ᠦᠪᠣᠷ ᠮᠣᠩᠭᠣᠯ ᠤᠨ ᠦᠪᠡᠷᠳᠡᠬᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
239 ᠳ᠋ᠤᠭᠡᠷ ᠲᠤᠭ᠋ᠠᠳᠤ
《〈ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 《ᠪᠦᠭᠦᠲᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》 ᠵᠢ ᠬᠡᠷᠡᠭᠵᠢᠭᠦᠯᠬᠦ ᠠᠷᠭ᠎ᠠ〉 ᠪᠠ 〈ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠭᠡᠷ ᠬᠦᠷᠦᠩᠭᠡ ᠵᠢᠨ ᠭᠠᠶ᠋ᠢᠯᠢ ᠵᠢᠨ ᠬᠡᠷᠡᠭᠵᠢᠭᠦᠯᠬᠦ ᠨᠠᠷᠢᠨ ᠳᠥᠷᠢᠮ〉᠎ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠲᠠᠭ᠋ᠠᠯ》᠎ᠢ 2019 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ 3 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠨᠢᠭᠡᠨᠲᠡ ᠬᠢᠨᠠᠨ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠭ᠍ᠣ ᠤᠷᠤᠨ᠎ᠤ ᠲᠡᠷᠢᠭᠦᠯᠡᠭᠴᠢ ᠪᠦ᠋ ᠰᠢᠶᠤᠤ ᠯᠢᠨ
2019 ᠣᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 〈ᠪᠦᠭᠦᠲᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 ᠪᠠ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠭᠡᠷ ᠬᠦᠷᠦᠩᠭᠡ ᠵᠢᠨ ᠭᠠᠶ᠋ᠢᠯᠢ ᠵᠢᠨ ᠬᠡᠷᠡᠭᠵᠢᠭᠦᠯᠬᠦ ᠨᠠᠷᠢᠨ ᠳᠥᠷᠢᠮ》᠎ᠳᠤ ᠳᠤᠤᠷᠠᠬᠢ ᠮᠡᠲᠦ ᠵᠠᠰᠠᠪᠤᠷᠢ ᠤᠷᠤᠭᠤᠯᠬᠤ᠎ᠪᠠᠷ ᠲᠤᠭᠲᠠᠭ᠋ᠠᠪᠠ᠄
ᠨᠢᠭᠡ᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 〈ᠪᠦᠭᠦᠲᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 (2013 ᠣᠨ᠎ᠤ 2 ᠳ᠋ᠤᠭ᠋ᠠᠷ ᠰᠡᠷ᠎ᠠ ᠵᠢᠨ 6᠎ᠤ ᠡᠳᠣᠷ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 192 ᠳ᠋ᠤᠭ᠋ᠠᠷ ᠲᠣᠭ᠋ᠠᠳᠣ᠎ᠪᠠᠷ ᠨᠡᠶ᠋ᠢᠳᠡᠯᠡᠪᠡ)
ᠭᠤᠷᠪᠠᠳᠤᠭ᠋ᠠᠷ ᠵᠦᠢ᠍ᠯ᠎ᠳᠤ ᠨᠢᠭᠡ ᠵᠤᠷᠪᠤᠰ ᠨᠡᠮᠡᠵᠦ ᠬᠤᠶᠠᠳᠤᠭ᠋ᠠᠷ ᠵᠤᠷᠪᠤᠰ ᠪᠣᠯᠭ᠋ᠠᠪᠠ᠄ 《2019 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ 2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠪᠠᠷᠠᠭ᠋ᠠᠨ᠎ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ᠎ᠤ ᠠᠵᠢᠯᠯᠠᠬᠤ ᠲᠡᠷᠭᠡ᠂ ᠲᠤᠰᠬᠠᠢ ᠬᠡᠷᠡᠭᠯᠡᠭᠡᠨ᠎ᠤ ᠬᠦᠷᠳᠦᠳᠦ ᠮᠧᠬᠠᠨᠢᠭ ᠲᠡᠷᠭᠡᠨ᠎ᠤ ᠲᠡᠷᠭᠡ ᠣᠩᠭᠤᠴᠠ ᠵᠢᠨ ᠭᠠᠶ᠋ᠢᠯᠢ᠎ᠳᠤ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢ ᠡᠮᠦᠨᠡᠬᠢ ᠵᠤᠷᠪᠤᠰ᠎ᠤᠨ ᠲᠣᠭᠲᠠᠭ᠋ᠠᠯ᠎ᠳᠠᠬᠢ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢᠨ ᠪᠠᠷᠢᠮᠵᠢᠶᠠᠨ᠎ᠤ 50%᠎ᠪᠠᠷ ᠲᠦᠷ ᠲᠠᠲᠠᠪᠤᠷᠢᠯᠠᠨ᠎ᠠ᠃》
ᠳᠤᠯᠤᠳᠤᠭ᠋ᠠᠷ ᠵᠦᠢ᠍ᠯ᠎ᠳᠤ᠄ 《ᠲᠡᠷᠭᠡ ᠣᠩᠭᠤᠴᠠ ᠵᠢᠨ ᠭᠠᠶ᠋ᠢᠯᠢ ᠵᠢ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ ᠬᠠᠷᠢᠭᠤᠴᠠᠵᠤ ᠲᠠᠲᠠᠪᠤᠷᠢᠯᠠᠨ᠎ᠠ》 ᠭᠡᠵᠦ ᠵᠠᠰᠠᠪᠤᠷᠢ ᠤᠷᠤᠭᠤᠯᠪᠠ᠃
