ ᠲᠣᠭ᠍ᠲᠠᠭᠠᠵᠤ ᠪᠠᠭᠤᠯᠭᠠᠭᠰᠠᠨ ᠠᠵᠢᠯ᠎ᠤᠨ ᠵᠦᠶ᠋ᠯᠡᠰ᠎ᠢ ᠵᠠᠷᠴᠢᠮ ᠳᠡᠭᠡᠷ᠎ᠡ᠎ᠪᠡᠨ ᠳᠠᠭᠢᠵᠤ ᠲᠤᠰᠭᠠᠶ ᠬᠤᠷᠠᠯ ᠬᠢᠵᠦ᠍ ᠪᠠᠢᠷᠢᠯᠠᠭᠤᠯᠬᠤ ᠥᠬᠡᠶ᠃ ᠬᠣᠲᠠ ᠱᠢᠶᠠᠨ ᠬᠣᠶᠠᠷ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠦ ᠬᠢᠨ ᠤᠨ᠎ᠤ ᠶᠡᠷᠦᠩᠬᠡᠢᠯᠡᠭ᠌ᠰᠡᠨ ᠴᠢᠨᠠᠷᠲᠠᠶ ᠬᠤᠷᠠᠯ᠎ᠢ ᠨᠢᠭᠡᠳᠦᠯᠲᠡᠶ ᠲᠥᠯᠥᠪᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠵᠢᠯ᠎ᠦᠨ ᠡᠴᠦᠰ᠎ᠢᠶᠡᠷ ᠣᠪᠣᠭᠠᠷᠠᠯᠳᠤᠨ ᠬᠤᠷᠠᠯᠳᠤᠬᠤ᠎ᠶ᠋ᠢ ᠰᠡᠷᠭᠡᠢᠯᠡᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠨᠠᠮ ᠵᠠᠰᠠᠭ᠎ᠤᠨ ᠭᠤᠤᠯ ᠬᠠᠷᠢᠭᠤᠴᠠᠯᠭᠠᠲᠠᠨ ᠨᠥᠬᠥᠳ ᠪᠣᠯᠤᠨ ᠲᠣᠰᠭᠣᠨ (ᠨᠡᠢᠭᠡᠮ ᠲᠣᠭᠣᠷᠢᠭ)᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠂ ᠲᠣᠰᠭᠣᠨ (ᠰᠠᠭᠤᠭᠠᠯᠢ ᠠᠷᠠᠳ)᠎ᠤ ᠵᠥᠪᠯᠡᠯ᠎ᠦᠨ ᠡᠷᠬᠢᠯᠡᠭ᠌ᠴᠢ᠎ᠶ᠋ᠢᠨ ᠣᠷᠣᠯᠴᠠᠬᠤ ᠬᠤᠷᠠᠯ᠎ᠤᠨ ᠲᠣᠭ᠎ᠠ ᠬᠡᠮᠵᠢᠶ᠎ᠡ᠎ᠶ᠋ᠢ ᠢᠯᠡᠳᠲᠡ ᠪᠠᠭᠠᠰᠬᠠᠬᠤ ᠬᠡᠷᠡᠭᠳᠠᠢ᠃
5. ᠬᠡᠪᠴᠢᠶ᠎ᠡ ᠪᠠᠷᠢᠮᠵᠢᠶ᠎ᠠ᠎ᠶ᠋ᠢ ᠡᠵᠡᠮᠳᠡᠬᠦ ᠬᠡᠷᠡᠭᠳᠠᠢ᠃ ᠬᠤᠷᠠᠯ᠎ᠳᠤ ᠣᠷᠣᠯᠴᠠᠬᠤ ᠬᠦᠮᠦᠰ᠎ᠤᠨ ᠬᠦᠷᠢᠶ᠎ᠡ ᠬᠡᠪᠴᠢᠶ᠎ᠡ᠂ ᠱᠠᠲᠤ ᠲᠠᠰ᠎ᠢ ᠴᠢᠩᠭ᠎ᠠ ᠬᠢᠵᠠᠭᠠᠷᠯᠠᠵᠤ᠂ ᠵᠥᠪᠬᠡᠨ ᠬᠤᠷᠠᠯ᠎ᠤᠨ ᠭᠤᠤᠯ ᠰᠡᠳᠦᠪ᠎ᠲᠡᠶ ᠨᠢᠭ᠍ᠲᠠ ᠬᠣᠯᠪᠣᠭ᠎ᠠ᠎ᠲᠠᠶ ᠨᠢᠭᠡᠴᠢ᠎ᠶ᠋ᠢ ᠣᠷᠣᠯᠴᠠᠭᠤᠯᠤᠨ᠎ᠠ᠂ ᠱᠠᠲᠤ ᠱᠠᠲᠤ᠎ᠪᠠᠷ ᠪᠠᠷ᠎ᠠ ᠪᠣᠯᠵᠣ ᠪᠣᠯᠬᠤ ᠥᠬᠡᠶ᠃ ᠬᠤᠷᠠᠯ᠎ᠤᠨ ᠪᠠᠷᠢᠮᠵᠢᠶ᠎ᠠ᠎ᠶ᠋ᠢ ᠵᠣᠬᠢᠰᠲᠠᠶ ᠲᠣᠭ᠍ᠲᠠᠭᠠᠵᠤ᠂ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠲᠠᠨ᠎ᠠᠴᠠ ᠬᠤᠷᠠᠯᠳᠤᠭᠤᠯᠬᠤ ᠬᠤᠷᠠᠯ᠎ᠳᠤ ᠡᠩ᠎ᠦᠨ ᠪᠠᠢᠳᠠᠯ᠎ᠳᠤ ᠲᠤᠤᠷᠠᠳᠤ ᠱᠠᠲᠤᠨ᠎ᠤ ᠭᠣᠣᠯ ᠬᠠᠷᠢᠭᠤᠴᠠᠯᠭᠠᠲᠠᠨ᠎ᠢ ᠬᠤᠷᠠᠯ᠎ᠳᠤ ᠣᠷᠣᠯᠴᠠᠭᠤᠯᠬᠤ᠎ᠪᠠᠷ ᠱᠠᠭᠠᠷᠳᠠᠬᠤ ᠦᠭᠡᠢ᠃ ᠰᠠᠯᠠᠭ᠎ᠠ ᠮᠥᠴᠢᠷ᠎ᠦᠨ ᠨᠡᠷ᠎ᠡ᠎ᠪᠡᠷ ᠬᠤᠷᠠᠯᠳᠤᠭᠤᠯᠤᠭ᠍ᠰᠠᠨ ᠬᠤᠷᠠᠯ᠎ᠳᠤ᠂ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠪᠠᠷ ᠵᠥᠪᠱᠢᠶᠡᠷᠡᠭᠦᠯᠬᠦ ᠦᠭᠡᠢ ᠪᠤᠯ᠂ ᠳᠣᠤᠷᠠᠳᠤ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ ᠨᠥᠬᠥᠳ᠎ᠢ ᠬᠤᠷᠠᠯ᠎ᠳᠤ ᠣᠷᠣᠯᠴᠠᠭᠤᠯᠬᠤ᠎ᠪᠠᠷ ᠱᠠᠭᠠᠷᠳᠠᠵᠤ ᠪᠣᠯᠬᠤ ᠦᠭᠡᠶ᠃ ᠬᠤᠷᠠᠯ᠎ᠳᠤ ᠣᠷᠣᠯᠴᠠᠬᠤ ᠤᠳᠤᠷᠢᠳᠤᠯᠭ᠎ᠠ᠎ᠶ᠋ᠢᠨ ᠲᠠᠰ᠎ᠢᠶᠠᠷ ᠬᠤᠷᠠᠯ᠎ᠳᠤ ᠣᠷᠣᠯᠴᠠᠬᠤ ᠬᠥᠮᠦᠰ᠎ᠲᠦ ᠬᠠᠷᠠᠭᠠᠯᠵᠠᠭᠰᠠᠨ ᠲᠠᠰ᠎ᠤᠨ ᠱᠠᠭᠠᠷᠳᠠᠯᠭ᠎ᠠ᠎ᠶ᠋ᠢ ᠠᠯᠢ ᠴᠢᠳᠠᠬᠤ᠎ᠪᠡᠷ ᠳᠤᠷᠠᠳᠴᠤ᠌ ᠪᠣᠯᠬᠤ ᠥᠬᠡᠶ᠂ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠲᠠᠨ ᠨᠥᠬᠥᠳ ᠣᠷᠣᠯᠴᠠᠵᠤ ᠪᠤᠯᠬᠤ ᠬᠤᠷᠠᠯ᠎ᠳᠤ ᠭᠤᠤᠯ ᠬᠠᠷᠢᠭᠤᠴᠠᠯᠭᠠᠲᠠᠨ ᠨᠥᠬᠥᠳ᠎ᠢ ᠬᠤᠷᠠᠯ᠎ᠳᠤ ᠣᠷᠣᠯᠴᠠᠭᠤᠯᠬᠤ᠎ᠪᠠᠷ ᠱᠠᠭᠠᠷᠳᠠᠵᠤ ᠪᠤᠯᠬᠤ ᠦᠭᠡᠢ᠂ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠣᠷᠣᠯᠴᠠᠵᠤ ᠪᠤᠯᠬᠤ ᠬᠤᠷᠠᠯ᠎ᠳᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ ᠨᠥᠬᠥᠳ᠎ᠢ ᠬᠤᠷᠠᠯ᠎ᠳᠤ ᠣᠷᠣᠯᠴᠠᠭᠤᠯᠬᠤ᠎ᠪᠠᠷ ᠱᠠᠭᠠᠷᠳᠠᠵᠤ ᠪᠤᠯᠬᠤ ᠥᠬᠡᠶ᠃ ᠲᠥᠪ᠎ᠦᠨ ᠰᠠᠯᠠᠭ᠎ᠠ ᠮᠥᠴᠢᠷ᠎ᠦᠨ ᠠᠵᠢᠯ᠎ᠤᠨ ᠬᠤᠷᠠᠯ᠎ᠳᠤ ᠬᠣᠲᠠ ᠱᠢᠶᠠᠨ ᠵᠢᠴᠢ ᠲᠡᠭᠦᠨ᠎ᠡᠴᠡ ᠳᠣᠷᠣᠭ᠍ᠰᠢᠬᠢ ᠨᠢᠭᠡᠴᠢ᠎ᠶ᠋ᠢ ᠬᠤᠷᠠᠯ᠎ᠳᠤ ᠣᠷᠣᠯᠴᠠᠭᠤᠯᠬᠤ᠎ᠪᠠᠷ ᠲᠣᠬᠢᠷᠠᠭᠤᠯᠬᠤ ᠦᠭᠡᠢ᠂ ᠮᠤᠵᠢ᠎ᠶ᠋ᠢᠨ ᠱᠠᠲᠤᠨ᠎ᠤ ᠰᠠᠯᠠᠭ᠎ᠠ ᠮᠥᠴᠢᠷ᠎ᠦᠨ ᠠᠵᠢᠯ᠎ᠤᠨ ᠬᠤᠷᠠᠯ᠎ᠳᠤ ᠡᠩ᠎ᠦᠨ ᠪᠠᠢᠳᠠᠯ᠎ᠳᠤ ᠱᠢᠶᠠᠨ᠎ᠡᠴᠡ ᠳᠣᠷᠣᠭ᠍ᠰᠢᠬᠢ ᠨᠢᠭᠡᠴᠢ᠎ᠶ᠋ᠢ ᠬᠤᠷᠠᠯ᠎ᠳᠤ ᠣᠷᠣᠯᠴᠠᠭᠤᠯᠬᠤ᠎ᠪᠠᠷ ᠲᠣᠬᠢᠷᠠᠭᠤᠯᠬᠤ ᠦᠭᠡᠢ᠃
6. ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠬᠡᠷᠡᠭᠳᠠᠢ᠃ ᠣᠬᠣᠷ ᠬᠤᠷᠠᠯ ᠬᠢᠬᠦ᠌᠂ ᠣᠬᠣᠷ ᠶᠠᠷᠢᠶ᠎ᠠ ᠲᠠᠯᠪᠢᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠣᠷᠣᠨ ᠨᠤᠲᠤᠭ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ ᠬᠠᠮᠳᠤ ᠣᠷᠣᠯᠴᠠᠭ᠍ᠰᠠᠨ ᠬᠤᠷᠠᠯ ᠳᠡᠭᠡᠷ᠎ᠡ ᠡᠩ᠎ᠦᠨ ᠪᠠᠢᠳᠠᠯ᠎ᠳᠤ ᠬᠠᠮᠳᠦ ᠶᠠᠷᠢᠶ᠎ᠠ ᠲᠠᠯᠪᠢᠬᠤ ᠦᠭᠡᠢ᠂ ᠭᠣᠣᠯ ᠬᠠᠷᠢᠭᠤᠴᠠᠯᠭᠠᠲᠠᠨ ᠨᠥᠬᠥᠳ ᠶᠠᠷᠢᠶ᠎ᠠ ᠲᠠᠯᠪᠢᠬᠤ ᠪᠤᠶᠤ ᠬᠤᠷᠠᠯ᠎ᠤᠨ ᠭᠣᠣᠯ ᠮᠡᠳᠡᠭᠦᠯᠦᠯᠲᠡ ᠬᠢᠬᠦ᠌᠎ᠳᠡᠭᠡᠨ 1 ᠴᠠᠭ᠎ᠡᠴᠡ ᠬᠡᠲᠦᠷᠡᠭᠦᠯᠵᠦ᠍ ᠪᠣᠯᠬᠤ ᠦᠭᠡᠢ᠂ ᠦᠭᠡ ᠬᠡᠯᠡᠬᠦ᠎ᠪᠠᠷ ᠲᠤᠬᠢᠷᠠᠭᠤᠯᠤᠭᠰᠠᠨ ᠪᠤᠯ ᠦᠭᠡ ᠬᠡᠯᠡᠬᠦ ᠴᠠᠭ᠎ᠢᠶᠠᠨ ᠬᠢᠵᠠᠭᠠᠷᠯᠠᠵᠤ᠂ ᠡᠩ᠎ᠦᠨ ᠴᠢᠨᠠᠷᠲᠠᠢ ᠠᠵᠢᠯ᠎ᠤᠨ ᠬᠠᠷᠢᠭᠤ ᠮᠡᠳᠡᠭᠦᠯᠦᠯᠲᠡ ᠬᠢᠬᠦ᠌᠂ ᠣᠪᠣᠷ᠎ᠢᠶᠠᠨ ᠢᠯᠡᠳᠭᠡᠬᠦ᠌ ᠵᠡᠷᠭᠡ᠎ᠶ᠋ᠢ ᠲᠡᠪᠴᠢᠨ᠎ᠠ᠃ ᠳᠤᠭᠤᠢᠯᠠᠩ ᠬᠤᠪᠢᠶᠠᠨ ᠶᠠᠷᠢᠯᠴᠠᠬᠤ ᠬᠤᠷᠠᠯ ᠲᠣᠬᠢᠷᠠᠭᠤᠯᠪᠠᠯ᠂ ᠬᠤᠷᠠᠯ᠎ᠤᠨ ᠬᠤᠭᠤᠴᠠᠭ᠎ᠠ᠎ᠶ᠋ᠢ ᠵᠠᠷᠴᠢᠮ ᠳᠡᠭᠡᠷ᠎ᠡ᠎ᠪᠡᠨ 1 ᠡᠳᠦᠷ ᠬᠠᠭᠠᠰ᠎ᠡᠴᠡ ᠬᠡᠲᠦᠷᠡᠭᠦᠯᠵᠦ᠍ ᠪᠣᠯᠬᠤ ᠥᠬᠡᠶ᠂ ᠪᠤᠰᠤᠳ ᠬᠤᠷᠠᠯ᠎ᠢ ᠡᠩ᠎ᠤᠨ ᠪᠠᠢᠳᠠᠯ᠎ᠳᠤ ᠬᠠᠭᠠᠰ ᠡᠳᠦᠷ᠎ᠦᠨ ᠳᠣᠲᠣᠷ᠎ᠠ ᠲᠣᠬᠢᠷᠠᠭᠤᠯᠬᠤ ᠬᠡᠷᠡᠭᠳᠠᠢ᠃ ᠲᠧᠯᠸᠢᠰ ᠤᠳᠠᠰᠤ᠂ ᠰᠦᠯᠵᠢᠶᠡᠨ᠎ᠦ ᠸᠢᠳᠢᠣ᠋ ᠬᠡᠯᠪᠡᠷᠢ᠎ᠪᠡᠷ ᠬᠤᠷᠠᠯ ᠬᠢᠵᠤ ᠪᠤᠯᠪᠠᠯ ᠲᠥᠪᠯᠡᠷᠡᠭᠦᠯᠦᠨ ᠬᠤᠷᠠᠯᠳᠤᠭᠤᠯᠬᠤ ᠦᠭᠡᠢ ᠪᠠᠢᠵᠤ ᠪᠣᠯᠤᠨ᠎ᠠ᠃
