ᠢᠯᠡ ᠵᠠᠰᠠᠭ   -   ᠪᠠᠢᠩᠭᠤ ᠎ᠶ᠋ᠢᠨ ᠳᠡᠳ᠋ ᠲᠡᠷᠢᠭᠦᠯᠡᠭ᠌ᠴᠢ
ᠬᠤᠸᠠᠩ ᡁᠢ ᠴᠢᠶᠠᠩ
ᠨᠡᠶ᠋ᠢᠲᠡᠯᠡᠭᠰᠡᠨ ᠴᠠᠭ᠄ 2020-09-27

 

ᠪᠠᠶ᠋ᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ

ᠠᠵᠢᠯ᠎ᠤᠨ ᠬᠤᠪᠢᠶᠠᠷᠢ᠄

ᠥᠪᠡᠷᠲᠡᠭᠡᠨ ᠵᠠᠰᠠᠭ᠍ᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠠᠵᠢᠯ᠎ᠢ ᠬᠠᠷᠢᠭᠤᠴᠠᠨ᠎ᠠ;  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠴᠡᠷᠢᠭ ᠠᠷᠠᠳ ᠠᠭᠤᠰᠤᠯᠴᠠᠯ ᠬᠥᠭᠵᠢᠯᠲᠡ᠎ᠶᠢᠨ ᠬᠣᠷᠢᠶ᠎ᠠ᠎ᠶᠢᠨ ᠠᠯᠪᠠᠨ ᠭᠡᠷ᠂ ᠮᠥᠩᠭᠥᠨ ᠭᠦᠢᠯᠭᠡᠭᠡᠨ᠎ᠦ ᠬᠣᠷᠢᠶ᠎ᠠ᠎ᠶᠢᠨ ᠠᠯᠪᠠᠨ ᠭᠡᠷ᠎ᠦᠨ ᠪᠥᠬᠥ ᠲᠠᠯ᠎ᠠ᠎ᠶᠢᠨ ᠠᠵᠢᠯ᠎ᠢ ᠡᠷᠬᠢᠯᠡᠨ᠎ᠡ; ᠲᠡᠷᠢᠭᠦᠯᠡᠭᠴᠢ᠎ᠶᠢ ᠬᠠᠪᠰᠤᠷᠴᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠲᠤᠭ᠎ᠠ ᠪᠦᠷᠢᠳᠬᠡᠯ᠂ ᠡᠨᠧᠷᠭᠢ᠂ ᠬᠥᠭᠵᠢᠯᠲᠡ᠎ᠶᠢᠨ ᠰᠤᠳᠤᠯᠭ᠎ᠠ᠂ ᠮᠥᠩᠭᠦᠨ ᠭᠦᠢ᠍ᠯᠭᠡᠭᠡ᠂ ᠤᠯᠤᠰ᠎ᠤᠨ ᠪᠠᠲᠤᠯᠠᠨ ᠬᠠᠮᠠᠭ᠋ᠠᠯᠠᠯᠲᠠ᠎ᠶᠢᠨ ᠳᠠᠶ᠋ᠢᠴᠢᠯᠠᠯᠲᠠ᠂ ᠪᠠᠶ᠋ᠢᠭᠤᠯᠭ᠎ᠠ᠎ᠶᠢᠨ ᠬᠡᠷᠡᠭ ᠶᠠᠪᠤᠳᠠᠯ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠡᠷᠭᠡ ᠲᠠᠯ᠎ᠠ᠎ᠶᠢᠨ ᠠᠵᠢᠯ᠎ᠤᠳ᠎ᠢ ᠬᠠᠷᠢᠭᠤᠴᠠᠨ᠎ᠠ᠃