ᠬᠤᠶᠠᠷ᠂ 《ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠭᠡᠷ ᠬᠦᠷᠥᠩᠬᠡ ᠵᠢᠨ ᠭᠠᠶ᠋ᠢᠯᠢ ᠵᠢᠨ ᠭᠡᠷᠡᠭᠵᠢᠬᠦᠯᠬᠦ ᠨᠠᠷᠢᠨ ᠳᠥᠷᠢᠮ》 (2016 ᠣᠨ᠎ᠤ 1 ᠳ᠋ᠤᠭᠡᠷ ᠰᠠᠷ᠎ᠠ ᠵᠢᠨ 16᠎ᠤ ᠡᠳᠦᠷ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 229 ᠳ᠋ᠤᠭᠡᠷ ᠲᠣᠭ᠋ᠠᠳᠣ᠎ᠪᠠᠷ ᠨᠡᠶ᠋ᠢᠳᠡᠯᠡᠪᠡ)
ᠭᠤᠷᠪᠠᠳᠤᠭ᠋ᠠᠷ ᠵᠦᠢ᠍ᠯ᠎ᠤᠨ ᠬᠤᠶᠠᠳᠤᠭ᠋ᠠᠷ ᠵᠤᠷᠪᠤᠰ᠎ᠲᠤ ᠨᠢᠭᠡ ᠵᠤᠷᠪᠤᠰ ᠨᠡᠮᠡᠪᠠ᠄ 《2019 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ 2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠭᠡᠷ ᠬᠦᠷᠦᠩᠭᠡ ᠵᠢᠨ ᠤᠤᠯ ᠦᠷᠲᠡᠭ ᠵᠶ᠋ᠠᠷ ᠨᠢᠭᠡ ᠤᠳᠠᠭ᠎ᠠ᠎ᠳᠤ ᠬᠠᠰᠤᠬᠤ ᠬᠠᠷᠢᠴᠠᠯ᠎ᠢ 10%᠎ᠠᠴᠠ 30% ᠪᠣᠯᠭ᠋ᠠᠵᠤ ᠲᠦᠷ ᠲᠤᠬᠢᠷᠠᠭᠤᠯᠤᠨ᠎ᠠ᠃》
ᠵᠢᠷᠭᠤᠳᠤᠭ᠋ᠠᠷ ᠵᠦᠢ᠍ᠯ᠎ᠳᠤ 《ᠭᠡᠷ ᠬᠦᠷᠦᠩᠭᠡ ᠵᠢᠨ ᠭᠠᠶ᠋ᠢᠯᠢ ᠵᠢ ᠭᠡᠷ ᠬᠦᠷᠦᠩᠭᠡ ᠵᠢᠨ ᠪᠠᠶ᠋ᠢᠭ᠎ᠠ ᠭᠠᠵᠠᠷ᠎ᠤᠨ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ ᠲᠠᠲᠠᠪᠤᠷᠢᠯᠠᠨ᠎ᠠ》 ᠭᠡᠵᠦ ᠵᠠᠰᠠᠪᠤᠷᠢ ᠤᠷᠤᠭᠤᠯᠪᠠ᠃
ᠲᠤᠰ ᠲᠤᠭᠲᠠᠭ᠋ᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 〈ᠪᠦᠭᠦᠲᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 ᠪᠠ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠭᠡᠷ ᠬᠦᠷᠦᠩᠭᠡ ᠵᠢᠨ ᠭᠠᠶ᠋ᠢᠯᠢ ᠵᠢᠨ ᠬᠡᠷᠡᠭᠵᠢᠭᠦᠯᠬᠦ ᠨᠠᠷᠢᠨ ᠳᠥᠷᠢᠮ》᠎ᠳᠤ ᠲᠤᠰ ᠲᠤᠭᠲᠠᠭ᠋ᠠᠯ᠎ᠢ ᠦᠨᠳᠦᠰᠦᠯᠡᠵᠦ ᠵᠤᠬᠢᠬᠤ ᠵᠠᠰᠠᠪᠤᠷᠢ ᠤᠷᠤᠭᠤᠯᠵᠤ᠂ ᠳᠠᠬᠢᠵᠤ ᠰᠢᠨ᠎ᠡ᠎ᠪᠠᠷ ᠨᠡᠶ᠋ᠢᠲᠡᠯᠡᠨ᠎ᠡ᠃
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 《ᠪᠦᠭᠦᠲᠡ ᠨᠠᠶ᠋ᠢᠷᠠᠮᠳᠠᠬᠤ ᠳᠤᠮᠳᠠᠳᠤ
ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》 ᠵᠢ ᠬᠡᠷᠡᠭᠵᠢᠭᠦᠯᠬᠦ ᠠᠷᠭ᠎ᠠ
(2013 ᠣᠨ᠎ᠤ 2 ᠳ᠋ᠣᠭ᠋ᠠᠷ ᠰᠡᠷ᠎ᠠ ᠵᠢᠨ 6᠎ᠤ ᠡᠳᠣᠷ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 192 ᠳ᠋ᠣᠭ᠋ᠠᠷ ᠲᠣᠭ᠋ᠠᠳᠣ᠎ᠪᠠᠷ ᠨᠡᠶ᠋ᠢᠳᠡᠯᠡᠪᠡ 2019 ᠣᠨ᠎ᠤ 3 ᠳ᠋ᠣᠭ᠋ᠠᠷ ᠰᠡᠷ᠎ᠠ ᠵᠢᠨ 21᠎ᠤ ᠡᠳᠣᠷ 《〈ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 《ᠪᠦᠭᠦᠲᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》 ᠵᠢ ᠬᠡᠷᠡᠭᠵᠢᠭᠦᠯᠬᠦ ᠠᠷᠭ᠎ᠠ〉 ᠪᠠ 〈ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠭᠡᠷ ᠬᠦᠷᠦᠩᠭᠡ ᠵᠢᠨ ᠭᠠᠶ᠋ᠢᠯᠢ ᠵᠢᠨ ᠬᠡᠷᠡᠭᠵᠢᠭᠦᠯᠬᠦ ᠨᠠᠷᠢᠨ ᠳᠥᠷᠢᠮ〉᠎ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠲᠠᠭ᠋ᠠᠯ》᠎ᠢ ᠦᠠᠳᠣᠰᠣᠯᠡᠨ ᠵᠠᠰᠠᠪᠦᠷᠢ ᠣᠷᠣᠭᠤᠯᠪᠡ)