ᠭᠤᠷᠪᠠ᠂ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠵᠢᠷᠤᠮᠵᠢᠭᠤᠯᠬᠤ ᠬᠡᠷᠡᠭᠳᠠᠢ
7. ᠲᠥᠯᠥᠪᠯᠡᠭᠡ ᠪᠠ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠶ᠋ᠢ ᠴᠢᠩᠳᠠᠯᠠᠬᠤ ᠬᠡᠷᠡᠭᠳᠠᠢ᠃ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠎ᠦᠨ ᠥᠷᠨᠢᠭᠦᠯᠬᠦ᠌᠎ᠪᠡᠷ ᠪᠠᠢᠭ᠎ᠠ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠬᠣᠯᠪᠣᠭ᠍ᠳᠠᠬᠤ ᠶᠡᠷᠦᠩᠬᠡᠢᠯᠡᠭ᠌ᠰᠡᠨ ᠴᠢᠨᠠᠷᠲᠠᠶ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠵᠦᠶ᠋ᠯᠡᠰ᠎ᠢ ᠣᠨ᠎ᠤ ᠲᠥᠯᠥᠪᠯᠡᠭᠡ ᠶᠣᠰᠣᠭᠠᠷ ᠬᠡᠷᠡᠭ᠌ᠵᠢᠭᠦᠯᠵᠦ᠍᠂ ᠵᠠᠷᠴᠢᠮ ᠳᠡᠭᠡᠷ᠎ᠡ᠎ᠪᠡᠨ ᠰᠠᠯᠠᠭ᠎ᠠ ᠮᠥᠴᠢᠷ ᠨᠢᠭᠡ ᠪᠦᠷᠢ᠎ᠨᠢ 1 ᠵᠦᠶ᠋ᠯ᠎ᠡᠴᠡ ᠬᠡᠲᠦᠷᠡᠵᠦ᠍ ᠪᠣᠯᠬᠤ ᠥᠬᠡᠶ᠂ ᠠᠳᠠᠯᠢ ᠲᠥᠷᠥᠯ᠎ᠦᠨ ᠵᠦᠶ᠋ᠯᠡᠰ᠎ᠢ ᠨᠡᠢᠯᠡᠭᠦᠯᠦᠨ ᠶᠠᠪᠤᠭ᠍ᠳᠠᠭᠤᠯᠵᠤ᠂ ᠣᠯᠠᠨ ᠰᠠᠯᠠᠭ᠎ᠠ ᠮᠥᠴᠢᠷ᠎ᠲᠦ ᠬᠣᠯᠪᠣᠭ᠍ᠳᠠᠪᠠᠯ ᠬᠠᠮᠲᠤᠷᠠᠨ ᠥᠷᠨᠢᠭᠦᠯᠬᠦ᠌ ᠬᠡᠷᠡᠭ᠌ᠲᠡᠶ᠃ ᠰᠠᠯᠠᠭ᠎ᠠ ᠮᠥᠴᠢᠷ᠎ᠦᠨ ᠳᠣᠲᠣᠭᠠᠳᠤ ᠪᠠᠢᠭᠤᠯᠤᠮᠵᠢ ᠪᠠ ᠠᠵᠢᠯ ᠲᠥᠷᠥᠯ᠎ᠦᠨ ᠱᠢᠰᠲ᠋ᠧᠮ᠎ᠳᠤ ᠬᠠᠨᠳᠤᠭᠤᠯᠤᠭᠰᠠᠨ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠠᠵᠢᠯ ᠥᠷᠨᠢᠭᠦᠯᠬᠦ᠌᠎ᠶ᠋ᠢ ᠨᠢᠭᠡᠳᠦᠯᠲᠡᠶ ᠲᠥᠯᠥᠪᠵᠢᠭᠦᠯᠬᠦ ᠡᠷᠴᠢᠮ᠎ᠢᠶᠡᠨ ᠴᠢᠩᠭᠠᠷᠠᠭᠤᠯᠵᠤ᠂ ᠮᠡᠳᠡᠭᠦᠯᠵᠦ᠍ ᠳᠠᠩᠰᠠᠯᠠᠭᠤᠯᠤᠭ᠍ᠰᠠᠨ ᠥᠬᠡᠶ ᠪᠣᠯ ᠥᠷᠨᠢᠭᠦᠯᠵᠦ᠍ ᠪᠣᠯᠬᠤ ᠥᠬᠡᠶ᠃ ᠲᠥᠯᠥᠪᠯᠡᠭᠡ᠎ᠡᠴᠡ ᠭᠠᠳᠠᠨ᠎ᠠ ᠦᠨᠡᠨ ᠬᠦ᠌ ᠥᠷᠨᠢᠭᠦᠯᠬᠦ᠌ ᠴᠢᠬᠤᠯᠠᠲᠠᠢ ᠪᠠᠢᠪᠠᠯ ᠤᠴᠢᠷ ᠶᠠᠪᠤᠳᠠᠯ᠎ᠢᠶᠠᠨ ᠮᠡᠳᠡᠭᠦᠯᠬᠦ᠌ ᠬᠡᠷᠡᠭ᠌ᠲᠡᠢ᠃ ᠲᠥᠯᠥᠪᠯᠡᠭᠡ᠎ᠪᠠᠨ ᠮᠡᠳᠡᠭᠦᠯᠬᠦ᠎ᠳᠡᠭᠡᠨ ᠨᠡᠢᠯᠡᠭᠦᠯᠦᠨ ᠮᠡᠳᠡᠭᠦᠯᠵᠤ᠂ ᠬᠡᠷᠡᠭ᠌ᠵᠢᠭᠦᠯᠬᠦ᠎ᠳᠡᠭᠡᠨ ᠰᠠᠯᠭᠠᠨ ᠭᠦᠢᠴᠡᠳᠭᠡᠵᠤ ᠪᠣᠯᠬᠤ ᠦᠭᠡᠢ᠂ ᠪᠠᠢᠴᠠᠭᠠᠨ ᠰᠤᠳᠤᠯᠤᠯᠲᠠ ᠬᠢᠬᠦ᠌ ᠨᠡᠷ᠎ᠡ᠎ᠪᠡᠷ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠵᠤ ᠪᠣᠯᠬᠤ ᠦᠭᠡᠢ᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠳ᠋ᠦᠩ᠎ᠢ ᠱᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ᠌ ᠦᠨᠳᠦᠰᠦᠯᠡᠯ ᠪᠣᠯᠭᠠᠵᠤ ᠪᠣᠯᠬᠤ ᠦᠭᠡᠢ᠃ ᠰᠠᠯᠠᠭ᠎ᠠ ᠮᠥᠴᠢᠷ᠎ᠦᠨ ᠪᠢᠴᠢᠭ ᠮᠠᠲ᠋ᠧᠷᠢᠶᠠᠯ᠂ ᠤᠳᠤᠷᠢᠳᠤᠯᠭ᠎ᠠ᠎ᠶ᠋ᠢᠨ ᠶᠠᠷᠢᠶ᠎ᠠ ᠵᠡᠷᠭᠡ᠎ᠳᠤ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠵᠦᠶ᠋ᠯᠡᠰ᠎ᠢ ᠲᠣᠭ᠍ᠲᠠᠭᠠᠬᠤ ᠥᠬᠡᠶ᠃ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠰᠠᠯᠠᠭ᠎ᠠ ᠮᠥᠴᠢᠷ᠎ᠦᠨ ᠥᠷᠨᠢᠭᠦᠯᠦᠭ᠌ᠰᠡᠨ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠵᠦᠶ᠋ᠯᠡᠰ᠎ᠢ ᠡᠩ᠎ᠦᠨ ᠪᠠᠢᠳᠠᠯ᠎ᠳᠤ ᠣᠷᠣᠨ ᠨᠤᠲᠤᠭ ᠱᠠᠲᠤ ᠱᠠᠲᠤ᠎ᠪᠠᠷ ᠢᠵᠢ ᠪᠦᠷᠢᠳᠦᠭᠦᠯᠦᠨ ᠥᠷᠨᠢᠭᠦᠯᠬᠦ᠌᠎ᠶ᠋ᠢ ᠱᠠᠭᠠᠷᠳᠠᠬᠤ ᠥᠬᠡᠶ᠃ ᠵᠢᠯ ᠪᠦᠷᠢ᠎ᠶ᠋ᠢᠨ ᠡᠬᠢᠨ᠂ ᠵᠢᠯ᠎ᠦᠨ ᠳᠤᠮᠳᠠ᠂ ᠲᠤᠬᠠᠶ᠎ᠶ᠋ᠢᠨ ᠭᠠᠵᠠᠷ᠎ᠲᠤᠨᠢ ᠥᠷᠨᠢᠭᠦᠯᠬᠦ᠌᠎ᠪᠡᠷ ᠪᠠᠢᠭ᠎ᠠ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠬᠤ ᠵᠦᠶ᠋ᠯᠡᠰ᠎ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ ᠱᠢᠯᠢᠳᠡᠭ᠌ᠵᠢᠭᠦᠯᠬᠦ᠌᠎ᠪᠡᠨ ᠴᠢᠩᠭᠠᠳᠭᠠᠵᠤ᠂ ᠴᠠᠭ ᠪᠠ ᠭᠠᠵᠠᠷ᠎ᠢ ᠨᠢ ᠵᠤᠬᠢᠰᠳᠠᠢ ᠲᠤᠬᠢᠷᠠᠭᠤᠯᠬᠤ ᠬᠡᠷᠡᠭ᠌ᠲᠡᠶ᠃ ᠪᠠᠴᠢᠮ ᠪᠠᠢᠳᠠᠯ᠎ᠢ ᠠᠷᠭᠠᠴᠠᠭᠠᠬᠤ ᠲᠥᠷᠥᠯ᠎ᠦᠨ ᠠᠶᠤᠯᠭᠦᠢ ᠦᠶ᠋ᠯᠡᠳᠪᠦᠷᠢᠯᠡᠯ᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ᠎ᠶ᠋ᠢ ᠭᠠᠷᠭᠠᠪᠠᠯ᠂ ᠮᠤᠵᠢ ᠨᠢᠭᠡ ᠪᠦᠷᠢ ᠨᠢ ᠪᠥᠬᠥ᠌ ᠵᠢᠯ᠎ᠳᠦ ᠳᠤᠮᠳᠠᠴᠢ᠎ᠪᠠᠷ ᠰᠠᠷ᠎ᠠ ᠪᠦᠷᠢ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠰᠠᠯᠠᠭ᠎ᠠ ᠮᠥᠴᠢᠷ᠎ᠦᠨ ᠲᠤᠬᠠᠶ᠎ᠶ᠋ᠢᠨ ᠭᠠᠵᠠᠷ᠎ᠲᠤ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠬᠤ᠎ᠶ᠋ᠢ ᠬᠦᠯᠢᠶᠡᠬᠦ᠌ ᠨᠢ ᠲᠣᠭ᠍ᠲᠠᠭ᠍ᠰᠠᠨ ᠤᠳᠠᠭ᠎ᠠ᠎ᠡᠴᠡ ᠬᠡᠲᠦᠷᠡᠵᠦ᠍ ᠪᠣᠯᠬᠤ ᠥᠬᠡᠶ᠂ ᠳᠡᠭᠡᠳᠤ ᠱᠠᠳᠤᠨ᠎ᠡᠴᠡ ᠬᠣᠲᠠ ᠱᠢᠶᠠᠨ ᠱᠢᠶᠠᠩ ᠭᠤᠷᠪᠠᠨ ᠱᠠᠲᠤ᠎ᠶ᠋ᠢ ᠲᠤᠬᠠᠶ᠎ᠶ᠋ᠢᠨ ᠭᠠᠵᠠᠷ᠎ᠲᠤ ᠨᠢ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠬᠤ ᠤᠳᠠᠭ᠎ᠠ᠎ᠶ᠋ᠢ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ᠎ᠡᠴᠡ ᠯᠠᠪᠯᠠᠯᠲᠠ ᠪᠣᠯᠭᠠᠨ ᠲᠣᠭ᠍ᠲᠠᠭᠠᠯ ᠭᠠᠷᠭᠠᠨ᠎ᠠ᠃ ᠮᠤᠵᠢ ᠬᠣᠲᠠ ᠱᠢᠶᠠᠨᠦ ᠬᠢᠨ ᠲᠣᠰ ᠱᠠᠲᠤᠨ᠎ᠤ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠵᠦᠶ᠋ᠯᠡᠰ᠎ᠦᠨ ᠲᠥᠯᠥᠪᠯᠡᠭᠡ ᠪᠠ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠪᠠᠨ ᠴᠢᠩᠭᠠᠳᠬᠠᠬᠤ ᠬᠡᠷᠡᠭᠳᠠᠢ᠃
