ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠣᠷᠳᠣᠰ ᠬᠤᠲᠠ ᠣᠯᠠᠨ ᠠᠷᠭ᠎ᠠ ᠬᠡᠮᠵᠢᠶ᠎ᠡ᠎ᠪᠠᠷ ᠦᠨᠡᠨᠴᠢ ᠢᠲᠡᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2024-06-12

      ᠠᠵᠤ ᠠᠬᠤᠶ᠋ᠢᠯᠠᠯ᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠦᠨᠡᠨᠴᠢ ᠢᠲᠡᠭᠡᠮᠵᠢ ᠵᠢᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠰᠢᠯᠢᠳᠡᠭᠵᠢᠭᠦᠯᠬᠦ ᠵᠢᠨ ᠲᠥᠯᠥᠭᠡ᠂ ᠣᠷᠳᠣᠰ ᠬᠤᠲᠠ ᠠᠵᠢᠯ ᠵᠶ᠋ᠠᠨ ᠤᠯᠠᠮ ᠨᠢᠭᠡ ᠠᠯᠬᠤᠮ ᠡᠷᠴᠢᠮᠵᠢᠭᠦᠯᠵᠦ᠂ ᠦᠨᠡᠨᠴᠢ ᠢᠲᠡᠭᠡᠮᠵᠢ ᠵᠢᠨ ᠢᠨᠵᠧᠨᠧᠷᠢᠩ᠎ᠤᠨ ᠨᠠᠶ᠋ᠢᠳᠠᠪᠤᠷᠢᠵᠢᠭᠤᠯᠤᠯᠲᠠ ᠵᠢ ᠦᠷᠭᠦᠯᠵᠢᠯᠡᠨ ᠠᠬᠢᠭᠤᠯᠪᠠ᠃

      ᠨᠢᠭᠡ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭᠪᠤᠷ᠎ᠢ ᠪᠥᠬᠦ ᠲᠠᠯ᠎ᠠ᠎ᠪᠠᠷ ᠰᠢᠯᠢᠳᠡᠭᠵᠢᠭᠦᠯᠪᠡ᠃ 《ᠡᠮᠦᠨ᠎ᠡ ᠲᠠᠪᠴᠠᠩ᠎ᠳᠤ ᠭᠥᠯᠢᠶᠡᠨ ᠠᠪᠴᠤ ᠰᠢᠢ᠍ᠳᠪᠦᠷᠢᠯᠡᠬᠦ᠂ ᠠᠷᠤ ᠲᠠᠪᠴᠠᠩ᠎ᠳᠤ ᠲᠥᠷᠥᠯ ᠬᠤᠪᠢᠶᠠᠬᠤ᠂ ᠨᠢᠭᠡᠳᠦᠯᠲᠡᠶ ᠮᠠᠲ᠋ᠧᠷᠢᠶᠠᠯ ᠭᠠᠷᠭ᠋ᠠᠬᠤ》 ᠪᠢᠲᠡᠭᠦᠦ ᠭᠤᠭᠴᠤᠭ᠎ᠠ ᠬᠡᠯᠪᠡᠷᠢᠲᠦ ᠬᠢᠨᠠᠨ ᠵᠥᠪᠰᠢᠶᠡᠷᠡᠬᠦ ᠵᠠᠭᠪᠤᠷ᠎ᠢ ᠬᠡᠷᠡᠭᠵᠢᠭᠦᠯᠵᠦ᠂ 1.4 ᠲᠦᠮᠡᠨ ᠵᠦᠢ᠍ᠯ᠎ᠤᠨ ᠣᠷᠣᠵᠤ ᠰᠠᠭᠤᠷᠢᠰᠢᠬᠤ ᠵᠦᠢ᠍ᠯᠡᠰ᠎ᠢ ᠴᠥᠮ ᠶᠡᠷᠦᠩᠬᠡᠶ᠋ᠢᠯᠡᠭᠰᠡᠨ ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ ᠵᠢ ᠪᠡᠶᠡᠯᠡᠭᠦᠯᠪᠡ᠃ ᠬᠤᠶᠠᠷ᠎ᠲᠤ᠂ ᠣᠯᠠᠨ ᠲᠦᠮᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠪᠡ᠃ ᠡᠨᠡ ᠵᠢᠯ᠎ᠠᠴᠠ ᠨᠠᠭ᠋ᠠᠰᠢ᠂ ᠬᠤᠲᠠ ᠵᠢᠨ 12345 ᠬᠠᠯᠠᠮᠰᠢᠯ ᠤᠲᠠᠰᠤ ᠨᠢᠭᠡᠨᠲᠡ 364807 ᠬᠤᠪᠢ ᠵᠢ ᠭᠥᠯᠢᠶᠡᠨ ᠠᠪᠴᠤ ᠰᠢᠢ᠍ᠳᠪᠦᠷᠢᠯᠡᠨ᠂ ᠬᠦᠰᠡᠯ ᠱᠠᠭ᠋ᠠᠷᠳᠠᠯᠭ᠎ᠠ᠎ᠳᠤ ᠬᠠᠷᠢᠭᠤ ᠲᠣᠰᠬᠠᠭᠰᠠᠨ ᠨᠣᠷᠮ᠎ᠠ 100%᠎ᠳᠤ ᠬᠦᠷᠴᠦ᠂ ᠰᠢᠢ᠍ᠳᠪᠦᠷᠢᠯᠡᠭᠰᠡᠨ ᠨᠣᠷᠮ᠎ᠠ 99.38%᠎ᠳᠤ ᠬᠦᠷᠴᠦ᠂ ᠬᠠᠨᠤᠮᠵᠢ ᠵᠢᠨ ᠨᠣᠷᠮ᠎ᠠ 99.31%᠎ᠳᠤ ᠬᠦᠷᠪᠡ᠃ ᠡᠭᠦᠨ᠎ᠤ ᠬᠠᠮᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷ 《ᠰᠠᠶ᠋ᠢᠨ ᠮᠠᠭᠤ ᠦᠨᠡᠯᠡᠯᠲᠡ》 ᠵᠢᠨ ᠦᠨᠡᠯᠡᠬᠦ ᠠᠷᠭ᠎ᠠ ᠵᠠᠮ᠎ᠢ ᠨᠡᠭᠡᠭᠡᠵᠦ᠂ ᠣᠲᠣ ᠵᠢᠨ ᠪᠠᠶ᠋ᠢᠭ᠎ᠠ 224710 ᠵᠤᠷᠪᠤᠰ ᠦᠨᠡᠯᠡᠯᠲᠡ ᠵᠢᠨ ᠲᠤᠭ᠎ᠠ ᠪᠠᠷᠢᠮᠲᠠ᠎ᠳᠠᠬᠢ᠂ ᠬᠦᠴᠦᠨ᠎ᠲᠠᠢ ᠮᠠᠭᠤ ᠦᠨᠡᠯᠡᠯᠲᠡ ᠵᠢ 100%᠎ᠪᠠᠷ ᠴᠡᠭᠴᠡᠯᠡᠨ ᠰᠠᠶ᠋ᠢᠵᠢᠷᠠᠭᠤᠯᠵᠤ᠂ ᠪᠤᠳᠠᠳᠤ ᠨᠡᠷ᠎ᠡ ᠵᠢᠨ ᠮᠠᠭᠤ ᠦᠨᠡᠯᠡᠯᠲᠡ᠎ᠳᠤ 100%᠎ᠪᠠᠷ ᠬᠠᠷᠢᠭᠤ ᠥᠭᠪᠡ᠃ ᠭᠤᠷᠪᠠ᠎ᠳᠤ᠂ ᠢᠲᠡᠭᠡᠮᠵᠢ ᠵᠢᠨ ᠮᠡᠳᠡᠭᠡ ᠵᠠᠩᠭᠢ ᠵᠢᠨ ᠵᠠᠯᠬᠠᠭ᠋ᠠᠨ ᠴᠡᠭᠡᠷᠯᠡᠭᠦᠯᠬᠦ ᠵᠠᠰᠠᠯᠲᠠ ᠵᠢ ᠴᠢᠩᠭ᠋ᠠᠷᠠᠭᠤᠯᠪᠠ᠃ ᠬᠠᠤᠯᠢ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ᠂ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢᠴᠢ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠳ᠎ᠤᠨ ᠨᠡᠷᠡᠰ᠎ᠤᠨ ᠵᠢᠭᠰᠠᠭ᠋ᠠᠯᠲᠠ ᠵᠢᠨ ᠮᠡᠳᠡᠭᠡ ᠵᠠᠩᠭᠢ ᠵᠢ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠲᠡᠯᠡᠵᠦ᠂ ᠢᠲᠡᠭᠡᠯ ᠠᠯᠳᠠᠭᠰᠠᠨ ᠡᠵᠡᠩᠨᠡᠯᠲᠡ ᠵᠢᠨ ᠭᠤᠤᠯ ᠴᠣᠭᠴᠠ ᠵᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠲᠡᠷᠢᠭᠦᠨ᠎ᠤ ᠪᠠ ᠰᠢᠯᠢᠳᠡᠭ᠎ᠢ ᠰᠢᠯᠭ᠋ᠠᠷᠠᠭᠤᠯᠬᠤ ᠵᠡᠷᠭᠡ ᠲᠠᠯ᠎ᠠ᠎ᠪᠠᠷ ᠬᠢᠵᠠᠭ᠋ᠠᠷᠯᠠᠬᠤ ᠪᠤᠶᠤ ᠴᠠᠭ᠋ᠠᠵᠠᠯᠠᠨ᠂ 《ᠨᠢᠭᠡ ᠲᠠᠯ᠎ᠠ᠎ᠳᠤ ᠬᠠᠤᠯᠢ᠎ᠠᠴᠠ ᠵᠥᠷᠢᠴᠡᠪᠡᠯ᠂ ᠭᠠᠵᠠᠷ ᠪᠣᠯᠭ᠋ᠠᠨ᠎ᠳᠤ ᠬᠢᠵᠠᠭ᠋ᠠᠷᠯᠠᠭᠳᠠᠬᠤ》 ᠵᠢ ᠪᠡᠶᠡᠯᠡᠭᠦᠯᠪᠡ᠃ ᠣᠳᠣᠬᠠᠨ᠎ᠳᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ 1247 ᠬᠡᠷᠡᠭ᠂ ᠢᠲᠡᠭᠡᠯ ᠠᠯᠳᠠᠭᠰᠠᠨ ᠭᠤᠤᠯ ᠴᠣᠭᠴᠠ 808 ᠨᠢᠭᠡᠴᠢ᠂ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢᠨ ᠠᠵᠤ ᠠᠬᠤᠶ᠋ᠢᠯᠠᠯ 8673 ᠡᠷᠦᠬᠡ ᠵᠢ ᠨᠡᠶ᠋ᠢᠲᠡᠯᠡᠪᠡ᠃ ᠳᠥᠷᠪᠡ᠎ᠳᠤ᠂ ᠢᠲᠡᠭᠡᠮᠵᠢ ᠵᠢᠨ ᠮᠡᠳᠡᠭᠡ ᠵᠠᠩᠭᠢ ᠵᠢ ᠰᠡᠷᠭᠦᠭᠡᠬᠦ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠰᠦᠯᠵᠢᠶᠡᠨ ᠳᠡᠭᠡᠷᠡᠬᠢ ᠢᠲᠡᠭᠡᠮᠵᠢ ᠵᠢ ᠰᠡᠷᠭᠦᠭᠡᠬᠦ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠲᠣᠭᠲᠠᠭ᠋ᠠᠬᠤ ᠵᠢᠨ ᠬᠠᠮᠲᠤ ᠢᠯᠡ ᠨᠡᠶ᠋ᠢᠲᠡᠯᠡᠵᠦ᠂ ᠡᠵᠡᠩᠨᠡᠯᠲᠡ ᠵᠢᠨ ᠭᠤᠤᠯ ᠴᠣᠭᠴᠠ ᠵᠢᠨ ᠰᠠᠨᠠᠭ᠋ᠠᠴᠢᠯᠠᠭ᠎ᠠ᠎ᠠᠴᠠ᠎ᠪᠠᠨ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ ᠵᠶ᠋ᠠᠷ ᠳᠠᠮᠵᠢᠭᠤᠯᠤᠨ ᠢᠲᠡᠭᠡᠮᠵᠢ᠎ᠪᠠᠨ ᠰᠡᠷᠭᠦᠭᠡᠬᠦ ᠵᠢ᠎ᠨᠢ ᠬᠥᠲᠦᠯᠦᠨ ᠵᠢᠯᠣᠭᠣᠳᠪᠠ᠃

      ᠡᠨᠡ ᠵᠢᠯ᠂ 《ᠢᠲᠡᠭᠡᠮᠵᠢ ᠵᠢ ᠰᠡᠷᠭᠦᠭᠡᠬᠦ ᠮᠡᠳᠡᠭᠳᠡᠯ᠎ᠤᠨ ᠪᠢᠴᠢᠭ》᠎ᠢ ᠨᠡᠶ᠋ᠢᠲᠡ 77 ᠬᠤᠪᠢ ᠬᠦᠷᠭᠡᠵᠦ᠂ ᠡᠵᠡᠩᠨᠡᠯᠲᠡ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢ 3110 ᠡᠷᠦᠬᠡ᠂ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ᠎ᠢ 215 ᠬᠥᠮᠦᠨ ᠤᠳᠠᠭ᠎ᠠ ᠵᠢ ᠲᠤᠰ ᠲᠤᠰ ᠨᠡᠷᠡᠰ᠎ᠤᠨ ᠵᠢᠭᠰᠠᠭ᠋ᠠᠯᠲᠠ᠎ᠠᠴᠠ ᠰᠢᠯᠵᠢᠭᠦᠯᠦᠨ ᠭᠠᠷᠭ᠋ᠠᠵᠤ᠂ 3000 ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠬᠦᠴᠦᠨ ᠥᠬᠡᠶ ᠪᠣᠯᠭ᠋ᠠᠵᠤ᠂ 2133 ᠠᠵᠤ ᠠᠬᠤᠶ᠋ᠢᠯᠠᠯ ᠢᠲᠡᠭᠡᠮᠵᠢ᠎ᠪᠠᠨ ᠰᠡᠷᠭᠦᠭᠡᠪᠡ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