ᠨᠢᠭᠡᠳᠦᠭᠡᠷ ᠵᠦᠢ᠍ᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ ᠵᠢ ᠬᠡᠷᠡᠭᠵᠢᠭᠦᠯᠬᠦ ᠳᠦᠷᠢᠮ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠤᠲᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠡᠪᠴᠢᠶᠡᠨ ᠳᠣᠲᠣᠷᠠᠬᠢ ᠲᠤᠰ ᠠᠷᠭ᠎ᠠ᠎ᠳᠤ ᠳᠠᠭ᠋ᠠᠯᠳᠤᠭᠤᠯᠤᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠭᠡ ᠣᠩᠭᠤᠴᠠ ᠵᠢᠨ ᠭᠠᠶ᠋ᠢᠯᠢ ᠵᠢᠨ ᠵᠦᠢ᠍ᠯ ᠭᠠᠶ᠋ᠢᠯᠢ ᠵᠢᠨ ᠲᠤᠭ᠎ᠠ ᠵᠢᠨ ᠬᠦᠰᠦᠨᠦᠭᠲᠦ》 ᠵᠢᠨ ᠲᠣᠭᠲᠠᠭ᠋ᠠᠯ᠎ᠳᠤ ᠬᠠᠷᠢᠶᠠᠯᠠᠭᠳᠠᠬᠤ ᠲᠡᠷᠭᠡ ᠬᠦᠰᠭᠡ᠂ ᠣᠩᠭᠤᠴᠠ ᠵᠠᠪᠢ ᠵᠢᠨ ᠥᠮᠴᠢᠯᠡᠭᠴᠢ ᠪᠤᠶᠤ ᠬᠠᠮᠢᠶᠠᠷᠤᠭᠴᠢ ᠪᠣᠯ ᠲᠡᠷᠭᠡ ᠣᠩᠭᠤᠴᠠ ᠵᠢᠨ ᠭᠠᠶ᠋ᠢᠯᠢ ᠲᠤᠰᠢᠶᠠᠭᠴᠢ ᠪᠣᠯᠬᠤ ᠲᠤᠯᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ ᠵᠢᠨ ᠬᠡᠷᠡᠭᠵᠢᠭᠦᠯᠬᠦ ᠳᠦᠷᠢᠮ》 ᠪᠣᠯᠤᠨ ᠲᠤᠰ ᠠᠷᠭ᠎ᠠ ᠵᠢᠨ ᠶᠣᠰᠣᠭ᠋ᠠᠷ ᠲᠡᠷᠭᠡ ᠣᠩᠭᠤᠴᠠ ᠵᠢᠨ ᠭᠠᠶ᠋ᠢᠯᠢ ᠲᠤᠰᠢᠶᠠᠬᠤ ᠬᠡᠷᠡᠭᠲᠡᠶ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠲᠡᠷᠭᠡ ᠬᠥᠰᠭᠡ᠂ ᠣᠩᠭᠤᠴᠠ ᠵᠠᠪᠢ ᠭᠡᠳᠡᠭ᠎ᠨᠢ ᠲᠡᠷᠭᠡ ᠣᠩᠭᠤᠴᠠ ᠵᠢ ᠳᠠᠩᠰᠠᠯᠠᠵᠤ ᠲᠡᠮᠲᠡᠭᠯᠡᠨ ᠬᠠᠮᠢᠶᠠᠷᠬᠤ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠳᠠᠩᠰᠠᠯᠠᠭᠤᠯᠵᠣ ᠲᠡᠮᠳᠡᠭᠯᠡᠭᠦᠯᠦᠭᠰᠡᠨ ᠪᠠᠶ᠋ᠢᠬᠤ ᠶᠣᠰᠤᠲᠠᠢ ᠮᠠᠰᠢᠨᠲᠤ ᠲᠡᠷᠭᠡ ᠪᠣᠯᠤᠨ ᠣᠩᠭᠤᠴᠠ ᠵᠠᠪᠢ᠂ ᠵᠢᠴᠢ ᠲᠡᠷᠭᠡ ᠣᠩᠭᠤᠴᠠ ᠵᠢ ᠳᠠᠩᠰᠠᠯᠠᠵᠤ ᠲᠡᠮᠳᠡᠭᠯᠡᠨ ᠬᠠᠮᠢᠶᠠᠷᠬᠤ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠳᠠᠩᠰᠠᠯᠠᠭᠤᠯᠵᠣ ᠲᠡᠮᠳᠡᠭᠯᠡᠭᠦᠯᠬᠦ ᠴᠢᠬᠤᠯᠠ ᠦᠭᠡᠶ ᠨᠢᠭᠡᠴᠢ ᠵᠢᠨ ᠳᠣᠲᠣᠭ᠋ᠠᠳᠤ᠎ᠳᠠᠬᠢ ᠲᠠᠯᠠᠪᠤᠷ ᠭᠠᠵᠠᠷ ᠵᠶ᠋ᠠᠷ ᠵᠢᠯᠤᠭᠤᠳᠴᠦ ᠪᠠᠶ᠋ᠢᠭ᠎ᠠ ᠪᠤᠶᠤ ᠠᠵᠢᠯᠯᠠᠭᠤᠯᠵᠤ ᠪᠠᠶ᠋ᠢᠭ᠎ᠠ ᠮᠠᠰᠢᠨᠲᠤ ᠲᠡᠷᠭᠡ ᠪᠣᠯᠤᠨ ᠣᠩᠭᠤᠴᠠ ᠵᠠᠪᠢ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠲᠡᠷᠭᠡ ᠣᠩᠭᠤᠴᠠ ᠵᠢᠨ ᠭᠠᠶ᠋ᠢᠯᠢ ᠵᠢᠨ ᠵᠦᠢ᠍ᠯ᠂ ᠭᠠᠶ᠋ᠢᠯᠢ ᠵᠢᠨ ᠲᠤᠭ᠎ᠠ ᠵᠢ ᠲᠤᠰ ᠠᠷᠭ᠎ᠠ᠎ᠳᠤ ᠳᠠᠭ᠋ᠠᠯᠳᠤᠭᠤᠯᠤᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠭᠡ ᠣᠩᠭᠤᠴᠠ ᠵᠢᠨ ᠭᠠᠶ᠋ᠢᠯᠢ ᠵᠢᠨ ᠵᠦᠢ᠍ᠯ ᠭᠠᠶ᠋ᠢᠯᠢ ᠵᠢᠨ ᠲᠤᠭ᠎ᠠ ᠵᠢᠨ ᠬᠦᠰᠦᠨᠦᠭᠲᠦ》 ᠵᠢᠨ ᠶᠣᠰᠣᠭ᠋ᠠᠷ
ᠬᠡᠷᠡᠭᠵᠢᠭᠦᠯᠦᠨ᠎ᠡ᠃
2019 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ 2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠪᠠᠷᠠᠭ᠋ᠠᠨ᠎ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ᠎ᠤ ᠠᠵᠢᠯᠯᠠᠬᠤ ᠲᠡᠷᠭᠡ᠂ ᠲᠤᠰᠬᠠᠢ ᠬᠡᠷᠡᠭᠯᠡᠭᠡᠨ᠎ᠤ ᠬᠦᠷᠳᠦᠳᠦ ᠮᠧᠬᠠᠨᠢᠭ ᠲᠡᠷᠭᠡᠨ᠎ᠤ ᠲᠡᠷᠭᠡ ᠣᠩᠭᠤᠴᠠ ᠵᠢᠨ ᠭᠠᠶ᠋ᠢᠯᠢ᠎ᠳᠤ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢ ᠡᠮᠦᠨᠡᠬᠢ ᠵᠤᠷᠪᠤᠰ᠎ᠤᠨ ᠲᠣᠭᠲᠠᠭ᠋ᠠᠯ᠎ᠳᠠᠬᠢ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢᠨ ᠪᠠᠷᠢᠮᠵᠢᠶᠠᠨ᠎ᠤ 50%᠎ᠪᠠᠷ ᠲᠦᠷ ᠲᠠᠲᠠᠪᠤᠷᠢᠯᠠᠨ᠎ᠠ᠃
ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠲᠡᠷᠭᠡ ᠣᠩᠭᠤᠴᠠ᠎ᠠᠴᠠ ᠲᠡᠷᠭᠡ ᠣᠩᠭᠤᠴᠠ ᠵᠢᠨ ᠭᠠᠶ᠋ᠢᠯᠢ ᠲᠠᠲᠠᠪᠤᠷᠢᠯᠠᠬᠤ ᠦᠭᠡᠢ᠄
(ᠨᠢᠭᠡ) ᠠᠩᠨᠠᠵᠤ ᠱᠦᠭᠦᠬᠦ᠂ ᠲᠡᠵᠢᠭᠡᠨ ᠦᠷᠡᠵᠢᠭᠦᠯᠬᠦ ᠵᠢᠭ᠋ᠠᠰᠤᠨ᠎ᠤ ᠣᠩᠭᠤᠴᠠ;
(ᠬᠤᠶᠠᠷ) ᠴᠡᠷᠢᠭ ᠠᠩᠭᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠤᠰᠬᠠᠶ ᠬᠡᠷᠡᠭᠯᠡᠬᠦ ᠲᠡᠷᠭᠡ ᠣᠩᠭᠤᠴᠠ;
