《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠵᠡᠭᠦᠨ ᠬᠠᠲᠠᠪᠴᠢ ᠬᠢᠯᠢ᠎ᠶᠢᠨ ᠪᠣᠭᠣᠮᠲᠠ᠎ᠶᠢᠨ ᠵᠢᠯ᠎ᠦᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ ᠠᠩᠬ᠎ᠠ ᠤᠳᠠᠭ᠎ᠠ 500 ᠲᠦᠮᠡᠨ ᠲᠣᠨ᠎ᠢ ᠳᠠᠪᠠᠪᠠ
ᠨᠡᠶ᠋ᠢᠲᠡᠯᠡᠭᠰᠡᠨ ᠴᠠᠭ᠄ 2025-11-13

11 ᠳ᠋ᠦ᠍ᠭᠡᠷ ᠰᠠᠷ᠎ᠠ᠎ᠶᠢᠨ 11 ᠎ᠦ ᠡᠳᠦᠷ ᠪᠣᠯᠲᠠᠯ᠎ᠠ᠂ ᠰᠢᠯᠢ᠎ᠶᠢᠨ ᠭᠣᠣᠯ ᠠᠢᠮᠠᠭ᠎ᠤᠨ ᠵᠡᠭᠦᠨ ᠬᠠᠲᠠᠪᠴᠢ ᠬᠢᠯᠢ᠎ᠶᠢᠨ ᠪᠣᠭᠣᠮᠲᠠ᠎ᠶᠢᠨ ᠵᠢᠯ᠎ᠦᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 500 ᠲᠦᠮᠡᠨ ᠲᠣᠨ᠎ᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 88% ᠎ᠪᠠᠷ ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃

ᠡᠨᠡ ᠬᠦ᠌ ᠰᠢᠪᠲᠤᠯᠤᠯᠲᠠ ᠣᠯᠣᠭᠰᠠᠨ ᠨᠢ ᠵᠡᠭᠦᠨ ᠦᠵᠦᠮᠦᠴᠢᠨ ᠪᠣᠭᠣᠮᠲᠠ᠎ᠶᠢᠨ ᠬᠢᠨ ᠠᠷᠭ᠎ᠠ ᠪᠣᠳᠣᠯᠭ᠎ᠠ᠎ᠶᠢ ᠣᠨᠣᠴᠢᠲᠠᠢ ᠬᠡᠷᠡᠭᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠭᠰᠡᠨ᠎ᠳᠦ ᠪᠣᠢ᠃ ᠬᠠᠲᠠᠭᠤ ᠬᠡᠷᠡᠭᠰᠡᠯ᠎ᠢ ᠳᠡᠰ ᠳᠡᠪᠰᠢᠭᠦᠯᠬᠦ ᠲᠠᠯ᠎ᠠ᠎ᠪᠠᠷ᠂ ᠵᠡᠭᠦᠨ ᠦᠵᠦᠮᠦᠴᠢᠨ ᠪᠣᠭᠣᠮᠲᠠ᠎ᠶᠢᠨ ᠬᠢᠨ ᠬᠢᠯᠢ᠎ᠶᠢᠨ ᠪᠣᠭᠣᠮᠲᠠ᠎ᠶᠢᠨ 《ᠳᠥᠷᠪᠡ᠎ᠶᠢ ᠣᠷᠣᠭᠤᠯᠵᠤ ᠬᠣᠶᠠᠷ᠎ᠢ ᠭᠠᠷᠭᠠᠬᠤ》 ᠪᠠᠷᠠᠭᠠᠨ᠎ᠤ ᠲᠡᠭᠡᠭᠡᠪᠦᠷᠢ᠎ᠶᠢᠨ ᠨᠡᠪᠲᠡᠷᠡᠯ ᠵᠠᠮ᠎ᠤᠨ ᠪᠠᠢᠭᠤᠯᠤᠯᠲᠠ ᠯᠤᠭ᠎ᠠ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ H986 ᠪᠠᠢᠴᠠᠭᠠᠯᠲᠠ᠎ᠶᠢᠨ ᠲᠥᠬᠦᠭᠡᠷᠦᠮᠵᠢ᠎ᠶᠢ ᠣᠶᠤᠨᠴᠢ ᠺᠠᠷᠲ ᠯᠤᠭ᠎ᠠ ᠵᠣᠬᠢᠴᠠᠭᠤᠯᠤᠨ ᠬᠡᠷᠡᠭᠯᠡᠬᠦ᠎ᠶᠢ ᠢᠵᠢ ᠪᠦᠷᠢᠳᠦᠭᠦᠯᠦᠨ ᠪᠠᠢᠷᠢᠯᠠᠭᠤᠯᠵᠤ᠂ ᠡᠳᠦᠷ ᠪᠦᠷᠢ᠎ᠶᠢᠨ ᠪᠣᠭᠣᠮᠲᠠ᠎ᠪᠠᠷ ᠥᠩᠭᠡᠷᠡᠬᠦ ᠲᠡᠷᠭᠡ ᠬᠢᠭᠡᠳ ᠵᠢᠯ᠎ᠦᠨ ᠪᠠᠷᠠᠭᠠᠨ᠎ᠤ ᠳᠠᠭᠠᠭᠠᠴᠠ᠎ᠶᠢᠨ ᠴᠢᠳᠠᠪᠤᠷᠢ᠎ᠶᠢ ᠲᠣᠭᠲᠠᠭᠤᠨ᠎ᠢᠶᠠᠷ ᠳᠡᠭᠡᠭᠰᠢᠯᠡᠭᠦᠯᠬᠦ᠎ᠶᠢ ᠠᠬᠢᠭᠤᠯᠪᠠ᠃ ᠪᠣᠭᠣᠮᠲᠠ᠎ᠪᠠᠷ ᠥᠩᠭᠡᠷᠡᠭᠦᠯᠬᠦ ᠶᠠᠪᠤᠴᠠ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ 《ᠤᠷᠢᠳᠴᠢᠯᠠᠨ ᠭᠤᠶᠤᠴᠢᠯᠠᠵᠤ ᠮᠡᠳᠡᠭᠦᠯᠬᠦ》᠂ 《ᠬᠣᠶᠠᠷ ᠠᠯᠬᠤᠮ᠎ᠢᠶᠠᠷ ᠭᠤᠶᠤᠴᠢᠯᠠᠵᠤ ᠮᠡᠳᠡᠭᠦᠯᠬᠦ》 ᠵᠡᠷᠭᠡ ᠬᠡᠪ ᠵᠠᠭᠪᠤᠷ᠎ᠢ ᠪᠥᠬᠥ ᠲᠠᠯ᠎ᠠ᠎ᠪᠠᠷ ᠳᠡᠯᠭᠡᠷᠡᠭᠦᠯᠵᠦ᠂ 《ᠤᠷᠢᠳ᠎ᠢᠶᠠᠷ ᠶᠠᠪᠤᠭᠤᠯᠵᠤ ᠳᠠᠷᠠᠭ᠎ᠠ ᠨᠢ ᠪᠠᠢᠴᠠᠭᠠᠬᠤ》᠂ 《ᠲᠥᠪᠯᠡᠷᠡᠭᠦᠯᠦᠨ ᠭᠤᠶᠤᠴᠢᠯᠠᠵᠤ ᠮᠡᠳᠡᠭᠦᠯᠬᠦ》 ᠠᠷᠭ᠎ᠠ ᠬᠡᠮᠵᠢᠶ᠎ᠡ᠎ᠶᠢ ᠳᠠᠪᠬᠤᠴᠠᠭᠤᠯᠤᠨ ᠬᠡᠷᠡᠭᠯᠡᠵᠦ᠂ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ᠎ᠶᠢᠨ ᠪᠣᠭᠣᠮᠲᠠ᠎ᠪᠠᠷ ᠥᠩᠭᠡᠷᠡᠬᠦ ᠴᠠᠭ᠎ᠢ ᠶᠡᠬᠡ᠎ᠪᠡᠷ ᠪᠠᠭᠠᠰᠬᠠᠨ᠂ ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠣᠪᠴᠢ》᠎ᠶᠢ ᠬᠡᠷᠡᠭᠯᠡᠭᠰᠡᠨ ᠨᠣᠷᠮ᠎ᠠ᠎ᠪᠠᠨ 100% ᠎ᠪᠠᠷ ᠪᠠᠲᠤᠯᠠᠪᠠ᠃ ᠨᠡᠭᠦᠷᠡᠰᠦ ᠵᠡᠷᠭᠡ ᠭᠠᠳᠠᠭᠠᠳᠤ ᠣᠷᠤᠭᠤᠯᠤᠯᠲᠠ᠎ᠶᠢᠨ ᠶᠡᠬᠡ ᠬᠡᠪᠴᠢᠶᠡᠨ᠎ᠦ ᠪᠥᠭᠡᠮ ᠪᠠᠷᠠᠭ᠎ᠠ᠎ᠳᠤ ᠴᠢᠭᠯᠡᠭᠦᠯᠦᠨ᠂ 《ᠬᠢᠯᠢ᠎ᠶᠢᠨ ᠭᠠᠳᠠᠨ᠎ᠠ ᠤᠷᠢᠳᠴᠢᠯᠠᠨ ᠪᠠᠢᠴᠠᠭᠠᠬᠤ》 ᠪᠠ ᠭᠤᠷᠪᠠᠳᠠᠭᠢ ᠡᠲᠡᠭᠡᠳ ᠪᠠᠢᠴᠠᠭᠠᠨ ᠰᠢᠯᠭᠠᠵᠤ ᠢᠲᠡᠭᠡᠮᠵᠢᠯᠡᠬᠦ ᠲᠣᠭᠲᠠᠴᠠ᠎ᠶᠢ ᠶᠡᠬᠡ᠎ᠪᠡᠷ ᠤᠬᠠᠭᠤᠯᠵᠤ᠂ 《ᠬᠢᠯᠢ᠎ᠪᠡᠷ ᠣᠷᠣᠭᠤᠯᠬᠤ ᠠᠭᠤᠷᠬᠠᠢ᠎ᠶᠢᠨ ᠭᠠᠷᠤᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠬᠡᠯᠬᠢᠶ᠎ᠡ》᠎ᠶᠢ ᠪᠠᠢᠭᠤᠯᠤᠨ᠂ ᠪᠠᠷᠠᠭ᠎ᠠ᠎ᠶᠢ 《ᠬᠥᠷᠥᠮᠡᠭᠴᠡ ᠪᠠᠢᠴᠠᠭᠠᠬᠤ᠂ ᠲᠦᠷᠭᠡᠨ ᠪᠠᠢᠴᠠᠭᠠᠵᠤ ᠲᠦᠷᠭᠡᠨ ᠶᠠᠪᠤᠭᠤᠯᠬᠤ》᠎ᠶᠢ ᠪᠡᠶᠡᠯᠡᠭᠦᠯᠪᠡ᠃

ᠢᠷᠡᠯᠲᠡ᠄    