ᠥᠪᠡᠷᠲᠡᠭᠡᠨ ᠵᠠᠰᠠᠭ᠍ᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠢᠩᠬᠢᠮ᠂ ᠲᠤᠭ᠎ᠠ ᠪᠦᠷᠢᠳᠬᠡᠯ᠎ᠤᠨ ᠲᠣᠪᠴᠢᠶ᠎ᠠ᠂ ᠡᠨᠧᠷᠭᠢ᠎ᠶᠢᠨ ᠲᠣᠪᠴᠢᠶ᠎ᠠ᠂ ᠵᠠᠰᠠᠭ᠎ᠤᠨ ᠣᠷᠳᠣᠨ᠎ᠤ ᠰᠤᠳᠤᠯᠬᠤ ᠲᠠᠰᠤᠭ (ᠵᠥᠪᠳᠡᠭᠴᠢ᠎ᠶᠢᠨ ᠲᠠᠰᠤᠭ)᠂ ᠤᠯᠤᠰ᠎ᠤᠨ ᠪᠠᠲᠤᠯᠠᠨ ᠬᠠᠮᠠᠭ᠋ᠠᠯᠠᠯᠲᠠ᠎ᠶᠢᠨ ᠳᠠᠶ᠋ᠢᠴᠢᠯᠠᠯᠲᠠ᠎ᠶᠢᠨ ᠠᠯᠪᠠᠨ ᠭᠡᠷ (ᠠᠷᠠᠳ᠎ᠤᠨ ᠠᠭᠠᠷ᠎ᠤᠨ ᠰᠡᠷᠭᠡᠢᠯᠡᠯᠲᠡ᠎ᠶᠢᠨ ᠠᠯᠪᠠᠨ ᠭᠡᠷ)᠂ ᠠᠮᠤ ᠪᠤᠳᠠᠭ᠎ᠠ ᠪᠠ ᠡᠳ᠋ ᠪᠣᠳᠠᠰ᠎ᠤᠨ ᠨᠥᠭᠡᠴᠡᠯᠡᠬᠦ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠢ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠭ᠍ᠤ ᠣᠷᠣᠨ᠎ᠤ ᠪᠠᠶ᠋ᠢᠭᠤᠯᠭ᠎ᠠ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠭ᠍ᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠭᠡᠵᠢᠩ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠱᠠᠩᠬᠠᠢ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠥᠪᠡᠷᠲᠡᠭᠡᠨ ᠵᠠᠰᠠᠭ᠍ᠤ ᠣᠷᠣᠨ᠎ᠤ ᠬᠥᠳᠡᠭᠡ ᠲᠣᠰᠬᠤᠨ᠎ᠤ ᠬᠤᠳᠠᠯᠳᠤᠭᠠᠨ᠎ᠤ ᠪᠠᠩᠬᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠪᠠᠩᠬᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠮᠧᠩ ᠱᠠᠩ ᠪᠠᠩᠬᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠤᠸᠠ ᠴᠧᠨ ᠢᠲᠡᠭᠡᠮᠵᠢᠲᠦ ᠨᠠᠶ᠋ᠢᠳᠠᠯᠭ᠎ᠠ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠮᠥᠩᠭᠦᠨ ᠭᠦᠢ᠍ᠯᠭᠡᠭᠡᠨ᠎ᠤ ᠬᠥᠷᠥᠩᠭᠡ᠎ᠶᠢᠨ ᠬᠠᠮᠢᠶᠠᠷᠤᠯᠲᠠ ᠬᠢᠵᠠᠭ᠋ᠠᠷᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃ ᠲᠡᠷᠢᠭᠦᠯᠡᠭᠴᠢ ᠵᠢ ᠬᠠᠪᠰᠤᠷᠴᠤ ᠥᠪᠡᠷᠲᠡᠭᠡᠨ ᠵᠠᠰᠠᠭ᠍ᠤ ᠣᠷᠣᠨ᠎ᠤ ᠬᠢᠨᠠᠨ ᠪᠣᠳᠣᠬᠤ ᠲᠢᠩᠬᠢᠮ᠎ᠢ ᠬᠤᠪᠢᠳᠠᠨ ᠬᠠᠮᠢᠶᠠᠷᠤᠨ᠎ᠠ᠃