(ᠭᠤᠷᠪᠠ) ᠴᠠᠭᠳᠠᠭ᠋ᠠᠨ᠎ᠤ ᠲᠡᠷᠭᠡ ᠣᠩᠭᠤᠴᠠ;
(ᠳᠥᠷᠪᠡ) ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠭᠠᠶ᠋ᠢᠯᠢ ᠲᠠᠲᠠᠪᠤᠷᠢᠯᠠᠬᠤ ᠦᠭᠡᠢ ᠪᠠᠶ᠋ᠢᠬᠤ ᠶᠤᠰᠤᠲᠠᠢ ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ ᠺᠤᠨᠰᠦ᠋ᠯ᠎ᠤᠨ ᠭᠠᠵᠠᠷ᠂ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠠᠴᠠ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠬᠦ ᠪᠠᠶ᠋ᠢᠭᠤᠯᠤᠮᠵᠢ ᠵᠢᠴᠢ ᠲᠡᠳᠡᠭᠡᠷ᠎ᠤᠨ ᠬᠤᠯᠪᠣᠭᠳᠠᠯ ᠪᠦᠬᠦᠢ ᠠᠵᠢᠯᠲᠠᠳ᠎ᠤᠨ ᠲᠡᠷᠭᠡ ᠣᠩᠭᠤᠴᠠ;
(ᠲᠠᠪᠤ) ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ ᠣᠩᠭᠤᠴᠠ;
(ᠵᠢᠷᠭᠤᠭ᠎ᠠ) ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠲᠤ ᠪᠠᠶ᠋ᠢᠭ᠎ᠠ ᠪᠥᠭᠡᠳ ᠭᠤᠤᠯᠳᠠᠭᠤ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠯᠡᠬᠦ ᠮᠤᠲ᠋ᠤᠷ᠂ ᠭᠤᠷᠪᠠᠨ ᠬᠦᠷᠳᠦᠲᠦ ᠮᠠᠰᠢᠨ ᠲᠡᠷᠭᠡ ᠪᠣᠯᠤᠨ ᠤᠳᠠᠭ᠋ᠠᠨ ᠬᠤᠷᠳᠤᠴᠠᠲᠤ ᠪᠠᠷᠠᠭ᠎ᠠ ᠠᠴᠢᠶᠠᠯᠠᠬᠤ ᠮᠠᠰᠢᠨ ᠲᠡᠷᠭᠡ᠃
ᠲᠠᠪᠤᠳᠤᠭ᠋ᠠᠷ ᠵᠦᠢ᠍ᠯ ᠲᠣᠭᠲᠠᠭ᠋ᠠᠯ ᠶᠣᠰᠣᠭ᠋ᠠᠷ ᠣᠩᠭᠤᠴᠠ ᠵᠠᠪᠢ ᠵᠢᠨ ᠲᠣᠨ ᠵᠶ᠋ᠠᠷ ᠲᠤᠭ᠋ᠠᠴᠠᠯᠠᠬᠤ ᠭᠠᠶ᠋ᠢᠯᠢ ᠲᠤᠰᠢᠶᠠᠵᠤ ᠪᠠᠶ᠋ᠢᠭ᠎ᠠ ᠮᠠᠰᠢᠨᠲᠤ ᠣᠩᠭᠤᠴᠠ ᠵᠠᠪᠢ ᠪᠣᠯᠤᠨ ᠲᠡᠷᠭᠡ ᠣᠩᠭᠤᠴᠠ ᠵᠢ ᠳᠠᠩᠰᠠᠯᠠᠨ ᠳᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠳᠠᠩᠰᠠᠯᠠᠭᠤᠯᠤᠨ ᠳᠡᠮᠳᠡᠭᠯᠡᠭᠦᠯᠬᠦ ᠴᠢᠬᠤᠯᠠ ᠦᠭᠡᠶ ᠨᠢᠰᠬᠡᠯ᠎ᠤᠨ ᠪᠠᠭᠤᠳᠠᠯ᠂ ᠭᠠᠷᠠᠮ᠂ ᠲᠡᠮᠦᠷ ᠵᠠᠮ᠎ᠤᠨ ᠥᠷᠲᠡᠭᠡ ᠲᠠᠯᠠᠪᠠᠢ ᠵᠢᠨ ᠳᠣᠲᠣᠭ᠋ᠠᠳᠤ᠎ᠳᠤ᠎ᠪᠠᠨ ᠵᠢᠯᠤᠭᠤᠳᠬᠤ ᠪᠤᠶᠤ ᠠᠵᠢᠯᠯᠠᠭᠤᠯᠵᠤ ᠪᠠᠶ᠋ᠢᠭ᠎ᠠ ᠲᠡᠷᠭᠡ ᠣᠩᠭᠤᠴᠠ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》 ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ 5 ᠵᠢᠯ᠎ᠳᠤ ᠲᠡᠷᠭᠡ ᠣᠩᠭᠤᠴᠠ ᠵᠢᠨ ᠭᠠᠶ᠋ᠢᠯᠢ ᠲᠠᠲᠠᠪᠤᠷᠢᠯᠠᠬᠤ ᠦᠭᠡᠢ᠃
ᠵᠢᠷᠭᠤᠳᠤᠭ᠋ᠠᠷ ᠵᠦᠢ᠍ᠯ ᠡᠨᠧᠷᠭᠢ ᠠᠷᠪᠢᠯᠠᠬᠤ᠂ ᠰᠢᠨ᠎ᠡ ᠡᠨᠧᠷᠭᠢ ᠬᠡᠷᠡᠭᠯᠡᠵᠦ ᠪᠦᠬᠦᠢ ᠲᠡᠷᠭᠡ ᠣᠩᠭᠤᠴᠠ᠎ᠠᠴᠠ ᠲᠡᠷᠭᠡ ᠣᠩᠭᠤᠴᠠ ᠵᠢᠨ ᠭᠠᠶ᠋ᠢᠯᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ ᠪᠣᠳᠠᠲᠠᠶ ᠬᠡᠪᠴᠢᠶ᠎ᠡ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠶ ᠪᠠᠶ᠋ᠢᠭ᠋ᠠᠯᠢ ᠵᠢᠨ ᠭᠠᠮᠰᠢᠭ᠎ᠤᠨ ᠨᠥᠯᠥᠭᠡ᠎ᠠᠴᠠ ᠪᠣᠯᠵᠤ ᠭᠠᠶ᠋ᠢᠯᠢ ᠲᠤᠰᠢᠶᠠᠬᠤ᠎ᠳᠤ ᠬᠦᠴᠢᠷᠳᠡᠯ᠎ᠲᠠᠢ ᠪᠣᠯᠤᠭᠰᠠᠨ ᠵᠢᠴᠢ ᠪᠤᠰᠤᠳ ᠣᠨᠴᠠᠭ᠋ᠠᠢ ᠰᠢᠯᠲᠠᠭ᠋ᠠᠨ᠎ᠠᠴᠠ ᠪᠣᠯᠣᠭ᠋ᠠᠳ ᠭᠠᠶ᠋ᠢᠯᠢ ᠬᠠᠰᠤᠵᠤ ᠬᠡᠯᠲᠦᠷᠢᠭᠦᠯᠬᠦ ᠦᠨᠡᠨ ᠬᠦ᠌ ᠴᠢᠬᠤᠯᠠᠲᠠᠶ ᠲᠡᠷᠭᠡ ᠣᠩᠭᠤᠴᠠ᠎ᠠᠴᠠ ᠵᠣᠬᠢᠬᠤ ᠬᠤᠭᠤᠴᠠᠭ᠋ᠠᠨ᠎ᠳᠤ ᠲᠡᠷᠭᠡ ᠣᠩᠭᠤᠴᠠ ᠵᠢᠨ ᠭᠠᠶ᠋ᠢᠯᠢ ᠵᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ ᠪᠣᠳᠠᠲᠠᠶ ᠬᠠᠰᠤᠵᠤ ᠬᠡᠯᠲᠦᠷᠢᠭᠦᠯᠬᠦ ᠬᠤᠭᠤᠴᠠᠭ᠎ᠠ ᠪᠣᠯᠤᠨ ᠲᠤᠭ᠎ᠠ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠵᠢᠨ ᠬᠠᠮᠲᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ᠃