8. ᠬᠡᠯᠪᠡᠷᠢ ᠠᠷᠭ᠎ᠠ᠎ᠪᠠᠨ ᠰᠠᠢᠵᠢᠷᠠᠭᠤᠯᠬᠤ ᠬᠡᠷᠡᠭᠳᠠᠢ᠃ ᠳᠡᠭᠡᠳᠦ ᠱᠠᠲᠤᠨ᠎ᠤ ᠰᠠᠯᠠᠭ᠎ᠠ ᠮᠥᠴᠢᠷ ᠣᠷᠣᠨ ᠨᠤᠲᠤᠭ᠎ᠲᠤ ᠬᠦᠷᠴᠦ᠍ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠵᠤ ᠪᠠᠢᠴᠠᠭᠠᠨ ᠰᠤᠳᠤᠯᠬᠤ᠎ᠳᠠᠭᠠᠨ᠂ ᠬᠠᠯᠲᠤᠰᠭᠢᠪᠡᠯ ᠭᠣᠣᠯ ᠬᠠᠷᠢᠭᠤᠴᠠᠯᠭᠠᠲᠠᠨ ᠨᠥᠬᠥᠳ᠎ᠲᠡᠶ ᠠᠭᠤᠯᠵᠠᠬᠤ᠎ᠪᠠᠷ ᠱᠠᠭᠠᠷᠳᠠᠵᠤ ᠪᠣᠯᠬᠤ ᠦᠭᠡᠢ᠂ ᠦᠨᠳᠦᠰᠦᠨ ᠱᠠᠳᠤ᠎ᠶ᠋ᠢ ᠬᠦᠰᠦᠨᠦᠭ ᠲᠠᠭ᠍ᠯᠠᠵᠤ ᠮᠠᠲᠧᠷᠢᠶᠠᠯ ᠮᠡᠳᠡᠭᠦᠯᠬᠦ᠌᠎ᠪᠡᠷ ᠱᠠᠭᠠᠷᠳᠠᠵᠤ ᠪᠣᠯᠬᠤ ᠦᠭᠡᠢ᠃ ᠤᠳᠤᠷᠢᠳᠭᠤ ᠨᠥᠬᠥᠳ᠎ᠦᠨ ᠴᠣᠬᠣᠯᠠᠪᠤᠷᠢ᠎ᠶ᠋ᠢ ᠣᠯᠤᠭ᠍ᠰᠠᠨ ᠡᠰᠡᠬᠦ ᠵᠢᠴᠢ ᠰᠡᠳᠬᠦᠯ ᠪᠠ ᠵᠠᠭᠤᠴᠢᠯᠠᠭᠤᠷ᠎ᠲᠤ ᠵᠣᠬᠢᠶᠠᠯ ᠮᠡᠳᠡᠭᠡ ᠵᠠᠩᠭᠢ᠂ ᠲᠤᠷᠱᠢᠯᠭ᠎ᠠ ᠬᠢᠳᠡᠯ ᠨᠡᠢᠳᠡᠯᠡᠭᠰᠡᠨ ᠵᠡᠷᠭᠡ᠎ᠶ᠋ᠢ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠠᠭᠤᠯᠭ᠎ᠠ ᠪᠣᠯᠭᠠᠵᠤ ᠪᠣᠯᠬᠤ ᠥᠬᠡᠶ᠃ ᠬᠤᠷᠠᠯ ᠬᠢᠵᠦ᠍ ᠪᠢᠴᠢᠭ ᠮᠠᠲ᠋ᠧᠷᠢᠶᠠᠯ ᠪᠠᠭᠤᠯᠭᠠᠬᠤ ᠡᠰᠡᠬᠦ᠌᠂ ᠰᠡᠭᠦᠳᠡᠷ ᠲᠠᠲᠠᠵᠤ ᠣᠷᠣᠮ ᠦᠯᠡᠳᠡᠭᠡᠬᠦ᠌ ᠡᠰᠡᠬᠦ᠂ ᠰᠤᠷᠤᠯᠴᠠᠭ᠍ᠰᠠᠨ ᠲᠡᠮᠳᠡᠭ᠌ᠯᠡᠯ ᠬᠢᠬᠦ᠌ ᠡᠰᠡᠬᠦ ᠵᠡᠷᠭᠡ᠎ᠶ᠋ᠢ ᠠᠵᠢᠯ᠎ᠤᠨ ᠰᠠᠢᠨ ᠮᠠᠭᠤ᠎ᠶ᠋ᠢ ᠦᠨᠡᠯᠡᠨ ᠲᠣᠭ᠍ᠲᠠᠭᠠᠬᠤ ᠪᠠᠷᠢᠮᠵᠢᠶ᠎ᠠ ᠪᠣᠯᠭᠠᠬᠤ ᠦᠭᠡᠶ᠂ ᠠᠵᠢᠯ᠎ᠢᠶᠠᠨ ᠰᠠᠶᠢᠬᠠᠨ ᠪᠠᠢᠷᠢᠯᠠᠭᠤᠯᠤᠮᠠᠭ᠍ᠴᠠ ᠱᠠᠯᠠᠪᠳᠠᠭᠤᠯᠤᠨ ᠪᠠᠢᠴᠠᠭᠠᠵᠤ ᠱᠢᠯᠭᠠᠬᠤ ᠬᠢᠨᠠᠵᠤ ᠪᠣᠯᠬᠤ ᠦᠭᠡᠶ᠃ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ᠎ᠳᠤ ᠵᠠᠷᠴᠢᠮ ᠳᠡᠭᠡᠷ᠎ᠡ᠎ᠪᠡᠨ ᠳᠠᠢᠴᠢᠯᠠᠯᠲᠠ᠎ᠶ᠋ᠢᠨ ᠬᠤᠷᠠᠯ᠂ ᠬᠠᠷᠢᠭᠤ ᠲᠤᠰᠭᠠᠬᠤ ᠬᠤᠷᠠᠯ ᠬᠤᠷᠠᠯᠳᠤᠭᠤᠯᠬᠤ ᠥᠬᠡᠶ᠃ ᠱᠠᠯᠠᠪᠳᠠᠭᠤᠯᠤᠨ ᠪᠠᠢᠴᠠᠭᠠᠭ᠍ᠰᠠᠨ ᠱᠢᠯᠭᠠᠨ ᠬᠢᠨᠠᠭᠰᠠᠨ ᠦᠷ᠎ᠡ ᠳ᠋ᠦᠩ᠎ᠢ ᠵᠣᠬᠢᠰᠲᠠᠢ ᠠᠷᠭ᠎ᠠ ᠬᠡᠯᠪᠡᠷᠢ᠎ᠪᠡᠷ ᠬᠠᠷᠢᠭᠤ ᠲᠤᠰᠭᠠᠵᠤ᠂ ᠴᠡᠭ᠌ᠴᠡᠯᠡᠨ ᠰᠠᠢᠵᠢᠷᠠᠭᠤᠯᠬᠤ ᠴᠠᠭ᠎ᠢ ᠭᠦᠢᠴᠡᠳ ᠦᠯᠡᠳᠡᠭᠡᠬᠦ᠌ ᠬᠡᠷᠡᠭ᠌ᠲᠡᠢ᠃ 《ᠭᠤᠷᠪᠠ᠎ᠶ᠋ᠢ ᠢᠯᠭᠠᠨ ᠦᠵᠡᠬᠦ》᠎ᠶᠢ ᠨᠠᠢᠳᠠᠪᠤᠷᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ᠌ ᠬᠠᠷᠢᠭᠤᠴᠠᠯᠭ᠎ᠠ ᠲᠤᠯᠭᠠᠬᠤ ᠪᠠ ᠠᠭᠤᠴᠢᠯᠠᠨ ᠪᠠᠭᠳᠠᠭᠠᠬᠤ ᠠᠯᠳᠠᠭ᠎ᠠ ᠪᠤᠷᠤᠭᠤ᠎ᠶᠢ ᠵᠠᠯᠠᠷᠠᠭᠤᠯᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠬᠠᠷᠢᠭᠤᠴᠠᠯᠭ᠎ᠠ ᠲᠤᠯᠭᠠᠬᠤ᠎ᠪᠠᠷ ᠴᠡᠭ᠌ᠴᠡᠯᠡᠨ ᠰᠠᠢᠵᠢᠷᠠᠭᠤᠯᠬᠤ᠎ᠶᠢ ᠣᠷᠣᠯᠠᠭᠤᠯᠵᠤ ᠪᠣᠯᠬᠤ ᠦᠭᠡᠢ᠂ ᠲᠣᠭ᠍ᠲᠠᠭᠠᠭ᠍ᠰᠠᠨ ᠵᠢᠷᠤᠮ᠎ᠢ ᠳᠠᠮᠵᠢᠭ᠍ᠰᠠᠨ ᠦᠭᠡᠢ᠂ ᠪᠣᠳᠠᠲᠤ ᠶᠠᠪᠤᠳᠠᠯ᠎ᠢ ᠪᠠᠢᠴᠠᠭᠠᠨ ᠲᠤᠳᠤᠯᠠᠬᠤ᠎ᠡᠴᠡ ᠡᠮᠦᠨ᠎ᠡ ᠺᠠᠳ᠋ᠷ᠎ᠡᠴᠡ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠵᠤ ᠪᠣᠯᠬᠤ ᠦᠭᠡᠢ᠂ ᠬᠠᠷᠢᠭᠤᠴᠠᠯᠭ᠎ᠠ ᠲᠤᠯᠭᠠᠬᠤ᠌ᠶ᠋ᠢ ᠬᠡᠳᠦᠷᠡᠭᠦᠯᠬᠦ᠂ ᠳᠥᠭᠥᠮᠴᠢᠯᠡᠬᠦ᠌᠎ᠶ᠋ᠢ ᠰᠡᠷᠭᠡᠢᠯᠡᠬᠦ᠌ ᠬᠡᠷᠡᠭ᠌ᠲᠡᠢ᠃ ᠬᠢᠨᠠᠨ ᠱᠢᠯᠭᠠᠬᠤ ᠵᠢᠭᠠᠯᠲᠠ ᠲᠣᠭ᠎ᠠ᠎ᠶ᠋ᠢ ᠬᠠᠰᠤᠵᠤ᠂ ᠮᠠᠲ᠋ᠧᠷᠢᠶᠠᠯ ᠬᠠᠩᠭᠠᠬᠤ ᠥᠰᠥᠭ᠎ᠦᠨ ᠬᠡᠮᠵᠢᠶ᠎ᠡ᠎ᠶ᠋ᠢ ᠪᠠᠭᠠᠰᠭᠠᠨ᠂ ᠬᠢᠨᠠᠨ ᠱᠢᠯᠭᠠᠬᠤ ᠭᠤᠤᠯᠳᠠᠯᠭ᠎ᠠ᠎ᠶ᠋ᠢ ᠳᠣᠪᠣᠢᠯᠭᠠᠵᠤ᠂ ᠱᠠᠲᠤ ᠱᠠᠲᠤ᠎ᠪᠡᠷ ᠡᠭᠦᠷᠭᠡ ᠨᠡᠮᠡᠬᠦ᠌ ᠥᠬᠡᠶ᠂ 《ᠳᠠᠭᠠᠯᠳᠤᠭᠤᠯᠤᠨ》 ᠬᠢᠨᠠᠨ ᠱᠢᠯᠭᠠᠬᠤ ᠠᠭᠤᠯᠭ᠎ᠠ ᠲᠣᠬᠢᠷᠠᠭᠤᠯᠬᠤ ᠥᠬᠡᠶ᠃ 《ᠨᠢᠭᠡ ᠪᠢᠯᠧᠲ᠎ᠢᠶᠡᠷ ᠦᠭᠡᠢᠰᠭᠡᠬᠦ᠌》 ᠪᠠ ᠬᠠᠷᠢᠭᠤᠴᠠᠯᠭ᠎ᠠ᠎ᠶ᠋ᠢᠨ ᠪᠢᠴᠢᠭ ᠲᠣᠭ᠍ᠲᠠᠬᠤ ᠵᠦᠶ᠋ᠯᠡᠰ᠎ᠢ ᠳᠤᠷ᠎ᠠ᠎ᠪᠠᠷ᠎ᠢᠶᠠᠨ ᠲᠣᠬᠢᠷᠠᠭᠤᠯᠵᠤ ᠪᠣᠯᠬᠤ ᠥᠬᠡᠶ᠂ ᠠᠮᠠᠯᠠᠯᠲᠠ᠎ᠶ᠋ᠢᠨ ᠪᠢᠴᠢᠭ ᠲᠣᠭ᠍ᠲᠠᠬᠤ᠂ ᠭᠤᠷᠪᠠᠳᠠᠬᠢ ᠡᠲᠡᠭᠡᠳ᠎ᠡᠴᠡ ᠦᠨᠡᠯᠡᠨ ᠵᠢᠱ᠌ᠢᠬᠦ᠌᠂ ᠬᠠᠨᠤᠮᠵᠢ᠎ᠶ᠋ᠢᠨ ᠬᠡᠮᠵᠢᠶ᠎ᠡ᠎ᠶ᠋ᠢ ᠬᠡᠮᠵᠢᠨ ᠲᠣᠭ᠍ᠲᠠᠭᠠᠬᠤ᠂ ᠫᠠᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠱᠢᠯᠭᠠᠨ ᠬᠢᠨᠠᠬᠤ ᠵᠦᠶ᠋ᠯᠡᠰ᠎ᠢ ᠬᠡᠯᠪᠡᠷᠢ᠎ᠶ᠋ᠢ ᠨᠢ ᠥᠭᠡᠷᠡᠲᠦᠭᠦᠯᠦᠨ ᠲᠣᠬᠢᠷᠠᠭᠤᠯᠵᠤ ᠪᠣᠯᠬᠤ ᠥᠬᠡᠶ᠃ ᠰᠠᠷ᠎ᠠ᠂ ᠤᠯᠠᠷᠢᠯ᠎ᠢᠶᠠᠷ ᠣᠯᠠᠨ ᠤᠳᠠᠭ᠎ᠠ ᠨᠡᠷᠡᠰ᠎ᠦᠨ ᠵᠢᠭ᠍ᠰᠠᠭᠠᠯᠲᠠ ᠭᠠᠷᠭᠠᠵᠤ ᠵᠠᠷᠯᠠᠵᠤ ᠪᠣᠯᠬᠤ ᠥᠬᠡᠶ᠃ ᠨᠡᠷᠡᠰ᠎ᠦᠨ ᠵᠢᠭ᠍ᠰᠠᠭᠠᠯᠲᠠ᠎ᠶ᠋ᠢ ᠵᠠᠷᠯᠠᠬᠤ ᠬᠡᠯᠪᠡᠷᠢ᠎ᠪᠡᠷ ᠬᠡᠯᠪᠡᠷᠢ᠎ᠶ᠋ᠢ᠎ᠨᠢ ᠥᠭᠡᠷᠡᠲᠦᠭᠦᠯᠦᠨ ᠱᠢᠯᠭᠠᠨ ᠬᠢᠨᠠᠵᠤ ᠪᠣᠯᠬᠤ ᠥᠬᠡᠶ᠃ ᠱᠢᠯᠭᠠᠨ ᠬᠢᠨᠠᠬᠤ᠎ᠳᠤ ᠶᠠᠷᠱᠢᠭ ᠲᠦᠪᠡᠭ᠎ᠢ ᠲᠦᠭᠦᠮᠴᠢᠯᠡᠬᠦ ᠬᠡᠷᠡᠭ᠌ᠲᠡᠶ᠃