ᠥᠪᠡᠷᠲᠡᠭᠡᠨ ᠵᠠᠰᠠᠭ᠍ᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ᠂ ᠥᠪᠡᠷᠲᠡᠭᠡᠨ ᠵᠠᠰᠠᠭ᠍ᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠂ ᠥᠪᠡᠷᠲᠡᠭᠡᠨ ᠵᠠᠰᠠᠭ᠍ᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠥᠪᠡᠷᠲᠡᠭᠡᠨ ᠵᠠᠰᠠᠭ᠍ᠤ ᠣᠷᠣᠨ᠎ᠤ ᠳᠠᠩᠰᠠ ᠡᠪᠬᠡᠮᠡᠯ᠎ᠤᠨ ᠲᠣᠪᠴᠢᠶ᠎ᠠ᠂ ᠥᠪᠥᠷ ᠮᠣᠩᠭᠤᠯ᠎ᠤᠨ ᠭᠠᠯ ᠤᠨᠲᠠᠷᠠᠭ᠋ᠠᠨ ᠠᠪᠤᠷᠠᠨ ᠲᠤᠰᠠᠯᠠᠭ᠍ᠤ ᠶᠡᠷᠦᠩᠬᠡᠢ ᠠᠩᠭᠢ᠂ ᠥᠪᠥᠷ ᠮᠣᠩᠭᠤᠯ᠎ᠤᠨ ᠣᠢ ᠰᠢᠭᠤᠢ᠎ᠶᠢᠨ ᠭᠠᠯ ᠤᠨᠲᠠᠷᠠᠭ᠋ᠠᠬᠤ ᠶᠡᠷᠦᠩᠬᠡᠢ ᠠᠩᠭᠢ᠂ ᠤᠯᠤᠰ᠎ᠤᠨ ᠭᠠᠶ᠋ᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠭ᠍ᠤ ᠣᠷᠣᠨ᠎ᠳᠠᠬᠢ ᠬᠤᠪᠢᠶᠠᠷᠢ ᠲᠣᠪᠴᠢᠶ᠎ᠠ᠂ ᠥᠪᠥᠷ ᠮᠣᠩᠭᠤᠯ᠎ᠤᠨ ᠭᠠᠵᠠᠷ ᠬᠥᠳᠡᠯᠦᠯᠲᠡ᠎ᠶᠢᠨ ᠲᠣᠪᠴᠢᠶ᠎ᠠ᠂ ᠤᠯᠤᠰ᠎ᠤᠨ ᠠᠭᠤᠷᠬᠠᠢ᠎ᠶᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ᠎ᠶᠢᠨ ᠲᠣᠪᠴᠢᠶ᠎ᠠ᠎ᠶᠢᠨ ᠥᠪᠥᠷ ᠮᠣᠩᠭᠤᠯ᠎ᠳᠠᠬᠢ ᠲᠣᠪᠴᠢᠶ᠎ᠠ᠂ ᠡᠳ᠋᠎ᠦᠨ ᠵᠠᠰᠠᠭ᠎ᠤᠨ ᠶᠠᠮᠤᠨ᠎ᠤ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠥᠪᠥᠷ ᠮᠣᠩᠭᠣᠯ᠎ᠳᠠᠬᠢ ᠪᠠᠢᠴᠠᠭᠠᠯᠲᠠ᠎ᠶᠢᠨ ᠶᠡᠷᠦᠩᠬᠡᠢ ᠠᠩᠭᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠦᠨᠡᠲᠦ ᠲᠡᠮᠳᠡᠭᠲᠦ᠎ᠶᠢᠨ ᠬᠠᠮᠢᠶᠠᠷᠤᠯᠲᠠ᠎ᠶᠢᠨ ᠵᠥᠪᠯᠡᠯ᠎ᠦᠨ ᠥᠪᠥᠷ ᠮᠣᠩᠭᠤᠯ᠎ᠳᠠᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ᠎ᠤᠨ ᠨᠥᠭᠡᠴᠡᠯᠡᠬᠦ ᠲᠣᠪᠴᠢᠶ᠎ᠠ᠎ᠶᠢᠨ ᠥᠪᠥᠷ ᠮᠣᠩᠭᠣᠯ᠎ᠳᠠᠬᠢ ᠲᠣᠪᠴᠢᠶ᠎ᠠ᠂ ᠳᠤᠮᠳᠠᠳᠤ ᠤᠯᠤᠰ᠎ᠤᠨ ᠨᠥᠭᠡᠴᠡ ᠠᠮᠤ᠎ᠶᠢᠨ ᠬᠠᠮᠢᠶᠠᠷᠤᠯᠲᠠ᠎ᠶᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠶᠢᠨ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ ᠵᠡᠷᠭᠡ ᠬᠣᠯᠪᠣᠭᠳᠠᠯ ᠪᠦᠬᠦᠢ ᠲᠥᠪ᠎ᠦᠨ ᠠᠵᠤ ᠠᠬᠤᠢᠯᠠᠯ᠂ ᠥᠪᠥᠷ ᠮᠣᠩᠭᠣᠯ᠎ᠳᠤ ᠰᠠᠭᠤᠭ᠎ᠠ ᠡᠯ᠎ᠡ ᠪᠠᠩᠬᠢ᠂ ᠳᠠᠭᠠᠳᠬᠠᠯ᠂ ᠦᠨᠡᠲᠦ ᠲᠡᠮᠳᠡᠭᠲᠦ᠎ᠶᠢᠨ ᠪᠠᠢᠭᠤᠯᠤᠮᠵᠢ ᠵᠡᠷᠭᠡ ᠮᠥᠩᠭᠥᠨ ᠭᠦᠢᠯᠭᠡᠭᠡᠨ᠎ᠦ ᠪᠠᠢᠭᠤᠯᠤᠮᠵᠢ ᠲᠠᠢ ᠬᠠᠷᠢᠴᠠᠨ᠎ᠠ᠃