ᠳᠣᠯᠤᠳᠤᠭ᠋ᠠᠷ ᠵᠦᠢ᠍ᠯ ᠲᠡᠷᠭᠡ ᠣᠩᠭᠤᠴᠠ ᠵᠢᠨ ᠭᠠᠶ᠋ᠢᠯᠢ ᠵᠢ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ ᠬᠠᠷᠢᠭᠤᠴᠠᠵᠤ ᠲᠠᠲᠠᠪᠤᠷᠢᠯᠠᠨ᠎ᠠ᠃
ᠨᠠᠢᠮᠠᠳᠤᠭ᠋ᠠᠷ ᠵᠦᠢ᠍ᠯ ᠮᠠᠰᠢᠨᠲᠤ ᠲᠡᠷᠭᠡᠨ᠎ᠤ ᠭᠤᠷᠪᠠᠳᠠᠭᠴᠢ ᠡᠲᠡᠭᠡᠳ᠎ᠤᠨ ᠬᠠᠷᠢᠭᠤᠴᠠᠯᠭ᠎ᠠ ᠵᠢᠨ ᠠᠯᠪᠠᠳᠠᠯᠭ᠋ᠠᠲᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠠᠶ᠋ᠢᠭ᠎ᠠ ᠳᠠᠭ᠋ᠠᠳᠬᠠᠯ᠎ᠤᠨ ᠪᠠᠶ᠋ᠢᠭᠤᠯᠤᠮᠵᠢ ᠪᠣᠯ ᠮᠠᠰᠢᠨᠲᠤ ᠲᠡᠷᠭᠡᠨ᠎ᠤ ᠲᠡᠷᠭᠡ ᠣᠩᠭᠤᠴᠠ ᠵᠢᠨ ᠭᠠᠶ᠋ᠢᠯᠢ ᠰᠠᠭᠤᠯᠭ᠋ᠠᠨ ᠲᠤᠰᠢᠶᠠᠯᠭ᠋ᠠᠬᠤ ᠡᠭᠦᠷᠭᠡᠳᠡᠨ ᠪᠣᠯᠬᠤ ᠲᠤᠯᠠ᠂ ᠳᠠᠭ᠋ᠠᠳᠬᠠᠯ᠎ᠤᠨ ᠰᠦᠢ᠍ᠳᠬᠡᠯ ᠬᠤᠷᠢᠶᠠᠬᠤ᠎ᠳᠤ᠎ᠪᠠᠨ ᠲᠡᠷᠭᠡ ᠣᠩᠭᠤᠴᠠ ᠵᠢᠨ ᠭᠠᠶ᠋ᠢᠯᠢ ᠵᠢ ᠬᠠᠤᠯᠢ ᠶᠣᠰᠣᠭ᠋ᠠᠷ ᠣᠷᠣᠯᠠᠨ ᠲᠠᠲᠠᠪᠤᠷᠢᠯᠠᠬᠤ ᠵᠢᠨ ᠬᠠᠮᠲᠤ᠂ ᠭᠠᠶ᠋ᠢᠯᠢ ᠵᠢᠨ ᠵᠣᠭᠤᠰ᠎ᠢ ᠣᠷᠣᠯᠠᠨ ᠬᠤᠷᠢᠶᠠᠭᠰᠠᠨ ᠭᠡᠷᠡᠴᠢ ᠬᠢᠵᠦ ᠥᠭᠬᠦ ᠬᠡᠷᠡᠭᠲᠡᠶ᠃
ᠶᠢᠰᠦᠳᠦᠭᠡᠷ ᠵᠦᠢ᠍ᠯ ᠲᠡᠷᠭᠡ ᠣᠩᠭᠤᠴᠠ ᠵᠢᠨ ᠭᠠᠶ᠋ᠢᠯᠢ ᠵᠢ ᠵᠢᠯ ᠵᠶ᠋ᠠᠷ ᠮᠡᠳᠡᠭᠦᠯᠦᠨ᠂ ᠰᠠᠷ᠎ᠠ᠎ᠪᠠᠷ ᠬᠤᠪᠢᠶᠠᠨ ᠪᠣᠳᠣᠵᠤ᠂ ᠨᠢᠭᠡ ᠤᠳᠠᠭ᠎ᠠ᠎ᠳᠤ ᠲᠤᠰᠢᠶᠠᠨ᠎ᠠ᠃ ᠭᠠᠶ᠋ᠢᠯᠢ ᠲᠤᠰᠢᠶᠠᠬᠤ ᠣᠨ᠎ᠨᠢ ᠨᠡᠶ᠋ᠢᠲᠡ ᠵᠢᠨ ᠤᠯᠠᠷᠢᠯ᠎ᠤᠨ 1 ᠳ᠋ᠤᠭᠡᠷ ᠰᠠᠷ᠎ᠠ ᠵᠢᠨ 1᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 31᠎ᠤ ᠡᠳᠦᠷ ᠬᠦᠷᠬᠦ ᠪᠣᠯᠤᠨ᠎ᠠ᠃
ᠰᠠᠭᠤᠯᠭ᠋ᠠᠨ ᠲᠤᠰᠢᠶᠠᠯᠭ᠋ᠠᠬᠤ ᠡᠭᠦᠷᠭᠡᠳᠡᠨ᠎ᠨᠢ ᠲᠡᠷᠭᠡ ᠣᠩᠭᠤᠴᠠ ᠵᠢᠨ ᠭᠠᠶ᠋ᠢᠯᠢ ᠵᠢ ᠣᠷᠣᠯᠠᠨ ᠲᠠᠲᠠᠪᠤᠷᠢᠯᠠᠵᠤ ᠲᠤᠰᠢᠶᠠᠯᠭ᠋ᠠᠬᠤ᠎ᠳᠤ᠂ ᠭᠠᠶ᠋ᠢᠯᠢ ᠲᠤᠰᠢᠶᠠᠭᠴᠢ᠎ᠨᠢ ᠮᠠᠰᠢᠨᠲᠤ ᠲᠡᠷᠭᠡᠨ᠎ᠤ ᠵᠠᠮ ᠬᠠᠷᠢᠯᠴᠠᠭ᠋ᠠᠨ᠎ᠤ ᠠᠳᠡᠯ᠎ᠤᠨ ᠬᠠᠷᠢᠭᠤᠴᠠᠯᠭ᠎ᠠ ᠵᠢᠨ ᠠᠯᠪᠠᠳᠠᠯᠭ᠋ᠠᠲᠤ ᠳᠠᠭ᠋ᠠᠳᠬᠠᠯ᠎ᠢ ᠭᠦᠢ᠍ᠴᠡᠳᠬᠡᠬᠦ ᠵᠢᠨ ᠵᠡᠷᠭᠡ᠎ᠳᠤ ᠲᠡᠷᠭᠡ ᠣᠩᠭᠤᠴᠠ ᠵᠢᠨ ᠭᠠᠶ᠋ᠢᠯᠢ ᠲᠤᠰᠢᠶᠠᠬᠤ ᠬᠡᠷᠡᠭᠲᠡᠶ᠃
ᠭᠠᠶ᠋ᠢᠯᠢ ᠲᠤᠰᠢᠶᠠᠭᠴᠢ᠎ᠨᠢ ᠲᠡᠷᠭᠡ ᠣᠩᠭᠤᠴᠠ ᠵᠢ ᠰᠢᠨ᠎ᠡ᠎ᠪᠠᠷ ᠬᠤᠳᠠᠯᠳᠤᠨ ᠠᠪᠤᠭᠰᠠᠨ ᠪᠦᠬᠡᠳ ᠲᠡᠷᠭᠡ ᠣᠩᠭᠤᠴᠠ ᠵᠢᠨ ᠭᠠᠶ᠋ᠢᠯᠢ ᠵᠢ ᠲᠤᠰᠢᠶᠠᠬᠤ᠎ᠪᠠᠨ ᠥᠪᠡᠷ ᠵᠶ᠋ᠠᠨ ᠮᠡᠳᠡᠭᠦᠯᠪᠡᠯ᠂ ᠭᠠᠶ᠋ᠢᠯᠢ ᠲᠤᠰᠢᠶᠠᠬᠤ ᠡᠭᠦᠷᠭᠡ᠎ᠲᠠᠢ ᠪᠤᠯᠤᠭᠰᠠᠨ᠎ᠤ ᠳᠠᠷᠠᠭ᠋ᠠᠬᠢ ᠰᠠᠷ᠎ᠠ ᠵᠢᠨ 30᠎ᠤ ᠡᠳᠦᠷ᠎ᠠᠴᠠ ᠡᠮᠦᠨ᠎ᠡ ᠲᠡᠷᠭᠡ ᠣᠩᠭᠤᠴᠠ ᠵᠢᠨ ᠭᠠᠶ᠋ᠢᠯᠢ᠎ᠪᠠᠨ ᠲᠤᠰᠢᠶᠠᠬᠤ ᠬᠡᠷᠡᠭᠲᠡᠶ᠃
ᠠᠷᠪᠠᠳᠤᠭ᠋ᠠᠷ ᠵᠦᠢ᠍ᠯ ᠳᠠᠭ᠋ᠠᠳᠬᠠᠯ᠎ᠤᠨ ᠪᠠᠶ᠋ᠢᠭᠤᠯᠤᠮᠵᠢ᠎ᠨᠢ ᠲᠡᠷᠭᠡ ᠣᠩᠭᠤᠴᠠ ᠵᠢᠨ ᠭᠠᠶ᠋ᠢᠯᠢ ᠵᠢ ᠣᠷᠣᠯᠠᠨ ᠲᠠᠲᠠᠪᠤᠷᠢᠯᠠᠵᠤ ᠲᠤᠰᠢᠶᠠᠯᠭ᠋ᠠᠬᠤ ᠭᠠᠷᠳᠠᠮ᠎ᠤᠨ ᠰᠦᠢ᠍ᠳᠬᠡᠯ᠎ᠤᠨ ᠪᠠᠷᠢᠮᠵᠢᠶ᠎ᠠ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠠᠷᠪᠠᠨ ᠨᠢᠭᠡᠳᠦᠭᠡᠷ ᠵᠦᠢ᠍ᠯ ᠲᠡᠷᠭᠡ ᠣᠩᠭᠤᠴᠠ ᠵᠢᠨ ᠭᠠᠶ᠋ᠢᠯᠢ ᠲᠠᠲᠠᠪᠤᠷᠢᠯᠠᠬᠤ ᠬᠠᠮᠢᠶᠠᠷᠤᠯᠲᠠ ᠵᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠶ᠋ᠢᠯᠢ ᠲᠠᠲᠠᠪᠤᠷᠢᠯᠠᠬᠤ ᠬᠠᠮᠢᠶᠠᠷᠤᠯᠲᠠ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠭᠡ ᠣᠩᠭᠤᠴᠠ ᠵᠢᠨ ᠭᠠᠶ᠋ᠢᠯᠢ ᠵᠢᠨ ᠬᠠᠤᠯᠢ ᠵᠢ ᠬᠡᠷᠡᠭᠵᠢᠭᠦᠯᠬᠦ ᠳᠦᠷᠢᠮ》 ᠵᠢᠴᠢ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠠᠷᠪᠠᠨ ᠬᠤᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ ᠣᠩᠭᠤᠴᠠ ᠭᠡᠳᠡᠭ᠎ᠨᠢ ᠬᠠᠤᠯᠢ ᠶᠣᠰᠣᠭ᠋ᠠᠷ ᠲᠡᠭᠡᠭᠡᠪᠦᠷᠢᠯᠡᠨ ᠡᠵᠡᠩᠨᠡᠬᠦ ᠬᠢᠷᠢ ᠭᠡᠮ᠎ᠲᠠᠢ ᠪᠠᠶ᠋ᠢᠵᠤ᠂ ᠪᠠᠷᠠᠭ᠋ᠠᠨ᠎ᠤ ᠦᠨ᠎ᠡ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠢᠯᠧᠲ᠎ᠤᠨ ᠦᠨ᠎ᠡ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠲᠣᠭᠲᠠᠭᠰᠠᠨ ᠴᠠᠭ᠂ ᠵᠠᠮ ᠱᠤᠭᠤᠮ ᠪᠣᠯᠤᠨ ᠥᠷᠲᠡᠭᠡ ᠴᠡᠭ ᠵᠶ᠋ᠠᠷ ᠲᠡᠭᠡᠭᠡᠪᠦᠷᠢᠯᠡᠨ ᠡᠵᠡᠩᠨᠡᠵᠦ᠂ ᠣᠯᠠᠨ ᠨᠡᠶ᠋ᠢᠲᠡ ᠵᠢᠨ᠎ᠬᠢᠨ᠎ᠢ ᠲᠡᠷᠭᠡ ᠣᠩᠭᠤᠴᠠᠨ᠎ᠳᠤ ᠰᠠᠭᠤᠯᠭ᠋ᠠᠬᠤ ᠵᠢᠨ ᠬᠠᠮᠲᠤ ᠨᠡᠶ᠋ᠢᠭᠡᠮ᠎ᠤᠨ ᠬᠡᠰᠡᠭ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠦᠢ᠍ᠯᠡᠴᠢᠯᠡᠭᠡᠨ᠎ᠢ ᠡᠭᠦᠷᠭᠡᠯᠡᠵᠦ ᠪᠠᠶ᠋ᠢᠭ᠎ᠠ ᠪᠤᠶᠤ ᠵᠠᠰᠠᠭ᠎ᠤᠨ ᠣᠷᠳᠣᠨ᠎ᠤ ᠵᠠᠷᠯᠢᠭ᠎ᠤᠨ ᠴᠢᠨᠠᠷᠲᠠᠶ ᠡᠭᠦᠷᠭᠡ ᠵᠢ ᠭᠦᠢ᠍ᠴᠡᠳᠬᠡᠵᠣ ᠪᠠᠶ᠋ᠢᠭ᠎ᠠ ᠲᠡᠷᠭᠡ ᠣᠩᠭᠤᠴᠠ ᠵᠢ ᠵᠢᠭ᠋ᠠᠵᠤ ᠪᠤᠶ᠃
ᠠᠷᠪᠠᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢ 2013 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ᠎ᠤ 8 ᠳ᠋ᠤᠭ᠋ᠠᠷ ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠶ᠋ᠢᠲᠡᠯᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠭᠡ ᠣᠩᠭᠤᠴᠠ ᠵᠢᠨ ᠭᠠᠶ᠋ᠢᠯᠢ ᠵᠢᠨ ᠬᠡᠷᠡᠭᠵᠢᠭᠦᠯᠬᠦ ᠠᠷᠭ᠎ᠠ》 (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 149 ᠳ᠋ᠤᠭᠡᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠶ ᠪᠣᠯᠭ᠋ᠠᠨ᠎ᠠ᠃
ᠬᠦᠰᠦᠨᠦᠭᠲᠦ ᠨᠢᠭᠡ
ᠬᠦᠰᠦᠨᠦᠭᠲᠦ ᠬᠤᠶᠠᠷ
ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠡᠷ
ᠬᠦᠷᠦᠨᠭᠬᠡ ᠵᠢᠨ ᠭᠠᠢ᠍ᠢ᠍ᠯᠢ ᠵᠢᠨ ᠬᠡᠷᠡᠭᠵᠢᠬᠦᠯᠬᠦ ᠨᠠᠷᠢᠨ ᠲᠦᠷᠢᠮ
(1996 ᠤᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ 74 ᠳ᠋ᠦ᠍ᠬᠡᠷ ᠲᠤᠭ᠋ᠠᠳᠤ᠎ᠪᠠᠷ ᠨᠡᠢ᠍ᠢ᠍ᠳᠡᠯᠡᠪᠡ 2010 ᠤᠨ᠎ᠤ 11 ᠳ᠋ᠦ᠍ᠬᠡᠷ ᠰᠠᠷ᠎ᠠ ᠵᠢᠨ 26᠎ᠤ ᠡᠳᠦᠷ 《ᠬᠡᠰᠡᠭ ᠲᠦᠷᠢᠮ ᠲᠤᠬᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠬᠳᠠᠭ᠋ᠠᠯ》᠎ᠢ ᠦᠨᠳᠦᠰᠦᠯᠡᠨ ᠠᠨᠭ᠌ᠬᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ 2018 ᠤᠨ᠎ᠤ 1 ᠳ᠋ᠦ᠍ᠬᠡᠷ ᠰᠠᠷ᠎ᠠ ᠵᠢᠨ 16᠎ᠤ ᠡᠳᠦᠷ 《〈ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠡᠷ ᠬᠦᠷᠦᠨᠭᠬᠡ ᠵᠢᠨ ᠭᠠᠢ᠍ᠢ᠍ᠯᠢ ᠵᠢᠨ ᠬᠡᠷᠡᠭᠵᠢᠬᠦᠯᠬᠦ ᠨᠠᠷᠢᠨ ᠲᠦᠷᠢᠮ〉 ᠪᠠ 〈ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠤᠳᠠ ᠪᠠᠯᠭ᠋ᠠᠰᠤ ᠵᠢᠨ ᠭᠠᠵᠠᠷ ᠰᠢᠷᠤᠢ ᠵᠢᠨ ᠬᠡᠷᠡᠭᠯᠡᠬᠦ ᠭᠠᠢ᠍ᠢ᠍ᠯᠢ ᠵᠢᠨ ᠬᠡᠷᠡᠭᠵᠢᠬᠦᠯᠬᠦ ᠠᠷᠭ᠎ᠠ〉᠎ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠳᠠᠭ᠋ᠠᠯ》᠎ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠤᠷᠢ ᠤᠷᠤᠭᠤᠯᠪᠠ 2019 ᠤᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ 《〈ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠲᠡᠷᠬᠡ ᠤᠨᠭ᠌ᠭᠤᠴᠠ ᠵᠢᠨ ᠭᠠᠢ᠍ᠢ᠍ᠯᠢ ᠵᠢᠨ ᠬᠠᠤᠯᠢ》 ᠵᠢ ᠬᠡᠷᠡᠭᠵᠢᠬᠦᠯᠬᠦ ᠠᠷᠭ᠎ᠠ〉 ᠪᠠ 〈ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠡᠷ ᠬᠦᠷᠦᠨᠭᠬᠡ ᠵᠢᠨ ᠭᠠᠢ᠍ᠢ᠍ᠯᠢ ᠵᠢᠨ ᠬᠡᠷᠡᠭᠵᠢᠬᠦᠯᠬᠦ ᠨᠠᠷᠢᠨ ᠲᠦᠷᠢᠮ〉᠎ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠭᠳᠠᠭ᠋ᠠᠯ》᠎ᠢ ᠦᠨᠳᠦᠰᠦᠯᠡᠨ ᠭᠤᠷᠪᠠᠳᠡᠬᠢ ᠤᠳᠠᠭ᠎ᠠ ᠵᠠᠰᠠᠪᠤᠷᠢ ᠤᠷᠤᠭᠤᠯᠪᠠ)
ᠨᠢᠬᠡᠳᠦᠬᠡᠷ ᠵᠦᠢ᠍ᠯ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠬᠡᠷ ᠬᠦᠷᠦᠨᠭᠬᠡ ᠵᠢᠨ ᠭᠠᠢ᠍ᠢ᠍ᠯᠢ ᠵᠢᠨ ᠲᠦᠷ ᠬᠡᠷᠡᠭᠵᠢᠬᠦᠯᠬᠦ ᠲᠦᠷᠢᠮ》 (ᠲᠤᠷᠤᠬᠰᠢ 《ᠲᠦᠷᠢᠮ》 ᠬᠡᠵᠦ ᠲᠤᠪᠴᠢᠯᠠᠨ᠎ᠠ)᠎ᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠵᠦ᠂ ᠲᠤᠰ ᠬᠡᠷᠡᠭᠵᠢᠬᠦᠯᠬᠦ ᠨᠠᠷᠢᠨ ᠲᠦᠷᠢᠮ᠎ᠢ ᠲᠤᠭᠳᠠᠭ᠋ᠠᠪᠠ᠃
ᠬᠤᠶᠠᠳᠤᠭ᠋ᠠᠷ ᠵᠦᠢ᠍ᠯ ᠦᠪᠡᠷᠳᠡᠬᠡᠨ ᠵᠠᠰᠠᠬᠤ ᠤᠷᠤᠨ᠎ᠤ ᠬᠡᠷ ᠬᠦᠷᠦᠨᠭᠬᠡ ᠵᠢᠨ ᠭᠠᠢ᠍ᠢ᠍ᠯᠢ ᠵᠢᠨ ᠲᠠᠳᠠᠪᠤᠷᠢᠯᠠᠬᠤ ᠬᠦᠷᠢᠶ᠎ᠠ ᠬᠡᠪᠴᠢᠶ᠎ᠠ ᠪᠤᠯ᠄
(ᠨᠢᠬᠡ) ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠵᠦᠪᠰᠢᠶᠡᠷᠡᠨ ᠪᠠᠢ᠍ᠢ᠍ᠭᠤᠯᠤᠬᠰᠠᠨ ᠬᠤᠳᠠ;
(ᠬᠤᠶᠠᠷ) ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠤ ᠪᠠᠢ᠍ᠢ᠍ᠭ᠎ᠠ ᠭᠠᠵᠠᠷ᠎ᠤᠨ ᠬᠤᠳᠠ ᠪᠠᠯᠭ᠋ᠠᠰᠤ;
(ᠭᠤᠷᠪᠠ) ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠦᠪᠰᠢᠶᠡᠷᠡᠨ ᠪᠠᠢ᠍ᠢ᠍ᠭᠤᠯᠤᠬᠰᠠᠨ ᠪᠠᠢ᠍ᠢ᠍ᠭᠤᠯᠤᠯᠳᠠ᠎ᠳᠤ ᠪᠠᠯᠭ᠋ᠠᠰᠤ;
(ᠲᠦᠷᠪᠡ) ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠦᠪᠰᠢᠶᠡᠷᠡᠨ ᠪᠠᠢ᠍ᠢ᠍ᠭᠤᠯᠤᠬᠰᠠᠨ ᠠᠵᠦ ᠦᠢ᠍ᠯᠡᠳᠪᠦᠷᠢ ᠠᠭᠤᠷᠬᠠᠢ ᠵᠢᠨ ᠲᠤᠭᠤᠷᠢᠭ᠃
ᠭᠤᠷᠪᠠᠳᠤᠭ᠋ᠠᠷ ᠵᠦᠢ᠍ᠯ ᠭᠡᠷ ᠬᠦᠷᠦᠨᠭᠬᠡ ᠵᠢᠨ ᠭᠠᠢ᠍ᠢ᠍ᠯᠢ᠎ᠳᠤ ᠦᠨ᠎ᠠ ᠪᠠ ᠲᠦᠷᠢᠶᠡᠰᠤ ᠬᠤᠶᠠᠷ ᠵᠦᠢ᠍ᠯ ᠵᠶ᠋ᠠᠷ ᠪᠤᠳᠤᠵᠦ ᠲᠠᠳᠠᠪᠤᠷᠢᠯᠠᠬᠤ ᠠᠷᠭ᠎ᠠ ᠵᠢ ᠬᠡᠷᠡᠭᠯᠡᠨ᠎ᠠ᠃
ᠦᠨ᠎ᠠ᠎ᠪᠠᠷ ᠪᠤᠳᠤᠵᠦ ᠲᠠᠳᠠᠪᠤᠷᠢᠯᠠᠬᠤ᠎ᠳᠤ᠂ ᠵᠢᠯ ᠪᠦᠷᠢ ᠬᠡᠷ ᠬᠦᠷᠦᠨᠭᠬᠡ ᠵᠢᠨ ᠤᠤᠯ᠎ᠤᠨ ᠦᠷᠳᠡᠭ᠎ᠠᠴᠠ ᠨᠢᠬᠡ ᠤᠳᠠᠭ᠎ᠠ᠎ᠳᠤ 10% ᠵᠢ ᠬᠠᠰᠤᠬᠰᠠᠨᠤ ᠲᠠᠷᠠᠭ᠎ᠠ ᠦᠯᠡᠳᠡᠭᠰᠡᠨ ᠦᠷᠳᠡᠭ᠎ᠤᠨ 1.2% ᠵᠶ᠋ᠠᠷ ᠬᠡᠷ ᠬᠦᠷᠦᠨᠭᠬᠡ ᠵᠢᠨ ᠭᠠᠢ᠍ᠢ᠍ᠯᠢ ᠲᠠᠳᠠᠪᠤᠷᠢᠯᠠᠨ᠎ᠠ᠃
2019 ᠤᠨ᠎ᠤ 1 ᠳ᠋ᠦ᠍ᠬᠡᠷ ᠰᠠᠷ᠎ᠠ ᠵᠢᠨ 1᠎ᠤ ᠡᠳᠦᠷ᠎ᠠᠴᠠ 2021 ᠤᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠤᠯᠳᠠᠯ᠎ᠠ᠂ ᠡᠮᠦᠨᠡᠬᠢ ᠵᠤᠷᠪᠤᠰ᠎ᠲᠤ ᠲᠤᠭᠳᠠᠭ᠋ᠠᠭᠰᠠᠨ ᠬᠡᠷ ᠬᠦᠷᠦᠨᠭᠬᠡ ᠵᠢᠨ ᠤᠤᠯ᠎ᠤᠨ ᠦᠷᠳᠡᠭ᠎ᠠᠴᠠ ᠨᠢᠬᠡ ᠤᠳᠠᠭ᠎ᠠ᠎ᠳᠤ ᠬᠠᠰᠤᠬᠤ ᠬᠠᠷᠢᠴᠠᠯ᠎ᠢ 10% ᠪᠠᠢ᠍ᠢ᠍ᠬᠰᠠᠨ᠎ᠠᠴᠠ 30% ᠪᠤᠯᠭ᠋ᠠᠵᠦ ᠲᠦᠷ
ᠲᠤᠬᠢᠷᠠᠭᠤᠯᠤᠨ᠎ᠠ᠃
ᠲᠦᠷᠢᠶᠡᠰᠤ᠎ᠪᠠᠷ ᠪᠤᠳᠤᠵᠦ ᠲᠠᠳᠠᠪᠤᠷᠢᠯᠠᠬᠤ᠎ᠳᠤ᠂ ᠵᠢᠯ ᠪᠦᠷᠢ ᠬᠡᠷ ᠬᠦᠷᠦᠨᠭᠬᠡ ᠵᠢᠨ ᠲᠦᠷᠢᠶᠡᠰᠤᠨ ᠮᠦᠨᠭᠬᠦᠨᠤ ᠤᠷᠤᠯᠭ᠎ᠠ ᠵᠢᠨ12% ᠵᠶ᠋ᠠᠷ ᠬᠡᠷ ᠬᠦᠷᠦᠨᠭᠬᠡ ᠵᠢᠨ ᠭᠠᠢ᠍ᠢ᠍ᠯᠢ ᠲᠠᠳᠠᠪᠤᠷᠢᠯᠠᠨ᠎ᠠ᠃