9. ᠦᠨᠳᠦᠰᠦᠨ ᠱᠠᠲᠤᠨ᠎ᠤ ᠱᠠᠯᠠᠪᠳᠠᠭᠤᠯᠤᠨ ᠪᠠᠢᠴᠠᠭᠠᠬᠤ ᠪᠠᠢᠴᠠᠭᠠᠯᠲᠠ ᠬᠢᠬᠦ ᠱᠢᠯᠭᠠᠨ ᠬᠢᠨᠠᠬᠤ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠡᠵᠡᠮᠳᠡᠬᠦ ᠬᠡᠷᠡᠭᠲᠡᠢ᠃ ᠮᠤᠵᠢ ᠬᠣᠲᠠ ᠱᠢᠶᠠᠨ ᠭᠤᠷᠪᠠᠨ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠱᠠᠯᠠᠪᠳᠠᠭᠤᠯᠤᠨ ᠪᠠᠢᠴᠠᠭᠠᠬᠤ ᠪᠠᠢᠴᠠᠭᠠᠯᠲᠠ ᠬᠢᠬᠦ ᠵᠦᠢᠯᠡᠰ᠎ᠢ ᠵᠣᠬᠢᠰᠲᠠᠢ ᠨᠢᠭᠡᠳᠦᠯᠲᠡᠢ ᠲᠥᠯᠥᠪᠵᠢᠭᠦᠯᠵᠦ᠍᠂ ᠠᠳᠠᠯᠢ ᠨᠢᠭᠡ ᠭᠠᠵᠠᠷ᠎ᠲᠤ ᠱᠠᠯᠠᠪᠳᠠᠭᠤᠯᠤᠨ ᠪᠠᠢᠴᠠᠭᠠᠬᠤ ᠪᠠᠢᠴᠠᠭᠠᠯᠲᠠ ᠬᠢᠬᠦ ᠵᠦᠢᠯᠡᠰ᠎ᠢ ᠲᠠᠬᠢᠨ ᠳᠠᠪᠲᠠᠨ ᠲᠤᠬᠢᠷᠠᠭᠤᠯᠵᠤ ᠪᠣᠯᠬᠤ ᠦᠭᠡᠢ᠂ ᠠᠳᠠᠯᠢ ᠨᠢᠭᠡ ᠵᠦᠢᠯᠡᠰ᠎ᠲᠤ ᠠᠳᠠᠯᠢ ᠨᠢᠭᠡ ᠭᠠᠵᠠᠷ᠎ᠲᠤ ᠱᠠᠳᠤ ᠱᠠᠳᠤ᠎ᠪᠠᠷ ᠱᠠᠯᠠᠪᠳᠠᠭᠤᠯᠤᠨ ᠪᠠᠢᠴᠠᠭᠠᠬᠤ ᠪᠠᠢᠴᠠᠭᠠᠯᠲᠠ ᠬᠢᠵᠦ᠍ ᠪᠣᠯᠬᠤ ᠦᠭᠡᠢ᠂ ᠤᠯᠠᠨ ᠲᠠᠯ᠎ᠠ᠎ᠡᠴᠡ ᠳᠠᠪᠬᠤᠷᠳᠠᠬᠤ᠂ ᠲᠥᠪᠯᠡᠷᠡᠵᠦ᠍ ᠣᠪᠣᠭᠠᠷᠠᠬᠤ᠎ᠶ᠋ᠢ ᠰᠡᠷᠭᠡᠢᠯᠡᠬᠦ᠌ ᠬᠡᠷᠡᠭ᠌ᠲᠡᠢ᠃ ᠱᠢᠶᠠᠨ ᠵᠢᠴᠢ ᠲᠡᠭᠦᠨ᠎ᠡᠴᠡ ᠳᠣᠷᠣᠭ᠍ᠰᠢᠬᠢ ᠨᠢᠭᠡᠴᠢ᠎ᠶ᠋ᠢᠨ ᠪᠤᠢ ᠪᠦᠬᠦᠢ ᠬᠢᠨᠠᠨ ᠱᠢᠯᠭᠠᠬᠤ ᠵᠦᠢᠯᠡᠰ᠎ᠢ ᠨᠡᠢᠳᠭᠡᠨ ᠥᠷᠨᠢᠭᠦᠯᠵᠦ᠂ ᠱᠢᠶᠠᠨ᠂ ᠱᠢᠶᠠᠩ᠂ ᠲᠤᠰᠬᠤᠨ᠎ᠤ ᠬᠢᠨᠠᠨ ᠱᠢᠯᠭᠠᠯᠲᠠ᠎ᠶ᠋ᠢ ᠲᠤᠰ ᠲᠤᠰ ᠬᠣᠲᠠ᠂ ᠱᠢᠶᠠᠨ᠂ ᠱᠢᠶᠠᠩ᠎ᠡᠴᠡ ᠨᠢᠭᠡᠳᠦᠯᠲᠡᠢ ᠵᠣᠬᠢᠶᠠᠨ ᠪᠠᠢᠭᠤᠯᠵᠤ ᠬᠡᠷᠡᠭ᠌ᠵᠢᠭᠦᠯᠵᠦ᠂ ᠪᠤᠰᠤᠳ ᠨᠢᠭᠡᠴᠢ ᠲᠤᠰᠠᠭᠠᠷ ᠬᠢᠨᠠᠨ ᠱᠢᠯᠭᠠᠯᠲᠠ ᠬᠢᠬᠦ᠌ ᠦᠭᠡᠢ᠃
ᠳᠥᠷᠪᠡ᠂ ᠺᠠᠳ᠋ᠷ᠎ᠢ ᠵᠢᠭᠡᠯᠡᠨ ᠠᠵᠢᠯᠯᠠᠭᠤᠯᠬᠤ᠎ᠶ᠋ᠢ ᠵᠢᠷᠤᠮᠵᠢᠭᠤᠯᠬᠤ ᠬᠡᠷᠡᠭᠲᠡᠢ
10. ᠱᠢᠶᠠᠨ ᠵᠢᠴᠢ ᠳᠣᠷᠤᠭ᠍ᠰᠢᠬᠢ ᠨᠢᠭᠡᠴᠢ᠎ᠡᠴᠡ ᠺᠠᠳ᠋ᠷ᠎ᠢ ᠵᠢᠭᠡᠯᠡᠨ ᠱᠢᠯᠵᠢᠭᠦᠯᠬᠦ᠌ ᠦᠭᠡᠢ᠃ ᠳᠡᠭᠡᠳᠦ ᠱᠠᠲᠤᠨ᠎ᠤ ᠪᠠᠢᠭᠤᠯᠭ᠎ᠠ᠂ ᠨᠢᠭᠡᠴᠢ ᠵᠠᠷᠴᠢᠮ ᠳᠡᠭᠡᠷ᠎ᠡ᠎ᠪᠡᠨ ᠱᠢᠶᠠᠨ ᠵᠢᠴᠢ ᠳᠣᠭᠣᠭ᠍ᠰᠢ᠎ᠬᠢ ᠨᠢᠭᠡᠴᠢ᠎ᠡᠴᠡ ᠺᠠᠳ᠋ᠷ᠎ᠢ ᠵᠢᠭᠡᠯᠡᠨ ᠱᠢᠯᠵᠢᠭᠦᠯᠵᠦ᠍ ᠪᠣᠯᠬᠤ ᠦᠭᠡᠢ᠃ ᠠᠵᠢᠯ᠎ᠤᠨ ᠲᠤᠰᠭᠠᠶ ᠠᠩᠭᠢ᠂ ᠠᠩᠭᠢ ᠳᠠᠭᠠᠵᠤ ᠰᠤᠷᠤᠯᠴᠠᠬᠤ᠂ ᠰᠣᠯᠢᠯᠴᠠᠵᠤ ᠳᠠᠪᠲᠠᠨ ᠪᠣᠯᠪᠠᠰᠤᠷᠠᠭᠤᠯᠬᠤ ᠵᠡᠷᠭᠡ ᠨᠡᠷ᠎ᠡ᠎ᠪᠡᠷ ᠬᠡᠯᠪᠡᠷᠢ᠎ᠶ᠋ᠢ ᠨᠢ ᠥᠭᠡᠷᠡᠲᠦᠭᠦᠯᠦᠨ ᠺᠠᠳ᠋ᠷ᠎ᠢ ᠵᠢᠭᠡᠯᠡᠨ ᠱᠢᠯᠵᠢᠭᠦᠯᠵᠦ᠍ ᠪᠣᠯᠬᠤ ᠦᠭᠡᠶ᠃
11. ᠬᠣᠲᠠ ᠵᠢᠴᠢ ᠲᠡᠭᠦᠨ᠎ᠡᠴᠡ ᠳᠡᠭᠡᠭ᠌ᠰᠢᠬᠢ ᠨᠢᠭᠡᠴᠢ᠎ᠡᠴᠡ ᠺᠠᠳ᠋ᠷ᠎ᠢ ᠵᠢᠭᠡᠯᠡᠨ ᠱᠢᠯᠵᠢᠭᠦᠯᠬᠦ᠌᠎ᠶ᠋ᠢ ᠴᠢᠩᠭ᠎ᠠ ᠬᠢᠵᠠᠭᠠᠷᠯᠠᠬᠤ ᠬᠡᠷᠡᠭᠲᠡᠢ᠃ ᠳᠡᠭᠡᠳᠦ ᠱᠠᠲᠤᠨ᠎ᠤ ᠪᠠᠢᠭᠤᠯᠭ᠎ᠠ᠂ ᠨᠢᠭᠡᠴᠢ ᠨᠢ ᠬᠤᠳᠠ ᠵᠢᠴᠢ ᠲᠡᠭᠦᠨ᠎ᠡᠴᠡ ᠳᠡᠭᠡᠭ᠌ᠰᠢᠬᠢ ᠨᠢᠭᠡᠴᠢ᠎ᠡᠴᠡ ᠺᠠᠳ᠋ᠷ᠎ᠢ ᠵᠢᠭᠡᠯᠡᠨ ᠰᠢᠯᠵᠢᠭᠦᠯᠬᠦ᠌᠎ᠳᠦ ᠠᠵᠢᠯ᠎ᠤᠨ ᠪᠠᠴᠢᠮ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠣᠭ᠎ᠠ ᠬᠡᠮᠵᠢᠶ᠎ᠡ᠎ᠶ᠋ᠢ ᠨᠢ ᠴᠢᠩᠭ᠎ᠠ ᠬᠢᠵᠠᠭᠠᠷᠯᠠᠬᠤ ᠬᠡᠷᠡᠭ᠌ᠲᠡᠢ᠃ ᠦᠨᠡᠨ ᠬᠦ᠌ ᠵᠢᠭᠡᠯᠡᠨ ᠰᠢᠯᠵᠢᠭᠦᠯᠬᠦ ᠴᠢᠬᠤᠯᠠᠲᠠᠢ ᠪᠠᠢᠪᠠᠯ᠂ ᠲᠤᠰ ᠨᠢᠭᠡᠴᠢ᠎ᠶ᠋ᠢᠨ᠎ᠢᠶᠡᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ)᠎ᠢᠶᠠᠷ ᠬᠢᠨᠠᠨ ᠵᠥᠪᠱᠢᠶᠡᠷᠡᠭᠦᠯᠦᠭ᠌ᠰᠡᠨ᠎ᠦ ᠲᠠᠷᠠᠭ᠎ᠠ᠂ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ ᠮᠡᠳᠡᠭᠦᠯᠵᠦ᠍ ᠳᠠᠩᠰᠠᠯᠠᠭᠤᠯᠬᠤ ᠬᠡᠷᠡᠭ᠌ᠲᠡᠢ᠃ ᠵᠢᠭᠡᠯᠡᠨ ᠱᠢᠯᠵᠢᠭᠦᠯᠬᠦ᠌ ᠬᠤᠭᠤᠴᠠᠭ᠎ᠠ᠎ᠶ᠋ᠢ ᠡᠩ᠎ᠦᠨ ᠪᠠᠢᠳᠠᠯ᠎ᠳᠤ 6 ᠰᠠᠷ᠎ᠠ᠎ᠡᠴᠡ ᠬᠡᠲᠦᠷᠡᠭᠦᠯᠵᠦ᠍ ᠪᠣᠯᠬᠤ ᠦᠭᠡᠢ᠂ ᠣᠨᠴᠠᠭᠠᠢ ᠪᠠᠢᠳᠠᠯ᠎ᠡᠴᠡ ᠪᠤᠯᠵᠤ ᠤᠷᠲᠤᠳᠭᠠᠬᠤ ᠴᠢᠬᠤᠯᠠᠲᠠᠢ ᠪᠠᠢᠪᠠᠯ᠂ ᠤᠷᠲᠤᠳᠭᠠᠬᠤ ᠬᠤᠭᠤᠴᠠᠭ᠎ᠠ᠎ᠶ᠋ᠢ ᠡᠩ᠎ᠦᠨ ᠪᠠᠢᠳᠠᠯ᠎ᠳᠤ 6 ᠰᠠᠷ᠎ᠠ᠎ᠡᠴᠡ ᠬᠡᠲᠦᠷᠡᠭᠦᠯᠵᠦ᠍ ᠪᠣᠯᠬᠤ ᠦᠭᠡᠢ ᠪᠥᠭᠡᠳ ᠲᠣᠮᠢᠯᠠᠭ᠍ᠰᠠᠨ ᠨᠢᠭᠡᠴᠢ ᠪᠠ ᠲᠤᠰ ᠬᠥᠮᠦᠨ᠎ᠦ ᠵᠥᠪᠱᠢᠶᠡᠷᠡᠯ᠎ᠢ ᠤᠷᠢᠳᠴᠢᠯᠠᠨ ᠤᠯᠬᠤ ᠬᠡᠷᠡᠭ᠌ᠲᠡᠢ᠃
ᠲᠠᠪᠤ᠂ ᠵᠠᠰᠠᠭ᠎ᠤᠨ ᠶᠠᠪᠤᠳᠠᠯ᠎ᠤᠨ ᠢᠨᠲ᠋ᠧᠷ ᠰᠦᠯᠵᠢᠶ᠎ᠡ᠎ᠶ᠋ᠢᠨ ᠬᠡᠷᠡᠭ᠌ᠯᠡᠭᠡᠨ᠎ᠦ ᠫᠷᠤᠭ᠌ᠷᠠᠮ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠬᠤ ᠬᠡᠷᠡᠭᠲᠡᠢ
12. ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢ ᠢᠯᠭᠠᠷᠠᠭᠤᠯᠤᠨ ᠨᠡᠢᠳᠭᠡᠬᠦ᠌ ᠬᠡᠷᠡᠭ᠌ᠲᠡᠶ᠃ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠰᠠᠯᠠᠭ᠎ᠠ ᠮᠥᠴᠢᠷ᠎ᠨᠢ ᠵᠠᠷᠴᠢᠮ ᠳᠡᠭᠡᠷ᠎ᠡ᠎ᠪᠡᠨ ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨ ᠵᠠᠰᠠᠭ᠎ᠤᠨ ᠶᠠᠪᠤᠳᠠᠯ᠎ᠤᠨ ᠱᠢᠯᠵᠢᠭᠡ ᠢᠨᠲ᠋ᠧᠷ ᠰᠦᠯᠵᠢᠶ᠎ᠡ᠎ᠶ᠋ᠢᠨ ᠬᠡᠷᠡᠭ᠌ᠯᠡᠭᠡᠨ᠎ᠦ ᠫᠷᠤᠭ᠌ᠷᠠᠮ (ᠳᠣᠷᠣᠭ᠍ᠰᠢ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ ᠭᠡᠵᠦ᠍ ᠲᠣᠪᠴᠢᠯᠠᠨ᠎ᠠ)᠎ᠢ᠋ ᠬᠠᠮᠤᠭ ᠣᠯᠠᠨ᠎ᠳᠠᠭᠠᠨ 1᠎ᠶᠢ ᠠᠵᠢᠯᠯᠠᠭᠤᠯᠵᠤ᠂ ᠬᠦᠰᠦᠨᠦᠭ᠌ᠲᠦ ᠲᠠᠭ᠍ᠯᠠᠵᠤ ᠲᠣᠭ᠎ᠠ ᠮᠡᠳᠡᠭᠦᠯᠬᠦ᠌ ᠮᠠᠲ᠋ᠧᠷᠢᠶᠠᠯ᠎ᠤᠨ ᠴᠢᠳᠠᠮᠵᠢ᠎ᠶ᠋ᠢ ᠡᠩ᠎ᠦᠨ ᠪᠠᠢᠳᠠᠯ᠎ᠳᠤ ᠳᠣᠷᠣᠭ᠍ᠰᠢ ᠱᠢᠶᠠᠨ᠎ᠤ ᠱᠠᠲᠤᠨ᠎ᠳᠤ ᠬᠦᠷᠲᠡᠯ᠎ᠡ ᠤᠷᠲᠤᠳᠭᠠᠬᠤ ᠥᠬᠡᠶ; ᠣᠲᠣ ᠪᠠᠢᠭ᠎ᠠ ᠤᠯᠠᠨ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠨᠢ ᠦᠨᠳᠦᠰᠦᠨ ᠱᠠᠲᠤᠨ᠎ᠳᠤ ᠭᠦᠷᠦᠭ᠌ᠰᠡᠨ ᠪᠠᠢᠪᠠᠯ᠂ ᠠᠯᠬᠤᠮ ᠠᠯᠬᠤᠮ᠎ᠢᠶᠠᠷ ᠢᠯᠭᠠᠷᠠᠭᠤᠯᠤᠨ ᠬᠠᠰᠤᠵᠤ ᠨᠡᠢᠳᠭᠡᠬᠦ᠌ ᠬᠡᠷᠡᠭ᠌ᠲᠡᠶ᠃ ᠡᠯ᠎ᠡ ᠭᠠᠵᠠᠷ ᠣᠷᠣᠨ᠎ᠨᠤᠭᠤᠳ ᠱᠢᠶᠠᠨ᠎ᠡᠴᠡ ᠳᠣᠷᠣᠭ᠍ᠰᠢᠬᠢ ᠨᠢᠭᠡᠴᠢ᠎ᠳᠦ ᠬᠠᠨᠳᠤᠭᠤᠯᠤᠭ᠍ᠰᠠᠨ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢ ᠢᠯᠭᠠᠷᠠᠭᠤᠯᠤᠨ ᠨᠡᠢᠳᠭᠡᠬᠦ ᠬᠡᠷᠡᠭ᠌ᠲᠡᠶ᠃ ᠦᠨᠳᠦᠰᠦᠨ ᠱᠠᠲᠤᠨ᠎ᠡᠴᠡ ᠳᠤᠷ᠎ᠠ᠎ᠪᠠᠷ᠎ᠢᠶᠠᠨ ᠲᠣᠭ᠎ᠠ ᠪᠠᠷᠢᠮᠲᠠ᠎ᠶ᠋ᠢᠨ ᠮᠠᠲ᠋ᠧᠷᠢᠶᠠᠯ ᠠᠪᠴᠤ᠌ ᠪᠣᠯᠬᠤ ᠥᠬᠡᠶ᠂ ᠦᠨᠳᠦᠰᠦᠨ ᠱᠠᠲᠤ᠎ᠡᠴᠡ ᠬᠦᠰᠦᠨᠦᠭ᠌ᠲᠦ ᠲᠠᠭ᠍ᠯᠠᠨ ᠲᠣᠭ᠎ᠠ ᠪᠠᠷᠢᠮᠲᠠ᠎ᠪᠠᠨ ᠲᠤᠱᠢᠶᠠᠬᠤ ᠴᠢᠬᠤᠯᠠᠲᠠᠶ ᠪᠠᠢᠪᠠᠯ᠂ ᠵᠠᠷᠴᠢᠮ ᠳᠡᠭᠡᠷ᠎ᠡ᠎ᠪᠡᠨ ᠮᠤᠵᠢ᠎ᠶ᠋ᠢᠨ ᠱᠠᠲᠤᠨ᠎ᠤ ᠲᠠᠪᠴᠠᠩ᠎ᠢᠶᠠᠷ ᠳᠠᠮᠵᠢᠭᠤᠯᠤᠨ ᠲᠣᠭ᠎ᠠ ᠪᠠᠷᠢᠮᠲᠠ᠎ᠶ᠋ᠢ ᠮᠡᠳᠡᠭᠦᠯᠦᠨ ᠬᠦᠷᠭᠡᠬᠦ᠌᠎ᠶ᠋ᠢᠨ ᠬᠠᠮᠲᠤ᠂ ᠬᠠᠮᠲᠤᠪᠡᠷ ᠡᠳ᠋ᠯᠡᠬᠦ᠌᠎ᠶ᠋ᠢ ᠠᠬᠢᠭᠤᠯᠬᠤ ᠬᠡᠷᠡᠭᠲᠡᠢ᠂ ᠱᠢᠰᠲ᠋ᠧᠮ᠎ᠢᠶᠡᠷ ᠳᠠᠮᠵᠢᠭᠤᠯᠤᠨ ᠠᠦ᠋ᠲ᠋ᠣ᠋᠎ᠪᠠᠷ ᠪᠣᠶ ᠪᠣᠯᠭᠠᠭ᠍ᠰᠠᠨ ᠪᠤᠶᠤ ᠬᠠᠮᠲᠤᠪᠡᠷ ᠡᠳ᠋ᠯᠡᠵᠦ ᠣᠯᠤᠭ᠍ᠰᠠᠨ ᠲᠣᠭ᠎ᠠ ᠪᠠᠷᠢᠮᠲᠠ᠎ᠶ᠋ᠢᠨ ᠮᠠᠲ᠋ᠧᠷᠢᠶᠠᠯ᠎ᠢ ᠦᠨᠳᠦᠰᠦᠨ ᠱᠠᠲᠤᠨ᠎ᠳᠤ ᠮᠡᠳᠡᠭᠦᠯᠦᠨ ᠬᠦᠷᠭᠡᠭᠦᠯᠬᠦ᠌ᠪᠡᠷ ᠳᠠᠭᠢᠵᠤ ᠱᠠᠭᠠᠷᠳᠠᠬᠤ ᠥᠬᠡᠶ᠂ ᠠᠳᠠᠯᠢ ᠲᠥᠷᠥᠯ᠎ᠦᠨ ᠮᠠᠲ᠋ᠧᠷᠢᠶᠠᠯ᠎ᠢ 《ᠬᠠᠮᠤᠭ᠎ᠤᠨ ᠣᠯᠠᠨ᠎ᠳᠠᠭᠠᠨ ᠨᠢᠭᠡ ᠤᠳᠠᠭ᠎ᠠ ᠮᠡᠳᠡᠭᠦᠯᠦᠨ ᠬᠦᠷᠭᠡᠬᠦ᠌》᠎ᠶᠢ ᠪᠡᠶᠡᠯᠡᠭᠦᠯᠵᠦ᠍᠂ ᠴᠠᠭᠠᠰᠤᠨ ᠮᠠᠲ᠋ᠧᠷᠢᠶᠠᠯ᠎ᠢ ᠳᠠᠬᠢᠨ ᠳᠠᠪᠲᠠᠨ ᠮᠡᠳᠡᠭᠦᠯᠦᠨ ᠬᠦᠷᠭᠡᠭᠦᠯᠬᠦ᠌ᠪᠡᠷ ᠱᠠᠭᠠᠷᠳᠠᠵᠤ ᠪᠣᠯᠬᠤ ᠥᠬᠡᠶ᠂ ᠰᠠᠯᠠᠭ᠎ᠠ ᠮᠥᠴᠢᠷ᠎ᠨᠢ ᠠᠰᠲᠤᠨᠢ ᠮᠡᠳᠡᠭᠦᠯᠦᠨ ᠬᠦᠷᠭᠡᠭᠦᠯᠬᠦ᠌ᠪᠡᠷ ᠱᠠᠭᠠᠷᠳᠠᠵᠤ ᠪᠣᠯᠬᠤ ᠥᠬᠡᠶ᠃ ᠬᠣᠲᠠ ᠱᠢᠶᠠᠨ᠎ᠤ ᠱᠠᠲᠤᠨ᠎ᠤ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠤᠨ ᠬᠦᠰᠦᠨᠦᠭ᠌ᠲᠦ ᠲᠠᠭ᠍ᠯᠠᠵᠤ ᠲᠣᠭ᠎ᠠ ᠮᠡᠳᠡᠭᠦᠯᠬᠦ᠌ ᠮᠠᠲ᠋ᠧᠷᠢᠶᠠᠯ᠎ᠤᠨ ᠴᠢᠳᠠᠮᠵᠢ᠎ᠵᠢᠨ ᠮᠤᠵᠢ᠎ᠶ᠋ᠢᠨ ᠱᠠᠲᠤᠨ᠎ᠤ ᠲᠠᠪᠴᠠᠩ ᠯᠤᠭ᠎ᠠ ᠵᠣᠬᠢᠴᠠᠩᠭᠤᠶ ᠴᠢᠳᠠᠮᠵᠢ᠎ᠶ᠋ᠢ ᠠᠯᠬᠤᠮ ᠠᠯᠬᠤᠮ᠎ᠢᠶᠠᠷ ᠨᠡᠢᠳᠭᠡᠵᠦ᠍ ᠨᠢᠭᠡᠳᠭᠡᠬᠦ ᠬᠡᠷᠡᠭᠲᠡᠢ᠃
13. ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶ᠋ᠢ ᠴᠢᠩᠳᠠᠯᠠᠬᠤ ᠬᠡᠷᠡᠭ᠌ᠲᠡᠶ᠃ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠤᠨ ᠲᠥᠷᠥᠯ ᠵᠦᠢᠯ ᠲᠣᠭ᠍ᠲᠠᠭᠠᠨ ᠬᠢᠨᠠᠨ ᠬᠠᠷᠭᠤᠭᠤᠯᠬᠤ᠎ᠶ᠋ᠢ ᠴᠢᠩᠳᠠᠯᠠᠬᠤ᠎ᠶ᠋ᠢᠨ ᠬᠠᠮᠲᠤ ᠨᠢᠭᠡᠳᠦᠯᠲᠡᠶ ᠮᠡᠷᠭᠡᠵᠢᠯ᠎ᠦᠨ ᠬᠢᠨᠠᠯᠲᠠ ᠬᠠᠮᠢᠶᠠᠷᠤᠯᠲᠠ᠎ᠳᠤ ᠣᠷᠣᠭᠤᠯᠵᠤ᠂ ᠮᠡᠳᠡᠭᠡ ᠵᠠᠩᠭᠢᠵᠢᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠦᠭ᠌ᠰᠡᠨ ᠦᠭᠡᠶ ᠪᠣᠯ ᠱᠢᠨ᠎ᠡ᠎ᠪᠡᠷ ᠪᠠᠢᠭᠤᠯᠵᠤ ᠪᠣᠯᠬᠤ ᠦᠭᠡᠶ᠃ ᠠᠵᠢᠯ ᠲᠥᠷᠥᠯ᠎ᠦᠨ ᠱᠢᠰᠲ᠋ᠧᠮ᠎ᠨᠢ ᠨᠢᠭᠡᠨᠲᠡ ᠨᠢᠭᠡᠳᠦᠯᠲᠡᠶ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢ ᠪᠠᠢᠭᠤᠯᠤᠭ᠍ᠰᠠᠨ ᠪᠠᠢᠪᠠᠯ᠂ ᠣᠷᠣᠨ ᠨᠤᠲᠤᠭ᠎ᠲᠤ ᠬᠤᠯᠪᠤᠭᠳᠠᠯ ᠪᠥᠬᠥᠶ ᠡᠷᠬᠡ᠎ᠶᠢᠨ ᠬᠢᠵᠠᠭᠠᠷ᠎ᠢᠶᠡᠨ ᠨᠡᠭᠡᠭᠡᠵᠦ᠍᠂ ᠡᠭ᠌ᠴᠡ ᠬᠠᠮᠢᠶᠠᠷᠬᠤ ᠱᠢᠰᠲ᠋ᠧᠮ ᠬᠢᠭᠡᠳ ᠣᠷᠣᠨ ᠨᠤᠲᠤᠭ᠎ᠤᠨ ᠲᠠᠪᠴᠠᠩ᠎ᠤᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠂ ᠣᠷᠣᠨ ᠨᠤᠲᠤᠭ᠎ᠤᠨ ᠬᠢᠨ ᠳᠠᠭᠢᠵᠤ ᠳᠠᠪᠬᠤᠷᠳᠠᠭᠤᠯᠤᠨ ᠪᠠᠢᠭᠤᠯᠬᠤ ᠥᠬᠡᠶ᠃ ᠠᠮᠤᠷ᠎ᠢ ᠬᠠᠮᠠᠭᠠᠯᠠᠬᠤ᠂ ᠪᠠᠴᠢᠮ ᠪᠠᠢᠳᠠᠯ᠎ᠢ ᠠᠷᠭᠠᠴᠠᠭᠠᠬᠤ ᠵᠡᠷᠭᠡ ᠣᠨᠴᠠᠭᠠᠶ ᠲᠠᠯᠠᠪᠤᠷ ᠭᠠᠵᠠᠷ᠎ᠤᠨ ᠲᠣᠭ᠍ᠲᠠᠭᠠᠯ᠎ᠡᠴᠡ ᠭᠠᠳᠠᠨ᠎ᠠ᠂ ᠪᠤᠰᠤᠳ ᠡᠯ᠎ᠡ ᠲᠥᠷᠥᠯ᠎ᠦᠨ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ ᠪᠦᠷᠢᠳᠭᠡᠭᠦᠯᠦᠨ ᠨᠡᠷ᠎ᠡ ᠮᠡᠳᠡᠭᠦᠯᠬᠦ᠌᠂ ᠬᠤᠪᠢ ᠲᠡᠮᠳᠡᠭ᠌ᠯᠡᠵᠦ᠍ ᠨᠡᠷᠡᠰ ᠵᠢᠭ᠍ᠰᠠᠭᠠᠬᠤ᠂ ᠠᠵᠢᠯᠯᠠᠬᠤ ᠴᠠᠭ᠎ᠤᠨ ᠣᠷᠳᠣ᠎ᠵᠢ ᠪᠦᠷᠢᠳᠭᠡᠬᠦ ᠵᠡᠷᠭᠡ ᠠᠯᠪᠠᠳᠠᠯᠭ᠎ᠠ᠎ᠶ᠋ᠢᠨ ᠴᠢᠨᠠᠷᠲᠠᠶ ᠴᠢᠳᠠᠮᠵᠢ ᠳᠣᠭᠢᠷᠠᠭᠤᠯᠵᠤ ᠪᠣᠯᠬᠤ ᠥᠬᠡᠶ᠃
14. ᠴᠢᠳᠠᠮᠵᠢ᠎ᠶ᠋ᠢᠨ ᠣᠨᠳᠣᠣᠱᠢᠯᠢ ᠰᠡᠷᠭᠡᠢᠯᠡᠬᠦ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢ ᠠᠯᠪᠠᠳᠠᠯᠭ᠎ᠠ᠎ᠪᠠᠷ ᠪᠠᠭᠤᠯᠭᠠᠨ ᠠᠪᠤᠭᠤᠯᠵᠤ ᠬᠡᠷᠡᠭ᠌ᠯᠡᠭᠦᠯᠵᠦ ᠪᠣᠯᠬᠤ ᠦᠭᠡᠶ᠂ ᠬᠡᠷᠡᠭ᠌ᠯᠡᠭ᠌ᠴᠢ᠎ᠶᠢᠨ ᠤᠭ᠍ᠰᠠᠷᠠᠨ ᠬᠡᠷᠡᠭ᠌ᠯᠡᠬᠦ᠌ ᠨᠣᠷᠮ᠎ᠠ᠎ᠶ᠋ᠢ ᠬᠢᠨᠠᠨ ᠱᠢᠯᠭᠠᠵᠤ ᠵᠠᠷᠯᠠᠵᠤ ᠪᠣᠯᠬᠤ ᠦᠭᠡᠶ᠂ ᠠᠯᠪᠠᠳᠠᠯᠭ᠎ᠠ᠎ᠪᠠᠷ ᠲᠣᠭ᠍ᠲᠠᠮᠠᠯ ᠬᠤᠭᠤᠴᠠᠭ᠎ᠠ᠎ᠲᠠᠶ᠎ᠪᠠᠷ ᠳᠠᠩᠰᠠᠯᠠᠨ ᠲᠡᠮᠳᠡᠭ᠌ᠯᠡᠭᠦᠯᠬᠦ᠌ ᠵᠡᠷᠭᠡ᠎ᠶ᠋ᠢ ᠱᠠᠭᠠᠷᠳᠠᠵᠤ ᠪᠣᠯᠬᠤ ᠦᠭᠡᠶ᠃ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢ ᠤᠨᠳᠤᠤᠱᠢᠭᠤᠯᠤᠨ ᠠᠵᠢᠯ᠎ᠤᠨ ᠬᠢᠨᠠᠨ ᠰᠢᠯᠭᠠᠯᠳᠠ᠎ᠶᠢ ᠡᠳᠦᠷ ᠲᠤᠲᠤᠮᠵᠢᠭᠤᠯᠬᠤ᠂ ᠱᠠᠯᠠᠪᠳᠠᠭᠤᠯᠤᠨ ᠪᠠᠢᠴᠠᠭᠠᠵᠤ ᠪᠠᠢᠴᠠᠭᠠᠯᠲᠠ ᠬᠢᠬᠦ᠎ᠶᠢ ᠰᠦᠯᠵᠢᠶᠡᠵᠢᠭᠦᠯᠬᠦ ᠭᠤᠤᠯ ᠠᠴᠢᠶᠠᠯᠠᠪᠤᠷᠢ ᠪᠣᠯᠭᠠᠵᠤ ᠪᠣᠯᠬᠤ ᠥᠬᠡᠶ᠂ ᠱᠠᠭᠰᠢᠯ ᠲᠡᠪᠰᠢᠭᠦᠯᠦᠭᠰᠡᠨ ᠬᠡᠮᠵᠢᠶ᠎ᠡ᠂ ᠰᠦᠯᠵᠢᠶ᠎ᠡ᠎ᠪᠡᠷ ᠪᠢᠯᠧᠲ ᠥᠭ᠌ᠭᠦᠭ᠌ᠰᠡᠨ ᠲᠣᠭ᠎ᠠ᠂ ᠳᠠᠮᠵᠢᠭᠤᠯᠤᠭᠰᠠᠨ ᠬᠡᠮᠵᠢᠶ᠎ᠡ᠂ ᠰᠤᠷᠤᠯᠴᠠᠭ᠍ᠰᠠᠨ ᠴᠠᠭ᠎ᠤᠨ ᠣᠷᠳᠣ ᠵᠡᠷᠭᠡ᠎ᠶ᠋ᠢ ᠱᠢᠯᠭᠠᠨ ᠦᠨᠡᠯᠡᠬᠦ᠌ ᠦᠨᠳᠦᠰᠦᠯᠡᠯ ᠪᠣᠯᠭᠠᠵᠤ ᠪᠣᠯᠬᠤ ᠥᠬᠡᠶ᠂ ᠴᠢᠬᠤᠯᠠ ᠪᠤᠰᠤ ᠪᠠᠢᠳᠠᠯ᠎ᠳᠤ ᠳᠤᠤᠷᠠᠳᠤ ᠱᠠᠲᠤ ᠪᠠ ᠦᠨᠳᠦᠰᠦᠨ ᠱᠠᠲᠤᠨ᠎ᠤ ᠨᠢᠭᠡᠴᠢ᠎ᠶ᠋ᠢ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠫᠷᠤᠭ᠌ᠷᠠᠮ᠎ᠢᠶᠠᠷ ᠳᠠᠮᠵᠢᠭᠤᠯᠤᠨ ᠠᠵᠢᠯ᠎ᠤᠨ ᠬᠡᠷᠡᠯ ᠵᠢᠷᠤᠭ᠂ ᠸᠢᠳᠢᠤ᠋ ᠪᠠ ᠵᠠᠮ ᠮᠥᠷ ᠵᠡᠷᠭᠡ᠎ᠶ᠋ᠢ ᠳᠠᠮᠵᠢᠭᠤᠯᠬᠤ᠎ᠪᠠᠷ ᠠᠯᠪᠠᠲᠠᠨ ᠱᠠᠭᠠᠷᠳᠠᠵᠤ ᠪᠣᠯᠬᠤ ᠥᠬᠡᠶ᠃
ᠵᠢᠷᠭᠤᠭ᠎ᠠ᠂ ᠦᠨᠳᠦᠰᠦᠨ ᠱᠠᠲᠤᠨ᠎ᠤ ᠡᠷᠬᠡ ᠬᠠᠷᠢᠭᠤᠴᠠᠯᠭ᠎ᠠ᠎ᠶ᠋ᠢ ᠵᠢᠷᠤᠮᠵᠢᠭᠤᠯᠤᠨ ᠲᠣᠳᠣᠷᠬᠠᠢᠯᠠᠬᠤ ᠬᠡᠷᠡᠭᠲᠡᠢ
15. ᠲᠤᠰᠢᠶᠠᠯ ᠬᠠᠷᠢᠭᠤᠴᠠᠯᠭ᠎ᠠ᠎ᠶ᠋ᠢᠨ ᠨᠠᠷᠢᠨ ᠳᠠᠨᠭᠰᠠ᠎ᠶ᠋ᠢ ᠪᠠᠢᠭᠤᠯᠤᠨ ᠪᠦᠷᠢᠨᠱᠢᠭᠦᠯᠬᠦ ᠬᠡᠷᠡᠭᠲᠡᠢ᠃ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠲᠣᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠳᠤ ᠰᠠᠭᠤᠷᠢᠯᠠᠨ ᠱᠢᠶᠠᠩ ᠪᠠᠯᠭᠠᠰᠤ (ᠵᠡᠭᠡᠯᠢ ᠭᠤᠳᠤᠮᠵᠢ)᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠨᠭᠰᠠ᠎ᠶ᠋ᠢ ᠪᠠᠢᠭᠤᠯᠤᠨ ᠪᠦᠷᠢᠨᠰᠢᠭᠦᠯᠬᠦ᠎ᠶ᠋ᠢᠨ ᠬᠠᠮᠲᠤ ᠢᠯᠭᠠᠷᠠᠭᠤᠯᠤᠨ ᠳᠢᠭ᠌ᠯᠡᠵᠦ᠍ ᠵᠢᠷᠤᠮᠵᠢᠭᠤᠯᠤᠨ᠂ ᠨᠠᠷᠢᠨ ᠳᠠᠨᠭᠰᠠ᠎ᠶ᠋ᠢᠨ ᠬᠥᠳᠡᠯᠦᠩᠭᠦᠶ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠷᠢᠭᠤᠴᠠᠯᠭ᠎ᠠ ᠡᠷᠬᠡ ᠨᠢᠭᠡᠳᠦᠯᠲᠡᠶ᠂ ᠬᠠᠷᠢᠭᠤᠴᠠᠯᠭ᠎ᠠ ᠴᠢᠳᠠᠮᠵᠢ ᠨᠢᠭᠡᠳᠦᠯᠲᠡᠶ ᠪᠠᠢᠬᠤ᠎ᠶ᠋ᠢ ᠠᠬᠢᠭᠤᠯᠬᠤ ᠬᠡᠷᠡᠭᠲᠡᠢ᠃ ᠲᠣᠰᠭᠣᠨ (ᠰᠠᠭᠤᠭᠠᠯᠢ ᠠᠷᠠᠳ᠎ᠤᠨ)᠎ᠤ᠋ ᠵᠥᠪᠯᠡᠯ ᠨᠢ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠵᠦ᠍᠂ ᠲᠣᠰᠭᠣᠨ (ᠨᠡᠢᠭᠡᠮ ᠲᠣᠭᠣᠷᠢᠭ) ᠢ᠋ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌᠂ ᠬᠣᠲᠠ᠎ᠶ᠋ᠢᠨ ᠬᠠᠮᠢᠶᠠᠷᠤᠯᠲᠠ᠂ ᠠᠷᠠᠯᠵᠢᠶᠠᠴᠢᠨ ᠤᠷᠢᠵᠤ ᠪᠡᠯᠡ ᠮᠦᠨᠭᠬᠦ ᠣᠷᠣᠭᠤᠯᠤᠨ ᠠᠪᠴᠢᠷᠠᠬᠤ ᠵᠡᠷᠭᠡ ᠶᠠᠪᠤᠳᠠᠯ᠎ᠤᠨ ᠬᠠᠷᠢᠭᠤᠴᠠᠯᠭ᠎ᠠ᠎ᠶ᠋ᠢᠨ ᠭᠣᠣᠯ ᠴᠣᠭ᠍ᠴᠠ ᠪᠣᠯᠭᠠᠵᠤ ᠪᠣᠯᠬᠤ ᠦᠭᠡᠶ᠃ 《ᠶᠠᠮᠠᠷ ᠨᠢᠭᠡᠨ ᠳᠠᠷᠤᠭ᠎ᠠ᠎ᠶ᠋ᠢᠨ ᠲᠦᠷᠢᠮ》᠂ ᠲᠤᠤᠷᠵᠢᠭᠤᠯᠤᠯᠲᠠ᠎ᠶᠢᠨ ᠠᠵᠢᠯᠲᠠᠨ ᠵᠡᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠵᠢᠷᠤᠮᠵᠢᠭᠤᠯᠬᠤ᠎ᠶ᠋ᠢ ᠴᠢᠩᠭᠠᠳᠭᠠᠵᠤ᠂ ᠵᠦᠶ᠋ᠯᠡᠰ᠎ᠢ ᠳᠤᠷ᠎ᠠ᠎ᠪᠠᠷ᠎ᠢᠶᠠᠨ ᠱᠢᠨ᠎ᠡ᠎ᠪᠡᠷ ᠨᠡᠮᠡᠭ᠌ᠳᠡᠭᠦᠯᠵᠦ᠍ ᠪᠣᠯᠬᠤ ᠥᠬᠡᠶ᠃
16. ᠨᠠᠷᠢᠨ ᠳᠠᠨᠭᠰᠠ᠎ᠡᠴᠡ ᠭᠠᠳᠠᠨᠠᠬᠢ ᠵᠦᠶ᠋ᠯᠡᠰ᠎ᠤᠨ ᠤᠷᠤᠬᠤ᠎ᠶᠢ ᠵᠦᠪᠰᠢᠶᠡᠷᠡᠬᠦ ᠲᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠢᠭᠡᠳᠦᠯᠲᠡᠶ ᠪᠠᠢᠷᠢᠯᠠᠭᠤᠯᠤᠯᠲᠠ᠎ᠶ᠋ᠢ ᠳᠠᠮᠵᠢᠭ᠍ᠰᠠᠨ ᠥᠬᠡᠶ ᠪᠣᠯ᠂ ᠨᠠᠷᠢᠨ ᠳᠠᠨᠭᠰᠠᠠᠳᠤ ᠵᠢᠭ᠍ᠰᠠᠭᠠᠭ᠍ᠰᠠᠨ ᠥᠬᠡᠶ ᠲᠤᠱᠢᠶᠠᠯ ᠬᠠᠷᠢᠭᠤᠴᠠᠯᠭ᠎ᠠ᠎ᠶ᠋ᠢᠨ ᠵᠦᠶ᠋ᠯᠡᠰ᠎ᠢ ᠳᠤᠷ᠎ᠠ᠎ᠪᠠᠷ᠎ᠢᠶᠠᠨ ᠱᠢᠶᠠᠩ ᠪᠠᠯᠭᠠᠰᠤ (ᠵᠡᠭᠡᠯᠢ ᠭᠤᠳᠤᠮᠵᠢ)᠎ᠳ᠋ᠤ ᠪᠠᠭᠤᠯᠭᠠᠬᠤ ᠪᠤᠶᠤ ᠡᠷᠬᠡ ᠣᠯᠭᠣᠬᠤ᠂ ᠨᠠᠢᠳᠠᠬᠤ ᠵᠡᠷᠭᠡ ᠬᠡᠯᠪᠡᠷᠢ᠎ᠶ᠋ᠢ᠎ᠨᠢ ᠦᠭᠡᠷᠡᠲᠦᠭᠦᠯᠦᠨ ᠳᠣᠷᠣᠭ᠍ᠰᠢ ᠪᠠᠭᠤᠯᠭᠠᠵᠤ ᠪᠣᠯᠬᠤ ᠥᠬᠡᠶ᠂ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢ ᠨᠠᠢᠳᠠᠪᠤᠷᠢᠵᠢᠭᠤᠯᠬᠤ᠂ ᠬᠠᠷᠢᠭᠤᠴᠠᠯᠭ᠎ᠠ᠎ᠶ᠋ᠢᠨ ᠪᠢᠴᠢᠭ ᠲᠣᠭ᠍ᠲᠠᠬᠤ᠂ ᠭᠦᠶ᠋ᠴᠡᠳᠭᠡᠯ ᠲᠣᠭ᠎ᠠ᠎ᠶ᠋ᠢ ᠬᠤᠪᠢᠶᠠᠷᠢᠯᠠᠨ ᠪᠠᠭᠤᠯᠭᠠᠬᠤ᠂ ᠱᠢᠯᠭᠠᠨ ᠬᠢᠨᠠᠵᠤ ᠱᠢᠯᠭᠠᠨ ᠠᠪᠬᠤ᠂ ᠲᠦᠷᠢᠮ ᠲᠤᠭᠲᠠᠭᠠᠯ᠎ᠢ ᠬᠡᠷᠡᠮ ᠪᠤᠶᠤ ᠰᠠᠮᠪᠠᠷ᠎ᠠ᠎ᠳᠦ ᠨᠠᠭᠠᠬᠤ ᠵᠡᠷᠭᠡ ᠠᠷᠭ᠎ᠠ ᠬᠡᠯᠪᠡᠷᠢ᠎ᠪᠡᠷ ᠠᠵᠢᠯ᠎ᠤᠨ ᠡᠭᠦᠷᠭᠡ ᠪᠠ ᠬᠠᠷᠢᠭᠤᠴᠠᠯᠭ᠎ᠠ᠎ᠪᠠᠨ ᠱᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠭᠣᠨ (ᠨᠡᠢᠭᠡᠮ ᠲᠣᠭᠣᠷᠢᠭ)᠎ᠳ᠋ᠤ ᠳᠤᠷ᠎ᠠ᠎ᠪᠠᠷ᠎ᠢᠶᠠᠨ ᠱᠢᠯᠵᠢᠭᠦᠯᠵᠦ᠍ ᠪᠣᠯᠬᠤ ᠥᠬᠡᠶ᠃ ᠨᠢᠭᠡᠨᠲᠡ ᠳᠣᠷᠣᠭ᠍ᠰᠢ ᠪᠠᠭᠤᠯᠭᠠᠭ᠍ᠰᠠᠨ ᠵᠦᠶ᠋ᠯᠡᠰ᠎ᠢ ᠢᠯᠭᠠᠷᠠᠭᠤᠯᠤᠨ ᠵᠢᠷᠤᠮᠵᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠪᠠᠴᠢᠮ ᠱᠠᠭᠠᠷᠳᠠᠭ᠍ᠳᠠᠵᠤ ᠪᠠᠢᠭ᠎ᠠ ᠪᠥᠭᠡᠳ ᠪᠦᠲᠦᠮᠵᠢᠲᠡᠶ ᠵᠣᠯᠭᠠᠭᠤᠯᠵᠤ ᠳᠡᠢᠯᠬᠦ᠌ ᠵᠦᠶ᠋ᠯᠡᠰ᠎ᠢ ᠦᠷᠭᠦᠯᠵᠢᠯᠡᠨ ᠦᠯᠡᠳᠡᠭᠡᠵᠦ᠍᠂ ᠬᠣᠯᠪᠣᠭ᠍ᠳᠠᠯ ᠪᠥᠬᠥᠶ ᠡᠬᠢ ᠪᠠᠶᠠᠯᠢᠭ᠎ᠢ ᠢᠵᠢᠯᠢ ᠠᠯᠬᠤᠮ᠎ᠢᠶᠠᠷ ᠳᠣᠷᠣᠭ᠍ᠰᠢ ᠪᠠᠭᠤᠯᠭᠠᠬᠤ ᠬᠡᠷᠡᠭᠲᠡᠢ; ᠲᠤᠰᠭᠠᠶ ᠮᠡᠷᠭᠡᠵᠢᠯ᠎ᠦᠨ ᠴᠢᠨᠠᠷ ᠪᠠ ᠮᠡᠷᠭᠡᠵᠢᠯ᠎ᠦᠨ ᠴᠢᠨᠠᠷ᠎ᠢᠶᠠᠷ ᠴᠢᠩᠭ᠎ᠠ᠂ ᠦᠨᠡᠯᠡᠨ ᠵᠢᠱ᠌ᠢᠬᠦ᠌᠎ᠪᠡᠷ ᠳᠠᠮᠵᠢᠭᠠᠳ ᠬᠦᠯᠢᠶᠡᠨ ᠠᠪᠴᠤ᠌ ᠳᠡᠢᠯᠬᠦ᠌ ᠦᠭᠡᠶ ᠵᠦᠢᠯ᠎ᠢ ᠴᠠᠭ ᠲᠤᠬᠠᠶ᠎ᠳᠤᠨᠢ ᠲᠣᠬᠢᠷᠠᠭᠤᠯᠤᠨ ᠬᠤᠷᠢᠶᠠᠨ ᠠᠪᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠬᠠᠩᠭᠠᠬᠤ᠎ᠳᠤ ᠲᠣᠬᠢᠷᠠᠬᠤ ᠲᠣᠰᠭᠣᠨ (ᠨᠡᠢᠭᠡᠮ ᠲᠣᠭᠣᠷᠢᠭ)᠎ᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠵᠦᠢᠯᠡᠰ᠎ᠢ ᠬᠠᠤᠯᠢ ᠶᠣᠰᠣᠭᠠᠷ ᠦᠢᠯᠡᠴᠢᠯᠡᠭᠡ ᠬᠤᠳᠠᠯᠳᠤᠨ ᠠᠪᠴᠤ᠌ ᠪᠣᠯᠤᠨ᠎ᠠ᠃