ᠲᠡᠷᠢᠭᠦᠯᠡᠭᠴᠢ᠎ᠶᠢᠨ ᠲᠤᠰᠢᠶᠠᠭᠰᠠᠨ ᠪᠤᠰᠤᠳ ᠠᠵᠢᠯ᠎ᠤᠳ᠎ᠢ ᠭᠦᠢ᠍ᠴᠡᠳᠬᠡᠨ᠎ᠡ᠃

ᠲᠣᠪᠴᠢ ᠨᠠᠮᠲᠠᠷ᠄

ᠬᠤᠸᠠᠩ ᡁᠢ ᠴᠢᠶᠠᠩ᠂ ᠡᠷᠡᠭᠲᠡᠢ᠂ ᠬᠢᠲᠠᠳ ᠦᠨᠲᠦᠰᠦᠲᠡᠡ᠂ 1970 ᠤᠨ᠎ᠤ 6 ᠳ᠋ᠤᠭ᠋ᠠᠷ ᠰᠠᠷ᠎ᠠ᠎ᠳᠤ ᠲᠦᠷᠦᠵᠠᠢ᠂ ᠠᠵᠢᠯ᠎ᠤᠨ ᠪᠠᠶ᠋ᠢᠷᠢ ᠳᠡᠭᠡᠷᠡᠬᠢ ᠠᠰᠫᠢᠷᠠᠠᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃

ᠣᠳᠣ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠣᠷᠣᠯᠠᠭᠴᠢ ᠭᠡᠰᠢᠭᠦᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠭ᠍ᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠶ᠋ᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠭ᠍ᠤ ᠣᠷᠣᠨ᠎ᠤ ᠪᠠᠶ᠋ᠢᠩᠭᠤ᠎ᠶᠢᠨ ᠳᠡᠳ᠋ ᠲᠡᠷᠢᠭᠦᠯᠡᠭᠴᠢ᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠭ᠍ᠤ ᠣᠷᠣᠨ᠎ᠤ ᠨᠠᠮ᠎ᠤᠨ ᠬᠣᠷᠢᠶ᠎ᠠ᠎ᠶᠢᠨ ᠴᠡᠷᠢᠭ ᠠᠷᠠᠳ᠎ᠤᠨ ᠠᠭᠤᠰᠤᠯᠴᠠᠯ ᠬᠥᠭᠵᠢᠯᠲᠡ᠎ᠶᠢᠨ ᠵᠥᠪᠯᠡᠯ᠎ᠤᠨ ᠠᠯᠪᠠᠨ ᠭᠡᠷ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠬᠣᠷᠢᠶ᠎ᠠ᠎ᠶᠢᠨ ᠠᠯᠪᠠᠨ ᠭᠡᠷ᠎ᠦᠨ ᠡᠷᠬᠢᠯᠡᠭᠴᠢ᠂ ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ᠎ᠶᠢᠨ ᠱᠦᠵᠢ᠎ᠶᠢᠨ ᠲᠤᠰᠢᠶᠠᠯ᠎ᠳᠤ ᠪᠤᠢ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