ᠡᠯᠡᠭᠳᠡᠯ ᠪᠤᠳᠤᠬᠤ ᠬᠡᠯᠪᠡᠷᠢ᠎ᠪᠠᠷ ᠬᠡᠷ ᠬᠦᠷᠦᠨᠭᠬᠡ ᠬᠡᠷᠡᠭᠯᠡᠭᠰᠡᠨ ᠪᠠᠢ᠍ᠢ᠍ᠪᠠᠯ᠂ ᠦᠨ᠎ᠠ᠎ᠪᠠᠷ ᠪᠤᠳᠤᠵᠦ ᠲᠠᠳᠠᠪᠤᠷᠢᠯᠠᠬᠤ ᠠᠷᠭ᠎ᠠ ᠶᠤᠰᠤᠭ᠋ᠠᠷ ᠬᠡᠷ ᠬᠦᠷᠦᠨᠭᠬᠡ ᠵᠢᠨ ᠭᠠᠢ᠍ᠢ᠍ᠯᠢ ᠲᠠᠳᠠᠪᠤᠷᠢᠯᠠᠨ᠎ᠠ᠃
ᠲᠦᠷᠪᠡᠳᠦᠬᠡᠷ ᠵᠦᠢ᠍ᠯ 《ᠲᠦᠷᠢᠮ》᠎ᠤᠨ ᠲᠠᠪᠤᠳᠤᠭ᠋ᠠᠷ ᠵᠦᠢ᠍ᠯ᠎ᠳᠤ ᠲᠤᠭᠳᠠᠭ᠋ᠠᠭᠰᠠᠨ ᠭᠠᠢ᠍ᠢ᠍ᠯᠢ ᠲᠠᠳᠠᠪᠤᠷᠢᠯᠠᠬᠤ ᠦᠬᠡᠢ ᠬᠡᠷ ᠬᠦᠷᠦᠨᠭᠬᠡᠠᠴᠠ ᠪᠤᠰᠤᠳ᠎ᠲᠤ᠂ ᠭᠠᠢ᠍ᠢ᠍ᠯᠢ ᠲᠤᠰᠢᠶᠠᠬ᠍ᠴᠢᠨᠢ ᠭᠠᠢ᠍ᠢ᠍ᠯᠢ ᠲᠤᠰᠢᠶᠠᠬᠤ᠎ᠳᠤ ᠦᠨᠡᠨ ᠬᠦ᠌ ᠬᠦᠴᠢᠷ᠎ᠲᠠᠢ ᠪᠠᠢ᠍ᠢ᠍ᠪᠠᠯ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠬᠡᠷ ᠬᠦᠷᠦᠨᠭᠬᠡ ᠵᠢᠨ ᠭᠠᠢ᠍ᠢ᠍ᠯᠢ ᠵᠢ ᠲᠤᠭᠳᠠᠮᠠᠯ ᠬᠤᠭᠤᠴᠠᠭ᠎ᠠ᠎ᠲᠠᠢ᠎ᠪᠠᠷ ᠲᠠᠳᠠᠪᠤᠷᠢᠯᠠᠬᠤ ᠵᠢ ᠬᠦᠨᠭᠬᠡᠷᠡᠬᠦᠯᠬᠦ ᠪᠤᠶᠤ ᠲᠠᠳᠠᠪᠤᠷᠢᠯᠠᠬᠤ ᠦᠬᠡᠢ ᠪᠠᠢ᠍ᠢ᠍ᠯᠭ᠋ᠠᠬᠤ᠎ᠪᠠᠷ ᠲᠤᠭᠳᠠᠭ᠋ᠠᠵᠦ ᠪᠤᠯᠤᠨ᠎ᠠ᠃
ᠲᠠᠪᠤᠳᠤᠭ᠋ᠠᠷ ᠵᠦᠢ᠍ᠯ ᠭᠡᠷ ᠬᠦᠷᠦᠨᠭᠬᠡ ᠵᠢᠨ ᠭᠠᠢ᠍ᠢ᠍ᠯᠢ ᠵᠢ ᠵᠢᠯ ᠵᠶ᠋ᠠᠷ ᠲᠠᠳᠠᠪᠤᠷᠢᠯᠠᠵᠦ᠂ ᠬᠠᠭ᠋ᠠᠰ ᠵᠢᠯ᠎ᠳᠤ ᠨᠢᠬᠡ ᠤᠳᠠᠭ᠎ᠠ ᠲᠤᠰᠢᠶᠠᠨ᠎ᠠ᠃ ᠪᠤᠳᠠᠳᠠᠢ ᠲᠤᠰᠢᠶᠠᠬᠤ ᠴᠠᠭ ᠬᠤᠭᠤᠴᠠᠭ᠎ᠠ᠎ᠨᠢ ᠵᠢᠯ ᠪᠦᠷᠢ ᠵᠢᠨ 5 ᠳ᠋ᠤᠭ᠋ᠠᠷ ᠰᠠᠷ᠎ᠠ ᠪᠠ 11 ᠳ᠋ᠦ᠍ᠬᠡᠷ ᠰᠠᠷ᠎ᠠ ᠪᠤᠯᠤᠨ᠎ᠠ᠃ ᠲᠠᠨᠭ᠌ᠰᠠᠨ᠎ᠠᠴᠠ ᠬᠠᠰᠤᠬᠰᠠᠨ ᠭᠠᠢ᠍ᠢ᠍ᠯᠢ ᠲᠤᠰᠢᠶᠠᠬ᠍ᠴᠢᠨᠢ ᠲᠠᠨᠭ᠌ᠰᠠᠨ᠎ᠠᠴᠠ ᠬᠠᠰᠤᠬᠰᠠᠨ ᠲᠤᠰ ᠰᠠᠷ᠎ᠠ᠎ᠳᠤ ᠬᠡᠷ ᠬᠦᠷᠦᠨᠭᠬᠡ ᠵᠢᠨ ᠭᠠᠢ᠍ᠢ᠍ᠯᠢ᠎ᠪᠠᠨ ᠲᠤᠰᠢᠶᠠᠵᠦ ᠲᠠᠭᠤᠰᠬᠠᠨ᠎ᠠ᠃
ᠵᠢᠷᠭᠤᠳᠤᠭ᠋ᠠᠷ ᠵᠦᠢ᠍ᠯ ᠭᠡᠷ ᠬᠦᠷᠦᠨᠭᠬᠡ ᠵᠢᠨ ᠭᠠᠢ᠍ᠢ᠍ᠯᠢ ᠵᠢ ᠬᠡᠷ ᠬᠦᠷᠦᠨᠭᠬᠡ ᠵᠢᠨ ᠪᠠᠢ᠍ᠢ᠍ᠭ᠎ᠠ ᠭᠠᠵᠠᠷ᠎ᠤᠨ ᠭᠠᠢ᠍ᠢ᠍ᠯᠢ ᠵᠢᠨ ᠶᠠᠪᠤᠳᠠᠯ᠎ᠤᠨ ᠪᠠᠢ᠍ᠢ᠍ᠭᠤᠯᠭ᠎ᠠ ᠲᠠᠳᠠᠪᠤᠷᠢᠯᠠᠨ᠎ᠠ᠃
ᠲᠤᠯᠤᠳᠤᠭ᠋ᠠᠷ ᠵᠦᠢ᠍ᠯ ᠭᠡᠷ ᠬᠦᠷᠦᠨᠭᠬᠡ ᠵᠢᠨ ᠭᠠᠢ᠍ᠢ᠍ᠯᠢ ᠵᠢ ᠲᠠᠳᠠᠪᠤᠷᠢᠯᠠᠵᠦ ᠬᠠᠮᠢᠶᠠᠷᠬᠤ᠎ᠳᠤ᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠭᠠᠢ᠍ᠢ᠍ᠯᠢ ᠲᠠᠳᠠᠪᠤᠷᠢᠯᠠᠬᠤ ᠬᠠᠮᠢᠶᠠᠷᠤᠯᠳᠠ ᠵᠢᠨ ᠬᠠᠤᠯᠢ》᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠭᠠᠢ᠍ᠢ᠍ᠯᠢ ᠲᠠᠳᠠᠪᠤᠷᠢᠯᠠᠬᠤ ᠬᠠᠮᠢᠶᠠᠷᠤᠯᠳᠠ ᠵᠢᠨ ᠬᠠᠤᠯᠢ ᠵᠢᠨ ᠬᠡᠷᠡᠭᠵᠢᠬᠦᠯᠬᠦ ᠨᠠᠷᠢᠨ ᠲᠦᠷᠢᠮ》 ᠪᠤᠯᠤᠨ ᠲᠤᠰ ᠬᠡᠷᠡᠭᠵᠢᠬᠦᠯᠬᠦ ᠨᠠᠷᠢᠨ ᠲᠦᠷᠢᠮ᠎ᠢ ᠵᠢᠷᠤᠮᠯᠠᠨ ᠬᠡᠷᠡᠭᠵᠢᠬᠦᠯᠦᠨ᠎ᠠ᠃
ᠨᠠᠢ᠍ᠮᠠᠳᠤᠭ᠋ᠠᠷ ᠵᠦᠢ᠍ᠯ ᠲᠣᠰ ᠬᠡᠷᠡᠭᠵᠢᠬᠦᠯᠬᠦ ᠨᠠᠷᠢᠨ ᠲᠦᠷᠢᠮ᠎ᠢ 1996 ᠤᠨ᠎ᠤ 1 ᠳ᠋ᠦ᠍ᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠦᠨ᠎ᠠ᠃ 1987 ᠤᠨ᠎ᠤ 3 ᠳ᠋ᠤᠭ᠋ᠠᠷ ᠰᠠᠷ᠎ᠠ ᠵᠢᠨ 16᠎ᠤ ᠡᠳᠦᠷ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠡᠢ᠍ᠢ᠍ᠳᠡᠯᠡᠭᠰᠡᠨ 《〈ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠬᠡᠷ ᠬᠦᠷᠦᠨᠭᠬᠡ ᠵᠢᠨ ᠭᠠᠢ᠍ᠢ᠍ᠯᠢ ᠵᠢᠨ ᠲᠦᠷ ᠬᠡᠷᠡᠭᠵᠢᠬᠦᠯᠬᠦ ᠲᠦᠷᠢᠮ〉᠎ᠤᠨ ᠲᠤᠬᠠᠢ ᠦᠪᠦᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠡᠷᠡᠭᠵᠢᠬᠦᠯᠬᠦ ᠨᠠᠷᠢᠨ
ᠲᠦᠷᠢᠮ》 (ᠦᠪᠦᠷ ᠵᠠᠰᠠᠭ ᠲᠠᠷᠬᠠᠭ᠋ᠠᠭᠰᠠᠨ [1987] 33 ᠳ᠋ᠤᠭ᠋ᠠᠷ ᠲᠤᠭ᠋ᠠᠳᠤ)᠎ᠢ ᠬᠠᠮᠳᠤ᠎ᠳᠤᠨᠢ ᠬᠦᠴᠦᠨ ᠦᠬᠡᠢ ᠪᠤᠯᠭ᠋ᠠᠨ᠎ᠠ᠃