17. ᠠᠵᠢᠯ᠎ᠤᠨ ᠲᠣᠭ᠍ᠲᠡᠴᠡ᠂ ᠫᠠᠢᠰᠠ ᠡᠯᠭᠦᠬᠦ᠌ ᠪᠠ ᠭᠡᠷᠡᠴᠢᠯᠡᠬᠦ᠌ ᠵᠦᠶ᠋ᠯᠡᠰ᠎ᠢ ᠵᠢᠷᠤᠮᠵᠢᠭᠤᠯᠬᠤ ᠬᠡᠷᠡᠭᠲᠡᠢ᠃ ᠨᠠᠮ ᠵᠠᠰᠠᠭ᠎ᠤᠨ ᠪᠠᠢᠭᠤᠯᠭ᠎ᠠ ᠪᠣᠯᠤᠨ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠭ᠍ᠰᠠᠨ ᠡᠯ᠎ᠡ ᠲᠥᠷᠥᠯ᠎ᠦᠨ ᠲᠣᠰᠭᠣᠨ (ᠨᠡᠢᠭᠡᠮ ᠲᠣᠭᠣᠷᠢᠭ)᠎ᠤ᠋ ᠠᠵᠢᠯ᠎ᠤᠨ ᠲᠣᠭ᠍ᠲᠡᠴᠡ᠎ᠶ᠋ᠢ ᠴᠣᠮᠬᠠᠳᠭᠠᠨ ᠨᠡᠢᠳᠭᠡᠵᠦ᠍᠂ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠢᠶᠠᠷ ᠵᠥᠪᠱᠢᠶᠡᠷᠡᠭᠦᠯᠦᠭᠡᠳᠦᠶ ᠪᠣᠯ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠡᠯ᠎ᠡ ᠲᠥᠷᠥᠯ᠎ᠦᠨ ᠤᠳᠤᠷᠢᠳᠭᠤ ᠳᠤᠭᠤᠢᠯᠠᠩ᠂ ᠵᠦᠪᠯᠡᠯ᠂ ᠠᠵᠢᠯ᠎ᠤᠨ ᠥᠷᠲᠡᠭᠡ᠂ ᠨᠡᠢᠭᠡᠮᠯᠢᠭ ᠵᠡᠷᠭᠡ ᠠᠵᠢᠯ᠎ᠤᠨ ᠪᠠᠢᠭᠤᠯᠤᠮᠵᠢ ᠪᠠᠢᠭᠤᠯᠬᠤ᠎ᠶ᠋ᠢᠨ ᠬᠠᠮᠲᠤ ᠫᠠᠢᠰᠠ ᠡᠯᠭᠦᠨ᠂ ᠬᠦᠴᠦᠨ ᠲᠣᠬᠢᠷᠠᠭᠤᠯᠬᠤ᠎ᠪᠠᠷ ᠱᠠᠭᠠᠷᠳᠠᠵᠤ ᠪᠣᠯᠬᠤ ᠦᠭᠡᠶ᠃ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠡᠴᠡ ᠲᠣᠰᠭᠣᠨ (ᠨᠡᠢᠭᠡᠮ ᠲᠣᠭᠣᠷᠢᠭ)᠎ᠤ᠋ ᠫᠠᠢᠰᠠ ᠡᠯᠭᠦᠬᠦ᠌ ᠲᠣᠭ᠎ᠠ ᠬᠡᠮᠵᠢᠶ᠎ᠡ᠂ ᠨᠡᠷᠡᠢᠳᠦᠯ ᠪᠠ ᠶᠠᠩᠵᠤ ᠬᠡᠯᠪᠡᠷᠢ᠎ᠶ᠋ᠢ ᠨᠢᠭᠡᠳᠦᠯᠲᠡᠶ ᠲᠣᠭ᠍ᠲᠠᠭᠠᠵᠤ᠂ ᠬᠠᠤᠯᠢ᠎ᠪᠠᠷ ᠲᠣᠭ᠍ᠲᠠᠭᠠᠭ᠍ᠰᠠᠨ ᠫᠠᠢᠰᠠ ᠡᠯᠭᠦᠬᠦ᠌᠎ᠡᠴᠡ ᠭᠠᠳᠠᠨ᠎ᠠ ᠨᠡᠮᠡᠵᠦ᠍ ᠪᠣᠯᠬᠤ ᠥᠬᠡᠶ᠃ ᠨᠠᠮ ᠵᠠᠰᠠᠭ᠎ᠤᠨ ᠪᠠᠢᠭᠤᠯᠭ᠎ᠠ ᠪᠠ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠨᠢ ᠲᠣᠰᠭᠣᠨ (ᠨᠡᠢᠭᠡᠮ ᠲᠣᠭᠣᠷᠢᠭ)᠎ᠢ᠋ᠢᠡᠷ ᠬᠠᠤᠯᠢ᠎ᠪᠠᠷ ᠲᠣᠭ᠍ᠲᠠᠭᠠᠭ᠍ᠰᠠᠨ ᠦᠨᠳᠦᠰᠦᠯᠡᠯ᠎ᠢᠶᠡᠷ ᠳᠤᠲᠠᠮᠠᠭ ᠭᠡᠷᠡᠴᠢᠯᠡᠬᠦ᠌ ᠵᠦᠢᠯᠡᠰ ᠭᠠᠷᠭᠠᠯᠭᠠᠬᠤ᠎ᠪᠠᠷ ᠱᠠᠭᠠᠷᠳᠠᠵᠤ ᠪᠣᠯᠬᠤ ᠦᠭᠡᠶ᠂ ᠵᠠᠷᠴᠢᠮ ᠳᠡᠭᠡᠷ᠎ᠡ᠎ᠪᠡᠨ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ᠎ᠶᠢᠨ ᠲᠣᠰᠭᠣᠨ (ᠨᠡᠢᠭᠡᠮ ᠲᠣᠭᠣᠷᠢᠭ)᠎ᠢ᠋ᠢᠡᠷ ᠭᠡᠷᠡᠴᠢᠯᠡᠬᠦ᠌ ᠵᠦᠢᠯᠡᠰ ᠭᠠᠷᠭᠠᠯᠭᠠᠬᠤ᠎ᠪᠠᠷ ᠱᠠᠭᠠᠷᠳᠠᠬᠤ᠎ᠶ᠋ᠢ ᠬᠦᠴᠦᠨ ᠦᠭᠡᠶ ᠪᠣᠯᠭᠠᠨ᠎ᠠ᠃
18. ᠦᠨᠳᠦᠰᠦᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠲᠣᠭ᠍ᠲᠠᠭᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ᠎ᠤᠨ ᠲᠣᠭ᠎ᠠ ᠬᠡᠮᠵᠢᠶ᠎ᠡ᠎ᠶ᠋ᠢᠨ ᠣᠯᠠᠨ ᠴᠥᠭᠡᠨ᠎ᠢᠶᠡᠷ ᠦᠨᠳᠦᠰᠦᠨ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠳᠤ ᠳᠥᠭᠥᠮᠬᠡᠨ᠎ᠢᠶᠡᠷ ᠦᠨᠡᠯᠡᠯᠲᠡ ᠬᠢᠵᠦ᠍ ᠪᠣᠯᠬᠤ ᠦᠭᠡᠶ᠂ ᠨᠢᠭᠡᠨᠲᠡ ᠳᠠᠬᠢᠨ ᠬᠢᠨᠠᠭ᠍ᠰᠠᠨ ᠵᠠᠬᠢᠳᠠᠯ ᠰᠤᠷᠪᠤᠯᠵᠢᠯᠠᠯ᠎ᠤᠨ ᠵᠦᠢᠯᠡᠰ ᠪᠠ ᠨᠢᠭᠡᠨᠲᠡ ᠬᠠᠤᠯᠢ ᠶᠣᠰᠣᠭᠠᠷ ᠳᠠᠭᠤᠰᠤᠭ᠍ᠰᠠᠨ ᠬᠠᠤᠯᠢ᠎ᠳᠤ ᠬᠣᠯᠪᠣᠭ᠍ᠳᠠᠭ᠍ᠰᠠᠨ ᠵᠠᠷᠭᠤ᠎ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠨᠡᠷᠡᠰ᠎ᠦᠨ ᠵᠢᠭ᠍ᠰᠠᠭᠠᠯᠲᠠ ᠬᠢᠬᠦ᠌ ᠦᠭᠡᠶ᠂ ᠵᠠᠷᠯᠠᠨ ᠨᠡᠢᠲᠡᠯᠡᠬᠦ᠌ ᠦᠭᠡᠶ᠂ ᠬᠢᠨᠠᠨ ᠱᠢᠯᠭᠠᠬᠤ ᠦᠭᠡᠶ᠂ ᠬᠠᠷᠢᠭᠤᠴᠠᠯᠭ᠎ᠠ ᠲᠤᠯᠭᠠᠬᠤ ᠦᠭᠡᠶ ᠪᠠᠢᠵᠤ᠂ ᠦᠨᠳᠦᠰᠦᠨ ᠱᠠᠲᠤ᠎ᠶ᠋ᠢ ᠵᠥᠷᠢᠴᠡᠯ᠎ᠢ ᠪᠠᠢᠴᠠᠭᠠᠨ ᠱᠢᠶ᠋ᠳᠪᠦᠷᠢᠯᠡᠬᠦ᠌᠂ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠳᠡᠭᠡᠷ᠎ᠡ ᠨᠡᠩ ᠢᠯᠡᠭᠦᠦ ᠬᠦᠴᠦ᠍ ᠲᠠᠯᠪᠢᠭᠤᠯᠬᠤ ᠬᠡᠷᠡᠭ᠌ᠲᠡᠶ᠃
ᠳᠣᠯᠣᠭ᠎ᠠ᠂ ᠡᠭᠦᠳᠦᠨ ᠪᠠᠢᠭᠤᠯᠵᠦ ᠵᠢᠱ᠌ᠢᠶ᠎ᠡ ᠦᠵᠡᠭᠦᠯᠬᠦ᠌ ᠪᠠ ᠪᠠᠷᠢᠮᠵᠢᠶ᠎ᠠ᠎ᠳᠤ ᠬᠦᠷᠦᠭᠦᠯᠬᠦ᠌ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭᠲᠡᠢ
19. ᠲᠥᠷᠥᠯ ᠵᠦᠶ᠋ᠯ᠎ᠦᠨ ᠲᠣᠭ᠎ᠠ ᠬᠡᠮᠵᠢᠶ᠎ᠡ᠎ᠶ᠋ᠢ ᠴᠣᠮᠬᠠᠳᠭᠠᠬᠤ ᠬᠡᠷᠡᠭᠲᠡᠢ᠃ ᠡᠯ᠎ᠡ ᠵᠦᠢᠯ᠎ᠦᠨ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠪᠠ ᠪᠠᠷᠢᠮᠵᠢᠶ᠎ᠠ᠎ᠳᠤ ᠬᠦᠷᠦᠭᠦᠯᠬᠦ᠌ ᠠᠵᠢᠯᠯᠠᠭ᠎ᠠ᠎ᠶ᠋ᠢ ᠶᠡᠬᠡ᠎ᠪᠠᠷ ᠪᠠᠭᠠᠰᠭᠠᠵᠤ᠂ ᠵᠥᠪᠱᠢᠶᠡᠷᠡᠭᠦᠯᠦᠭᠡᠳᠦᠶᠪᠡᠷ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠪᠠ ᠪᠠᠷᠢᠮᠵᠢᠶ᠎ᠠ᠎ᠳᠤ ᠬᠦᠷᠦᠭᠦᠯᠬᠦ᠌ ᠠᠵᠢᠯᠯᠠᠭ᠎ᠠ ᠵᠢᠴᠢ 《ᠬᠣᠲᠠ》᠂ 《ᠨᠤᠲᠤᠭ》᠂ 《ᠰᠠᠭᠤᠷᠢᠨ》 ᠵᠡᠷᠭᠡ᠎ᠳᠦ ᠫᠠᠢᠰᠠ ᠣᠯᠭᠣᠵᠤ ᠨᠡᠷᠡᠢᠳᠬᠦ᠌ ᠠᠵᠢᠯᠯᠠᠭ᠎ᠠ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍ ᠪᠣᠯᠬᠤ ᠦᠭᠡᠶ᠃ ᠬᠣᠲᠠ ᠱᠢᠶᠠᠨ᠎ᠤ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ ᠪᠠ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠵᠢᠴᠢ ᠱᠢᠶᠠᠩ ᠪᠠᠯᠭᠠᠰᠤ (ᠵᠡᠭᠡᠯᠢ ᠭᠤᠳᠤᠮᠵᠢ) ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠠᠵᠢᠯᠯᠠᠭ᠎ᠠ ᠥᠷᠨᠢᠭᠦᠯᠬᠦ᠌ ᠥᠬᠡᠶ᠃ ᠡᠭᠦᠳᠦᠨ ᠪᠠᠢᠭᠤᠯᠤᠭ᠍ᠰᠠᠨ ᠦᠷ᠎ᠡ ᠳ᠋ᠦᠩ᠎ᠦᠨ ᠵᠢᠭ᠍ᠰᠠᠭᠠᠯᠲᠠ᠎ᠶ᠋ᠢ ᠬᠢᠬᠦ᠌ ᠦᠭᠡᠢ᠃
20. ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ ᠬᠡᠷᠡᠭᠲᠡᠢ᠃ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠣᠷᠣᠨ ᠨᠤᠲᠤᠭ᠎ᠤᠨ ᠡᠬᠢ ᠪᠠᠶᠠᠯᠢᠭ᠎ᠤᠨ ᠳᠠᠪᠠᠭᠤᠯᠢᠭ ᠨᠥᠬᠥᠴᠡᠯ ᠪᠣᠯᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠡᠴᠡ ᠰᠠᠯᠭᠠᠵᠤ ᠪᠣᠯᠬᠤ ᠦᠭᠡᠶ᠂ 《ᠬᠥᠳᠡᠯᠭᠡᠭᠡᠨ᠎ᠦ ᠮᠠᠶᠢᠭ》᠂ 《ᠦᠵᠡᠭᠦᠯᠭᠡ᠎ᠶ᠋ᠢᠨ ᠮᠠᠶᠢᠭ》᠂ 《ᠰᠠᠯᠬᠢᠯᠠᠭᠠᠳ ᠦᠩᠭᠡᠷᠡᠬᠦ ᠲᠡᠳᠦᠢ》 ᠬᠢᠵᠦ᠍ ᠪᠣᠯᠬᠤ ᠦᠭᠡᠶ᠂ ᠠᠭᠤᠷ ᠠᠮᠢᠰᠭᠤᠯ᠎ᠢ ᠪᠣᠶ ᠪᠣᠯᠭᠠᠬᠤ ᠱᠠᠭᠠᠷᠳᠠᠯᠭ᠎ᠠ ᠳᠤᠷᠠᠳᠭᠤ ᠦᠭᠡᠶ᠂ ᠣᠯᠠᠨ ᠲᠦᠮᠡᠨ᠎ᠦ ᠬᠡᠪ᠎ᠦᠨ ᠦᠢᠯᠡᠳᠪᠦᠷᠢᠯᠡᠯ ᠠᠮᠢᠳᠤᠷᠠᠯ᠎ᠢ ᠨᠥᠯᠥᠭᠡᠯᠡᠬᠦ᠌ ᠦᠭᠡᠶ ᠪᠠᠢᠬᠤ ᠬᠡᠷᠡᠭ᠌ᠲᠡᠶ᠃ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠳᠤ ᠣᠷᠣᠯᠴᠠᠭ᠍ᠰᠠᠨ ᠨᠢᠭᠡᠴᠢ ᠨᠢ ᠠᠷᠪᠢᠲᠠᠶ ᠭᠠᠮᠲᠠᠶ ᠠᠵᠢᠯᠯᠠᠬᠤ᠎ᠶ᠋ᠢ ᠪᠠᠷᠢᠮᠲᠠᠯᠠᠨ᠂ ᠪᠦᠷᠢᠯᠭᠡᠨ ᠰᠦᠢᠳᠭᠡᠬᠦ᠌᠎ᠶ᠋ᠢ ᠡᠷᠡᠰ ᠵᠣᠭ᠍ᠰᠣᠭᠠᠵᠤ᠂ ᠵᠢᠭᠡᠯᠡᠯᠭᠡ ᠠᠪᠴᠤ᠌ ᠡᠭᠦᠳᠦᠨ ᠪᠠᠢᠭᠤᠯᠵᠤ ᠪᠣᠯᠬᠤ ᠦᠭᠡᠶ᠃ ᠡᠭᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠠᠵᠢᠯᠯᠠᠭ᠎ᠠ ᠬᠢᠬᠦ᠌᠎ᠳᠦ ᠰᠦᠢᠳᠭᠡᠯ ᠬᠤᠷᠢᠶᠠᠵᠤ ᠪᠣᠯᠬᠤ ᠦᠭᠡᠶ᠂ ᠬᠠᠮᠲᠤᠷᠠᠯᠴᠠᠬᠤ᠂ ᠳᠡᠮᠵᠢᠯᠭᠡ ᠭᠤᠶᠤᠬᠤ ᠵᠡᠷᠭᠡ ᠠᠷᠭ᠎ᠠ ᠮᠠᠶᠢᠭ᠎ᠢᠶᠡᠷ ᠬᠡᠯᠪᠡᠷᠢ᠎ᠶ᠋ᠢ ᠨᠢ ᠥᠭᠡᠷᠡᠲᠦᠭᠦᠯᠦᠨ ᠰᠦᠢᠳᠭᠡᠯ ᠬᠤᠷᠢᠶᠠᠵᠤ ᠪᠣᠯᠬᠤ ᠦᠭᠡᠶ᠃
21. ᠦᠨᠳᠦᠰᠦᠨ ᠱᠠᠲᠤᠨ᠎ᠳᠤ ᠪᠠᠷᠢᠮᠵᠢᠶ᠎ᠠ᠎ᠳᠤ ᠬᠦᠷᠦᠭᠦᠯᠬᠦ ᠠᠵᠢᠯᠯᠠᠭ᠎ᠠ ᠬᠢᠬᠦ᠌ ᠦᠭᠡᠢ᠃ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ ᠵᠢᠴᠢ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠨᠢ ᠱᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠭᠣᠨ (ᠨᠡᠢᠭᠡᠮ ᠲᠣᠭᠣᠷᠢᠭ)᠂ ᠰᠤᠷᠭᠠᠭᠤᠯᠢ᠎ᠳᠤ ᠬᠠᠨᠳᠤᠭᠤᠯᠤᠨ ᠪᠠᠷᠢᠮᠵᠢᠶ᠎ᠠ᠎ᠳᠤ ᠬᠦᠷᠦᠭᠦᠯᠬᠦ᠌ ᠠᠵᠢᠯᠯᠠᠭ᠎ᠠ ᠥᠷᠨᠢᠭᠦᠯᠵᠦ᠍ ᠪᠣᠯᠬᠤ ᠦᠭᠡᠶ᠃ ᠣᠳᠣ ᠪᠠᠢᠭ᠎ᠠ ᠪᠠᠷᠢᠮᠵᠢᠶ᠎ᠠ᠎ᠳᠤ ᠬᠦᠷᠦᠭᠦᠯᠬᠦ᠌ ᠠᠵᠢᠯᠯᠠᠭ᠎ᠠ᠎ᠶ᠋ᠢ ᠢᠯᠭᠠᠷᠠᠭᠤᠯᠵᠤ᠂ ᠨᠢᠭᠡᠨᠲᠡ ᠥᠷᠨᠢᠭᠦᠯᠦᠭ᠌ᠰᠡᠨᠢ ᠬᠤᠭᠤᠴᠠᠭ᠎ᠠ ᠨᠢ ᠲᠤᠯᠤᠭᠰᠠᠨᠦ ᠳᠠᠷᠠᠭ᠎ᠠ ᠥᠪᠡᠷ᠎ᠲᠡᠬᠡᠨ ᠦᠭᠡᠢᠰᠭᠡᠬᠦ ᠬᠡᠷᠡᠭᠲᠡᠢ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠲᠣᠰ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠤᠰᠭᠠᠶ ᠠᠵᠢᠯ᠎ᠤᠨ ᠲᠣᠭ᠍ᠲᠡᠴᠡ᠎ᠶ᠋ᠢ ᠪᠠᠢᠭᠤᠯᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠎ᠶ᠋ᠢᠨ ᠱᠦᠵᠢ ᠲᠦᠷᠦᠭᠦᠯᠡᠨ ᠬᠡᠷᠡᠭ᠌ᠵᠢᠭᠦᠯᠬᠦ᠌᠎ᠶ᠋ᠢᠨ ᠬᠠᠮᠲᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠲᠦ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠴᠠᠭ ᠲᠤᠬᠠᠶ᠎ᠳᠤᠨᠢ ᠵᠠᠯᠠᠷᠠᠭᠤᠯᠤᠨ ᠵᠠᠰᠠᠬᠤ ᠬᠡᠷᠡᠭ᠌ᠲᠡᠶ᠃ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ ᠲᠦᠷᠦᠭᠦᠯᠡᠨ ᠨᠠᠢᠳᠠᠪᠤᠷᠢᠵᠢᠭᠤᠯᠬᠤ ᠬᠡᠷᠡᠭ᠌ᠲᠡᠢ᠃ ᠲᠤᠰ ᠲᠣᠭ᠍ᠲᠠᠭᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠰᠣᠨᠢᠨ ᠮᠡᠳᠡᠭᠡᠨ᠎ᠤ ᠶᠠᠷᠢᠶ᠎ᠠ ᠬᠡᠯᠡᠯᠴᠡᠭᠡᠨ᠎ᠦ ᠬᠢᠨᠠᠯᠲᠠ ᠲᠠᠯᠪᠢᠬᠤ ᠵᠡᠷᠭᠡ᠎ᠶᠢᠨ ᠴᠢᠬᠤᠯᠠ ᠠᠭᠤᠯᠭ᠎ᠠ ᠪᠣᠯᠭᠠᠨ᠎ᠠ᠃ ᠲᠣᠰ ᠲᠣᠭ᠍ᠲᠠᠭᠠᠯ᠎ᠢ ᠵᠥᠷᠢᠴᠡᠭ᠌ᠰᠡᠨ ᠪᠠᠢᠪᠠᠯ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠵᠤ᠂ ᠨᠡᠢᠲᠡᠯᠢᠭ ᠠᠰᠠᠭᠤᠳᠠᠯ᠎ᠢ ᠢᠯᠡ᠎ᠪᠡᠷ ᠵᠠᠷᠯᠠᠨ ᠮᠡᠳᠡᠭ᠌ᠳᠡᠨ᠎ᠡ᠃
ᠲᠤᠰ ᠲᠣᠭ᠍ᠲᠠᠭᠠᠯ᠎ᠢ ᠲᠥᠪ ᠬᠣᠷᠢᠶ᠎ᠠ᠎ᠶᠢᠨ ᠠᠯᠪᠠᠨ ᠲᠢᠩᠬᠢᠮ᠎ᠡᠴᠡ ᠬᠠᠷᠢᠭᠤᠴᠠᠨ ᠲᠠᠢᠯᠪᠤᠷᠢᠯᠠᠵᠦ᠂ ᠨᠡᠢᠲᠡᠯᠡᠭ᠌ᠰᠡᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃ ᠡᠭᠦᠨ᠎ᠡᠴᠡ ᠡᠮᠦᠨ᠎ᠡ ᠨᠡᠢᠲᠡᠯᠡᠭ᠌ᠰᠡᠨ ᠬᠣᠯᠪᠣᠭ᠍ᠳᠠᠯ ᠪᠦᠬᠦᠢ ᠲᠣᠭ᠍ᠲᠠᠭᠠᠯ ᠨᠢ ᠲᠤᠰ ᠲᠣᠭ᠍ᠲᠠᠭᠠᠯ᠎ᠲᠠᠶ ᠨᠢᠭᠡᠳᠦᠯ ᠦᠭᠡᠶ ᠪᠠᠢᠪᠠᠯ ᠲᠤᠰ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃
ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 8 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